ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢᠰᠦᠨ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2022/6/13

        ᠦᠪᠣᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ
                               ᠦᠪᠦᠷ ᠵᠠᠰᠠᠭ ᠠᠯᠪᠠᠨ ᠲᠠᠷᠬᠠᠭᠠᠭᠰᠠᠨ ﹇2022﹈ 18 ᠳ᠋ᠤᠭᠠᠷ ᠲᠣᠭᠠᠲᠤ


          ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢᠰᠦᠨ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠲᠤᠬᠠᠶ
              ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ


      ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠲᠡᠭᠡᠨ ᠵᠠᠰᠠᠬᠤ ᠤᠷᠤᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄
      ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠪᠦᠬᠦ ᠤᠯᠤᠰ ᠲᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠲᠦᠷᠦᠭᠦᠯᠡᠨ ᠪᠡᠶᠡᠯᠡᠭᠦᠯᠬᠦ ᠶᠢᠨ ᠲᠤᠰᠠᠳᠠ᠂ ᠰᠦ ᠶᠢᠨ ᠢᠷᠡᠯᠲᠡ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠬᠤᠴᠣᠷᠤᠩᠭᠤᠶ ᠪᠠᠶᠢᠬᠤ᠂ ᠪᠡᠶ᠎ᠡ ᠪᠠᠨ ᠳᠠᠭᠠᠭᠠᠵᠤ ᠦᠷᠡᠵᠢᠭᠦᠯᠦᠨ ᠪᠣᠶᠢᠵᠢᠭᠤᠯᠬᠤ ᠴᠢᠳᠠᠪᠤᠷᠢ ᠴᠢᠩᠭ᠎ᠠ ᠪᠢᠰᠢ᠂ ᠴᠢᠨᠠᠷ ᠰᠠᠶᠢᠲᠠᠶ ᠲᠡᠵᠢᠭᠡᠯ ᠡᠪᠡᠰᠦ ᠪᠣᠷᠳᠣᠭᠠᠨ ᠤ ᠬᠠᠩᠭᠠᠯᠭ᠎ᠠ ᠬᠦᠷᠦᠯᠴᠡᠬᠦ ᠦᠭᠡᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠤᠯᠭᠠᠭᠤᠷᠢᠯᠠᠯ ᠬᠦᠷᠦᠯᠴᠡᠬᠦ ᠦᠭᠡᠢ᠂ ᠭᠡᠮ ᠬᠢᠵᠢᠭ ᠢ ᠰᠡᠷᠭᠡᠶᠢᠯᠡᠨ ᠳᠠᠷᠤᠬᠤ ᠮᠡᠷᠭᠡᠵᠢᠯ ᠪᠠᠭᠤᠷᠠᠶ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ 2019 ᠣᠨ ᠳᠤ ᠨᠡᠶᠢᠲᠡᠯᠡᠭᠰᠡᠨ ᠥᠪᠡᠷᠲᠡᠭᠡᠨ ᠵᠠᠰᠠᠬᠤ ᠣᠷᠣᠨ ᠤ

︽ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾ ︵ᠥᠪᠥᠷ ᠵᠠᠰᠠᠭ ᠠᠯᠪᠠᠨ ᠲᠠᠷᠬᠠᠭᠠᠭᠰᠠᠨ ﹇2019﹈ 33 ᠳ᠋ᠤᠭᠠᠷ ᠲᠣᠭᠠᠲᠤ︶ ᠤᠨ ᠰᠠᠭᠤᠷᠢᠨ ᠳᠡᠭᠡᠷ᠎ᠡ᠂ ︽ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2019﹈ ︺20 ᠳ᠋ᠤᠭᠠᠷ ᠲᠣᠭᠠᠲᠤ︶ ᠪᠠ ᠥᠪᠡᠷᠲᠡᠭᠡᠨ ᠵᠠᠰᠠᠬᠤ ᠣᠷᠣᠨ ᠤ ︽ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ ︵2020 - 2022 ᠣᠨ︶︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 39 ᠳ᠋ᠦ᠋ᠭᠡᠷ ᠲᠣᠭᠠᠲᠤ︶ ᠤᠨ ᠬᠤᠯᠪᠣᠭᠳᠠᠯ ᠪᠥᠬᠦᠶ ᠲᠣᠭᠲᠠᠭᠠᠯ ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢᠰᠦᠨ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠤᠤᠷᠠᠬᠢ ᠮᠡᠲᠦ ᠮᠡᠳᠡᠭᠳᠡᠪᠡ᠃
      ᠨᠢᠭᠡ᠂ ᠰᠢᠨ᠎ᠡ ᠪᠠᠷ ᠪᠠᠶᠢᠭᠤᠯᠤᠭᠰᠠᠨ ᠰᠠᠭᠠᠯᠢ ᠶᠢᠨ ᠦᠨᠢᠶ᠎ᠡ ᠶᠢ ᠬᠡᠪᠴᠢᠶᠡᠵᠢᠭᠦᠯᠦᠨ ᠲᠡᠵᠢᠭᠡᠵᠦ ᠦᠷᠡᠵᠢᠭᠦᠯᠬᠦ ᠲᠠᠯᠠᠪᠠᠶ ᠳᠤ ᠨᠡᠮᠡᠭᠦᠷᠢ ᠦᠭᠭᠦ ᠬᠡᠷᠩᠳᠠᠢ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 2021 ᠣᠨ ᠠᠴᠠ ᠬᠤᠶᠢᠰᠢ ᠪᠠᠶᠢᠭᠤᠯᠤᠭᠰᠠᠨ 3000 ᠲᠣᠯᠣᠭᠠᠶ ᠶᠢᠨ ᠬᠡᠪᠴᠢᠶ᠎ᠡ ᠲᠠᠢ ᠲᠡᠵᠢᠭᠡᠨ ᠦᠷᠡᠵᠢᠭᠦᠯᠬᠦ ᠲᠠᠯᠠᠪᠠᠶ ᠳᠤ 600 ᠲᠦᠮᠡᠨ ᠲᠥᠭᠦᠷᠢᠭ ᠤᠨ ᠨᠡᠮᠡᠭᠦᠷᠢ ᠥᠭᠴᠦ᠂ 500 ᠲᠣᠯᠣᠭᠠᠶ ᠨᠡᠮᠡᠭᠳᠡᠬᠦ ᠪᠦᠷᠢ ᠳᠠᠬᠢᠨᠲᠠ 100 ᠲᠦᠮᠡᠨ ᠲᠥᠭᠦᠷᠢᠭ ᠤᠨ ᠨᠡᠮᠡᠭᠦᠷᠢ ᠦᠭᠭᠦᠨ᠎ᠡ︔ ᠠᠶᠢᠮᠠᠭ ᠬᠤᠲᠠ ᠨᠢ ᠥᠪᠡᠷᠲᠡᠭᠡᠨ ᠵᠠᠰᠠᠬᠤ ᠣᠷᠣᠨ ᠤ ᠨᠡᠮᠡᠭᠦᠷᠢ ᠶᠢᠨ ᠪᠡᠯᠡ ᠮᠥᠩᠭᠦᠨ ᠤ 20 % ᠪᠠᠷ ᠳᠦᠬᠦᠷᠵᠢᠭᠦᠯᠵᠦ ᠨᠡᠮᠡᠭᠳᠡᠭᠦᠯᠬᠦ ᠬᠡᠷᠡᠭᠲᠡᠢ᠃ ᠨᠡᠮᠡᠭᠦᠷᠢ ᠶᠢᠨ ᠪᠡᠯᠡ ᠮᠥᠩᠭᠦ ᠶᠢ ᠭᠤᠣᠯᠳᠠᠭᠤ ᠬᠡᠪᠴᠢᠶᠡᠵᠢᠭᠦᠯᠦᠨ ᠲᠡᠵᠢᠭᠡᠵᠦ ᠦᠷᠡᠵᠢᠭᠦᠯᠬᠦ ᠲᠠᠯᠠᠪᠠᠢ ᠶᠢᠨ ︽ᠭᠤᠷᠪᠠ ᠶᠢ ᠨᠡᠪᠲᠡᠷᠡᠭᠦᠯᠵᠦ ᠨᠢᠭᠡ ᠶᠢ ᠲᠡᠭᠰᠢᠯᠡᠬᠦ︾᠂ ᠢᠯᠭᠠᠳᠠᠰᠤ ᠶᠢ ᠰᠢᠢᠳᠪᠦᠷᠢᠯᠡᠬᠦ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠲᠥᠬᠦᠭᠡᠷᠦᠮᠵᠢ ᠬᠤᠳᠠᠯᠳᠤᠨ ᠠᠪᠬᠤ ᠳᠤ ᠬᠡᠷᠡᠭᠯᠡᠬᠦ ᠬᠡᠷᠡᠭᠲᠡᠢ᠃ ᠨᠡᠮᠡᠭᠦᠷᠢ ᠶᠢᠨ ᠪᠡᠯᠡ ᠮᠥᠩᠭᠦ ᠶᠢ ᠰᠠᠭᠠᠯᠢ ᠶᠢᠨ ᠦᠨᠢᠶᠡᠨ ᠤ ᠲᠤᠭ᠎ᠠ ᠲᠣᠯᠣᠭᠠᠢ ᠨᠢ ᠨᠡᠮᠡᠭᠦᠷᠢ ᠥᠭᠬᠦ ᠪᠠᠷᠢᠮᠵᠢᠶ᠎ᠠ ᠳᠤ ᠬᠦᠷᠦᠭᠰᠡᠨ ᠤ ᠳᠠᠷᠠᠭ᠎ᠠ ᠣᠯᠭᠤᠨ᠎ᠠ᠃ ︵ᠲᠦᠷᠦᠭᠦᠯᠡᠬᠦ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ︶
      ᠬᠤᠶᠠᠷ᠂ ᠲᠤᠰᠬᠠᠶ ᠵᠦᠢᠯ ᠤᠨ ᠵᠢᠭᠡᠯᠡᠯᠭᠡ ᠪᠠᠷ ᠰᠦ ᠶᠢᠨ ᠦᠢᠯᠡᠰ ᠤᠨ ᠬᠥᠭᠵᠢᠯᠲᠡ ᠶᠢᠨ ᠬᠦᠷᠢᠶᠡᠯᠡᠩ ᠲᠣᠭᠤᠷᠢᠭ ᠢ ᠰᠢᠨ᠎ᠡ ᠪᠠᠷ ᠪᠠᠶᠢᠭᠤᠯᠬᠤ ᠳᠤ ᠳᠡᠮᠵᠢᠯᠭᠡ ᠦᠵᠡᠭᠦᠯᠬᠦ ᠬᠡᠷᠡᠭᠲᠡᠢ᠃ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢ ᠠᠰᠢᠭᠯᠠᠨ ᠰᠢᠨ᠎ᠡ ᠪᠠᠷ ᠰᠠᠭᠠᠯᠢ ᠶᠢᠨ ᠦᠨᠢᠶ᠎ᠡ ᠶᠢ ᠬᠡᠪᠴᠢᠶᠡᠵᠢᠭᠦᠯᠦᠨ ᠲᠡᠵᠢᠭᠡᠵᠦ ᠦᠷᠡᠵᠢᠭᠦᠯᠬᠦ ᠲᠠᠯᠠᠪᠠᠶ ᠪᠠᠷ ᠭᠤᠣᠯ ᠠᠭᠤᠯᠭ᠎ᠠ ᠪᠣᠯᠭᠠᠭᠰᠠᠨ ᠰᠦ ᠶᠢᠨ ᠦᠢᠯᠡᠰ ᠤᠨ ᠬᠥᠭᠵᠢᠯᠲᠡ ᠶᠢᠨ ᠬᠦᠷᠢᠶᠡᠯᠡᠩ ᠲᠣᠭᠤᠷᠢᠭ ᠪᠠᠶᠢᠭᠤᠯᠬᠤ ᠶᠢ ᠵᠣᠷᠢᠭᠵᠢᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠲᠤᠰᠬᠠᠶ ᠵᠦᠢᠯ ᠤᠨ ᠵᠢᠭᠡᠯᠡᠯᠭᠡ ᠲᠣᠬᠢᠷᠠᠭᠤᠯᠬᠤ ᠲᠠᠯ᠎ᠠ ᠪᠠᠷ ᠭᠤᠣᠯᠳᠠᠯᠭ᠎ᠠ ᠲᠠᠢ ᠳᠡᠮᠵᠢᠯᠭᠡ ᠦᠵᠡᠭᠦᠯᠦᠨ᠎ᠡ᠃ ︵ᠲᠦᠷᠦᠭᠦᠯᠡᠬᠦ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ︶
      ᠭᠤᠷᠪᠠ᠂ ᠬᠥᠲᠥᠴᠢ ᠠᠵᠤ ᠠᠬᠤᠶᠢᠯᠠᠯ ᠤᠨ ᠲᠦᠭᠦᠬᠡᠶ ᠰᠦ ᠪᠣᠯᠪᠠᠰᠤᠷᠠᠭᠤᠯᠬᠤ ᠬᠡᠮᠵᠢᠶᠡᠨ ᠤ ᠨᠡᠮᠡᠭᠳᠡᠯ ᠢᠶᠠᠷ ᠨᠡᠮᠡᠭᠦᠷᠢ ᠥᠭᠬᠦ ᠬᠡᠷᠡᠭᠲᠡᠢ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠰᠦ ᠴᠠᠭᠠᠨ ᠢᠳᠡᠭᠡ ᠪᠣᠯᠪᠠᠰᠤᠷᠠᠭᠤᠯᠬᠤ ᠬᠥᠲᠥᠴᠢ ᠠᠵᠤ ᠠᠬᠤᠶᠢᠯᠠᠯ ᠤᠨ ᠲᠦᠭᠦᠬᠡᠶ ᠰᠦ ᠪᠣᠯᠪᠠᠰᠤᠷᠠᠭᠤᠯᠬᠤ ᠬᠡᠮᠵᠢᠶᠡᠨ ᠤ ᠨᠡᠮᠡᠭᠳᠡᠯ ᠢᠶᠠᠷ ᠨᠡᠮᠡᠭᠦᠷᠢ ᠥᠭᠬᠦ ᠠᠵᠢᠯ ᠢ 2022 ᠣᠨ ᠠᠴᠠ ᠡᠬᠢᠯᠡᠭᠦᠯᠵᠦ᠂ ᠳᠡᠭᠡᠷ᠎ᠡ ᠨᠢᠭᠡ ᠵᠢᠯ ᠤᠨ ᠲᠦᠭᠦᠬᠡᠶ ᠰᠦ ᠪᠣᠯᠪᠠᠰᠤᠷᠠᠭᠤᠯᠤᠭᠰᠠᠨ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠨ᠂ ᠠᠵᠤ ᠠᠬᠤᠶᠢᠯᠠᠯ ᠤᠨ ᠲᠦᠭᠦᠬᠡᠶ ᠰᠦ ᠪᠣᠯᠪᠠᠰᠤᠷᠠᠭᠤᠯᠬᠤ ᠬᠡᠮᠵᠢᠶ᠎ᠡ ᠨᠢ 1 ᠲᠣᠨ ᠨᠡᠮᠡᠭᠳᠡᠬᠦ ᠪᠦᠷᠢ 200 ᠲᠥᠭᠦᠷᠢᠭ ᠤᠨ ᠨᠡᠮᠡᠭᠦᠷᠢ ᠥᠭᠴᠦ ᠰᠦ ᠶᠢᠨ ᠢᠷᠡᠯᠲᠡ ᠶᠢᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠬᠡᠷᠩᠯᠡᠭᠦᠯᠣᠨ᠂ ᠨᠡᠮᠡᠭᠦᠷᠢ ᠶᠢᠨ ᠬᠠᠷᠢᠴᠠᠯ ᠢ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠲᠣᠰ ᠲᠣᠰ 50 % ᠪᠠᠷ ᠡᠭᠦᠷᠭᠡᠯᠡᠨ᠎ᠡ᠃ ︵ᠲᠦᠷᠦᠭᠦᠯᠡᠬᠦ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶
      ᠳᠥᠷᠪᠡ᠂ ᠬᠥᠲᠥᠴᠢ ᠠᠵᠤ ᠠᠬᠤᠶᠢᠯᠠᠯ ᠤᠨ ᠬᠢᠨ ᠤ ᠲᠦᠭᠦᠬᠡᠶ ᠰᠦ ᠶᠢ ᠠᠰᠢᠭᠯᠠᠵᠤ ᠰᠦᠨ ᠲᠠᠯᠬ᠎ᠠ ᠪᠣᠯᠭᠠᠬᠤ ᠳᠤ ᠨᠡᠮᠡᠭᠦᠷᠢ ᠥᠭᠬᠦ ᠬᠡᠷᠡᠭᠲᠡᠶ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠰᠦ ᠴᠠᠭᠠᠨ ᠢᠳᠡᠭᠡ ᠪᠣᠯᠪᠠᠰᠤᠷᠠᠭᠤᠯᠬᠤ ᠬᠥᠲᠥᠴᠢ ᠠᠵᠤ ᠠᠬᠤᠶᠢᠯᠠᠯ ᠤᠨ 3 - 5 ᠳ᠋ᠤᠭᠠᠷ ᠰᠠᠷ᠎ᠠ ᠳᠠᠬᠢ ᠲᠦᠭᠦᠬᠡᠶ ᠰᠦ ᠶᠢ ᠬᠡᠷᠡᠭᠯᠡᠵᠦ ᠰᠦᠨ ᠲᠠᠯᠬ᠎ᠠ ᠪᠣᠯᠭᠠᠭᠰᠠᠨ ᠳᠤ ᠨᠢ ᠨᠡᠮᠡᠭᠦᠷᠢ ᠥᠭᠴᠦ᠂ ᠲᠦᠭᠦᠬᠡᠶ ᠰᠦ ᠬᠤᠳᠠᠯᠳᠤᠨ ᠠᠪᠤᠭᠰᠠᠨ ᠬᠡᠮᠵᠢᠶᠡᠨ ᠤ 10 % ᠪᠠᠷ ᠲᠣᠨ ᠪᠦᠷᠢ ᠳᠤ ᠨᠢ 800 ᠲᠥᠭᠦᠷᠢᠭ ᠤᠨ ᠨᠡᠮᠡᠭᠦᠷᠢ ᠦᠭᠴᠦ᠂ ᠨᠡᠮᠡᠭᠦᠷᠢ ᠶᠢᠨ ᠬᠠᠷᠢᠴᠠᠯ ᠢ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠲᠤᠰ ᠲᠤᠰ 50 % ᠪᠠᠷ ᠡᠭᠦᠷᠭᠡᠯᠡᠨ᠎ᠡ᠃ ︵ᠲᠦᠷᠦᠭᠦᠯᠡᠬᠦ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶
      ᠲᠠᠪᠤ᠂ ᠬᠦᠢᠰᠦ ᠶᠢᠨ ᠢᠯᠭᠠᠯ ᠪᠦᠬᠦᠢ ᠬᠦᠪᠦᠷᠡᠯ ᠢ ᠠᠰᠢᠭᠯᠠᠨ ᠴᠢᠨᠠᠷ ᠰᠠᠶᠢᠲᠠᠶ ᠰᠠᠭᠠᠯᠢ ᠶᠢᠨ ᠦᠨᠢᠶ᠎ᠡ ᠪᠤᠶᠢᠵᠢᠭᠤᠯᠤᠭᠰᠠᠨ ᠳᠤ ᠨᠡᠮᠡᠭᠦᠷᠢ ᠥᠭᠬᠦ ᠬᠡᠷᠡᠭᠲᠡᠢ᠃ ᠲᠡᠵᠢᠭᠡᠨ ᠦᠷᠡᠵᠢᠭᠦᠯᠬᠦ ᠲᠠᠯᠠᠪᠠᠶ ᠶᠢᠨ ᠦᠷᠡᠵᠢᠬᠦ ᠦᠨᠢᠶ᠎ᠡ ᠪᠠᠷ ᠬᠦᠢᠰᠦ ᠶᠢᠨ ᠢᠯᠭᠠᠯ ᠪᠦᠬᠦᠢ ᠬᠦᠪᠦᠷᠡᠯ ᠢ ᠠᠰᠢᠭᠯᠠᠵᠤ ᠰᠠᠭᠠᠯᠢ ᠰᠠᠶᠢᠲᠠᠢ ᠦᠨᠢᠶ᠎ᠡ ᠪᠤᠶᠢᠵᠢᠭᠤᠯᠬᠤ ᠳᠤ ᠨᠡᠮᠡᠭᠦᠷᠢ ᠥᠭᠴᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠤᠯᠤᠰ ᠲᠤ ᠪᠠᠨ ᠪᠣᠶᠢᠵᠢᠭᠤᠯᠤᠭᠰᠠᠨ ᠪᠠ ᠭᠠᠳᠠᠭᠠᠳᠤ ᠠᠴᠠ ᠣᠷᠣᠭᠤᠯᠤᠭᠰᠠᠨ ᠬᠦᠢᠰᠦ ᠶᠢᠨ ᠢᠯᠭᠠᠯ ᠪᠦᠬᠦᠢ ᠬᠦᠪᠦᠷᠡᠯ ᠢ ᠬᠡᠷᠡᠭᠯᠡᠭᠰᠡᠨ ᠤ ᠵᠠᠬ᠎ᠠ ᠳᠡᠯᠭᠡᠭᠦᠷ ᠲᠠᠬᠢ ᠨᠢᠭᠡ ᠬᠥᠪᠥᠷᠡᠯ ᠤᠨ ᠦᠨ᠎ᠡ ᠬᠠᠩᠰᠢ ᠶᠢᠨ 50 % ᠪᠠᠷ ᠨᠢ ᠨᠡᠮᠡᠭᠦᠷᠢ ᠥᠭᠬᠦ ᠬᠡᠷᠡᠭᠲᠡᠢ᠃ ︵ᠲᠦᠷᠦᠭᠦᠯᠡᠬᠦ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ︶
      ᠵᠢᠷᠭᠤᠭ᠎ᠠ᠂ ᠰᠢᠨ᠎ᠡ ᠪᠠᠷ ᠨᠡᠮᠡᠭᠳᠡᠭᠰᠡᠨ ᠴᠠᠷᠭᠠᠰᠤ ᠬᠡᠪᠴᠢᠶᠡᠵᠢᠭᠦᠯᠦᠨ ᠳᠠᠷᠢᠬᠤ ᠠᠵᠤ ᠠᠬᠤᠶᠢᠯᠠᠯ ᠳᠤ ᠨᠡᠮᠡᠭᠦᠷᠢ ᠥᠭᠬᠦ ᠬᠡᠷᠡᠭᠲᠡᠶ᠃ 2022 ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 500 ᠮᠥ ᠠᠴᠠ ᠳᠡᠭᠡᠭᠰᠢ ᠴᠠᠷᠭᠠᠰᠤ ᠶᠢ ᠲᠦᠪᠯᠡᠷᠡᠭᠦᠯᠦᠨ ᠵᠠᠯᠭᠠᠯᠳᠤᠭᠤᠯᠵᠤ ᠪᠠᠷᠢᠮᠵᠢᠶᠠᠵᠢᠭᠤᠯᠤᠨ ᠳᠠᠷᠢᠬᠤ ᠰᠢᠨ᠎ᠡ ᠪᠠᠷ ᠨᠡᠮᠡᠭᠳᠡᠭᠰᠡᠨ ᠠᠵᠤ ᠠᠬᠤᠶᠢᠯᠠᠯ ︵ᠬᠤᠷᠰᠢᠶᠠᠯᠠᠯ᠂ ᠲᠠᠷᠢᠬᠤ ᠡᠷᠦᠬᠡ︶ ᠳᠤ ᠨᠡᠮᠡᠭᠦᠷᠢ ᠥᠭᠴᠦ᠂ 500 ᠮᠥ ᠪᠠᠷ ᠨᠢᠭᠡ ᠨᠢᠭᠡᠴᠢ ᠪᠣᠯᠭᠠᠨ᠂ ᠨᠢᠭᠡ ᠨᠢᠭᠡᠴᠢ ᠪᠦᠷᠢ ᠳᠤ ᠨᠢ ᠨᠢᠭᠡ ᠯᠠ ᠤᠳᠠᠭ᠎ᠠ ᠶᠢᠨ ᠴᠢᠨᠠᠷᠲᠠᠶ ᠪᠠᠷ 5 ᠲᠦᠮᠡᠨ ᠲᠥᠭᠦᠷᠢᠭ ᠤᠨ ᠨᠡᠮᠡᠭᠦᠷᠢ ᠥᠭᠬᠦ ᠬᠡᠷᠡᠭᠲᠡᠢ᠃ ︵ᠲᠦᠷᠦᠭᠦᠯᠡᠬᠦ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ︶
      ᠳᠣᠯᠤᠭ᠎ᠠ᠂ ᠰᠠᠭᠠᠯᠢ ᠶᠢᠨ ᠦᠨᠢᠶᠡᠨ ᠤ ᠭᠡᠮ ᠬᠢᠵᠢᠭ ᠢ ᠰᠡᠷᠭᠡᠶᠢᠯᠡᠨ ᠳᠠᠷᠤᠬᠤ ᠲᠤᠰᠬᠠᠶ ᠪᠡᠯᠡ ᠮᠥᠩᠭᠦ ᠪᠠᠶᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠰᠠᠭᠠᠯᠢ ᠶᠢᠨ ᠦᠨᠢᠶᠡᠨ ᠤ ᠭᠡᠮ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ 5000 ᠲᠦᠮᠡᠨ ᠲᠥᠭᠦᠷᠢᠭ ᠤᠨ ᠲᠤᠰᠬᠠᠶ ᠪᠡᠯᠡ ᠮᠥᠩᠭᠦ ᠭᠠᠷᠭᠠᠵᠤ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢᠨ ᠡᠬᠢ ᠪᠠᠶᠠᠯᠢᠭ ᠪᠠ ᠮᠡᠷᠭᠡᠵᠢᠯ ᠤᠨ ᠳᠠᠪᠠᠭᠤᠯᠢᠭ ᠲᠤ ᠲᠦᠰᠢᠭᠯᠡᠨ᠂ ᠭᠤᠤᠯᠳᠠᠭᠤ ᠰᠠᠭᠠᠯᠢ ᠶᠢᠨ ᠦᠨᠢᠶᠡᠨ ᠤ ᠪᠷᠦ᠋ᠼᠧᠯ ᠡᠪᠡᠳᠴᠢᠨ ᠵᠡᠷᠭᠡ ᠭᠡᠮ ᠬᠢᠵᠢᠭ ᠤᠨ ᠸᠠᠺᠼᠢᠨ ᠤ ᠰᠢᠨ᠎ᠡ ᠶᠢ ᠡᠭᠦᠳᠬᠦ ᠰᠤᠳᠤᠯᠤᠯ᠂ ᠪᠷᠦ᠋ᠼᠧᠯ ᠡᠪᠡᠳᠴᠢᠨ᠂ ᠰᠦᠷᠢᠶ᠎ᠡ ᠡᠪᠡᠳᠴᠢᠨ ᠵᠡᠷᠭᠡ ᠬᠥᠮᠦᠨ ᠪᠠ ᠮᠠᠯ ᠳᠤ ᠴᠥᠮ ᠲᠤᠰᠳᠠᠭ ᠭᠡᠮ ᠬᠢᠵᠢᠭ ᠢ ᠲᠦᠷᠭᠡᠨ ᠠᠵᠢᠭᠯᠠᠵᠤ ᠰᠢᠨᠵᠢᠬᠦ᠂ ᠣᠨᠣᠰᠢᠯᠠᠬᠤ᠂ ᠠᠷᠢᠭᠤᠳᠬᠠᠵᠤ ᠴᠡᠪᠡᠷᠰᠢᠭᠦᠯᠬᠦ ᠮᠡᠷᠭᠡᠵᠢᠯ ᠢ ᠰᠤᠳᠤᠯᠬᠤ ᠪᠠ ᠳᠡᠯᠭᠡᠷᠡᠭᠦᠯᠦᠨ ᠬᠡᠷᠡᠭᠯᠡᠬᠦ᠂ ᠰᠠᠭᠠᠯᠢ ᠶᠢᠨ ᠦᠨᠢᠶᠡᠨ ᠤ ᠳᠡᠯᠡᠩ ᠤᠨ ᠦᠷᠪᠢᠰᠦᠯ ᠵᠡᠷᠭᠡ ᠦᠷᠡᠵᠢᠯ ᠤᠨ ᠰᠢᠰᠲ᠋ᠧᠮ ᠤᠨ ᠭᠡᠮ ᠬᠢᠵᠢᠭ ᠢ ᠰᠡᠷᠭᠡᠶᠢᠯᠡᠨ ᠵᠠᠰᠠᠬᠤ ᠵᠢᠴᠢ ᠰᠢᠩᠭᠡᠭᠡᠨ ᠢᠯᠭᠠᠷᠠᠭᠤᠯᠵᠤ ᠰᠣᠯᠢᠯᠴᠠᠬᠤ ᠭᠡᠮ ᠬᠢᠵᠢᠭ ᠢ ᠰᠤᠳᠤᠯᠬᠤ ᠪᠠ ᠳᠡᠯᠭᠡᠷᠡᠭᠦᠯᠦᠨ ᠬᠡᠷᠡᠭᠯᠡᠬᠦ ᠵᠡᠷᠭᠡ ᠲᠤᠰᠬᠠᠶ ᠮᠡᠷᠭᠡᠵᠢᠯ ᠤᠨ ᠦᠢᠯᠡᠴᠢᠯᠡᠭᠡᠨ ᠳᠤ ᠬᠡᠷᠡᠭᠯᠡᠬᠦ ᠬᠡᠷᠡᠭᠲᠡᠢ᠃ ︵ᠲᠦᠷᠦᠭᠦᠯᠡᠬᠦ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶
      ᠨᠠᠢᠮᠠ᠂ ᠰᠦ ᠶᠢᠨ ᠦᠢᠯᠡᠰ ᠤᠨ ᠰᠢᠨ᠎ᠡ ᠶᠢ ᠡᠭᠦᠳᠬᠦ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠵᠢᠯ ᠪᠦᠷᠢ 1 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠲᠣᠬᠢᠷᠠᠭᠤᠯᠤᠨ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠭᠤᠣᠯᠳᠠᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠦᠲᠦᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ᠂ ᠭᠤᠣᠯᠳᠠᠯᠭ᠎ᠠ ᠪᠣᠯᠬᠤ ᠰᠡᠳᠦᠪ ᠤᠨ ᠪᠣᠭᠤᠮᠲᠠ ᠰᠢᠪᠲᠤᠯᠬᠤ ᠳᠤ ᠬᠡᠷᠡᠭᠯᠡᠬᠦ ᠬᠡᠷᠡᠭᠲᠡᠢ᠃ ᠴᠢᠬᠤᠯᠠ ᠶᠡᠭᠡ ᠰᠡᠳᠦᠪ ᠤᠨ ᠰᠤᠳᠤᠯᠤᠯ ᠳᠤ ︽ᠨᠢᠭᠡ ᠨᠢᠭᠡ ᠠᠵᠢᠯ ᠶᠠᠪᠤᠳᠠᠯ ᠢᠶᠠᠷ ᠵᠥᠪᠯᠡᠬᠦ︾ ᠶᠢ ᠬᠡᠷᠡᠭᠵᠢᠭᠦᠯᠬᠦ ᠬᠡᠷᠡᠭᠲᠡᠢ᠃ ︵ᠲᠦᠷᠦᠭᠦᠯᠡᠬᠦ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶
      ᠶᠢᠰᠦ᠂ ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠰᠠᠭᠤᠷᠢ ᠮᠥᠩᠭᠦ ᠶᠢ ᠲᠣᠬᠢᠷᠠᠭᠤᠯᠬᠤ ᠬᠡᠷᠡᠭᠲᠡᠢ᠃ ᠰᠠᠭᠤᠷᠢ ᠮᠥᠩᠭᠦᠨ ᠤ ᠪᠠᠯᠠ ᠣᠷᠤᠭᠤᠯᠤᠯᠲᠠ ᠶᠢᠨ ᠠᠷᠭ᠎ᠠ ᠬᠡᠯᠪᠡᠷᠢ ᠪᠠᠷ ᠳᠠᠮᠵᠢᠭᠤᠯᠵᠤ᠂ ᠨᠡᠶᠢᠭᠡᠮ ᠤᠨ ᠬᠥᠷᠥᠩᠭᠡ ᠶᠢ ᠰᠢᠩᠭᠡᠭᠡᠨ ᠠᠪᠴᠤ ᠪᠠᠶᠢᠭᠠᠳ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠣᠷᠣᠯᠴᠠᠭᠤᠯᠤᠨ᠂ ᠠᠵᠤ ᠦᠢᠯᠡᠰ ᠤᠨ ᠬᠡᠯᠬᠢᠶᠠᠨ ᠳᠤ ᠪᠠᠶᠢᠭ᠎ᠠ ᠰᠦ ᠶᠢᠨ ᠦᠢᠯᠡᠰ ᠤᠨ ᠬᠥᠲᠥᠴᠢ ᠠᠵᠤ ᠠᠬᠤᠶᠢᠯᠠᠯ ᠢ ᠭᠤᠤᠯᠳᠠᠯᠭ᠎ᠠ ᠲᠠᠢ ᠳᠡᠮᠵᠢᠵᠦ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠪᠠᠯᠠ ᠮᠥᠩᠭᠦ ᠳᠤᠲᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ︵ᠲᠦᠷᠦᠭᠦᠯᠡᠬᠦ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ︶
      ᠳᠡᠭᠡᠷ᠎ᠡ ᠳᠤᠷᠠᠳᠤᠭᠰᠠᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠴᠠᠭ ᠬᠤᠭᠤᠴᠠᠭ᠎ᠠ ᠪᠣᠯ 2022 - 2025 ᠣᠨ ᠪᠣᠯᠣᠨ᠎ᠠ᠂ ︽ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ᠂ ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠬᠤ︾ ᠠᠷᠭ᠎ᠠ ᠬᠡᠯᠪᠡᠷᠢ ᠪᠠᠷ ᠬᠡᠷᠡᠭᠵᠢᠭᠦᠯᠵᠦ᠂ ᠡᠯ᠎ᠡ ᠲᠦᠷᠦᠭᠦᠯᠡᠬᠦ ᠰᠠᠯᠠᠭ᠎ᠠ ᠮᠥᠴᠢᠷ ᠨᠢ ᠪᠠᠯᠠ ᠮᠥᠩᠭᠦᠨ ᠤ ᠬᠠᠮᠢᠶᠠᠷᠤᠯᠲᠠ ᠪᠠ ᠰᠢᠯᠭᠠᠨ ᠬᠤᠷᠢᠶᠠᠬᠤ ᠰᠢᠯᠭᠠᠨ ᠬᠢᠨᠠᠬᠤ ᠠᠷᠭ᠎ᠠ ᠪᠠᠨ ᠲᠣᠭᠲᠠᠭᠠᠨ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠣᠨᠣᠴᠠᠲᠠᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ 2019 ᠣᠨ ᠳᠤ ᠨᠡᠶᠢᠲᠡᠯᠡᠭᠰᠡᠨ ᠥᠪᠡᠷᠲᠡᠭᠡᠨ ᠵᠠᠰᠠᠬᠤ ᠣᠷᠣᠨ ᠤ

︽ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾ ᠢ ᠦᠷᠭᠦᠯᠵᠢᠯᠡᠨ ᠬᠡᠷᠡᠭᠵᠢᠭᠦᠯᠦᠨ᠎ᠡ᠃
                                                                    2022 ᠣᠨ ᠤ 3 ᠳ᠋ᠤᠭᠠᠷ ᠰᠠᠷ᠎ᠠ ᠶᠢᠨ 2 ᠤᠨ ᠡᠳᠦᠷ
                                                                          ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
    — — — — — — — — — — — — — — — — — — — — — — — — — —
    ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠃
    ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ ᠲᠥᠷᠥ ᠶᠢᠨ ᠵᠦᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠦᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃
    ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃
    — — — — — — — — — — — — — — — — — — — — — — — — — —
                      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ
                            2022 ᠣᠨ ᠤ 3 ᠳ᠋ᠤᠭᠠᠷ ᠰᠠᠷ᠎ᠠ ᠶᠢᠨ 3 ᠤ ᠡᠳᠦᠷ ᠳᠠᠷᠤᠮᠠᠯᠯᠠᠨ ᠲᠠᠷᠬᠠᠭᠠᠪᠠ

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ