ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠦᠰᠦᠯᠲᠡ ᠯᠦᠭᠡ ᠬᠤᠯᠪᠣᠵᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2022/3/23

ᠦᠪᠣᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭᠠᠭᠰᠠᠨ ﹇2022﹈ 5 ᠳ᠋ᠤᠭᠠᠷ ᠲᠣᠭᠠᠲᠤ

     ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠦᠰᠦᠯᠲᠡ ᠯᠦᠭᠡ ᠬᠤᠯᠪᠣᠵᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄
     ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠶᠠᠮᠤᠨ ᠵᠡᠷᠭᠡ 6 ᠰᠠᠯᠠᠭ᠎ᠠ ᠮᠥᠴᠢᠷ ᠤᠨ ᠬᠤᠯᠪᠣᠭᠠᠯᠠᠨ ᠳᠠᠷᠤᠮᠠᠯᠯᠠᠵᠤ ᠲᠠᠷᠬᠠᠭᠠᠭᠰᠠᠨ ︽ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠥᠯᠲᠡ ᠯᠦᠭᠡ ᠬᠤᠯᠪᠣᠵᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠬᠦ ᠲᠤᠬᠠᠶ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠦᠨ᠎ᠡ ﹇2021﹈ 1553 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠪᠦᠬᠦ ᠣᠷᠣᠨ ᠤ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠥᠯᠲᠡ ᠯᠦᠭᠡ ᠬᠤᠯᠪᠣᠵᠤ ᠬᠤᠯᠪᠣᠭᠠᠯᠠᠨ ᠬᠥᠳᠡᠯᠦᠯᠴᠡᠬᠦ ᠲᠣᠭᠲᠠᠴᠠ ︵ᠳᠣᠷᠣᠭᠰᠢ ᠦᠨ᠎ᠡ ᠬᠠᠩᠰᠢ ᠶᠢᠨ ᠨᠡᠮᠡᠭᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠭᠡᠵᠦ ᠲᠣᠪᠴᠢᠯᠠᠨ᠎ᠠ︶ ᠶᠢ ᠤᠯᠠᠮ ᠨᠢᠭᠡ ᠠᠯᠬᠤᠮ ᠪᠦᠷᠢᠨᠰᠢᠭᠦᠯᠬᠦ ᠬᠤᠯᠪᠣᠭᠳᠠᠯ ᠪᠦᠬᠦᠢ ᠤᠴᠢᠷ ᠢ ᠳᠤᠤᠷᠠᠬᠢ ᠮᠡᠲᠦ ᠮᠡᠳᠡᠭᠳᠡᠪᠡ᠃
     ᠨᠢᠭᠡ᠂ ᠪᠠᠲᠤᠯᠠᠭ᠎ᠠ ᠬᠦᠷᠲᠡᠭᠰᠡᠳ
     ᠦᠨ᠎ᠡ ᠬᠠᠩᠰᠢ ᠶᠢᠨ ᠨᠡᠮᠡᠭᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢᠨ ᠪᠠᠲᠤᠯᠠᠭ᠎ᠠ ᠬᠦᠷᠲᠡᠭᠰᠡᠳ ᠪᠣᠯ᠄ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠦᠰ᠂ ᠤᠯᠤᠰ ᠤᠨ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠨᠥᠬᠦᠪᠥᠷᠢ ᠶᠢ ᠭᠥᠷᠳᠡᠵᠦ ᠪᠠᠶᠢᠭ᠎ᠠ ᠠᠰᠠᠷᠠᠨ ᠬᠠᠷᠠᠭᠠᠯᠵᠠᠭᠤᠯᠬᠤ ᠡᠲᠡᠭᠡᠳ᠂ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ᠂ ᠠᠶᠢᠽ ᠡᠪᠡᠳᠴᠢᠨ ᠤ ᠸᠢᠷᠦ᠋ᠰ ᠲᠤ ᠬᠠᠯᠳᠠᠪᠤᠷᠢᠯᠠᠭᠳᠠᠭᠰᠠᠨ ᠬᠡᠦᠬᠡᠳ᠂ ᠶᠡᠭᠡ ᠳᠡᠭᠡᠳᠦ ᠰᠤᠷᠭᠠᠭᠤᠯᠢ ᠶᠢᠨ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠪᠣᠯᠤᠨ᠎ᠠ᠃
     ᠬᠤᠶᠠᠷ᠂ ᠡᠬᠢᠯᠡᠭᠦᠯᠬᠦ ᠳᠡᠰ ᠱᠠᠲᠤ
     ᠦᠨ᠎ᠡ ᠬᠠᠩᠰᠢ ᠶᠢᠨ ᠨᠡᠮᠡᠭᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠠᠶᠢᠮᠠᠭ ᠬᠤᠲᠠ ︵ᠮᠠᠨᠵᠤᠤᠷ ᠬᠤᠲᠠ᠂ ᠡᠷᠢᠶᠡᠨ ᠬᠤᠲᠠ ᠶᠢ ᠪᠠᠭᠲᠠᠭᠠᠬᠤ ᠥᠬᠡᠶ᠂ ᠳᠣᠷᠣᠭᠰᠢ ᠠᠳᠠᠯᠢ︶ ᠪᠠᠷ ᠨᠢᠭᠡᠴᠢ ᠪᠣᠯᠭᠠᠨ ᠨᠢᠭᠡᠳᠦᠯᠲᠡᠶ ᠡᠬᠢᠯᠡᠭᠦᠯᠣᠨ᠎ᠡ᠂ ᠡᠭᠦᠨ ᠳᠤ ᠬᠥᠯᠥᠨ ᠪᠤᠶᠢᠷ ᠬᠤᠲᠠ᠂ ᠰᠢᠯᠢ ᠶᠢᠨ ᠭᠤᠤᠯ ᠠᠶᠢᠮᠠᠭ ᠡᠬᠢᠯᠡᠭᠦᠯᠬᠦ ᠳᠤ ᠪᠠᠨ ᠲᠣᠰ ᠲᠣᠰ ᠮᠠᠨᠵᠤᠤᠷ ᠬᠤᠲᠠ᠂ ᠡᠷᠢᠶᠡᠨ ᠬᠤᠲᠠ ᠳᠤ ᠮᠡᠳᠡᠭᠳᠡᠵᠦ ᠵᠡᠷᠭᠡ ᠪᠠᠷ ᠡᠬᠢᠯᠡᠭᠦᠯᠬᠦ ᠬᠡᠷᠡᠭᠲᠡᠢ᠂ ᠴᠢᠬᠤᠯᠡ ᠲᠠᠢ ᠦᠶᠡᠰ ᠪᠥᠬᠦ ᠣᠷᠣᠨ ᠤ ᠬᠡᠪᠴᠢᠶᠡᠨ ᠳᠤ ᠦᠨ᠎ᠡ ᠬᠠᠩᠰᠢ ᠶᠢᠨ ᠨᠡᠮᠡᠭᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠥᠬᠦ ᠲᠠᠯ᠎ᠠ ᠪᠠᠷ ᠡᠬᠢᠯᠡᠭᠦᠯᠬᠦ ᠪᠤᠶᠤ ᠵᠣᠭᠰᠣᠭᠠᠵᠤ ᠪᠣᠯᠤᠨ᠎ᠠ᠃
     ᠭᠤᠷᠪᠠ᠂ ᠡᠬᠢᠯᠡᠭᠦᠯᠬᠦ ᠨᠥᠬᠦᠴᠡᠯ
     ᠳᠤᠤᠷᠠᠬᠢ ᠠᠴᠠ ᠳᠤᠷ᠎ᠠ ᠶᠢᠨ ᠨᠢᠭᠡᠨ ᠨᠥᠬᠦᠴᠡᠯ ᠢ ᠬᠠᠩᠭᠠᠪᠡᠯ ᠦᠨ᠎ᠡ ᠬᠠᠩᠰᠢ ᠶᠢᠨ ᠨᠡᠮᠡᠭᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠦᠨ᠎ᠡ᠄
     ︵ᠨᠢᠭᠡ︶ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠬᠠᠩᠰᠢ ᠶᠢᠨ ᠵᠢᠭᠠᠯᠲᠠ ᠲᠤᠭ᠎ᠠ ︵CPI︶ ᠶᠢᠨ ᠭᠠᠭᠴᠠ ᠰᠠᠷ᠎ᠠ ᠶᠢᠨ ᠠᠳᠠᠯᠢ ᠬᠤᠭᠤᠴᠠᠭᠠᠨ ᠤ ᠦᠰᠣᠯᠳᠡ ᠶᠢᠨ ᠬᠡᠮᠵᠢᠶ᠎ᠠ ᠨᠢ 3.5 % ᠳᠤ ᠬᠦᠷᠣᠭ᠍ᠰᠡᠨ ᠪᠠᠶᠢᠬᠤ᠃
     ︵ᠬᠤᠶᠠᠷ︶ CPI ᠳᠠᠬᠢ ᠢᠳᠡᠭᠡᠨ ᠤ ᠵᠦᠢᠯ ᠤᠨ ᠦᠨ᠎ᠡ ᠬᠠᠩᠰᠢ ᠶᠢᠨ ᠵᠢᠭᠠᠯᠲᠠ ᠲᠤᠭ᠎ᠠ ᠶᠢᠨ ᠭᠠᠭᠴᠠ ᠰᠠᠷ᠎ᠠ ᠶᠢᠨ ᠠᠳᠠᠯᠢ ᠬᠤᠭᠤᠴᠠᠭᠠᠨ ᠤ ᠦᠰᠣᠯᠳᠡ ᠶᠢᠨ ᠬᠡᠮᠵᠢᠶ᠎ᠠ ᠨᠢ 6 % ᠳᠤ ᠭᠦᠷᠣᠭ᠍ᠰᠡᠨ ᠪᠠᠶᠢᠬᠤ᠃
     ᠳᠥᠷᠪᠡ᠂ ᠬᠤᠯᠪᠣᠭᠠᠯᠠᠨ ᠬᠥᠳᠡᠯᠦᠯᠴᠡᠬᠦ ᠠᠷᠭ᠎ᠠ ᠮᠠᠶ᠋ᠢᠭ
     ᠡᠬᠢᠯᠡᠭᠦᠯᠬᠦ ᠨᠥᠬᠦᠴᠡᠯ ᠳᠤ ᠬᠥᠷᠥᠭᠰᠡᠨ ᠪᠣᠯ᠂ ᠦᠨ᠎ᠡ ᠬᠠᠩᠰᠢ ᠶᠢᠨ ᠨᠡᠮᠡᠭᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠵᠦ᠂ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠣᠯᠭᠤᠬᠤ ᠬᠡᠷᠡᠭᠲᠡᠢ︔ ᠲᠣᠰ ᠰᠠᠷ᠎ᠠ ᠳᠤ ᠡᠬᠢᠯᠡᠭᠦᠯᠬᠦ ᠨᠥᠬᠦᠴᠡᠯ ᠢ ᠴᠥᠮ ᠥᠯᠥ ᠬᠠᠩᠭᠠᠪᠡᠯ᠂ ᠦᠨ᠎ᠡ ᠬᠠᠩᠰᠢ ᠶᠢᠨ ᠨᠡᠮᠡᠭᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠵᠣᠭᠰᠣᠭᠠᠵᠤ᠂ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠣᠯᠭᠤᠬᠤ ᠪᠠᠨ ᠵᠣᠭᠰᠣᠭᠠᠬᠤ ᠬᠡᠷᠡᠭᠲᠡᠢ᠃ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠣᠯᠭᠤᠬᠤ ᠳᠤ ︽ᠰᠠᠷ᠎ᠠ ᠪᠠᠷ ᠲᠥᠰᠦᠭᠡᠯᠡᠨ ᠪᠤᠳᠤᠬᠤ᠂ ᠰᠠᠷ᠎ᠠ ᠪᠠᠷ ᠣᠯᠭᠤᠬᠤ︾ ᠶᠢ ᠬᠡᠷᠡᠭᠵᠢᠭᠦᠯᠵᠦ᠂ ᠬᠠᠮᠢᠶ᠎ᠠ ᠪᠥᠬᠦᠶ ᠦᠨ᠎ᠡ ᠬᠠᠩᠰᠢ ᠶᠢᠨ ᠵᠢᠭᠠᠯᠲᠠ ᠲᠤᠭ᠎ᠠ ᠶᠢ ᠨᠡᠶᠢᠲᠡᠯᠡᠭᠰᠡᠨ ᠲᠣᠰ ᠰᠠᠷ᠎ᠠ ᠳᠤ ᠨᠢ ᠬᠦᠴᠢᠷᠳᠡᠯᠲᠡᠶ ᠣᠯᠠᠨ ᠲᠦᠮᠡᠨ ᠤ ᠭᠠᠷ ᠲᠤ ᠲᠤᠭ᠎ᠠ ᠶᠣᠰᠣᠭᠠᠷ ᠨᠢ ᠭᠦᠢᠴᠡᠳ ᠭᠠᠷᠳᠠᠭᠤᠯᠬᠤ ᠬᠡᠷᠡᠭᠲᠡᠢ᠃ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠶᠢᠩᠭᠤᠵᠢᠭᠤᠯᠤᠨ ᠲᠣᠬᠢᠷᠠᠭᠤᠯᠬᠤ ᠶᠢ ᠦᠨ᠎ᠡ ᠬᠠᠩᠰᠢ ᠶᠢᠨ ᠨᠡᠮᠡᠭᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠯᠤᠭ᠎ᠠ ᠵᠣᠯᠭᠠᠭᠤᠯᠬᠤ ᠠᠵᠢᠯ ᠢᠶᠠᠨ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠬᠡᠷᠡᠭᠲᠡᠶ᠃ ᠬᠡᠪ ᠤᠨ ᠲᠠᠰ ᠳᠠᠷᠠᠭᠠᠯᠠᠯ ᠶᠣᠰᠣᠭᠠᠷ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠳᠣᠭᠢᠷᠠᠭᠤᠯᠬᠤ ᠳᠤ ᠪᠠᠨ᠂ ᠥᠩᠭᠡᠷᠡᠭᠰᠡᠨ ᠨᠢᠭᠡ ᠵᠢᠯ ᠤᠨ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ ᠶᠢᠨ ᠥᠰᠥᠯᠲᠡ ᠶᠢᠨ ᠪᠠᠶᠢᠳᠠᠯ᠂ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠣᠯᠭᠤᠭᠰᠠᠨ ᠪᠠᠶᠢᠳᠠᠯ ᠵᠢᠴᠢ ᠲᠥᠰᠦᠭᠡᠯᠡᠭᠰᠡᠨ ᠲᠣᠰ ᠵᠢᠯ ᠤᠨ ᠰᠠᠭᠤᠭᠠᠯᠢ ᠠᠷᠠᠳ ᠤᠨ ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ ᠶᠢᠨ ᠥᠰᠥᠯᠲᠡ ᠶᠢᠨ ᠪᠠᠶᠢᠳᠠᠯ ᠵᠡᠷᠭᠡ ᠪᠠᠷ ᠴᠢᠬᠤᠯᠠ ᠯᠠᠪᠯᠠᠬᠤ ᠡᠯᠧᠮᠧᠨ᠋ᠲ ᠪᠣᠯᠭᠠᠬᠤ ᠬᠡᠷᠡᠭᠲᠡᠶ᠃
     ᠲᠠᠪᠤ᠂ ᠨᠡᠮᠡᠭᠦᠷᠢ ᠣᠯᠭᠤᠬᠤ ᠪᠠᠷᠢᠮᠵᠢᠶ᠎ᠠ
     ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢ ᠣᠯᠭᠤᠬᠤ ᠳᠤ ᠠᠶᠢᠮᠠᠭ ᠬᠤᠲᠠ ᠪᠠᠷ ᠨᠢᠭᠡᠴᠢ ᠪᠣᠯᠭᠠᠨ ᠨᠢᠭᠡᠳᠦᠯᠲᠡᠶ ᠨᠡᠮᠡᠭᠦᠷᠢ ᠣᠯᠭᠤᠬᠤ ᠪᠠᠷᠢᠮᠵᠢᠶ᠎ᠠ ᠶᠢ ᠬᠡᠷᠡᠭᠵᠢᠭᠦᠯᠬᠦ ᠬᠡᠷᠡᠭᠲᠡᠢ᠂ ᠡᠭᠦᠨ ᠳᠤ ᠮᠠᠨᠵᠤᠤᠷ ᠬᠤᠲᠠ᠂ ᠡᠷᠢᠶᠡᠨ ᠬᠤᠲᠠ ᠶᠢᠨ ᠨᠡᠮᠡᠭᠦᠷᠢ ᠣᠯᠭᠤᠬᠤ ᠪᠠᠷᠢᠮᠵᠢᠶ᠎ᠠ ᠶᠢ ᠲᠣᠰ ᠲᠣᠰ ᠬᠥᠯᠥᠨ ᠪᠤᠶᠢᠷ ᠬᠤᠲᠠ᠂ ᠰᠢᠯᠢ ᠶᠢᠨ ᠭᠤᠤᠯ ᠠᠶᠢᠮᠠᠭ ᠤᠨ ᠨᠡᠮᠡᠭᠦᠷᠢ ᠣᠯᠭᠤᠬᠤ ᠪᠠᠷᠢᠮᠵᠢᠶ᠎ᠠ ᠶᠣᠰᠣᠭᠠᠷ ᠬᠡᠷᠡᠭᠵᠢᠭᠦᠯᠬᠦ ᠬᠡᠷᠡᠭᠲᠡᠢ᠃ ᠠᠶᠢᠮᠠᠭ ᠬᠤᠲᠠ ᠶᠢᠨ ᠬᠤᠲᠠ ᠪᠠᠯᠭᠠᠰᠤᠨ ᠳᠠᠬᠢ ᠣᠷᠣᠯᠭ᠎ᠠ ᠪᠠᠭᠠᠲᠠᠢ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ ᠶᠢᠨ ᠵᠢᠭᠠᠯᠲᠠ ᠲᠤᠭ᠎ᠠ ︵SCPI︶ ᠪᠠᠷ ᠲᠥᠰᠦᠭᠡᠯᠡᠨ ᠪᠤᠳᠤᠵᠤ᠂ ᠠᠶᠢᠮᠠᠭ ᠬᠤᠲᠠ ᠶᠢᠨ ᠬᠤᠲᠠ ᠪᠠᠯᠭᠠᠰᠤᠨ ᠳᠠᠬᠢ ᠣᠷᠣᠯᠭ᠎ᠠ ᠪᠠᠭᠠᠲᠠᠢ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ ᠶᠢᠨ ᠵᠢᠭᠠᠯᠲᠠ ᠲᠤᠭ᠎ᠠ ︵SCPI︶ ᠪᠠᠨ ᠨᠠᠶᠢᠷᠠᠭᠤᠯᠵᠤ ᠵᠣᠬᠢᠶᠠᠭᠰᠠᠨ ᠥᠬᠡᠶ ᠠᠶᠢᠮᠠᠭ ᠬᠤᠲᠠ ᠨᠢ ᠡᠷᠬᠢᠨ ᠲᠣᠭᠤᠷᠢᠨ ᠤ ᠪᠠᠶᠢᠳᠠᠯ ᠢᠶᠠᠷ ᠠᠳᠠᠯᠢᠪᠲᠤᠷ ᠪᠠᠶᠢᠭ᠎ᠠ ᠠᠶᠢᠮᠠᠭ ᠬᠤᠲᠠ ᠶᠢᠨ ᠵᠢᠭᠠᠯᠲᠠ ᠲᠤᠭ᠎ᠠ ᠶᠢᠨ ᠲᠤᠭ᠎ᠠ ᠪᠠᠷᠢᠮᠲᠠ ᠶᠢ ᠬᠡᠷᠡᠭᠯᠡᠵᠦ ᠪᠣᠯᠤᠨ᠎ᠠ᠃ ᠲᠥᠰᠦᠭᠡᠯᠡᠨ ᠪᠤᠳᠤᠬᠤ ᠠᠷᠭ᠎ᠠ ᠨᠢ ᠳᠣᠣᠷᠠᠬᠢ ᠮᠡᠲᠦ᠄
     ︵ᠨᠢᠭᠡ︶ ᠬᠤᠲᠠ ᠶᠢᠨ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠣᠯᠭᠤᠬᠤ ᠪᠠᠷᠢᠮᠵᠢᠶ᠎ᠠ = ᠠᠶᠢᠮᠠᠭ ᠬᠤᠲᠠ ᠶᠢᠨ ᠬᠤᠲᠠ ᠳᠠᠬᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠪᠠᠲᠤᠯᠠᠬᠤ ᠪᠠᠷᠢᠮᠵᠢᠶ᠎ᠠ × ᠠᠶᠢᠮᠠᠭ ᠬᠤᠲᠠ ᠶᠢᠨ ᠬᠤᠲᠠ ᠪᠠᠯᠭᠠᠰᠤᠨ ᠳᠠᠬᠢ ᠣᠷᠣᠯᠭ᠎ᠠ ᠪᠠᠭᠠᠲᠠᠢ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ ᠶᠢᠨ ᠵᠢᠭᠠᠯᠲᠠ ᠲᠤᠭ᠎ᠠ ︵SCPI︶ ᠶᠢᠨ ᠠᠳᠠᠯᠢ ᠬᠤᠭᠤᠴᠠᠭᠠᠨ ᠤ ᠥᠰᠦᠯᠲᠡ ᠶᠢᠨ ᠬᠡᠮᠵᠢᠶ᠎ᠡ᠂ ᠳᠥᠷᠪᠡ ᠶᠢ ᠬᠠᠶᠠᠵᠤ ᠲᠠᠪᠤ ᠶᠢ ᠲᠡᠪᠰᠢᠭᠦᠯᠦᠭᠡᠳ ᠪᠦᠬᠦᠯᠢ ᠲᠤᠭ᠎ᠠ ᠶᠢ ᠨᠢ ᠠᠪᠤᠨ᠎ᠠ᠃
     ︵ᠬᠤᠶᠠᠷ︶ ᠲᠠᠷᠢᠶᠠᠯᠠᠬᠤ ᠮᠠᠯᠵᠢᠬᠤ ᠣᠷᠣᠨ ᠤ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠣᠯᠭᠤᠬᠤ ᠪᠠᠷᠢᠮᠵᠢᠶ᠎ᠠ = ᠠᠶᠢᠮᠠᠭ ᠬᠤᠲᠠ ᠶᠢᠨ ᠲᠠᠷᠢᠶᠠᠯᠠᠬᠤ ᠮᠠᠯᠵᠢᠬᠤ ᠣᠷᠣᠨ ᠳᠠᠬᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠪᠠᠲᠤᠯᠠᠬᠤ ᠪᠠᠷᠢᠮᠵᠢᠶ᠎ᠠ × ᠠᠶᠢᠮᠠᠭ ᠬᠤᠲᠠ ᠶᠢᠨ ᠬᠤᠲᠠ ᠪᠠᠯᠭᠠᠰᠤᠨ ᠳᠠᠬᠢ ᠣᠷᠣᠯᠭ᠎ᠠ ᠪᠠᠭᠠᠲᠠᠢ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ ᠶᠢᠨ ᠵᠢᠭᠠᠯᠲᠠ ᠲᠤᠭ᠎ᠠ ︵SCPI︶ ᠶᠢᠨ ᠠᠳᠠᠯᠢ ᠬᠤᠭᠤᠴᠠᠭᠠᠨ ᠤ ᠥᠰᠦᠯᠲᠡ ᠶᠢᠨ ᠬᠡᠮᠵᠢᠶ᠎ᠡ᠂ ᠳᠥᠷᠪᠡ ᠶᠢ ᠬᠠᠶᠠᠵᠤ ᠲᠠᠪᠤ ᠶᠢ ᠲᠡᠪᠰᠢᠭᠦᠯᠦᠭᠡᠳ ᠪᠦᠬᠦᠯᠢ ᠲᠤᠭ᠎ᠠ ᠶᠢ ᠨᠢ ᠠᠪᠤᠨ᠎ᠠ᠃
     ᠬᠤᠲᠠ ᠶᠢᠨ ᠬᠥᠮᠦᠨ ᠪᠦᠷᠢ ᠶᠢᠨ ᠰᠠᠷ᠎ᠠ ᠳᠤ ᠣᠯᠭᠤᠬᠤ ᠨᠡᠮᠡᠭᠦᠷᠢ ᠨᠢ 30 ᠲᠥᠭᠦᠷᠢᠭ ᠬᠦᠷᠬᠦ ᠦᠭᠡᠶ ᠪᠠᠶᠢᠪᠠᠯ 30 ᠲᠥᠭᠦᠷᠢᠭ ᠢᠶᠠᠷ ᠣᠯᠭᠤᠵᠤ᠂ 30 ᠲᠥᠭᠦᠷᠢᠭ ᠠᠴᠠ ᠳᠠᠪᠠᠭᠰᠠᠨ ᠪᠠᠶᠢᠪᠠᠯ ᠪᠣᠳᠠᠲᠤ ᠪᠠᠶᠢᠳᠠᠯ ᠢᠶᠠᠷ ᠨᠢ ᠣᠯᠭᠤᠬᠤ ᠬᠡᠷᠡᠭᠲᠡᠶ︔ ᠲᠠᠷᠢᠶᠠᠯᠠᠬᠤ ᠮᠠᠯᠵᠢᠬᠤ ᠣᠷᠣᠨ ᠤ ᠬᠥᠮᠦᠨ ᠪᠦᠷᠢ ᠶᠢᠨ ᠰᠠᠷ᠎ᠠ ᠳᠤ ᠣᠯᠭᠤᠬᠤ ᠨᠡᠮᠡᠭᠦᠷᠢ ᠨᠢ 15 ᠲᠥᠭᠦᠷᠢᠭ ᠬᠦᠷᠬᠦ ᠦᠭᠡᠶ ᠪᠠᠶᠢᠪᠠᠯ 15 ᠲᠥᠭᠦᠷᠢᠭ ᠢᠶᠠᠷ ᠣᠯᠭᠤᠵᠤ᠂ 15 ᠲᠥᠭᠦᠷᠢᠭ ᠠᠴᠠ ᠳᠠᠪᠠᠭᠰᠠᠨ ᠪᠠᠶᠢᠪᠠᠯ ᠪᠣᠳᠠᠲᠤ ᠪᠠᠶᠢᠳᠠᠯ ᠢᠶᠠᠷ ᠨᠢ ᠣᠯᠭᠤᠬᠤ ᠬᠡᠷᠡᠭᠲᠡᠢ᠃
     ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠦᠰ᠂ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠦᠭᠡᠶ ᠬᠡᠦᠬᠡᠳ᠂ ᠠᠶᠢᠽ ᠡᠪᠡᠳᠴᠢᠨ ᠤ ᠸᠢᠷᠦ᠋ᠰ ᠲᠤ ᠬᠠᠯᠳᠠᠪᠤᠷᠢᠯᠠᠭᠳᠠᠭᠰᠠᠨ ᠬᠡᠦᠬᠡᠳ᠂ ᠶᠡᠭᠡ ᠳᠡᠭᠡᠳᠦ ᠰᠤᠷᠭᠠᠭᠤᠯᠢ ᠶᠢᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠲᠤ ᠣᠯᠭᠤᠬᠤ ᠨᠡᠮᠡᠭᠦᠷᠢ ᠶᠢᠨ ᠪᠠᠷᠢᠮᠵᠢᠶ᠎ᠠ ᠶᠢ ᠬᠤᠲᠠ ᠶᠢᠨ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠣᠯᠭᠤᠬᠤ ᠪᠠᠷᠢᠮᠵᠢᠶ᠎ᠠ ᠪᠠᠷ ᠯᠠᠪᠯᠠᠯᠲᠠ ᠪᠣᠯᠭᠠᠨ ᠬᠡᠷᠩᠵᠢᠭᠦᠯᠣᠨ᠎ᠡ᠃
     ᠵᠢᠷᠭᠤᠭ᠎ᠠ᠂ ᠪᠡᠯᠡ ᠮᠥᠩᠭᠦ ᠶᠢᠨ ᠪᠠᠲᠤᠯᠠᠭ᠎ᠠ
     ᠤᠯᠤᠰ ᠤᠨ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠨᠥᠬᠦᠪᠥᠷᠢ ᠶᠢ ᠬᠦᠷᠲᠡᠵᠦ ᠪᠠᠶᠢᠭ᠎ᠠ ᠠᠰᠠᠷᠠᠨ ᠬᠠᠷᠠᠭᠠᠯᠵᠠᠭᠤᠯᠬᠤ ᠡᠲᠡᠭᠡᠳ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ᠂ ᠠᠶᠢᠽ ᠡᠪᠡᠳᠴᠢᠨ ᠤ ᠸᠢᠷᠦ᠋ᠰ ᠲᠤ ᠬᠠᠯᠳᠠᠪᠤᠷᠢᠯᠠᠭᠳᠠᠭᠰᠠᠨ ᠬᠡᠦᠬᠡᠳ᠂ ᠶᠡᠭᠡ ᠳᠡᠭᠡᠳᠦ ᠰᠤᠷᠭᠠᠭᠤᠯᠢ ᠶᠢᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠲᠤ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠣᠯᠭᠤᠬᠤ ᠪᠠᠯᠠ ᠮᠥᠩᠭᠦ ᠶᠢ ᠠᠳᠠᠯᠢ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠭᠤᠤᠯᠳᠠᠭᠤ ᠱᠠᠩᠨᠠᠵᠤ ᠨᠥᠬᠦᠪᠥᠷᠢᠯᠡᠬᠦ ᠬᠡᠯᠪᠡᠷᠢ ᠪᠠᠷ ᠳᠠᠮᠵᠢᠭᠤᠯᠤᠨ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠤᠯᠪᠣᠭᠠᠯᠠᠨ ᠬᠥᠳᠡᠯᠦᠯᠴᠡᠬᠦ ᠨᠡᠮᠡᠭᠦᠷᠢ ᠶᠢᠨ ᠪᠠᠯᠠ ᠮᠥᠩᠭᠦ ᠳᠤ ᠨᠥᠬᠦᠪᠥᠷᠢ ᠣᠯᠭᠤᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠦᠭᠡᠶ ᠬᠡᠦᠬᠡᠳ᠂ ᠠᠶᠢᠽ ᠡᠪᠡᠳᠴᠢᠨ ᠤ ᠸᠢᠷᠦ᠋ᠰ ᠲᠤ ᠬᠠᠯᠳᠠᠪᠤᠷᠢᠯᠠᠭᠳᠠᠭᠰᠠᠨ ᠬᠡᠦᠬᠡᠳ ᠲᠤ ᠣᠯᠭᠤᠬᠤ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠡᠳ᠋ ᠤᠨ ᠵᠠᠰᠠᠭ ᠤᠨ ᠲᠣᠬᠢᠷᠠᠭᠤᠯᠤᠭᠰᠠᠨ ᠬᠦᠴᠢᠷᠳᠡᠯᠲᠡᠶ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦ ᠠᠴᠠ ᠭᠠᠷᠭᠠᠵᠤ ᠪᠣᠯᠤᠨ᠎ᠠ᠃ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠦᠰ ᠲᠤ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠣᠯᠭᠤᠬᠤ ᠪᠡᠯᠡ ᠮᠥᠩᠭᠦ ᠶᠢ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠦᠩᠭᠦᠨ ᠠᠴᠠ ᠭᠠᠷᠭᠠᠨ᠎ᠠ᠃
     ᠳᠣᠯᠤᠭ᠎ᠠ᠂ ᠠᠵᠢᠯ ᠤᠨ ᠲᠣᠭᠲᠠᠴᠠ
     ︵ᠨᠢᠭᠡ︶ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢᠨ ᠠᠵᠢᠯ ᠤᠨ ᠬᠡᠷᠡᠭᠵᠢᠭᠦᠯᠬᠦ ᠲᠣᠭᠲᠠᠴᠠ ᠶᠢ ᠪᠠᠶᠢᠭᠤᠯᠵᠤ᠂ ᠠᠶᠢᠮᠠᠭ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠢᠶᠠᠷ ᠲᠦᠷᠦᠭᠦᠯᠡᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠲᠠ ᠬᠠᠮᠵᠢᠯᠴᠠᠵᠤ᠂ ᠠᠵᠢᠯ ᠤᠨ ᠳᠡᠰ ᠳᠠᠷᠠᠭᠠᠯᠠᠯ ᠢᠶᠠᠨ ᠰᠢᠯᠢᠳᠡᠭᠵᠢᠭᠦᠯᠦᠨ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢ ᠴᠠᠭ ᠲᠤᠬᠠᠶ ᠳᠤ ᠨᠢ ᠲᠤᠭ᠎ᠠ ᠶᠣᠰᠣᠭᠠᠷ ᠭᠦᠢᠴᠡᠳ ᠣᠯᠭᠤᠬᠤ ᠶᠢ ᠦᠨᠡᠨ ᠬᠦ ᠪᠠᠲᠤᠯᠠᠬᠤ ᠬᠡᠷᠡᠭᠲᠡᠶ᠃
     ︵ᠬᠤᠶᠠᠷ︶ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠡᠯ᠎ᠡ ᠱᠠᠲᠤᠨ ᠤ ᠪᠠᠶᠢᠴᠠᠭᠠᠯᠲᠠ ᠶᠢᠨ ᠠᠩᠭᠢ ᠨᠢ ᠬᠠᠮᠢᠶ᠎ᠠ ᠪᠦᠬᠦᠢ ᠦᠨ᠎ᠡ ᠬᠠᠩᠰᠢ ᠶᠢᠨ ᠵᠢᠭᠠᠯᠲᠠ ᠲᠤᠭ᠎ᠠ ᠶᠢᠨ ᠲᠤᠭ᠎ᠠ ᠪᠠᠷᠢᠮᠲᠠ ᠶᠢ ᠴᠠᠭ ᠲᠤᠬᠠᠶ ᠳᠤ ᠨᠢ ᠬᠠᠩᠭᠠᠬᠤ ᠬᠡᠷᠡᠭᠲᠡᠶ︔ ᠠᠶᠢᠮᠠᠭ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠪᠠᠷᠠᠭᠠᠨ ᠤ ᠦᠨ᠎ᠡ ᠶᠢᠨ ᠬᠤᠪᠢᠷᠠᠯᠲᠠ ᠶᠢ ᠨᠢᠭᠲᠠ ᠠᠩᠬᠠᠷᠴᠤ᠂ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠴᠠᠭ ᠲᠤᠬᠠᠶ ᠳᠤ ᠨᠢ ᠡᠬᠢᠯᠡᠭᠦᠯᠬᠦ ᠪᠤᠶᠤ ᠵᠣᠭᠰᠣᠭᠠᠵᠣ᠂ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢᠨ ᠪᠠᠷᠢᠮᠵᠢᠶ᠎ᠠ ᠶᠢ ᠣᠨᠣᠪᠴᠢᠲᠠᠶ ᠲᠥᠰᠦᠭᠡᠯᠡᠨ ᠪᠣᠳᠣᠵᠤ᠂ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢᠨ ᠪᠠᠷᠢᠮᠵᠢᠶ᠎ᠠ ᠳᠤ ᠰᠠᠨᠠᠭᠤᠯᠭ᠎ᠠ ᠳᠤᠷᠠᠳᠤᠨ᠂ ᠲᠣᠭᠲᠠᠴᠠ ᠶᠢᠨ ᠬᠡᠷᠡᠭᠵᠢᠭᠦᠯᠦᠭᠰᠡᠨ ᠪᠠᠶᠢᠳᠠᠯ ᠢ ᠮᠥᠷᠳᠡᠬᠦ ᠪᠠ ᠰᠢᠮᠳᠠᠭᠤᠯᠤᠨ ᠵᠢᠯᠣᠭᠤᠳᠬᠤ ᠶᠢ ᠰᠠᠶᠢᠲᠤᠷ ᠠᠳᠬᠤᠬᠤ ᠬᠡᠷᠡᠭᠲᠡᠶ︔ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢᠨ ᠪᠡᠯᠡ ᠮᠥᠩᠭᠦ ᠶᠢ ᠢᠳᠡᠪᠬᠢᠲᠡᠶ ᠲᠣᠬᠢᠷᠠᠭᠤᠯᠬᠤ ᠬᠡᠷᠡᠭᠲᠡᠶ︔ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ ᠪᠠ ᠠᠶᠢᠮᠠᠭ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠢᠴᠢ ᠠᠶᠢᠮᠠᠭ ᠬᠤᠲᠠ ᠶᠢᠨ ᠬᠠᠷᠢᠶ᠎ᠠ ᠪᠣᠯᠬᠤ ᠶᠡᠭᠡ ᠳᠡᠭᠡᠳᠦ ᠰᠤᠷᠭᠠᠭᠤᠯᠢ ᠨᠢ ᠲᠤᠰ ᠰᠠᠯᠠᠭ᠎ᠠ ᠮᠥᠴᠢᠷ᠂ ᠲᠤᠰ ᠨᠢᠭᠡᠴᠢ ᠶᠢᠨ ᠢᠶᠠᠨ ᠪᠠᠲᠤᠯᠠᠭ᠎ᠠ ᠬᠦᠷᠲᠡᠭᠰᠡᠳ ᠲᠤ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢᠨ ᠪᠡᠯᠡ ᠮᠥᠩᠭᠦ ᠣᠯᠭᠤᠬᠤ ᠠᠵᠢᠯ ᠢᠶᠠᠨ ᠰᠠᠶᠢᠲᠤᠷ ᠵᠣᠬᠢᠶᠠᠨ ᠪᠠᠶᠢᠭᠤᠯᠬᠤ ᠬᠡᠷᠡᠭᠲᠡᠶ᠃
     ᠨᠠᠢᠮᠠ᠂ ᠠᠵᠢᠯ ᠤᠨ ᠱᠠᠭᠠᠷᠳᠠᠯᠭ᠎ᠠ
     ︵ᠨᠢᠭᠡ︶ ᠡᠯ᠎ᠡ ᠠᠶᠢᠮᠠᠭ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠣᠭ᠍ᠰᠡᠨ ᠪᠤᠶᠤ ᠵᠣᠭᠰᠣᠭᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ ᠪᠠ ᠠᠶᠢᠮᠠᠭ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠢᠴᠢ ᠠᠶᠢᠮᠠᠭ ᠬᠤᠲᠠ ᠶᠢᠨ ᠬᠠᠷᠢᠶ᠎ᠠ ᠪᠣᠯᠬᠤ ᠶᠡᠭᠡ ᠳᠡᠭᠡᠳᠦ ᠰᠤᠷᠭᠠᠭᠤᠯᠢ ᠳᠤ ᠴᠠᠭ ᠲᠤᠬᠠᠶ ᠳᠤ ᠨᠢ ᠮᠡᠳᠡᠭᠳᠡᠬᠦ ᠬᠡᠷᠡᠭᠲᠡᠶ᠃
     ︵ᠬᠤᠶᠠᠷ︶ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠳᠠᠬᠢ ᠤᠯᠤᠰ ᠤᠨ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠨᠥᠬᠦᠪᠥᠷᠢ ᠶᠢ ᠬᠦᠷᠲᠡᠵᠦ ᠪᠠᠶᠢᠭ᠎ᠠ ᠠᠰᠠᠷᠠᠨ ᠬᠠᠷᠠᠭᠠᠯᠵᠠᠭᠤᠯᠬᠤ ᠡᠲᠡᠭᠡᠳ ᠲᠤ ᠲᠦᠷ ᠴᠠᠭ ᠤᠨ ᠨᠡᠮᠡᠭᠦᠷᠢ ᠶᠢᠨ ᠪᠡᠯᠡ ᠮᠥᠩᠭᠦ ᠣᠯᠭᠤᠬᠤ ᠶᠢ ᠪᠣᠳᠠᠲᠠᠢ ᠬᠠᠷᠢᠭᠤᠴᠠᠬᠤ ᠬᠡᠷᠡᠭᠲᠡᠢ︔ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ ᠪᠠᠲᠤᠯᠠᠭ᠎ᠠ ᠬᠦᠷᠲᠡᠭᠰᠡᠳ ᠲᠤ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢᠨ ᠪᠡᠯᠡ ᠮᠥᠩᠭᠦ ᠣᠯᠭᠤᠬᠤ ᠶᠢ ᠪᠣᠳᠠᠲᠠᠶ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠲᠤ ᠨᠡᠮᠡᠭᠦᠷᠢ ᠣᠯᠭᠤᠬᠤ ᠪᠠᠷᠢᠮᠵᠢᠶ᠎ᠠ ᠶᠢ ᠶᠡᠭᠡ ᠳᠡᠭᠡᠳᠦ ᠰᠤᠷᠭᠠᠭᠤᠯᠢ ᠶᠢᠨ ᠪᠠᠶᠢᠭ᠎ᠠ ᠭᠠᠵᠠᠷ ᠤᠨ ᠨᠡᠮᠡᠭᠦᠷᠢ ᠶᠢᠨ ᠪᠠᠷᠢᠮᠵᠢᠶ᠎ᠠ ᠶᠣᠰᠣᠭᠠᠷ ᠬᠡᠷᠡᠭᠵᠢᠭᠦᠯᠬᠦ ᠬᠡᠷᠡᠭᠲᠡᠶ᠃ ᠠᠶᠢᠮᠠᠭ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠣᠯᠤᠨ ᠠᠶᠢᠮᠠᠭ ᠬᠤᠲᠠ ᠶᠢᠨ ᠬᠠᠷᠢᠶ᠎ᠠ ᠪᠣᠯᠬᠤ ᠶᠡᠭᠡ ᠳᠡᠭᠡᠳᠦ ᠰᠤᠷᠭᠠᠭᠤᠯᠢ ᠨᠢ ᠠᠶᠢᠮᠠᠭ ᠬᠤᠲᠠ ᠵᠢᠴᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠱᠠᠲᠤᠨ ᠤ ᠪᠠᠲᠤᠯᠠᠭ᠎ᠠ ᠬᠦᠷᠲᠡᠭᠰᠡᠳ ᠲᠤ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢᠨ ᠪᠠᠯᠠ ᠮᠥᠩᠭᠦ ᠣᠯᠭᠤᠬᠤ ᠶᠢ ᠪᠣᠳᠠᠲᠠᠶ ᠬᠠᠷᠢᠭᠤᠴᠠᠬᠤ ᠬᠡᠷᠡᠭᠲᠡᠢ᠃
     ︵ᠭᠤᠷᠪᠠ︶ ᠡᠯ᠎ᠡ ᠠᠶᠢᠮᠠᠭ ᠬᠤᠲᠠ ᠨᠢ ᠲᠣᠭᠲᠠᠭᠠᠭᠰᠠᠨ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢᠨ ᠬᠡᠪᠴᠢᠶ᠎ᠡ ᠪᠠ ᠬᠦᠷᠲᠡᠭᠰᠡᠳ ᠤᠨ ᠲᠣᠭᠲᠠᠭᠠᠯ ᠢ ᠴᠢᠩᠭ᠎ᠠ ᠵᠢᠷᠤᠮᠯᠠᠨ ᠨᠡᠮᠡᠭᠦᠷᠢ ᠣᠯᠭᠤᠵᠤ᠂ ᠪᠠᠲᠤᠯᠠᠭ᠎ᠠ ᠬᠦᠷᠲᠡᠬᠦ ᠡᠲᠡᠭᠡᠳ ᠤᠨ ᠲᠤᠭ᠎ᠠ ᠪᠠᠷᠢᠮᠲᠠ ᠶᠢ ᠴᠠᠭ ᠲᠤᠬᠠᠶ ᠳᠤ ᠨᠢ ᠰᠢᠨᠡᠳᠬᠡᠨ᠂ ︽ᠪᠠᠲᠤᠯᠠᠪᠡᠰᠦ ᠵᠣᠬᠢᠬᠤ ᠶᠢ ᠨᠢ ᠪᠦᠬᠦᠨ ᠢ ᠪᠠᠲᠤᠯᠠᠵᠦ᠂ ᠨᠦᠬᠦᠪᠦᠷᠢᠯᠡᠪᠡᠰᠦ ᠵᠣᠬᠢᠬᠤ ᠳᠤ ᠨᠢ ᠪᠦᠬᠦᠨ ᠢ ᠨᠦᠬᠦᠪᠦᠷᠢᠯᠡᠬᠦ︾ ᠶᠢ ᠭᠦᠢᠴᠡᠳᠬᠡᠬᠦ ᠬᠡᠷᠡᠭᠲᠡᠶ᠃
     ︵ᠳᠥᠷᠪᠡ︶ ᠡᠯ᠎ᠡ ᠠᠶᠢᠮᠠᠭ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠬᠠᠷᠢᠶ᠎ᠠ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠪᠠᠨ ᠡᠬᠢᠯᠡᠭᠦᠯᠦᠭᠰᠡᠨ ᠪᠤᠶᠤ ᠵᠣᠭᠰᠣᠭᠠᠭᠰᠠᠨ ᠪᠠᠶᠢᠳᠠᠯ᠂ ᠦᠨ᠎ᠡ ᠬᠠᠩᠰᠢ ᠶᠢᠨ ᠨᠡᠮᠡᠭᠦᠷᠢ ᠶᠢᠨ ᠪᠡᠯᠡ ᠮᠥᠩᠭᠦ ᠣᠯᠭᠤᠭᠰᠠᠨ ᠪᠠᠶᠢᠳᠠᠯ ᠢᠶᠠᠨ ᠰᠠᠷ᠎ᠠ ᠪᠠᠷ ᠮᠡᠳᠡᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠯᠴᠠᠨ ᠡᠯ᠎ᠡ ᠠᠶᠢᠮᠠᠭ ᠬᠤᠲᠠ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢᠨ ᠠᠵᠢᠯ ᠳᠤ ᠬᠢᠨᠠᠯᠲᠠ ᠲᠠᠯᠪᠢᠵᠤ᠂ ᠮᠡᠳᠡᠭᠡ ᠵᠠᠩᠭᠢ ᠮᠡᠳᠡᠭᠦᠯᠦᠨ ᠬᠦᠷᠭᠡᠭᠰᠡᠨ ᠨᠢ ᠦᠨᠡᠨ ᠪᠣᠳᠠᠲᠠᠶ ᠪᠤᠰᠤ᠂ ᠴᠠᠭ ᠲᠤᠬᠠᠶ ᠳᠤ ᠨᠢ ᠨᠡᠮᠡᠭᠦᠷᠢ ᠣᠯᠭᠤᠭᠰᠠᠨ ᠦᠭᠡᠢ ᠠᠶᠢᠮᠠᠭ ᠬᠤᠲᠠ ᠶᠢ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ᠃
     ︵ᠲᠠᠪᠤ︶ ︽︿ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠠᠷᠭ᠎ᠠ ᠬᠡᠮᠵᠢᠶ᠎ᠡ﹀ ᠶᠢ ᠳᠠᠷᠤᠮᠠᠯᠯᠠᠨ ᠶᠠᠪᠤᠭᠤᠯᠬᠤ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠨᠠᠮ ᠠᠯᠪᠠᠨ ᠲᠠᠷᠬᠠᠭᠠᠭᠰᠠᠨ ﹇2022﹈ 5 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠦᠨ᠎ᠡ ᠬᠠᠩᠰᠢ ᠶᠢᠨ ᠨᠡᠮᠡᠭᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢᠨ ᠬᠡᠷᠡᠭᠵᠢᠭᠦᠯᠦᠭᠰᠡᠨ ᠪᠠᠶᠢᠳᠠᠯ ᠢ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠳᠤ ᠣᠷᠣᠭᠤᠯᠬᠤ ᠬᠡᠷᠡᠭᠲᠡᠢ᠃
     ︵ᠵᠢᠷᠭᠤᠭ᠎ᠠ︶ ᠡᠯ᠎ᠡ ᠠᠶᠢᠮᠠᠭ ᠬᠤᠲᠠ ᠨᠢ ᠨᠡᠮᠡᠭᠦᠷᠢ ᠣᠯᠭᠤᠬᠤ ᠳᠤ ᠪᠠᠨ᠂ ᠬᠠᠮᠢᠶ᠎ᠠ ᠪᠦᠬᠦᠢ ᠪᠡᠯᠡ ᠮᠥᠩᠭᠦ ᠶᠢ ᠬᠤᠪᠢᠶᠠᠷᠢᠯᠠᠵᠤ ᠰᠢᠯᠵᠢᠭᠦᠯᠦᠭᠰᠡᠨ ᠪᠠ ᠲᠡᠮᠳᠡᠭᠯᠡᠭᠰᠡᠨ ᠭᠡᠷᠡᠴᠢ ᠪᠠᠷᠢᠮᠲᠠ ᠳᠤ ᠣᠯᠭᠤᠭᠰᠠᠨ ᠨᠡᠮᠡᠭᠦᠷᠢ ᠪᠣᠯ ︽ᠲᠦᠷ ᠴᠠᠭ ᠤᠨ ᠦᠨ᠎ᠡ ᠬᠠᠩᠰᠢ ᠶᠢᠨ ᠨᠡᠮᠡᠭᠦᠷᠢ︾ ᠵᠡᠷᠭᠡ ᠲᠠᠶᠢᠯᠪᠤᠷᠢ ᠬᠠᠳᠠᠵᠤ᠂ ᠬᠦᠴᠢᠷᠳᠡᠯᠲᠡᠶ ᠣᠯᠠᠨ ᠲᠦᠮᠡᠨ ᠳᠤ ᠨᠡᠮᠡᠭᠦᠷᠢ ᠶᠢᠨ ᠲᠥᠷᠥᠯ ᠵᠦᠢᠯ ᠪᠠ ᠤᠴᠢᠷ ᠰᠢᠯᠲᠠᠭᠠᠨ ᠢ ᠲᠣᠳᠣᠷᠬᠠᠶ ᠣᠶᠢᠯᠠᠭᠠᠭᠤᠯᠬᠤ ᠬᠡᠷᠡᠭᠲᠡᠶ᠃ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠡᠷᠴᠢᠮ ᠢᠶᠠᠨ ᠴᠢᠩᠭᠠᠷᠠᠭᠤᠯᠵᠤ᠂ ᠪᠥᠬᠦ ᠨᠡᠶᠢᠭᠡᠮ ᠤᠨ ᠬᠢᠨ ᠢ ᠬᠥᠲᠥᠯᠥᠨ ᠵᠢᠯᠣᠭᠤᠳᠴᠤ ᠪᠠᠶᠢᠭᠠᠳ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠪᠠᠷ ︽ᠪᠠᠷᠠᠭᠠᠨ ᠤ ᠦᠨ᠎ᠡ ᠶᠢᠨ ᠥᠰᠦᠭᠰᠡᠨ ᠬᠡᠰᠡᠭ︾ ᠤᠨ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠳᠤ ᠦᠵᠡᠭᠦᠯᠬᠦ ᠨᠥᠯᠥᠭᠡ ᠶᠢ ᠨᠠᠮᠳᠠᠭᠠᠬᠤ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠣᠶᠢᠯᠠᠭᠠᠭᠤᠯᠵᠤ᠂ ᠨᠡᠶᠢᠭᠡᠮ ᠳᠤ ᠪᠤᠷᠤᠭᠤ ᠣᠶᠢᠯᠠᠭᠠᠯᠲᠠ ᠥᠭᠬᠦ ᠪᠠ ᠶᠠᠷᠢᠶ᠎ᠠ ᠬᠡᠯᠡᠯᠴᠡᠭᠡᠨ ᠤ ᠪᠤᠷᠤᠭᠤ ᠣᠶᠢᠯᠠᠭᠠᠯᠲᠠ ᠲᠠᠢ ᠪᠣᠯᠬᠤ ᠠᠴᠠ ᠵᠠᠶᠢᠯᠠᠭᠤᠯᠬᠤ ᠬᠡᠷᠡᠭᠲᠡᠶ᠃
     ︵ᠳᠣᠯᠤᠭ᠎ᠠ︶ ᠲᠣᠰ ᠮᠡᠳᠡᠭᠳᠡᠯ ᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠵᠣ ᠬᠡᠷᠡᠭᠵᠢᠭᠦᠯᠦᠨ᠎ᠡ᠂ ︽ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠥᠯᠲᠡ ᠯᠦᠭᠡ ᠬᠤᠯᠪᠣᠵᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 6 ᠳ᠋ᠤᠭᠠᠷ ᠲᠣᠭᠠᠲᠤ︶ ᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃
                                                     2022 ᠣᠨ ᠤ 1 ᠳ᠋ᠦ᠋ᠭᠡᠷ ᠰᠠᠷ᠎ᠠ ᠶᠢᠨ 18 ᠤ ᠡᠳᠦᠷ
                                                                  ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶

                ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ
                         2022 ᠣᠨ ᠤ 1 ᠳ᠋ᠦ᠋ᠭᠡᠷ ᠰᠠᠷ᠎ᠠ ᠶᠢᠨ 18 ᠤ ᠡᠳᠦᠷ ᠳᠠᠷᠤᠮᠠᠯᠯᠠᠨ ᠲᠠᠷᠬᠠᠭᠠᠪᠠ

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ