ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠴᠠᠯᠢᠭ ᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2022/4/24

ᠦᠪᠣᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ

      ᠥᠪᠥᠷ ᠵᠠᠰᠠᠭ ᠠᠯᠪᠠᠨ ᠲᠠᠷᠬᠠᠭᠠᠭᠰᠠᠨ ﹇2022﹈ 2 ᠳ᠋ᠤᠭᠠᠷ ᠲᠣᠭᠠᠲᠤ

      ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠴᠠᠯᠢᠭ ᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ

      ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄

      ︽ᠬᠢᠲᠠᠳ ᠡᠮ ᠡᠮᠨᠡᠯᠭᠡ ᠶᠢᠨ ᠣᠨᠴᠠᠯᠢᠭ ᠲᠠᠢ ᠬᠥᠭᠵᠢᠯᠲᠡ ᠶᠢ ᠲᠦᠷᠭᠡᠳᠬᠡᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2021﹈ 3 ᠳ᠋ᠤᠭᠠᠷ ᠲᠣᠭᠠᠲᠤ︶ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠥᠪᠡᠷᠮᠢᠴᠡ ᠣᠨᠴᠠᠯᠢᠭ ᠲᠠᠢ ᠡᠷᠡᠭᠦᠯ ᠬᠠᠮᠠᠭᠠᠯᠠᠯ ᠤᠨ ᠡᠬᠢ ᠪᠠᠶᠠᠯᠢᠭ᠂ ᠳᠠᠯᠳᠠ ᠬᠦᠴᠦᠨ ᠢᠶᠠᠷ ᠯᠤᠲᠤ ᠶᠡᠭᠡ ᠲᠠᠢ ᠠᠵᠤ ᠠᠬᠤᠶ ᠶᠢᠨ ᠡᠬᠢ ᠪᠠᠶᠠᠯᠢᠭ᠂ ᠠᠩᠬᠠᠨ ᠤ ᠡᠭᠦᠳᠦᠯᠲᠡ ᠶᠢᠨ ᠳᠠᠪᠠᠭᠤᠯᠢᠭ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠬᠢ ᠪᠠᠶᠠᠯᠢᠭ᠂ ᠰᠢᠯᠢᠳᠡᠭ ᠰᠣᠶᠣᠯ ᠤᠨ ᠡᠬᠢ ᠪᠠᠶᠠᠯᠢᠭ ᠪᠠ ᠴᠢᠬᠤᠯᠠ ᠠᠮᠢ ᠠᠬᠤᠶ ᠶᠢᠨ ᠡᠬᠢ ᠪᠠᠶᠠᠯᠢᠭ ᠤᠨ ᠳᠠᠪᠠᠭᠤᠯᠢᠭ ᠢ ᠰᠠᠶᠢᠲᠤᠷ ᠪᠠᠳᠠᠷᠠᠭᠤᠯᠤᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠳᠤᠤᠷᠠᠬᠢ ᠮᠡᠲᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠤᠷᠠᠳᠪᠠ᠃

      ᠨᠢᠭᠡ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠴᠢᠳᠠᠪᠤᠷᠢᠲᠠᠨ ᠢ ᠬᠥᠮᠦᠵᠢᠭᠦᠯᠬᠦ ᠪᠠᠨ ᠴᠢᠩᠭᠠᠳᠬᠠᠬᠤ ᠬᠡᠷᠡᠭᠲᠡᠢ

      ︵ᠨᠢᠭᠡ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠤᠷᠭᠠᠨ ᠬᠥᠮᠦᠵᠢᠯ ᠤᠨ ᠪᠦᠬᠦᠯᠢ ᠴᠣᠭᠴᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠨᠠᠭᠠᠬᠤ ᠤᠬᠠᠭᠠᠨ ᠤ ᠶᠡᠭᠡ ᠳᠡᠭᠡᠳᠦ ᠰᠤᠷᠭᠠᠭᠤᠯᠢ ᠳᠠᠬᠢ ᠬᠢᠲᠠᠳ ᠠᠨᠠᠭᠠᠬᠤ ᠤᠬᠠᠭᠠᠨ ︵ᠮᠣᠩᠭᠤᠯ ᠠᠨᠠᠭᠠᠬᠤ ᠤᠬᠠᠭᠠᠨ︶ ᠤ ᠬᠢᠴᠢᠶᠡᠯ ᠰᠢᠨᠵᠢᠯᠡᠭᠡᠨ ᠤ ᠲᠤᠰᠬᠠᠶ ᠮᠡᠷᠭᠡᠵᠢᠯ ᠤᠨ ᠪᠠᠶᠢᠷᠢᠰᠢᠭᠤᠯᠤᠯ ᠢ ᠲᠣᠬᠢᠷᠠᠭᠤᠯᠤᠨ ᠰᠢᠯᠢᠳᠡᠭᠵᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠢᠴᠢᠶᠡᠯ ᠢᠶᠠᠷ ᠭᠤᠣᠯ ᠪᠣᠯᠭᠠᠭᠰᠠᠨ᠂ ᠤᠷᠢᠳ ᠢᠶᠠᠷ ᠬᠢᠲᠠᠳ ︵ᠮᠣᠩᠭᠤᠯ︶ ᠡᠮᠨᠡᠯᠭᠡ ᠳᠠᠷᠠᠭ᠎ᠠ ᠨᠢ ᠡᠸᠦ᠋ᠷᠦᠫᠡ ᠡᠮᠨᠡᠯᠭᠡ ᠶᠢᠨ ᠲᠤᠰᠬᠠᠶ ᠮᠡᠷᠭᠡᠵᠢᠯ ᠤᠨ ᠬᠢᠴᠢᠶᠡᠯ ᠤᠨ ᠲᠣᠭᠲᠠᠯᠴᠠᠭ᠎ᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠳᠠᠬᠢ ᠬᠢᠵᠢᠭ ᠡᠪᠡᠳᠴᠢᠨ ᠤ ᠬᠢᠴᠢᠶᠡᠯ ᠢ ᠨᠡᠮᠡᠵᠦ ᠲᠣᠬᠢᠷᠠᠭᠤᠯᠬᠤ ᠬᠡᠷᠡᠭᠲᠡᠢ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠳᠠᠭᠠᠭᠤᠯᠤᠭᠴᠢ ᠴᠢᠳᠠᠪᠤᠷᠢᠲᠠᠨ ᠢ ᠰᠢᠯᠢᠨ ᠳᠡᠪᠰᠢᠭᠦᠯᠵᠦ ᠬᠥᠮᠦᠵᠢᠭᠦᠯᠬᠦ ᠪᠠᠨ ᠴᠢᠩᠭᠠᠳᠬᠠᠬᠤ ᠬᠡᠷᠡᠭᠲᠡᠢ᠃ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠰᠡᠳᠬᠢᠬᠦᠶ ᠲᠠᠢ ᠪᠣᠯᠭᠠᠬᠤ ᠪᠠ ᠡᠮᠴᠢᠯᠡᠭᠡᠨ ᠤ ᠮᠡᠷᠭᠡᠵᠢᠯ ᠴᠢᠳᠠᠪᠤᠷᠢ ᠶᠢ ᠨᠢ ᠪᠣᠯᠪᠠᠰᠤᠷᠠᠭᠤᠯᠬᠤ ᠶᠢ ᠰᠤᠷᠤᠭᠴᠢᠳ ᠤᠨ ᠰᠤᠷᠤᠯᠭ᠎ᠠ ᠳᠤ ᠦᠨᠡᠯᠡᠯᠲᠡ ᠬᠢᠬᠦ ᠶᠢᠨ ᠭᠤᠣᠯ ᠠᠭᠤᠯᠭ᠎ᠠ ᠪᠣᠯᠭᠠᠬᠤ ᠬᠡᠷᠡᠭᠲᠡᠢ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠶᠡᠭᠡ ᠳᠡᠭᠡᠳᠦ ᠰᠤᠷᠭᠠᠭᠤᠯᠢ ᠶᠢᠨ ︽ᠬᠤᠣᠰ ᠲᠡᠷᠢᠭᠦᠨ ᠳᠡᠰ︾ ᠤᠨ ᠪᠠᠶᠢᠭᠤᠯᠤᠯᠲᠠ ᠶᠢ ᠳᠠᠮᠵᠢᠵᠤ᠂ ᠤᠯᠤᠰ ᠤᠨ ᠲᠡᠰ ᠤᠨ ᠪᠠ ᠥᠪᠡᠷᠲᠡᠭᠡᠨ ᠵᠠᠰᠠᠬᠤ ᠣᠷᠣᠨ ᠤ ᠲᠡᠰ ᠤᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠲᠡᠷᠢᠭᠦᠨ ᠲᠡᠰ ᠤᠨ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠢ ᠪᠤᠢ ᠪᠣᠯᠭᠠᠬᠤ ᠬᠡᠷᠡᠭᠲᠡᠢ᠃ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠪᠡᠶ᠎ᠡ ᠰᠤᠪᠢᠯᠠᠬᠤ ᠤᠬᠠᠭᠠᠨ᠂ ᠶᠠᠰᠤᠨ ᠤ ᠭᠡᠮᠲᠦᠯ ᠤᠨ ᠤᠬᠠᠭᠠᠨ᠂ ᠡᠷᠡᠭᠦᠯᠵᠢᠭᠦᠯᠬᠦ ᠤᠬᠠᠭᠠᠨ᠂ ᠡᠮᠴᠢᠯᠡᠭᠡᠨ ᠤ ᠤᠬᠠᠭᠠᠨ᠂ ᠰᠡᠳᠬᠢᠴᠡ ᠵᠦᠶ᠂ ᠬᠢᠲᠠᠳ ︵ᠮᠣᠩᠭᠤᠯ︶ ᠧᠦ᠋ᠷᠣᠫᠠ ᠡᠮᠨᠡᠯᠭᠡ ᠶᠢ ᠤᠶᠠᠯᠳᠤᠭᠤᠯᠬᠤ ᠵᠡᠷᠭᠡ ᠵᠢᠩᠬᠢᠨᠢ ᠠᠩᠭᠢ ᠶᠢᠨ ᠲᠤᠰᠬᠠᠶ ᠮᠡᠷᠭᠡᠵᠢᠯ ᠢ ᠲᠣᠬᠢᠷᠠᠭᠤᠯᠵᠤ ᠪᠠᠶᠢᠭᠤᠯᠬᠤ ᠬᠡᠷᠡᠭᠲᠡᠢ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠲᠣᠭᠲᠠᠴᠠ ᠪᠠ ᠬᠥᠮᠦᠵᠢᠭᠦᠯᠬᠦ ᠠᠭᠤᠯᠭ᠎ᠠ ᠶᠢ ᠥᠭᠡᠷᠡᠴᠢᠯᠡᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠥᠨᠳᠥᠷ ᠬᠢᠷᠢ ᠲᠦᠪᠰᠢᠨ ᠲᠠᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠲᠤᠰᠬᠠᠶ ᠮᠡᠷᠭᠡᠵᠢᠯ ︵ᠪᠦᠯᠦᠭᠵᠢᠯ︶ ᠤᠨ ᠪᠠᠶᠢᠭᠤᠯᠤᠯᠲᠠ ᠶᠢ ᠳᠡᠮᠵᠢᠬᠦ ᠬᠡᠷᠡᠭᠲᠡᠢ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠰᠢᠯᠢᠳᠡᠭ ᠰᠠᠶᠢᠨ ᠢ ᠬᠥᠮᠥᠵᠢᠭᠦᠯᠬᠦ ᠠᠵᠢᠯᠯᠠᠭᠠᠨ ᠤ ᠲᠥᠯᠥᠪᠯᠡᠭᠡ ᠶᠢ ᠥᠷᠨᠢᠭᠦᠯᠵᠦ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠨᠥᠬᠦᠴᠡᠯ ᠳᠤ ᠨᠡᠶᠢᠴᠡᠬᠦ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠨᠡᠯᠭᠡ ᠶᠢᠨ ᠬᠤᠷᠢᠶ᠎ᠠ ᠶᠢ ᠳᠡᠮᠵᠢᠵᠦ ᠪᠠᠶᠢᠭᠠᠳ ᠠᠨᠠᠭᠠᠬᠤ ᠤᠬᠠᠭᠠᠨ ᠤ ᠶᠡᠭᠡ ᠳᠡᠭᠡᠳᠦ ᠰᠤᠷᠭᠠᠭᠤᠯᠢ ᠶᠢᠨ ᠡᠮᠴᠢᠯᠡᠭᠡᠨ ᠤ ᠵᠢᠭᠠᠨ ᠰᠤᠷᠭᠠᠯᠲᠠ ᠶᠢᠨ ᠰᠠᠭᠤᠷᠢᠨ ᠭᠠᠵᠠᠷ ᠢ ᠪᠠᠶᠢᠭᠤᠯᠵᠤ᠂ ᠨᠢᠭᠡ ᠪᠦᠯᠦᠭ ᠡᠮᠴᠢᠯᠡᠭᠡᠨ ᠤ ᠵᠢᠭᠠᠨ ᠰᠤᠷᠭᠠᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠣᠶ ᠪᠣᠯᠭᠠᠬᠤ ᠬᠡᠷᠡᠭᠲᠡᠢ᠃ ᠨᠥᠬᠦᠴᠡᠯ ᠳᠤ ᠨᠡᠶᠢᠴᠡᠬᠦ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠰᠠᠯᠠᠭ᠎ᠠ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠭᠦᠳᠡᠨ ᠡᠮᠨᠡᠯᠭᠡ ᠶᠢᠨ ᠭᠠᠵᠠᠷ ᠵᠢᠴᠢ ᠡᠮᠨᠡᠬᠦ ᠭᠠᠵᠠᠷ ᠵᠡᠷᠭᠡ ᠳᠤ ᠡᠮᠴᠢᠯᠡᠭᠡᠨ ᠤ ᠵᠢᠭᠠᠨ ᠰᠤᠷᠭᠠᠯᠲᠠ ᠶᠢᠨ ᠲᠣᠭᠲᠠᠯᠴᠠᠭ᠎ᠠ ᠶᠢ ᠣᠷᠣᠭᠤᠯᠬᠤ ᠪᠠᠨ ᠵᠥᠪᠰᠢᠶᠡᠷᠡᠬᠦ ᠬᠡᠷᠡᠭᠲᠡᠢ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠲᠥᠷᠥᠯ ᠤᠨ ᠮᠡᠷᠭᠡᠵᠢᠯ ᠴᠢᠳᠠᠪᠤᠷᠢ ᠶᠢᠨ ᠮᠥᠷᠥᠶᠢᠴᠡᠭᠡᠨ ᠢ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠢᠭᠤᠴᠠᠨ᠎ᠠ᠂ ᠲᠡᠷᠢᠭᠦᠨ ᠳᠤ ᠵᠢᠭᠰᠠᠭᠠᠭᠳᠠᠭᠰᠠᠨ ᠨᠢ ᠲᠦᠷᠦᠭᠦᠯᠡᠨ ᠬᠢᠬᠦ ᠨᠢᠭᠡᠴᠢ ᠪᠣᠯᠤᠨ᠎ᠠ᠂ ᠳᠣᠷᠣᠭᠰᠢ ᠠᠳᠠᠯᠢ︶

      ︵ᠬᠤᠶᠠᠷ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠪᠠᠭᠰᠢ ᠠᠴᠠ ᠤᠯᠠᠮᠵᠢᠯᠠᠬᠤ ᠰᠤᠷᠭᠠᠨ ᠬᠥᠮᠦᠵᠢᠯ ᠢ ᠬᠥᠭᠵᠢᠭᠦᠯᠬᠦ ᠪᠠᠨ ᠪᠠᠷᠢᠮᠲᠠᠯᠠᠬᠤ ᠬᠡᠷᠡᠭᠲᠡᠢ᠃ ᠣᠯᠠᠨ ᠳᠡᠰ ᠳᠠᠪᠬᠤᠷᠭ᠎ᠠ ᠶᠢᠨ ᠡᠷᠳᠡᠮ ᠰᠢᠨᠵᠢᠯᠡᠭᠡᠨ ᠤ ᠲᠤᠷᠰᠢᠯᠭ᠎ᠠ ᠤᠯᠠᠮᠵᠢᠯᠠᠬᠤ᠂ ᠨᠡᠷᠡᠲᠡᠢ ᠠᠬᠠᠮᠠᠳ ᠲᠤᠰᠬᠠᠶ ᠮᠡᠷᠭᠡᠵᠢᠯᠲᠡᠨ ᠤ ᠡᠷᠳᠡᠮ ᠤᠯᠠᠮᠵᠢᠯᠠᠬᠤ ᠠᠵᠢᠯ ᠤᠨ ᠲᠠᠰᠤᠭ ᠤᠨ ᠵᠠᠯᠭᠠᠮᠵᠢᠯᠠᠭᠴᠢ ᠬᠥᠮᠦᠵᠢᠭᠦᠯᠬᠦ ᠵᠡᠷᠭᠡ ᠴᠢᠳᠠᠪᠤᠷᠢᠲᠠᠨ ᠬᠥᠮᠦᠵᠢᠭᠦᠯᠬᠦ ᠲᠥᠷᠥᠯ ᠵᠦᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠪᠠᠭᠰᠢ ᠱᠠᠪᠢ ᠳᠠᠭᠠᠭᠤᠯᠬᠤ ᠬᠡᠪᠴᠢᠶ᠎ᠡ ᠪᠠ ᠲᠤᠭ᠎ᠠ ᠶᠢ ᠥᠷᠭᠡᠳᠬᠡᠨ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠶᠠᠰᠤ ᠴᠢᠨᠠᠷ ᠢ ᠳᠡᠭᠡᠭᠰᠢᠯᠡᠭᠦᠯᠦᠨ᠂ ᠪᠠᠭᠰᠢ ᠠᠴᠠ ᠤᠯᠠᠮᠵᠢᠯᠠᠬᠤ ᠰᠤᠷᠭᠠᠨ ᠬᠥᠮᠦᠵᠢᠯ ᠢ ᠡᠮᠴᠢᠯᠡᠭᠡᠨ ᠤ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃ ᠶᠡᠭᠡ ᠳᠡᠭᠡᠳᠦ ᠵᠡᠷᠭᠡ ᠶᠢᠨ ᠰᠤᠷᠭᠠᠭᠤᠯᠢ ᠶᠢᠨ ︽ᠬᠤᠣᠰ ᠬᠢᠷᠢ ᠬᠡᠮ ᠲᠠᠢ︾ ᠪᠠᠭᠰᠢ ᠶᠢᠨ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠠᠭᠤᠷᠢ᠂ ᠰᠣᠩᠭᠤᠳᠠᠭ ᠬᠢᠴᠢᠶᠡᠯ ᠤᠨ ᠪᠠᠭᠰᠢ ᠵᠢᠴᠢ ᠡᠮᠴᠢᠯᠡᠭᠡᠨ ᠤ ᠪᠠᠭᠰᠢ᠂ ᠪᠠᠭᠰᠢ ᠠᠴᠠ ᠤᠯᠠᠮᠵᠢᠯᠠᠬᠤ ᠵᠢᠯᠣᠭᠤᠳᠣᠭᠴᠢ ᠪᠠᠭᠰᠢ ᠶᠢ ᠬᠥᠮᠦᠵᠢᠭᠦᠯᠬᠦ ᠪᠠᠨ ᠴᠢᠩᠭᠠᠳᠬᠠᠬᠤ ᠬᠡᠷᠡᠭᠲᠡᠢ᠃ ᠪᠠᠭᠰᠢᠯᠠᠭᠴᠢᠳ ᠤᠨ ᠬᠢᠴᠢᠶᠡᠯ ᠵᠢᠭᠠᠬᠤ᠂ ᠡᠮᠴᠢᠯᠡᠭᠡᠨ ᠢᠶᠠᠷ ᠳᠠᠭᠠᠭᠤᠯᠤᠨ ᠰᠤᠷᠭᠠᠬᠤ ᠳᠤ ᠤᠷᠮᠠᠰᠢᠭᠤᠯᠬᠤ ᠲᠣᠭᠲᠠᠴᠠ ᠶᠢ ᠪᠥᠷᠢᠨᠰᠢᠬᠦᠯᠵᠤ᠂ ᠠᠮᠵᠢᠯᠲᠠ ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠶᠢ ᠱᠠᠪᠢ ᠳᠠᠭᠠᠭᠤᠯᠬᠤ ᠡᠭᠦᠷᠭᠡ ᠡᠭᠦᠷᠭᠡᠯᠡᠭᠰᠡᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠶᠡᠭᠡ ᠡᠮᠴᠢ ᠲᠡᠶᠢᠰᠢ ᠵᠣᠬᠢᠰᠲᠠᠢ ᠬᠡᠯᠪᠡᠶᠢᠯᠭᠡᠬᠦ ᠬᠡᠷᠡᠭᠲᠡᠢ᠃ ᠨᠥᠬᠦᠴᠡᠯ ᠳᠤ ᠨᠡᠶᠢᠴᠡᠬᠦ ᠵᠠᠯᠭᠠᠮᠵᠢᠯᠠᠭᠴᠢ ᠶᠢᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠲᠤᠰᠬᠠᠶ ᠮᠡᠷᠭᠡᠵᠢᠯ ᠤᠨ ᠡᠷᠳᠡᠮ ᠤᠨ ᠴᠣᠯᠠ ᠶᠢᠨ ᠰᠢᠯᠭᠠᠯᠲᠠ ᠶᠢᠨ ᠬᠢᠴᠢᠶᠡᠯ ᠲᠥᠷᠥᠯ ᠳᠤ ᠠᠨᠠᠭᠠᠬᠤ ᠤᠬᠠᠭᠠᠨ ᠤ ᠡᠷᠲᠡᠨ ᠤ ᠬᠢᠲᠡᠳ ᠥᠰᠥᠭ ᠤᠨ ᠰᠢᠯᠭᠠᠯᠲᠠ ᠪᠠᠷ ᠭᠠᠳᠠᠭᠠᠳᠤ ᠬᠡᠯᠡᠨ ᠤ ᠰᠢᠯᠭᠠᠯᠲᠠ ᠶᠢ ᠣᠷᠣᠯᠠᠭᠤᠯᠵᠤ ᠠᠳᠠᠯᠢ ᠵᠡᠷᠭᠡ ᠶᠢᠨ ᠡᠷᠳᠡᠮ ᠴᠢᠳᠠᠪᠤᠷᠢ ᠭᠤᠶᠤᠴᠢᠯᠠᠬᠤ ᠶᠢ ᠨᠢ ᠳᠡᠮᠵᠢᠬᠦ ᠬᠡᠷᠡᠭᠲᠡᠢ᠃ ᠪᠠᠭᠰᠢ ᠠᠴᠠ ᠤᠯᠠᠮᠵᠢᠯᠠᠬᠤ ᠰᠤᠷᠭᠠᠨ ᠬᠥᠮᠦᠵᠢᠯ ᠬᠢᠭᠡᠳ ᠠᠳᠠᠯᠢ ᠵᠡᠷᠭᠡ ᠶᠢᠨ ᠡᠷᠳᠡᠮ ᠴᠢᠳᠠᠪᠤᠷᠢ ᠶᠢᠨ ᠰᠤᠷᠭᠠᠨ ᠬᠥᠮᠦᠵᠢᠯ ᠢ ᠤᠶᠠᠯᠳᠤᠭᠤᠯᠤᠭᠰᠠᠨ ᠴᠢᠳᠠᠪᠤᠷᠢᠲᠠᠨ ᠬᠥᠮᠦᠵᠢᠭᠦᠯᠬᠦ ᠲᠣᠭᠲᠠᠴᠠ ᠶᠢ ᠰᠦᠪᠡᠭᠴᠢᠯᠡᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠤᠷᠭᠠᠨ ᠬᠥᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶

      ︵ᠭᠤᠷᠪᠠ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠴᠢᠳᠠᠪᠤᠷᠢᠲᠠᠨ ᠢ ᠦᠨᠡᠯᠡᠬᠦ ᠪᠠ ᠤᠷᠮᠠᠰᠢᠭᠤᠯᠬᠤ ᠶᠢ ᠨᠢ ᠴᠢᠩᠭᠠᠳᠬᠠᠬᠤ ᠬᠡᠷᠡᠭᠲᠡᠢ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠵᠢᠮ᠎ᠡ ᠶᠣᠰᠣᠨ ᠳᠤ ᠨᠡᠶᠢᠴᠡᠭᠰᠡᠨ ᠴᠢᠳᠠᠪᠤᠷᠢᠲᠠᠨ ᠢ ᠦᠨᠡᠯᠡᠬᠦ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠰᠢᠯᠢᠳᠡᠭ ᠴᠢᠳᠠᠪᠤᠷᠢᠲᠠᠨ ᠢ ᠦᠨᠡᠯᠡᠬᠦ ᠪᠠ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ᠂ ᠡᠮᠴᠢᠯᠡᠭᠡᠨ ᠤ ᠴᠢᠳᠠᠪᠤᠷᠢ᠂ ᠡᠮᠴᠢ ᠶᠢᠨ ᠮᠣᠷᠠᠯ ᠰᠤᠷᠲᠠᠯ ᠢ ᠮᠡᠷᠭᠡᠵᠢᠯ ᠤᠨ ᠴᠣᠯᠠ ᠰᠢᠯᠭᠠᠷᠠᠭᠤᠯᠤᠨ ᠲᠣᠭᠲᠠᠭᠠᠬᠤ᠂ ᠠᠮᠵᠢᠯᠲᠠ ᠪᠦᠲᠦᠮᠵᠢ ᠶᠢ ᠰᠢᠯᠭᠠᠨ ᠬᠢᠨᠠᠬᠤ᠂ ᠴᠠᠯᠢᠩ ᠬᠥᠯᠥᠰᠥ ᠪᠠᠷ ᠱᠠᠩᠨᠠᠬᠤ᠂ ᠲᠤᠰᠢᠶᠠᠯ ᠳᠤ ᠳᠡᠪᠰᠢᠭᠦᠯᠬᠦ ᠶᠢᠨ ᠭᠤᠤᠯ ᠦᠨᠳᠦᠰᠦᠯᠡᠯ ᠪᠣᠯᠭᠠᠬᠤ ᠬᠡᠷᠡᠭᠲᠡᠢ᠃ ᠤᠯᠤᠰ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠴᠢᠳᠠᠪᠤᠷᠢᠲᠠᠨ ᠤ ᠢᠨᠵᠧᠨᠧᠷᠢᠩ ᠵᠡᠷᠭᠡ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠢ ᠲᠠᠨᠢᠯᠴᠠᠭᠤᠯᠬᠤ᠂ ᠰᠢᠯᠭᠠᠷᠠᠭᠤᠯᠬᠤ ᠠᠵᠢᠯ ᠳᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠴᠢᠳᠠᠪᠤᠷᠢᠲᠠᠨ ᠤ ᠠᠵᠢᠯ ᠳᠤ ᠲᠤᠰᠠᠭᠠᠷ ᠲᠥᠯᠥᠪᠯᠡᠭᠡ ᠲᠣᠭᠲᠠᠭᠠᠵᠤ᠂ ᠲᠤᠰᠠᠭᠠᠷ ᠦᠨᠡᠯᠡᠬᠦ ᠶᠢ ᠰᠦᠪᠡᠭᠴᠢᠯᠡᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶

      ᠬᠤᠶᠠᠷ᠂ ᠬᠢᠲᠠᠳ ︵ᠮᠣᠩᠭᠤᠯ︶ ᠧᠦ᠋ᠷᠣᠫᠠ ᠡᠮᠨᠡᠯᠭᠡ ᠶᠢ ᠤᠶᠠᠯᠳᠤᠭᠤᠯᠬᠤ ᠳᠦᠷᠢᠮ ᠢᠶᠠᠨ ᠲᠡᠭᠦᠯᠳᠡᠷᠵᠢᠭᠦᠯᠬᠦ ᠬᠡᠷᠡᠭᠲᠡᠢ

      ︵ᠳᠥᠷᠪᠡ︶ ᠬᠢᠲᠠᠳ ︵ᠮᠣᠩᠭᠤᠯ︶ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠴᠢᠯᠡᠭᠡᠨ ᠤ ᠵᠠᠭᠪᠤᠷ ᠢ ᠲᠡᠭᠦᠯᠳᠡᠷᠵᠢᠭᠦᠯᠬᠦ ᠬᠡᠷᠡᠭᠲᠡᠢ᠃ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶ᠎ᠠ᠂ ᠲᠤᠰᠬᠠᠶ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠵᠢᠴᠢ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠰᠠᠯᠠᠭ᠎ᠠ ᠲᠠᠰᠤᠭ ᠤᠨ ᠬᠤᠭᠤᠷᠣᠨᠳᠣ᠂ ᠡᠮᠨᠡᠯᠭᠡ ᠶᠢᠨ ᠬᠤᠷᠢᠶ᠎ᠠ ᠶᠢᠨ ᠬᠤᠭᠤᠷᠣᠨᠳᠣ ᠪᠠ ᠡᠮᠴᠢᠯᠡᠭᠡᠨ ᠤ ᠬᠤᠯᠪᠣᠭᠠᠲᠤ ᠴᠣᠭᠴᠠ ᠶᠢᠨ ᠳᠣᠲᠣᠭᠠᠳᠤ ᠳᠠᠬᠢ ᠬᠠᠮᠵᠢᠯᠴᠠᠵᠤ ᠬᠤᠷᠰᠢᠭᠰᠠᠨ ᠬᠢᠲᠠᠳ ︵ᠮᠣᠩᠭᠤᠯ︶ ᠧᠦ᠋ᠷᠣᠫᠠ ᠡᠮᠨᠡᠯᠭᠡ ᠪᠠᠨ ᠤᠶᠠᠯᠳᠤᠭᠤᠯᠤᠨ ᠣᠨᠣᠰᠢᠯᠠᠵᠤ ᠡᠮᠨᠡᠬᠦ ᠵᠠᠭᠪᠤᠷ ᠢ ᠪᠠᠶᠢᠭᠤᠯᠵᠤ᠂ ᠨᠢᠭᠡ ᠪᠦᠯᠦᠭ ᠬᠢᠲᠠᠳ ︵ᠮᠣᠩᠭᠤᠯ︶ ᠧᠦ᠋ᠷᠣᠫᠠ ᠡᠮᠨᠡᠯᠭᠡ ᠶᠢᠨ ᠬᠠᠮᠵᠢᠯᠴᠠᠭᠰᠠᠨ ︽ᠬᠤᠰᠢᠭᠤᠴᠢ︾ ᠡᠮᠨᠡᠯᠭᠡ ᠶᠢᠨ ᠬᠤᠷᠢᠶ᠎ᠠ᠂ ︽ᠬᠤᠰᠢᠭᠤᠴᠢ︾ ᠰᠠᠯᠠᠭ᠎ᠠ ᠲᠠᠰᠤᠭ ᠪᠠ ︽ᠬᠤᠰᠢᠭᠤᠴᠢ︾ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠪᠣᠶ ᠪᠣᠯᠭᠠᠨ᠎ᠠ᠃ ᠬᠢᠲᠠᠳ ︵ᠮᠣᠩᠭᠤᠯ︶ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠠᠵᠢᠯ ᠤᠨ ᠦᠷ᠎ᠡ ᠪᠦᠲᠦᠮᠵᠢ ᠶᠢ ᠨᠢ ᠡᠮᠨᠡᠯᠭᠡ ᠶᠢᠨ ᠬᠤᠷᠢᠶᠠᠨ ᠤ ᠵᠡᠷᠭᠡ ᠳᠡᠰ ᠢ ᠰᠢᠯᠭᠠᠷᠠᠭᠤᠯᠤᠨ ᠲᠣᠭᠲᠠᠭᠠᠬᠤ ᠪᠠ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠣᠷᠣᠭᠤᠯᠬᠤ ᠬᠡᠷᠡᠭᠲᠡᠢ᠃ ᠬᠠᠮᠢᠶ᠎ᠠ ᠪᠦᠬᠦᠢ ᠡᠮᠴᠢᠯᠡᠭᠡᠨ ᠤ ᠪᠠᠶᠢᠭᠤᠯᠤᠮᠵᠢ ᠨᠢ ᠡᠮᠴᠢᠯᠡᠭᠡᠨ ᠤ ᠶᠡᠭᠡ ᠡᠮᠴᠢ ᠳᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠲᠤᠰᠬᠠᠶ ᠮᠡᠷᠭᠡᠵᠢᠯ ᠤᠨ ᠮᠡᠳᠡᠯᠭᠡ ᠶᠢᠨ ᠡᠭᠡᠯᠵᠢᠯᠡᠨ ᠪᠣᠯᠪᠠᠰᠤᠷᠠᠭᠤᠯᠤᠯ ᠬᠢᠵᠦ᠂ ᠲᠡᠳᠡᠨ ᠳᠤ ᠲᠣᠰ ᠰᠠᠯᠠᠭ᠎ᠠ ᠲᠠᠰᠤᠭ ᠤᠨ ᠲᠤᠰᠬᠠᠶ ᠮᠡᠷᠭᠡᠵᠢᠯ ᠤᠨ ᠬᠦᠷᠢᠶᠡᠨ ᠤ ᠡᠩ ᠤᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠣᠨᠣᠰᠢᠯᠠᠵᠤ ᠡᠮᠨᠡᠬᠦ ᠴᠢᠳᠠᠪᠤᠷᠢ ᠲᠠᠢ ᠪᠣᠯᠭᠠᠬᠤ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠢᠭᠤᠴᠠᠨ᠎ᠠ︶

      ︵ᠲᠠᠪᠤ︶ ᠬᠢᠲᠠᠳ ︵ᠮᠣᠩᠭᠤᠯ︶ ᠧᠦ᠋ᠷᠣᠫᠠ ᠡᠮᠨᠡᠯᠭᠡ ᠶᠢᠨ ᠬᠠᠮᠵᠢᠯᠴᠠᠵᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠪᠠ ᠮᠡᠷᠭᠡᠵᠢᠯ ᠤᠨ ᠲᠥᠰᠦᠯ ᠳᠤ ᠠᠭᠤᠰᠬᠠᠨ ᠣᠷᠣᠭᠤᠯᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠳᠤ ᠮᠠᠰᠢ ᠲᠦᠷᠭᠡᠨ ᠪᠥᠭᠡᠳ ᠪᠥᠬᠦ ᠲᠠᠯ᠎ᠠ ᠪᠠᠷ ᠣᠷᠣᠯᠴᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠪᠠ ᠠᠨᠠᠭᠠᠬᠤ ᠤᠬᠠᠭᠠᠨ ᠤ ᠪᠠᠴᠢᠮ ᠠᠪᠤᠷᠠᠨ ᠲᠤᠰᠠᠯᠠᠬᠤ ᠡᠩᠨᠡᠭᠡ ᠶᠢ ᠪᠠᠶᠢᠭᠤᠯᠵᠤ᠂ ᠤᠯᠤᠰ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠦᠨᠳᠦ ᠶᠡᠭᠡ ᠬᠡᠷᠡᠭ ᠪᠠ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠭᠤᠣᠯᠯᠠᠭᠴᠢ ᠴᠢᠳᠠᠪᠤᠷᠢᠲᠠᠨ ᠤ ᠬᠥᠮᠥᠷᠭᠡ ᠵᠢᠴᠢ ᠠᠪᠤᠷᠠᠨ ᠲᠤᠰᠠᠯᠠᠬᠤ ᠡᠩᠨᠡᠭᠡᠨ ᠤ ᠪᠠᠶᠢᠭᠤᠯᠤᠯᠲᠠ ᠳᠤ ᠢᠳᠡᠪᠬᠢᠲᠡᠶ ᠣᠷᠣᠯᠴᠠᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠳᠠᠷᠤᠬᠤ ᠣᠨᠣᠯ ᠮᠡᠷᠭᠡᠵᠢᠯ ᠤᠨ ᠠᠷᠭ᠎ᠠ ᠪᠠ ᠬᠠᠮᠢᠶ᠎ᠠ ᠪᠥᠬᠦᠶ ᠣᠲᠣ ᠦᠶ᠎ᠡ ᠶᠢᠨ ᠠᠨᠠᠭᠠᠬᠤ ᠤᠬᠠᠭᠠᠨ ᠤ ᠮᠡᠷᠭᠡᠵᠢᠯ ᠤᠨ ᠪᠣᠯᠪᠠᠰᠤᠷᠠᠯ ᠢ ᠴᠢᠩᠭᠠᠷᠠᠭᠤᠯᠬᠤ ᠬᠡᠷᠡᠭᠲᠡᠢ᠃ ᠡᠪᠡᠳᠴᠢᠨ ᠡᠮᠭᠡᠭ ᠢ ᠰᠡᠷᠭᠡᠶᠢᠯᠡᠨ ᠳᠠᠷᠤᠬᠤ ᠪᠠᠶᠢᠭᠤᠯᠤᠮᠵᠢ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠠᠯᠠᠭ᠎ᠠ ᠮᠥᠴᠢᠷ ᠪᠠ ᠲᠤᠰᠬᠠᠶ ᠮᠡᠷᠭᠡᠵᠢᠯᠲᠡᠨ ᠤ ᠡᠩᠨᠡᠭᠡ ᠶᠢ ᠲᠦᠷᠭᠡᠳᠬᠡᠨ ᠪᠠᠶᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠢᠭᠤᠴᠠᠨ᠎ᠠ︶

      ︵ᠵᠢᠷᠭᠤᠭ᠎ᠠ︶ ᠧᠦ᠋ᠷᠣᠫᠠ ᠡᠮᠨᠡᠯᠭᠡ ᠶᠢᠨ ᠬᠢᠨ ᠤ ᠬᠢᠲᠠᠳ ᠡᠮᠨᠡᠯᠭᠡ ︵ᠮᠣᠩᠭᠤᠯ ᠡᠮᠨᠡᠯᠭᠡ︶ ᠰᠤᠷᠬᠤ ᠳᠦᠷᠢᠮ ᠢ ᠲᠡᠭᠦᠯᠳᠡᠷᠵᠢᠭᠦᠯᠬᠦ ᠬᠡᠷᠡᠭᠲᠡᠶ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠢᠴᠢᠶᠡᠯ ᠢ ᠵᠢᠩᠬᠢᠨᠢ ᠠᠩᠭᠢ ᠶᠢᠨ ᠡᠮᠴᠢᠯᠡᠭᠡᠨ ᠤ ᠠᠨᠠᠭᠠᠬᠤ ᠤᠬᠠᠭᠠᠨ ᠤ ᠲᠥᠷᠥᠯ ᠤᠨ ᠲᠤᠰᠬᠠᠶ ᠮᠡᠷᠭᠡᠵᠢᠯ ᠤᠨ ᠵᠠᠪᠠᠯ ᠰᠤᠷᠬᠤ ᠬᠢᠴᠢᠶᠡᠯ ᠪᠠ ᠲᠡᠭᠦᠰᠬᠦ ᠳᠠᠳᠤᠯᠭ᠎ᠠ ᠶᠢᠨ ᠠᠭᠤᠯᠭ᠎ᠠ ᠳᠤ ᠣᠷᠣᠭᠤᠯᠵᠤ᠂ ᠬᠢᠴᠢᠶᠡᠯ ᠤᠨ ᠬᠢᠴᠢᠶᠡᠯᠯᠡᠬᠦ ᠴᠠᠭ ᠢ ᠨᠢ ᠨᠡᠮᠡᠭᠳᠡᠭᠦᠯᠬᠦ ᠬᠡᠷᠡᠭᠲᠡᠢ᠃ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠡᠮᠴᠢᠯᠡᠭᠡᠨ ᠤ ᠠᠨᠠᠭᠠᠬᠤ ᠤᠬᠠᠭᠠᠨ ᠤ ᠲᠤᠰᠬᠠᠶ ᠮᠡᠷᠭᠡᠵᠢᠯ ᠳᠤ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠰᠠᠭᠤᠷᠢ ᠪᠠ ᠲᠣᠬᠢᠷᠠᠬᠤ ᠮᠡᠷᠭᠡᠵᠢᠯ ᠤᠨ ᠵᠠᠪᠠᠯ ᠰᠤᠷᠬᠤ ᠬᠢᠴᠢᠶᠡᠯ ᠢ ᠨᠡᠭᠡᠭᠡᠬᠦ ᠬᠡᠷᠡᠭᠲᠡᠢ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠲᠤᠰᠬᠠᠶ ᠮᠡᠷᠭᠡᠵᠢᠯ ᠤᠨ ᠬᠢᠴᠢᠶᠡᠯ ᠤᠨ ᠲᠣᠭᠲᠠᠯᠴᠠᠭ᠎ᠠ ᠶᠢᠨ ᠥᠭᠡᠷᠡᠴᠢᠯᠡᠯᠲᠡ ᠶᠢ ᠠᠬᠢᠭᠤᠯᠵᠤ᠂ ᠰᠣᠩᠭᠤᠳᠠᠭ ᠬᠢᠴᠢᠶᠡᠯ᠂ ᠪᠠᠭᠰᠢ ᠨᠠᠷ ᠢ ᠳᠠᠭᠠᠵᠤ ᠰᠤᠷᠤᠯᠴᠠᠬᠤ᠂ ᠡᠮᠴᠢᠯᠡᠭᠡᠨ ᠤ ᠳᠠᠳᠤᠯᠭ᠎ᠠ ᠶᠢᠨ ᠬᠢᠴᠢᠶᠡᠯ ᠤᠨ ᠴᠠᠭ ᠤᠨ ᠬᠤᠪᠢ ᠶᠢᠨ ᠵᠢᠩ ᠢ ᠳᠡᠭᠡᠭᠰᠢᠯᠡᠭᠦᠯᠦᠨ᠂ ᠬᠢᠵᠢᠭ ᠡᠪᠡᠳᠴᠢᠨ ᠤ ᠲᠠᠯ᠎ᠠ ᠶᠢᠨ ᠬᠠᠮᠢᠶ᠎ᠠ ᠪᠥᠬᠦᠶ ᠬᠢᠴᠢᠶᠡᠯ ᠢ ᠨᠡᠮᠡᠵᠦ ᠲᠣᠬᠢᠷᠠᠭᠤᠯᠬᠤ ᠬᠡᠷᠡᠭᠲᠡᠢ᠃ ᠠᠨᠠᠭᠠᠬᠤ ᠤᠬᠠᠭᠠᠨ ᠤ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠶᠢᠨ ᠲᠣᠰ ᠵᠢᠯ ᠤᠨ ᠰᠢᠯᠢᠳᠡᠭ ᠲᠡᠭᠦᠰᠦᠭᠰᠡᠳ ᠢᠶᠠᠨ ᠰᠢᠯᠭᠠᠬᠤ ᠥᠬᠡᠶ ᠪᠠᠷ ᠠᠰᠫᠢᠷᠠᠨᠲ ᠢᠶᠠᠷ ᠲᠠᠨᠢᠯᠴᠠᠭᠤᠯᠤᠨ ᠰᠣᠷᠣᠯᠴᠠᠭᠤᠯᠬᠤ ᠬᠢᠷᠢ ᠬᠡᠮ ᠣᠯᠭᠤᠬᠤ ᠶᠢ ᠨᠢ ᠳᠡᠮᠵᠢᠬᠦ ᠬᠡᠷᠡᠭᠲᠡᠢ᠃ ᠶᠢᠰᠦᠨ ᠵᠢᠯ ᠤᠨ ᠳᠦᠷᠢᠮᠲᠦ ᠬᠢᠲᠠᠳ ︵ᠮᠣᠩᠭᠤᠯ︶ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠵᠢᠩᠬᠢᠨᠢ ᠠᠩᠭᠢ ᠠᠴᠠ ᠠᠰᠫᠢᠷᠠᠨᠲ ᠳ᠋ᠣᠺᠲ᠋ᠣᠷ ᠢ ᠦᠷᠭᠦᠯᠵᠢᠯᠡᠨ ᠰᠤᠷᠤᠯᠴᠠᠭᠤᠯᠬᠤ ᠵᠢᠴᠢ ᠧᠦ᠋ᠷᠣᠫᠠ ᠡᠮᠨᠡᠯᠭᠡ ᠬᠢᠨ ᠤ ᠬᠢᠲᠠᠳ ︵ᠮᠣᠩᠭᠤᠯ︶ ᠡᠮᠨᠡᠯᠭᠡ ᠰᠣᠷᠬᠤ ᠤᠷᠳᠤ ᠰᠤᠷᠤᠯᠭ᠎ᠠ ᠶᠢᠨ ᠬᠤᠭᠤᠴᠠᠭᠠᠨ ᠤ ᠳᠦᠷᠢᠮᠲᠦ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠰᠦᠪᠡᠭᠴᠢᠯᠡᠨ ᠥᠷᠨᠢᠭᠦᠯᠵᠦ᠂ ᠤᠷᠲᠤ ᠰᠤᠷᠤᠯᠭ᠎ᠠ ᠶᠢᠨ ᠬᠤᠭᠤᠴᠠᠭᠠᠨ ᠤ ᠳᠦᠷᠢᠮᠲᠦ ᠰᠤᠷᠤᠭᠴᠢᠳ ᠢ ᠰᠤᠳᠤᠯᠬᠤ ᠰᠣᠷᠣᠭᠴᠢ ᠪᠠᠷ ᠡᠯᠰᠡᠬᠦ ᠲᠥᠯᠥᠪᠯᠡᠭᠡ ᠳᠤ ᠣᠷᠣᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠬᠠᠷᠢᠭᠤᠴᠠᠨ᠎ᠠ︶

      ᠡᠮᠴᠢᠯᠡᠭᠡᠨ ᠤ ᠠᠨᠠᠭᠠᠬᠤ ᠤᠬᠠᠭᠠᠨ ᠤ ᠲᠥᠷᠥᠯ ᠤᠨ ᠲᠤᠰᠬᠠᠶ ᠮᠡᠷᠭᠡᠵᠢᠯ ᠤᠨ ᠰᠤᠷᠤᠭᠴᠢᠳ ᠢ ᠰᠠᠶᠢᠲᠤᠷ ᠵᠣᠬᠢᠶᠠᠨ ᠪᠠᠶᠢᠭᠤᠯᠵᠤ ᠪᠠᠶᠢᠭᠠᠳ ᠬᠢᠲᠠᠳ ︵ᠮᠣᠩᠭᠤᠯ︶ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠶᠡᠭᠡ ᠡᠮᠴᠢ ᠶᠢᠨ ᠬᠢᠷᠢ ᠬᠡᠮ ᠤᠨ ᠰᠢᠯᠭᠠᠯᠲᠠ ᠪᠠ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠶᠡᠭᠡ ᠡᠮᠴᠢ ᠶᠢᠨ ᠵᠢᠷᠤᠮᠵᠢᠭᠰᠠᠨ ᠪᠣᠯᠪᠠᠰᠤᠷᠠᠯ ᠳᠤ ᠣᠷᠣᠯᠴᠠᠭᠤᠯᠬᠤ ᠬᠡᠷᠡᠭᠲᠡᠢ᠃ ᠡᠮᠴᠢᠯᠡᠭᠡᠨ ᠤ ᠠᠨᠠᠭᠠᠬᠤ ᠤᠬᠠᠭᠠᠨ ᠤ ᠲᠥᠷᠥᠯ ᠤᠨ ᠲᠤᠰᠬᠠᠶ ᠮᠡᠷᠭᠡᠵᠢᠯ ᠤᠨ ᠡᠮᠨᠡᠯᠭᠡ ᠳᠤ ᠰᠠᠬᠢᠨ ᠡᠮᠨᠡᠬᠦ ᠶᠡᠭᠡ ᠡᠮᠴᠢ ᠶᠢᠨ ᠵᠢᠷᠤᠮᠵᠢᠭᠰᠠᠨ ᠪᠣᠯᠪᠠᠰᠤᠷᠠᠯ ᠤᠨ ᠰᠠᠭᠤᠷᠢᠨ ᠭᠠᠵᠠᠷ ᠤᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠠᠯᠠᠭ᠎ᠠ ᠲᠠᠰᠤᠭ ᠤᠨ ᠪᠠᠶᠢᠭᠤᠯᠤᠯᠲᠠ ᠶᠢ ᠴᠢᠩᠭᠠᠳᠬᠠᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠮᠡᠳᠡᠯᠭᠡ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ ᠠᠭᠤᠯᠭ᠎ᠠ ᠶᠢ ᠠᠯᠬᠤᠮ ᠠᠯᠬᠤᠮ ᠢᠶᠠᠷ ᠨᠡᠮᠡᠭᠳᠡᠭᠦᠯᠬᠦ ᠬᠡᠷᠡᠭᠲᠡᠢ᠃ ᠡᠮᠴᠢᠯᠡᠭᠡ᠂ ᠠᠮᠠᠨ ᠬᠥᠨᠳᠡᠶ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠥᠷᠥᠯ ᠤᠨ ᠶᠡᠭᠡ ᠡᠮᠴᠢ ᠳᠤ ᠴᠢᠬᠤᠯᠠ ᠪᠦᠬᠦᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠷᠭᠦᠯᠵᠢᠯᠡᠭᠰᠡᠨ ᠰᠤᠷᠭᠠᠨ ᠬᠥᠮᠦᠵᠢᠯ ᠢ ᠬᠦᠷᠲᠡᠭᠡᠬᠦ ᠬᠡᠷᠡᠭᠲᠡᠢ᠃ ᠤᠯᠤᠰ᠂ ᠥᠪᠡᠷᠲᠡᠭᠡᠨ ᠵᠠᠰᠠᠬᠤ ᠣᠷᠣᠨ ᠤ ︽ᠧᠦ᠋ᠷᠣᠫᠠ ᠡᠮᠨᠡᠯᠭᠡ ᠶᠢᠨ ᠬᠢᠨ ᠤ ᠬᠢᠲᠠᠳ ︵ᠮᠣᠩᠭᠤᠯ︶ ᠡᠮᠨᠡᠯᠭᠡ ᠰᠤᠷᠬᠤ︾ ᠲᠥᠷᠥᠯ ᠵᠦᠢᠯ ᠢ ᠦᠷᠭᠦᠯᠵᠢᠯᠡᠨ ᠠᠬᠢᠭᠤᠯᠵᠤ᠂ ᠣᠯᠠᠨ ᠳᠡᠰ ᠳᠠᠪᠬᠤᠷᠭ᠎ᠠ ᠲᠠᠢ ᠬᠢᠲᠠᠳ ︵ᠮᠣᠩᠭᠤᠯ︶ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠴᠢᠳᠠᠪᠤᠷᠢᠲᠠᠨ ᠢ ᠬᠥᠮᠥᠵᠢᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠢᠭᠤᠴᠠᠨ᠎ᠠ︶

      ︵ᠳᠣᠯᠤᠭ᠎ᠠ︶ ᠬᠢᠲᠠᠳ ︵ᠮᠣᠩᠭᠤᠯ︶ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠴᠢᠯᠡᠭᠡᠨ ᠤ ᠰᠤᠳᠤᠯᠬᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠬᠢᠲᠠᠳ ︵ᠮᠣᠩᠭᠤᠯ︶ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠰᠢᠨᠵᠢᠯᠡᠭᠡᠨ ᠤ ᠰᠠᠯᠠᠭ᠎ᠠ ︵ᠲᠤᠰᠬᠠᠶ ᠰᠠᠯᠠᠭ᠎ᠠ︶ ᠶᠢᠨ ᠪᠠᠶᠢᠭᠤᠯᠤᠯᠲᠠ ᠶᠢ ᠳᠡᠮᠵᠢᠵᠦ᠂ ᠬᠦᠨᠳᠦ ᠶᠡᠭᠡ ᠬᠦᠴᠢᠷ ᠲᠦᠪᠡᠭᠲᠡᠶ ᠡᠪᠡᠳᠴᠢᠨ ᠡᠮᠭᠡᠭ᠂ ᠬᠠᠯᠳᠠᠪᠤᠷᠢᠲᠤ ᠡᠪᠡᠳᠴᠢᠨ᠂ ᠨᠠᠰᠤᠲᠠᠶᠢᠴᠤᠤᠯ ᠤᠨ ᠡᠪᠡᠳᠴᠢᠨ᠂ ᠠᠷᠬᠠᠭ ᠡᠪᠡᠳᠴᠢᠨ ᠵᠡᠷᠭᠡ ᠬᠢᠲᠠᠳ ︵ᠮᠣᠩᠭᠤᠯ︶ ᠧᠦ᠋ᠷᠣᠫᠠ ᠡᠮᠨᠡᠯᠭᠡ ᠶᠢᠨ ᠬᠤᠯᠪᠣᠭᠠᠯᠠᠨ ᠪᠣᠭᠤᠮᠲᠠ ᠰᠢᠪᠲᠤᠯᠬᠤ ᠪᠠ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠠᠮᠢᠶᠠᠷᠤᠨ ᠰᠤᠳᠤᠯᠬᠤ ᠶᠢ ᠵᠣᠷᠢᠭᠵᠢᠭᠤᠯᠤᠨ ᠥᠷᠨᠢᠭᠦᠯᠵᠦ᠂ ᠬᠢᠲᠠᠳ ︵ᠮᠣᠩᠭᠤᠯ︶ ᠧᠦ᠋ᠷᠣᠫᠠ ᠡᠮᠨᠡᠯᠭᠡ ᠤᠶᠠᠯᠳᠤᠭᠰᠠᠨ ᠣᠨᠣᠰᠢᠯᠠᠵᠤ ᠡᠮᠨᠡᠬᠦ ᠲᠥᠰᠦᠯ ᠢ ᠪᠣᠶ ᠪᠣᠯᠭᠠᠬᠤ ᠶᠢᠨ ᠬᠠᠮᠲᠤ ᠳᠡᠯᠭᠡᠷᠡᠭᠦᠯᠬᠦ ᠬᠡᠷᠡᠭᠲᠡᠢ᠃ ᠡᠮᠨᠡᠨ ᠵᠠᠰᠠᠬᠤ ᠳᠠᠪᠠᠭᠤᠯᠢᠭ ᠲᠠᠢ ᠪᠠᠶᠢᠭ᠎ᠠ ᠡᠪᠡᠳᠴᠢᠨ ᠤ ᠵᠦᠢᠯ ᠢ ᠰᠢᠯᠢᠨ ᠰᠣᠩᠭᠤᠵᠤ᠂ ᠬᠢᠲᠠᠳ ︵ᠮᠣᠩᠭᠤᠯ︶ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠴᠢᠯᠡᠭᠡᠨ ᠤ ᠡᠮᠨᠡᠭᠰᠡᠨ ᠲᠤᠰᠠᠲᠠᠢ ᠪᠠᠶᠢᠳᠠᠯ ᠳᠤ ᠨᠢ ᠦᠨᠡᠯᠡᠵᠦ ᠰᠤᠳᠤᠯᠬᠤ ᠶᠢ ᠴᠢᠩᠭᠠᠳᠬᠠᠨ᠂ ᠡᠮᠨᠡᠭᠰᠡᠨ ᠲᠤᠰᠠᠲᠠᠢ ᠪᠠᠶᠢᠳᠠᠯ ᠢ ᠨᠢ ᠦᠨᠡᠯᠡᠬᠦ ᠪᠠᠷᠢᠮᠵᠢᠶ᠎ᠠ ᠶᠢ ᠠᠯᠬᠤᠮ ᠠᠯᠬᠤᠮ ᠢᠶᠠᠷ ᠪᠠᠶᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠬᠠᠷᠢᠭᠤᠴᠠᠨ᠎ᠠ︶

      ᠭᠤᠷᠪᠠ᠂ ᠬᠢᠲᠠᠳ ᠡᠮ ︵ᠮᠣᠩᠭᠤᠯ ᠡᠮ︶ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠬᠡᠷᠡᠭᠲᠡᠢ

      ︵ᠨᠠᠢᠮᠠ︶ ᠬᠢᠲᠠᠳ ᠡᠮ ︵ᠮᠣᠩᠭᠤᠯ ᠡᠮ︶ ᠢ ᠬᠢᠨᠠᠨ ᠰᠢᠯᠭᠠᠷᠠᠭᠤᠯᠵᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠪᠠᠨ ᠲᠦᠷᠭᠡᠳᠬᠡᠨ ᠠᠬᠢᠭᠤᠯᠬᠤ ᠬᠡᠷᠡᠭᠲᠡᠶ᠃ ᠬᠢᠲᠠᠳ ᠡᠮ ︵ᠮᠣᠩᠭᠤᠯ ᠡᠮ︶ ᠢ ᠬᠢᠨᠠᠨ ᠰᠢᠯᠭᠠᠷᠠᠭᠤᠯᠵᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠪᠠᠨ ᠲᠦᠷᠭᠡᠳᠬᠡᠨ ᠠᠬᠢᠭᠤᠯᠵᠤ᠂ ᠮᠡᠷᠭᠡᠵᠢᠯ ᠢᠶᠠᠷ ᠲᠤᠯᠭᠠᠭᠤᠷᠢᠯᠠᠭᠤᠯᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠬᠢᠲᠠᠳ ᠡᠮ ︵ᠮᠣᠩᠭᠤᠯ ᠡᠮ︶ ᠢᠶᠠᠨ ᠳᠠᠩᠰᠠᠯᠠᠭᠤᠯᠬᠤ ᠭᠤᠶᠤᠴᠢᠯᠠᠯ ᠳᠤ ᠮᠡᠷᠭᠡᠵᠢᠯ ᠤᠨ ᠵᠢᠭᠠᠨ ᠵᠢᠯᠣᠭᠤᠳᠬᠤ ᠬᠢᠷᠢ ᠲᠦᠪᠰᠢᠨ ᠪᠠ ᠳᠠᠩᠰᠠᠯᠠᠭᠤᠯᠬᠤ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠡᠷᠲᠡᠨ ᠤ ᠰᠣᠩᠭᠤᠳᠠᠭ ᠨᠡᠷᠡᠲᠡᠢ ᠵᠣᠷ ᠲᠠᠬᠢ ᠬᠢᠲᠠᠳ ᠡᠮ ︵ᠮᠣᠩᠭᠤᠯ ᠡᠮ︶ ᠤᠨ ᠨᠡᠶᠢᠯᠡᠮᠡᠯ ᠵᠣᠷ ᠤᠨ ᠨᠠᠶᠢᠷᠠᠯᠲᠠ ᠶᠢ ᠠᠭᠤᠳᠠᠯᠤᠨ ᠡᠮᠬᠢᠯᠡᠵᠦ᠂ ᠬᠢᠲᠠᠳ ᠡᠮ ︵ᠮᠣᠩᠭᠤᠯ ᠡᠮ︶ ᠤᠨ ᠰᠢᠨ᠎ᠡ ᠡᠭᠦᠳᠦᠯᠲᠡ ᠲᠠᠢ ᠡᠮ᠂ ᠵᠠᠰᠠᠮᠵᠢᠯᠠᠭᠰᠠᠨ ᠬᠡᠯᠪᠡᠷᠢ ᠶᠢᠨ ᠰᠢᠨ᠎ᠡ ᠡᠮ᠂ ᠡᠷᠲᠡᠨ ᠤ ᠰᠣᠩᠭᠤᠳᠠᠭ ᠨᠡᠷᠡᠲᠡᠢ ᠵᠣᠷ᠂ ᠠᠳᠠᠯᠢ ᠨᠡᠷ᠎ᠡ ᠲᠠᠢ ᠠᠳᠠᠯᠢ ᠵᠣᠷ ᠤᠨ ᠡᠮ ᠢ ᠭᠤᠶᠤᠴᠢᠯᠠᠨ ᠮᠡᠳᠡᠭᠦᠯᠵᠦ ᠳᠠᠩᠰᠠᠯᠠᠭᠤᠯᠬᠤ ᠶᠢ ᠨᠢ ᠵᠢᠭᠠᠨ ᠵᠢᠯᠣᠭᠤᠳᠴᠤ ᠵᠣᠷᠢᠭᠵᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠡᠮᠴᠢᠯᠡᠭᠡ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠵᠡᠷᠭᠡ ᠰᠠᠯᠠᠭ᠎ᠠ ᠮᠥᠴᠢᠷ ᠤᠨ ᠬᠥᠨᠳᠡᠯᠡᠨ ᠢᠶᠠᠷ ᠬᠤᠯᠪᠣᠭᠠᠯᠠᠨ ᠬᠥᠳᠡᠯᠦᠯᠴᠡᠬᠦ ᠶᠢ ᠴᠢᠩᠭᠠᠷᠠᠭᠤᠯᠵᠤ᠂ ᠨᠥᠬᠦᠴᠡᠯ ᠳᠤ ᠨᠡᠶᠢᠴᠡᠭᠰᠡᠨ ᠬᠢᠲᠠᠳ ᠡᠮ ︵ᠮᠣᠩᠭᠤᠯ ᠡᠮ︶ ᠤᠨ ᠰᠢᠨ᠎ᠡ ᠡᠮ ᠢ ᠲᠠᠨᠢᠯᠴᠠᠭᠤᠯᠵᠤ ᠲᠦᠷᠭᠡᠨ ᠢᠶᠠᠷ ᠬᠢᠨᠠᠨ ᠰᠢᠯᠭᠠᠷᠠᠭᠤᠯᠵᠤ ᠬᠢᠨᠠᠨ ᠵᠥᠪᠰᠢᠶᠡᠷᠡᠬᠦ ᠨᠡᠪᠲᠡᠷᠡᠯ ᠵᠠᠮ ᠳᠤ ᠣᠷᠣᠭᠤᠯᠬᠤ ᠬᠡᠷᠡᠭᠲᠡᠢ᠃ ᠭᠤᠷᠪᠠᠳᠤᠭᠠᠷ ᠡᠲᠡᠭᠡᠳ ᠪᠣᠯᠬᠤ ᠬᠢᠲᠠᠳ ᠡᠮ ︵ᠮᠣᠩᠭᠤᠯ ᠡᠮ︶ ᠤᠨ ᠰᠢᠨ᠎ᠡ ᠡᠮ ᠤᠨ ᠳᠠᠩᠰᠠᠯᠠᠵᠤ ᠰᠢᠯᠭᠠᠨ ᠪᠠᠶᠢᠴᠠᠭᠠᠬᠤ ᠪᠠᠶᠢᠭᠤᠯᠤᠮᠵᠢ ᠪᠠᠶᠢᠭᠤᠯᠬᠤ ᠶᠢ ᠳᠡᠮᠵᠢᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠢᠭᠤᠴᠠᠨ᠎ᠠ︶

      ︵ᠶᠢᠰᠦ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠵᠠᠬ᠎ᠠ ᠳᠡᠯᠭᠡᠭᠦᠷᠴᠢᠯᠡᠬᠦ᠂ ᠠᠵᠤ ᠦᠢᠯᠡᠰᠴᠢᠯᠡᠬᠦ ᠶᠢ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠬᠤ ᠠᠷᠭ᠎ᠠ ᠶᠢᠨ ᠤᠬᠠᠭᠠᠨ᠂ ᠡᠮᠨᠡᠭᠰᠡᠨ ᠲᠤᠰᠠᠲᠠᠢ ᠪᠠᠶᠢᠳᠠᠯ ᠢ ᠦᠨᠡᠯᠡᠬᠦ᠂ ᠡᠰᠢ ᠶᠣᠰᠣ ᠶᠢ ᠨᠢ ᠬᠢᠨᠠᠨ ᠪᠠᠶᠢᠴᠠᠭᠠᠬᠤ ᠵᠡᠷᠭᠡ ᠰᠢᠨᠵᠢᠯᠡᠬᠦ ᠤᠬᠠᠭᠠᠨ ᠤ ᠰᠤᠳᠤᠯᠤᠯ ᠤᠨ ᠬᠠᠮᠢᠶᠠᠷᠤᠯᠲᠠ ᠶᠢ ᠴᠢᠬᠤᠯᠠᠴᠢᠯᠠᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠯᠠᠭ᠎ᠠ ᠶᠢᠨ ᠵᠢᠮ᠎ᠡ ᠶᠣᠰᠣᠨ ᠤ ᠰᠤᠳᠤᠯᠤᠯ ᠢ ᠴᠢᠩᠭᠠᠳᠬᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠨᠡᠯᠡᠯᠲᠡ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠠᠬᠢᠭᠤᠯᠤᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ᠂ ᠡᠮᠨᠡᠯᠭᠡ ᠶᠢᠨ ᠬᠤᠷᠢᠶᠠᠨ ᠤ ᠨᠠᠶᠢᠷᠠᠯᠲᠠ ᠵᠡᠷᠭᠡ ᠶᠢ ᠤᠯᠠᠷᠢᠭᠤᠯᠬᠤ ᠪᠠ ᠪᠣᠳᠠᠲᠠᠶᠢᠵᠢᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠷᠡᠭᠦᠯᠵᠢᠯ ᠰᠤᠪᠢᠯᠠᠯᠲᠠ ᠪᠠ ᠡᠷᠡᠭᠦᠯᠵᠢᠯ ᠵᠢᠭᠤᠯᠴᠢᠯᠠᠯ ᠤᠨ ᠠᠵᠤ ᠦᠢᠯᠡᠰ ᠢ ᠳᠡᠮᠵᠢᠵᠦ ᠬᠥᠭᠵᠢᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶

      ᠳᠥᠷᠪᠡ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠪᠣᠯᠬᠤ ᠢᠨᠵᠧᠨᠧᠷᠢᠩ ᠢ ᠬᠡᠷᠡᠭᠵᠢᠭᠦᠯᠬᠦ ᠬᠡᠷᠡᠭᠲᠡᠢ

      ︵ᠠᠷᠪᠠ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠴᠠᠯᠢᠭ ᠲᠠᠢ ᠴᠢᠳᠠᠪᠤᠷᠢᠲᠠᠨ ᠬᠥᠮᠦᠵᠢᠭᠦᠯᠬᠦ ᠢᠨᠵᠧᠨᠧᠷᠢᠩ ᠢ ᠬᠡᠷᠡᠭᠵᠢᠭᠦᠯᠬᠦ ᠬᠡᠷᠡᠭᠲᠡᠢ᠃ ᠴᠢᠳᠠᠪᠤᠷᠢᠲᠠᠨ ᠬᠥᠮᠦᠵᠢᠭᠦᠯᠬᠦ ᠡᠬᠢ ᠪᠠᠶᠠᠯᠢᠭ ᠪᠠ ᠪᠡᠯᠡ ᠮᠥᠩᠭᠦᠨ ᠤ ᠠᠷᠭ᠎ᠠ ᠵᠠᠮ ᠢ ᠨᠢ ᠥᠷᠭᠡᠳᠬᠡᠵᠦ᠂ ᠴᠢᠳᠠᠪᠤᠷᠢᠲᠠᠨ ᠬᠥᠮᠦᠵᠢᠭᠦᠯᠬᠦ ᠵᠠᠷᠤᠳᠠᠯ ᠤᠨ ᠬᠤᠪᠢᠳᠠᠨ ᠡᠭᠦᠷᠭᠡᠯᠡᠬᠦ ᠲᠣᠭᠲᠠᠴᠠ ᠶᠢ ᠪᠠᠶᠢᠭᠤᠯᠵᠤ ᠪᠦᠷᠢᠨᠰᠢᠭᠦᠯᠬᠦ ᠬᠡᠷᠡᠭᠲᠡᠢ᠃ ᠤᠯᠤᠰ ᠤᠨ ︽ᠵᠠᠭᠤ ᠮᠢᠩᠭ᠎ᠠ ᠲᠦᠮᠡᠨ︾ ᠴᠢᠳᠠᠪᠤᠷᠢᠲᠠᠨ ᠬᠥᠮᠦᠵᠢᠭᠦᠯᠬᠦ ᠲᠥᠷᠥᠯ ᠵᠦᠢᠯ ᠢ ᠨᠠᠶᠢᠳᠠᠪᠤᠷᠢᠵᠢᠭᠤᠯᠵᠤ᠂ ᠨᠢᠭᠡ ᠪᠦᠯᠦᠭ ᠬᠢᠲᠠᠳ ᠡᠮᠨᠡᠯᠭᠡ ᠶᠢᠨ ᠠᠯᠳᠠᠷᠲᠤ ᠪᠠᠭᠰᠢ ᠡᠮᠴᠢ᠂ ᠬᠢᠲᠠᠳ ᠡᠮᠨᠡᠯᠭᠡ ᠶᠢᠨ ᠨᠡᠷᠡᠲᠡᠢ ᠪᠠᠭᠰᠢ ᠡᠮᠴᠢ᠂ ᠴᠢ ᠬᠤᠸᠠᠩ ᠬᠢᠲᠠᠳ ᠡᠮᠨᠡᠯᠭᠡ ᠶᠢᠨ ᠡᠷᠳᠡᠮᠲᠡᠨ᠂ ᠨᠡᠷᠡᠲᠡᠢ ᠬᠢᠲᠠᠳ ᠡᠮᠨᠡᠯᠭᠡ ︵ᠮᠣᠩᠭᠤᠯ ᠡᠮᠨᠡᠯᠭᠡ︶᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠢᠯᠢᠳᠡᠭ ᠴᠢᠳᠠᠪᠤᠷᠢᠲᠠᠨ᠂ ᠭᠤᠣᠯᠯᠠᠭᠴᠢ ᠴᠢᠳᠠᠪᠤᠷᠢᠲᠠᠨ ᠵᠡᠷᠭᠡ ᠳᠡᠭᠡᠳᠦ ᠳᠡᠰ ᠳᠠᠪᠬᠤᠷᠭ᠎ᠠ ᠶᠢᠨ ᠣᠨᠴᠠᠯᠢᠭ ᠲᠠᠢ ᠴᠢᠳᠠᠪᠤᠷᠢᠲᠠᠨ ᠢ ᠭᠤᠣᠯᠳᠠᠯᠭ᠎ᠠ ᠲᠠᠢ ᠬᠥᠮᠥᠵᠢᠭᠦᠯᠦᠨ ᠪᠣᠶᠢᠵᠢᠭᠤᠯᠬᠤ ᠬᠡᠷᠡᠭᠲᠡᠢ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠢᠯᠭᠠᠷᠠᠭᠰᠠᠨ ᠪᠠᠭᠰᠢ ᠪᠠ ᠡᠮᠴᠢ ᠬᠥᠮᠦᠵᠢᠭᠦᠯᠬᠦ ᠠᠵᠢᠯ ᠢ ᠥᠷᠨᠢᠭᠦᠯᠵᠦ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠰᠠᠭᠤᠷᠢ᠂ ᠰᠣᠩᠭᠤᠳᠠᠭ᠂ ᠡᠮᠴᠢᠯᠡᠭᠡᠨ ᠤ ᠪᠠᠭᠰᠢ ᠪᠠ ᠡᠮᠴᠢ ᠶᠢᠨ ᠪᠣᠯᠪᠠᠰᠤᠷᠠᠯ ᠢ ᠭᠤᠣᠯᠳᠠᠯᠭ᠎ᠠ ᠲᠠᠢ ᠴᠢᠩᠭᠠᠳᠬᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠡᠷᠡᠲᠡᠢ ᠬᠢᠲᠠᠳ ᠡᠮᠨᠡᠯᠭᠡ ︵ᠮᠣᠩᠭᠤᠯ ᠡᠮᠨᠡᠯᠭᠡ︶ ᠪᠠ ᠦᠨᠳᠦᠰᠦᠨ ᠱᠠᠲᠤᠨ ᠤ ᠨᠡᠷᠡᠲᠡᠢ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢ ᠶᠢ ᠰᠢᠯᠭᠠᠷᠠᠭᠤᠯᠤᠨ ᠰᠣᠩᠭᠤᠵᠤ ᠬᠥᠬᠢᠭᠦᠯᠦᠨ ᠰᠠᠶᠢᠰᠢᠶᠠᠬᠤ ᠠᠵᠢᠯ ᠢ ᠥᠷᠨᠢᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶

      ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠳᠠᠪᠠᠭᠤᠯᠢᠭ ᠣᠨᠴᠠᠯᠢᠭ ᠲᠠᠢ ᠰᠢᠨᠵᠢᠯᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠠᠭᠤᠷᠢ ᠲᠥᠷᠥᠯ᠂ ᠰᠣᠩᠭᠤᠳᠠᠭ ᠲᠥᠷᠥᠯ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠲᠥᠷᠥᠯ᠂ ᠡᠷᠡᠭᠦᠯᠵᠢᠯ ᠤᠨ ᠲᠥᠷᠥᠯ᠂ ᠡᠮ ᠤᠨ ᠮᠠᠲ᠋ᠧᠷᠢᠶᠠᠯ ᠢ ᠨᠣᠮᠣᠬᠠᠳᠬᠠᠬᠤ ᠲᠥᠷᠥᠯ᠂ ᠬᠢᠨᠠᠨ ᠲᠣᠭᠲᠠᠭᠠᠬᠤ ᠲᠥᠷᠥᠯ᠂ ᠨᠠᠶᠢᠷᠠᠯᠲᠠ ᠶᠢ ᠰᠢᠯᠭᠠᠨ ᠪᠠᠶᠢᠴᠠᠭᠠᠬᠤ ᠲᠥᠷᠥᠯ ᠤᠨ ᠰᠢᠨᠵᠢᠯᠡᠭᠡᠨ ᠤ ᠪᠠᠶᠢᠭᠤᠯᠤᠯᠲᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠵᠢᠭᠠᠨ ᠰᠤᠷᠭᠠᠯᠲᠠ ᠶᠢᠨ ᠰᠠᠭᠤᠷᠢᠨ ᠭᠠᠵᠠᠷ ᠤᠨ ᠴᠢᠳᠠᠪᠤᠷᠢ ᠶᠢᠨ ᠪᠠᠶᠢᠭᠤᠯᠤᠯᠲᠠ ᠶᠢᠨ ᠲᠤᠰᠬᠠᠶ ᠵᠦᠢᠯ ᠢ ᠬᠡᠷᠡᠭᠵᠢᠭᠦᠯᠵᠦ᠂ ᠤᠯᠤᠰ ᠤᠨ ᠵᠢᠷᠤᠮᠵᠢᠭᠰᠠᠨ ᠪᠣᠯᠪᠠᠰᠤᠷᠠᠯ ᠤᠨ ᠰᠠᠭᠤᠷᠢᠨ ᠭᠠᠵᠠᠷ ᠪᠠ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠵᠢᠭᠠᠨ ᠰᠤᠷᠭᠠᠯᠲᠠ ᠶᠢᠨ ᠪᠣᠯᠪᠠᠰᠤᠷᠠᠯ ᠤᠨ ᠵᠢᠱᠢᠶ᠎ᠡ ᠦᠵᠡᠭᠦᠯᠬᠦ ᠲᠥᠪ ᠢ ᠪᠣᠶ ᠪᠣᠯᠭᠠᠨ᠂ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠶᠡᠭᠡ ᠡᠮᠴᠢ ᠶᠢᠨ ᠪᠣᠯᠪᠠᠰᠤᠷᠠᠯ ᠵᠢᠭᠠᠨ ᠰᠤᠷᠭᠠᠯᠲᠠ ᠪᠠ ᠠᠨᠠᠭᠠᠬᠤ ᠤᠬᠠᠭᠠᠨ ᠤ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶

      ︵ᠠᠷᠪᠠᠨ ᠨᠢᠭᠡ︶ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠴᠢᠨᠠᠷ ᠰᠠᠶᠢᠲᠠᠶ ᠡᠬᠢ ᠪᠠᠶᠠᠯᠢᠭ ᠤᠨ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠨᠢ ᠥᠷᠭᠡᠳᠬᠡᠬᠦ ᠪᠠ ᠲᠡᠩᠴᠡᠭᠦᠷᠢᠲᠡᠶ ᠪᠠᠶᠢᠷᠢᠰᠢᠭᠤᠯᠬᠤ ᠶᠢ ᠠᠬᠢᠭᠤᠯᠵᠤ᠂ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠣᠷᠣᠨ ᠪᠦᠰᠡ ᠶᠢᠨ ᠡᠮᠴᠢᠯᠡᠭᠡᠨ ᠤ ᠲᠥᠪ ᠪᠠ ᠬᠤᠰᠢᠭᠤ ᠰᠢᠶᠠᠨ ᠤ ᠬᠡᠪᠴᠢᠶᠡᠨ ᠳᠠᠬᠢ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠣᠨᠣᠰᠢᠯᠠᠵᠤ ᠡᠮᠨᠡᠬᠦ ᠲᠥᠪ ᠪᠠᠶᠢᠭᠤᠯᠬᠤ ᠶᠢ ᠳᠡᠮᠵᠢᠵᠦ᠂ ᠬᠥᠬᠡᠬᠤᠲᠠ ᠪᠤᠭᠤᠲᠤ ᠣᠷᠳᠣᠰ᠂ ᠲᠦᠩᠯᠢᠶᠣᠤ᠂ ᠪᠠᠶᠠᠨᠨᠠᠭᠤᠷ ᠢᠶᠠᠷ ᠲᠥᠪ ᠪᠣᠯᠭᠠᠭᠰᠠᠨ᠂ ᠳᠤᠮᠳᠠ᠂ ᠵᠡᠭᠦᠨ᠂ ᠪᠠᠷᠠᠭᠤᠨ ᠬᠡᠰᠡᠭ ᠤᠨ ᠣᠷᠣᠨ ᠪᠦᠰᠡ ᠶᠢ ᠰᠠᠴᠤᠷᠭᠠᠯᠠᠨ ᠨᠥᠯᠥᠭᠡᠯᠡᠬᠦ᠂ ᠪᠥᠬᠦ ᠣᠷᠣᠨ ᠢ ᠬᠠᠮᠤᠷᠤᠭᠰᠠᠨ ᠴᠢᠨᠠᠷ ᠰᠠᠶᠢᠲᠠᠶ ᠡᠮᠴᠢᠯᠡᠭᠡᠨ ᠤ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠬᠦ ᠬᠡᠷᠡᠭᠲᠡᠢ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠢᠨᠵᠧᠨᠧᠷᠢᠩ ᠤᠨ ᠪᠠᠶᠢᠭᠤᠯᠤᠯᠲᠠ ᠶᠢ ᠴᠢᠩᠭᠠᠷᠠᠭᠤᠯᠵᠤ᠂ ᠤᠯᠤᠰ ᠤᠨ ᠲᠠᠰ ᠤᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠲᠥᠪ ᠢ ᠪᠣᠶ ᠪᠣᠯᠭᠠᠨ᠂ ᠢᠯᠡ ᠲᠣᠳᠣ ᠣᠨᠴᠠᠯᠢᠭ ᠲᠠᠢ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠨᠡᠯᠭᠡ ᠶᠢᠨ ᠬᠤᠷᠢᠶ᠎ᠠ ᠪᠠ ᠰᠠᠯᠠᠭ᠎ᠠ ᠲᠠᠰᠤᠭ ᠤᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠢ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠪᠡᠳᠴᠢᠯᠡᠬᠦ ᠠᠴᠠ ᠤᠷᠢᠳ ᠰᠡᠷᠭᠡᠶᠢᠯᠡᠨ ᠵᠠᠰᠠᠬᠤ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠤᠯᠤᠰ ᠤᠨ ᠲᠠᠰ ᠤᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠰᠠᠭᠤᠷᠢᠨ ᠭᠠᠵᠠᠷ ᠪᠠ ᠠᠨᠠᠭᠠᠬᠤ ᠤᠬᠠᠭᠠᠨ ᠤ ᠪᠠᠴᠢᠮ ᠠᠪᠤᠷᠠᠨ ᠲᠤᠰᠠᠯᠠᠬᠤ ᠰᠠᠭᠤᠷᠢᠨ ᠭᠠᠵᠠᠷ ᠢᠶᠠᠷ ᠵᠢᠱᠢᠶ᠎ᠡ ᠦᠵᠡᠭᠦᠯᠦᠨ᠂ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠰᠠᠭᠤᠷᠢᠨ ᠭᠠᠵᠠᠷ ᠢ ᠪᠠᠶᠢᠭᠤᠯᠬᠤ ᠬᠡᠷᠡᠭᠲᠡᠢ᠃ ᠬᠤᠶᠠᠳᠤᠭᠠᠷ ᠳᠡᠰ ᠠᠴᠠ ᠳᠡᠭᠡᠭᠰᠢᠬᠢ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠨᠡᠯᠭᠡ ᠶᠢᠨ ᠬᠤᠷᠢᠶᠠᠨ ᠳᠠᠬᠢ ᠬᠠᠯᠳᠠᠪᠤᠷᠢᠲᠤ ᠡᠪᠡᠳᠴᠢᠨ ᠤ ᠰᠠᠯᠠᠭ᠎ᠠ᠂ ᠠᠭᠤᠰᠬᠢᠨ ᠡᠪᠡᠳᠴᠢᠨ ᠤ ᠰᠠᠯᠠᠭ᠎ᠠ᠂ ᠬᠠᠯᠠᠭᠤᠷᠠᠬᠤ ᠶᠢ ᠡᠮᠨᠡᠬᠦ ᠡᠭᠦᠳᠡᠨ ᠡᠮᠨᠡᠯᠭᠡ᠂ ᠬᠠᠯᠳᠠᠪᠤᠷᠢᠲᠤ ᠡᠪᠡᠳᠴᠢᠨ ᠤ ᠡᠮᠴᠢᠯᠡᠭᠡ ᠳᠤ ᠰᠣᠯᠢᠵᠤ ᠪᠣᠯᠬᠤ ᠲᠣᠭᠤᠷᠢᠭ᠂ ᠬᠦᠨᠳᠦ ᠡᠪᠡᠳᠴᠢᠲᠡᠨ ᠢ ᠬᠠᠷᠠᠭᠠᠯᠵᠠᠨ ᠬᠠᠮᠠᠭᠠᠯᠠᠬᠤ ᠳᠤ ᠬᠤᠪᠢᠷᠠᠭᠤᠯᠵᠤ ᠪᠣᠯᠬᠤ ᠲᠠᠰᠤᠭ᠂ ᠪᠠᠴᠢᠮ ᠪᠠᠶᠢᠳᠠᠯ ᠢ ᠠᠷᠭᠠᠴᠠᠭᠠᠬᠤ ᠨᠥᠭᠡᠴᠡ ᠶᠢᠨ ᠬᠥᠮᠥᠷᠭᠡ ᠵᠡᠷᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠪᠠᠴᠢᠮ ᠪᠠᠶᠢᠳᠠᠯ ᠢ ᠠᠷᠭᠠᠴᠠᠭᠠᠬᠤ ᠵᠢᠷᠤᠮᠵᠢᠭᠰᠠᠨ ᠡᠮᠨᠡᠯᠭᠡ ᠶᠢᠨ ᠬᠤᠷᠢᠶ᠎ᠠ ᠶᠢ ᠪᠠᠶᠢᠭᠤᠯᠬᠤ ᠬᠡᠷᠡᠭᠲᠡᠢ᠃ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠨᠡᠯᠭᠡ ᠶᠢᠨ ᠬᠤᠷᠢᠶᠠᠨ ᠤ ᠡᠷᠡᠭᠦᠯᠵᠢᠯ ᠤᠨ ᠦᠢᠯᠡᠴᠢᠯᠡᠭᠡᠨ ᠤ ᠬᠡᠪᠴᠢᠶ᠎ᠡ ᠪᠠᠨ ᠥᠷᠭᠡᠳᠬᠡᠬᠦ ᠶᠢ ᠵᠣᠷᠢᠭᠵᠢᠭᠤᠯᠵᠤ᠂ ᠮᠡᠳᠡᠷᠡᠯ ᠤᠨ ᠰᠢᠰᠲ᠋ᠧᠮ᠂ ᠵᠢᠷᠦᠬᠡ ᠲᠠᠷᠢᠬᠢ ᠴᠢᠰᠤᠨ ᠰᠤᠳᠠᠯ ᠤᠨ ᠡᠪᠡᠳᠴᠢᠨ᠂ ᠠᠷᠬᠠᠭ ᠡᠪᠡᠳᠴᠢᠨ᠂ ᠶᠠᠰᠤ ᠦᠶ᠎ᠡ ᠭᠡᠰᠢᠭᠦᠦ᠂ ᠠᠵᠢᠯ ᠤᠨ ᠨᠥᠯᠥᠭᠡᠨ ᠤ ᠡᠪᠡᠳᠴᠢᠨ᠂ ᠣᠷᠣᠨ ᠨᠤᠲᠤᠭ ᠤᠨ ᠡᠪᠡᠳᠴᠢᠨ ᠪᠠ ᠵᠡᠮᠳᠡᠭ ᠵᠡᠷᠭᠡ ᠡᠷᠡᠭᠦᠯᠵᠢᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠨᠡᠯᠭᠡ ᠶᠢᠨ ᠬᠤᠷᠢᠶᠠᠨ ᠤ ᠡᠮᠴᠢᠯᠡᠭᠡ ᠪᠠ ᠰᠤᠪᠢᠯᠠᠯᠲᠠ ᠶᠢ ᠤᠶᠠᠯᠳᠤᠭᠤᠯᠤᠭᠰᠠᠨ ᠪᠠᠶᠢᠭᠤᠯᠤᠮᠵᠢ ᠪᠠᠶᠢᠭᠤᠯᠬᠤ ᠶᠢ ᠨᠢ ᠳᠡᠮᠵᠢᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶

      ︵ᠠᠷᠪᠠᠨ ᠬᠤᠶᠠᠷ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠭᠤᠤᠯᠳᠠᠯᠭ᠎ᠠ ᠪᠣᠯᠬᠤ ᠲᠤᠷᠰᠢᠯᠲᠠ ᠶᠢᠨ ᠲᠠᠰᠤᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠤᠯᠤᠰ ᠤᠨ ᠭᠤᠤᠯᠳᠠᠯᠭ᠎ᠠ ᠪᠣᠯᠬᠤ ᠲᠤᠷᠰᠢᠯᠲᠠ ᠶᠢᠨ ᠲᠠᠰᠤᠭ ᠪᠠ ᠰᠤᠳᠤᠯᠤᠯ ᠤᠨ ᠲᠠᠰᠤᠭ ︵ᠲᠥᠪ︶ ᠢ ᠪᠣᠶ ᠪᠣᠯᠭᠠᠬᠤ ᠬᠡᠷᠡᠭᠲᠡᠢ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠦᠷᠢᠶᠡᠨ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠰᠢᠯᠵᠢᠭᠦᠯᠦᠨ ᠤᠯᠠᠷᠢᠭᠤᠯᠬᠤ ᠰᠠᠭᠤᠷᠢᠨ ᠭᠠᠵᠠᠷ ᠪᠠᠶᠢᠭᠤᠯᠬᠤ ᠶᠢ ᠳᠡᠮᠵᠢᠬᠦ ᠬᠡᠷᠡᠭᠲᠡᠢ᠃ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠨᠡᠨ ᠵᠠᠰᠠᠬᠤ ᠳᠠᠪᠠᠭᠤᠯᠢᠭ ᠲᠠᠢ ᠪᠠᠶᠢᠭ᠎ᠠ ᠡᠪᠡᠳᠴᠢᠨ ᠤ ᠵᠦᠢᠯ ᠪᠠ ᠣᠨᠴᠠᠯᠢᠭ ᠲᠠᠢ ᠡᠮᠨᠡᠬᠦ ᠠᠷᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠠᠨᠠᠭᠠᠬᠤ ᠤᠬᠠᠭᠠᠨ ᠤ ᠰᠤᠳᠤᠯᠤᠯ ᠤᠨ ᠲᠥᠪ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠯᠤᠰ ᠤᠨ ᠰᠤᠳᠤᠯᠤᠯ ᠤᠨ ᠲᠥᠪ ᠢ ᠪᠣᠢ ᠪᠣᠯᠭᠠᠬᠤ ᠬᠡᠷᠡᠭᠲᠡᠢ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠲᠠᠯ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠤᠯᠭᠠᠭᠤᠷᠢᠯᠠᠯ ᠤᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠪᠠᠷᠢᠮᠵᠢᠶᠠᠵᠢᠭᠤᠯᠤᠭᠰᠠᠨ ᠲᠥᠷᠥᠯ ᠵᠦᠢᠯ ᠤᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠬᠠᠷᠢᠭᠤᠴᠠᠨ᠎ᠠ︶

      ︵ᠠᠷᠪᠠᠨ ᠭᠤᠷᠪᠠ︶ ᠨᠡᠷᠡᠲᠡᠢ ᠡᠮᠴᠢ ᠶᠢᠨ ᠠᠵᠢᠯ ᠤᠨ ᠲᠠᠩᠬᠢᠮ ᠤᠨ ᠢᠨᠵᠧᠨᠧᠷᠢᠩ ᠢ ᠬᠡᠷᠡᠭᠵᠢᠭᠦᠯᠬᠦ ᠬᠡᠷᠡᠭᠲᠡᠢ᠃ ᠬᠢᠲᠠᠳ ᠡᠮᠨᠡᠯᠭᠡ ᠶᠢᠨ ᠠᠯᠳᠠᠷᠲᠤ ᠪᠠᠭᠰᠢ ᠡᠮᠴᠢ᠂ ᠬᠢᠲᠠᠳ ᠡᠮᠨᠡᠯᠭᠡ ᠶᠢᠨ ︵ᠮᠣᠩᠭᠤᠯ ᠡᠮᠨᠡᠯᠭᠡ︶ ᠨᠡᠷᠡᠲᠡᠢ ᠠᠬᠠᠮᠠᠳ ᠡᠮᠴᠢ᠂ ᠴᠢ ᠬᠤᠸᠠᠩ ᠬᠢᠲᠠᠳ ᠡᠮᠨᠡᠯᠭᠡ ᠶᠢᠨ ᠡᠷᠳᠡᠮᠲᠡᠨ ᠵᠡᠷᠭᠡ ᠨᠡᠷᠡᠲᠡᠢ ᠡᠮᠴᠢ ᠶᠢᠨ ᠪᠦᠯᠬᠦᠮ ᠨᠡᠶᠢᠲᠡ ᠶᠢ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠳᠤ ᠣᠴᠢᠵᠤ ᠡᠮᠴᠢᠯᠡᠬᠦ ᠶᠢ ᠨᠢ ᠵᠣᠷᠢᠭᠵᠢᠭᠤᠯᠤᠨ᠂ ᠨᠡᠷᠡᠲᠡᠢ ᠡᠮᠴᠢ ᠶᠢᠨ ᠠᠵᠢᠯ ᠤᠨ ᠲᠠᠩᠬᠢᠮ ᠢ ᠪᠠᠶᠢᠭᠤᠯᠬᠤ ᠬᠡᠷᠡᠭᠲᠡᠢ᠃ ᠦᠢᠯᠡᠰ ᠪᠣᠰᠬᠠᠬᠤ ᠶᠢ ᠲᠡᠳᠬᠦᠬᠦ᠂ ᠨᠡᠷᠡᠲᠦ ᠲᠡᠮᠳᠡᠭ ᠢ ᠬᠠᠮᠠᠭᠠᠯᠠᠬᠤ᠂ ᠪᠡᠶ᠎ᠡ ᠪᠠᠨ ᠳᠠᠭᠠᠭᠠᠨ ᠠᠵᠢᠯ ᠡᠷᠬᠢᠯᠡᠬᠦ᠂ ᠪᠡᠶ᠎ᠡ ᠪᠠᠨ ᠳᠠᠭᠠᠭᠠᠵᠤ ᠡᠵᠡᠩᠨᠡᠨ ᠠᠵᠢᠯᠯᠠᠬᠤ᠂ ᠪᠡᠶ᠎ᠡ ᠪᠠᠨ ᠳᠠᠭᠠᠭᠠᠨ ᠬᠥᠮᠦᠵᠢᠭᠦᠯᠬᠦ᠂ ᠣᠯᠵᠤ ᠠᠯᠳᠠᠬᠤ ᠪᠠᠨ ᠥᠪᠡᠷ ᠢᠶᠠᠨ ᠬᠠᠷᠢᠭᠤᠴᠠᠬᠤ ᠶᠡᠷᠦᠩᠬᠡᠶᠢᠯᠡᠭᠰᠡᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠨᠢᠭᠡ ᠪᠦᠯᠦᠭ ᠨᠡᠷᠡᠲᠡᠢ ᠡᠮᠴᠢ ᠶᠢᠨ ᠪᠦᠯᠬᠦᠮ ᠨᠡᠶᠢᠲᠡ ᠶᠢᠨ ᠡᠵᠡᠩᠨᠡᠨ ᠠᠵᠢᠯᠯᠠᠬᠤ ᠰᠣᠳᠣᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠪᠠᠶᠢᠭᠤᠯᠤᠮᠵᠢ ᠶᠢ ᠪᠤᠶ ᠪᠣᠯᠭᠠᠬᠤ ᠬᠡᠷᠡᠭᠲᠡᠢ᠃ ᠲᠤᠷᠰᠢᠯᠭ᠎ᠠ ᠲᠠᠢ᠂ ᠰᠠᠭᠤᠷᠢ ᠲᠠᠢ᠂ ᠨᠡᠷᠡᠲᠦ ᠲᠡᠮᠳᠡᠭ ᠲᠠᠢ ᠨᠡᠶᠢᠭᠡᠮ ᠤᠨ ᠬᠦᠴᠦᠨ ᠤ ᠬᠢᠨ ᠤ ᠨᠡᠷᠡᠲᠡᠢ ᠡᠮᠴᠢ ᠶᠢᠨ ᠠᠵᠢᠯ ᠦᠢᠯᠡᠰ ᠤᠨ ᠬᠤᠯᠪᠣᠭᠠᠲᠤ ᠲᠠᠩᠬᠢᠮ ᠡᠷᠬᠢᠯᠡᠬᠦ ᠶᠢ ᠵᠣᠷᠢᠭᠵᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠠᠷᠢᠭᠤᠴᠠᠨ᠎ᠠ︶

      ︵ᠠᠷᠪᠠᠨ ᠳᠥᠷᠪᠡ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠡᠮᠨᠡᠯᠭᠡ ᠶᠢᠨ ᠶᠠᠪᠤᠳᠠᠯ ᠬᠤᠯᠪᠣᠭᠠᠯᠠᠨ ᠪᠣᠭᠤᠮᠲᠠ ᠰᠢᠪᠲᠤᠯᠬᠤ ᠢᠨᠵᠧᠨᠧᠷᠢᠩ ᠢ ᠬᠡᠷᠡᠭᠵᠢᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠬᠢᠲᠠᠳ ᠮᠣᠩᠭᠤᠯ ᠡᠮ ᠡᠮᠨᠡᠯᠭᠡ ᠶᠢᠨ ᠰᠤᠳᠤᠯᠤᠯ ᠤᠨ ᠬᠦᠷᠢᠶᠡᠯᠡᠩ ᠢ ᠪᠠᠶᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠢᠨᠵᠢᠯᠡᠬᠦ ᠤᠬᠠᠭᠠᠨ ᠤ ᠰᠤᠳᠤᠯᠤᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠬᠤ ᠲᠠᠪᠴᠠᠩ ᠢ ᠪᠣᠶ ᠪᠣᠯᠭᠠᠬᠤ ᠬᠡᠷᠡᠭᠲᠡᠢ᠃ ᠨᠢᠭᠡ ᠪᠦᠯᠦᠭ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠣᠨᠴᠠᠯᠢᠭ ᠲᠠᠢ ᠣᠨᠣᠰᠢᠯᠠᠵᠤ ᠡᠮᠨᠡᠬᠦ ᠲᠥᠰᠦᠯ ᠢ ᠰᠤᠳᠤᠯᠤᠨ ᠲᠣᠭᠲᠠᠭᠠᠵᠤ᠂ ᠨᠢᠭᠡ ᠪᠦᠯᠦᠭ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠣᠨᠴᠠᠯᠢᠭ ᠲᠠᠢ ᠮᠡᠷᠭᠡᠵᠢᠯ ᠢ ᠳᠡᠯᠭᠡᠷᠡᠭᠦᠯᠦᠨ᠂ ᠨᠢᠭᠡ ᠪᠦᠯᠦᠭ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠲᠡᠷᠢᠭᠦᠨ ᠤ ᠲᠣᠨᠤᠭ ᠲᠥᠬᠦᠭᠡᠷᠦᠮᠵᠢ᠂ ᠬᠢᠲᠠᠳ ᠡᠮ ︵ᠮᠣᠩᠭᠤᠯ ᠡᠮ︶ ᠤᠨ ᠰᠢᠨ᠎ᠡ ᠡᠮ ᠢ ᠤᠯᠠᠷᠢᠭᠤᠯᠬᠤ ᠬᠡᠷᠡᠭᠲᠡᠢ᠃ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠮᠣ ᠵᠠᠬ᠎ᠠ ᠳᠡᠯᠭᠡᠭᠦᠷ ᠢᠶᠠᠷ ᠳᠠᠮᠵᠢᠭᠤᠯᠤᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠦᠯᠵᠢᠶᠡᠨ ᠤ ᠪᠠ ᠰᠦᠯᠵᠢᠶᠡᠨ ᠤ ᠭᠠᠳᠠᠭᠤᠷᠬᠢ ᠶᠢ ᠨᠢ ᠵᠣᠯᠭᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠮᠡᠷᠭᠡᠵᠢᠯ ᠤᠨ ᠬᠠᠩᠭᠠᠬᠤ ᠪᠠ ᠬᠡᠷᠡᠭᠯᠡᠬᠦ ᠬᠤᠶᠠᠷ ᠲᠠᠯ᠎ᠠ ᠶᠢ ᠣᠨᠣᠴᠠᠲᠠᠢ ᠵᠣᠯᠭᠠᠭᠤᠯᠬᠤ ᠪᠠ ᠰᠢᠯᠢᠳᠡᠭ ᠰᠤᠳᠤᠯᠤᠯ ᠤᠨ ᠦᠷ᠎ᠡ ᠪᠦᠲᠦᠭᠡᠯ ᠢ ᠨᠢ ᠵᠠᠬ᠎ᠠ ᠳᠡᠯᠭᠡᠭᠦᠷ ᠤᠨ ᠬᠡᠷᠡᠭᠯᠡᠭᠡᠨ ᠳᠤ ᠣᠷᠣᠭᠤᠯᠬᠤ ᠶᠢ ᠠᠬᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠢᠭᠤᠴᠠᠨ᠎ᠠ︶

      ︵ᠠᠷᠪᠠᠨ ᠲᠠᠪᠤ︶ ᠬᠢᠲᠠᠳ ᠡᠮ ᠤᠨ ᠵᠢᠩᠬᠢᠨᠢ ᠪᠠᠶᠢᠭᠠᠯᠢᠯᠢᠭ ᠭᠠᠷᠤᠯᠲᠠ ᠲᠠᠢ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠢᠶᠠᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠵᠢᠩᠬᠢᠨᠢ ᠪᠠᠶᠢᠭᠠᠯᠢᠯᠢᠭ ᠭᠠᠷᠤᠯᠲᠠ ᠲᠠᠢ ᠡᠮ ᠤᠨ ᠮᠠᠲ᠋ᠧᠷᠢᠶᠠᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠵᠦ᠂ ᠵᠢᠩᠬᠢᠨᠢ ᠪᠠᠶᠢᠭᠠᠯᠢᠯᠢᠭ ᠭᠠᠷᠤᠯᠲᠠ ᠲᠠᠢ ᠡᠮ ᠤᠨ ᠮᠠᠲ᠋ᠧᠷᠢᠶᠠᠯ ᠢ ᠦᠷᠡᠵᠢᠭᠦᠯᠦᠨ ᠪᠣᠶᠢᠵᠢᠭᠤᠯᠬᠤ ᠪᠠ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠨᠢ ᠠᠬᠢᠭᠤᠯᠤᠨ᠂ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠢ ᠵᠢᠷᠤᠮᠵᠢᠭᠤᠯᠬᠤ᠂ ᠬᠡᠪᠴᠢᠶᠡᠵᠢᠭᠦᠯᠦᠨ ᠲᠠᠷᠢᠬᠤ ᠶᠢ ᠠᠬᠢᠭᠤᠯᠬᠤ ᠬᠡᠷᠡᠭᠲᠡᠶ᠃ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠰᠠᠶᠢᠨ ᠦᠷ᠎ᠡ ᠶᠢ ᠦᠷᠡᠵᠢᠭᠦᠯᠦᠨ ᠪᠣᠶᠢᠵᠢᠭᠤᠯᠬᠤ᠂ ᠦᠢᠯᠡᠳᠪᠦᠷᠢᠯᠡᠵᠦ ᠲᠠᠷᠢᠬᠤ᠂ ᠬᠥᠮᠥᠷᠭᠡᠯᠡᠨ ᠬᠠᠳᠠᠭᠠᠯᠠᠬᠤ ᠪᠠ ᠪᠠᠷᠠᠭᠠᠨ ᠤ ᠭᠦᠢᠯᠭᠡᠭᠡᠨ ᠵᠡᠷᠭᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠨᠢᠭᠡ ᠪᠦᠯᠦᠭ ᠪᠠᠷᠢᠮᠵᠢᠶᠠᠵᠢᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠬᠡᠷᠡᠭᠲᠡᠶ᠃ ᠵᠢᠱᠢᠶ᠎ᠡ ᠦᠵᠡᠭᠦᠯᠬᠦ ᠬᠤᠷᠰᠢᠶᠠᠵᠢᠯ ᠢ ᠡᠭᠦᠳᠦᠨ ᠪᠠᠶᠢᠭᠤᠯᠬᠤ ᠪᠠ ᠬᠤᠷᠰᠢᠶᠠᠵᠢᠯ ᠢ ᠬᠥᠭᠵᠢᠭᠦᠯᠬᠦ ᠲᠥᠷᠥᠯ ᠵᠦᠢᠯ ᠢᠶᠠᠷ ᠭᠠᠷᠳᠠᠴᠠ ᠪᠣᠯᠭᠠᠨ᠂ ᠬᠤᠷᠰᠢᠶᠠᠵᠢᠯ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠲᠠᠷᠢᠬᠤ ᠲᠤᠰᠬᠠᠶ ᠬᠤᠷᠰᠢᠶᠠᠵᠢᠯ ᠪᠠ ᠬᠤᠯᠪᠣᠭᠠᠲᠤ ᠬᠤᠷᠰᠢᠶᠠᠵᠢᠯ ᠤᠨ ᠬᠥᠭᠵᠢᠯᠲᠡ ᠶᠢ ᠠᠬᠢᠭᠤᠯᠬᠤ ᠬᠡᠷᠡᠭᠲᠡᠶ᠃ ᠣᠢ ᠰᠢᠭᠤᠶ ᠶᠢᠨ ᠲᠤᠰᠬᠠᠶ ᠬᠤᠷᠰᠢᠶᠠᠵᠢᠯ ᠢ ᠵᠣᠷᠢᠭᠵᠢᠭᠤᠯᠵᠤ ᠪᠠᠶᠢᠭᠠᠳ ᠣᠶᠢᠲᠤ ᠭᠠᠵᠠᠷ ᠤᠨ ᠪᠠᠶᠢᠭᠠᠯᠢ ᠶᠢᠨ ᠨᠥᠬᠦᠴᠡᠯ ᠢ ᠠᠰᠢᠭᠯᠠᠨ ᠤᠢ ᠶᠢᠨ ᠬᠤᠷᠮᠣᠶ ᠶᠢᠨ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠲᠠᠷᠢᠵᠤ ᠤᠷᠭᠤᠭᠤᠯᠬᠤ ᠶᠢ ᠵᠣᠷᠢᠭᠵᠢᠭᠤᠯᠬᠤ ᠬᠡᠷᠡᠭᠲᠡᠶ᠃ ᠡᠮ ᠤᠨ ᠮᠠᠲ᠋ᠧᠷᠢᠶᠠᠯ ᠤᠨ ᠠᠩᠬ᠎ᠠ ᠡᠳ᠋ᠰᠢᠭᠦᠯᠵᠦ ᠪᠣᠯᠪᠠᠰᠤᠷᠠᠭᠤᠯᠬᠤ ᠦᠢᠯᠡᠰ ᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠵᠤ᠂ ᠡᠮ ᠤᠨ ᠮᠠᠲ᠋ᠧᠷᠢᠶᠠᠯ ᠤᠨ ᠠᠩᠬ᠎ᠠ ᠡᠳ᠋ᠰᠢᠭᠦᠯᠵᠦ ᠪᠣᠯᠪᠠᠰᠤᠷᠠᠭᠤᠯᠬᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠡᠮ ᠤᠨ ᠮᠠᠲ᠋ᠧᠷᠢᠶᠠᠯ ᠤᠨ ᠠᠩᠬ᠎ᠠ ᠡᠳ᠋ᠰᠢᠭᠦᠯᠵᠦ ᠪᠣᠯᠪᠠᠰᠤᠷᠠᠭᠤᠯᠬᠤ ᠲᠥᠷᠥᠯ ᠵᠦᠢᠯ ᠤᠨ ᠲᠥᠯᠥᠪᠵᠢᠭᠦᠯᠭᠡ ᠪᠠ ᠬᠡᠷᠡᠭᠵᠢᠭᠦᠯᠦᠯᠲᠡ ᠶᠢ ᠴᠢᠩᠭᠠᠳᠬᠠᠬᠤ ᠬᠡᠷᠡᠭᠲᠡᠶ᠃ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠪᠠᠶᠢᠭᠤᠯᠬᠤ ᠶᠢ ᠠᠬᠢᠭᠤᠯᠵᠤ᠂ ᠠᠩᠬ᠎ᠠ ᠡᠳ᠋ᠰᠢᠭᠦᠯᠵᠦ ᠪᠣᠯᠪᠠᠰᠤᠷᠠᠭᠤᠯᠬᠤ ᠬᠢᠭᠡᠳ ᠬᠥᠮᠥᠷᠭᠡᠯᠡᠨ ᠬᠠᠳᠠᠭᠠᠯᠠᠬᠤ ᠪᠠ ᠪᠠᠷᠠᠭᠠᠨ ᠤ ᠭᠦᠢᠯᠭᠡᠭᠡᠨ ᠤ ᠲᠥᠪ ᠢ ᠪᠣᠶ ᠪᠣᠯᠭᠠᠬᠤ ᠬᠡᠷᠡᠭᠲᠡᠢ᠃ ᠣᠨᠴᠠᠯᠢᠭ ᠲᠠᠢ ᠳᠠᠪᠠᠭᠤᠯᠢᠭ ᠦᠢᠯᠡᠴᠢᠯᠡᠭᠡᠨ ᠲᠠᠢ ᠠᠵᠤ ᠦᠢᠯᠡᠰ ᠤᠨ ᠴᠢᠨᠠᠷ ᠰᠠᠶᠢᠲᠠᠶ ᠬᠥᠭᠵᠢᠬᠦ ᠠᠵᠢᠯᠯᠠᠭᠠᠨ ᠢ ᠭᠦᠨᠵᠡᠭᠡᠶ ᠥᠷᠨᠢᠭᠦᠯᠵᠦ᠂ ︽ᠨᠢᠭᠡ ᠠᠵᠤ ᠠᠬᠤᠢᠯᠠᠯ ᠳᠤ ᠨᠢᠭᠡ ᠪᠣᠳᠣᠯᠭ᠎ᠠ᠂ ᠨᠢᠭᠡ ᠵᠦᠢᠯ ᠤᠨ ᠬᠡᠷᠡᠭᠴᠡᠭᠡᠨ ᠳᠤ ᠨᠢᠭᠡ ᠲᠥᠰᠦᠯ︾ ᠲᠠᠢ ᠪᠠᠶᠢᠯᠭᠠᠬᠤ ᠪᠠᠷ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠳᠤ ᠪᠠᠷᠢᠮᠵᠢᠶ᠎ᠠ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ᠂ ᠭᠡᠷᠡᠴᠢᠯᠡᠬᠦ ᠵᠡᠷᠭᠡ ᠶᠡᠷᠦᠩᠬᠡᠶᠢᠯᠡᠭᠰᠡᠨ ᠦᠢᠯᠡᠴᠢᠯᠡᠭᠡ ᠬᠠᠩᠭᠠᠬᠤ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶

      ᠬᠢᠲᠠᠳ ᠡᠮ ︵ᠮᠣᠩᠭᠤᠯ ᠡᠮ︶ ᠤᠨ ᠪᠠᠷᠢᠮᠵᠢᠶᠠᠵᠢᠭᠤᠯᠬᠤ ᠲᠥᠷᠥᠯ ᠵᠦᠢᠯ ᠢ ᠭᠦᠨᠵᠡᠭᠡᠶ ᠬᠡᠷᠡᠭᠵᠢᠭᠦᠯᠵᠦ᠂ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠦᠷ᠎ᠡ᠂ ᠴᠢᠬᠢ᠂ ᠲᠠᠷᠢᠬᠤ ᠵᠡᠷᠭᠡ ᠣᠷᠣᠨ ᠨᠤᠲᠤᠭ ᠤᠨ ᠪᠠᠷᠢᠮᠵᠢᠶ᠎ᠠ ᠪᠠᠨ ᠰᠤᠳᠤᠯᠤᠨ ᠲᠣᠭᠲᠠᠭᠠᠬᠤ ᠠᠵᠢᠯ ᠢ ᠠᠬᠢᠭᠤᠯᠤᠨ᠎ᠠ᠃ ᠬᠤᠨᠴᠢᠷ᠂ ᠰᠢᠬᠢᠷ ᠡᠪᠡᠰᠦ᠂ ᠱᠦᠭᠦᠷᠭᠡᠨ᠎ᠡ ᠵᠡᠷᠭᠡ 17 ᠵᠦᠢᠯ ᠤᠨ ᠲᠠᠷᠢᠮᠠᠯ ᠤᠨ ᠪᠠᠷᠢᠮᠵᠢᠶᠠᠨ ᠤ ᠲᠣᠭᠲᠠᠯᠴᠠᠭ᠎ᠠ ᠶᠢᠨ ᠬᠠᠮᠢᠶ᠎ᠠ ᠪᠥᠬᠦᠶ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠭᠰᠠᠨ ᠰᠠᠭᠤᠷᠢᠨ ᠳᠡᠭᠡᠷ᠎ᠡ᠂ ᠲᠣᠭᠤᠯ ᠡᠪᠡᠰᠦ᠂ ᠤᠯᠠᠭᠠᠨ ᠴᠠᠨ᠎ᠠ᠂ ᠬᠤᠷᠳᠤᠨ ᠴᠠᠭᠠᠨ ᠵᠡᠷᠭᠡ ᠶᠢᠨ ᠪᠠᠷᠢᠮᠵᠢᠶᠠᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠭᠤᠤᠯᠳᠠᠯᠭ᠎ᠠ ᠲᠠᠢ ᠪᠥᠲᠥᠭᠡᠨ ᠪᠠᠶᠢᠭᠤᠯᠬᠤ ᠲᠥᠷᠥᠯ ᠵᠦᠢᠯ ᠪᠣᠯᠭᠠᠵᠤ᠂ ᠪᠠᠷᠢᠮᠵᠢᠶ᠎ᠠ ᠶᠢ ᠲᠥᠯᠥᠪᠵᠢᠭᠦᠯᠬᠦ᠂ ᠪᠠᠷᠢᠮᠵᠢᠶ᠎ᠠ ᠶᠢ ᠲᠣᠭᠲᠠᠭᠠᠬᠤ᠂ ᠲᠤᠷᠰᠢᠯᠲᠠ ᠶᠢᠨ ᠴᠡᠭ ᠢ ᠪᠥᠲᠥᠭᠡᠨ ᠪᠠᠶᠢᠭᠤᠯᠬᠤ ᠲᠠᠯ᠎ᠠ ᠪᠠᠷ ᠠᠵᠢᠯ ᠤᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶

      ︵ᠠᠷᠪᠠᠨ ᠵᠢᠷᠭᠤᠭ᠎ᠠ︶ ᠥᠪᠡᠷᠲᠡᠭᠡᠨ ᠵᠠᠰᠠᠬᠤ ᠣᠷᠣᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠣᠭᠤᠷᠢᠭ ᠢ ᠪᠠᠶᠢᠭᠤᠯᠬᠤ ᠬᠡᠷᠡᠭᠲᠡᠢ᠃ ᠪᠠᠶᠢᠭᠤᠯᠤᠯ ᠲᠣᠭᠲᠠᠴᠠ ᠶᠢ ᠥᠭᠡᠷᠡᠴᠢᠯᠡᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠳᠦᠷᠢᠮ ᠤᠨ ᠲᠣᠭᠲᠠᠯᠴᠠᠭ᠎ᠠ᠂ ᠬᠠᠮᠢᠶᠠᠷᠤᠯᠲᠠ ᠶᠢᠨ ᠲᠣᠭᠲᠠᠯᠴᠠᠭ᠎ᠠ᠂ ᠦᠨᠡᠯᠡᠯᠲᠡ ᠶᠢᠨ ᠲᠣᠭᠲᠠᠯᠴᠠᠭ᠎ᠠ ᠪᠠ ᠪᠠᠷᠢᠮᠵᠢᠶ᠎ᠠ ᠶᠢᠨ ᠲᠣᠭᠲᠠᠯᠴᠠᠭ᠎ᠠ ᠶᠢ ᠲᠦᠷᠭᠡᠳᠬᠡᠨ ᠲᠡᠭᠦᠯᠳᠡᠷᠵᠢᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠵᠦ᠂ ᠬᠢᠲᠠᠳ ᠡᠮ ︵ᠮᠣᠩᠭᠤᠯ ᠡᠮ︶ ᠢ ᠪᠠᠭᠲᠠᠭᠠᠭᠰᠠᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠥᠭᠡᠷᠡᠴᠢᠯᠡᠯᠲᠡ ᠳᠤ ᠰᠢᠪᠲᠤᠯᠤᠯᠲᠠ ᠬᠢᠬᠦ ᠲᠤᠯᠭᠠᠮ ᠴᠢᠬᠤᠯᠠᠲᠠᠶ ᠭᠤᠤᠯᠳᠠᠯᠭ᠎ᠠ ᠪᠣᠯᠬᠤ ᠬᠦᠴᠢᠷ ᠵᠦᠢᠯ ᠤᠨ ᠲᠣᠭᠤᠷᠢᠨ ᠳᠤ᠂ ᠬᠥᠭᠵᠢᠯᠲᠡ ᠶᠢᠨ ᠰᠠᠭᠤᠷᠢ ᠪᠠᠷ ᠰᠠᠶᠢᠨ ᠪᠠᠶᠢᠭ᠎ᠠ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠢ ᠰᠣᠩᠭᠤᠵᠤ᠂ ᠣᠳᠣᠬᠢᠴᠢᠯᠠᠭᠰᠠᠨ ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠲᠠᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠦᠢᠯᠡᠰ ᠪᠠ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠳᠠᠭᠠᠭᠤᠯᠤᠭᠴᠢ ᠶᠢ ᠪᠣᠶ ᠪᠣᠯᠭᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶

      ︵ᠠᠷᠪᠠᠨ ᠳᠣᠯᠤᠭ᠎ᠠ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠪᠠᠨ ᠴᠢᠯᠥᠭᠡᠲᠡᠶ ᠬᠥᠭᠵᠢᠭᠦᠯᠬᠦ ᠢᠨᠵᠧᠨᠧᠷᠢᠩ ᠢ ᠬᠡᠷᠡᠭᠵᠢᠭᠦᠯᠬᠦ ᠬᠡᠷᠡᠭᠲᠡᠢ᠃ ︽ᠢᠨᠲ᠋ᠧᠷ ᠰᠦᠯᠵᠢᠶ᠎ᠡ + ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡ︾᠂ ︽ᠢᠨᠲ᠋ᠧᠷ ᠰᠦᠯᠵᠢᠶ᠎ᠡ + ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠷᠠᠯᠵᠢᠶ᠎ᠠ︾ ᠶᠢ ᠬᠥᠭᠵᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠢᠯᠢ ᠠᠯᠤᠰᠯᠠᠭᠰᠠᠨ ᠠᠯᠤᠰ ᠡᠮᠴᠢᠯᠡᠭᠡ ᠪᠠ ᠠᠯᠤᠰ ᠵᠢᠭᠠᠨ ᠰᠤᠷᠭᠠᠯᠲᠠ ᠶᠢᠨ ᠦᠢᠯᠡᠴᠢᠯᠡᠭᠡ ᠬᠠᠩᠭᠠᠬᠤ ᠬᠡᠷᠡᠭᠲᠡᠢ᠃ ᠡᠯ᠎ᠡ ᠵᠦᠢᠯ ᠤᠨ ᠦᠵᠡᠰᠬᠦᠯᠡᠩ ᠴᠤᠭᠯᠠᠭᠠᠨ ᠤ ᠲᠠᠪᠴᠠᠩ ᠢ ᠭᠦᠢᠴᠡᠳ ᠠᠰᠢᠭᠯᠠᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡ ᠪᠠ ᠠᠷᠠᠯᠵᠢᠶᠠᠨ ᠤ ᠠᠷᠭ᠎ᠠ ᠵᠠᠮ ᠢ ᠥᠷᠭᠡᠳᠬᠡᠵᠦ᠂ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠠᠷᠠᠯᠵᠢᠶᠠᠨ ᠤ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠤᠯᠪᠣᠭᠳᠠᠯ ᠪᠦᠬᠦᠢ ᠣᠯᠠᠨ ᠤᠯᠤᠰ ᠤᠨ ᠤᠯᠠᠮᠵᠢᠯᠠᠯᠲᠤ ᠡᠮ ᠡᠮᠨᠡᠯᠭᠡ ᠶᠢᠨ ᠪᠠᠷᠢᠮᠵᠢᠶ᠎ᠠ ᠵᠢᠴᠢ ᠬᠢᠨᠠᠯᠲᠠ ᠬᠠᠮᠢᠶᠠᠷᠤᠯᠲᠠ ᠶᠢᠨ ᠳᠦᠷᠢᠮ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠨ ᠠᠵᠢᠯᠯᠠᠬᠤ ᠳᠤ ᠢᠳᠡᠪᠬᠢᠲᠡᠶ ᠣᠷᠣᠯᠴᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠭᠠᠳᠠᠭᠠᠳᠤ ᠶᠠᠪᠤᠳᠠᠯ ᠤᠨ ᠠᠯᠪᠠᠨ ᠬᠡᠷ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠬᠠᠷᠢᠭᠤᠴᠠᠨ᠎ᠠ︶

      ᠲᠠᠪᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠷᠠᠭᠤᠯᠬᠤ ᠬᠡᠷᠡᠭᠲᠡᠢ

      ︵ᠠᠷᠪᠠᠨ ᠨᠠᠢᠮᠠ︶ ᠵᠠᠰᠠᠭ ᠤᠨ ᠣᠷᠳᠣᠨ ᠤ ᠣᠷᠣᠭᠤᠯᠤᠯᠲᠠ ᠶᠢ ᠪᠠᠲᠤᠯᠠᠨ ᠨᠠᠶᠢᠳᠠᠪᠤᠷᠢᠵᠢᠭᠤᠯᠬᠤ ᠬᠡᠷᠡᠭᠲᠡᠢ᠃ ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠠᠯᠪᠠᠨ ᠠᠴᠠ ᠪᠠᠶᠢᠭᠤᠯᠤᠭᠰᠠᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠨᠡᠯᠭᠡ ᠶᠢᠨ ᠬᠤᠷᠢᠶᠠᠨ ᠤ ᠡᠮᠨᠡᠯᠭᠡ ᠡᠷᠬᠢᠯᠡᠬᠦ ᠭᠤᠤᠯ ᠴᠣᠭᠴᠠ ᠪᠣᠯᠣᠭᠰᠠᠨ ᠤ ᠬᠤᠪᠢ ᠳᠤ᠂ ᠠᠯᠪᠠᠨ ᠠᠴᠠ ᠪᠠᠶᠢᠭᠤᠯᠤᠭᠰᠠᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠨᠡᠯᠭᠡ ᠶᠢᠨ ᠬᠤᠷᠢᠶᠠᠨ ᠤ ᠰᠠᠭᠤᠷᠢ ᠪᠡᠯᠡᠳᠬᠡᠮᠵᠢ᠂ ᠲᠥᠬᠦᠭᠡᠷᠦᠮᠵᠢ ᠬᠤᠳᠠᠯᠳᠤᠨ ᠠᠪᠬᠤ᠂ ᠭᠤᠤᠯᠳᠠᠯᠭ᠎ᠠ ᠲᠠᠢ ᠰᠢᠨᠵᠢᠯᠡᠭᠡᠨ᠂ ᠴᠢᠳᠠᠪᠤᠷᠢᠲᠠᠨ ᠬᠥᠮᠦᠵᠢᠭᠦᠯᠬᠦ ᠪᠠ ᠮᠡᠳᠡᠭᠡ ᠵᠠᠩᠭᠢᠴᠢᠯᠠᠬᠤ ᠵᠡᠷᠭᠡ ᠳᠤ ᠵᠠᠰᠠᠭ ᠤᠨ ᠣᠷᠳᠣᠨ ᠤ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶

      ︵ᠠᠷᠪᠠ ᠶᠢᠰᠦ︶ ᠨᠡᠶᠢᠭᠡᠮ ᠤᠨ ᠣᠷᠣᠭᠤᠯᠤᠯᠲᠠ ᠶᠢ ᠣᠯᠠᠨ ᠲᠠᠯ᠎ᠠ ᠪᠠᠷ ᠨᠡᠮᠡᠭᠳᠡᠭᠦᠯᠬᠦ ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠪᠠᠳᠠᠷᠠᠭᠤᠯᠵᠤ᠂ ᠲᠥᠯᠥᠪᠵᠢᠭᠦᠯᠭᠡ ᠶᠢ ᠠᠮᠢᠳᠤᠯᠢᠭ ᠢᠶᠠᠷ ᠬᠡᠷᠡᠭᠯᠡᠬᠦ᠂ ᠭᠠᠵᠠᠷ ᠰᠢᠷᠣᠶ ᠶᠢ ᠬᠤᠪᠢᠶᠠᠷᠢᠯᠠᠨ ᠥᠭᠬᠦ ᠵᠡᠷᠭᠡ ᠪᠠᠷ ᠳᠠᠮᠵᠢᠭᠤᠯᠤᠨ᠂ ᠠᠯᠪᠠᠨ ᠠᠴᠠ ᠪᠠᠶᠢᠭᠤᠯᠤᠭᠰᠠᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠪᠠᠶᠢᠭᠤᠯᠤᠮᠵᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠬᠡᠷᠡᠭᠲᠡᠢ᠃ ᠤᠯᠤᠰ᠂ ᠥᠪᠡᠷᠲᠡᠭᠡᠨ ᠵᠠᠰᠠᠬᠤ ᠣᠷᠣᠨ ᠤ ᠣᠳᠣ ᠶᠢᠨ ᠬᠡᠷᠡᠭᠵᠢᠭᠦᠯᠵᠦ ᠪᠠᠶᠢᠭ᠎ᠠ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠳᠬᠦᠨ ᠢ ᠵᠠᠬ᠎ᠠ ᠳᠡᠯᠭᠡᠭᠦᠷᠴᠢᠯᠡᠨ ᠤᠯᠠᠷᠢᠭᠤᠯᠬᠤ ᠳᠤ ᠭᠠᠶᠢᠯᠢ ᠲᠠᠲᠠᠪᠤᠷᠢ᠂ ᠮᠥᠩᠭᠦᠨ ᠭᠦᠢᠯᠭᠡᠭᠡᠨ᠂ ᠵᠠᠬ᠎ᠠ ᠳᠡᠯᠭᠡᠭᠦᠷ ᠤᠨ ᠬᠠᠮᠢᠶᠠᠷᠤᠯᠲᠠ ᠵᠡᠷᠭᠡ ᠲᠠᠯ᠎ᠠ ᠪᠠᠷ ᠬᠢ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠦᠵᠡᠭᠦᠯᠬᠦ ᠬᠡᠷᠡᠭᠲᠡᠢ᠃ ᠨᠡᠶᠢᠭᠡᠮ ᠤᠨ ᠣᠷᠣᠭᠤᠯᠤᠯᠲᠠ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠴᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠳᠠᠪᠠᠭᠤᠯᠢᠭ ᠭᠠᠵᠠᠷ ᠪᠠ ᠡᠷᠳᠡᠮ ᠰᠢᠨᠵᠢᠯᠡᠭᠡᠨ᠂ ᠠᠵᠤ ᠦᠢᠯᠡᠰ ᠤᠨ ᠲᠥᠪᠯᠡᠷᠡᠭᠰᠡᠨ ᠲᠣᠭᠤᠷᠢᠭ ᠢ ᠪᠤᠢ ᠪᠣᠯᠭᠠᠬᠤ ᠬᠡᠷᠡᠭᠲᠡᠢ᠃ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠨᠡᠯᠭᠡ ᠶᠢᠨ ᠬᠤᠷᠢᠶᠠᠨ ᠤ ᠲᠦᠷᠦᠭᠦᠯᠡᠨ ᠪᠠᠶᠢᠭᠤᠯᠤᠭᠰᠠᠨ ᠡᠮᠴᠢᠯᠡᠭᠡᠨ ᠤ ᠬᠤᠯᠪᠣᠭᠠᠲᠤ ᠴᠣᠭᠴᠠ ᠪᠠ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠪᠦᠯᠬᠦᠮ ᠨᠡᠶᠢᠲᠡ ᠳᠤ ᠨᠥᠬᠦᠴᠡᠯ ᠪᠦᠷᠢᠯᠳᠦᠭᠦᠯᠦᠭᠰᠡᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠨᠡᠬᠦ ᠭᠠᠵᠠᠷ ᠤᠨ ᠣᠷᠣᠯᠴᠠᠬᠤ ᠶᠢ ᠨᠢ ᠵᠣᠷᠢᠭᠵᠢᠭᠤᠯᠵᠤ᠂ ᠡᠪᠡᠳᠴᠢᠯᠡᠬᠦ ᠠᠴᠠ ᠤᠷᠢᠳ ᠰᠡᠷᠭᠡᠶᠢᠯᠡᠨ ᠵᠠᠰᠠᠬᠤ ᠦᠢᠯᠡᠴᠢᠯᠡᠭᠡᠨ ᠤ ᠠᠭᠤᠯᠭ᠎ᠠ ᠶᠢ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ ᠳᠤ ᠣᠷᠣᠭᠤᠯᠤᠨ᠂ ᠲᠣᠭᠲᠠᠭᠠᠯ ᠶᠣᠰᠣᠭᠠᠷ ᠭᠡᠷ᠎ᠡ ᠲᠣᠭᠲᠠᠬᠤ ᠦᠢᠯᠡᠴᠢᠯᠡᠭᠡᠨ ᠤ ᠰᠦᠢᠳᠬᠡᠯ ᠬᠤᠷᠢᠶᠠᠬᠤ ᠬᠡᠷᠡᠭᠲᠡᠶ᠃ ᠵᠡᠭᠡᠯᠢ ᠭᠤᠳᠤᠮᠵᠢ ᠨᠡᠶᠢᠭᠡᠮ ᠲᠣᠭᠤᠷᠢᠭ ᠢ ᠵᠣᠷᠢᠭᠵᠢᠭᠤᠯᠤᠨ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠨᠡᠬᠦ ᠭᠠᠵᠠᠷ ᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠣᠷᠣᠭᠤᠯᠤᠨ ᠨᠢᠭᠡᠳᠦᠯᠲᠡᠶ ᠬᠠᠮᠢᠶᠠᠷᠴᠤ᠂ ᠣᠨᠣᠰᠢᠯᠠᠨ ᠡᠮᠨᠡᠬᠦ ᠲᠠᠯᠠᠪᠤᠷ ᠭᠠᠵᠠᠷ ᠬᠠᠩᠭᠠᠬᠤ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶

      ︵ᠬᠤᠷᠢ︶ ᠪᠠᠯᠠ ᠲᠣᠬᠢᠷᠠᠭᠤᠯᠬᠤ ᠠᠷᠭ᠎ᠠ ᠵᠠᠮ ᠢᠶᠠᠷ ᠳᠡᠮᠵᠢᠬᠦ ᠶᠢ ᠴᠢᠩᠭᠠᠳᠬᠠᠬᠤ ᠬᠡᠷᠡᠭᠲᠡᠢ᠃ ᠨᠥᠬᠦᠴᠡᠯ ᠳᠤ ᠨᠡᠶᠢᠴᠡᠬᠦ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠪᠠᠯᠠ ᠲᠣᠬᠢᠷᠠᠭᠤᠯᠬᠤ ᠪᠠ ᠵᠢᠭᠡᠯᠡᠯᠭᠡ ᠶᠢᠨ ᠲᠡᠮᠳᠡᠭ ᠲᠠᠷᠬᠠᠭᠠᠬᠤ ᠶᠢ ᠨᠢ ᠳᠠᠮᠵᠢᠵᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠠᠬᠢᠴᠠ ᠶᠢ ᠵᠢᠭᠠᠨ ᠵᠢᠯᠤᠭᠤᠳᠴᠤ ᠠᠬᠢᠭᠤᠯᠬᠤ ᠬᠡᠷᠡᠭᠲᠡᠢ᠃ ᠨᠡᠶᠢᠭᠡᠮ ᠤᠨ ᠬᠥᠷᠥᠩᠭᠡ ᠶᠢ ᠵᠣᠷᠢᠭᠵᠢᠭᠤᠯᠵᠤ ᠪᠠᠶᠢᠭᠠᠳ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠤ ᠦᠢᠯᠡᠰ ᠤᠨ ᠪᠠᠯᠠ ᠣᠷᠣᠭᠤᠯᠤᠯᠲᠠ ᠶᠢᠨ ᠰᠠᠭᠤᠷᠢ ᠮᠥᠩᠭᠦ ᠡᠭᠦᠰᠭᠡᠨ ᠪᠠᠶᠢᠭᠤᠯᠵᠤ᠂ ᠠᠵᠤ ᠦᠢᠯᠡᠰ ᠲᠤ ᠣᠷᠳᠣ ᠬᠤᠭᠤᠴᠠᠭᠠᠨ ᠤ ᠪᠠᠯᠠ ᠣᠷᠣᠭᠤᠯᠬᠤ ᠡᠷᠴᠢᠮ ᠢ ᠨᠢ ᠴᠢᠩᠭᠠᠷᠠᠭᠤᠯᠤᠨ᠂ ᠨᠡᠶᠢᠭᠡᠮ ᠤᠨ ᠬᠥᠷᠥᠩᠭᠡ ᠬᠢᠭᠡᠳ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠤ ᠦᠢᠯᠡᠰ ᠢ ᠵᠣᠯᠭᠠᠭᠤᠯᠬᠤ ᠳᠤ ᠲᠠᠪᠴᠠᠩ ᠪᠠᠶᠢᠭᠤᠯᠵᠤ᠂ ᠠᠵᠤ ᠦᠢᠯᠡᠰ ᠤᠨ ᠪᠠᠯᠠ ᠲᠣᠬᠢᠷᠠᠭᠤᠯᠭ᠎ᠠ ᠬᠢᠵᠦ ᠬᠥᠭᠵᠢᠬᠦ ᠳᠤ ᠬᠦᠴᠦᠨ ᠨᠡᠮᠡᠷᠢᠯᠡᠬᠦ ᠬᠡᠷᠡᠭᠲᠡᠶ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠦᠷᠢᠶᠡᠨ ᠳᠠᠬᠢ ᠳᠤᠮᠳᠠ ᠵᠢᠵᠢᠭ ᠠᠵᠤ ᠠᠬᠤᠶᠢᠯᠠᠯ ᠢ ᠢᠲᠡᠭᠡᠮᠵᠢᠲᠦ ᠵᠢᠭᠡᠯᠡᠯᠭᠡ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠬᠢᠲᠠᠳ ᠡᠮ ︵ᠮᠣᠩᠭᠤᠯ ᠡᠮ︶ ᠤᠨ ᠠᠵᠤ ᠠᠬᠤᠶᠢᠯᠠᠯ ᠤᠨ ᠨᠡᠷᠡᠰ ᠤᠨ ᠳᠦᠷᠢᠮ ᠤᠨ ᠬᠠᠮᠢᠶᠠᠷᠤᠯᠲᠠ ᠶᠢ ᠰᠦᠪᠡᠭᠴᠢᠯᠡᠨ ᠪᠠᠶᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ ᠢ ᠨᠢ ᠴᠢᠩᠭᠠᠷᠠᠭᠤᠯᠤᠨ᠂ ᠴᠢᠨᠠᠷ ᠰᠠᠶᠢᠲᠠᠶ ᠪᠡᠯᠡᠨ ᠡᠮ ᠤᠨ ᠠᠵᠤ ᠠᠬᠤᠶᠢᠯᠠᠯ ᠢ ᠳᠡᠮᠵᠢᠬᠦ ᠡᠷᠴᠢᠮ ᠢ ᠨᠢ ᠴᠢᠩᠭᠠᠷᠠᠭᠤᠯᠬᠤ ᠬᠡᠷᠡᠭᠲᠡᠢ᠃ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠳᠡᠮᠵᠢᠵᠦ ᠪᠠᠶᠢᠭᠠᠳ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠨᠡᠶᠢᠯᠡᠭᠦᠯᠬᠦ ᠪᠠ ᠰᠢᠢᠳᠪᠦᠷᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠮᠥᠩᠭᠦᠨ ᠭᠦᠢᠯᠭᠡᠭᠡᠨ ᠤ ᠨᠡᠷᠡᠳᠬᠦᠨ ᠳᠤ ᠪᠠᠨ ᠰᠢᠨ᠎ᠡ ᠶᠢ ᠡᠭᠦᠳᠬᠦ ᠶᠢ ᠨᠢ ᠵᠣᠷᠢᠭᠵᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠴᠠᠯᠢᠭ ᠲᠠᠢ ᠬᠥᠭᠵᠢᠬᠦ ᠶᠢ ᠳᠡᠮᠵᠢᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶

      ᠵᠢᠷᠭᠤᠭ᠎ᠠ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠥᠭᠵᠢᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ

      ︵ᠬᠤᠷᠢᠨ ᠨᠢᠭᠡ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠬᠥᠳᠡᠯᠦᠩᠭᠦᠶ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠰᠢᠨ᠎ᠡ ᠪᠠᠷ ᠨᠡᠮᠡᠭᠳᠡᠭᠰᠡᠨ ᠡᠮᠴᠢᠯᠡᠭᠡ ᠶᠢᠨ ᠦᠢᠯᠡᠴᠢᠯᠡᠭᠡᠨ ᠪᠠ ︽ᠢᠨᠲ᠋ᠧᠷ ᠰᠦᠯᠵᠢᠶ᠎ᠡ +︾ ᠡᠮᠴᠢᠯᠡᠭᠡ ᠶᠢᠨ ᠦᠢᠯᠡᠴᠢᠯᠡᠭᠡᠨ ᠤ ᠲᠥᠷᠥᠯ ᠵᠦᠢᠯ ᠢ ᠴᠠᠭ ᠲᠤᠬᠠᠶ ᠳᠤ ᠨᠢ ᠨᠥᠬᠦᠪᠥᠷᠢᠯᠡᠵᠦ᠂ ᠦᠨ᠎ᠡ ᠬᠠᠩᠰᠢ ᠲᠣᠬᠢᠷᠠᠭᠤᠯᠬᠤ ᠵᠠᠮ ᠮᠥᠷ ᠢ ᠨᠢ ᠵᠢᠷᠤᠮᠵᠢᠭᠤᠯᠤᠨ᠂ ᠦᠨᠡᠯᠡᠨ ᠵᠢᠱᠢᠬᠦ ᠶᠢ ᠲᠣᠭᠲᠠᠮᠠᠯ ᠬᠤᠭᠤᠴᠠᠭ᠎ᠠ ᠲᠠᠢ ᠥᠷᠨᠢᠭᠦᠯᠵᠦ᠂ ᠡᠬᠢᠯᠡᠭᠦᠯᠵᠦ ᠠᠵᠢᠯᠯᠠᠬᠤ ᠨᠥᠬᠦᠴᠡᠯ ᠳᠤ ᠨᠡᠶᠢᠴᠡᠭᠰᠡᠨ ᠪᠠᠶᠢᠪᠠᠯ ᠦᠨ᠎ᠡ ᠬᠠᠩᠰᠢ ᠶᠢ ᠴᠠᠭ ᠲᠤᠬᠠᠶ ᠳᠤ ᠨᠢ ᠲᠣᠬᠢᠷᠠᠭᠤᠯᠤᠨ᠂ ᠮᠡᠷᠭᠡᠵᠢᠯ ᠤᠨ ᠬᠥᠳᠡᠯᠮᠦᠷᠢ ᠦᠢᠯᠡᠴᠢᠯᠡᠭᠡᠨ ᠤ ᠦᠨ᠎ᠡ ᠥᠷᠲᠡᠭ ᠢ ᠢᠯᠡᠷᠡᠭᠦᠯᠦᠭᠰᠡᠨ ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠭᠤᠤᠯᠳᠠᠯᠭ᠎ᠠ ᠲᠠᠢ ᠳᠡᠭᠡᠭᠰᠢᠯᠡᠭᠦᠯᠵᠦ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠬᠦ ᠬᠡᠷᠡᠭᠲᠡᠶ᠃ ᠡᠮᠴᠢᠯᠡᠭᠡᠨ ᠤ ᠪᠠᠶᠢᠭᠤᠯᠤᠮᠵᠢ ᠶᠢᠨ ᠨᠣᠮᠣᠬᠠᠳᠬᠠᠬᠤ ᠳᠤ ᠬᠡᠷᠡᠭᠯᠡᠬᠦ ᠬᠢᠲᠠᠳ ᠡᠮ ︵ᠮᠣᠩᠭᠤᠯ ᠡᠮ︶ ᠤᠨ ᠴᠢᠨᠠᠬᠤ ᠡᠮ᠂ ᠨᠠᠶᠢᠷᠠᠯᠲᠠ ᠳᠤ ᠪᠠᠨ ᠡᠵᠡᠨ ᠮᠡᠳᠡᠨ ᠦᠨ᠎ᠡ ᠲᠣᠭᠲᠠᠭᠠᠬᠤ ᠶᠢ ᠬᠡᠷᠡᠭᠵᠢᠭᠦᠯᠵᠦ᠂ ᠨᠥᠬᠦᠴᠡᠯ ᠳᠤ ᠨᠡᠶᠢᠴᠡᠬᠦ ᠶᠢ ᠨᠢ ᠲᠣᠭᠲᠠᠭᠠᠯ ᠶᠣᠰᠣᠭᠠᠷ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠢᠭᠤᠴᠠᠨ᠎ᠠ︶

      ︵ᠬᠤᠷᠢᠨ ᠬᠤᠶᠠᠷ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠪᠦᠷᠢᠨᠰᠢᠭᠦᠯᠬᠦ ᠬᠡᠷᠡᠭᠲᠡᠢ᠃ ᠲᠣᠭᠲᠠᠭᠠᠯ ᠶᠣᠰᠣᠭᠠᠷ ᠡᠮᠴᠢᠯᠡᠭᠡᠨ ᠨᠢ ᠦᠨᠡᠨ ᠬᠦ ᠲᠤᠰᠠᠲᠠᠢ᠂ ᠵᠠᠷᠤᠳᠠᠯ ᠨᠢ ᠲᠣᠬᠢᠷᠠᠮᠵᠢᠲᠠᠶ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠢ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠬᠤ ᠬᠡᠷᠡᠭᠲᠡᠢ᠃ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠦᠢᠯᠡᠴᠢᠯᠡᠭᠡ ᠳᠤ ᠡᠪᠡᠳᠴᠢᠨ ᠤ ᠵᠦᠢᠯ ᠤᠨ ᠬᠤᠪᠢ ᠶᠢᠨ ᠥᠷᠲᠡᠭ ᠢᠶᠠᠷ ᠨᠢ ᠵᠠᠷᠤᠳᠠᠯ ᠲᠤᠰᠢᠶᠠᠬᠤ ᠶᠢ ᠰᠦᠪᠡᠭᠴᠢᠯᠡᠨ᠂ ᠬᠢᠲᠠᠳ ︵ᠮᠣᠩᠭᠤᠯ︶ ᠧᠦ᠋ᠷᠣᠫᠠ ᠡᠮᠨᠡᠯᠭᠡ ᠶᠢᠨ ᠠᠳᠠᠯᠢ ᠡᠪᠡᠳᠴᠢᠨ ᠢ ᠡᠮᠴᠢᠯᠡᠭᠰᠡᠨ ᠲᠤᠰᠠ ᠨᠢ ᠠᠳᠠᠯᠢ ᠦᠨ᠎ᠡ ᠬᠠᠩᠰᠢ ᠨᠢ ᠠᠳᠠᠯᠢ ᠪᠠᠶᠢᠬᠤ ᠶᠢ ᠠᠬᠢᠭᠤᠯᠵᠤ᠂ ᠡᠩ ᠤᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠣᠰᠢᠯᠠᠨ ᠡᠮᠨᠡᠬᠦ ᠲᠥᠷᠥᠯ ᠵᠦᠢᠯ ᠳᠤ ᠦᠷᠭᠦᠯᠵᠢᠯᠡᠨ ᠲᠥᠷᠥᠯ ᠵᠦᠢᠯ ᠢᠶᠠᠷ ᠵᠠᠷᠤᠳᠠᠯ ᠲᠤᠰᠢᠶᠠᠵᠤ᠂ ᠡᠮᠴᠢᠯᠡᠭᠡᠨ ᠤ ᠪᠠᠶᠢᠭᠤᠯᠤᠮᠵᠢ ᠶᠢᠨ ᠠᠮᠤᠷ ᠲᠦᠪᠰᠢᠨ ᠪᠥᠭᠡᠳ ᠦᠷ᠎ᠡ ᠪᠦᠲᠦᠮᠵᠢᠲᠡᠶ᠂ ᠳᠥᠭᠦᠮ ᠳᠥᠲᠡ ᠪᠥᠭᠡᠳ ᠲᠣᠬᠢᠷᠠᠮᠵᠢᠲᠠᠶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡ ᠬᠠᠩᠭᠠᠬᠤ ᠶᠢ ᠤᠷᠮᠠᠰᠢᠭᠤᠯᠬᠤ ᠬᠡᠷᠡᠭᠲᠡᠢ᠃ ᠬᠤᠳᠠᠯᠳᠤᠭᠠᠨ ᠤ ᠳᠠᠭᠠᠳᠬᠠᠯ ᠤᠨ ᠺᠣᠮᠫᠠᠨᠢ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠲᠠᠯ᠎ᠠ ᠪᠠᠷ ᠬᠢ ᠣᠨᠴᠠᠯᠢᠭ ᠲᠠᠢ ᠡᠷᠡᠭᠦᠯ ᠮᠡᠨᠳᠦ ᠶᠢᠨ ᠳᠠᠭᠠᠳᠬᠠᠯ ᠤᠨ ᠨᠡᠷᠡᠳᠬᠦᠨ ᠭᠠᠷᠭᠠᠬᠤ ᠶᠢ ᠵᠣᠷᠢᠭᠵᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠡᠷᠡᠭᠦᠯ ᠮᠡᠨᠳᠦ ᠶᠢᠨ ᠳᠠᠭᠠᠳᠬᠠᠯ ᠤᠨ ᠪᠠᠲᠤᠯᠠᠭ᠎ᠠ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ᠂ ᠨᠥᠬᠦᠪᠥᠷᠢ ᠡᠮᠴᠢᠯᠡᠭᠡᠨ ᠤ ᠳᠠᠭᠠᠳᠬᠠᠯ ᠤᠨ ᠲᠥᠷᠥᠯ ᠵᠦᠢᠯ ᠤᠨ ᠲᠥᠯᠥᠵᠦ ᠨᠥᠬᠦᠪᠦᠷᠢᠯᠡᠬᠦ ᠬᠡᠪᠴᠢᠶᠡᠨ ᠳᠤ ᠣᠷᠤᠭᠤᠯᠬᠤ ᠬᠡᠷᠡᠭᠲᠡᠢ᠃ ᠳᠠᠭᠠᠳᠬᠠᠯ ᠤᠨ ᠺᠣᠮᠫᠠᠨᠢ ᠪᠠ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠪᠠᠶᠢᠭᠤᠯᠤᠮᠵᠢ ᠶᠢᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡ ᠬᠠᠮᠲᠤᠷᠠᠨ ᠥᠷᠨᠢᠭᠦᠯᠬᠦ ᠶᠢ ᠵᠣᠷᠢᠭᠵᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠠᠭᠤᠯᠭ᠎ᠠ ᠳᠤ ᠣᠷᠣᠭᠤᠯᠬᠤ ᠬᠡᠷᠡᠭᠲᠡᠶ᠃ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠭᠰᠠᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡ ᠪᠠ ᠵᠠᠷᠤᠳᠠᠯ ᠳᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶

      ︵ᠬᠤᠷᠢᠨ ᠭᠤᠷᠪᠠ︶ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠦᠨᠳᠦᠰᠦᠨ ᠪᠤᠰᠤ ᠦᠢᠯᠡᠴᠢᠯᠡᠭᠡᠨ ᠢ ᠵᠣᠬᠢᠰᠲᠠᠶ ᠥᠷᠨᠢᠭᠦᠯᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠠᠯᠪᠠᠨ ᠠᠴᠠ ᠪᠠᠶᠢᠭᠤᠯᠤᠭᠰᠠᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠶᠢᠨ ᠬᠢᠨ ᠤ ᠣᠯᠠᠨ ᠤᠯᠤᠰ ᠤᠨ ᠡᠮᠴᠢᠯᠡᠭᠡᠨ ᠤ ᠬᠡᠯᠲᠡᠰ ᠢ ᠪᠡᠶ᠎ᠡ ᠪᠠᠨ ᠳᠠᠭᠠᠭᠠᠵᠤ ᠪᠠᠶᠢᠭᠤᠯᠬᠤ ᠶᠢ ᠨᠢ ᠵᠥᠪᠰᠢᠶᠡᠷᠡᠨ᠂ ᠣᠯᠠᠨ ᠤᠯᠤᠰ ᠤᠨ ᠡᠮᠴᠢᠯᠡᠭᠡᠨ ᠤ ᠦᠨ᠎ᠡ ᠬᠠᠩᠰᠢ ᠶᠢ ᠡᠵᠡᠨ ᠮᠡᠳᠡᠨ ᠲᠣᠭᠲᠠᠭᠠᠵᠤ᠂ ᠲᠥᠷᠥᠯ ᠵᠦᠢᠯ ᠢᠶᠠᠨ ᠥᠪᠡᠷᠲᠡᠭᠡᠨ ᠵᠠᠰᠠᠬᠤ ᠣᠷᠣᠨ ᠠᠴᠠ ᠨᠡᠶᠢᠲᠡᠯᠡᠵᠦ ᠬᠡᠷᠡᠭᠵᠢᠭᠦᠯᠦᠭᠰᠡᠨ ᠣᠨᠴᠠ ᠬᠡᠷᠡᠭᠰᠡᠬᠦ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠤᠨ ᠬᠡᠪᠴᠢᠶᠡᠨ ᠳᠣᠲᠣᠷ᠎ᠠ ᠪᠠᠶᠢᠯᠭᠠᠵᠤ᠂ ᠦᠢᠯᠡᠴᠢᠯᠡᠬᠦ ᠬᠡᠮᠵᠢᠶᠡᠨ ᠤ ᠬᠠᠷᠢᠴᠠᠯ ᠢ ᠪᠦᠬᠦ ᠡᠮᠴᠢᠯᠡᠭᠡᠨ ᠤ ᠦᠢᠯᠡᠴᠢᠯᠡᠭᠡ ᠶᠢᠨ 10% ᠠᠴᠠ ᠳᠠᠪᠠᠭᠤᠯᠵᠤ ᠪᠣᠯᠬᠤ ᠦᠭᠡᠶ᠂ ᠣᠷᠣᠯᠭ᠎ᠠ ᠵᠠᠷᠤᠯᠭ᠎ᠠ ᠶᠢᠨ ᠦᠯᠡᠳᠡᠪᠦᠷᠢ ᠶᠢ ᠭᠤᠣᠯᠳᠠᠭᠤ ᠠᠵᠢᠯᠲᠠᠨ ᠠᠵᠢᠯᠴᠢᠨ ᠤ ᠣᠯᠭᠤᠮᠵᠢ ᠶᠢ ᠰᠠᠶᠢᠵᠢᠷᠠᠭᠤᠯᠬᠤ᠂ ᠲᠤᠰᠬᠠᠶ ᠰᠠᠯᠠᠭᠠᠨ ᠤ ᠪᠠᠶᠢᠭᠤᠯᠤᠯᠲᠠ ᠪᠠ ᠡᠮᠨᠡᠯᠭᠡ ᠶᠢᠨ ᠬᠤᠷᠢᠶᠠᠨ ᠤ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠴᠢᠩᠭᠠᠳᠬᠠᠬᠤ ᠳᠤ ᠬᠡᠷᠡᠭᠯᠡᠬᠦ ᠬᠡᠷᠡᠭᠲᠡᠶ᠃ ᠣᠨᠴᠠ ᠬᠡᠷᠡᠭᠰᠡᠬᠦ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠬᠠᠩᠰᠢ ᠳᠤ ᠵᠠᠬ᠎ᠠ ᠳᠡᠯᠭᠡᠭᠦᠷ ᠢᠶᠠᠷ ᠦᠨ᠎ᠡ ᠲᠣᠬᠢᠷᠠᠭᠤᠯᠬᠤ ᠶᠢ ᠬᠡᠷᠡᠭᠵᠢᠭᠦᠯᠵᠦ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠬᠤ ᠥᠬᠡᠶ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶

      ᠳᠣᠯᠤᠭ᠎ᠠ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ ᠬᠡᠷᠡᠭᠲᠡᠢ

      ︵ᠬᠤᠷᠢᠨ ᠳᠥᠷᠪᠡ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠭᠠᠷᠴᠠᠭ ᠢ ᠪᠠᠶᠢᠭᠤᠯᠵᠤ᠂ ᠥᠪᠡᠷᠮᠢᠴᠡ ᠨᠣᠮᠣᠬᠠᠳᠬᠠᠬᠤ ᠠᠷᠭ᠎ᠠ ᠲᠠᠢ ᠬᠢᠲᠠᠳ ᠡᠮ ︵ᠮᠣᠩᠭᠤᠯ ᠡᠮ︶ ᠤᠨ ᠴᠢᠨᠠᠬᠤ ᠡᠮ ᠪᠠ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠥᠪᠡᠷᠮᠢᠴᠡ ᠮᠡᠷᠭᠡᠵᠢᠯ ᠢ ᠬᠠᠮᠠᠭᠠᠯᠠᠬᠤ ᠬᠡᠪᠴᠢᠶᠡᠨ ᠳᠤ ᠣᠷᠤᠭᠤᠯᠬᠤ ᠬᠡᠷᠡᠭᠲᠡᠢ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠮᠡᠷᠭᠡᠵᠢᠯ ᠤᠨ ᠲᠠᠯ᠎ᠠ ᠪᠠᠷ ᠣᠯᠠᠨ ᠤᠯᠤᠰ ᠤᠨ ᠲᠤᠰᠬᠠᠶ ᠠᠰᠢᠭ ᠭᠤᠶᠤᠴᠢᠯᠠᠬᠤ ᠶᠢ ᠠᠬᠢᠭᠤᠯᠬᠤ ᠬᠡᠷᠡᠭᠲᠡᠢ᠃ ᠲᠤᠰᠬᠠᠶ ᠠᠰᠢᠭ᠂ ᠲᠠᠸᠠᠷ ᠤᠨ ᠲᠡᠮᠳᠡᠭ᠂ ᠭᠠᠵᠠᠷ ᠵᠦᠶ ᠶᠢᠨ ᠲᠡᠮᠳᠡᠭ ᠢ ᠬᠠᠮᠠᠭᠠᠯᠠᠬᠤ ᠵᠡᠷᠭᠡ ᠠᠷᠭ᠎ᠠ ᠶᠢ ᠬᠡᠷᠡᠭᠯᠡᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠶᠢ ᠨᠢ ᠵᠣᠷᠢᠭᠵᠢᠭᠤᠯᠵᠤ᠂ ᠵᠢᠩᠬᠢᠨᠢ ᠪᠠᠶᠢᠭᠠᠯᠢᠯᠢᠭ ᠭᠠᠷᠤᠯᠲᠠ ᠲᠠᠢ ᠡᠮ ᠤᠨ ᠮᠠᠲ᠋ᠧᠷᠢᠶᠠᠯ ᠤᠨ ᠲᠡᠮᠳᠡᠭ ᠢ ᠬᠠᠮᠠᠭᠠᠯᠠᠬᠤ ᠪᠠ ᠬᠡᠷᠡᠭᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠬᠢᠲᠠᠳ ᠡᠮ ︵ᠮᠣᠩᠭᠤᠯ ᠡᠮ︶ ᠤᠨ ᠭᠠᠵᠠᠷ ᠵᠦᠶ ᠶᠢᠨ ᠲᠡᠮᠳᠡᠭ ᠢ ᠬᠡᠷᠡᠭᠯᠡᠬᠦ ᠪᠠᠷ ᠠᠬᠢᠭᠤᠯᠬᠤ ᠢᠨᠵᠧᠨᠧᠷᠢᠩ ᠢ ᠠᠬᠢᠭᠤᠯᠵᠤ᠂ ᠬᠢᠲᠠᠳ ᠡᠮ ︵ᠮᠣᠩᠭᠤᠯ ᠡᠮ︶ ᠤᠨ ᠭᠠᠵᠠᠷ ᠵᠦᠶ ᠶᠢᠨ ᠲᠡᠮᠳᠡᠭ ᠤᠨ ᠬᠠᠮᠠᠭᠠᠯᠠᠯᠲᠠ ᠲᠠᠢ ᠪᠦᠲᠦᠭᠡᠭᠳᠡᠬᠦᠨ ᠳᠤ ᠬᠤᠯᠪᠣᠭᠳᠠᠬᠤ ᠲᠤᠰᠬᠠᠶ ᠬᠠᠤᠯᠢ ᠬᠡᠷᠡᠭᠵᠢᠭᠦᠯᠦᠨ ᠪᠠᠶᠢᠴᠠᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠦ ᠥᠷᠨᠢᠭᠦᠯᠦᠨ᠂ ᠤᠯᠤᠰ ᠤᠨ ᠭᠠᠵᠠᠷ ᠵᠦᠶ ᠶᠢᠨ ᠲᠡᠮᠳᠡᠭ ᠲᠠᠢ ᠪᠦᠲᠦᠭᠡᠭᠳᠡᠬᠦᠨ ᠤ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠭᠤᠶᠤᠴᠢᠯᠠᠬᠤ ᠶᠢ ᠠᠬᠢᠭᠤᠯᠬᠤ ᠬᠡᠷᠡᠭᠲᠡᠢ᠃ ᠪᠥᠬᠦ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠤᠯᠢ ᠬᠡᠷᠡᠭᠵᠢᠭᠦᠯᠵᠦ ᠬᠠᠮᠠᠭᠠᠯᠠᠬᠤ ᠲᠤᠰᠬᠠᠶ ᠠᠵᠢᠯᠯᠠᠭᠠᠨ ᠢ ᠵᠣᠬᠢᠶᠠᠨ ᠪᠠᠶᠢᠭᠤᠯᠵᠦ ᠥᠷᠨᠢᠭᠦᠯᠦᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠲᠠᠸᠠᠷ ᠤᠨ ᠲᠡᠮᠳᠡᠭ᠂ ᠲᠤᠰᠬᠠᠶ ᠠᠰᠢᠭ᠂ ᠭᠠᠵᠠᠷ ᠵᠦᠶ ᠶᠢᠨ ᠲᠡᠮᠳᠡᠭ ᠵᠡᠷᠭᠡ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠤᠳᠠᠯᠳᠤᠭᠠᠨ ᠤ ᠨᠢᠭᠤᠴᠠ ᠶᠢ ᠨᠢ ᠬᠠᠮᠠᠭᠠᠯᠠᠬᠤ ᠳᠦᠷᠢᠮ ᠢ ᠲᠡᠭᠦᠯᠳᠡᠷᠵᠢᠭᠦᠯᠵᠦ᠂ ᠬᠤᠳᠠᠯᠳᠤᠭᠠᠨ ᠤ ᠨᠢᠭᠤᠴᠠ ᠳᠤ ᠬᠠᠯᠳᠠᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶

      ︵ᠬᠤᠷᠢᠨ ᠲᠠᠪᠤ︶ ᠬᠢᠲᠠᠳ ᠡᠮ ︵ᠮᠣᠩᠭᠤᠯ ᠡᠮ︶ ᠤᠨ ᠬᠢᠨᠠᠯᠲᠠ ᠬᠠᠮᠢᠶᠠᠷᠤᠯᠲᠠ ᠶᠢ ᠰᠢᠯᠢᠳᠡᠭᠵᠢᠭᠦᠯᠬᠦ ᠬᠡᠷᠡᠭᠲᠡᠢ᠃ ᠡᠮ ᠤᠨ ᠵᠦᠢᠯ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠤᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠬᠢᠨᠠᠯᠲᠠ ᠲᠠᠯᠪᠢᠵᠤ ᠪᠠᠶᠢᠴᠠᠭᠠᠬᠤ ᠪᠠ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠶᠢ ᠤᠶᠠᠯᠳᠤᠭᠤᠯᠬᠤ ᠶᠢ ᠨᠢ ᠠᠬᠢᠭᠤᠯᠤᠨ᠂ ᠲᠦᠭᠰᠢᠭᠦᠷᠢ ᠶᠢ ᠦᠨᠡᠯᠡᠨ ᠵᠢᠱᠢᠬᠦ ᠪᠠ ᠬᠢᠨᠠᠨ ᠰᠢᠨᠵᠢᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠡᠮᠴᠢᠯᠡᠭᠡᠨ ᠤ ᠪᠠᠶᠢᠭᠤᠯᠤᠮᠵᠢ᠂ ᠡᠮ ᠦᠢᠯᠡᠳᠬᠦ ᠠᠵᠤ ᠠᠬᠤᠶᠢᠯᠠᠯ᠂ ᠬᠢᠲᠠᠳ ᠡᠮ ︵ᠮᠣᠩᠭᠤᠯ ᠡᠮ︶ ᠤᠨ ᠴᠢᠨᠠᠬᠤ ᠡᠮ ᠤᠨ ᠦᠢᠯᠡᠳᠪᠦᠷᠢ ᠶᠢ ᠬᠥᠲᠥᠯᠦᠨ ᠵᠢᠯᠣᠭᠤᠳᠴᠤ ᠪᠠᠶᠢᠭᠠᠳ ᠶᠠᠰᠤ ᠴᠢᠨᠠᠷ ᠤᠨ ᠪᠠᠲᠤᠯᠠᠭ᠎ᠠ ᠲᠠᠢ᠂ ᠣᠭ ᠦᠨᠳᠦᠰᠦ ᠶᠢ ᠨᠢ ᠤᠬᠤᠴᠢᠯᠠᠨ ᠮᠥᠷᠳᠡᠵᠦ ᠪᠣᠯᠬᠤ ᠬᠢᠲᠠᠳ ᠡᠮ ︵ᠮᠣᠩᠭᠤᠯ ᠡᠮ︶ ᠤᠨ ᠮᠠᠲ᠋ᠧᠷᠢᠶᠠᠯ ᠢ ᠬᠤᠳᠠᠯᠳᠤᠨ ᠠᠪᠬᠤ ᠬᠡᠷᠡᠭᠲᠡᠢ᠃ ᠨᠥᠬᠦᠴᠡᠯ ᠳᠤ ᠨᠡᠶᠢᠴᠡᠭᠰᠡᠨ ᠡᠮ ᠤᠨ ᠵᠦᠢᠯ ᠦᠢᠯᠡᠳᠪᠦᠷᠢᠯᠡᠬᠦ ᠠᠵᠤ ᠠᠬᠤᠶᠢᠯᠠᠯ ᠳᠤ ᠨᠠᠶᠢᠳᠠᠵᠤ ᠬᠡᠰᠡᠭ ᠬᠢᠲᠠᠳ ᠡᠮ ︵ᠮᠣᠩᠭᠤᠯ ᠡᠮ︶ ᠤᠨ ᠴᠢᠨᠠᠬᠤ ᠡᠮ ᠢ ᠣᠷᠣᠯᠠᠭᠤᠯᠤᠨ ᠦᠢᠯᠡᠳᠪᠦᠷᠢᠯᠡᠭᠦᠯᠬᠦ ᠶᠢ ᠨᠢ ᠵᠥᠪᠰᠢᠶᠡᠷᠡᠬᠦ ᠬᠡᠷᠡᠭᠲᠡᠢ᠃ ᠰᠢᠯᠭᠠᠨ ᠪᠠᠶᠢᠴᠠᠭᠠᠬᠤ ᠬᠢᠷᠢ ᠬᠡᠮ ᠲᠠᠢ ᠪᠠᠶᠢᠭᠤᠯᠤᠮᠵᠢ ᠳᠤ ᠨᠠᠶᠢᠳᠠᠵᠤ᠂ ᠲᠠᠷᠢᠶᠠᠨ ᠤ ᠡᠮ ᠤᠨ ᠦᠯᠡᠳᠡᠭᠳᠡᠯ᠂ ᠬᠦᠨᠳᠦ ᠲᠡᠮᠦᠷᠯᠢᠭ ᠪᠠ ᠬᠤᠣᠷ ᠲᠠᠢ ᠡᠯᠧᠮᠧᠨ᠋ᠲ᠂ ᠠᠷᠰᠧᠨ ᠤ ᠳᠠᠪᠤᠰᠤ᠂ ᠰᠢᠷ᠎ᠠ ᠬᠥᠷᠥᠩᠭᠡ ᠶᠢᠨ ᠬᠥᠭᠡᠴᠦ ᠶᠢᠨ ᠬᠤᠣᠷᠲᠤ ᠡᠳ᠋ ᠵᠡᠷᠭᠡ ᠳᠤ ᠰᠢᠯᠭᠠᠨ ᠪᠠᠶᠢᠴᠠᠭᠠᠯᠲᠠ ᠬᠢᠯᠭᠡᠵᠦ᠂ ᠳᠠᠬᠢᠨ ᠳᠠᠪᠲᠠᠨ ᠪᠡᠯᠡ ᠣᠷᠣᠭᠤᠯᠬᠤ ᠶᠢ ᠪᠠᠭᠠᠰᠬᠠᠨ᠂ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠵᠤ ᠪᠣᠯᠤᠨ᠎ᠠ᠃ ᠭᠤᠷᠪᠠᠳᠠᠬᠢ ᠡᠲᠡᠭᠡᠳ ᠪᠣᠯᠬᠤ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠢᠷᠢ ᠬᠡᠮ ᠢ ᠮᠠᠭᠠᠳᠯᠠᠨ ᠲᠣᠭᠲᠠᠭᠠᠵᠤ ᠵᠥᠪᠰᠢᠶᠡᠷᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶

      ︵ᠬᠤᠷᠢᠨ ᠵᠢᠷᠭᠤᠭ᠎ᠠ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠣᠶᠣᠯ ᠢᠶᠠᠨ ᠤᠯᠠᠮᠵᠢᠯᠠᠨ ᠳᠡᠯᠭᠡᠷᠡᠭᠦᠯᠬᠦ ᠶᠢ ᠴᠢᠩᠭᠠᠳᠬᠠᠬᠤ ᠬᠡᠷᠡᠭᠲᠡᠢ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠪᠣᠳᠠᠰ ᠤᠨ ᠪᠤᠰᠤ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠳᠡᠮᠵᠢᠵᠦ᠂ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠪᠠ ᠤᠬᠠᠭᠤᠯᠬᠤ ᠶᠢ ᠴᠢᠩᠭᠠᠳᠬᠠᠬᠤ ᠬᠡᠷᠡᠭᠲᠡᠢ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠪᠠ ᠡᠮᠴᠢᠯᠡᠭᠡᠨ ᠤ ᠪᠠᠶᠢᠭᠤᠯᠤᠮᠵᠢ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠷᠲᠡᠨ ᠤ ᠨᠣᠮ ᠰᠤᠳᠤᠷ ᠢ ᠬᠠᠮᠠᠭᠠᠯᠠᠬᠤ ᠨᠥᠬᠦᠴᠡᠯ ᠢᠶᠠᠨ ᠰᠠᠶᠢᠵᠢᠷᠠᠭᠤᠯᠬᠤ ᠶᠢ ᠳᠡᠮᠵᠢᠵᠦ᠂ ᠠᠰᠢᠭᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠣᠶᠣᠯ ᠢᠶᠠᠨ ᠬᠠᠮᠠᠭᠠᠯᠠᠵᠤ ᠤᠯᠠᠮᠵᠢᠯᠠᠬᠤ ᠪᠠ ᠤᠯᠠᠮᠵᠢᠯᠠᠨ ᠳᠡᠯᠭᠡᠷᠡᠭᠦᠯᠬᠦ ᠡᠷᠴᠢᠮ ᠢ ᠴᠢᠩᠭᠠᠷᠠᠭᠤᠯᠵᠤ᠂ ᠡᠷᠡᠭᠦᠯ ᠮᠡᠨᠳᠦ ᠶᠢᠨ ᠬᠥᠮᠦᠵᠢᠯ ᠢ ᠥᠷᠭᠡᠨ ᠢᠶᠠᠷ ᠥᠷᠨᠢᠭᠦᠯᠦᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠣᠶᠣᠯ ᠢᠶᠠᠨ ᠤᠯᠠᠮᠵᠢᠯᠠᠨ ᠳᠡᠯᠭᠡᠷᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠤᠯᠠᠮᠵᠢᠯᠠᠯᠲᠤ ᠰᠣᠶᠣᠯ ᠪᠠ ᠮᠡᠳᠡᠯᠭᠡ ᠶᠢ ᠰᠤᠷᠭᠠᠭᠤᠯᠢ᠂ ᠪᠠᠶᠢᠭᠤᠯᠭ᠎ᠠ᠂ ᠠᠵᠤ ᠠᠬᠤᠶᠢᠯᠠᠯ᠂ ᠭᠡᠷ ᠪᠦᠯᠢ᠂ ᠨᠡᠶᠢᠭᠡᠮ ᠲᠣᠭᠤᠷᠢᠭ᠂ ᠬᠥᠳᠡᠭᠡ ᠲᠣᠰᠬᠤᠨ ᠳᠤ ᠣᠷᠣᠭᠤᠯᠬᠤ ᠶᠢ ᠨᠢ ᠠᠬᠢᠭᠤᠯᠤᠨ᠂ ᠳᠤᠮᠳᠠᠳᠤ ᠪᠠᠭ᠎ᠠ ᠰᠤᠷᠭᠠᠭᠤᠯᠢ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠣᠶᠣᠯ ᠤᠨ ᠬᠥᠮᠦᠵᠢᠯ ᠥᠷᠨᠢᠭᠦᠯᠬᠦ ᠶᠢ ᠠᠬᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠷᠠᠳᠢᠣ᠋ ᠲᠧᠯᠸᠢᠰ ᠤᠨ ᠲᠣᠪᠴᠢᠶ᠎ᠠ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠬᠠᠷᠢᠭᠤᠴᠠᠨ᠎ᠠ︶

      ︵ᠬᠤᠷᠢᠨ ᠳᠣᠯᠤᠭ᠎ᠠ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠠᠤᠯᠢᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠠᠮᠢᠶ᠎ᠠ ᠪᠥᠬᠦᠶ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠲᠣᠭᠲᠠᠭᠠᠯ ᠲᠦᠷᠢᠮ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠶᠢ ᠴᠠᠭ ᠲᠤ ᠨᠢ ᠳᠣᠭᠢᠷᠠᠭᠤᠯᠤᠨ ᠠᠬᠢᠭᠤᠯᠬᠤ ᠬᠡᠷᠡᠭᠲᠡᠢ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠴᠢᠳᠠᠪᠤᠷᠢ ᠶᠢ ᠳᠡᠭᠡᠭᠰᠢᠯᠡᠭᠦᠯᠬᠦ ᠪᠠ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠵᠢᠷᠤᠮᠵᠢᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠡᠷᠬᠢᠯᠡᠬᠦ ᠣᠷᠴᠢᠨ ᠨᠥᠬᠦᠴᠡᠯ ᠢ ᠴᠡᠪᠡᠷᠰᠢᠭᠦᠯᠬᠦ ᠬᠡᠷᠡᠭᠲᠡᠢ᠃ ︽ᠬᠤᠶᠠᠷ ᠢ ᠢᠯᠡ ᠨᠡᠶᠢᠲᠡᠯᠡᠬᠦ︾ ᠠᠵᠢᠯ ᠤᠨ ᠲᠣᠭᠲᠠᠴᠠ ᠶᠢ ᠪᠠᠶᠢᠭᠤᠯᠬᠤ ᠬᠡᠷᠡᠭᠲᠡᠢ᠃ ᠡᠷᠡᠭᠦᠯ ᠪᠤᠰᠤ ᠪᠠᠷ ᠠᠵᠢᠯ ᠡᠷᠬᠢᠯᠡᠭᠰᠡᠨ ᠢ ᠨᠢ ᠲᠡᠮᠳᠡᠭᠯᠡᠬᠦ ᠳᠦᠷᠢᠮ ᠢ ᠪᠠᠶᠢᠭᠤᠯᠵᠤ᠂ ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ᠂ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠢᠯᠡ ᠨᠡᠶᠢᠲᠡᠯᠡᠬᠦ ᠰᠢᠰᠲ᠋ᠧᠮ ᠵᠡᠷᠭᠡ ᠶᠢ ᠰᠠᠶᠢᠲᠤᠷ ᠬᠡᠷᠡᠭᠯᠡᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶

      ︵ᠬᠤᠷᠢᠨ ᠨᠠᠢᠮᠠ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠳᠤ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠬᠤ ᠬᠡᠷᠡᠭᠲᠡᠶ᠃ ᠡᠯ᠎ᠡ ᠱᠠᠲᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠤᠨ ᠤᠳᠤᠷᠢᠳᠬᠤ ᠳᠤᠭᠤᠶᠢᠯᠠᠩ ᠪᠠ ᠬᠠᠮᠲᠤᠷᠠᠭᠰᠠᠨ ᠬᠤᠷᠠᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤ ᠨᠢ ᠰᠤᠳᠤᠯᠵᠤ ᠰᠢᠢᠳᠪᠦᠷᠢᠯᠡᠬᠦ ᠬᠡᠷᠡᠭᠲᠡᠢ᠃ ᠡᠯ᠎ᠡ ᠭᠠᠵᠠᠷ ᠣᠷᠣᠨ ᠨᠢ ︽ᠬᠢᠲᠠᠳ ᠧᠦ᠋ᠷᠣᠫᠠ ᠡᠮᠨᠡᠯᠭᠡ ᠶᠢ ᠵᠡᠷᠭᠡ ᠳᠤ ᠨᠢ ᠴᠢᠬᠤᠯᠠᠴᠢᠯᠠᠬᠤ︾ ᠶᠢ ᠪᠠᠷᠢᠮᠲᠠᠯᠠᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠢ ᠭᠤᠣᠯᠳᠠᠯᠭ᠎ᠠ ᠪᠣᠯᠭᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠳᠤ ᠬᠠᠮᠲᠤ ᠳᠤ ᠨᠢ ᠠᠷᠭ᠎ᠠ ᠰᠦᠪᠡᠭᠴᠢᠯᠡᠨ᠂ ᠬᠠᠮᠲᠤ ᠳᠤ ᠨᠢ ᠠᠬᠢᠭᠤᠯᠵᠤ᠂ ᠬᠠᠮᠲᠤ ᠳᠤ ᠨᠢ ᠨᠠᠶᠢᠳᠠᠪᠤᠷᠢᠵᠢᠭᠤᠯᠵᠤ᠂ ᠬᠠᠮᠲᠤ ᠳᠤ ᠨᠢ ᠬᠢᠨᠠᠨ ᠰᠢᠯᠭᠠᠬᠤ ᠬᠡᠷᠡᠭᠲᠡᠶ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ︽ᠡᠷᠡᠭᠦᠯ ᠡᠩᠬᠡ ᠥᠪᠥᠷ ᠮᠣᠩᠭᠤᠯ︾ ᠤᠨ ᠠᠵᠢᠯᠯᠠᠭᠠᠨ᠂ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠤᠨ ᠲᠦᠷᠢᠮ ᠤᠨ ᠪᠠᠶᠢᠭᠤᠯᠤᠯᠲᠠ᠂ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠵᠡᠷᠭᠡ ᠳᠤ ᠪᠥᠬᠦ ᠲᠠᠯ᠎ᠠ ᠪᠠᠷ ᠣᠷᠣᠯᠴᠠᠬᠤ ᠶᠢ ᠠᠬᠢᠭᠤᠯᠵᠤ᠂ ᠡᠬᠢ ᠪᠠᠶᠠᠯᠢᠭ ᠤᠨ ᠲᠣᠬᠢᠷᠠᠭᠤᠯᠤᠯᠲᠠ᠂ ᠲᠥᠷᠥ ᠶᠢᠨ ᠪᠣᠳᠣᠯᠭ᠎ᠠ ᠶᠢᠨ ᠲᠣᠭᠲᠠᠴᠠ᠂ ᠲᠦᠷᠢᠮ ᠤᠨ ᠲᠣᠬᠢᠷᠠᠭᠤᠯᠤᠯᠲᠠ ᠵᠡᠷᠭᠡ ᠲᠠᠯ᠎ᠠ ᠪᠠᠷ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠲᠡᠶᠢᠰᠢ ᠬᠡᠯᠪᠡᠶᠢᠯᠭᠡᠬᠦ ᠬᠡᠷᠡᠭᠲᠡᠢ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ᠂ ᠰᠢᠨᠵᠢᠯᠡᠬᠦ ᠤᠬᠠᠭᠠᠨ ᠤ ᠰᠤᠳᠤᠯᠤᠯ᠂ ᠴᠢᠳᠠᠪᠤᠷᠢᠲᠠᠨ ᠢ ᠬᠥᠮᠦᠵᠢᠭᠦᠯᠬᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠡᠮᠨᠡᠬᠦ᠂ ᠪᠠᠷᠢᠮᠵᠢᠶ᠎ᠠ ᠲᠣᠭᠲᠠᠭᠠᠬᠤ᠂ ᠰᠣᠶᠣᠯ ᠤᠬᠠᠭᠤᠯᠭ᠎ᠠ ᠵᠡᠷᠭᠡ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠬᠦ ᠶᠢ ᠨᠢ ᠠᠬᠢᠭᠤᠯᠬᠤ ᠬᠡᠷᠡᠭᠲᠡᠢ᠃ ᠡᠯ᠎ᠡ ᠠᠶᠢᠮᠠᠭ ᠬᠤᠲᠠ ᠨᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠦᠷᠢᠨᠰᠢᠭᠦᠯᠦᠨ᠂ ᠵᠠᠰᠠᠯᠲᠠ ᠶᠢᠨ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠤᠰ ᠰᠠᠯᠠᠭ᠎ᠠ ᠮᠥᠴᠢᠷ ᠤᠨ ᠢᠶᠠᠨ ᠪᠣᠳᠠᠲᠠᠢ ᠲᠠᠢ ᠤᠶᠠᠯᠳᠤᠭᠤᠯᠤᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠨᠠᠷᠢᠯᠢᠬᠵᠢᠭᠤᠯᠬᠤ ᠬᠡᠷᠡᠭᠲᠡᠶ᠃ ﹇ᠥᠪᠡᠷᠲᠡᠭᠡᠨ ᠵᠠᠰᠠᠬᠤ ᠣᠷᠣᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ﹈

      2022 ᠣᠨ ᠤ 1 ᠳ᠋ᠦ᠋ᠭᠡᠷ ᠰᠠᠷ᠎ᠠ ᠶᠢᠨ 13 ᠤ ᠡᠳᠦᠷ

      ︵ᠲᠤᠰ ᠪᠢᠴᠢᠭ ᠮᠠᠲ᠋ᠧᠷᠢᠶᠠᠯ ᠢ ᠢᠯᠡ ᠨᠡᠢᠲᠡᠯᠡᠨ᠎ᠡ︶

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ