|
ᠮᠠᠨ ᠤ ᠣᠷᠤᠨ ᠤ 9 ᠳ᠋ᠦ᠋ᠭᠡᠷ ᠰᠠᠷ᠎ᠠ ᠶᠢᠨ 12 ᠤᠨ ᠡᠳᠦᠷ ᠤᠨ 24 ᠴᠠᠭ ᠪᠣᠯᠲᠠᠯᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ |
|
|
ᠨᠡᠶᠢᠲᠡᠯᠡᠭᠰᠡᠨ ᠴᠠᠭ᠄
2022/9/13
|
|
9 ᠳ᠋ᠦ᠋ᠭᠡᠷ ᠰᠠᠷ᠎ᠠ ᠶᠢᠨ 12 ᠤᠨ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 8 ᠨᠡᠮᠡᠭᠳᠡᠪᠡ᠂ ᠡᠭᠦᠨ ᠳᠤ ᠤᠯᠠᠭᠠᠨᠬᠠᠳᠠ ᠬᠤᠲᠠ ᠳᠤ 6 ︵1 ᠵᠢᠱᠢᠶ᠎ᠡ ᠨᠢ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠣᠯᠠᠭᠰᠠᠨ ᠡᠪᠡᠳᠴᠢᠨ ᠤ ᠵᠢᠱᠢᠶ᠎ᠡ ᠪᠣᠯᠵᠠᠢ᠂ ᠰᠦᠩᠱᠠᠨ ᠲᠣᠭᠤᠷᠢᠭ ᠲᠤ 3᠂ ᠣᠩᠨᠢᠭᠤᠳ ᠬᠤᠰᠢᠭᠤᠨ ᠳᠤ 3᠂ ᠴᠦᠮ ᠲᠤᠰᠠᠭᠠᠷᠯᠠᠬᠤ ᠴᠡᠭ ᠠᠴᠠ ᠪᠠᠶᠢᠴᠠᠭᠠᠨ ᠢᠯᠡᠷᠡᠭᠦᠯᠵᠡᠢ︶᠂ ᠰᠢᠯᠢ ᠶᠢᠨ ᠭᠤᠣᠯ ᠠᠶᠢᠮᠠᠭ ᠲᠤ 2 ︵ᠴᠦᠮ ᠰᠢᠯᠢ ᠶᠢᠨ ᠬᠤᠲᠠ ᠳᠤ ᠪᠤᠢ᠂ ᠲᠤᠰᠠᠭᠠᠷᠯᠠᠬᠤ ᠴᠡᠭ ᠠᠴᠠ ᠪᠠᠶᠢᠴᠠᠭᠠᠨ ᠢᠯᠡᠷᠡᠭᠦᠯᠵᠡᠢ︶ ᠪᠤᠢ︔ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 19 ᠨᠡᠮᠡᠭᠳᠡᠵᠦ᠂ ᠡᠭᠦᠨ ᠳᠤ ᠤᠯᠠᠭᠠᠨᠬᠠᠳᠠ ᠬᠤᠲᠠ ᠳᠤ 6 ︵ᠰᠦᠩᠱᠠᠨ ᠲᠣᠭᠤᠷᠢᠭ ᠲᠤ 1᠂ ᠣᠩᠨᠢᠭᠤᠳ ᠬᠤᠰᠢᠭᠤᠨ ᠳᠤ 5᠂ ᠴᠥᠮ ᠲᠤᠰᠠᠭᠠᠷᠯᠠᠬᠤ ᠴᠡᠭ ᠠᠴᠠ ᠪᠠᠶᠢᠴᠠᠭᠠᠨ ᠢᠯᠡᠷᠡᠭᠦᠯᠵᠡᠢ︶᠂ ᠪᠠᠶᠠᠨᠨᠠᠭᠤᠷ ᠬᠤᠲᠠ ᠳᠤ 1 ︵ᠭᠡᠷ ᠲᠤ ᠪᠠᠨ ᠲᠤᠰᠠᠭᠠᠷᠯᠠᠵᠤ ᠪᠠᠶᠢᠭ᠎ᠠ ᠬᠦᠮᠦᠰ ᠤᠨ ᠪᠠᠶᠢᠴᠠᠭᠠᠯᠲᠠ ᠠᠴᠠ ᠢᠯᠡᠷᠡᠭᠦᠯᠪᠡ︶᠂ ᠠᠯᠠᠱᠠ ᠠᠶᠢᠮᠠᠭ ᠲᠤ 12 ︵ᠴᠥᠮ ᠴᠡᠭᠡ ᠪᠣᠭᠤᠮᠲᠠ ᠳᠤ ᠪᠤᠢ᠂ ᠡᠭᠦᠨ ᠳᠤ 6 ᠵᠢᠱᠢᠶ᠎ᠡ ᠶᠢ ᠲᠤᠰᠠᠭᠠᠷᠯᠠᠬᠤ ᠴᠡᠭ ᠠᠴᠠ ᠪᠠᠶᠢᠴᠠᠭᠠᠨ ᠭᠠᠷᠭᠠᠵᠤ᠂ 5 ᠵᠢᠱᠢᠶ᠎ᠡ ᠶᠢ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠤ ᠪᠠᠶᠢᠴᠠᠭᠠᠯᠲᠠ ᠠᠴᠠ ᠢᠯᠡᠷᠡᠭᠦᠯᠵᠦ᠂ 1 ᠵᠢᠱᠢᠶ᠎ᠡ ᠶᠢ ᠪᠢᠲᠡᠭᠦᠮᠵᠢᠯᠡᠨ ᠬᠠᠮᠢᠶᠠᠷᠬᠤ ᠪᠤᠰᠤ ᠬᠦᠮᠦᠰ ᠤᠨ ᠳᠣᠲᠣᠷ᠎ᠠ ᠠᠴᠠ ᠪᠠᠶᠢᠴᠠᠭᠠᠨ ᠭᠠᠷᠭᠠᠪᠠ︶ ᠪᠤᠢ᠃ ᠲᠤᠬᠠᠢ ᠶᠢᠨ ᠭᠠᠵᠠᠷ ᠤᠨ ᠲᠣᠳᠣᠯᠠᠭᠰᠠᠨ 9 ᠡᠪᠡᠳᠴᠢᠨ ᠤ ᠵᠢᠱᠢᠶ᠎ᠡ ᠡᠷᠡᠭᠦᠯᠵᠢᠵᠦ ᠡᠮᠨᠡᠯᠭᠡ ᠠᠴᠠ ᠭᠠᠷᠪᠠ᠂ ᠡᠭᠦᠨ ᠳᠤ ᠬᠦᠯᠦᠨ ᠪᠤᠶᠢᠷ ᠬᠤᠲᠠ ᠳᠤ 3 ︵ᠴᠥᠮ ᠮᠠᠨᠵᠤᠤᠷ ᠬᠤᠲᠠ ᠳᠤ︶᠂ ᠰᠢᠯᠢ ᠶᠢᠨ ᠭᠤᠣᠯ ᠠᠶᠢᠮᠠᠭ ᠲᠤ 6 ︵ᠰᠢᠯᠢ ᠶᠢᠨ ᠬᠤᠲᠠ ᠳᠤ 2᠂ ᠡᠷᠢᠶᠡᠨ ᠬᠤᠲᠠ ᠳᠤ 4︶ ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ 5 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠴᠥᠮ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ ᠪᠤᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ 1 ᠲᠣᠳᠣᠯᠠᠭᠰᠠᠨ ᠡᠪᠡᠳᠴᠢᠨ ᠤ ᠵᠢᠱᠢᠶ᠎ᠡ ᠡᠷᠡᠭᠦᠯᠵᠢᠵᠦ ᠡᠮᠨᠡᠯᠭᠡ ᠠᠴᠠ ᠭᠠᠷᠪᠠ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ 1 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠴᠦᠮ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠳ ᠪᠣᠯᠤᠨ᠎ᠠ᠃ 9 ᠳ᠋ᠦ᠋ᠭᠡᠷ ᠰᠠᠷ᠎ᠠ ᠶᠢᠨ 12 ᠤᠨ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠲᠣ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 309 ᠪᠠᠶᠢᠵᠤ᠂ ᠡᠭᠦᠨ ᠳᠤ ᠬᠥᠬᠡᠬᠤᠲᠠ ᠳᠤ 4 ︵ᠴᠦᠮ ᠬᠦᠷᠦᠭᠰᠡᠨ ᠭᠠᠵᠠᠷ ᠲᠤ ᠪᠠᠨ ᠬᠢᠭᠰᠡᠨ ᠪᠠᠶᠢᠴᠠᠭᠠᠯᠲᠠ ᠳᠤ ᠪᠠᠶᠢᠴᠠᠭᠠᠨ ᠢᠯᠡᠷᠡᠭᠦᠯᠪᠡ︶᠂ ᠬᠦᠯᠦᠨ ᠪᠤᠶᠢᠷ ᠬᠤᠲᠠ ᠳᠤ 3 ︵ᠴᠦᠮ ᠮᠠᠨᠵᠤᠤᠷ ᠬᠤᠲᠠ ᠳᠤ︶᠂ ᠤᠯᠠᠭᠠᠨᠬᠠᠳᠠ ᠬᠤᠲᠠ ᠳᠤ 268 ︵ᠬᠤᠩᠱᠠᠨ ᠲᠣᠭᠤᠷᠢᠭ ᠲᠤ 6᠂ ᠰᠦᠩᠱᠠᠨ ᠲᠣᠭᠤᠷᠢᠭ ᠲᠤ 104᠂ ᠣᠩᠨᠢᠭᠤᠳ ᠬᠤᠰᠢᠭᠤᠨ ᠳᠤ 158︶᠂ ᠰᠢᠯᠢ ᠶᠢᠨ ᠭᠤᠣᠯ ᠠᠶᠢᠮᠠᠭ ᠲᠤ 34 ︵ᠰᠢᠯᠢ ᠶᠢᠨ ᠬᠤᠲᠠ ᠳᠤ 26᠂ ᠡᠷᠢᠶᠡᠨ ᠬᠤᠲᠠ ᠳᠤ 8︶ ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 384 ᠪᠠᠶᠢᠵᠤ᠂ ᠡᠭᠦᠨ ᠳᠤ ᠬᠥᠬᠡᠬᠤᠲᠠ ᠳᠤ 1 ︵ᠬᠦᠷᠦᠭᠰᠡᠨ ᠭᠠᠵᠠᠷ ᠲᠤ ᠪᠠᠨ ᠬᠢᠭᠰᠡᠨ ᠪᠠᠶᠢᠴᠠᠭᠠᠯᠲᠠ ᠳᠤ ᠪᠠᠶᠢᠴᠠᠭᠠᠨ ᠢᠯᠡᠷᠡᠭᠦᠯᠦᠭᠰᠡᠨ ᠬᠦᠮᠦᠨ ᠲᠠᠢ ᠨᠢᠭᠲᠠ ᠣᠶᠢᠷᠠᠲᠤᠭᠴᠢ︶᠂ ᠤᠯᠠᠭᠠᠨᠬᠠᠳᠠ ᠬᠤᠲᠠ ᠳᠤ 305 ︵ᠬᠤᠩᠱᠠᠨ ᠲᠣᠭᠤᠷᠢᠭ ᠲᠤ 9᠂ ᠰᠦᠩᠱᠠᠨ ᠲᠣᠭᠤᠷᠢᠭ ᠲᠤ 95᠂ ᠣᠩᠨᠢᠭᠤᠳ ᠬᠤᠰᠢᠭᠤᠨ ᠳᠤ 201︶᠂ ᠰᠢᠯᠢ ᠶᠢᠨ ᠭᠤᠣᠯ ᠠᠶᠢᠮᠠᠭ ᠲᠤ 53 ︵ᠰᠢᠯᠢ ᠶᠢᠨ ᠬᠤᠲᠠ ᠳᠤ 33᠂ ᠡᠷᠢᠶᠡᠨ ᠬᠤᠲᠠ ᠳᠤ 20︶᠂ ᠪᠠᠶᠠᠨᠨᠠᠭᠤᠷ ᠬᠤᠲᠠ ᠳᠤ 2 ︵ᠴᠥᠮ ᠯᠢᠨ ᠾᠧ ᠲᠣᠭᠤᠷᠢᠭ ᠲᠤ︶᠂ ᠠᠯᠠᠱᠠ ᠠᠶᠢᠮᠠᠭ ᠲᠤ 23 ︵ᠴᠥᠮ ᠴᠡᠭᠡ ᠪᠣᠭᠤᠮᠲᠠ ᠳᠤ︶ ᠪᠤᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 4᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 4 ᠪᠠᠶᠢᠵᠤ᠂ ᠴᠦᠮ ᠬᠥᠬᠡᠬᠤᠲᠠ ᠳᠤ ᠪᠤᠢ᠃ ᠳᠡᠭᠡᠷᠡᠬᠢ ᠬᠦᠮᠦᠰ ᠢ ᠴᠦᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|