|
ᠦᠰᠦᠭ ᠪᠢᠴᠢᠭ ᠢᠶᠠᠷ ᠥᠭᠦᠯᠡᠬᠦᠢ᠄ ︽ᠠᠵᠤ ᠦᠢᠯᠡᠳᠪᠦᠷᠢ ᠳᠤ ᠬᠡᠷᠡᠭᠯᠡᠬᠦ ᠰᠢᠨ᠎ᠡ ᠪᠠᠷ ᠨᠡᠮᠡᠭᠳᠡᠭᠰᠡᠨ ᠭᠠᠵᠠᠷ ᠤᠨ ︿ᠪᠠᠷᠢᠮᠵᠢᠶᠠᠲᠤ ᠭᠠᠵᠠᠷ﹀ ᠤᠨ | ᠥᠭᠡᠷᠡᠴᠢᠯᠡᠯᠲᠡ ᠶᠢ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠵᠢᠯᠣᠭᠤᠳᠬᠤ ᠰᠠᠨᠠᠯ ︵ᠲᠤᠷᠰᠢᠨ ᠬᠡᠷᠡᠭᠵᠢᠭᠦᠯᠬᠦ︶︾ ᠤᠨ ᠲᠠᠶᠢᠯᠤᠮᠵᠢ |
|
|
ᠨᠡᠶᠢᠲᠡᠯᠡᠭᠰᠡᠨ ᠴᠠᠭ᠄
2022/6/1
|
|
ᠲᠦᠷᠦᠭᠦᠬᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠠᠵᠤ ᠦᠢᠯᠡᠳᠪᠦᠷᠢ ᠳᠤ ᠬᠡᠷᠡᠭᠯᠡᠬᠦ ᠰᠢᠨ᠎ᠡ ᠪᠠᠷ ᠨᠡᠮᠡᠭᠳᠡᠭᠰᠡᠨ ᠭᠠᠵᠠᠷ ᠤᠨ ︿ᠪᠠᠷᠢᠮᠵᠢᠶᠠᠲᠤ ᠭᠠᠵᠠᠷ﹀ ᠤᠨ ᠥᠭᠡᠷᠡᠴᠢᠯᠡᠯᠲᠡ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠵᠢᠯᠣᠭᠤᠳᠬᠤ ᠰᠠᠨᠠᠯ︾ ᠭᠡᠵᠦ ᠲᠣᠪᠴᠢᠯᠠᠨ᠎ᠠ︶ ᠢ ᠨᠡᠶᠢᠲᠡᠯᠡᠵᠡᠢ᠂ ︽ᠵᠢᠯᠣᠭᠤᠳᠬᠤ ᠰᠠᠨᠠᠯ︾ ᠤᠨ ᠬᠠᠮᠢᠶ᠎ᠠ ᠪᠥᠬᠦᠶ ᠠᠭᠤᠯᠭ᠎ᠠ ᠶᠢ ᠨᠡᠶᠢᠭᠡᠮ ᠨᠡᠶᠢᠲᠡ ᠳᠤ ᠥᠷᠭᠡᠨ ᠪᠥᠭᠡᠳ ᠵᠥᠪ ᠢᠶᠠᠷ ᠣᠶᠢᠯᠠᠭᠠᠭᠤᠯᠬᠤ ᠶᠢᠨ ᠲᠤᠰᠠᠳᠠ᠂ ᠡᠳᠦᠭᠡ ᠠᠭᠤᠯᠭ᠎ᠠ ᠶᠢᠨ ᠭᠤᠤᠯᠳᠠᠯᠭ᠎ᠠ ᠶᠢ ᠳᠠᠷᠠᠭᠠᠬᠢ ᠮᠡᠲᠦ ᠲᠠᠶᠢᠯᠪᠤᠷᠢᠯᠠᠶ᠎ᠠ᠄ ᠨᠢᠭᠡ᠂ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠠᠬᠤᠶ ᠪᠠᠶᠢᠳᠠᠯ ᠣᠷᠳᠣ ᠬᠤᠭᠤᠴᠠᠭᠠᠨ ᠤ ᠲᠤᠷᠰᠢ᠂ ᠠᠵᠤ ᠦᠢᠯᠡᠳᠪᠦᠷᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠦᠨᠡᠯᠡᠬᠦ ᠵᠦᠢᠯᠡᠰ ᠨᠢ ᠪᠤᠳᠤᠯᠢᠶᠠᠨᠲᠠᠶ᠂ ᠬᠢᠨᠠᠨ ᠵᠥᠪᠰᠢᠶᠡᠷᠡᠬᠦ ᠦᠶᠡᠯᠡᠯ ᠤᠨ ᠬᠤᠭᠤᠴᠠᠭ᠎ᠠ ᠨᠢ ᠣᠷᠳᠣ ᠵᠢᠴᠢ ᠣᠷᠣᠨ ᠨᠤᠲᠤᠭ ᠤᠨ ᠵᠠᠰᠠᠭ ᠤᠨ ᠣᠷᠳᠣᠨ ᠤ ︽ᠣᠷᠣᠭᠤᠯᠤᠨ ᠠᠪᠴᠢᠷᠠᠬᠤ ᠶᠢ ᠴᠢᠬᠤᠯᠠᠴᠢᠯᠠᠨ᠂ ᠬᠢᠨᠠᠨ ᠬᠠᠮᠢᠶᠠᠷᠬᠤ ᠶᠢ ᠬᠥᠩᠭᠡᠪᠴᠢᠯᠡᠬᠦ︾ ᠠᠴᠠ ᠪᠣᠯᠵᠣ ᠬᠡᠷᠡᠭᠯᠡᠬᠦ ᠭᠠᠵᠠᠷ ᠨᠢ ᠪᠦᠳᠦᠭᠦᠯᠢᠭ᠂ ᠦᠢᠯᠡᠳᠪᠦᠷᠢᠯᠡᠵᠦ ᠭᠠᠷᠭᠠᠭᠰᠠᠨ ᠦᠷ᠎ᠡ ᠠᠰᠢᠭ ᠨᠢ ᠳᠣᠤᠷ᠎ᠠ ᠵᠡᠷᠭᠡ ᠲᠣᠪᠤᠶᠢᠮ᠎ᠠ ᠠᠰᠠᠭᠤᠳᠠᠯ ᠤᠳ ᠣᠷᠣᠰᠢᠵᠤ ᠪᠠᠶᠢᠭᠰᠠᠨ ᠶᠤᠮ᠃ ᠲᠡᠳᠡᠭᠡᠷ ᠠᠰᠠᠭᠤᠳᠠᠯ ᠤᠳ ᠢ ᠰᠢᠢᠳᠪᠦᠷᠢᠯᠡᠬᠦ ᠶᠢᠨ ᠲᠥᠯᠥᠭᠡ᠂ ᠡᠯ᠎ᠡ ᠭᠠᠵᠠᠷ ᠤᠨ ᠬᠢᠨ ᠰᠢᠨ᠎ᠡ ᠶᠢ ᠡᠭᠦᠳᠬᠦ ᠠᠵᠤ ᠦᠢᠯᠡᠳᠪᠦᠷᠢ ᠶᠢᠨ ᠲᠦᠷᠦᠯ ᠵᠦᠢᠯ ᠤᠨ ᠬᠡᠷᠡᠭᠯᠡᠬᠦ ᠭᠠᠵᠠᠷ ᠢ ᠪᠠᠲᠤᠯᠠᠬᠤ ᠪᠠ ᠬᠢᠨᠠᠨ ᠬᠠᠮᠢᠶᠠᠷᠬᠤ ᠠᠷᠭ᠎ᠠ ᠮᠠᠶ᠋ᠢᠭ ᠤᠨ ᠲᠠᠯ᠎ᠠ ᠪᠠᠷ ᠶᠡᠭᠡ ᠬᠡᠮᠵᠢᠶᠡᠨ ᠤ ᠠᠰᠢᠭᠲᠠᠶ ᠰᠦᠪᠡᠭᠴᠢᠯᠡᠯᠳᠡ ᠬᠢᠯ᠎ᠡ᠃ 2017 ᠣᠨ ᠤ 8 ᠳ᠋ᠤᠭᠠᠷ ᠰᠠᠷ᠎ᠠ ᠳᠤ᠂ ᠵᠧᠵᠢᠶᠠᠩ ᠮᠤᠵᠢ ᠶᠢᠨ ᠳ᠋ᠧ ᠴᠢᠩ ᠬᠤᠳᠠ ᠪᠦᠬᠦ ᠤᠯᠤᠰ ᠤᠨ ᠠᠩᠬᠠᠳᠠᠭᠴᠢ ︽ᠪᠠᠷᠢᠮᠵᠢᠶᠠᠲᠤ ᠭᠠᠵᠠᠷ︾ ᠢ ᠭᠠᠷᠭᠠᠵᠠᠢ᠂ ︽ᠪᠠᠷᠢᠮᠵᠢᠶᠠᠲᠤ ᠭᠠᠵᠠᠷ︾ ᠭᠡᠳᠡᠭ ᠨᠢ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠤᠯᠪᠣᠭᠳᠠᠯ ᠪᠦᠬᠦᠢ ᠣᠷᠣᠨ ᠪᠦᠰᠡ ᠶᠢ ᠦᠨᠡᠯᠡᠨ ᠵᠢᠱᠢᠵᠦ ᠳᠠᠭᠤᠰᠤᠭᠰᠠᠨ ᠰᠠᠭᠤᠷᠢᠨ ᠳᠡᠭᠡᠷ᠎ᠡ᠂ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠡᠯᠡ ᠣᠷᠣᠭᠤᠯᠤᠯᠲᠠ᠂ ᠪᠦᠳᠦᠭᠡᠨ ᠪᠠᠶᠢᠭᠤᠯᠤᠯᠲᠠ᠂ ᠮᠦ ᠪᠦᠷᠢ ᠶᠢᠨ ᠳᠤᠮᠳᠠᠴᠢ ᠭᠠᠶᠢᠯᠢ᠂ ᠣᠷᠴᠢᠨ ᠲᠣᠭᠤᠷᠢᠨ ᠵᠡᠷᠭᠡ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠤᠭ᠎ᠠ ᠶᠢ ᠲᠤᠳᠤᠷᠬᠠᠶᠢᠯᠠᠭᠰᠠᠨ ᠭᠡᠷ᠎ᠡ ᠶᠢ ᠭᠦᠢᠴᠡᠳᠬᠡᠨ ᠥᠭᠬᠦ ᠪᠠᠷ ᠠᠮᠠᠯᠳᠠᠭᠰᠠᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠤᠯᠤᠰ ᠤᠨ ᠥᠮᠴᠢᠯᠡᠯᠲᠦ ᠭᠠᠵᠠᠷ ᠢ ᠵᠢᠭᠠᠵᠤ ᠪᠤᠢ᠃ 2018 ᠣᠨ ᠤ 7 ᠳ᠋ᠤᠭᠠᠷ ᠰᠠᠷ᠎ᠠ ᠳᠤ᠂ ᠵᠧᠵᠢᠶᠠᠩ ᠮᠤᠵᠢ ᠨᠢ ᠳ᠋ᠧ ᠴᠢᠩ ᠵᠡᠷᠭᠡ ᠭᠠᠵᠠᠷ ᠣᠷᠣᠨ ᠤ ︽ᠪᠠᠷᠢᠮᠵᠢᠶᠠᠲᠤ ᠭᠠᠵᠠᠷ︾ ᠤᠨ ᠲᠤᠷᠰᠢᠯᠲᠠ ᠶᠢᠨ ᠴᠡᠭ ᠤᠨ ᠲᠤᠷᠰᠢᠯᠭ᠎ᠠ ᠨᠤᠭᠤᠳ ᠢ ᠳ᠋ᠦᠩᠨᠡᠭᠰᠡᠨ ᠰᠠᠭᠤᠷᠢᠨ ᠳᠤ᠂ ᠮᠤᠵᠢ ᠶᠢᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠡᠷ᠎ᠡ ᠪᠠᠷ ︽︿ᠪᠠᠷᠢᠮᠵᠢᠶᠠᠲᠤ ᠭᠠᠵᠠᠷ﹀ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠵᠧᠵᠢᠶᠠᠩ ᠵᠠᠰᠠᠭ ᠠᠯᠪᠠᠨ ᠲᠠᠷᠬᠠᠭᠠᠭᠰᠠᠨ ︹ 2018 ︺ 73 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ︽ᠪᠠᠷᠢᠮᠵᠢᠶᠠᠲᠤ ᠭᠠᠵᠠᠷ︾ ᠤᠨ ᠲᠦᠷᠢᠮ ᠢ ᠳᠡᠯᠭᠡᠷᠡᠭᠦᠯᠪᠡ᠃ ᠲᠡᠭᠦᠨ ᠤ ᠳᠠᠷᠠᠭ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠬᠡᠰᠡᠭ ᠭᠠᠵᠠᠷ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠭᠦᠴᠡᠯ ᠢ ᠰᠢᠯᠢᠳᠡᠭᠵᠢᠭᠦᠯᠬᠦ ᠨᠡᠶᠢᠲᠡᠯᠢᠭ ᠠᠷᠭ᠎ᠠ ᠬᠢᠳᠡᠯ ᠤᠨ ᠲᠤᠬᠠᠶ ᠵᠠᠷᠯᠠᠯ︾ ︵ᠲᠥᠷᠥ ᠠᠯᠪᠠᠨ ᠵᠠᠬᠢᠳᠠᠯ ︹ 2018 ︺ 46 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠳ᠂ ᠵᠧᠵᠢᠶᠠᠩ ᠤᠨ ︽ᠪᠠᠷᠢᠮᠵᠢᠶᠠᠲᠤ ᠭᠠᠵᠠᠷ︾ ᠤᠨ ᠨᠡᠶᠢᠲᠡᠯᠢᠭ ᠠᠷᠭ᠎ᠠ ᠬᠢᠳᠡᠯ ᠢ ᠨᠤᠲᠠᠯᠠᠭᠰᠠᠨ ᠤ ᠬᠠᠮᠲᠤ ᠡᠯ᠎ᠡ ᠭᠠᠵᠠᠷ ᠢ ᠰᠠᠨᠠᠭᠠᠴᠢᠯᠠᠭ᠎ᠠ ᠠᠴᠠ ᠪᠠᠨ ᠲᠡᠷᠢᠭᠦᠨ ᠤ ᠬᠢ ᠲᠠᠢ ᠬᠠᠷᠢᠴᠠᠭᠤᠯᠤᠨ ᠰᠤᠷᠤᠯᠴᠠᠵᠤ ᠯᠠᠪᠯᠠᠯᠲᠠ ᠪᠣᠯᠭᠠᠬᠤ ᠬᠡᠷᠡᠭᠲᠡᠶ ᠭᠡᠵᠦ ᠱᠠᠭᠠᠷᠳᠠᠵᠠᠢ᠃ 2021 ᠣᠨ ᠤ 12 ᠳ᠋ᠤᠭᠠᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠴᠢᠬᠤᠯᠠ ᠬᠦᠴᠦᠨ ᠵᠦᠢᠯ ᠢ ᠵᠠᠬ᠎ᠠ ᠳᠡᠯᠭᠡᠭᠦᠷᠴᠢᠯᠡᠨ ᠳᠣᠭᠢᠷᠠᠭᠤᠯᠬᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠶᠡᠷᠦᠩᠬᠡᠶ ᠲᠥᠰᠦᠯ︾ ᠢ ᠳᠠᠷᠤᠮᠠᠯᠯᠠᠨ ᠲᠠᠷᠬᠠᠭᠠᠳ᠂ ᠠᠵᠤ ᠦᠢᠯᠡᠰ ᠲᠤ ᠬᠡᠷᠡᠭᠯᠡᠬᠦ ᠭᠠᠵᠠᠷ ᠢ ︽ᠪᠠᠷᠢᠮᠵᠢᠶᠠᠲᠤ ᠭᠠᠵᠠᠷ︾ ᠢᠶᠠᠷ ᠰᠢᠯᠵᠢᠭᠦᠯᠦᠨ ᠬᠤᠳᠠᠯᠳᠤᠬᠤ ᠶᠢ ᠳᠡᠮᠵᠢᠨ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠳᠣᠭᠢᠷᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ 2022 ᠣᠨ ᠤ 2 ᠳ᠋ᠤᠭᠠᠷ ᠰᠠᠷ᠎ᠠ ᠳᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠵᠡᠷᠭᠡ 12 ᠰᠠᠯᠠᠭ᠎ᠠ ᠮᠥᠴᠢᠷ ᠬᠠᠮᠲᠤᠷᠠᠨ ︽ᠠᠵᠤ ᠦᠢᠯᠡᠳᠪᠦᠷᠢ ᠶᠢᠨ ᠠᠵᠤ ᠠᠬᠤᠶ ᠶᠢᠨ ᠲᠣᠭᠲᠠᠭᠤᠨ ᠨᠡᠮᠡᠭᠳᠡᠯ ᠢ ᠠᠬᠢᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠢ ᠪᠠᠭᠤᠯᠭᠠᠵᠤ᠂ ᠠᠵᠤ ᠦᠢᠯᠡᠰ ᠲᠤ ᠬᠡᠷᠡᠭᠯᠡᠬᠦ ᠭᠠᠵᠠᠷ ᠰᠢᠷᠣᠶ ᠶᠢ ︽ᠪᠠᠷᠢᠮᠵᠢᠶᠠᠲᠤ ᠭᠠᠵᠠᠷ︾ ᠢᠶᠠᠷ ᠰᠢᠯᠵᠢᠭᠦᠯᠦᠨ ᠭᠠᠷᠭᠠᠬᠤ ᠶᠢ ᠳᠡᠮᠵᠢᠨ ᠬᠡᠷᠡᠭᠵᠢᠭᠦᠯᠵᠦ᠂ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ ᠭᠡᠵᠦ ᠳᠠᠬᠢᠨᠲᠠ ᠳᠤᠷᠠᠳᠴᠠᠢ᠃ 2022 ᠣᠨ ᠤ 2 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ︽ᠥᠪᠡᠷᠲᠡᠭᠡᠨ ᠵᠠᠰᠠᠬᠤ ᠣᠷᠣᠨ ᠤ 2022 ᠣᠨ ᠤ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠷᠢᠮᠲᠠᠯᠠᠵᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ︾ ᠶᠢ ᠳᠠᠷᠤᠮᠠᠯᠯᠠᠨ ᠲᠠᠷᠬᠠᠭᠠᠳ᠂ ᠰᠢᠨ᠎ᠡ ᠪᠠᠷ ᠪᠠᠶᠢᠭᠤᠯᠬᠤ ᠠᠵᠤ ᠦᠢᠯᠡᠳᠪᠦᠷᠢ ᠶᠢᠨ ᠲᠥᠷᠥᠯ ᠵᠦᠢᠯ ᠤᠨ ︽ᠪᠠᠷᠢᠮᠵᠢᠶᠠᠲᠤ ᠭᠠᠵᠠᠷ︾ ᠲᠤ ᠭᠠᠵᠠᠷ ᠬᠠᠩᠭᠠᠬᠤ ᠲᠥᠷᠥ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ ᠲᠣᠭᠤᠷᠢᠭ︶᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ︽ᠪᠠᠷᠢᠮᠵᠢᠶᠠᠲᠤ ᠭᠠᠵᠠᠷ︾ ᠲᠤ ᠭᠠᠵᠠᠷ ᠬᠠᠩᠭᠠᠬᠤ ᠶᠢ ᠠᠬᠢᠭᠤᠯᠬᠤ ᠱᠠᠭᠠᠷᠳᠠᠯᠭ᠎ᠠ ᠶᠢ ᠳᠤᠷᠠᠳᠤᠨ ᠭᠠᠷᠭᠠᠭᠰᠠᠨ ᠶᠤᠮ᠃ ᠬᠤᠶᠠᠷ᠂ ᠲᠥᠷᠥ ᠶᠢᠨ ᠪᠣᠳᠣᠯᠭ᠎ᠠ ᠶᠢᠨ ᠭᠤᠤᠯ ᠠᠭᠤᠯᠭ᠎ᠠ ︽ᠵᠢᠯᠣᠭᠤᠳᠬᠤ ᠰᠠᠨᠠᠯ︾ ᠢ ᠶᠡᠷᠦᠩᠬᠡᠶ ᠱᠠᠭᠠᠷᠳᠠᠯᠭ᠎ᠠ᠂ ᠭᠤᠤᠯ ᠡᠭᠦᠷᠭᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠭᠤᠷᠪᠠᠨ ᠬᠡᠰᠡᠭ ᠲᠤ ᠬᠤᠪᠢᠶᠠᠨ᠎ᠠ᠂ ᠭᠤᠤᠯ ᠠᠭᠤᠯᠭ᠎ᠠ ᠨᠢ᠄ ︵ᠨᠢᠭᠡ︶ ᠦᠨᠳᠦᠰᠦᠨ ᠵᠠᠷᠴᠢᠮ ᠪᠠ ᠬᠠᠷᠠᠯᠲᠠ ᠱᠠᠭᠠᠷᠳᠠᠯᠭ᠎ᠠ᠃ ᠮᠠᠨ ᠤ ᠣᠷᠣᠨ ᠳᠤ ᠣᠳᠣᠬᠠᠨ ᠳᠤ ᠪᠠᠨ ᠬᠠᠷᠠᠬᠠᠨ ︽ᠪᠠᠷᠢᠮᠵᠢᠶᠠᠲᠤ ᠭᠠᠵᠠᠷ︾ ᠤᠨ ᠲᠤᠷᠰᠢᠯᠲᠠ ᠶᠢᠨ ᠴᠡᠭ ᠤᠨ ᠵᠢᠱᠢᠶ᠎ᠡ ᠪᠠᠶᠢᠬᠤ ᠥᠬᠡᠶ ᠪᠠᠶᠢᠳᠠᠯ ᠢ ᠦᠨᠳᠦᠰᠦᠯᠡᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠨ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ︔ ᠵᠠᠬ᠎ᠠ ᠳᠡᠯᠭᠡᠭᠦᠷ ᠲᠣᠬᠢᠷᠠᠭᠤᠯᠬᠤ᠂ ᠠᠷᠪᠢᠲᠠᠶ ᠡᠷᠴᠢᠮᠯᠢᠭ ᠪᠠᠶᠢᠬᠤ︔ ᠪᠦᠬᠦ ᠶᠠᠪᠤᠴᠠ ᠳᠤ ᠬᠢᠨᠠᠨ ᠬᠠᠮᠢᠶᠠᠷᠬᠤ᠂ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠵᠠᠷᠴᠢᠮ ᠢ ᠯᠠᠪᠳᠠᠭᠤᠨ ᠢᠶᠠᠷ ᠠᠬᠢᠭᠤᠯᠬᠤ ᠶᠢ ︽ᠵᠢᠯᠣᠭᠤᠳᠬᠤ ᠰᠠᠨᠠᠯ︾ ᠳᠤ ᠳᠤᠷᠠᠳᠴᠠᠢ᠃ ᠡᠯ᠎ᠡ ᠠᠶᠢᠮᠠᠭ ᠬᠤᠲᠠ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠣᠰ ᠭᠠᠵᠠᠷ ᠣᠷᠣᠨ ᠤ ᠪᠠᠨ ᠡᠯ᠎ᠡ ᠲᠥᠷᠥᠯ ᠤᠨ ᠨᠡᠭᠡᠭᠡᠯᠲᠡ ᠶᠢᠨ ᠣᠷᠣᠨ ᠤ ᠳᠣᠲᠣᠷᠠᠬᠢ ᠠᠵᠤ ᠦᠢᠯᠡᠳᠪᠦᠷᠢ ᠳᠤ ᠬᠡᠷᠡᠭᠯᠡᠬᠦ ᠰᠢᠨ᠎ᠡ ᠪᠠᠷ ᠨᠡᠮᠡᠭᠳᠡᠭᠰᠡᠨ ᠭᠠᠵᠠᠷ ᠤᠨ ︽ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠨᠠᠷᠢᠨ ᠲᠦᠷᠢᠮ ᠢ ᠰᠤᠳᠤᠯᠤᠨ ᠨᠡᠶᠢᠲᠡᠯᠡᠵᠦ᠂ ᠰᠢᠯᠵᠢᠭᠦᠯᠦᠨ ᠥᠭᠬᠦ ᠶᠠᠪᠤᠴᠠ ᠶᠢ ᠲᠣᠳᠣᠷᠬᠠᠶᠢᠯᠠᠨ᠂ ᠠᠵᠢᠯ ᠤᠨ ᠵᠢᠯᠣᠭᠤᠳᠤᠮᠵᠢ ᠲᠣᠭᠲᠠᠭᠠᠵᠤ᠂ ᠠᠵᠤ ᠦᠢᠯᠡᠳᠪᠦᠷᠢ ᠳᠤ ᠬᠡᠷᠡᠭᠯᠡᠬᠦ ᠰᠢᠨ᠎ᠡ ᠪᠠᠷ ᠨᠡᠮᠡᠭᠳᠡᠭᠰᠡᠨ ᠭᠠᠵᠠᠷ ᠤᠨ ︽ᠪᠠᠷᠢᠮᠵᠢᠶᠠᠲᠤ ᠭᠠᠵᠠᠷ︾ ᠤᠨ ᠰᠢᠯᠵᠢᠭᠦᠯᠦᠨ ᠥᠭᠬᠦ ᠠᠵᠢᠯ ᠢ ᠡᠬᠢᠯᠡᠭᠦᠯᠬᠦ ᠬᠡᠷᠡᠭᠲᠡᠶ︔ ᠲᠤᠰ ᠵᠢᠯ ᠳᠤ ᠨᠠᠭᠠᠳᠤ ᠵᠠᠬ᠎ᠠ ᠳᠤ ᠪᠠᠨ ᠨᠢᠭᠡ ︽ᠪᠠᠷᠢᠮᠵᠢᠶᠠᠲᠤ ᠭᠠᠵᠠᠷ︾ ᠢ ᠰᠢᠯᠵᠢᠭᠦᠯᠦᠨ ᠬᠤᠳᠠᠯᠳᠤᠬᠤ ᠶᠢ ᠪᠡᠶᠡᠯᠡᠭᠦᠯᠬᠦ ᠶᠢᠨ ᠬᠠᠮᠲᠤ ᠠᠵᠤ ᠦᠢᠯᠡᠳᠪᠦᠷᠢ ᠳᠤ ᠬᠡᠷᠡᠭᠯᠡᠬᠦ ᠰᠢᠨ᠎ᠡ ᠪᠠᠷ ᠨᠡᠮᠡᠭᠳᠡᠭᠰᠡᠨ ᠭᠠᠵᠠᠷ ᠢ ᠰᠢᠯᠵᠢᠭᠦᠯᠦᠨ ᠬᠤᠳᠠᠯᠳᠤᠬᠤ ᠳᠠᠬᠢ ︽ᠪᠠᠷᠢᠮᠵᠢᠶᠠᠲᠤ ᠭᠠᠵᠠᠷ︾ ᠤᠨ ᠡᠵᠡᠯᠡᠬᠦ ᠬᠠᠷᠢᠴᠠᠯ ᠢ ᠵᠢᠯ ᠳᠠᠷᠠᠭᠠᠯᠠᠨ ᠳᠡᠯᠭᠡᠷᠡᠭᠦᠯᠦᠨ ᠦᠷᠭᠡᠳᠬᠡᠬᠦ ᠬᠡᠷᠡᠭᠲᠡᠢ ᠭᠡᠵᠦ ︽ᠵᠢᠯᠣᠭᠤᠳᠬᠤ ᠰᠠᠨᠠᠯ︾ ᠳᠤ ᠱᠠᠭᠠᠷᠳᠠᠵᠠᠢ᠃ ︵ᠬᠤᠶᠠᠷ︶ ᠭᠤᠤᠯ ᠡᠭᠦᠷᠭᠡ᠃ ᠦᠨᠳᠦᠰᠦᠨ ᠵᠠᠷᠴᠢᠮ ᠶᠣᠰᠣᠭᠠᠷ᠂ ︽ᠵᠢᠯᠣᠭᠤᠳᠬᠤ ᠰᠠᠨᠠᠯ︾ ᠳᠤ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ ᠪᠡᠶᠡᠯᠡᠭᠦᠯᠵᠦ᠂ ᠬᠠᠤᠯᠢ ᠶᠣᠰᠣᠭᠠᠷ ᠪᠠᠶᠢᠭᠤᠯᠤᠭᠰᠠᠨ ᠡᠯ᠎ᠡ ᠲᠥᠷᠥᠯ ᠤᠨ ᠨᠡᠭᠡᠭᠡᠯᠲᠡ ᠶᠢᠨ ᠣᠷᠣᠨ ᠤ ᠳᠣᠲᠣᠷ᠎ᠠ ᠵᠠᠰᠠᠭ ᠤᠨ ᠣᠷᠳᠣᠨ ᠰᠣᠩᠭᠤᠯᠲᠠ ᠶᠢᠨ ᠴᠢᠨᠠᠷᠲᠠᠶ ᠣᠷᠣᠨ ᠪᠦᠰᠡ ᠶᠢᠨ ᠦᠨᠡᠯᠡᠨ ᠵᠢᠱᠢᠯᠲᠡ ᠶᠢ ᠨᠢᠭᠡᠳᠦᠯᠲᠡᠶ ᠵᠣᠬᠢᠶᠠᠨ ᠪᠠᠶᠢᠭᠤᠯᠵᠤ ᠥᠷᠨᠢᠭᠦᠯᠦᠨ᠎ᠡ︔ ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ ᠶᠢ ᠲᠣᠳᠤᠷᠬᠠᠶᠢᠯᠠᠨ᠂ ᠡᠯ᠎ᠡ ᠭᠠᠵᠠᠷ ᠣᠷᠣᠨ ᠨᠤᠭᠤᠳ ᠠᠵᠤ ᠦᠢᠯᠡᠰ ᠢ ᠵᠥᠪᠰᠢᠶᠡᠷᠡᠨ ᠣᠷᠣᠭᠤᠯᠬᠤ᠂ ᠴᠢᠳᠠᠮᠵᠢ ᠶᠢᠨ ᠣᠷᠣᠨ ᠢ ᠬᠤᠪᠢᠶᠠᠷᠢᠯᠠᠬᠤ ᠪᠠ ᠬᠠᠮᠢᠶ᠎ᠠ ᠪᠥᠬᠦᠶ ᠣᠷᠣᠨ ᠪᠦᠰᠡ ᠶᠢᠨ ᠦᠨᠡᠯᠡᠨ ᠵᠢᠱᠢᠬᠦ ᠱᠠᠭᠠᠷᠳᠠᠯᠭ᠎ᠠ ᠶᠢ ᠦᠨᠳᠦᠰᠦᠯᠡᠨ᠂ ᠬᠡᠷᠡᠭᠵᠢᠭᠦᠯᠵᠦ ᠪᠣᠯᠬᠤᠶᠢᠴᠠ᠂ ᠬᠢᠨᠠᠨ ᠬᠠᠮᠢᠶᠠᠷᠬᠤ ᠳᠤ ᠲᠥᠬᠦᠮ ᠪᠠᠶᠢᠯᠭᠠᠬᠤ ᠵᠠᠷᠴᠢᠮ ᠶᠣᠰᠣᠭᠠᠷ᠂ ᠰᠢᠨ᠎ᠡ ᠪᠠᠷ ᠪᠠᠶᠢᠭᠤᠯᠬᠤ ᠠᠵᠤ ᠦᠢᠯᠡᠳᠪᠦᠷᠢ ᠶᠢᠨ ᠲᠥᠷᠥᠯ ᠵᠦᠢᠯ ᠤᠨ ︽3 + X︾ ᠤᠨ ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ ᠶᠢ ᠰᠤᠳᠤᠯᠤᠨ ᠳᠤᠷᠠᠳᠤᠨ᠎ᠠ︔ ︽ᠪᠠᠷᠢᠮᠵᠢᠶᠠᠲᠤ ᠭᠠᠵᠠᠷ︾ ᠤᠨ ᠬᠠᠩᠭᠠᠯᠭ᠎ᠠ ᠶᠢᠨ ᠠᠷᠭ᠎ᠠ ᠮᠠᠶ᠋ᠢᠭ ᠢ ᠵᠢᠷᠤᠮᠵᠢᠭᠤᠯᠵᠤ᠂ ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠪᠠ ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ ᠶᠢ ᠨᠠᠷᠢᠨ ᠳᠠᠩᠰᠠ ᠶᠢᠨ ᠬᠡᠯᠪᠡᠷᠢ ᠪᠠᠷ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠬᠤ ᠲᠥᠰᠦᠯ ᠨᠢᠭᠡᠪᠦᠷᠢ ᠳᠤ ᠬᠡᠷᠡᠭᠯᠡᠬᠦ ᠪᠦᠭᠡᠳ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠬᠤ ᠠᠯᠪᠠᠨ ᠵᠠᠷ ᠲᠤ ᠬᠠᠮᠲᠤ ᠳᠤ ᠨᠢ ᠨᠡᠶᠢᠲᠡᠯᠡᠵᠦ᠂ ᠥᠷᠢᠰᠥᠯᠳᠦᠨ ᠬᠤᠳᠠᠯᠳᠤᠨ ᠠᠪᠤᠭᠴᠢ ᠳᠤ ᠨᠢᠭᠡ ᠤᠳᠠᠭ᠎ᠠ ᠶᠢᠨ ᠴᠢᠨᠠᠷᠲᠠᠶ ᠪᠠᠷ ᠮᠡᠳᠡᠭᠳᠡᠨ᠎ᠡ︔ ︽ᠪᠠᠷᠢᠮᠵᠢᠶᠠᠲᠤ ᠭᠠᠵᠠᠷ︾ ᠤᠨ ᠭᠡᠷ᠎ᠡ ᠶᠢ ᠭᠦᠢᠴᠡᠳᠬᠡᠬᠦ ᠱᠠᠭᠠᠷᠳᠠᠯᠭ᠎ᠠ ᠶᠢ ᠲᠣᠳᠣᠷᠬᠠᠶᠢᠯᠠᠵᠤ᠂ ᠭᠠᠵᠠᠷ ᠬᠡᠷᠡᠭᠯᠡᠬᠦ ᠠᠵᠤ ᠠᠬᠤᠶᠢᠯᠠᠯ ᠨᠢ ᠵᠠᠰᠠᠭ ᠤᠨ ᠣᠷᠳᠣᠨ ᠪᠤᠶᠤ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ︵ᠪᠠᠶᠢᠭᠤᠯᠤᠮᠵᠢ︶ ᠯᠦᠭᠡ ︽ᠪᠠᠷᠢᠮᠵᠢᠶᠠᠲᠤ ᠭᠠᠵᠠᠷ︾ ᠤᠨ ᠪᠠᠯᠠ ᠣᠷᠣᠭᠤᠯᠵᠤ ᠪᠥᠲᠥᠭᠡᠨ ᠪᠠᠶᠢᠭᠤᠯᠬᠤ ᠭᠡᠷ᠎ᠡ ᠲᠣᠭᠲᠠᠵᠤ᠂ ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ᠂ ᠦᠢᠯᠡᠳᠪᠦᠷᠢᠯᠡᠯ ᠳᠤ ᠭᠠᠷᠭᠠᠭᠰᠠᠨ ᠢ ᠳᠠᠬᠢᠨ ᠬᠢᠨᠠᠬᠤ᠂ ᠭᠡᠷ᠎ᠡ ᠠᠴᠠ ᠵᠥᠷᠢᠴᠡᠭᠰᠡᠨ ᠪᠣᠯ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠵᠦᠢᠯᠡᠰ ᠢ ᠲᠣᠳᠤᠷᠬᠠᠶᠢᠯᠠᠨ᠎ᠠ︔ ᠭᠡᠷ᠎ᠡ ᠶᠢ ᠭᠦᠢᠴᠡᠳᠬᠡᠬᠦ ᠶᠢ ᠬᠢᠨᠠᠨ ᠬᠠᠮᠢᠶᠠᠷᠬᠤ ᠳᠣᠭᠲᠠᠯᠴᠠᠭ᠎ᠠ ᠶᠢ ᠰᠦᠪᠡᠭᠴᠢᠯᠡᠨ ᠪᠠᠶᠢᠭᠤᠯᠵᠤ᠂ ᠭᠠᠵᠠᠷ ᠰᠢᠷᠣᠶ ᠬᠡᠷᠡᠭᠯᠡᠬᠦ ᠠᠵᠤ ᠠᠬᠤᠶᠢᠯᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠦᠢᠯᠡᠳᠪᠦᠷᠢᠯᠡᠯ ᠳᠤ ᠭᠠᠷᠭᠠᠬᠤ ᠶᠢ ᠳᠠᠬᠢᠨ ᠬᠢᠨᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠬᠢᠨᠠᠨ ᠬᠡᠮᠵᠢᠵᠦ ᠬᠠᠷᠭᠤᠭᠤᠯᠤᠨ ᠪᠠᠶᠢᠴᠠᠭᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ︔ ︽ᠪᠠᠷᠢᠮᠵᠢᠶᠠᠲᠤ ᠭᠠᠵᠠᠷ︾ ᠢ ᠰᠢᠯᠵᠢᠭᠦᠯᠦᠨ ᠬᠤᠳᠠᠯᠳᠤᠬᠤ ᠭᠠᠵᠠᠷ ᠰᠢᠷᠣᠶ ᠶᠢᠨ ᠨᠥᠭᠡᠴᠡ ᠶᠢ ᠰᠠᠶᠢᠲᠤᠷ ᠬᠢᠨ᠎ᠡ ᠭᠡᠵᠦ ︽ᠵᠢᠯᠣᠭᠤᠳᠬᠤ ᠰᠠᠨᠠᠯ︾ ᠳᠤ ᠳᠤᠷᠠᠳᠪᠠ︔ ᠪᠠᠰᠠ ︽ᠪᠠᠷᠢᠮᠵᠢᠶᠠᠲᠤ ᠭᠠᠵᠠᠷ︾ ᠤᠨ ᠬᠡᠷᠡᠭᠯᠡᠬᠦ ᠬᠡᠪᠴᠢᠶ᠎ᠡ ᠶᠢᠨ ᠲᠤᠯᠤᠭᠠᠨ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠥᠷᠭᠡᠳᠬᠡᠵᠦ᠂ ︽ᠪᠠᠷᠢᠮᠵᠢᠶᠠᠲᠤ ᠭᠠᠵᠠᠷ︾ ᠢ ᠰᠢᠯᠵᠢᠭᠦᠯᠦᠨ ᠬᠤᠳᠠᠯᠳᠤᠬᠤ ᠠᠴᠠ ᠡᠮᠦᠨᠡᠬᠢ ᠬᠤᠭᠤᠴᠠᠭᠠᠨ ᠤ ᠪᠡᠯᠡᠳᠬᠡᠯ᠂ ᠬᠠᠩᠭᠠᠯᠭ᠎ᠠ ᠶᠢᠨ ᠭᠡᠷ᠎ᠡ ᠶᠢ ᠭᠦᠢᠴᠡᠳᠬᠡᠬᠦ᠂ ᠬᠠᠩᠭᠠᠯᠭ᠎ᠠ ᠶᠢᠨ ᠳᠠᠷᠠᠭᠠᠬᠢ ᠬᠢᠨᠠᠯᠲᠠ ᠬᠠᠮᠢᠶᠠᠷᠤᠯᠲᠠ ᠵᠡᠷᠭᠡ ᠳᠤ ᠥᠭᠡᠷᠡᠴᠢᠯᠡᠯᠲᠡ ᠬᠢᠬᠦ ᠬᠠᠶᠢᠨ ᠰᠦᠪᠡᠭᠴᠢᠯᠡᠯᠲᠡ ᠶᠢᠨ ᠱᠠᠭᠠᠷᠳᠠᠯᠭ᠎ᠠ ᠳᠤᠷᠠᠳᠴᠠᠢ᠃ ︵ᠭᠤᠷᠪᠠ︶ ᠪᠠᠲᠤᠯᠠᠭ᠎ᠠ ᠶᠢᠨ ᠠᠷᠭ᠎ᠠ ᠬᠡᠮᠵᠢᠶ᠎ᠡ᠃ ︽ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠶᠢᠨ ᠠᠵᠢᠯ ᠢ ᠠᠬᠢᠭᠤᠯᠤᠭᠰᠠᠨ ᠪᠠᠶᠢᠳᠠᠯ ᠢ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠤᠨ ᠶᠡᠷᠦᠩᠬᠡᠶᠢᠯᠡᠭᠰᠡᠨ ᠬᠢᠨᠠᠨ ᠰᠢᠯᠭᠠᠵᠤ ᠦᠨᠡᠯᠡᠬᠦ ᠳᠣᠭᠲᠠᠯᠴᠠᠭ᠎ᠠ ᠳᠤ ᠣᠷᠣᠭᠤᠯᠤᠨ᠎ᠠ︔ ᠣᠷᠣᠨ ᠪᠦᠰᠡ ᠶᠢᠨ ᠦᠨᠡᠯᠡᠨ ᠵᠢᠱᠢᠬᠦ᠂ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠵᠡᠷᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠦᠲᠦᠮᠵᠢᠲᠡᠶ ᠵᠣᠯᠭᠠᠭᠤᠯᠵᠤ᠂ ᠥᠭᠡᠷᠡᠴᠢᠯᠡᠯᠲᠡ ᠶᠢᠨ ᠳᠠᠪᠬᠤᠴᠠᠬᠤ ᠦᠷ᠎ᠡ ᠨᠥᠯᠦᠭᠡ ᠶᠢ ᠭᠦᠢᠴᠡᠳ ᠪᠠᠳᠠᠷᠠᠭᠤᠯᠤᠨ᠎ᠠ︔ ᠠᠵᠤ ᠦᠢᠯᠡᠳᠪᠦᠷᠢ ᠳᠤ ᠬᠡᠷᠡᠭᠯᠡᠬᠦ ᠰᠢᠨ᠎ᠡ ᠪᠠᠷ ᠨᠡᠮᠡᠭᠳᠡᠭᠰᠡᠨ ᠭᠠᠵᠠᠷ ᠰᠢᠷᠣᠶ ᠶᠢᠨ ︽ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠶᠢᠨ ᠲᠡᠷᠢᠭᠦᠨ ᠤ ᠲᠤᠷᠰᠢᠯᠭ᠎ᠠ ᠪᠠ ᠨᠡᠶᠢᠲᠡᠯᠢᠭ ᠠᠷᠭ᠎ᠠ ᠬᠢᠳᠡᠯ ᠵᠡᠷᠭᠡ ᠥᠭᠡᠷᠡᠴᠢᠯᠡᠯᠲᠡ ᠶᠢ ᠬᠡᠷᠡᠭᠵᠢᠭᠦᠯᠦᠨ ᠠᠬᠢᠭᠤᠯᠬᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠥᠷᠭᠡᠨ ᠢᠶᠠᠷ ᠤᠬᠠᠭᠤᠯᠬᠤ ᠶᠢᠨ ᠬᠠᠮᠲᠤ ᠢᠳᠡᠪᠬᠢᠲᠡᠶ ᠪᠠᠷ ᠳᠡᠯᠭᠡᠷᠡᠭᠦᠯᠦᠨ᠎ᠡ ᠭᠡᠵᠦ ︽ᠵᠢᠯᠣᠭᠤᠳᠬᠤ ᠰᠠᠨᠠᠯ︾ ᠳᠤ ᠳᠤᠷᠠᠳᠪᠠ᠃
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|