|
ᠦᠰᠦᠭ ᠪᠢᠴᠢᠭ ᠤᠨ ᠲᠠᠶᠢᠯᠤᠮᠵᠢ᠄ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ | ᠦᠢᠯᠡᠴᠢᠯᠡᠬᠦ ᠴᠠᠭ ᠢᠶᠠᠨ ᠤᠷᠲᠤᠳᠬᠠᠬᠤ ᠠᠵᠢᠯ ᠤᠨ ᠲᠥᠰᠦᠯ ︵ᠲᠤᠷᠰᠢᠨ ᠬᠡᠷᠡᠭᠵᠢᠭᠦᠯᠬᠦ︶﹀ ᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠮᠡᠳᠡᠭᠳᠡᠯ︾ ᠤᠨ ᠲᠠᠶᠢᠯᠤᠮᠵᠢ |
|
|
ᠨᠡᠶᠢᠲᠡᠯᠡᠭᠰᠡᠨ ᠴᠠᠭ᠄
2022/8/10
|
|
2022 ᠣᠨ ᠤ 6 ᠳ᠋ᠤᠭᠠᠷ ᠰᠠᠷ᠎ᠠ ᠶᠢᠨ 24 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠦᠢᠯᠡᠴᠢᠯᠡᠬᠦ ᠴᠠᠭ ᠢᠶᠠᠨ ᠤᠷᠲᠤᠳᠬᠠᠬᠤ ᠠᠵᠢᠯ ᠤᠨ ᠲᠥᠰᠦᠯ ︵ᠲᠤᠷᠰᠢᠨ ᠬᠡᠷᠡᠭᠵᠢᠭᠦᠯᠬᠦ︶︾ ︵ᠥᠪᠥᠷ ᠵᠠᠰᠠᠭ ᠦᠢᠯᠡᠴᠢᠯᠡᠭᠡᠨ ᠲᠠᠷᠬᠠᠭᠠᠭᠰᠠᠨ ﹇2022﹈ 60 ᠳ᠋ᠤᠭᠠᠷ ᠲᠣᠭᠠᠲᠤ᠂ ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠠᠢ᠂ ᠨᠡᠶᠢᠭᠡᠮ ᠨᠡᠶᠢᠲᠡ ᠳᠤ ︽ᠲᠥᠰᠦᠯ︾ ᠤᠨ ᠬᠠᠮᠢᠶ᠎ᠠ ᠪᠥᠬᠦᠶ ᠠᠭᠤᠯᠭ᠎ᠠ ᠶᠢ ᠥᠷᠭᠡᠨ ᠢᠶᠠᠷ ᠵᠥᠪ ᠣᠶᠢᠯᠠᠭᠠᠭᠤᠯᠬᠤ ᠶᠢᠨ ᠲᠤᠰᠠᠳᠠ᠂ ᠡᠳᠦᠭᠡ ᠳᠣᠤᠷᠠᠬᠢ ᠮᠡᠲᠦ ᠲᠠᠶᠢᠯᠤᠮᠵᠢ ᠬᠢᠪᠠ᠃ ᠨᠢᠭᠡ᠂ ᠦᠢᠯᠡᠴᠢᠯᠡᠬᠦ ᠴᠠᠭ ᠢᠶᠠᠨ ᠤᠷᠲᠤᠳᠬᠠᠬᠤ ᠭᠡᠵᠦ ᠶᠠᠭᠤ ᠪᠤᠢ︖ ᠦᠢᠯᠡᠴᠢᠯᠡᠬᠦ ᠴᠠᠭ ᠢᠶᠠᠨ ᠤᠷᠲᠤᠳᠬᠠᠬᠤ ᠭᠡᠳᠡᠭ ᠨᠢ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠳ ᠵᠠᠰᠠᠭ ᠤᠨ ᠶᠠᠪᠤᠳᠠᠯ ᠤᠨ ᠦᠢᠯᠡᠴᠢᠯᠡᠭᠡ ᠬᠡᠷᠡᠭᠰᠡᠬᠦ ᠬᠦᠮᠦᠰ ᠤᠨ ᠱᠠᠭᠠᠷᠳᠠᠯᠭ᠎ᠠ ᠪᠠᠷ ᠠᠵᠢᠯᠯᠠᠬᠤ ᠴᠠᠭ ᠢᠶᠠᠨ ᠤᠷᠲᠤᠳᠬᠠᠬᠤ ᠶᠢ ᠵᠢᠭᠠᠵᠤ ᠪᠣᠶ᠃ ᠬᠤᠶᠠᠷ᠂ ᠶᠠᠭᠤᠨ ᠳᠤ ︽ᠲᠥᠰᠦᠯ︾ ᠢ ᠲᠣᠭᠲᠠᠭᠠᠨ ᠨᠡᠶᠢᠲᠡᠯᠡᠭᠰᠡᠨ ᠪᠤᠢ︖ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠵᠢᠷᠤᠮᠵᠢᠭᠤᠯᠤᠯᠲᠠ ᠳᠥᠭᠦᠮᠴᠢᠯᠡᠯᠲᠡ ᠶᠢ ᠲᠦᠷᠭᠡᠳᠬᠡᠨ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠢᠯᠣᠭᠤᠳᠬᠤ ᠰᠠᠨᠠᠯ︾ ︵ᠲᠥᠷᠥ ᠲᠠᠷᠬᠠᠭᠠᠭᠰᠠᠨ ﹇2022﹈ 5 ᠳ᠋ᠤᠭᠠᠷ ᠲᠣᠭᠠᠲᠤ︶ ᠪᠠ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 28 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠲᠥᠰᠦᠯ︾ ᠢ ᠰᠤᠳᠤᠯᠤᠨ ᠲᠣᠭᠲᠠᠭᠠᠭᠠᠳ᠂ ︽ ᠠᠵᠢᠯ ᠤᠨ ᠴᠠᠭ ᠲᠤ ᠬᠦᠢᠴᠡᠳᠬᠡᠬᠦ ᠵᠠᠪ ᠥᠬᠡᠶ︾ ︽ᠠᠮᠠᠷᠠᠯᠲᠠ ᠶᠢᠨ ᠴᠠᠭ ᠲᠤ ᠭᠦᠢᠴᠡᠳᠬᠡᠬᠦ ᠭᠠᠵᠠᠷ ᠥᠬᠡᠶ︾
︽ᠭᠦᠢᠴᠡᠳᠬᠡᠵᠦ ᠳᠠᠭᠤᠰᠤᠭ᠎ᠠ ᠥᠬᠡᠶ ᠠᠴᠠ ᠲᠠᠬᠢᠨᠳᠠ ᠬᠦᠶᠦᠬᠦ︾ ᠵᠡᠷᠭᠡ ᠬᠦᠴᠢᠷ ᠠᠰᠠᠭᠤᠳᠠᠯ ᠤᠳ ᠢ ᠦᠨᠡᠨ ᠬᠦ ᠰᠢᠢᠳᠪᠦᠷᠢᠯᠡᠵᠦ᠂ ᠪᠥᠬᠦ ᠣᠷᠣᠨ ᠤ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠳ ︽ᠡᠷᠲᠡ ᠣᠷᠣᠶ ᠶᠢᠨ ᠴᠠᠭ ᠢᠶᠠᠨ ᠤᠶᠠᠨ ᠬᠠᠲᠠᠨ ᠢᠶᠠᠷ ᠲᠣᠬᠢᠷᠠᠭᠤᠯᠤᠨ ᠠᠵᠢᠯᠯᠠᠬᠤ︾ ︽ᠦᠳᠡ ᠳᠤ ᠲᠠᠰᠤᠯᠳᠠᠭᠤᠯᠬᠤ ᠥᠬᠡᠶ︾ ︽ᠭᠠᠷᠠᠭ ᠤᠨ ᠰᠡᠭᠦᠯᠴᠢ ᠳᠤ ᠠᠮᠠᠷᠠᠬᠤ ᠥᠬᠡᠶ︾ ᠵᠡᠷᠭᠡ ᠬᠠᠮᠢᠶ᠎ᠠ ᠪᠥᠬᠦᠶ ᠦᠢᠯᠡᠴᠢᠯᠡᠬᠦ ᠴᠠᠭ ᠢᠶᠠᠨ ᠤᠷᠲᠤᠳᠬᠠᠭᠰᠠᠨ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠨ᠂ ᠠᠵᠤ ᠠᠬᠤᠶᠢᠯᠠᠯ ᠪᠠ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠦᠨ᠎ᠡ᠃ ᠭᠤᠷᠪᠠ᠂ ᠬᠠᠮᠢᠭ᠎ᠠ ᠬᠠᠮᠢᠭ᠎ᠠ ᠦᠢᠯᠡᠴᠢᠯᠡᠬᠦ ᠴᠠᠭ ᠢᠶᠠᠨ ᠤᠷᠲᠤᠳᠬᠠᠬᠤ ᠪᠤᠢ︖ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠬᠤᠪᠢᠶᠠᠷᠢ ᠲᠥᠪ ᠨᠢ ᠠᠵᠤ ᠠᠬᠤᠶᠢᠯᠠᠯ ᠪᠠ ᠣᠯᠠᠨ ᠲᠦᠮᠡᠨ ᠳᠤ ᠦᠢᠯᠡᠴᠢᠯᠡᠬᠦ ᠴᠠᠭ ᠢᠶᠠᠨ ᠤᠷᠲᠤᠳᠬᠠᠨ᠎ᠠ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠶᠢᠨ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠵᠢᠴᠢ ᠠᠵᠤ ᠠᠬᠤᠶᠢᠯᠠᠯ ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠦᠢᠯᠡᠴᠢᠯᠡᠬᠦ ᠴᠠᠭ ᠢᠶᠠᠨ ᠤᠷᠲᠤᠳᠬᠠᠬᠤ ᠶᠢ ᠵᠣᠷᠢᠭᠵᠢᠭᠤᠯᠤᠨ᠎ᠠ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠬᠤᠪᠢᠶᠠᠷᠢ ᠲᠥᠪ ᠨᠢ 2022 ᠣᠨ ᠤ 7 ᠳ᠋ᠤᠭᠠᠷ ᠰᠠᠷ᠎ᠠ ᠶᠢᠨ 16 ᠤ ᠡᠳᠦᠷ ᠠᠴᠠ ᠡᠬᠢᠯᠡᠨ᠂ ᠦᠢᠯᠡᠴᠢᠯᠡᠬᠦ ᠴᠠᠭ ᠢᠶᠠᠨ ᠤᠷᠲᠤᠳᠬᠠᠨ᠎ᠠ᠃ ᠨᠢᠭᠡ ᠳᠤ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠬᠤᠪᠢᠶᠠᠷᠢ ᠲᠥᠪ ᠤᠨ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠴᠣᠩᠬᠤᠪᠴᠢ ᠨᠢ ᠭᠠᠷᠠᠭ ᠤᠨ ᠵᠢᠷᠭᠤᠭᠠᠨ᠂ ᠭᠠᠷᠠᠭ ᠤᠨ ᠡᠳᠦᠷ ᠪᠦᠷᠢ ᠶᠢᠨ 9᠄ 00 — 12᠄ 00 ᠴᠠᠭ ᠪᠣᠯᠲᠠᠯ᠎ᠠ ᠭᠥᠯᠢᠶᠡᠨ ᠠᠪᠴᠤ ᠰᠢᠢᠳᠪᠦᠷᠢᠯᠡᠵᠦ ᠪᠣᠯᠬᠤ ᠵᠦᠢᠯᠡᠰ ᠢ ᠦᠢᠯᠡᠴᠢᠯᠡᠬᠦ ᠴᠠᠭ ᠢᠶᠠᠨ ᠤᠷᠲᠤᠳᠬᠠᠨ ᠭᠦᠢᠴᠡᠳᠬᠡᠨ᠎ᠡ ︵ᠡᠯ᠎ᠡ ᠭᠠᠵᠠᠷ ᠣᠷᠣᠨ ᠨᠤᠭᠤᠳ ᠪᠣᠳᠠᠲᠠᠶ ᠪᠠᠶᠢᠳᠠᠯ ᠢᠶᠠᠨ ᠦᠨᠳᠦᠰᠦᠯᠡᠨ ᠦᠢᠯᠡᠴᠢᠯᠡᠭᠡᠨ ᠤ ᠴᠠᠭ ᠢᠶᠠᠨ ᠤᠷᠲᠤᠳᠬᠠᠨ᠎ᠠ︶᠃ ᠬᠤᠶᠠᠷ ᠲᠤ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠬᠤᠪᠢᠶᠠᠷᠢ ᠲᠥᠪ ᠨᠢ ᠬᠠᠤᠯᠢ ᠪᠠᠷ ᠲᠣᠭᠲᠠᠭᠠᠭᠰᠠᠨ ᠠᠵᠢᠯᠯᠠᠬᠤ ᠡᠳᠦᠷ ᠲᠤ᠂ ᠦᠢᠯᠡᠴᠢᠯᠡᠭᠦᠯᠬᠦ ᠬᠦᠮᠦᠰ ᠰᠢᠢᠳᠪᠦᠷᠢᠯᠡᠵᠦ ᠳᠠᠭᠤᠰᠤᠭᠠᠳᠤᠶ ᠵᠦᠢᠯᠡᠰ ᠢ ᠶᠠᠭ ᠭᠦᠢᠴᠡᠳᠬᠡᠵᠦ ᠪᠠᠶᠢᠭ᠎ᠠ ᠦᠶ᠎ᠡ ᠳᠤ᠂ ᠦᠢᠯᠡᠴᠢᠯᠡᠭᠡᠨ ᠤ ᠠᠵᠢᠯᠲᠠᠨ ᠰᠠᠨᠠᠭᠠᠴᠢᠯᠠᠭ᠎ᠠ ᠠᠴᠠ ᠪᠠᠨ ᠴᠠᠭ ᠢᠶᠠᠨ ᠤᠷᠲᠤᠳᠬᠠᠨ ᠭᠦᠢᠴᠡᠳᠬᠡᠵᠦ ᠳᠠᠭᠤᠰᠲᠠᠯ᠎ᠠ ᠦᠢᠯᠡᠴᠢᠯᠡᠨ᠎ᠡ᠃ ᠭᠤᠷᠪᠠ ᠳᠤ᠂ ᠦᠨᠡᠬᠡᠷ ᠣᠬᠤᠷ ᠬᠤᠭᠤᠴᠠᠭᠠᠨ ᠤ ᠳᠣᠲᠣᠷ᠎ᠠ ᠲᠥᠪᠯᠡᠷᠡᠭᠦᠯᠦᠨ ᠰᠢᠢᠳᠪᠦᠷᠢᠯᠡᠬᠦ ᠴᠢᠬᠤᠯᠠᠲᠠᠶ ᠵᠠᠰᠠᠭ ᠤᠨ ᠶᠠᠪᠤᠳᠠᠯ ᠤᠨ ᠦᠢᠯᠡᠴᠢᠯᠡᠬᠦ ᠵᠦᠢᠯᠡᠰ ᠲᠤ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠪᠠᠶᠢᠳᠠᠯ ᠢ ᠦᠨᠳᠦᠰᠦᠯᠡᠨ ᠬᠠᠤᠯᠢ ᠪᠠᠷ ᠲᠣᠭᠲᠠᠭᠠᠭᠰᠠᠨ ᠠᠵᠢᠯᠯᠠᠬᠤ ᠡᠳᠦᠷ ᠤᠨ ᠣᠷᠣᠢ ᠶᠢᠨ ᠴᠠᠭ ᠪᠠ ᠪᠠᠶᠠᠷ ᠳᠤᠷᠠᠰᠬᠠᠯ ᠤᠨ ᠡᠳᠦᠷ ᠤᠨ ᠠᠮᠠᠷᠠᠯᠲᠠ ᠶᠢᠨ ᠬᠤᠭᠤᠴᠠᠭᠠᠨ ᠳᠤ ᠦᠢᠯᠡᠴᠢᠯᠡᠨ᠎ᠡ᠃ ᠳᠥᠷᠪᠡ ᠳᠤ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠬᠤᠪᠢᠶᠠᠷᠢ ᠲᠥᠪ ᠨᠢ 24 ᠴᠠᠭ ᠤᠨ ᠠᠦ᠋ᠲ᠋ᠣ᠋ ᠦᠢᠯᠡᠴᠢᠯᠡᠭᠡ ᠬᠠᠩᠭᠠᠵᠤ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠳ ᠲᠤ ᠪᠣᠯᠵᠣᠬᠤ ᠦᠢᠯᠡᠴᠢᠯᠡᠭᠡ ᠬᠠᠩᠭᠠᠵᠤ᠂ ᠰᠦᠯᠵᠢᠶᠡᠨ ᠳᠡᠭᠡᠷ᠎ᠡ ᠭᠦᠢᠴᠡᠳᠬᠡᠬᠦ ᠵᠦᠢᠯᠡᠰ ᠲᠤ ᠴᠠᠭ ᠢᠶᠠᠨ ᠤᠷᠲᠤᠳᠬᠠᠨ ᠦᠢᠯᠡᠴᠢᠯᠡᠨ᠎ᠡ᠃ ᠳᠥᠷᠪᠡ᠂ ᠶᠠᠮᠠᠷ ᠶᠠᠮᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ᠦᠢᠯᠡᠴᠢᠯᠡᠬᠦ ᠴᠠᠭ ᠢ ᠤᠷᠲᠤᠳᠬᠠᠵᠤ ᠪᠣᠯᠬᠤ ᠪᠣᠶ︖ ᠭᠤᠤᠯᠳᠠᠭᠤ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠠᠷᠠᠳ ᠤᠨ ᠶᠠᠪᠤᠳᠠᠯ᠂ ᠡᠮ ᠡᠮᠨᠡᠯᠭᠡ ᠶᠢᠨ ᠳᠠᠭᠠᠳᠬᠠᠯ᠂ ᠨᠡᠶᠢᠭᠡᠮ ᠤᠨ ᠳᠠᠭᠠᠳᠬᠠᠯ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ ᠥᠯᠥ ᠬᠥᠳᠡᠯᠬᠦ ᠬᠥᠷᠥᠩᠭᠡ᠂ ᠳᠣᠲᠣᠭᠠᠳᠤ ᠶᠢ ᠬᠠᠮᠠᠭᠠᠯᠠᠬᠤ ᠵᠡᠷᠭᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠠᠭᠲᠠᠭᠠᠨ᠎ᠠ᠃ ᠲᠠᠪᠤ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠦᠢᠯᠡᠴᠢᠯᠡᠬᠦ ᠴᠠᠭ ᠢᠶᠠᠨ ᠤᠷᠲᠤᠳᠬᠠᠬᠤ ᠠᠵᠢᠯ ᠢ ᠬᠡᠷᠬᠢᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠤᠢ︖ ᠨᠢᠭᠡ ᠳᠤ᠂ ᠠᠵᠢᠯ ᠤᠨ ᠠᠭᠤᠯᠭ᠎ᠠ ᠶᠢ ᠲᠣᠳᠣᠷᠬᠠᠶᠢᠯᠠᠪᠠ᠃ ᠡᠯ᠎ᠡ ᠭᠠᠵᠠᠷ ᠣᠷᠣᠨ ᠨᠤᠭᠤᠳ ︽ᠲᠥᠰᠦᠯ︾ ᠢ ᠦᠨᠳᠦᠰᠦᠯᠡᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠰ ᠭᠠᠵᠠᠷ ᠣᠷᠣᠨ ᠤ ᠪᠠᠨ ᠦᠢᠯᠡᠴᠢᠯᠡᠬᠦ ᠴᠠᠭ ᠢᠶᠠᠨ ᠤᠷᠲᠤᠳᠬᠠᠬᠤ ᠶᠢ ᠬᠡᠷᠡᠭᠵᠢᠭᠦᠯᠬᠦ ᠲᠥᠰᠦᠯ ᠲᠣᠭᠲᠠᠭᠠᠨ᠎ᠠ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠬᠤᠪᠢᠶᠠᠷᠢ ᠲᠥᠪ ᠨᠢ ᠪᠣᠳᠠᠲᠠᠶ ᠪᠠᠨ ᠦᠨᠳᠦᠰᠦᠯᠡᠨ᠂ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠦᠢᠯᠡᠴᠢᠯᠡᠬᠦ ᠴᠠᠭ ᠢ ᠤᠷᠲᠤᠳᠬᠠᠭᠰᠠᠨ ᠴᠣᠩᠬᠤᠪᠴᠢ ᠶᠢ ᠵᠦᠶ ᠵᠣᠬᠢᠰᠲᠠᠶ ᠪᠠᠷ ᠨᠡᠭᠡᠭᠡᠬᠦ ᠶᠢ ᠲᠣᠳᠤᠷᠬᠠᠶᠢᠯᠠᠨ᠎ᠠ᠃ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠪᠠ ︽ᠮᠥᠩᠬᠡ ᠰᠤᠪᠠᠭ︾ ᠤᠨ ᠰᠢᠯᠵᠢᠮᠡᠯ ᠦᠵᠦᠭᠦᠷ ᠲᠤ ᠰᠦᠯᠵᠢᠶᠡᠨ ᠳᠡᠭᠡᠷ᠎ᠡ ︽ᠦᠢᠯᠡᠴᠢᠯᠡᠬᠦ ᠴᠠᠭ ᠢᠶᠠᠨ ᠤᠷᠲᠤᠳᠬᠠᠬᠤ︾ ᠲᠤᠰᠬᠠᠶ ᠪᠣᠯᠤᠩ ᠭᠠᠷᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠳᠤ ᠬᠠᠨᠳᠤᠭᠤᠯᠤᠭᠰᠠᠨ ᠦᠢᠯᠡᠴᠢᠯᠡᠬᠦ ᠴᠠᠭ ᠢᠶᠠᠨ ᠤᠷᠲᠤᠳᠬᠠᠬᠤ ᠵᠦᠢᠯᠡᠰ ᠤᠨ ᠨᠠᠷᠢᠨ ᠬᠠᠭᠤᠳᠠᠰᠤ᠂ ᠦᠢᠯᠡᠴᠢᠯᠡᠭᠡ ᠪᠣᠯᠵᠤᠬᠤ ᠤᠲᠠᠰᠤ᠂ ᠠᠰᠠᠭᠤᠨ ᠯᠠᠪᠯᠠᠬᠤ ᠤᠲᠠᠰᠤ ᠶᠢᠨ ᠨᠢᠭᠡᠳᠦᠯᠲᠡᠶ ᠪᠠᠶᠢᠴᠠᠭᠠᠨ ᠯᠠᠪᠯᠠᠬᠤ ᠵᠡᠷᠭᠡ ᠦᠢᠯᠡᠴᠢᠯᠡᠭᠡ ᠬᠠᠩᠭᠠᠬᠤ ᠪᠠᠨ ᠲᠣᠳᠤᠷᠬᠠᠶᠢᠯᠠᠨ᠎ᠠ᠃ ᠬᠤᠶᠠᠷ ᠲᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠶ ᠪᠣᠯᠭᠠᠵᠠᠢ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠬᠤᠪᠢᠶᠠᠷᠢ ᠲᠥᠪ ᠨᠢ ᠲᠣᠰ ᠱᠠᠲᠤᠨ ᠤ ᠦᠢᠯᠡᠴᠢᠯᠡᠭᠡᠨ ᠤ ᠲᠥᠪ ᠲᠤ ᠣᠷᠣᠵᠤ ᠰᠠᠭᠤᠬᠤ ᠰᠠᠯᠠᠭ᠎ᠠ ᠮᠥᠴᠢᠷ ᠤᠳ ᠢ ᠵᠣᠬᠢᠴᠠᠭᠤᠯᠵᠤ ᠪᠠᠶᠢᠭᠠᠳ ᠦᠢᠯᠡᠴᠢᠯᠡᠬᠦ ᠴᠠᠭ ᠢᠶᠠᠨ ᠤᠷᠲᠤᠳᠬᠠᠬᠤ ᠦᠢᠯᠡᠴᠢᠯᠡᠭᠡᠨ ᠤ ᠠᠵᠢᠯ ᠤᠨ ᠪᠠᠶᠢᠷᠢ ᠶᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠵᠤ᠂ ᠦᠢᠯᠡᠴᠢᠯᠡᠭᠡᠨ ᠤ ᠡᠭᠡᠯᠵᠢ ᠶᠢ ᠵᠦᠶ ᠵᠣᠬᠢᠰᠲᠠᠶ ᠳᠣᠭᠢᠷᠠᠭᠤᠯᠤᠨ᠂ ᠠᠵᠢᠯ ᠳᠤ ᠪᠠᠨ ᠢᠷᠡᠬᠦ ᠶᠢ ᠲᠡᠮᠳᠡᠭᠯᠡᠬᠦ ᠲᠦᠷᠢᠮ ᠢ ᠴᠢᠩᠭᠠᠷᠠᠭᠤᠯᠵᠤ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠦᠢᠯᠡᠴᠢᠯᠡᠭᠡᠨ ᠤ ᠵᠢᠵᠢᠭᠦᠷᠴᠢᠳ ᠤᠨ ᠡᠭᠡᠯᠵᠢᠯᠡᠨ ᠠᠮᠠᠷᠠᠬᠤ ᠨᠥᠬᠦᠵᠦ ᠠᠮᠠᠷᠠᠬᠤ ᠵᠡᠷᠭᠡ ᠪᠠᠲᠤᠯᠠᠭ᠎ᠠ ᠶᠢᠨ ᠠᠷᠭ᠎ᠠ ᠬᠡᠮᠵᠢᠶ᠎ᠡ ᠨᠦᠭᠦᠳ ᠢ ᠨᠠᠶᠢᠳᠠᠪᠤᠷᠢᠵᠢᠭᠤᠯᠤᠨ᠂ ᠠᠵᠢᠯᠲᠠᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠴᠠᠭ ᠢᠶᠠᠨ ᠤᠷᠲᠤᠳᠬᠠᠨ ᠦᠢᠯᠡᠴᠢᠯᠡᠬᠦ ᠳᠤ ᠣᠷᠣᠯᠴᠠᠬᠤ ᠠᠵᠢᠯᠲᠠᠨ ᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠳᠠᠶᠢᠴᠢᠯᠠᠨ᠎ᠠ᠃ ᠵᠢᠯᠣᠭᠤᠳᠬᠤ ᠪᠠ ᠬᠢᠨᠠᠯᠲᠠ ᠲᠠᠯᠪᠢᠨ ᠬᠢᠨᠠᠨ ᠰᠢᠯᠭᠠᠬᠤ ᠶᠢ ᠴᠢᠩᠭᠠᠳᠬᠠᠵᠤ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠳᠤ ᠲᠦᠰᠢᠭᠯᠡᠨ ᠦᠢᠯᠡᠴᠢᠯᠡᠬᠦ ᠴᠠᠭ ᠢᠶᠠᠨ ᠤᠷᠲᠤᠳᠬᠠᠬᠤ ᠠᠵᠢᠯ ᠢ ᠳᠡᠯᠭᠡᠷᠡᠭᠦᠯᠬᠦ ᠳᠤᠮᠳᠠ ᠣᠷᠣᠰᠢᠵᠤ ᠪᠠᠶᠢᠭ᠎ᠠ ᠠᠰᠠᠭᠤᠳᠠᠯ ᠤᠳ ᠢ ᠴᠤᠭᠯᠠᠭᠤᠯᠤᠨ᠂ ᠰᠠᠨᠠᠭᠠᠴᠢᠯᠠᠭ᠎ᠠ ᠠᠴᠠ ᠪᠠᠨ ᠨᠡᠶᠢᠭᠡᠮ ᠨᠡᠶᠢᠲᠡ ᠶᠢᠨ ᠬᠢᠨᠠᠯᠲᠠ ᠶᠢ ᠬᠦᠯᠢᠶᠡᠨ᠎ᠡ᠃ ᠦᠢᠯᠡᠴᠢᠯᠡᠬᠦ ᠴᠠᠭ ᠢᠶᠠᠨ ᠤᠷᠲᠤᠳᠬᠠᠬᠤ ᠠᠵᠢᠯ ᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠣᠨ ᠤ ᠰᠢᠯᠭᠠᠯᠲᠠ ᠳᠤ ᠣᠷᠣᠭᠤᠯᠵᠤ᠂ ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠠᠳᠬᠤᠨ᠎ᠠ᠃ ᠭᠤᠷᠪᠠ ᠳᠤ᠂ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ ᠰᠣᠨᠢᠨ ᠰᠡᠳᠬᠦᠯ᠂ ᠷᠠᠳᠢᠣ᠋ ᠲᠧᠯᠸᠢᠰ᠂ ᠢᠨᠲ᠋ᠧᠷ ᠰᠦᠯᠵᠢᠶ᠎ᠡ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ ᠬᠠᠮᠢᠶ᠎ᠠ ᠪᠥᠬᠦᠶ ᠮᠡᠳᠡᠭᠡ ᠵᠠᠩᠭᠢ ᠪᠠ ᠰᠣᠨᠢᠨ ᠮᠡᠳᠡᠭᠡ ᠮᠡᠳᠡᠭᠡᠯᠡᠯ ᠢ ᠴᠠᠭ ᠲᠤᠬᠠᠶ ᠳᠤ ᠨᠢ ᠣᠨᠣᠪᠴᠢᠲᠠᠶ ᠨᠡᠶᠢᠲᠡᠯᠡᠵᠦ᠂ ᠲᠥᠷᠥ ᠶᠢᠨ ᠪᠣᠳᠣᠯᠭ᠎ᠠ ᠶᠢ ᠠᠷᠠᠳ ᠲᠦᠮᠡᠨ ᠳᠤ ᠣᠶᠢᠯᠠᠭᠠᠭᠤᠯᠬᠤ ᠬᠡᠮᠵᠢᠶ᠎ᠡ ᠶᠢ ᠳᠡᠭᠡᠭᠰᠢᠯᠡᠭᠦᠯᠦᠨ᠂ ᠠᠵᠤ ᠠᠬᠤᠶᠢᠯᠠᠯ ᠪᠠ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠦᠨ᠎ᠡ᠃ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|