ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠬᠢᠯᠢ ᠬᠢᠵᠠᠭᠠᠷ ᠤᠨ ᠬᠤᠰᠢᠭᠤ ᠰᠢᠶᠠᠨ ᠪᠠ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠵᠤ ᠪᠠᠶᠢᠭ᠎ᠠ ᠬᠤᠰᠢᠭᠤ ᠰᠢᠶᠠᠨ ᠤ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠣᠴᠢᠵᠤ ᠠᠵᠢᠯ ᠣᠯᠵᠤ ᠦᠢᠯᠡᠰ ᠪᠣᠰᠬᠠᠬᠤ ᠶᠢ ᠵᠣᠷᠢᠭᠵᠢᠭᠤᠯᠵᠤ ᠬᠥᠲᠥᠯᠥᠨ ᠵᠢᠯᠣᠭᠤᠳᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2022/2/21

            ᠦᠪᠣᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ
                                ᠦᠪᠦᠷ ᠵᠠᠰᠠᠭ ᠠᠯᠪᠠᠨ ᠲᠠᠷᠬᠠᠭᠠᠭᠰᠠᠨ ﹇2021﹈ 97 ᠳ᠋ᠤᠭᠠᠷ ᠲᠣᠭᠠᠲᠤ


          ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠬᠢᠯᠢ ᠬᠢᠵᠠᠭᠠᠷ ᠤᠨ ᠬᠤᠰᠢᠭᠤ ᠰᠢᠶᠠᠨ ᠪᠠ ᠴᠥᠭᠡᠨ ᠲᠣᠭᠠᠲᠤ ᠦᠨᠳᠦᠰᠦᠲᠡᠨ

          ᠲᠥᠪᠯᠡᠷᠡᠨ ᠰᠠᠭᠤᠷᠢᠰᠢᠵᠤ ᠪᠠᠶᠢᠭ᠎ᠠ ᠬᠤᠰᠢᠭᠤ ᠰᠢᠶᠠᠨ ᠤ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠣᠴᠢᠵᠤ ᠠᠵᠢᠯ ᠣᠯᠵᠤ

          ᠦᠢᠯᠡᠰ ᠪᠣᠰᠬᠠᠬᠤ ᠶᠢ ᠵᠣᠷᠢᠭᠵᠢᠭᠤᠯᠵᠤ ᠬᠥᠲᠥᠯᠥᠨ ᠵᠢᠯᠣᠭᠤᠳᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠤᠨ ᠲᠤᠬᠠᠶ

           ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ


ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠲᠡᠭᠡᠨ ᠵᠠᠰᠠᠬᠤ ᠤᠷᠤᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄
     ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠪᠣᠯ ᠤᠯᠤᠰ ᠤᠨ ᠬᠤᠪᠣᠷ ᠨᠠᠨᠳᠢᠨ ᠴᠢᠳᠠᠪᠤᠷᠢᠲᠠᠨ ᠤ ᠡᠬᠢ ᠪᠠᠶᠠᠯᠢᠭ ᠪᠣᠯᠣᠨ᠎ᠠ᠂ ᠦᠨᠳᠦᠰᠦᠨ ᠱᠠᠲᠤ ᠪᠣᠯ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠶᠢᠨ ᠴᠢᠬᠤᠯᠠ ᠲᠠᠪᠴᠠᠩ ᠪᠣᠯᠣᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠵᠡᠷᠭᠡ ᠬᠦᠴᠦᠨ ᠵᠦ᠋ᠶᠢᠯ ᠤᠨ ᠨᠥᠯᠥᠭᠡ ᠠᠴᠠ ᠪᠣᠯᠵᠣ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠳᠤ ᠮᠠᠰᠢ ᠣᠯᠠᠨ ᠬᠦᠴᠢᠷᠳᠡᠯ ᠲᠤᠯᠭᠠᠷᠠᠭᠰᠠᠨ ᠪᠠᠶᠢᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠨᠳᠦᠰᠦᠨ ᠱᠠᠲᠤᠨ ᠳᠤ ᠣᠴᠢᠵᠤ ᠠᠵᠢᠯᠯᠠᠬᠤ ᠶᠢ ᠬᠥᠲᠥᠯᠥᠨ ᠵᠢᠯᠣᠭᠤᠳᠴᠤ ᠵᠣᠷᠢᠭᠵᠢᠭᠤᠯᠬᠤ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠬᠢᠯᠢ ᠬᠢᠵᠠᠭᠠᠷ ᠤᠨ ᠬᠤᠰᠢᠭᠤ ᠰᠢᠶᠠᠨ ᠪᠠ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠵᠤ ᠪᠠᠶᠢᠭ᠎ᠠ ᠬᠤᠰᠢᠭᠤ ᠰᠢᠶᠠᠨ ︵ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠵᠤ ᠪᠠᠶᠢᠭ᠎ᠠ ᠬᠤᠰᠢᠭᠤ ᠰᠢᠶᠠᠨ ᠭᠡᠳᠡᠭ ᠨᠢ ᠭᠤᠣᠯᠳᠠᠭᠤ ᠮᠠᠯᠵᠢᠬᠤ ᠬᠤᠰᠢᠭᠤ ᠰᠢᠶᠠᠨ᠂ ᠬᠥᠮᠦᠨ ᠠᠮᠠ ᠪᠠᠷ ᠨᠡᠯᠢᠶᠡᠳ ᠴᠥᠭᠡᠨ ᠪᠠᠶᠢᠬᠤ ᠦᠨᠳᠦᠰᠦᠲᠡᠨ ᠲᠥᠪᠯᠡᠷᠡᠨ ᠰᠠᠭᠤᠷᠢᠰᠢᠵᠤ ᠪᠠᠶᠢᠭ᠎ᠠ ᠬᠤᠰᠢᠭᠤ ᠰᠢᠶᠠᠨ᠂ ᠴᠥᠭᠡᠨ ᠲᠣᠭᠠᠲᠤ ᠦᠨᠳᠦᠰᠦᠲᠡᠨ ᠤ ᠬᠥᠮᠦᠨ ᠠᠮᠠ ᠬᠠᠷᠢᠴᠠᠩᠭᠤᠶ ᠲᠥᠪᠯᠡᠷᠡᠭᠰᠡᠨ ᠭᠠᠵᠠᠷ ᠣᠷᠣᠨ ᠪᠠ ᠦᠨᠳᠦᠰᠦᠲᠡᠨ ᠤ 18 ᠰᠢᠶᠠᠩ ᠢ ᠵᠢᠭᠠᠵᠤ ᠪᠤᠶ︶ ᠤ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠴᠢᠳᠠᠪᠤᠷᠢᠲᠠᠨ ᠳᠤᠲᠠᠭᠳᠠᠵᠤ ᠪᠠᠶᠢᠭ᠎ᠠ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠨ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠦᠢᠯᠡᠰ ᠪᠣᠰᠬᠠᠬᠤ ᠶᠢ ᠠᠬᠢᠭᠤᠯᠬᠤ ᠶᠢᠨ ᠲᠤᠰᠠᠳᠠ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠤᠳᠤ ᠪᠠᠶᠢᠭ᠎ᠠ ᠠᠵᠢᠯ ᠣᠯᠵᠤ ᠦᠢᠯᠡᠰ ᠪᠣᠰᠬᠠᠬᠤ ᠶᠢ ᠨᠢ ᠠᠬᠢᠭᠤᠯᠬᠤ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠬᠢᠯᠢ ᠬᠢᠵᠠᠭᠠᠷ ᠤᠨ ᠬᠤᠰᠢᠭᠤ ᠰᠢᠶᠠᠨ ᠪᠠ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠵᠤ ᠪᠠᠶᠢᠭ᠎ᠠ ᠬᠤᠰᠢᠭᠤ ᠰᠢᠶᠠᠨ ᠤ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠣᠴᠢᠵᠤ ᠠᠵᠢᠯ ᠣᠯᠵᠤ ᠦᠢᠯᠡᠰ ᠪᠣᠰᠬᠠᠬᠤ ᠶᠢ ᠨᠢ ᠵᠣᠷᠢᠭᠵᠢᠭᠤᠯᠵᠤ ᠬᠥᠲᠥᠯᠥᠨ ᠵᠢᠯᠣᠭᠤᠳᠬᠤ ᠪᠠᠷ ᠳᠣᠣᠷᠠᠬᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠤᠷᠠᠳᠪᠠ᠃
     ᠨᠢᠭᠡ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠬᠥᠲᠥᠯᠥᠨ ᠵᠢᠯᠣᠭᠤᠳᠴᠤ ᠪᠠᠶᠢᠭᠠᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠬᠤ ᠪᠥᠲᠥᠭᠡᠨ ᠪᠠᠶᠢᠭᠤᠯᠤᠯᠲᠠ ᠳᠤ ᠣᠷᠣᠯᠴᠠᠭᠤᠯᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠬᠢᠯᠢ ᠬᠢᠵᠠᠭᠠᠷ ᠤᠨ ᠬᠤᠰᠢᠭᠤ ᠰᠢᠶᠠᠨ ᠪᠠ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠵᠤ ᠪᠠᠶᠢᠭ᠎ᠠ ᠬᠤᠰᠢᠭᠤ ᠰᠢᠶᠠᠨ ᠳᠤ ᠣᠴᠢᠵᠤ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ᠂ ᠰᠡᠯᠡᠭᠦᠴᠡᠨ ᠵᠤᠭᠠᠯᠠᠬᠤ ᠲᠠᠷᠢᠶᠠᠯᠠᠩ ᠮᠠᠯ ᠠᠵᠤ ᠠᠬᠤᠶ᠂ ᠬᠥᠳᠡᠭᠡ ᠲᠣᠰᠬᠤᠨ ᠤ ᠵᠢᠭᠤᠯᠴᠢᠯᠠᠯ᠂ ᠲᠠᠷᠢᠶᠠᠯᠠᠬᠤ ᠮᠠᠯᠵᠢᠬᠤ ᠣᠷᠣᠨ ᠤ ᠡᠯᠧᠺᠲᠷᠤᠨ ᠬᠤᠳᠠᠯᠳᠤᠭᠠᠨ ᠤ ᠶᠠᠪᠤᠳᠠᠯ᠂ ᠲᠠᠷᠢᠶᠠᠯᠠᠩ ᠮᠠᠯ ᠠᠵᠤ ᠠᠬᠤᠶ ᠶᠢᠨ ᠬᠤᠷᠰᠢᠭᠰᠠᠨ ᠠᠵᠤ ᠠᠬᠤᠶ ᠵᠡᠷᠭᠡ ᠠᠵᠢᠯ ᠦᠢᠯᠡᠰ ᠡᠷᠭᠢᠯᠡᠪᠡᠯ᠂ ᠠᠵᠢᠯ ᠮᠡᠷᠭᠡᠵᠢᠯ ᠤᠨ ᠪᠣᠯᠪᠠᠰᠤᠷᠠᠯ᠂ ᠦᠷᠭᠦᠯᠵᠢᠯᠡᠭᠰᠡᠨ ᠰᠤᠷᠭᠠᠨ ᠬᠥᠮᠦᠵᠢᠯ᠂ ᠦᠢᠯᠡᠰ ᠪᠣᠰᠬᠠᠬᠤ ᠶᠢ ᠨᠢ ᠲᠡᠳᠬᠦᠬᠦ᠂ ᠲᠥᠷᠥᠯ ᠵᠦᠢᠯ ᠭᠤᠶᠤᠴᠢᠯᠠᠨ ᠮᠡᠳᠡᠭᠦᠯᠬᠦ᠂ ᠲᠤᠰᠬᠠᠶ ᠮᠡᠷᠭᠡᠵᠢᠯ ᠤᠨ ᠬᠢᠷᠢ ᠬᠡᠮ ᠢ ᠨᠢ ᠮᠠᠭᠠᠳᠯᠠᠨ ᠲᠣᠭᠲᠠᠭᠠᠵᠤ ᠰᠢᠯᠭᠠᠷᠠᠭᠤᠯᠤᠨ ᠤᠷᠢᠬᠤ ᠵᠡᠷᠭᠡ ᠲᠥᠷᠥ ᠶᠢᠨ ᠪᠣᠳᠣᠯᠭ᠎ᠠ ᠶᠢ ᠤᠷᠢᠳ ᠢᠶᠠᠷ ᠬᠦᠷᠲᠡᠭᠡᠬᠦ ᠬᠡᠷᠡᠭᠲᠡᠢ᠃
     ᠬᠤᠶᠠᠷ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠦᠨᠳᠦᠰᠦᠨ ᠱᠠᠲᠤᠨ ᠤ ᠴᠢᠳᠠᠪᠤᠷᠢᠲᠠᠨ ᠢᠶᠠᠷ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ︽ᠵᠠᠬᠢᠶᠠᠯᠠᠭ᠎ᠠ ᠶᠢᠨ ᠮᠠᠶ᠋ᠢᠭ︾ ᠢᠶᠠᠷ ᠬᠥᠮᠦᠵᠢᠭᠦᠯᠬᠦ ᠲᠥᠯᠥᠪᠯᠡᠭᠡ ᠶᠢ ᠥᠪᠥᠷ ᠮᠣᠩᠭᠤᠯ ᠲᠡᠶᠢᠰᠢ ᠢᠳᠡᠪᠬᠢᠲᠡᠢ ᠪᠠᠷ ᠴᠢᠷᠮᠠᠶᠢᠨ ᠬᠡᠯᠪᠠᠶᠢᠯᠭᠡᠵᠦ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠨᠳᠦᠰᠦᠨ ᠱᠠᠲᠤᠨ ᠳᠤ ᠬᠠᠨᠳᠤᠭᠤᠯᠤᠭᠰᠠᠨ ᠪᠠᠴᠢᠮ ᠬᠡᠷᠡᠭᠰᠡᠬᠦ ᠴᠢᠳᠠᠪᠤᠷᠢᠲᠠᠨ ᠢ ︽ᠵᠠᠬᠢᠶᠠᠯᠠᠭ᠎ᠠ ᠶᠢᠨ ᠮᠠᠶ᠋ᠢᠭ︾ ᠲᠠᠢ ᠬᠥᠮᠦᠵᠢᠭᠦᠯᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠬᠤ ᠬᠡᠷᠡᠭᠲᠡᠢ᠃ ᠬᠠᠨᠳᠤᠯᠭ᠎ᠠ ᠲᠠᠢ ᠪᠠᠷ ᠣᠶᠤᠲᠠᠨ ᠢ ᠠᠯᠪᠠᠨ ᠤ ᠰᠦ᠋ᠶᠢᠳᠬᠡᠯ ᠢᠶᠠᠷ ᠬᠥᠮᠦᠵᠢᠭᠦᠯᠬᠦ ᠶᠢ ᠰᠠᠶᠢᠲᠤᠷ ᠬᠢᠵᠦ᠂ ᠬᠥᠳᠡᠭᠡ ᠲᠣᠰᠬᠤᠨ ᠤ ᠪᠠᠭᠰᠢ ᠶᠢᠨ ᠠᠯᠪᠠᠨ ᠤ ᠰᠦ᠋ᠶᠢᠳᠬᠡᠯ ᠢᠶᠠᠷ ᠪᠠᠭᠰᠢ ᠨᠠᠷ ᠢ ᠬᠠᠨᠳᠤᠯᠭ᠎ᠠ ᠲᠠᠢ ᠬᠦᠮᠦᠵᠢᠭᠦᠯᠬᠦ ᠲᠥᠯᠥᠪᠯᠡᠭᠡ᠂ ᠵᠠᠬᠢᠶᠠᠯᠠᠭ᠎ᠠ ᠲᠠᠢ ᠪᠥᠭᠡᠳ ᠬᠠᠨᠳᠤᠯᠭ᠎ᠠ ᠲᠠᠢ ᠪᠠᠷ ᠠᠨᠠᠭᠠᠬᠤ ᠤᠬᠠᠭᠠᠨ ᠤ ᠣᠶᠤᠲᠠᠳ ᠢ ᠰᠦᠢᠳᠬᠡᠯ ᠬᠤᠷᠢᠶᠠᠬᠤ ᠦᠭᠡᠢ ᠪᠠᠷ ᠬᠥᠮᠦᠵᠢᠭᠦᠯᠬᠦ ᠲᠥᠷᠥᠯ ᠵᠦ᠋ᠶᠢᠯ ᠵᠡᠷᠭᠡ ᠳᠤ ᠲᠦᠰᠢᠭᠯᠡᠨ᠂ ᠵᠢᠯ ᠪᠦᠷᠢ ᠬᠥᠳᠡᠭᠡ ᠲᠣᠰᠬᠤᠨ ᠳᠤ ᠪᠠᠭᠰᠢ ᠶᠢᠨ ᠮᠡᠷᠭᠡᠵᠢᠯ ᠤᠨ ᠣᠶᠤᠲᠠᠨ ᠢ 400 - 800 ᠣᠷᠴᠢᠮ᠂ ᠠᠨᠠᠭᠠᠬᠤ ᠤᠬᠠᠭᠠᠨ ᠤ ᠣᠶᠤᠲᠠᠨ ᠢ 200 ᠣᠷᠴᠢᠮ ᠬᠥᠮᠦᠵᠢᠭᠦᠯᠵᠦ᠂ ᠣᠶᠤᠲᠠᠳ ᠲᠤ ᠬᠠᠨᠳᠤᠯᠭ᠎ᠠ ᠲᠠᠢ ᠠᠵᠢᠯ ᠣᠯᠭᠤᠬᠤ ᠲᠣᠬᠢᠷᠠᠭᠤᠯᠤᠯᠲᠠ ᠪᠠ ᠵᠥᠪᠯᠡᠯᠴᠡᠭᠡᠷ ᠭᠦᠢᠴᠡᠳᠬᠡᠬᠦ ᠶᠢ ᠨᠠᠶᠢᠳᠠᠪᠤᠷᠢᠵᠢᠭᠤᠯᠵᠤ ᠪᠣᠳᠠᠲᠠᠶᠢᠵᠢᠭᠤᠯᠬᠤ ᠪᠠᠨ ᠦᠨᠡᠨ ᠬᠦ ᠪᠠᠲᠤᠯᠠᠬᠤ ᠬᠡᠷᠡᠭᠲᠡᠢ᠃ ᠬᠠᠲᠠᠭᠤ ᠪᠡᠷᠬᠡᠰᠢᠶᠡᠯᠲᠡᠢ ᠵᠠᠬ᠎ᠠ ᠬᠢᠵᠠᠭᠠᠷ ᠤᠨ ᠪᠣᠶᠢᠳᠠ ᠪᠥᠭᠯᠡᠭᠦᠦ ᠭᠠᠵᠠᠷ ᠣᠷᠣᠨ ᠠᠴᠠ ᠣᠶᠤᠲᠠᠨ ᠡᠯᠰᠡᠬᠦ ᠲᠤᠰᠬᠠᠢ ᠲᠥᠯᠥᠪᠯᠡᠭᠡ ᠶᠢ ᠬᠡᠷᠡᠭᠵᠢᠭᠦᠯᠵᠦ᠂ ᠪᠣᠳᠠᠲᠠᠢ ᠬᠡᠷᠡᠭᠴᠡᠭᠡ ᠪᠠᠨ ᠦᠨᠳᠦᠰᠦᠯᠡᠨ ᠰᠤᠷᠤᠬᠴᠢ ᠡᠯᠰᠡᠬᠦ ᠬᠡᠪᠴᠢᠶ᠎ᠡ ᠶᠢ ᠵᠣᠬᠢᠰᠲᠠᠢ ᠪᠠᠷ ᠥᠷᠭᠡᠳᠬᠡᠬᠦ ᠬᠡᠷᠡᠭᠲᠡᠢ᠃ ᠠᠯᠪᠠᠨ ᠤ ᠰᠦ᠋ᠶᠢᠳᠬᠡᠯ ᠤᠨ ᠪᠠᠭᠰᠢ ᠶᠢᠨ ᠮᠡᠷᠭᠡᠵᠢᠯ ᠤᠨ ᠤᠶᠤᠲᠠᠳ᠂ ᠠᠨᠠᠭᠠᠬᠤ ᠤᠬᠠᠭᠠᠨ ᠤ ᠣᠶᠤᠲᠠᠨ ᠢ ᠬᠥᠮᠦᠵᠢᠭᠦᠯᠬᠦ ᠵᠠᠭᠪᠤᠷ ᠢᠶᠠᠷ ᠯᠠᠪᠯᠠᠯᠲᠠ ᠪᠣᠯᠭᠠᠵᠤ᠂ ᠲᠠᠷᠢᠶᠠᠯᠠᠩ ᠳᠤ ᠬᠤᠯᠪᠣᠭᠳᠠᠬᠤ ᠲᠥᠷᠥᠯ ᠤᠨ ᠠᠯᠪᠠᠨ ᠤ ᠰᠦ᠋ᠶᠢᠳᠬᠡᠯ ᠢᠶᠠᠷ ᠣᠶᠤᠲᠠᠨ ᠢ ᠬᠠᠨᠳᠤᠯᠭ᠎ᠠ ᠲᠠᠢ ᠬᠥᠮᠦᠵᠢᠭᠦᠯᠬᠦ ᠶᠢ ᠰᠦᠪᠡᠭᠴᠢᠯᠡᠬᠦ ᠬᠡᠷᠡᠭᠲᠡᠢ᠃
     ᠭᠤᠷᠪᠠ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠵᠡᠷᠭᠡ ᠦᠨᠳᠦᠰᠦᠨ ᠱᠠᠲᠤᠨ ᠤ ᠣᠯᠠᠨ ᠨᠡᠶᠢᠲᠡ ᠶᠢᠨ ᠬᠠᠮᠢᠶᠠᠷᠤᠯᠲᠠ ᠪᠠ ᠨᠡᠶᠢᠭᠡᠮ ᠤᠨ ᠦᠢᠯᠡᠴᠢᠯᠡᠭᠡᠨ ᠤ ᠠᠵᠢᠯ ᠤᠨ ᠪᠠᠶᠢᠷᠢ ᠶᠢ ᠨᠡᠭᠡᠭᠡᠨ ᠲᠣᠬᠢᠷᠠᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠰᠢᠨ᠎ᠡ ᠪᠠᠷ ᠨᠡᠭᠡᠭᠡᠵᠦ ᠲᠣᠬᠢᠷᠠᠭᠤᠯᠤᠭᠰᠠᠨ ᠠᠵᠢᠯ ᠤᠨ ᠪᠠᠶᠢᠷᠢᠨ ᠳᠤ 50 % ᠠᠴᠠ ᠳᠣᠣᠷ᠎ᠠ ᠪᠠᠶᠢᠯᠭᠠᠬᠤ ᠦᠭᠡᠶ ᠬᠠᠷᠢᠴᠠᠯ ᠢᠶᠠᠷ ᠠᠵᠢᠯ ᠣᠯᠤᠭᠠᠳᠤᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠬᠦ ᠬᠡᠷᠡᠭᠲᠡᠶ᠃
     ᠳᠥᠷᠪᠡ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠬᠤ ᠳᠤ ᠦᠢᠯᠡᠴᠢᠯᠡᠵᠦ ᠬᠠᠪᠰᠤᠷᠤᠨ ᠲᠡᠳᠬᠦᠬᠦ ᠶᠢ ᠴᠢᠩᠭᠠᠷᠠᠭᠤᠯᠬᠤ ᠬᠡᠷᠡᠭᠲᠡᠢ᠃ ᠰᠦᠯᠵᠢᠶᠡᠨ ᠳᠠᠬᠢ ᠪᠠ ᠰᠦᠯᠵᠢᠶᠡᠨ ᠭᠠᠳᠠᠭᠤᠷᠬᠢ ᠶᠢ ᠤᠶᠠᠯᠳᠤᠭᠤᠯᠬᠤ ᠠᠷᠭ᠎ᠠ ᠮᠠᠶ᠋ᠢᠭ ᠢ ᠬᠡᠷᠡᠭᠯᠡᠨ᠂ ᠠᠵᠢᠯ ᠣᠯᠭᠤᠬᠤ ᠮᠡᠳᠡᠭᠡ ᠵᠠᠩᠭᠢ ᠶᠢ ᠣᠯᠠᠨ ᠠᠷᠭ᠎ᠠ ᠵᠠᠮ ᠢᠶᠠᠷ ᠴᠤᠭᠯᠠᠭᠤᠯᠤᠨ ᠨᠡᠶᠢᠲᠡᠯᠡᠵᠦ᠂ ᠡᠯ᠎ᠡ ᠲᠥᠷᠥᠯ ᠤᠨ ᠡᠯᠰᠡᠵᠦ ᠤᠷᠢᠬᠤ ᠠᠵᠢᠯᠯᠠᠭ᠎ᠠ ᠶᠢ ᠰᠠᠶᠢᠲᠤᠷ ᠡᠷᠭᠢᠯᠡᠬᠦ ᠬᠡᠷᠡᠭᠲᠡᠢ᠃ ᠮᠡᠳᠡᠭᠡ ᠵᠠᠩᠭᠢ ᠴᠤᠭᠯᠠᠭᠤᠯᠬᠤ᠂ ᠪᠣᠯᠪᠠᠰᠤᠷᠠᠭᠤᠯᠬᠤ ᠶᠢ ᠵᠣᠯᠭᠠᠭᠤᠯᠬᠤ᠂ ᠠᠵᠢᠯ ᠣᠯᠭᠤᠬᠤ ᠶᠢ ᠵᠣᠯᠭᠠᠭᠤᠯᠬᠤ ᠪᠠ ᠮᠥᠷᠳᠡᠨ ᠦᠢᠯᠡᠴᠢᠯᠡᠬᠦ ︽ᠳᠥᠷᠪᠡ ᠶᠢ ᠨᠢᠭᠡ ᠴᠣᠭᠴᠠᠵᠢᠭᠤᠯᠬᠤ︾ ᠦᠢᠯᠡᠴᠢᠯᠡᠭᠡᠨ ᠤ ᠲᠣᠭᠲᠠᠴᠠ ᠶᠢ ᠨᠠᠶᠢᠳᠠᠪᠤᠷᠢᠵᠢᠭᠤᠯᠵᠤ᠂ ᠠᠵᠢᠯ ᠣᠯᠭᠤᠵᠤ ᠦᠢᠯᠡᠰ ᠪᠣᠰᠬᠠᠬᠤ ᠦᠢᠯᠡᠴᠢᠯᠡᠭᠡᠨ ᠤ ᠨᠡᠮᠡᠭᠦᠷᠢ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠬᠤ ᠬᠡᠷᠡᠭᠲᠡᠢ᠃ ᠰᠤᠷᠭᠠᠭᠤᠯᠢ ᠠᠴᠠ ᠪᠠᠨ ᠲᠡᠭᠦᠰᠴᠦ ᠰᠠᠯᠤᠭᠠᠳ ᠠᠵᠢᠯ ᠣᠯᠤᠭᠠᠳᠤᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠴᠥᠮ ᠦᠨᠡᠨ ᠨᠡᠷ᠎ᠡ ᠪᠠᠷ ᠨᠢ ᠲᠡᠮᠳᠡᠭᠯᠡᠬᠦ ᠳᠦᠷᠢᠮᠲᠦ ᠬᠥᠳᠡᠯᠦᠩᠭᠦᠶ ᠮᠡᠳᠡᠭᠡ ᠵᠠᠩᠭᠢ ᠶᠢᠨ ᠰᠢᠰᠲ᠋ᠧᠮ ᠳᠤ ᠣᠷᠣᠭᠤᠯᠵᠤ᠂ ︽ᠨᠢᠭᠡ ᠳᠤ ᠨᠢᠭᠡ ᠶᠢ ᠲᠣᠬᠢᠷᠠᠭᠤᠯᠤᠨ︾ ᠠᠵᠢᠯ ᠣᠯᠭᠤᠵᠤ ᠬᠠᠪᠰᠤᠷᠤᠨ ᠲᠡᠳᠬᠦᠬᠦ ᠶᠢ ᠥᠷᠨᠢᠭᠦᠯᠬᠦ ᠬᠡᠷᠡᠭᠲᠡᠢ᠃
     ᠲᠠᠪᠤ᠂ ᠦᠨᠳᠦᠰᠦᠨ ᠱᠠᠲᠤᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠬᠠᠨᠳᠤᠭᠤᠯᠤᠭᠰᠠᠨ ᠣᠯᠠᠨ ᠳᠡᠰ ᠳᠠᠪᠬᠤᠷᠭ᠎ᠠ ᠲᠠᠢ᠂ ᠣᠯᠠᠨ ᠡᠰᠢᠵᠢᠭᠰᠡᠨ ᠬᠥᠮᠦᠵᠢᠯ ᠪᠣᠯᠪᠠᠰᠤᠷᠠᠯ ᠪᠠ ᠳᠠᠳᠤᠯᠭ᠎ᠠ ᠪᠣᠯᠪᠠᠰᠤᠷᠠᠯ ᠤᠨ ᠲᠣᠭᠲᠠᠯᠴᠠᠭ᠎ᠠ ᠶᠢ ᠪᠦᠷᠢᠨᠰᠢᠭᠦᠯᠬᠦ ᠬᠡᠷᠡᠭᠲᠡᠶ᠃ ᠶᠡᠭᠡ ᠳᠡᠭᠡᠳᠦ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠬᠢᠴᠢᠶᠡᠯ ᠤᠨ ᠲᠣᠬᠢᠷᠠᠭᠤᠯᠤᠯᠲᠠ ᠪᠠᠨ ᠰᠢᠯᠢᠳᠡᠭᠵᠢᠭᠦᠯᠬᠦ ᠶᠢ ᠳᠠᠮᠵᠢᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠮᠡᠷᠭᠡᠵᠢᠯ ᠤᠨ ᠠᠮᠢᠳᠤᠷᠠᠯ ᠤᠨ ᠲᠥᠯᠥᠪᠵᠢᠭᠦᠯᠭᠡ ᠶᠢ ᠰᠠᠶᠢᠲᠤᠷ ᠬᠢᠵᠦ᠂ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠯ ᠢ ᠴᠢᠩᠭᠠᠳᠬᠠᠨ᠂ ᠣᠯᠠᠨ ᠵᠠᠮ ᠮᠥᠷ ᠢᠶᠠᠷ ᠵᠣᠬᠢᠶᠠᠨ ᠪᠠᠶᠢᠭᠤᠯᠤᠨ ᠬᠥᠲᠥᠯᠥᠨ ᠵᠢᠯᠣᠭᠤᠳᠴᠤ ᠪᠠᠶᠢᠭᠠᠳ ᠦᠨᠳᠦᠰᠦᠨ ᠱᠠᠲᠤᠨ ᠳᠤ ᠣᠴᠢᠭᠤᠯᠵᠤ ᠦᠢᠯᠡᠳᠦᠯᠭᠡᠵᠢᠭᠦᠯᠦᠨ ᠪᠣᠯᠪᠠᠰᠤᠷᠠᠭᠤᠯᠵᠤ᠂ ᠠᠵᠢᠯ ᠣᠯᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ᠃
     ᠵᠢᠷᠭᠤᠭ᠎ᠠ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠬᠢᠯᠢ ᠬᠢᠵᠠᠭᠠᠷ ᠤᠨ ᠬᠤᠰᠢᠭᠤ ᠰᠢᠶᠠᠨ ᠪᠠ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠵᠤ ᠪᠠᠶᠢᠭ᠎ᠠ ᠬᠤᠰᠢᠭᠤ ᠰᠢᠶᠠᠨ ᠳᠤ ᠣᠴᠢᠵᠤ ᠪᠡᠶ᠎ᠡ ᠪᠠᠨ ᠳᠠᠭᠠᠭᠠᠵᠤ ᠦᠢᠯᠡᠰ ᠪᠣᠰᠬᠠᠬᠤ ᠶᠢ ᠵᠣᠷᠢᠭᠵᠢᠭᠤᠯᠬᠤ ᠪᠠ ᠲᠡᠳᠬᠦᠬᠦ ᠬᠡᠷᠡᠭᠲᠡᠶ᠃ ᠣᠷᠣᠨ ᠨᠤᠲᠤᠭ ᠤᠨ ᠣᠨᠴᠠᠯᠢᠭ ᠲᠠᠢ ᠠᠵᠤ ᠦᠢᠯᠡᠰ ᠤᠨ ᠦᠢᠯᠡᠰ ᠪᠣᠰᠬᠠᠬᠤ ᠲᠥᠷᠥᠯ ᠵᠦᠢᠯ ᠢ ᠡᠭᠦᠳᠦᠨ ᠡᠷᠭᠢᠯᠡᠪᠡᠯ᠂ ᠲᠤᠬᠠᠶ ᠶᠢᠨ ᠭᠠᠵᠠᠷ ᠤᠨ ᠦᠢᠯᠡᠰ ᠪᠣᠰᠬᠠᠬᠤ ᠬᠦᠷᠢᠶᠡᠯᠡᠩ ᠪᠠ ᠦᠢᠯᠡᠰ ᠪᠣᠰᠬᠠᠬᠤ ᠨᠡᠪᠴᠢᠭᠦᠯᠦᠭᠦᠷ ᠤᠨ ᠰᠠᠭᠤᠷᠢᠨ ᠭᠠᠵᠠᠷ ᠲᠤ ᠤᠷᠢᠳ ᠢᠶᠠᠷ ᠲᠣᠬᠢᠷᠠᠭᠤᠯᠤᠨ ᠣᠷᠤᠭᠤᠯᠵᠤ᠂ ᠲᠠᠯᠠᠪᠠᠶ ᠶᠢᠨ ᠲᠦᠷᠢᠶᠡᠰᠦ᠂ ᠤᠰᠤ ᠴᠠᠬᠢᠯᠭᠠᠨ ᠤ ᠰᠦᠢᠳᠬᠡᠯ ᠵᠡᠷᠭᠡ ᠶᠢ ᠨᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠲᠣᠭᠲᠠᠭᠠᠯ ᠶᠣᠰᠣᠭᠠᠷ ᠤᠷᠢᠳ ᠢᠶᠠᠷ ᠬᠦᠷᠲᠡᠭᠡᠬᠦ ᠬᠡᠷᠡᠭᠲᠡᠶ᠃
     ᠳᠣᠯᠤᠭ᠎ᠠ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠨᠤᠲᠤᠭ ᠤᠨ ᠴᠢᠳᠠᠪᠤᠷᠢᠲᠠᠳ ᠣᠶᠤᠲᠠᠳ ᠤᠨ ᠰᠤᠷᠤᠭᠴᠢ ᠶᠢᠨ ᠢᠷᠡᠯᠲᠡ ᠪᠣᠯᠬᠤ ᠭᠠᠵᠠᠷ ᠲᠤ ᠪᠠᠨ ᠲᠠᠷᠢᠶᠠᠴᠢᠨ ᠮᠠᠯᠴᠢᠳ ᠤᠨ ᠬᠤᠷᠰᠢᠶ᠎ᠠ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠵᠡᠷᠭᠡ ᠰᠢᠨ᠎ᠡ ᠪᠠᠷ ᠪᠣᠶ ᠪᠣᠯᠵᠤ ᠪᠠᠶᠢᠭ᠎ᠠ ᠡᠵᠡᠩᠨᠡᠯᠲᠡ ᠶᠢᠨ ᠭᠤᠤᠯ ᠴᠣᠭᠴᠠ ᠶᠢ ᠡᠭᠦᠳᠦᠨ ᠪᠠᠶᠢᠭᠤᠯᠵᠤ ᠳᠠᠭᠠᠭᠤᠯᠤᠨ ᠡᠷᠭᠢᠯᠡᠬᠦ ᠶᠢ ᠨᠢ ᠳᠡᠮᠵᠢᠬᠦ ᠬᠡᠷᠡᠭᠲᠡᠢ᠃ ᠠᠩᠬ᠎ᠠ ᠤᠳᠠᠭ᠎ᠠ ᠦᠢᠯᠡᠰ ᠪᠣᠰᠬᠠᠵᠤ ᠪᠠᠶᠢᠬᠤ ᠮᠥᠷᠲᠡᠭᠡᠨ 1 ᠵᠢᠯ ᠭᠠᠷᠤᠢ ᠬᠡᠪ ᠤᠨ ᠪᠠᠶᠢᠳᠠᠯ ᠲᠠᠢ ᠡᠵᠡᠩᠨᠡᠭᠰᠡᠨ ᠨᠤᠲᠤᠭ ᠲᠤ ᠪᠠᠨ ᠪᠤᠴᠠᠵᠤ ᠦᠢᠯᠡᠰ ᠪᠣᠰᠬᠠᠭᠰᠠᠳ ᠢ ᠦᠢᠯᠡᠰ ᠪᠣᠰᠬᠠᠭᠰᠠᠨ ᠨᠢᠭᠡ ᠤᠳᠠᠭ᠎ᠠ ᠶᠢᠨ ᠴᠢᠨᠠᠷᠲᠠᠶ ᠨᠡᠮᠡᠭᠦᠷᠢ ᠥᠭᠬᠦ ᠬᠡᠪᠴᠢᠶᠡᠨ ᠳᠤ ᠣᠷᠣᠭᠤᠯᠵᠤ᠂ ᠨᠤᠲᠤᠭ ᠲᠤ ᠪᠠᠨ ᠪᠤᠴᠠᠵᠤ ᠦᠢᠯᠡᠰ ᠪᠣᠰᠬᠠᠭᠰᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠬᠦᠷᠢᠶᠡᠯᠡᠩ ᠪᠠ ᠨᠡᠪᠴᠢᠭᠦᠯᠦᠭᠦᠷ ᠤᠨ ᠰᠠᠭᠤᠷᠢᠨ ᠭᠠᠵᠠᠷ ᠢ ᠨᠢ

︽ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠬᠤ︾ ᠪᠠᠯᠠ ᠮᠥᠩᠭᠦ ᠪᠠᠷ ᠲᠡᠳᠬᠦᠬᠦ ᠬᠡᠪᠴᠢᠶᠡᠨ ᠳᠤ ᠣᠷᠣᠭᠤᠯᠬᠤ ᠬᠡᠷᠡᠭᠲᠡᠶ᠃
     ᠨᠠᠢᠮᠠ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠲᠠᠷᠢᠶᠠᠯᠠᠬᠤ ᠮᠠᠯᠵᠢᠬᠤ ᠣᠷᠣᠨ ᠤ ᠪᠠᠭᠰᠢ ᠶᠢᠨ ᠣᠨᠴᠠ ᠠᠵᠢᠯ ᠤᠨ ᠪᠠᠶᠢᠷᠢ ᠶᠢᠨ ᠲᠥᠯᠥᠪᠯᠡᠭᠡ᠂ ᠰᠠᠶᠢᠨ ᠳᠤᠷᠠᠴᠤᠳ ᠤᠨ ᠪᠠᠷᠠᠭᠤᠨ ᠣᠷᠣᠨ ᠳᠤ ᠦᠢᠯᠡᠴᠢᠯᠡᠬᠦ ᠲᠥᠯᠥᠪᠯᠡᠭᠡ᠂ ︽ᠭᠤᠷᠪᠠ ᠶᠢ ᠲᠤᠰᠠᠯᠠᠵᠤ ᠨᠢᠭᠡ ᠶᠢ ᠲᠡᠳᠬᠦᠬᠦ︾᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠯᠥᠪᠯᠡᠭᠡ ᠵᠡᠷᠭᠡ ᠦᠨᠳᠦᠰᠦᠨ ᠱᠠᠲᠤᠨ ᠤ ᠦᠢᠯᠡᠴᠢᠯᠡᠭᠡᠨ ᠤ ᠲᠥᠷᠥᠯ ᠵᠦ᠋ᠶᠢᠯ ᠢ ᠭᠦᠨᠵᠡᠭᠡᠶ ᠬᠡᠷᠡᠭᠵᠢᠭᠦᠯᠵᠦ᠂ ︽ᠭᠤᠷᠪᠠ ᠶᠢ ᠲᠤᠰᠠᠯᠠᠵᠤ ᠨᠢᠭᠡ ᠶᠢ ᠲᠡᠳᠬᠦᠬᠦ︾᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠢᠶᠠᠷ ᠵᠢᠯ ᠪᠦᠷᠢ 7500 ᠣᠷᠴᠢᠮ ᠤᠶᠤᠲᠠᠳ ᠢ ᠡᠯᠰᠡᠵᠦ ᠦᠨᠳᠦᠰᠦᠨ ᠱᠠᠲᠤᠨ ᠳᠤ ᠣᠴᠢᠭᠤᠯᠵᠤ ᠠᠵᠢᠯᠯᠠᠭᠤᠯᠬᠤ ᠬᠡᠷᠡᠭᠲᠡᠶ᠃
     ᠶᠢᠰᠦ᠂ ᠠᠵᠢᠯ ᠦᠢᠯᠡᠰ ᠤᠨ ᠨᠢᠭᠡᠴᠢ ᠶᠢᠨ ᠣᠷᠣᠨ ᠲᠤᠭ᠎ᠠ ᠶᠢᠨ ᠬᠡᠷᠡᠭᠯᠡᠯᠲᠡ ᠶᠢ ᠰᠢᠯᠢᠳᠡᠭᠵᠢᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠨᠢ ᠠᠵᠢᠯ ᠤᠨ ᠪᠣᠳᠠᠲᠠᠢ ᠪᠠᠨ ᠦᠨᠳᠦᠰᠦᠯᠡᠵᠦ᠂ ᠨᠢᠭᠡᠳᠦᠯᠲᠡᠶ ᠲᠥᠯᠥᠪᠯᠡᠨ ᠲᠣᠬᠢᠷᠠᠭᠤᠯᠬᠤ᠂ ᠣᠷᠣᠨ ᠲᠤᠭ᠎ᠠ ᠶᠢᠨ ︽ᠡᠷᠭᠢᠯᠳᠦᠭᠦᠯᠦᠨ ᠬᠡᠷᠡᠭᠯᠡᠬᠦ ᠬᠥᠮᠥᠷᠭᠡ︾ ᠪᠠᠶᠢᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠢᠯᠢ ᠬᠢᠵᠠᠭᠠᠷ ᠤᠨ ᠬᠤᠰᠢᠭᠤ ᠰᠢᠶᠠᠨ ᠪᠠ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠵᠤ ᠪᠠᠶᠢᠭ᠎ᠠ ᠬᠤᠰᠢᠭᠤ ᠰᠢᠶᠠᠨ ᠵᠢᠴᠢ ᠲᠡᠭᠦᠨ ᠠᠴᠠ ᠳᠣᠷᠣᠭᠰᠢᠬᠢ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠣᠷᠣᠨ ᠲᠤᠭ᠎ᠠ ᠶᠢ ᠭᠦᠢᠴᠡᠳ ᠪᠠᠲᠤᠯᠠᠵᠤ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠴᠠᠭ ᠲᠤᠬᠠᠶ ᠳᠤ ᠨᠢ ᠡᠯᠰᠡᠨ ᠤᠷᠢᠵᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠳᠤᠲᠠᠭᠳᠠᠵᠤ ᠪᠠᠶᠢᠭ᠎ᠠ ᠠᠵᠢᠯ ᠤᠨ ᠪᠠᠶᠢᠷᠢᠨ ᠳᠠᠬᠢ ᠠᠵᠢᠯᠲᠠᠨ ᠢᠶᠠᠨ ᠨᠥᠬᠦᠪᠥᠷᠢᠯᠡᠨ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠡᠶᠢᠰᠢ ᠴᠢᠳᠠᠪᠤᠷᠢᠲᠠᠨ ᠤ ᠰᠢᠯᠵᠢᠬᠦ ᠶᠢ ᠨᠢ ᠨᠡᠩ ᠰᠠᠶᠢᠲᠤᠷ ᠲᠠᠲᠠᠨ ᠣᠷᠤᠭᠤᠯᠬᠤ ᠬᠡᠷᠡᠭᠲᠡᠶ᠃
     ᠠᠷᠪᠠ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠡᠯᠰᠡᠵᠦ ᠤᠷᠢᠬᠤ ᠨᠥᠬᠦᠴᠡᠯ ᠢ ᠵᠣᠬᠢᠰᠲᠠᠶ ᠲᠣᠬᠢᠷᠠᠭᠤᠯᠬᠤ ᠬᠡᠷᠡᠭᠲᠡᠶ᠃ ᠬᠠᠲᠠᠭᠤ ᠪᠡᠷᠬᠡᠰᠢᠶᠡᠯᠲᠡᠢ ᠬᠢᠯᠢ ᠬᠢᠵᠠᠭᠠᠷ ᠤᠨ ᠪᠣᠶᠢᠳᠠ ᠪᠥᠭᠯᠡᠭᠦᠦ ᠭᠠᠵᠠᠷ ᠣᠷᠣᠨ ᠤ ᠠᠵᠢᠯ ᠦᠢᠯᠡᠰ ᠤᠨ ᠨᠢᠭᠡᠴᠢ ᠨᠢ ᠠᠵᠢᠯᠲᠠᠨ ᠡᠯᠰᠡᠵᠦ ᠤᠷᠢᠬᠤ ᠳᠤ ᠪᠠᠨ᠂ ᠨᠠᠰᠤ ᠶᠢ ᠨᠢ ᠪᠦᠬᠦᠯᠢ 40 ᠨᠠᠰᠤᠨ ᠠᠴᠠ ᠳᠣᠷᠣᠭᠰᠢ ᠪᠠᠶᠢᠯᠭᠠᠵᠤ ᠪᠣᠯᠣᠨ᠎ᠠ︔ ᠬᠠᠮᠢᠶᠠᠷᠤᠯᠲᠠ ᠶᠢᠨ ᠠᠵᠢᠯᠳᠡᠨ᠂ ᠠᠯᠪᠠᠨ ᠤ ᠦᠢᠯᠡᠴᠢᠯᠡᠭᠡ ᠵᠢᠵᠢᠭᠦᠷ ᠤᠨ ᠪᠠᠶᠢᠷᠢᠨ ᠳᠠᠬᠢ ᠠᠵᠢᠯᠴᠢᠨ ᠢ ᠡᠯᠰᠡᠵᠦ ᠤᠷᠢᠬᠤ ᠳᠤ ᠲᠤᠰᠬᠠᠢ ᠮᠡᠷᠭᠡᠵᠢᠯ ᠤᠨ ᠬᠢᠵᠠᠭᠠᠷᠯᠠᠯ ᠭᠠᠷᠭᠠᠭᠤ ᠦᠭᠡᠢ ᠪᠠᠶᠢᠵᠤ ᠪᠣᠯᠣᠨ᠎ᠠ︔ ᠵᠣᠬᠢᠬᠤ ᠲᠤᠭ᠎ᠠ ᠬᠡᠮᠵᠢᠶᠡᠨ ᠤ ᠠᠵᠢᠯ ᠤᠨ ᠪᠠᠶᠢᠷᠢ ᠭᠠᠷᠭᠠᠵᠤ ᠪᠠᠶᠢᠭᠠᠳ ᠲᠤᠰ ᠬᠤᠰᠢᠭᠤ ᠰᠢᠶᠠᠨ ᠪᠤᠶᠤ ᠡᠷᠭᠢᠨ ᠲᠣᠭᠤᠷᠢᠨ ᠤ ᠬᠤᠰᠢᠭᠤ ᠰᠢᠶᠠᠨ ᠤ ᠡᠷᠦᠬᠡ ᠠᠮᠠ ᠶᠢᠨ ᠬᠠᠷᠢᠶ᠎ᠠ ᠲᠠᠢ ᠬᠥᠮᠦᠰ ︵ᠪᠤᠶᠤ ᠰᠤᠷᠤᠭᠴᠢ︶ ᠲᠤ ᠬᠠᠨᠳᠤᠭᠤᠯᠵᠤ ᠲᠤᠰᠬᠠᠶᠢᠯᠠᠨ ᠡᠯᠰᠡᠵᠦ ᠤᠷᠢᠬᠤ ᠶᠢ ᠨᠢ ᠵᠥᠪᠰᠢᠶᠡᠷᠡᠨ᠎ᠡ᠃
     ᠠᠷᠪᠠᠨ ᠨᠢᠭᠡ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠠᠵᠢᠯ ᠦᠢᠯᠡᠰ ᠤᠨ ᠨᠢᠭᠡᠴᠢ ᠶᠢᠨ ᠡᠯᠰᠡᠵᠦ ᠤᠷᠢᠬᠤ ᠠᠷᠭ᠎ᠠ ᠬᠡᠯᠪᠡᠷᠢ ᠶᠢ ᠰᠠᠶᠢᠵᠢᠷᠠᠭᠤᠯᠬᠤ ᠬᠡᠷᠡᠭᠲᠡᠢ᠃ ᠰᠤᠮᠤ ᠰᠢᠶᠠᠩ ᠪᠠᠯᠭᠠᠰᠤᠨ ᠤ ᠠᠵᠢᠯ ᠦᠢᠯᠡᠰ ᠤᠨ ᠨᠢᠭᠡᠴᠢ ᠳᠤ ᠵᠢᠩᠬᠢᠨᠢ ᠠᠩᠭᠢ ᠲᠡᠭᠦᠰᠦᠭᠰᠡᠨ ᠠᠴᠠ ᠳᠡᠭᠡᠭᠰᠢᠬᠢ᠂ ᠬᠤᠰᠢᠭᠤ ᠰᠢᠶᠠᠨ ᠤ ᠱᠠᠲᠤᠨ ᠤ ᠠᠵᠢᠯ ᠦᠢᠯᠡᠰ ᠤᠨ ᠨᠢᠭᠡᠴᠢ ᠳᠤ ᠳᠤᠮᠳᠠ ᠵᠡᠷᠭᠡ ᠠᠴᠠ ᠳᠡᠭᠡᠭᠰᠢᠬᠢ ᠲᠤᠰᠬᠠᠢ ᠮᠡᠷᠭᠡᠵᠢᠯ ᠤᠨ ᠴᠣᠯᠠ ᠲᠠᠢ ᠪᠤᠶᠤ ᠮᠠᠭᠢᠰᠲᠷ ᠠᠴᠠ ᠳᠡᠭᠡᠭᠰᠢᠬᠢ ᠡᠷᠳᠡᠮ ᠤᠨ ᠴᠣᠯᠠ ᠲᠠᠢ ᠬᠥᠮᠦᠰ ᠢ ᠡᠯᠰᠡᠵᠦ ᠤᠷᠢᠬᠤ ᠵᠢᠴᠢ ᠠᠵᠢᠯ ᠲᠥᠷᠥᠯ᠂ ᠠᠵᠢᠯ ᠤᠨ ᠪᠠᠶᠢᠷᠢ ᠳᠤ ᠳᠤᠲᠠᠭᠳᠠᠵᠤ ᠪᠠᠶᠢᠭ᠎ᠠ ᠪᠠᠴᠢᠮ ᠬᠡᠷᠡᠭᠰᠡᠬᠦ ᠲᠤᠰᠬᠠᠢ ᠮᠡᠷᠭᠡᠵᠢᠯ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠵᠦ ᠤᠷᠢᠬᠤ ᠳᠤ᠂ ᠨᠡᠷ᠎ᠡ ᠮᠡᠳᠡᠭᠦᠯᠦᠭᠰᠡᠨ᠂ ᠲᠤᠰᠬᠠᠢ ᠮᠡᠷᠭᠡᠵᠢᠯ ᠤᠨ ᠲᠠᠷᠬᠠᠯᠲᠠ ᠵᠡᠷᠭᠡ ᠪᠠᠶᠢᠳᠠᠯ ᠢ ᠨᠢ ᠦᠨᠳᠦᠰᠦᠯᠡᠨ᠂ ᠰᠢᠯᠭᠠᠬᠤ ᠬᠠᠷᠢᠴᠠᠯ ᠢ ᠨᠢ ᠵᠣᠬᠢᠰᠲᠠᠢ ᠪᠠᠭᠤᠷᠠᠭᠤᠯᠬᠤ ᠪᠤᠶᠤ ᠰᠢᠯᠭᠠᠬᠤ ᠬᠠᠷᠢᠴᠠᠯ ᠭᠠᠷᠭᠠᠬᠤ ᠥᠭᠡᠢ ᠪᠠᠷ ᠬᠢᠷᠢ ᠪᠦᠲᠦᠮᠵᠢ ᠶᠢᠨ ᠬᠢᠷᠢ ᠲᠡᠩᠴᠡᠬᠦ ᠬᠤᠪᠢ ᠶᠢᠨ ᠪᠠᠷᠢᠮᠵᠢᠶ᠎ᠠ ᠶᠢ ᠨᠢ ᠲᠣᠭᠲᠠᠭᠠᠵᠤ ᠪᠣᠯᠣᠨ᠎ᠠ︔ ᠡᠰᠡᠬᠦᠯ᠎ᠡ ᠪᠣᠳᠠᠲᠠᠢ ᠲᠠᠢ ᠪᠠᠨ ᠤᠶᠠᠯᠳᠤᠭᠤᠯᠵᠤ᠂ ᠨᠢᠭᠤᠷᠲᠠᠨ ᠰᠢᠯᠭᠠᠬᠤ᠂ ᠰᠢᠭᠤᠳ ᠰᠢᠯᠭᠠᠨ ᠪᠠᠶᠢᠴᠠᠭᠠᠬᠤ ᠵᠡᠷᠭᠡ ᠠᠷᠭ᠎ᠠ ᠬᠡᠯᠪᠡᠷᠢ ᠪᠠᠷ ᠡᠯᠰᠡᠨ ᠤᠷᠢᠵᠤ ᠪᠣᠯᠤᠨ᠎ᠠ᠃ ᠦᠨᠳᠦᠰᠦᠨ ᠱᠠᠲᠤᠨ ᠳᠤ ᠦᠢᠯᠡᠴᠢᠯᠡᠬᠦ ᠲᠥᠷᠥᠯ ᠵᠦ᠋ᠶᠢᠯ ᠤᠨ ᠠᠵᠢᠯᠲᠠᠨ ᠢ ᠬᠠᠨᠳᠤᠯᠭ᠎ᠠ ᠲᠠᠢ ᠡᠯᠰᠡᠵᠦ ᠤᠷᠢᠬᠤ ᠲᠤᠰᠬᠠᠢ ᠲᠠᠯᠠᠪᠠᠢ ᠶᠢᠨ ᠡᠯᠰᠡᠨ ᠤᠷᠢᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠢ᠃
     ᠠᠷᠪᠠᠨ ᠬᠤᠶᠠᠷ᠂ ᠬᠢᠯᠢ ᠬᠢᠵᠠᠭᠠᠷ ᠤᠨ ᠬᠤᠰᠢᠭᠤ ᠰᠢᠶᠠᠨ ᠪᠠ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠵᠤ ᠪᠠᠶᠢᠭ᠎ᠠ ᠬᠤᠰᠢᠭᠤ ᠰᠢᠶᠠᠨ ᠰᠤᠮᠤ ᠰᠢᠶᠠᠩ ᠪᠠᠯᠭᠠᠰᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠳᠤᠲᠠᠭᠳᠠᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠬᠤᠰᠢᠭᠤ ᠰᠢᠶᠠᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠵᠢᠩᠬᠢᠨᠢ ᠠᠩᠭᠢ ᠲᠡᠭᠦᠰᠦᠭᠰᠡᠨ ᠠᠴᠠ ᠳᠡᠭᠡᠭᠰᠢᠬᠢ ᠡᠮᠴᠢᠯᠡᠭᠡ ᠡᠷᠡᠭᠦᠯ ᠬᠠᠮᠠᠭᠠᠯᠠᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠡᠯᠰᠡᠵᠦ ᠤᠷᠢᠬᠤ᠂ ᠰᠤᠮᠤ ᠰᠢᠶᠠᠩ ᠪᠠᠯᠭᠠᠰᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠶᠡᠭᠡ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠠᠩᠭᠢ ᠲᠡᠭᠦᠰᠦᠭᠰᠡᠨ ᠠᠴᠠ ᠳᠡᠭᠡᠭᠰᠢᠬᠢ ᠡᠮᠴᠢᠯᠡᠭᠡ ᠡᠷᠡᠭᠦᠯ ᠬᠠᠮᠠᠭᠠᠯᠠᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠡᠯᠰᠡᠨ ᠤᠷᠢᠬᠤ ᠳᠤ ᠰᠢᠭᠤᠳ ᠰᠢᠯᠭᠠᠨ ᠪᠠᠶᠢᠴᠠᠭᠠᠬᠤ ᠠᠷᠭ᠎ᠠ ᠬᠡᠯᠪᠡᠷᠢ ᠪᠠᠷ ᠳᠠᠮᠵᠢᠭᠤᠯᠤᠨ ᠢᠯᠡ ᠪᠠᠷ ᠡᠯᠰᠡᠨ ᠤᠷᠢᠵᠤ ᠪᠣᠯᠣᠨ᠎ᠠ᠃
     ᠠᠷᠪᠠᠨ ᠭᠤᠷᠪᠠ᠂ ︽ᠰᠢᠶᠠᠨ ᠠᠴᠠ ᠬᠠᠮᠢᠶᠠᠷᠴᠤ ᠰᠤᠷᠭᠠᠭᠤᠯᠢ ᠨᠢ ᠤᠷᠢᠬᠤ︾ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠪᠠᠨ ᠠᠬᠢᠭᠤᠯᠬᠤ ᠬᠡᠷᠡᠭᠲᠡᠢ᠃ ᠠᠵᠢᠯ ᠶᠠᠪᠤᠳᠠᠯ ᠬᠠᠮᠢᠶᠠᠷᠬᠤ ᠡᠷᠬᠡ ᠠᠵᠢᠯᠲᠠᠨ ᠤ ᠶᠠᠪᠤᠳᠠᠯ ᠢ ᠬᠠᠮᠢᠶᠠᠷᠬᠤ ᠡᠷᠬᠡ ᠡᠳ᠋ ᠤᠨ ᠶᠠᠪᠤᠳᠠᠯ ᠢ ᠬᠠᠮᠢᠶᠠᠷᠬᠤ ᠡᠷᠬᠡ ᠶᠢ ᠨᠢᠭᠡᠲᠦᠵᠢᠭᠦᠯᠦᠭᠰᠡᠨ ᠪᠠᠭᠰᠢ ᠨᠠᠷ ᠤᠨ ᠬᠠᠮᠢᠶᠠᠷᠤᠯᠲᠠ ᠶᠢᠨ ᠪᠠᠶᠢᠭᠤᠯᠤᠯ ᠢ ᠠᠯᠬᠤᠮ ᠠᠯᠬᠤᠮ ᠢᠶᠠᠷ ᠨᠠᠶᠢᠳᠠᠪᠤᠷᠢᠵᠢᠭᠤᠯᠵᠤ᠂ ᠬᠤᠰᠢᠭᠤ ᠰᠢᠶᠠᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠨᠠᠷ ᠤᠨ ᠡᠩᠨᠡᠭᠡ ᠶᠢ ᠨᠢᠭᠡᠳᠦᠯᠲᠡᠶ ᠲᠥᠯᠥᠪᠯᠡᠵᠦ ᠬᠠᠮᠢᠶᠠᠷᠬᠤ ᠬᠡᠷᠡᠭᠲᠡᠶ᠃ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠲᠤᠰᠬᠠᠶ ᠪᠠᠭᠰᠢ ᠶᠢ ᠡᠯᠰᠡᠵᠦ ᠤᠷᠢᠬᠤ ᠳᠤ᠂ ᠡᠯᠰᠡᠨ ᠤᠷᠢᠬᠤ ᠲᠠᠰ ᠳᠠᠷᠠᠭᠠᠯᠠᠯ ᠢ ᠳᠥᠭᠦᠮᠴᠢᠯᠡᠵᠦ᠂ ᠰᠢᠭᠤᠳ ᠲᠤᠷᠰᠢᠨ ᠵᠢᠭᠠᠬᠤ

︵ᠬᠢᠴᠢᠶᠡᠯ ᠣᠷᠣᠬᠤ︶᠂ ᠪᠣᠳᠠᠲᠠᠶ ᠠᠵᠢᠯᠯᠠᠬᠤ ᠴᠢᠳᠠᠪᠤᠷᠢ ᠶᠢ ᠨᠢ ᠰᠢᠯᠭᠠᠨ ᠲᠤᠷᠰᠢᠬᠤ ᠵᠡᠷᠭᠡ ᠠᠷᠭ᠎ᠠ ᠬᠡᠯᠪᠡᠷᠢ ᠪᠠᠷ ᠡᠯᠰᠡᠨ ᠤᠷᠢᠵᠤ ᠪᠣᠯᠤᠨ᠎ᠠ᠃
     ᠠᠷᠪᠠᠨ ᠳᠥᠷᠪᠡ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠠᠵᠢᠯ ᠣᠯᠤᠭᠰᠠᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠮᠡᠷᠭᠡᠵᠢᠯ ᠤᠨ ᠬᠥᠭᠵᠢᠯᠲᠡ ᠶᠢᠨ ᠠᠷᠭ᠎ᠠ ᠵᠠᠮ ᠢ ᠰᠠᠭᠠᠳ ᠦᠭᠡᠶ ᠨᠡᠪᠲᠡᠷᠡᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠱᠠᠲᠤᠨ ᠤ ᠬᠠᠷᠢᠶ᠎ᠠ ᠪᠣᠯᠬᠤ ᠠᠵᠢᠯ ᠦᠢᠯᠡᠰ ᠤᠨ ᠨᠢᠭᠡᠴᠢ ᠶᠢᠨ ᠨᠡᠶᠢᠭᠡᠮ ᠳᠤ ᠬᠠᠨᠳᠤᠭᠤᠯᠤᠨ ᠢᠯᠡ ᠪᠠᠷ ᠡᠯᠰᠡᠨ ᠤᠷᠢᠬᠤ ᠶᠢ ᠵᠥᠪᠰᠢᠶᠡᠷᠡᠭᠰᠡᠨ ᠪᠠᠶᠢᠪᠠᠯ᠂ ᠵᠣᠬᠢᠬᠤ ᠲᠣᠭᠠᠨ ᠤ ᠠᠵᠢᠯ ᠤᠨ ᠪᠠᠶᠢᠷᠢ ᠭᠠᠷᠭᠠᠵᠤ ᠦᠨᠳᠦᠰᠦᠨ ᠱᠠᠲᠤᠨ ᠤ ᠠᠵᠢᠯ ᠦᠢᠯᠡᠰ ᠤᠨ ᠨᠢᠭᠡᠴᠢ ᠳᠤ ᠠᠵᠢᠯᠯᠠᠭᠰᠠᠨ ᠥᠩᠭᠡᠷᠡᠯᠲᠡ ᠲᠠᠢ ᠠᠵᠢᠯᠲᠠᠨ ᠢ ᠡᠯᠰᠡᠵᠦ ᠤᠷᠢᠬᠤ ᠬᠡᠷᠡᠭᠲᠡᠢ᠃
     ᠠᠷᠪᠠᠨ ᠲᠠᠪᠤ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠠᠬᠢ ᠲᠤᠰᠬᠠᠶ ᠮᠡᠷᠭᠡᠵᠢᠯ ᠤᠨ ᠠᠵᠢᠯᠲᠠᠨ ᠤ ᠮᠡᠷᠭᠡᠵᠢᠯ ᠤᠨ ᠴᠣᠯᠠ ᠶᠢᠨ ᠳᠦᠷᠢᠮ ᠢ ᠲᠡᠭᠦᠯᠳᠡᠷᠵᠢᠭᠦᠯᠬᠦ ᠬᠡᠷᠡᠭᠲᠡᠢ᠃ ᠪᠦᠬᠦᠯᠢ ᠡᠳᠦᠷ ᠤᠨ ᠳᠦᠷᠢᠮᠲᠦ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠬᠤᠰᠢᠭᠤ ᠰᠢᠶᠠᠨ ᠵᠢᠴᠢ ᠲᠡᠭᠦᠨ ᠠᠴᠠ ᠳᠣᠷᠣᠭᠰᠢᠬᠢ ᠦᠨᠳᠦᠰᠦᠨ ᠱᠠᠲᠤᠨ ᠤ ᠨᠢᠭᠡᠴᠢ ᠳᠤ ᠥᠪᠡᠷ ᠤᠨ ᠰᠣᠷᠣᠭᠰᠠᠨ ᠲᠤᠰᠬᠠᠶ ᠮᠡᠷᠭᠡᠵᠢᠯ ᠪᠤᠶᠤ ᠠᠳᠠᠯᠢᠪᠲᠤᠷ ᠲᠤᠰᠬᠠᠶ ᠮᠡᠷᠭᠡᠵᠢᠯ ᠤᠨ ᠲᠠᠯ᠎ᠠ ᠶᠢᠨ ᠠᠵᠢᠯ ᠬᠢᠵᠦ ᠪᠠᠶᠢᠪᠠᠯ᠂ ᠤᠯᠤᠰ ᠠᠴᠠ ᠲᠣᠭᠲᠠᠭᠠᠭᠰᠠᠨ ᠰᠢᠯᠭᠠᠬᠤ ᠴᠢᠬᠤᠯᠠ ᠲᠠᠢ ᠲᠤᠰᠬᠠᠶ ᠮᠡᠷᠭᠡᠵᠢᠯ ᠢ ᠨᠢ ᠭᠠᠷᠭᠠᠪᠠᠯ᠂ ᠰᠢᠯᠭᠠᠨ ᠬᠢᠨᠠᠬᠤ ᠳᠤ ᠬᠢᠷᠢ ᠲᠡᠩᠴᠡᠭᠰᠡᠨ ᠪᠣᠯ᠂ ᠮᠡᠷᠭᠡᠵᠢᠯ ᠤᠨ ᠴᠣᠯᠠ ᠶᠢᠨ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ ᠵᠣᠬᠢᠬᠤ ᠮᠡᠷᠭᠡᠵᠢᠯ ᠤᠨ ᠴᠣᠯᠠ ᠪᠠᠷ ᠮᠠᠭᠠᠳᠯᠠᠨ ᠲᠣᠭᠲᠠᠭᠠᠬᠤ ᠶᠢ ᠰᠢᠭᠤᠳ ᠭᠤᠶᠤᠴᠢᠯᠠᠵᠤ ᠪᠣᠯᠤᠨ᠎ᠠ᠂ ᠮᠡᠷᠭᠡᠵᠢᠯ ᠤᠨ ᠴᠣᠯᠠ ᠶᠢ ᠨᠢ ᠬᠢᠨᠠᠨ ᠲᠣᠭᠲᠠᠭᠠᠬᠤ ᠴᠢᠬᠤᠯᠠ ᠦᠭᠡᠶ᠂ ᠡᠭᠦᠨ ᠳᠤ᠂ ᠶᠡᠭᠡ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠠᠩᠭᠢ ᠠᠴᠠ ᠲᠡᠭᠦᠰᠦᠭᠡᠳ ᠪᠦᠬᠦᠯᠢ 2 ᠵᠢᠯ ᠠᠵᠢᠯᠯᠠᠭᠰᠠᠨ ᠪᠠᠶᠢᠪᠠᠯ ᠲᠤᠰᠠᠯᠠᠬᠤ ᠵᠡᠷᠭᠡ ᠶᠢᠨ ᠮᠡᠷᠭᠡᠵᠢᠯ ᠤᠨ ᠴᠣᠯᠠ ᠪᠠᠷ ᠮᠠᠭᠠᠳᠯᠠᠨ ᠲᠣᠭᠲᠠᠭᠠᠯᠭᠠᠵᠤ ᠪᠣᠯᠣᠨ᠎ᠠ︔ ᠶᠡᠭᠡ ᠰᠤᠷᠭᠠᠭᠤᠯᠢ ᠶᠢᠨ ᠵᠢᠩᠬᠢᠨᠢ ᠠᠩᠭᠢ ᠠᠴᠠ ᠲᠡᠭᠦᠰᠦᠭᠰᠡᠨ ᠪᠣᠯ ᠲᠤᠰᠠᠯᠠᠬᠤ ᠵᠡᠷᠭᠡ ᠶᠢᠨ ᠮᠡᠷᠭᠡᠵᠢᠯ ᠤᠨ ᠴᠣᠯᠠ ᠶᠢ ᠨᠢ ᠰᠢᠭᠤᠳ ᠮᠠᠭᠠᠳᠯᠠᠨ ᠲᠣᠭᠲᠠᠭᠠᠵᠤ ᠪᠣᠯᠣᠨ᠎ᠠ︔ ᠠᠰᠫᠢᠷᠠᠨᠲ ᠢᠶᠠᠷ ᠲᠡᠭᠦᠰᠦᠭᠡᠳ ᠪᠦᠬᠦᠯᠢ 1 ᠵᠢᠯ ᠠᠵᠢᠯᠯᠠᠭᠰᠠᠨ ᠪᠠᠶᠢᠪᠠᠯ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠶᠢ ᠮᠠᠭᠠᠳᠯᠠᠨ ᠲᠣᠭᠲᠠᠭᠠᠵᠤ ᠪᠣᠯᠤᠨ᠎ᠠ︔ ᠳ᠋ᠣᠺᠲ᠋ᠣᠷᠠᠨᠲ ᠲᠡᠭᠦᠰᠦᠭᠰᠡᠨ ᠪᠣᠯ ᠰᠢᠭᠤᠳ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠶᠢ ᠮᠠᠭᠠᠳᠯᠠᠨ ᠲᠣᠭᠲᠠᠭᠠᠵᠤ ᠪᠣᠯᠤᠨ᠎ᠠ᠃ ᠰᠤᠮᠤ ᠰᠢᠶᠠᠩ ᠪᠠᠯᠭᠠᠰᠤᠨ ᠤ ᠠᠵᠢᠯ ᠦᠢᠯᠡᠰ ᠤᠨ ᠨᠢᠭᠡᠴᠢ ᠶᠢᠨ ᠲᠤᠰᠬᠠᠶ ᠮᠡᠷᠭᠡᠵᠢᠯ ᠤᠨ ᠠᠵᠢᠯ ᠤᠨ ᠪᠠᠶᠢᠷᠢ ᠳᠤ ᠠᠵᠢᠯᠯᠠᠭᠠᠳ ᠪᠦᠬᠦᠯᠢ 2 ᠵᠢᠯ ᠪᠣᠯᠤᠭᠰᠠᠨ ᠵᠢᠩᠬᠢᠨᠢ ᠠᠩᠭᠢ ᠲᠡᠭᠦᠰᠦᠭᠰᠡᠳ ᠪᠠ ᠪᠦᠬᠦᠯᠢ 4 ᠵᠢᠯ ᠪᠣᠯᠤᠭᠰᠠᠨ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠰᠢᠯᠭᠠᠨ ᠬᠢᠨᠠᠬᠤ ᠳᠤ ᠬᠢᠷᠢ ᠲᠡᠩᠴᠡᠭᠰᠡᠨ ᠪᠣᠯ᠂ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠴᠣᠯᠠ ᠶᠢᠨ ᠬᠢᠨᠠᠨ ᠲᠣᠭᠲᠠᠭᠠᠬᠤ ᠳᠤ ᠰᠢᠭᠤᠳ ᠣᠷᠣᠯᠴᠠᠵᠤ ᠪᠣᠯᠤᠨ᠎ᠠ᠃
     ᠠᠷᠪᠠᠨ ᠵᠢᠷᠭᠤᠭ᠎ᠠ᠂ ᠦᠨᠳᠦᠰᠦᠨ ᠱᠠᠲᠤᠨ ᠳᠤ ᠠᠵᠢᠯ ᠣᠯᠭᠤᠭᠰᠠᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠠᠯᠢᠩ ᠣᠯᠭᠤᠮᠵᠢ ᠶᠢᠨ ᠪᠠᠲᠤᠯᠠᠭ᠎ᠠ ᠶᠢ ᠴᠢᠩᠭᠠᠷᠠᠭᠤᠯᠬᠤ ᠬᠡᠷᠡᠭᠲᠡᠢ᠃ ᠬᠠᠲᠠᠭᠤ ᠪᠡᠷᠬᠡᠰᠢᠶᠡᠯᠲᠡᠢ ᠬᠢᠯᠢ ᠬᠢᠵᠠᠭᠠᠷ ᠤᠨ ᠪᠣᠶᠢᠳᠠ ᠪᠥᠭᠯᠡᠭᠦᠦ ᠭᠠᠵᠠᠷ ᠣᠷᠣᠨ ᠳᠤ ᠠᠵᠢᠯᠯᠠᠵᠤ ᠪᠠᠶᠢᠭ᠎ᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠠᠵᠢᠯ ᠦᠢᠯᠡᠰ ᠤᠨ ᠨᠢᠭᠡᠴᠢ ᠶᠢᠨ ᠵᠢᠩᠬᠢᠨᠢ ᠠᠵᠢᠯᠲᠠᠨ ᠢᠶᠠᠷ ᠡᠯᠰᠡᠭᠳᠡᠵᠦ ᠤᠷᠢᠭᠳᠠᠭᠰᠠᠨ ᠪᠣᠯ ᠠᠵᠢᠯ ᠢ ᠨᠢ ᠤᠷᠢᠳᠴᠢᠯᠠᠨ ᠵᠢᠩᠬᠢᠨᠢᠴᠢᠯᠡᠵᠦ ᠴᠠᠯᠢᠩ ᠤᠨ ᠳᠡᠰ ᠢ ᠨᠢ ᠲᠣᠭᠲᠠᠭᠠᠨ ᠥᠭᠴᠦ ᠪᠣᠯᠣᠨ᠎ᠠ᠂ ᠠᠵᠢᠯ ᠢ ᠨᠢ ᠵᠢᠩᠬᠢᠨᠢᠴᠢᠯᠡᠵᠦ ᠴᠠᠯᠢᠩ ᠤᠨ ᠳᠡᠰ ᠢ ᠨᠢ ᠲᠣᠭᠲᠠᠭᠠᠬᠤ ᠳᠤ ᠴᠠᠯᠢᠩ ᠢ ᠨᠢ ᠥᠨᠳᠥᠷ ᠳᠡᠰ ᠲᠤ ᠲᠣᠭᠲᠠᠭᠠᠨ᠎ᠠ᠃ ᠦᠨᠳᠦᠰᠦᠨ ᠱᠠᠲᠤᠨ ᠤ ᠦᠢᠯᠡᠴᠢᠯᠡᠭᠡᠨ ᠤ ᠲᠥᠷᠥᠯ ᠵᠦ᠋ᠶᠢᠯ ᠢᠶᠠᠷ ᠳᠠᠮᠵᠢᠭᠤᠯᠵᠤ ᠦᠨᠳᠦᠰᠦᠨ ᠱᠠᠲᠤᠨ ᠳᠤ ᠰᠣᠩᠭᠤᠨ ᠲᠣᠮᠢᠯᠠᠭᠳᠠᠭᠰᠠᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠢᠯᠡᠴᠢᠯᠡᠬᠦ ᠬᠤᠭᠤᠴᠠᠭ᠎ᠠ ᠨᠢ ᠳᠠᠭᠤᠰᠴᠤ ᠠᠵᠢᠯ ᠦᠢᠯᠡᠰ ᠤᠨ ᠨᠢᠭᠡᠴᠢ ᠳᠤ ᠡᠯᠰᠡᠭᠳᠡᠵᠦ ᠤᠷᠢᠭᠳᠠᠭᠰᠠᠨ ᠪᠠᠶᠢᠪᠠᠯ᠂ ᠦᠢᠯᠡᠴᠢᠯᠡᠬᠦ ᠬᠤᠭᠤᠴᠠᠭᠠᠨ ᠳᠠᠬᠢ ᠨᠠᠰᠤᠵᠢᠯ ᠤᠨ ᠳᠠᠭᠠᠳᠬᠠᠯ ᠲᠤᠰᠢᠶᠠᠭᠰᠠᠨ ᠵᠢᠯ ᠬᠤᠭᠤᠴᠠᠭ᠎ᠠ ᠶᠢ ᠨᠢ ᠠᠵᠢᠯᠯᠠᠭᠰᠠᠨ ᠣᠨ ᠵᠢᠯ ᠢᠶᠠᠷ ᠨᠡᠶᠢᠯᠡᠭᠦᠯᠦᠨ ᠪᠤᠳᠤᠵᠤ ᠪᠣᠯᠤᠨ᠎ᠠ᠃ ᠬᠠᠲᠠᠭᠤ ᠪᠡᠷᠬᠡᠰᠢᠶᠡᠯᠲᠡᠢ ᠬᠢᠯᠢ ᠬᠢᠵᠠᠭᠠᠷ ᠤᠨ ᠪᠣᠶᠢᠳᠠ ᠪᠥᠭᠯᠡᠭᠦᠦ ᠭᠠᠵᠠᠷ ᠣᠷᠣᠨ ᠤ ᠨᠡᠮᠡᠯᠭᠡ ᠶᠢᠨ ᠨᠡᠮᠡᠭᠳᠡᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠬᠠᠲᠠᠭᠤ ᠪᠡᠷᠬᠡᠰᠢᠶᠡᠯᠲᠡᠢ ᠬᠢᠯᠢ ᠬᠢᠵᠠᠭᠠᠷ ᠤᠨ ᠪᠣᠶᠢᠳᠠ ᠪᠥᠭᠯᠡᠭᠦᠦ ᠭᠠᠵᠠᠷ ᠣᠷᠣᠨ ᠤ ᠨᠡᠮᠡᠯᠭᠡ ᠶᠢᠨ ᠪᠠᠷᠢᠮᠵᠢᠶ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ ᠬᠡᠷᠡᠭᠲᠡᠢ᠃ ᠰᠤᠮᠤ ᠰᠢᠶᠠᠩ ᠪᠠᠯᠭᠠᠰᠤᠨ ᠳᠠᠬᠢ ᠠᠵᠢᠯ ᠤᠨ ᠨᠡᠮᠡᠭᠦᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠰᠤᠮᠤ ᠰᠢᠶᠠᠩ ᠪᠠᠯᠭᠠᠰᠤᠨ ᠳᠤ ᠠᠵᠢᠯᠯᠠᠵᠤ ᠪᠠᠶᠢᠭ᠎ᠠ ᠠᠵᠢᠯ ᠦᠢᠯᠡᠰ ᠤᠨ ᠨᠢᠭᠡᠴᠢ ᠶᠢᠨ ᠵᠢᠩᠬᠢᠨᠢ ᠠᠵᠢᠯᠲᠠᠨ ᠳᠤ ᠰᠤᠮᠤ ᠰᠢᠶᠠᠩ ᠪᠠᠯᠭᠠᠰᠤᠨ ᠤ ᠠᠵᠢᠯ ᠤᠨ ᠨᠡᠮᠡᠭᠦᠷᠢ ᠣᠯᠭᠤᠬᠤ ᠶᠢᠨ ᠬᠠᠮᠲᠤ᠂ ᠰᠤᠮᠤ ᠰᠢᠶᠠᠩ ᠪᠠᠯᠭᠠᠰᠤᠨ ᠳᠤ ᠠᠵᠢᠯᠯᠠᠭᠰᠠᠨ ᠴᠠᠭ ᠢ ᠨᠢ ᠦᠨᠳᠦᠰᠦᠯᠡᠨ ᠬᠡᠪ ᠤᠨ ᠶᠣᠰᠣᠭᠠᠷ ᠨᠡᠮᠡᠭᠳᠡᠭᠦᠯᠬᠦ ᠬᠡᠷᠡᠭᠲᠡᠢ᠃ ᠨᠥᠬᠦᠴᠡᠯ ᠲᠠᠢ ᠭᠠᠵᠠᠷ ᠣᠷᠣᠨ ᠨᠢ ᠰᠤᠮᠤ ᠰᠢᠶᠠᠩ ᠪᠠᠯᠭᠠᠰᠤᠨ ᠤ ᠠᠵᠢᠯ ᠤᠨ ᠨᠡᠮᠡᠭᠦᠷᠢ ᠡᠬᠢᠯᠡᠵᠦ ᠣᠯᠭᠤᠬᠤ ᠪᠠᠷᠢᠮᠵᠢᠶ᠎ᠠ ᠪᠠᠨ ᠵᠣᠬᠢᠰᠲᠠᠶ ᠳᠡᠭᠡᠭᠰᠢᠯᠡᠭᠦᠯᠵᠦ ᠪᠣᠯᠤᠨ᠎ᠠ᠃
     ᠠᠷᠪᠠᠨ ᠳᠣᠯᠤᠭ᠎ᠠ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠨᠳᠦᠰᠦᠨ ᠱᠠᠲᠤᠨ ᠳᠤ ᠦᠨᠳᠦᠰᠦ ᠬᠠᠳᠬᠤᠬᠤ ᠶᠢ ᠵᠣᠷᠢᠭᠵᠢᠭᠤᠯᠬᠤ ᠬᠡᠷᠡᠭᠲᠡᠢ᠃ ᠬᠢᠯᠢ ᠬᠢᠵᠠᠭᠠᠷ ᠤᠨ ᠬᠤᠰᠢᠭᠤ ᠰᠢᠶᠠᠨ ᠪᠠ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠵᠤ ᠪᠠᠶᠢᠭ᠎ᠠ ᠬᠤᠰᠢᠭᠤ ᠰᠢᠶᠠᠨ ᠤ ᠠᠵᠢᠯ ᠦᠢᠯᠡᠰ ᠤᠨ ᠨᠢᠭᠡᠴᠢ ᠶᠢᠨ ᠡᠯᠰᠡᠵᠦ ᠤᠷᠢᠬᠤ ᠨᠥᠬᠦᠴᠡᠯ ᠢᠶᠠᠨ ᠠᠭᠤᠵᠢᠭᠤ ᠲᠠᠯᠪᠢᠬᠤ ᠳᠤ ᠡᠯᠰᠡᠭᠳᠡᠨ ᠤᠷᠢᠭᠳᠠᠭᠰᠠᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠨᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠨᠠᠭᠠᠲᠤ ᠵᠠᠬ᠎ᠠ ᠳᠤ ᠪᠠᠨ 3 - 5 ᠵᠢᠯ ᠠᠵᠢᠯᠯᠠᠬᠤ ᠪᠠᠷ ᠪᠣᠯᠵᠣᠨ ᠲᠣᠭᠲᠠᠭᠰᠠᠨ ᠦᠢᠯᠡᠴᠢᠯᠡᠬᠦ ᠬᠤᠭᠤᠴᠠᠭ᠎ᠠ ᠳᠤ ᠬᠥᠷᠥᠭᠰᠡᠨ ᠪᠠᠶᠢᠬᠤ ᠬᠡᠷᠡᠭᠲᠡᠶ᠃ ᠨᠠᠭᠠᠲᠤ ᠵᠠᠬ᠎ᠠ ᠶᠢᠨ ᠦᠢᠯᠡᠴᠢᠯᠡᠬᠦ ᠬᠤᠭᠤᠴᠠᠭᠠᠨ ᠳᠤ᠂ ᠪᠤᠰᠤᠳ ᠨᠢᠭᠡᠴᠢ ᠨᠢ ᠵᠢᠭᠡᠯᠡᠵᠦ ᠬᠡᠷᠡᠭᠯᠡᠬᠦ᠂ ᠠᠵᠢᠯ ᠬᠠᠪᠰᠤᠷᠤᠭᠤᠯᠬᠤ ᠵᠡᠷᠭᠡ ᠠᠷᠭ᠎ᠠ ᠬᠡᠯᠪᠡᠷᠢ ᠪᠠᠷ ᠲᠡᠳᠡᠨ ᠢ ᠵᠢᠭᠡᠯᠡᠬᠦ ᠪᠤᠶᠤ ᠰᠢᠯᠵᠢᠭᠦᠯᠵᠤ ᠪᠣᠯᠬᠤ ᠦᠭᠡᠶ᠃
     ᠲᠣᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠤᠤᠯ ᠤᠨ ︽ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠬᠢᠯᠢ ᠬᠢᠵᠠᠭᠠᠷ ᠤᠨ ᠬᠤᠰᠢᠭᠤ ᠰᠢᠶᠠᠨ ᠪᠠ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠵᠤ ᠪᠠᠶᠢᠭ᠎ᠠ ᠬᠤᠰᠢᠭᠤ ᠰᠢᠶᠠᠨ ᠤ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠣᠴᠢᠵᠤ ᠠᠵᠢᠯ ᠣᠯᠵᠤ ᠦᠢᠯᠡᠰ ᠴᠣᠭᠴᠠᠯᠠᠬᠤ ᠶᠢ ᠵᠣᠷᠢᠭᠵᠢᠭᠤᠯᠵᠤ ᠬᠥᠲᠥᠯᠥᠨ ᠵᠢᠯᠤᠭᠤᠳᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ

﹇2020﹈ 15 ᠳ᠋ᠤᠭᠠᠷ ᠲᠣᠭᠠᠲᠤ︶ ᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃
                                                              2021 ᠣᠨ ᠤ 12 ᠳ᠋ᠤᠭᠠᠷ ᠰᠠᠷ᠎ᠠ ᠶᠢᠨ 31 ᠤ ᠡᠳᠦᠷ
                                                              ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
 


   ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠃
   ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ ᠲᠥᠷᠥ ᠶᠢᠨ ᠵᠦᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠦᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃
   ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃


                                     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ
                                      2021 ᠣᠨ ᠤ 12 ᠳ᠋ᠤᠭᠠᠷ ᠰᠠᠷ᠎ᠠ ᠶᠢᠨ 31 ᠤ ᠡᠳᠦᠷ ᠳᠠᠷᠤᠮᠠᠯᠯᠠᠨ ᠲᠠᠷᠬᠠᠭᠠᠪᠠ

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ