|
ᠦᠰᠦᠭ ᠪᠢᠴᠢᠭ ᠢᠶᠠᠷ ᠥᠭᠦᠯᠡᠬᠦᠢ᠄ ︽ᠣᠷᠣᠨ ᠨᠤᠲᠤᠭ ᠤᠨ ᠤᠰᠤᠨ ᠴᠥᠭᠦᠷᠥᠮ ᠪᠠᠶᠢᠭᠤᠯᠬᠤ ᠳᠤ ᠨᠡᠭᠦᠯᠭᠡᠭᠰᠡᠨ ᠠᠷᠠᠳ ᠢ ᠲᠡᠳᠬᠦᠨ ᠳᠡᠮᠵᠢᠬᠦ ᠰᠠᠭᠤᠷᠢ | ᠮᠥᠩᠭᠦ ᠲᠠᠲᠠᠪᠤᠷᠢᠯᠠᠬᠤ ᠶᠢ ᠵᠣᠭᠰᠣᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ | ᠤᠨ ᠲᠠᠶᠢᠯᠤᠮᠵᠢ |
|
|
ᠨᠡᠶᠢᠲᠡᠯᠡᠭᠰᠡᠨ ᠴᠠᠭ᠄
2022/4/26
|
|
ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠣᠷᠣᠨ ᠨᠤᠲᠤᠭ ᠤᠨ ᠤᠰᠤᠨ ᠴᠥᠭᠦᠷᠥᠮ ᠪᠠᠶᠢᠭᠤᠯᠬᠤ ᠳᠤ ᠨᠡᠭᠦᠯᠭᠡᠭᠰᠡᠨ ᠠᠷᠠᠳ ᠢ ᠲᠡᠳᠬᠦᠨ ᠳᠡᠮᠵᠢᠬᠦ ᠰᠠᠭᠤᠷᠢ ᠮᠥᠩᠭᠦ ᠲᠠᠲᠠᠪᠤᠷᠢᠯᠠᠬᠤ ᠶᠢ ᠵᠣᠭᠰᠣᠭᠠᠬᠤ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠂ ︽ᠮᠡᠳᠡᠭᠳᠡᠯ︾ ᠤᠨ ᠬᠠᠮᠢᠶ᠎ᠠ ᠪᠥᠬᠦᠶ ᠠᠭᠤᠯᠭ᠎ᠠ ᠶᠢ ᠣᠯᠠᠨ ᠳᠤ ᠥᠷᠭᠡᠨ ᠳᠡᠯᠭᠡᠷ ᠪᠥᠭᠡᠳ ᠵᠥᠪ ᠣᠶᠢᠯᠠᠭᠠᠭᠤᠯᠬᠤ ᠶᠢᠨ ᠲᠤᠯᠠᠳᠠ᠂ ᠡᠳᠦᠭᠡ ᠳᠠᠷᠠᠭᠠᠬᠢ ᠮᠡᠲᠦ ᠲᠠᠶᠢᠯᠤᠮᠵᠢ ᠬᠢᠶ᠎ᠡ᠃ ᠨᠢᠭᠡ᠂ ︽ᠮᠡᠳᠡᠭᠳᠡᠯ︾ ᠢ ᠨᠡᠶᠢᠲᠡᠯᠡᠭᠰᠡᠨ ᠠᠬᠤᠶ ᠪᠠᠶᠢᠳᠠᠯ ᠪᠠ ᠲᠡᠭᠦᠨ ᠤ ᠬᠠᠷᠠᠯᠲᠠ ᠡᠭᠦᠷᠭᠡ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠤᠬᠠᠢ ᠤᠯᠤᠰ ᠤᠨ ᠵᠣᠷᠢᠭ ᠰᠠᠨᠠᠭ᠎ᠠ ᠶᠢ ᠤᠯᠠᠮ ᠴᠢᠨᠠᠭᠰᠢᠳᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠭᠦᠴᠡᠯ ᠢ ᠰᠢᠯᠢᠳᠡᠭᠵᠢᠭᠦᠯᠦᠨ᠂ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠴᠠᠬᠢᠯᠭᠠᠨ ᠤ ᠦᠨ᠎ᠡ ᠬᠡᠲᠦ ᠲᠦᠷᠭᠡᠨ ᠥᠰᠬᠦ ᠶᠢ ᠬᠤᠷᠢᠭᠯᠠᠬᠤ ᠶᠢᠨ ᠲᠤᠰᠠᠳᠠ᠂ ᠡᠳ᠋ ᠤᠨ ᠵᠠᠰᠠᠭ ᠤᠨ ᠶᠠᠮᠤᠨ ᠠᠴᠠ ᠣᠯᠭᠤᠭᠰᠠᠨ ᠡᠷᠬᠡ ᠶᠢ ᠦᠨᠳᠦᠰᠦᠯᠡᠭᠡᠳ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠮᠡᠳᠡᠭᠳᠡᠯ︾ ᠨᠡᠶᠢᠲᠡᠯᠡᠵᠡᠢ᠃
︽ᠮᠡᠳᠡᠭᠳᠡᠯ︾ ᠤᠨ ᠭᠤᠣᠯ ᠵᠣᠷᠢᠯᠭ᠎ᠠ ᠪᠣᠯ ᠮᠠᠨ ᠤ ᠣᠷᠣᠨ ᠤ ᠣᠷᠣᠨ ᠨᠤᠲᠤᠭ ᠤᠨ ᠤᠰᠤᠨ ᠴᠥᠭᠦᠷᠥᠮ ᠪᠠᠶᠢᠭᠤᠯᠬᠤ ᠳᠤ ᠨᠡᠭᠦᠯᠭᠡᠭᠰᠡᠨ ᠠᠷᠠᠳ ᠢ ᠲᠡᠳᠬᠦᠨ ᠳᠡᠮᠵᠢᠬᠦ ᠰᠠᠭᠤᠷᠢ ᠮᠥᠩᠭᠦ ᠲᠠᠲᠠᠪᠤᠷᠢᠯᠠᠬᠤ ᠶᠢ ᠵᠣᠭᠰᠣᠭᠠᠨ᠎ᠠ᠃ ᠬᠤᠶᠠᠷ᠂ ︽ᠮᠡᠳᠡᠭᠳᠡᠯ︾ ᠤᠨ ᠭᠤᠣᠯ ᠠᠭᠤᠯᠭ᠎ᠠ ︵ᠨᠢᠭᠡ︶ ᠮᠠᠨ ᠤ ᠣᠷᠣᠨ ᠤ ᠣᠷᠣᠨ ᠨᠤᠲᠤᠭ ᠤᠨ ᠤᠰᠤᠨ ᠴᠥᠭᠦᠷᠥᠮ ᠪᠠᠶᠢᠭᠤᠯᠬᠤ ᠳᠤ ᠨᠡᠭᠦᠯᠭᠡᠭᠰᠡᠨ ᠠᠷᠠᠳ ᠢ ᠲᠡᠳᠬᠦᠨ ᠳᠡᠮᠵᠢᠬᠦ ᠰᠠᠭᠤᠷᠢ ᠮᠥᠩᠭᠦ ᠲᠠᠲᠠᠪᠤᠷᠢᠯᠠᠬᠤ ᠶᠢ ᠵᠣᠭᠰᠣᠭᠠᠨ᠎ᠠ᠃ ᠤᠯᠤᠰ ᠤᠨ ᠥᠭᠡᠷ᠎ᠡ ᠲᠣᠭᠲᠠᠭᠠᠯ ᠪᠠᠶᠢᠪᠠᠯ᠂ ᠲᠡᠷᠡ ᠬᠦ ᠲᠣᠭᠲᠠᠭᠠᠯ ᠢ ᠵᠢᠷᠤᠮᠯᠠᠨ᠎ᠠ᠃ ︵ᠬᠤᠶᠠᠷ︶ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠳᠡᠭᠡᠷ᠎ᠡ ᠳᠤᠷᠠᠳᠤᠭᠰᠠᠨ ᠲᠣᠭᠲᠠᠭᠠᠯ ᠢ ᠴᠢᠩᠭ᠎ᠠ ᠬᠡᠷᠡᠭᠵᠢᠭᠦᠯᠦᠨ᠎ᠡ᠂ ᠬᠡᠷᠡᠭᠵᠢᠭᠦᠯᠬᠦ ᠶᠠᠪᠤᠴᠠ ᠳᠤ ᠲᠣᠬᠢᠶᠠᠯᠳᠤᠭᠰᠠᠨ ᠠᠰᠠᠭᠤᠳᠠᠯ ᠤᠳ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠬᠠᠷᠢᠭᠤᠴᠠᠨ ᠲᠠᠶᠢᠯᠪᠤᠷᠢᠯᠠᠨ᠎ᠠ᠃ ᠭᠤᠷᠪᠠ᠂ ︽ᠮᠡᠳᠡᠭᠳᠡᠯ︾ ᠤᠨ ᠬᠢᠯᠠᠰ ᠴᠡᠭ ︵ᠨᠢᠭᠡ︶ ︽ᠮᠡᠳᠡᠭᠳᠡᠯ︾ ᠳᠤ ᠮᠠᠨ ᠤ ᠣᠷᠣᠨ ᠤ ᠣᠷᠣᠨ ᠨᠤᠲᠤᠭ ᠤᠨ ᠤᠰᠤᠨ ᠴᠥᠭᠦᠷᠥᠮ ᠪᠠᠶᠢᠭᠤᠯᠬᠤ ᠳᠤ ᠨᠡᠭᠦᠯᠭᠡᠭᠰᠡᠨ ᠠᠷᠠᠳ ᠢ ᠲᠡᠳᠬᠦᠨ ᠳᠡᠮᠵᠢᠬᠦ ᠰᠠᠭᠤᠷᠢ ᠮᠥᠩᠭᠦ ᠲᠠᠲᠠᠪᠤᠷᠢᠯᠠᠬᠤ ᠶᠢ ᠵᠣᠭᠰᠣᠭᠠᠬᠤ ᠪᠠᠷ ᠲᠣᠳᠣᠷᠬᠠᠶ ᠲᠣᠭᠲᠠᠭᠠᠵᠤ᠂ ᠤᠯᠤᠰ ᠤᠨ ᠪᠠᠷᠢᠮᠵᠢᠶ᠎ᠠ ᠶᠣᠰᠣᠭᠠᠷ ᠰᠦᠢᠳᠬᠡᠯ ᠲᠤᠰᠢᠶᠠᠬᠤ ᠶᠣᠰᠣᠲᠠᠶ ᠣᠷᠣᠨ ᠤ ᠳᠣᠲᠣᠷᠠᠬᠢ ᠠᠵᠤ ᠠᠬᠤᠶᠢᠯᠠᠯ ᠤᠳ ᠲᠤ ᠬᠡᠷᠡᠭᠵᠢᠭᠦᠯᠬᠦ ᠲᠥᠷᠥ ᠶᠢᠨ ᠪᠣᠳᠣᠯᠭ᠎ᠠ ᠶᠢ ᠲᠣᠳᠣᠷᠬᠠᠶ ᠲᠣᠭᠲᠠᠭᠠᠨ ᠥᠭᠭᠦᠭᠡᠳ ᠰᠦᠢᠳᠬᠡᠯ ᠪᠠᠭᠤᠷᠠᠭᠤᠯᠤᠭᠰᠠᠨ ᠴᠡᠪᠡᠷ ᠠᠰᠢᠭ ᠢ ᠬᠦᠷᠲᠡᠭᠡᠪᠡ᠃ ︵ᠬᠤᠶᠠᠷ︶ ︽ᠬᠡᠰᠡᠭ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠬᠤᠭᠤᠴᠠᠭ᠎ᠠ᠂ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠤᠭᠤᠴᠠᠭ᠎ᠠ ᠶᠢ ᠤᠷᠲᠤᠳᠬᠠᠬᠤ ᠲᠤᠬᠠᠶ ᠡᠳ᠋ ᠤᠨ ᠵᠠᠰᠠᠭ ᠤᠨ ᠶᠠᠮᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠵᠠᠷ︾ ︵2022 ᠣᠨ ᠤ 5 ᠳ᠋ᠤᠭᠠᠷ ᠲᠣᠭᠠᠲᠤ︶ ᠨᠢ ᠣᠷᠣᠨ ᠨᠤᠲᠤᠭ ᠲᠤ 2023 ᠣᠨ ᠤ ᠡᠴᠦᠰ ᠪᠣᠯᠲᠠᠯ᠎ᠠ ᠡᠷᠬᠡ ᠮᠡᠳᠡᠯ ᠣᠯᠭᠤᠪᠠ᠃ ᠲᠠᠷᠠᠭᠠᠴᠢ ᠪᠠᠷ᠂ ᠤᠯᠤᠰ ᠤᠨ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠳᠤ ᠭᠦᠷᠪᠡᠯ᠂ ᠤᠯᠤᠰ ᠤᠨ ᠲᠣᠭᠲᠠᠭᠠᠯ ᠶᠣᠰᠣᠭᠠᠷ ᠭᠦᠢᠴᠡᠳᠬᠡᠨ᠎ᠡ᠂ ︽ᠮᠡᠳᠡᠭᠳᠡᠯ︾ ᠳᠤ ᠳᠠᠬᠢᠨᠲᠠ ᠲᠣᠬᠢᠷᠠᠭᠤᠯᠤᠯᠲᠠ ᠬᠢᠬᠦ ᠴᠢᠬᠤᠯᠠ ᠥᠬᠡᠶ᠃ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|