2021 ᠣᠨ ᠤ 12 ᠳ᠋ᠤᠭᠠᠷ ᠰᠠᠷ᠎ᠠ ᠶᠢᠨ 13 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 25 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠭᠦᠯᠵᠦ ᠪᠠᠲᠤᠯᠠᠭᠤᠯᠤᠭᠠᠳ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠶᠯᠡᠴᠢᠯᠡᠭᠡᠨ ᠤ ᠵᠦᠶᠯᠡᠰ ᠤᠨ ᠨᠠᠷᠢᠨ ᠳᠠᠩᠰᠠ ︵2021 ᠣᠨ︶︾ ︵ᠳᠣᠷᠣᠭᠰᠢ ︽ᠨᠠᠷᠢᠨ ᠳᠠᠩᠰᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠠᠢ᠂ ᠨᠡᠶᠢᠭᠡᠮ ᠨᠡᠶᠢᠲᠡ ᠳᠤ ︽ᠨᠠᠷᠢᠨ ᠳᠠᠩᠰᠠ︾ ᠶᠢᠨ ᠬᠠᠮᠢᠶ᠎ᠠ ᠪᠥᠬᠦᠶ ᠠᠭᠤᠯᠭ᠎ᠠ ᠶᠢ ᠥᠷᠭᠡᠨ ᠢᠶᠠᠷ ᠮᠡᠳᠡᠭᠦᠯᠬᠦ ᠪᠠ ᠵᠥᠪ ᠢᠶᠠᠷ ᠣᠶᠢᠯᠠᠭᠠᠭᠤᠯᠬᠤ ᠶᠢᠨ ᠲᠤᠰᠠᠳᠠ᠂ ᠡᠳᠦᠭᠡ ᠳᠣᠤᠷᠠᠬᠢ ᠮᠡᠲᠦ ᠲᠠᠶᠢᠯᠤᠮᠵᠢ ᠬᠢᠪᠠ᠃
ᠨᠢᠭᠡ᠂ ᠶᠠᠭᠤ ᠶᠢ ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠶᠯᠡᠴᠢᠯᠡᠭᠡ ᠭᠡᠬᠦ ᠪᠣᠶ︖
ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠢᠯᠡᠴᠢᠯᠡᠭᠡ ᠭᠡᠳᠡᠭ ᠨᠢ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠨᠤᠲᠠᠯᠠᠯᠲᠠ᠂ ᠵᠠᠰᠠᠭ ᠵᠠᠬᠢᠷᠭᠠᠨ ᠤ ᠳᠠᠩᠰᠠᠯᠠᠯ ᠵᠡᠷᠭᠡ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠰᠢᠢᠳᠪᠦᠷᠢᠯᠡᠬᠦ ᠶᠠᠪᠤᠴᠠ ᠳᠤ᠂ ᠭᠤᠶᠤᠴᠢᠯᠠᠭᠴᠢ ᠪᠤᠶᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ︵ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ︶ ᠳᠤ ᠨᠠᠶᠢᠳᠠᠵᠤ ᠥᠷᠨᠢᠭᠦᠯᠦᠭᠰᠡᠨ ᠡᠯ᠎ᠡ ᠲᠦᠷᠦᠯ ᠤᠨ ᠮᠡᠷᠭᠡᠵᠢᠯ ᠤᠨ ᠬᠢᠨᠠᠨ ᠪᠠᠶᠢᠴᠠᠭᠠᠯᠲᠠ᠂ ᠨᠤᠲᠠᠯᠠᠯᠲᠠ᠂ ᠦᠨᠡᠯᠡᠨ ᠵᠢᠱᠢᠯᠲᠡ᠂ ᠦᠨᠡᠯᠡᠯᠲᠡ᠂ ᠰᠢᠯᠭᠠᠨ ᠪᠠᠶᠢᠴᠠᠭᠠᠯᠲᠠ᠂ ᠪᠠᠶᠢᠴᠠᠭᠠᠨ ᠬᠡᠮᠵᠢᠯᠲᠡ᠂ ᠰᠢᠯᠭᠠᠨ ᠭᠡᠷᠡᠴᠢᠯᠡᠯᠲᠡ᠂ ᠰᠢᠯᠭᠠᠨ ᠲᠣᠭᠲᠠᠭᠠᠯᠲᠠ᠂ ᠭᠡᠷᠡᠴᠢᠯᠡᠭᠡ᠂ ᠵᠥᠪᠯᠡᠯᠭᠡ᠂ ᠲᠤᠷᠰᠢᠯᠲᠠ ᠵᠡᠷᠭᠡ ᠲᠥᠯᠥᠪᠦᠷᠢᠲᠦ ᠦᠢᠯᠡᠴᠢᠯᠡᠭᠡ ᠶᠢ ᠵᠢᠭᠠᠵᠤ ᠪᠠᠶᠢᠨ᠎ᠠ᠃
ᠬᠤᠶᠠᠷ᠂ ᠶᠠᠭᠤᠨ ᠳᠤ ︽ᠨᠠᠷᠢᠨ ᠲᠠᠩᠰᠠ︾ ᠶᠢ ᠡᠮᠬᠢᠯᠡᠬᠦ ᠪᠣᠶ︖
2015 ᠣᠨ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠵᠠᠭᠤᠴᠢ ᠦᠶᠯᠡᠴᠢᠯᠡᠭᠡᠨ ᠢ ᠢᠯᠭᠠᠷᠠᠭᠤᠯᠤᠨ ᠵᠢᠷᠤᠮᠵᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2015﹈ 31 ᠳ᠋ᠦ᠋ᠭᠡᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯᠯᠠᠭ᠎ᠠ ᠶᠠᠪᠤᠭᠳᠠᠭᠤᠯᠬᠤ ᠳᠤ ᠨᠢ ᠬᠤᠯᠪᠣᠭᠳᠠᠭᠰᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠢ ᠭᠥᠯᠢᠶᠡᠨ ᠠᠪᠴᠤ ᠰᠢᠶᠳᠪᠦᠷᠢᠯᠡᠬᠦ ᠨᠥᠬᠦᠴᠡᠯ ᠪᠣᠯᠭᠠᠭᠰᠠᠨ ᠲᠥᠯᠥᠪᠦᠷᠢ ᠲᠠᠢ ᠦᠢᠯᠡᠴᠢᠯᠡᠭᠡ ᠢ ᠢᠯᠭᠠᠷᠠᠭᠤᠯᠤᠨ ᠵᠢᠷᠤᠮᠵᠢᠭᠤᠯᠬᠤ ᠶᠢᠨ ᠬᠠᠮᠲᠤ᠂
︽ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠲᠣᠰ ᠮᠡᠳᠡᠭᠳᠡᠯ ᠤᠨ ᠱᠠᠭᠠᠷᠳᠠᠯᠭ᠎ᠠ ᠪᠠᠷ ᠯᠠᠪᠯᠠᠯᠲᠠ ᠪᠣᠯᠭᠠᠵᠤ᠂ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠭᠠᠵᠠᠷ ᠣᠷᠣᠨ ᠤ ᠵᠠᠭᠤᠴᠢ ᠦᠶᠯᠡᠴᠢᠯᠡᠭᠡᠨ ᠢ ᠢᠯᠭᠠᠷᠠᠭᠤᠯᠤᠨ ᠵᠢᠷᠤᠮᠵᠢᠭᠤᠯᠬᠤ ᠠᠵᠢᠯ ᠤᠨ ᠪᠣᠳᠠᠲᠠᠶ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ ᠵᠡᠷᠭᠡ ᠳᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ︾ ᠭᠡᠰᠡᠨ ᠱᠠᠭᠠᠷᠳᠠᠯᠭ᠎ᠠ ᠳᠤᠷᠠᠳᠪᠠ᠃ 2019 ᠣᠨ ᠳᠤ ᠨᠡᠶᠢᠲᠡᠯᠡᠭᠰᠡᠨ
︽ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 722 ᠳ᠋ᠤᠭᠠᠷ ᠲᠣᠭᠠᠲᠤ︶ ᠳᠤ ᠵᠠᠭᠤᠴᠢ ᠦᠶᠯᠡᠴᠢᠯᠡᠭᠡᠨ ᠤ ᠵᠦᠶᠯᠡᠰ ᠢ ᠵᠢᠷᠤᠮᠵᠢᠭᠤᠯᠬᠤ ᠲᠤᠰᠬᠠᠶ ᠵᠦᠶᠯ ᠵᠤᠷᠪᠤᠰ ᠪᠣᠶ᠃
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠤᠯ ᠤᠨ ︽ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠵᠠᠭᠤᠴᠢ ᠦᠶᠯᠡᠴᠢᠯᠡᠭᠡᠨ ᠤ ᠵᠦᠶᠯᠡᠰ ᠤᠨ ᠨᠠᠷᠢᠨ ᠳᠠᠩᠰᠠ︾ ᠶᠢ ᠨᠡᠯᠢᠶᠡᠳ ᠣᠷᠳᠣ ᠬᠤᠭᠤᠴᠠᠭ᠎ᠠ ᠰᠢᠨᠡᠳᠬᠡᠭᠡᠳᠦᠶ ᠪᠠᠶᠢᠵᠤ᠂ ᠠᠭᠤᠯᠭ᠎ᠠ ᠨᠢ ᠨᠢᠭᠡᠨᠲᠡ ᠣᠳᠣᠬᠠᠨ ᠤ ᠬᠠᠮᠢᠶ᠎ᠠ ᠪᠥᠬᠦᠶ ᠠᠵᠢᠯ ᠢ ᠥᠷᠨᠢᠭᠦᠯᠬᠦ ᠱᠠᠭᠠᠷᠳᠠᠯᠭ᠎ᠠ ᠨᠤᠭᠤᠳ ᠲᠠᠢ ᠨᠡᠶᠢᠴᠡᠬᠦ ᠥᠬᠡᠶ ᠪᠣᠯᠵᠠᠶ᠃ ᠨᠠᠮ ᠤᠨ ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ ᠬᠤᠷᠢᠶᠠᠨ ᠤ ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠪᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠶᠠᠪᠤᠴᠠ ᠳᠤ ᠬᠤᠯᠪᠤᠭᠳᠠᠬᠤ ᠵᠠᠭᠤᠴᠢ ᠦᠶᠯᠡᠴᠢᠯᠡᠭᠡᠨ ᠤ ᠦᠶᠯᠡ ᠠᠵᠢᠯᠯᠠᠭ᠎ᠠ ᠶᠢ ᠦᠨᠡᠨ ᠬᠦ ᠵᠢᠷᠤᠮᠵᠢᠭᠤᠯᠤᠨ᠂ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠶᠠᠪᠤᠴᠠ ᠳᠠᠬᠢ ᠣᠨᠴᠣᠭᠤᠶ ᠭᠤᠭᠴᠤᠭ᠎ᠠ ᠶᠢᠨ ᠭᠦᠶᠴᠡᠳᠬᠡᠬᠦ ᠮᠠᠲ᠋ᠧᠷᠢᠶᠠᠯ ᠪᠠ ᠴᠠᠭ ᠬᠤᠭᠤᠴᠠᠭ᠎ᠠ ᠶᠢ ᠪᠠᠭᠠᠰᠬᠠᠵᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠨᠠᠷᠢᠨ ᠳᠠᠩᠰᠠ ᠶᠢ ᠡᠮᠬᠢᠯᠡᠨ ᠳᠢᠭᠯᠡᠬᠦ ᠠᠵᠢᠯ ᠢ ᠥᠷᠨᠢᠭᠦᠯᠪᠡ᠃
ᠭᠤᠷᠪᠠ᠂ ︽ᠨᠠᠷᠢᠨ ᠲᠠᠩᠰᠠ︾ ᠶᠢ ᠡᠮᠬᠢᠯᠡᠬᠦ ᠳᠤ ᠶᠠᠮᠠᠷ ᠶᠠᠮᠠᠷ ᠠᠯᠬᠤᠮ ᠳᠠᠷᠠᠭ᠎ᠠ ᠶᠢ ᠥᠩᠭᠡᠷᠡᠭᠡᠭᠰᠡᠨ ᠪᠣᠶ︖
2021 ᠣᠨ ᠤ ᠡᠬᠢ ᠪᠠᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠭᠤᠸᠠᠩᠳᠦ᠋ᠩ ᠮᠤᠵᠢ᠂ ᠴᠦᠩᠴᠢᠩ ᠬᠤᠲᠠ᠂ ᠠᠨᠾᠦ᠋ᠢ ᠮᠤᠵᠢ ᠶᠢᠨ ᠲᠤᠷᠰᠢᠯᠭ᠎ᠠ ᠶᠢ ᠭᠦᠶᠴᠡᠳ ᠲᠣᠯᠢᠯᠠᠭᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠠᠯᠠᠭ᠎ᠠ ᠮᠥᠴᠢᠷ ᠤᠨ ᠵᠠᠭᠤᠴᠢ ᠦᠶᠯᠡᠴᠢᠯᠡᠭᠡᠨ ᠤ ᠵᠦᠶᠯᠡᠰ ᠢ ᠡᠮᠬᠢᠯᠡᠬᠦ ᠠᠵᠢᠯ ᠢ ᠥᠷᠨᠢᠭᠦᠯᠪᠡ᠃ ︽ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠵᠠᠭᠤᠴᠢ ᠦᠢᠯᠡᠴᠢᠯᠡᠭᠡᠨ ᠤ ᠵᠦᠢᠯᠡᠰ ᠢ ᠢᠯᠭᠠᠷᠠᠭᠤᠯᠤᠨ ᠵᠢᠷᠤᠮᠵᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠮᠡᠳᠡᠭᠳᠡᠯ︾ ︵ᠥᠪᠦᠷ ᠵᠠᠰᠠᠭ ᠦᠢᠯᠡᠴᠢᠯᠡᠭᠡ ᠲᠠᠷᠬᠠᠭᠠᠭᠰᠠᠨ ﹇ 2021 ﹈ 2 ᠳ᠋ᠤᠭᠠᠷ ᠲᠣᠭᠠᠲᠤ︶ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠡᠮᠬᠢᠯᠡᠨ ᠳᠢᠭᠯᠡᠬᠦ ᠠᠵᠢᠯ ᠢ ᠨᠠᠷᠢᠨ ᠨᠢᠮᠪᠠᠢ ᠪᠠᠶᠢᠷᠢᠯᠠᠭᠤᠯᠪᠠ᠃ ᠰᠠᠯᠠᠭ᠎ᠠ ᠮᠥᠴᠢᠷ ᠤᠳ ᠲᠠᠢ ᠭᠦᠶᠴᠡᠳ ᠣᠶᠢᠯᠠᠭᠠᠯᠴᠠᠨ ᠬᠠᠷᠭᠤᠭᠤᠯᠵᠤ᠂ ᠵᠦᠶᠯᠡᠰ ᠤᠨ ᠨᠠᠷᠢᠨ ᠳᠠᠩᠰᠠ ᠶᠢ ᠳᠠᠬᠢᠨ ᠳᠠᠪᠲᠠᠨ ᠡᠮᠬᠢᠯᠡᠵᠦ᠂ ᠬᠢᠨᠠᠨ ᠬᠠᠷᠭᠤᠭᠤᠯᠵᠤ᠂ ᠬᠤᠷᠢᠶᠠᠩᠭᠤᠶᠢᠯᠠᠵᠤ ᠪᠠᠰᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠬᠠᠤᠯᠢ ᠶᠣᠰᠣᠴᠢ ᠬᠢᠨᠠᠨ ᠬᠠᠷᠭᠤᠭᠤᠯᠤᠯᠲᠠ ᠬᠢᠭᠰᠡᠨ ᠤ ᠳᠠᠷᠠᠭ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠶᠯᠡᠴᠢᠯᠡᠭᠡᠨ ᠤ ᠵᠦᠶᠯᠡᠰ ᠤᠨ ᠨᠠᠷᠢᠨ ᠳᠠᠩᠰᠠ ︵2021 ᠣᠨ︶︾ ᠶᠢ ᠲᠤᠭᠤᠷᠪᠢᠵᠠᠢ᠃
ᠳᠥᠷᠪᠡ᠂ ︽ᠨᠠᠷᠢᠨ ᠳᠠᠩᠰᠠ︾ ᠨᠡᠶᠢᠲᠡᠯᠡᠭᠳᠡᠭᠰᠡᠨ ᠤ ᠳᠠᠷᠠᠭ᠎ᠠ ᠠᠵᠤ ᠠᠬᠤᠶᠢᠯᠠᠯ ᠪᠠ ᠣᠯᠠᠨ ᠲᠦᠮᠡᠨ ᠳᠤ ᠶᠠᠮᠠᠷ ᠶᠠᠮᠠᠷ ᠠᠰᠢᠭ ᠲᠤᠰᠠ
ᠠᠪᠴᠢᠷᠠᠬᠤ ᠪᠣᠶ︖
︽ᠨᠠᠷᠢᠨ ᠳᠠᠩᠰᠠ︾ ᠨᠡᠶᠢᠲᠡᠯᠡᠭᠳᠡᠭᠰᠡᠨ ᠤ ᠳᠠᠷᠠᠭ᠎ᠠ᠂ ᠵᠠᠰᠠᠭ ᠵᠠᠬᠢᠷᠭᠠᠨ ᠤ ᠪᠠᠶᠢᠭᠤᠯᠭ᠎ᠠ ᠭᠤᠶᠤᠴᠢᠯᠠᠭᠴᠢ ᠶᠢᠨ ᠵᠠᠭᠤᠴᠢ ᠪᠠᠶᠢᠭᠤᠯᠤᠮᠵᠢ ᠳᠤ ᠡᠷᠬᠡᠪᠰᠢ ᠲᠥᠯᠦᠪᠦᠷᠢ ᠲᠠᠢ ᠪᠠᠷ ᠨᠠᠶᠢᠳᠠᠨ ᠥᠷᠨᠢᠭᠦᠯᠬᠦ ᠦᠶᠯᠡᠴᠢᠯᠡᠭᠡᠨ ᠤ ᠵᠦᠶᠯᠡᠰ ᠢ ᠡᠷᠬᠡᠪᠡᠰᠢ ᠢᠯᠡ ᠪᠣᠯᠭᠠᠬᠤ ᠶᠢ ᠬᠠᠤᠯᠢ ᠶᠣᠰᠣᠭᠠᠷ ᠱᠠᠭᠠᠷᠳᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠦᠨᠳᠦᠰᠦ ᠪᠠᠷᠢᠮᠲᠠ ᠶᠢ ᠲᠣᠳᠣᠷᠬᠠᠶᠢᠯᠠᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠭᠤᠶᠤᠴᠢᠯᠠᠭᠴᠢ ᠶᠢᠨ ᠲᠥᠯᠦᠪᠦᠷᠢ ᠲᠠᠢ ᠨᠠᠶᠢᠳᠠᠬᠤ ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠶᠯᠡᠴᠢᠯᠡᠭᠡᠨ ᠤ ᠵᠦᠶᠯᠡᠰ ᠤᠨ ᠨᠠᠷᠢᠨ ᠳᠠᠩᠰᠠ ︵2021 ᠣᠨ︶︾ ᠳᠤ ᠣᠷᠣᠭᠤᠯᠤᠭᠠᠳᠤᠶ ᠵᠦᠶᠯᠡᠰ ᠢ ᠪᠤᠯ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠭᠤᠶᠤᠴᠢᠯᠠᠭᠴᠢ ᠳᠤ ᠶᠠᠮᠠᠷᠪᠠ ᠬᠡᠯᠪᠡᠷᠢ ᠪᠠᠷ ᠵᠠᠭᠤᠴᠢ ᠪᠠᠶᠢᠭᠤᠯᠤᠮᠵᠢ ᠳᠤ ᠨᠠᠶᠢᠳᠠᠨ ᠦᠶᠯᠡᠴᠢᠯᠡᠭᠡ ᠬᠢᠯᠭᠡᠬᠦ ᠪᠠᠷ ᠱᠠᠭᠠᠷᠳᠠᠵᠤ ᠪᠣᠯᠬᠤ ᠥᠬᠡᠶ ᠪᠣᠯᠭᠠᠵᠠᠢ᠃
︽ᠨᠠᠷᠢᠨ ᠲᠠᠩᠰᠠ︾ ᠶᠢᠨ ᠨᠡᠶᠢᠲᠡᠯᠡᠭᠳᠡᠭᠰᠡᠨ ᠨᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠭᠦᠶᠴᠡᠳᠬᠡᠬᠦ ᠶᠠᠪᠤᠴᠠ ᠳᠠᠬᠢ ︽ᠮᠠᠲ᠋ᠧᠷᠢᠶᠠᠯ ᠢ ᠭᠠᠮᠨᠠᠬᠤ︾ ᠶᠢ ᠪᠡᠶᠡᠯᠡᠭᠦᠯᠪᠡ᠃ ᠲᠣᠰ ᠤᠳᠠᠭᠠᠨ ᠤ ᠢᠯᠭᠠᠷᠠᠭᠤᠯᠤᠯᠲᠠ ᠳᠤ ᠬᠦᠴᠦᠨ ᠥᠬᠡᠶ ᠪᠣᠯᠭᠠᠭᠰᠠᠨ 9 ᠵᠦᠶᠯ ᠤᠨ ᠵᠠᠭᠤᠴᠢ ᠦᠶᠯᠡᠴᠢᠯᠡᠭᠡᠨ ᠤ ᠵᠦᠶᠯᠡᠰ ᠤᠨ ᠳᠣᠲᠣᠷᠠᠬᠢ 8 ᠶᠢ ᠨᠢ ᠰᠢᠭᠤᠳ ᠬᠦᠴᠦᠨ ᠥᠬᠡᠶ ᠪᠣᠯᠭᠠᠵᠠᠢ᠂ ᠵᠢᠱᠢᠶᠡᠯᠡᠪᠡᠯ ᠰᠠᠭᠤᠷᠢ ᠮᠥᠩᠭᠦᠨ ᠤ ᠨᠡᠶᠢᠭᠡᠮᠯᠢᠭ᠂ ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ᠂ ᠨᠡᠶᠢᠭᠡᠮ ᠤᠨ ᠪᠦᠯᠬᠦᠮ ᠢ ᠪᠠᠶᠢᠭᠤᠯᠬᠤ ᠦᠶᠡᠰ ᠲᠤ ᠭᠤᠶᠤᠴᠢᠯᠠᠭᠴᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠳᠤ ᠲᠤᠰᠢᠶᠠᠬᠤ ᠴᠢᠬᠤᠯᠠᠲᠠᠶ ︽ᠪᠠᠯᠠ ᠮᠥᠩᠭᠦ ᠶᠢ ᠰᠢᠯᠭᠠᠭᠰᠠᠨ ᠮᠡᠳᠡᠭᠦᠯᠦᠯᠲᠡ︾ ᠶᠢ ᠲᠤᠰᠢᠶᠠᠬᠤ ᠱᠠᠭᠠᠷᠳᠠᠯᠭ᠎ᠠ ᠦᠭᠡᠢ ᠪᠣᠯᠭᠠᠵᠠᠢ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠭᠦᠢᠴᠡᠳᠬᠡᠬᠦ ︽ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢᠨ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠬᠦ︾ ᠪᠦᠬᠦᠶᠢᠯᠡ ᠵᠠᠰᠠᠭ ᠵᠠᠬᠢᠷᠭᠠᠨ ᠤ ᠵᠥᠪᠰᠢᠶᠡᠷᠡᠯ ᠢ ᠬᠦᠴᠦᠨ ᠥᠬᠡᠶ ᠪᠣᠯᠭᠠᠵᠤ᠂ ᠬᠠᠷᠠᠭᠠᠯᠵᠠᠭᠰᠠᠨ ︽ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠤᠰᠤᠨ ᠤ ᠡᠬᠢ ᠪᠠᠶᠠᠯᠢᠭ ᠤᠨ ᠨᠤᠲᠠᠯᠠᠯᠲᠠ︾ ᠶᠢᠨ ᠵᠠᠭᠤᠴᠢ ᠦᠶᠯᠡᠴᠢᠯᠡᠭᠡ ᠶᠢ ᠴᠦ ᠬᠦᠴᠦᠨ ᠥᠬᠡᠶ ᠪᠣᠯᠭᠠᠪᠠ᠃ ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ︽ᠬᠠᠤᠯᠢ ᠴᠠᠭᠠᠵᠠ ᠶᠢᠨ ᠬᠢᠨᠠᠨ ᠲᠣᠭᠲᠠᠭᠠᠬᠤ ᠪᠠᠶᠢᠭᠤᠯᠤᠮᠵᠢ ᠪᠠᠶᠢᠭᠤᠯᠬᠤ ᠪᠠᠯᠠ ᠮᠥᠩᠭᠦ ᠶᠢᠨ ᠭᠡᠷᠡᠴᠢ︾ ᠨᠢ ︽ᠭᠡᠷᠡᠴᠢᠯᠡᠬᠦ ᠵᠦᠶᠯᠡᠰ︾ ᠲᠤ ᠬᠠᠷᠢᠶᠠᠯᠠᠭᠤᠯᠵᠤ᠂ ᠵᠠᠭᠤᠴᠢ ᠦᠶᠯᠡᠴᠢᠯᠡᠭᠡᠨ ᠤ ᠨᠠᠷᠢᠨ ᠳᠠᠩᠰᠠ ᠠᠴᠠ ᠰᠢᠯᠵᠢᠭᠦᠯᠦᠨ
ᠭᠠᠷᠭᠠᠵᠠᠢ᠃
︽ᠨᠠᠷᠢᠨ ᠲᠠᠩᠰᠠ︾ ᠨᠡᠶᠢᠲᠡᠯᠡᠭᠳᠡᠭᠰᠡᠨ ᠨᠢ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢᠨ ᠵᠦᠶᠯᠡᠰ ᠢ ᠭᠦᠶᠴᠡᠳᠬᠡᠬᠦ ᠶᠠᠪᠤᠴᠠ ᠳᠠᠬᠢ ︽ᠴᠠᠭ ᠢ ᠠᠷᠪᠢᠯᠠᠬᠤ︾ ᠳᠤ ᠠᠰᠢᠭᠲᠠᠶ ᠶᠤᠮ᠃ ᠲᠣᠰ ᠤᠳᠠᠭ᠎ᠠ ᠢᠯᠭᠠᠷᠠᠭᠤᠯᠤᠯᠲᠠ ᠪᠠᠷ ᠳᠠᠮᠵᠢᠨ ︽ᠭᠤᠶᠤᠴᠢᠯᠠᠭᠴᠢ ᠵᠠᠭᠤᠴᠢ ᠪᠠᠶᠢᠭᠤᠯᠤᠮᠵᠢ ᠳᠤ ᠨᠠᠶᠢᠳᠠᠬᠤ ᠡᠰᠡᠬᠦ ᠪᠠᠨ ᠡᠵᠡᠨ ᠮᠡᠳᠡᠵᠦ ᠰᠣᠩᠭᠤᠬᠤ︾ ᠵᠦᠶᠯᠡᠰ ᠲᠤ ᠭᠤᠶᠤᠴᠢᠯᠠᠭᠴᠢ ᠳᠤ ᠨᠠᠩ ᠣᠯᠠᠨ ᠡᠵᠡᠨ ᠮᠡᠳᠡᠵᠦ ᠰᠣᠩᠭᠤᠬᠤ ᠡᠷᠬᠡ ᠣᠯᠭᠤᠵᠤ᠂ ᠬᠠᠮᠢᠶ᠎ᠠ ᠪᠥᠬᠦᠶ ᠮᠠᠲ᠋ᠧᠷᠢᠶᠠᠯ ᠢ ᠡᠷᠬᠡᠪᠰᠢ ᠵᠠᠭᠤᠴᠢ ᠦᠶᠯᠡᠴᠢᠯᠡᠭᠡᠨ ᠤ ᠪᠠᠶᠢᠭᠤᠯᠤᠮᠵᠢ ᠠᠴᠠ ᠭᠠᠷᠭᠠᠵᠤ ᠥᠭᠬᠦ ᠭᠡᠷᠡᠭᠲᠡᠢ ᠭᠡᠵᠦ ᠵᠠᠰᠠᠭ ᠵᠠᠬᠢᠷᠭᠠᠨ ᠤ ᠪᠠᠶᠢᠭᠤᠯᠭ᠎ᠠ ᠲᠠᠬᠢᠵᠤ ᠱᠠᠭᠠᠷᠳᠠᠬᠤ ᠪᠣᠯᠬᠤ ᠦᠭᠡᠢ ᠪᠣᠯᠭᠠᠪᠠ᠃ ᠬᠠᠮᠢᠶ᠎ᠠ ᠪᠥᠬᠦᠶ ᠴᠢᠳᠠᠪᠤᠷᠢ᠂ ᠨᠥᠬᠦᠴᠡᠯ ᠢ ᠪᠦᠷᠢᠯᠳᠦᠭᠦᠯᠦᠭᠰᠡᠨ ᠭᠤᠶᠤᠴᠢᠯᠠᠭᠴᠢ ᠬᠠᠮᠢᠶ᠎ᠠ ᠪᠥᠬᠦᠶ ᠮᠠᠲ᠋ᠧᠷᠢᠶᠠᠯ ᠢ ᠥᠪᠡᠰᠦᠪᠡᠨ ᠪᠡᠯᠡᠳᠬᠡᠬᠦ ᠨᠢ ᠭᠦᠶᠴᠡᠳᠬᠡᠬᠦ ᠴᠠᠭ ᠢ ᠠᠷᠪᠢᠯᠠᠬᠤ ᠮᠥᠷᠲᠡᠭᠡᠨ ᠪᠠᠰᠠ ᠭᠤᠶᠤᠴᠢᠯᠠᠭᠴᠢ ᠶᠢᠨ ᠠᠵᠢᠯ ᠬᠡᠷᠡᠭ ᠭᠦᠶᠴᠡᠳᠬᠡᠬᠦ ᠶᠠᠪᠤᠴᠠ ᠳᠠᠬᠢ ᠪᠠᠯᠠ ᠮᠥᠩᠭᠦ ᠶᠢᠨ ᠥᠪᠡᠷ ᠤᠨ ᠥᠷᠲᠡᠭ ᠢ ᠠᠷᠪᠢᠯᠠᠬᠤ ᠪᠣᠯᠤᠨ᠎ᠠ᠃ ᠲᠤᠬᠠᠶᠢᠯᠠᠪᠠᠯ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠵᠢᠴᠢ ᠬᠤᠪᠢᠶᠠᠷᠢ ᠭᠠᠵᠠᠷ ᠪᠠᠶᠢᠭᠤᠯᠬᠤ ᠶᠢ ᠬᠢᠨᠠᠨ ᠵᠥᠪᠰᠢᠶᠡᠷᠡᠬᠦ ᠳᠤ ᠪᠠᠨ ᠬᠠᠩᠭᠠᠬᠤ ᠶᠢ ᠱᠠᠭᠠᠷᠳᠠᠵᠤ ᠪᠠᠶᠢᠭᠰᠠᠨ ︽ᠡᠳ᠋ ᠬᠥᠷᠥᠩᠭᠡ ᠶᠢᠨ ᠭᠡᠷᠡᠴᠢ︾ ᠶᠢᠨ ᠮᠠᠲ᠋ᠧᠷᠢᠶᠠᠯ ᠢ ᠲᠣᠰ ᠤᠳᠠᠭ᠎ᠠ ᠢᠯᠭᠠᠷᠠᠭᠤᠯᠤᠨ ᠲᠢᠭᠯᠡᠭᠰᠡᠨ ᠤ ᠳᠠᠷᠠᠭ᠎ᠠ ᠭᠤᠶᠤᠴᠢᠯᠠᠭᠴᠢ ᠳᠤ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ ᠤᠨ ᠪᠠᠯᠠ ᠰᠢᠯᠭᠠᠭᠰᠠᠨ ᠮᠡᠳᠡᠭᠦᠯᠦᠯᠲᠡ ᠶᠢ ᠲᠤᠰᠢᠶᠠᠵᠤ ᠪᠣᠯᠬᠤ ᠪᠥᠭᠡᠳ ᠪᠠᠩᠬᠢ ᠶᠢᠨ ᠬᠢᠵᠦ ᠥᠭᠭᠦᠭᠰᠡᠨ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ ᠢ ᠴᠤ ᠲᠤᠰᠢᠶᠠᠵᠤ ᠪᠣᠯᠬᠤ ᠪᠣᠯᠭᠠᠨ ᠴᠢᠯᠦᠭᠡᠲᠡᠢ ᠪᠣᠯᠭᠠᠵᠠᠢ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡᠯᠡᠯ ᠤᠨ ᠲᠤᠬᠠᠶ ᠮᠡᠳᠡᠭᠦᠯᠦᠯᠲᠡ ᠶᠢᠨ ᠪᠢᠴᠢᠭ ︵ᠬᠦᠰᠦᠨᠦᠭᠲᠦ︶ ᠢ ᠬᠢᠨᠠᠨ ᠵᠥᠪᠰᠢᠶᠡᠷᠡᠬᠦ ᠳᠤ ᠪᠠᠨ ︽ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡᠯᠡᠯ ᠤᠨ ᠲᠤᠬᠠᠶ ᠦᠨᠡᠯᠡᠯᠲᠡ︾ ᠬᠠᠩᠭᠠᠬᠤ ᠶᠢ ᠱᠠᠭᠠᠷᠳᠠᠵᠤ ᠪᠠᠶᠢᠭᠰᠠᠨ ᠠᠴᠠ ᠪᠠᠨ᠂ ᠪᠥᠲᠥᠭᠡᠨ ᠪᠠᠶᠢᠭᠤᠯᠬᠤ ᠨᠢᠭᠡᠴᠢ ᠣᠷᠴᠢᠨ ᠲᠣᠭᠤᠷᠢᠨ ᠳᠤ ᠦᠵᠡᠭᠦᠯᠬᠦ ᠨᠥᠯᠥᠭᠡᠯᠡᠯ ᠢ ᠦᠨᠡᠯᠡᠬᠦ ᠮᠡᠷᠭᠡᠵᠢᠯ ᠤᠨ ᠴᠢᠳᠠᠪᠤᠷᠢ ᠲᠠᠢ ᠪᠣᠯ᠂ ᠥᠪᠡᠰᠦᠪᠡᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠳᠤ ᠪᠠᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡᠯᠡᠯ ᠤᠨ ᠲᠤᠬᠠᠶ ᠦᠨᠡᠯᠡᠯᠲᠡ ᠬᠢᠵᠦ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡᠯᠡᠯ ᠤᠨ ᠲᠤᠬᠠᠶ ᠮᠡᠳᠡᠭᠦᠯᠦᠯᠲᠡ ᠶᠢᠨ ᠪᠢᠴᠢᠭ ︵ᠬᠦᠰᠦᠨᠦᠭᠲᠦ︶ ᠨᠠᠶᠢᠷᠠᠭᠤᠯᠤᠨ ᠲᠣᠭᠤᠷᠪᠢᠵᠤ ᠪᠣᠯᠬᠤ ᠪᠣᠯᠭᠠᠪᠠ᠃
ᠲᠠᠪᠤ᠂ ᠲᠣᠰ ᠤᠳᠠᠭ᠎ᠠ ᠨᠡᠶᠢᠲᠡᠯᠡᠭᠳᠡᠭᠰᠡᠨ ︽ᠨᠠᠷᠢᠨ ᠲᠠᠩᠰᠠ︾ ᠳᠤ ᠶᠠᠮᠠᠷ ᠶᠠᠮᠠᠷ ᠥᠪᠡᠷᠮᠢᠴᠡ ᠣᠨᠴᠠᠯᠢᠭ ᠲᠠᠢ ᠬᠢᠯᠠᠰ ᠴᠡᠭ ᠪᠠᠶᠢᠬᠤ ᠪᠣᠶ︖
ᠬᠢᠯᠠᠰ ᠴᠡᠭ 1᠄ ᠨᠠᠷᠢᠨ ᠲᠠᠩᠰᠠ ᠶᠢᠨ ᠬᠠᠮᠢᠶᠠᠷᠤᠯᠲᠠ ᠶᠢᠨ ᠲᠣᠭᠲᠠᠯᠴᠠᠭ᠎ᠠ ᠶᠢᠨ ᠰᠢᠨ᠎ᠡ ᠶᠢ ᠡᠭᠦᠳᠴᠡᠢ᠃
ᠠᠩᠬ᠎ᠠ ᠤᠳᠠᠭ᠎ᠠ ᠰᠢᠷᠢᠰ ᠨᠠᠷᠢᠨ ᠳᠠᠩᠰᠠ ᠶᠢᠨ ᠠᠷᠭ᠎ᠠ ᠮᠠᠶ᠋ᠢᠭ ᠢᠶᠠᠷ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠶᠠᠪᠤᠴᠠ ᠳᠤ ᠬᠤᠯᠪᠣᠭᠳᠠᠭᠰᠠᠨ ᠵᠠᠭᠤᠴᠢ ᠦᠶᠯᠡᠴᠢᠯᠡᠭᠡᠨ ᠤ ᠦᠶᠯᠡ ᠠᠵᠢᠯᠯᠠᠭ᠎ᠠ ᠶᠢ ᠡᠮᠬᠢᠯᠡᠨ ᠵᠢᠷᠤᠮᠵᠢᠭᠤᠯᠪᠠ᠃
ᠨᠢᠭᠡ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠦᠯᠡᠳᠡᠭᠡᠯᠲᠡ ᠳᠤ ᠭᠤᠶᠤᠴᠢᠯᠠᠭᠴᠢ ᠶᠢᠨ ᠲᠥᠯᠦᠪᠦᠷᠢ ᠲᠠᠢ ᠪᠠᠷ ᠨᠠᠶᠢᠳᠠᠬᠤ ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠶᠯᠡᠴᠢᠯᠡᠭᠡᠨ ᠤ ᠵᠦᠶᠯᠡᠰ ᠤᠨ ᠨᠠᠷᠢᠨ ᠳᠠᠩᠰᠠ︾ ᠨᠡᠶᠢᠲᠡ 37 ᠵᠦᠶᠯ ᠪᠠᠶᠢᠵᠤ᠂ ᠬᠠᠤᠯᠢ ᠪᠠᠷ ᠲᠣᠭᠲᠠᠭᠠᠭᠰᠠᠨ ᠡᠷᠬᠡᠪᠰᠢ ᠭᠤᠶᠤᠴᠢᠯᠠᠭᠴᠢ ᠶᠢᠨ ᠲᠥᠯᠦᠪᠦᠷᠢ ᠲᠠᠢ ᠪᠠᠷ ᠨᠠᠶᠢᠳᠠᠬᠤ ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠶᠯᠡᠴᠢᠯᠡᠭᠡᠨ ᠤ ᠵᠦᠶᠯᠡᠰ ᠪᠣᠯᠤᠨ᠎ᠠ᠃
ᠬᠤᠶᠠᠷ ᠲᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠶᠯᠡᠴᠢᠯᠡᠭᠡᠨ ᠤ ᠵᠦᠶᠯᠡᠰ ᠤᠨ ᠪᠤᠰᠤᠳ ᠨᠠᠷᠢᠨ ᠳᠠᠩᠰᠠ︾ ᠶᠢᠨ ᠨᠢᠭᠡᠳᠦᠭᠡᠷ ᠬᠡᠰᠡᠭ᠄ ᠭᠤᠶᠤᠴᠢᠯᠠᠭᠴᠢ ᠥᠪᠡᠷᠲᠡᠭᠡᠨ ᠡᠵᠡᠨ ᠮᠡᠳᠡᠨ ᠵᠠᠭᠤᠴᠢ ᠪᠠᠶᠢᠭᠤᠯᠤᠮᠵᠢ ᠳᠤ ᠨᠠᠶᠢᠳᠠᠵᠤ ᠦᠢᠯᠡᠴᠢᠯᠡᠭᠦᠯᠬᠦ ᠵᠦᠶᠯᠡᠰ ᠤᠨ ᠨᠠᠷᠢᠨ ᠳᠠᠩᠰᠠ᠂ ᠨᠡᠶᠢᠲᠡ 35 ᠵᠦᠶᠯ ᠪᠠᠶᠢᠵᠤ᠂ ᠲᠡᠳᠡᠭᠡᠷ ᠨᠢ ᠤᠤᠯ ᠤᠨ ᠦᠯᠡᠳᠡᠭᠡᠭᠰᠡᠨ ᠨᠠᠷᠢᠨ ᠳᠠᠩᠰᠠ ᠶᠢᠨ ᠳᠣᠲᠤᠷᠠᠬᠢ ᠭᠤᠶᠤᠴᠢᠯᠠᠭᠴᠢ ᠶᠢᠨ ᠲᠥᠯᠦᠪᠦᠷᠢ ᠲᠠᠢ ᠪᠠᠷ ᠨᠠᠶᠢᠳᠠᠬᠤ ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠶᠯᠡᠴᠢᠯᠡᠭᠡᠨ ᠤ ᠵᠦᠶᠯᠡᠰ ᠢ ᠠᠯᠪᠠᠳᠠᠯᠭ᠎ᠠ ᠶᠢᠨ ᠪᠤᠰᠤ ᠪᠣᠯᠭᠠᠪᠠ᠃ ᠬᠤᠶᠠᠳᠤᠭᠠᠷ ᠬᠡᠰᠡᠭ᠄ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠵᠠᠭᠤᠴᠢ ᠪᠠᠶᠢᠭᠤᠯᠤᠮᠵᠢ ᠳᠤ ᠲᠥᠯᠦᠪᠦᠷᠢ ᠲᠠᠢ ᠪᠠᠷ ᠨᠠᠶᠢᠳᠠᠵᠤ ᠥᠷᠨᠢᠭᠦᠯᠬᠦ ᠦᠢᠯᠡᠴᠢᠯᠡᠭᠡᠨ ᠤ ᠵᠦᠢᠯᠡᠰ ᠤᠨ ᠨᠠᠷᠢᠨ ᠳᠠᠩᠰᠠ ᠨᠡᠶᠢᠲᠡ 9 ᠵᠦᠢᠯ ᠪᠠᠶᠢᠵᠤ᠂ ᠲᠡᠳᠡᠭᠡᠷ ᠨᠢ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠠᠪᠤᠴᠠ ᠳᠤ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠳᠤ ᠨᠠᠶᠢᠳᠠᠵᠤ ᠥᠷᠨᠢᠭᠦᠯᠬᠦ ᠮᠡᠷᠭᠡᠵᠢᠯ ᠤᠨ ᠴᠢᠨᠠᠷᠲᠠᠶ ᠦᠢᠯᠡᠴᠢᠯᠡᠭᠡ ᠪᠣᠯᠤᠨ᠎ᠠ᠃ ᠳᠡᠭᠡᠷᠡᠬᠢ ᠬᠤᠶᠠᠷ ᠬᠡᠰᠡᠭ ᠠᠭᠤᠯᠭ᠎ᠠ ᠶᠢ ᠵᠠᠭᠤᠴᠢ ᠦᠢᠯᠡᠴᠢᠯᠡᠭᠡᠨ ᠤ ᠵᠦᠢᠯᠡᠰ ᠤᠨ ᠨᠠᠷᠢᠨ ᠳᠠᠩᠰᠠ ᠶᠢᠨ ᠳᠣᠭᠲᠠᠯᠴᠠᠭ᠎ᠠ ᠳᠤ ᠵᠡᠷᠭᠡᠪᠡᠷ ᠣᠷᠣᠭᠤᠯᠤᠨ ᠵᠢᠷᠤᠮᠵᠢᠭᠤᠯᠤᠨ ᠬᠠᠮᠢᠶᠠᠷᠴᠤ᠂ ᠬᠡᠷᠡᠭᠯᠡᠬᠦ ᠳᠤ ᠲᠥᠬᠦᠮ ᠪᠣᠯᠭᠠᠵᠠᠢ᠃
ᠭᠤᠷᠪᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠢᠯᠭᠠᠷᠠᠭᠤᠯᠤᠨ ᠵᠢᠷᠤᠮᠵᠢᠭᠤᠯᠬᠤ ᠪᠠᠷ ᠲᠣᠭᠲᠠᠭᠠᠭᠰᠠᠨ ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠢᠯᠡᠴᠢᠯᠡᠭᠡᠨ ᠤ ᠵᠦᠢᠯᠡᠰ ᠤᠨ ᠨᠠᠷᠢᠨ ᠳᠠᠩᠰᠠ︾ ᠨᠡᠶᠢᠲᠡ 9 ᠵᠦᠢᠯ ᠪᠠᠶᠢᠵᠤ᠂ ᠤᠤᠯ ᠤᠨ ᠵᠠᠭᠤᠴᠢ ᠦᠢᠯᠡᠴᠢᠯᠡᠭᠡᠨ ᠤ ᠵᠦᠢᠯᠡᠰ ᠤᠨ ᠨᠠᠷᠢᠨ ᠳᠠᠩᠰᠠ ᠳᠠᠬᠢ ᠵᠦᠢᠯᠡᠰ ᠢ ᠢᠯᠭᠠᠷᠠᠭᠤᠯᠤᠨ ᠳᠢᠭᠯᠡᠵᠦ ᠬᠦᠴᠦᠨ ᠥᠬᠡᠶ ᠪᠣᠯᠭᠠᠭᠰᠠᠨ ᠪᠤᠶᠤ ᠬᠠᠰᠤᠪᠠ᠃
ᠡᠭᠦᠨ ᠠᠴᠠ ᠭᠠᠳᠠᠨ᠎ᠠ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠲᠥᠷᠥᠯ ᠤᠨ ᠵᠦᠢᠯᠡᠰ ᠢ ᠭᠦᠢᠴᠡᠳ ᠡᠮᠬᠢᠯᠡᠨ ᠳᠢᠭᠯᠡᠭᠰᠡᠨ ᠰᠠᠭᠤᠷᠢᠨ ᠳᠡᠭᠡᠷ᠎ᠡ᠂ ᠵᠠᠰᠠᠭ ᠵᠠᠬᠢᠷᠭᠠᠨ ᠤ ᠨᠤᠲᠠᠯᠠᠯᠲᠠ᠂ ᠵᠠᠰᠠᠭ ᠵᠠᠬᠢᠷᠭᠠᠨ ᠤ ᠳᠡᠩᠰᠡᠯᠡᠯᠲᠡ ᠶᠢᠨ ᠲᠥᠷᠥᠯ ᠤᠨ ᠵᠦᠢᠯᠡᠰ ᠢ ᠭᠦᠢᠴᠡᠳᠬᠡᠬᠦ ᠶᠠᠪᠤᠴᠠ ᠳᠤ ᠬᠤᠯᠪᠤᠭᠳᠠᠬᠤ ᠵᠠᠭᠤᠴᠢ ᠦᠢᠯᠡᠴᠢᠯᠡᠭᠡᠨ ᠤ ᠵᠦᠢᠯᠡᠰ ᠢ ᠨᠠᠷᠢᠨ ᠳᠠᠩᠰᠠ ᠶᠢᠨ ᠳᠣᠭᠲᠠᠯᠴᠠᠭ᠎ᠠ ᠶᠢᠨ ᠬᠠᠮᠢᠶᠠᠷᠤᠯᠲᠠ ᠳᠤ ᠣᠷᠤᠭᠤᠯᠪᠠ᠃
ᠭᠢᠯᠠᠰ ᠴᠡᠭ 2᠄ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠲᠠᠢ ᠨᠢᠭᠲᠠ ᠤᠶᠠᠯᠳᠤᠭᠤᠯᠪᠠ᠃
ᠲᠣᠰ ᠤᠳᠠᠭ᠎ᠠ ᠶᠢᠨ ᠢᠯᠭᠠᠷᠠᠭᠤᠯᠤᠭᠰᠠᠨ ︽ᠨᠠᠷᠢᠨ ᠲᠠᠩᠰᠠ︾ ᠳᠤ᠂ ᠵᠠᠭᠤᠴᠢ ᠦᠢᠯᠡᠴᠢᠯᠡᠭᠡ ᠳᠤ ᠬᠤᠯᠪᠤᠭᠳᠠᠬᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠨᠢᠭᠡ ᠨᠢᠭᠡ ᠪᠠᠷ ᠵᠣᠬᠢᠴᠠᠭᠤᠯᠤᠨ ᠵᠣᠬᠢᠴᠠᠭᠤᠯᠵᠤ᠂ ᠡᠷᠬᠡ ᠶᠢᠨ ᠢᠷᠡᠯᠲᠡ ᠶᠢ ᠴᠥᠮ ᠲᠣᠳᠣᠷᠬᠠᠶ ᠦᠨᠳᠦᠰᠦᠯᠡᠯ ᠲᠠᠢ ᠪᠠᠶᠢᠯᠭᠠᠬᠤ ᠶᠢ ᠦᠨᠡᠨ ᠬᠦ ᠪᠠᠲᠤᠯᠠᠪᠠ᠃
ᠭᠢᠯᠠᠰ ᠴᠡᠭ 3᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠠᠢ ᠨᠢᠭᠲᠠ ᠤᠶᠠᠯᠳᠤᠭᠤᠯᠵᠠᠢ᠃
︽ᠨᠠᠷᠢᠨ ᠳᠠᠩᠰᠠ︾ ᠶᠢᠨ ᠳᠣᠲᠣᠷᠠᠬᠢ ᠵᠠᠭᠤᠴᠢ ᠦᠢᠯᠡᠴᠢᠯᠡᠭᠡᠨ ᠤ ᠵᠦᠢᠯᠡᠰ ᠢ ᠪᠥᠬᠦ ᠣᠷᠣᠨ ᠤ ᠨᠢᠭᠡ ᠴᠤᠭᠴᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠬᠡᠷᠡᠭ ᠭᠦᠢᠴᠡᠳᠬᠡᠬᠦ ᠵᠦᠭᠯᠡᠭᠦᠷ ᠯᠦᠭᠡ ᠠᠭᠤᠰᠤᠯᠴᠠᠭᠤᠯᠤᠨ᠂ ᠠᠵᠤ ᠠᠬᠤᠶᠢᠯᠠᠯ ᠪᠠ ᠠᠷᠠᠳ ᠣᠯᠠᠨ ᠪᠥᠬᠦ ᠣᠷᠣᠨ ᠤ ᠨᠢᠭᠡ ᠴᠤᠭᠴᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ — ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠡᠭᠡᠷ᠎ᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠬᠡᠬᠦ ᠪᠠᠷ ᠳᠠᠮᠵᠢᠨ᠂ ᠵᠣᠬᠢᠬᠤ ᠵᠠᠭᠤᠴᠢ ᠦᠢᠯᠡᠴᠢᠯᠡᠭᠡᠨ ᠤ ᠵᠦᠢᠯᠡᠰ ᠤᠨ ᠬᠠᠮᠢᠶ᠎ᠠ ᠪᠥᠬᠦᠶ ᠮᠡᠳᠡᠭᠡ ᠵᠠᠩᠭᠢ ᠶᠢ ᠣᠯᠵᠤ ᠬᠠᠷᠠᠬᠤ ᠪᠣᠯᠵᠤ᠂ ︽ᠨᠠᠷᠢᠨ ᠲᠠᠩᠰᠠ︾ ᠶᠢ ᠨᠠᠩ ᠠᠮᠢᠳᠤᠯᠢᠭ ᠪᠣᠯᠭᠠᠵᠤ᠂ ᠪᠣᠳᠠᠲᠠᠶ ᠠᠵᠢᠯ ᠶᠠᠪᠤᠳᠠᠯ ᠭᠦᠢᠴᠡᠳᠬᠡᠬᠦ ᠲᠠᠢ ᠤᠶᠠᠯᠳᠤᠭᠤᠯᠤᠨ᠂ ᠦᠨᠡᠨ ᠬᠦ ᠬᠡᠷᠡᠭᠯᠡᠵᠦ ᠴᠢᠳᠠᠬᠤ ᠪᠣᠯᠭᠠᠭᠰᠠᠨ ᠪᠠᠶᠢᠨ᠎ᠠ᠃
ᠭᠢᠯᠠᠰ ᠴᠡᠭ 4᠄ ᠲᠣᠰ ᠱᠠᠲᠤᠨ ᠤ ᠵᠠᠭᠤᠴᠢ ᠦᠢᠯᠡᠴᠢᠯᠡᠭᠡᠨ ᠤ ᠬᠡᠲᠦ ᠳᠡᠯᠭᠡᠭᠦᠷ ᠤᠨ ᠬᠡᠷᠡᠭᠯᠡᠯᠲᠡ ᠳᠤ ᠰᠠᠭᠤᠷᠢ ᠲᠠᠯᠪᠢᠵᠤ ᠥᠭᠪᠡ᠃
︽ᠨᠠᠷᠢᠨ ᠲᠠᠩᠰᠠ︾ ᠨᠡᠶᠢᠲᠡᠯᠡᠭᠳᠡᠭᠰᠡᠨ ᠤ ᠳᠠᠷᠠᠭ᠎ᠠ᠂ ︽ᠨᠠᠷᠢᠨ ᠲᠠᠩᠰᠠ︾ ᠳᠤ ᠵᠢᠭᠰᠠᠭᠠᠭᠳᠠᠭᠰᠠᠨ ᠵᠠᠭᠤᠴᠢ ᠦᠢᠯᠡᠴᠢᠯᠡᠭᠡᠨ ᠤ ᠵᠦᠢᠯᠡᠰ ᠢᠶᠠᠷ ᠰᠠᠭᠤᠷᠢ ᠪᠣᠯᠭᠠᠵᠤ᠂ ᠪᠥᠬᠦ ᠣᠷᠣᠨ ᠤ ᠨᠢᠭᠡ ᠴᠤᠭᠴᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠭᠤᠴᠢ ᠦᠢᠯᠡᠴᠢᠯᠡᠭᠡᠨ ᠤ ᠬᠡᠲᠦ ᠳᠡᠯᠭᠡᠭᠦᠷ ᠢ ᠡᠬᠢᠯᠡᠨ ᠬᠡᠷᠡᠭᠯᠡᠨ᠎ᠡ᠃ ᠤᠯᠤᠰ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠪᠠ ᠬᠤᠳᠠᠯᠳᠤᠭ᠎ᠠ ᠡᠵᠡᠩᠨᠡᠬᠦ ᠣᠷᠴᠢᠨ ᠨᠥᠭᠦᠴᠡᠯ ᠢ ᠰᠢᠯᠢᠳᠡᠭᠵᠢᠭᠦᠯᠬᠦ ᠠᠵᠢᠯ ᠤᠨ ᠱᠠᠭᠠᠷᠳᠠᠯᠭ᠎ᠠ ᠶᠣᠰᠣᠭᠠᠷ᠂ ᠠᠵᠤ ᠠᠬᠤᠶᠢᠯᠠᠯ ᠠᠷᠠᠳ ᠣᠯᠠᠨ᠂ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ᠂ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠵᠠᠭᠤᠴᠢ ᠦᠢᠯᠡᠴᠢᠯᠡᠭᠡᠨ ᠤ ᠬᠡᠲᠦ ᠳᠡᠯᠭᠡᠭᠦᠷ ᠢ ᠬᠡᠷᠡᠭᠯᠡᠬᠦ ᠶᠢ ᠠᠯᠬᠤᠮ ᠠᠯᠬᠤᠮ ᠢᠶᠠᠷ ᠠᠬᠢᠭᠤᠯᠵᠤ᠂ ᠬᠡᠲᠦ ᠳᠡᠯᠭᠡᠭᠦᠷ ᠢᠶᠠᠷ ᠳᠠᠮᠵᠢᠭᠤᠯᠤᠨ ᠵᠠᠭᠤᠴᠢ ᠦᠢᠯᠡᠴᠢᠯᠡᠭᠡᠨ ᠢ ᠰᠣᠩᠭᠤᠨ ᠠᠪᠴᠤ᠂ ᠵᠠᠭᠤᠴᠢ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠤᠳᠠᠯᠳᠤᠭ᠎ᠠ ᠡᠵᠡᠩᠨᠡᠬᠦ ᠣᠷᠴᠢᠨ ᠨᠥᠭᠦᠴᠡᠯ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠬᠦ ᠪᠣᠯᠤᠨ᠎ᠠ᠃