ᠮᠠᠨ ᠤ ᠣᠷᠤᠨ ᠤ 9 ᠳ᠋ᠦ᠋ᠭᠡᠷ ᠰᠠᠷ᠎ᠠ ᠶᠢᠨ 13 ᠤ ᠡᠳᠦᠷ ᠤᠨ 24 ᠴᠠᠭ ᠪᠣᠯᠲᠠᠯᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/9/14

      9 ᠳ᠋ᠦ᠋ᠭᠡᠷ ᠰᠠᠷ᠎ᠠ ᠶᠢᠨ 13 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 7 ᠨᠡᠮᠡᠭᠳᠡᠪᠡ᠂ ᠴᠥᠮ ᠤᠯᠠᠭᠠᠨᠬᠠᠳᠠ ᠬᠤᠲᠠ ᠳᠤ ︵ᠰᠦᠩᠱᠠᠨ ᠲᠣᠭᠤᠷᠢᠭ ᠲᠤ 6᠂ ᠡᠭᠦᠨ ᠳᠤ 5 ᠵᠢᠱᠢᠶ᠎ᠡ ᠶᠢ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠠᠴᠠ ᠪᠠᠶᠢᠴᠠᠭᠠᠨ ᠭᠠᠷᠭᠠᠪᠠ︔ ᠠᠷᠤ ᠬᠤᠷᠴᠢᠨ ᠬᠤᠰᠢᠭᠤᠨ ᠳᠤ 1᠂ ᠰᠠᠨᠠᠭᠠᠴᠢᠯᠠᠭ᠎ᠠ ᠠᠴᠠ ᠪᠠᠨ ᠡᠮᠴᠢᠯᠡᠭᠦᠯᠬᠦ ᠬᠦᠮᠦᠰ ᠤᠨ ᠳᠣᠲᠣᠷ᠎ᠠ ᠠᠴᠠ ᠢᠯᠡᠷᠡᠭᠦᠯᠵᠡᠢ︶ ᠪᠤᠢ︔ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 11 ᠨᠡᠮᠡᠭᠳᠡᠵᠦ᠂ ᠡᠭᠦᠨ ᠳᠤ ᠤᠯᠠᠭᠠᠨᠬᠠᠳᠠ ᠬᠤᠲᠠ ᠳᠤ 3 ︵ᠰᠦᠩᠱᠠᠨ ᠲᠣᠭᠤᠷᠢᠭ ᠲᠤ 1᠂ ᠣᠩᠨᠢᠭᠤᠳ ᠬᠤᠰᠢᠭᠤᠨ ᠳᠤ 2᠂ ᠴᠥᠮ ᠲᠤᠰᠠᠭᠠᠷᠯᠠᠬᠤ ᠴᠡᠭ ᠠᠴᠠ ᠪᠠᠶᠢᠴᠠᠭᠠᠨ ᠢᠯᠡᠷᠡᠭᠦᠯᠵᠡᠢ︶᠂ ᠪᠠᠶᠠᠨᠨᠠᠭᠤᠷ ᠬᠤᠲᠠ ᠳᠤ 3 ︵ᠴᠥᠮ ᠯᠢᠨ ᠾᠧ ᠲᠣᠭᠤᠷᠢᠭ ᠲᠤ᠂ ᠲᠤᠰᠠᠭᠠᠷᠯᠠᠬᠤ ᠴᠡᠭ ᠠᠴᠠ ᠪᠠᠶᠢᠴᠠᠭᠠᠨ ᠭᠠᠷᠭᠠᠪᠠ︶᠂ ᠠᠯᠠᠱᠠ ᠠᠶᠢᠮᠠᠭ ᠲᠤ 5 ︵ᠴᠥᠮ ᠴᠡᠭᠡ ᠪᠣᠭᠤᠮᠲᠠ ᠳᠤ᠂ ᠲᠤᠰᠠᠭᠠᠷᠯᠠᠬᠤ ᠴᠡᠭ ᠠᠴᠠ ᠪᠠᠶᠢᠴᠠᠭᠠᠨ ᠭᠠᠷᠭᠠᠪᠠ︶ ᠪᠤᠢ᠃ ᠲᠤᠬᠠᠢ ᠶᠢᠨ ᠭᠠᠵᠠᠷ ᠤᠨ ᠲᠣᠳᠣᠯᠠᠭᠰᠠᠨ 4 ᠡᠪᠡᠳᠴᠢᠨ ᠤ ᠵᠢᠱᠢᠶ᠎ᠡ ᠡᠷᠡᠭᠦᠯᠵᠢᠵᠦ ᠡᠮᠨᠡᠯᠭᠡ ᠠᠴᠠ ᠭᠠᠷᠪᠠ᠂ ᠡᠭᠦᠨ ᠳᠤ ᠬᠥᠬᠡᠬᠤᠲᠠ ᠳᠤ 1 ︵ᠬᠦᠷᠦᠭᠰᠡᠨ ᠭᠠᠵᠠᠷ ᠲᠤ ᠪᠠᠨ ᠬᠢᠭᠰᠡᠨ ᠪᠠᠶᠢᠴᠠᠭᠠᠯᠲᠠ ᠳᠤ ᠪᠠᠶᠢᠴᠠᠭᠠᠨ ᠢᠯᠡᠷᠡᠭᠦᠯᠦᠭᠰᠡᠨ ᠬᠦᠮᠦᠨ ᠲᠠᠢ ᠨᠢᠭᠲᠠ ᠣᠶᠢᠷᠠᠲᠤᠭᠴᠢ︶᠂ ᠬᠦᠯᠦᠨ ᠪᠤᠶᠢᠷ ᠬᠤᠲᠠ ᠳᠤ 1 ︵ᠮᠠᠨᠵᠤᠤᠷ ᠬᠤᠲᠠ ᠳᠤ︶᠂ ᠰᠢᠯᠢ ᠶᠢᠨ ᠭᠤᠣᠯ ᠠᠶᠢᠮᠠᠭ ᠲᠤ 2 ︵ᠰᠢᠯᠢ ᠶᠢᠨ ᠬᠤᠲᠠ ᠳᠤ 1᠂ ᠡᠷᠢᠶᠡᠨ ᠬᠤᠲᠠ ᠳᠤ 1︶ ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ 6 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠴᠥᠮ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ ᠪᠤᠢ᠃
      9 ᠳ᠋ᠦ᠋ᠭᠡᠷ ᠰᠠᠷ᠎ᠠ ᠶᠢᠨ 13 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠲᠣ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 312 ᠪᠠᠶᠢᠵᠤ᠂ ᠡᠭᠦᠨ ᠳᠤ ᠬᠥᠬᠡᠬᠤᠲᠠ ᠳᠤ 3 ︵ᠴᠦᠮ ᠬᠦᠷᠦᠭᠰᠡᠨ ᠭᠠᠵᠠᠷ ᠲᠤ ᠪᠠᠨ ᠬᠢᠭᠰᠡᠨ ᠪᠠᠶᠢᠴᠠᠭᠠᠯᠲᠠ ᠳᠤ ᠪᠠᠶᠢᠴᠠᠭᠠᠨ ᠢᠯᠡᠷᠡᠭᠦᠯᠪᠡ︶᠂ ᠬᠦᠯᠦᠨ ᠪᠤᠶᠢᠷ ᠬᠤᠲᠠ ᠳᠤ 2 ︵ᠴᠦᠮ ᠮᠠᠨᠵᠤᠤᠷ ᠬᠤᠲᠠ ᠳᠤ︶᠂ ᠤᠯᠠᠭᠠᠨᠬᠠᠳᠠ ᠬᠤᠲᠠ ᠳᠤ 275 ︵ᠬᠤᠩᠱᠠᠨ ᠲᠣᠭᠤᠷᠢᠭ ᠲᠤ 6᠂ ᠰᠦᠩᠱᠠᠨ ᠲᠣᠭᠤᠷᠢᠭ ᠲᠤ 110᠂ ᠣᠩᠨᠢᠭᠤᠳ ᠬᠤᠰᠢᠭᠤᠨ ᠳᠤ 158᠂ ᠠᠷᠤ ᠬᠤᠷᠴᠢᠨ ᠬᠤᠰᠢᠭᠤᠨ ᠳᠤ 1︶᠂ ᠰᠢᠯᠢ ᠶᠢᠨ ᠭᠤᠣᠯ ᠠᠶᠢᠮᠠᠭ ᠲᠤ 32

︵ᠰᠢᠯᠢ ᠶᠢᠨ ᠬᠤᠲᠠ ᠳᠤ 25᠂ ᠡᠷᠢᠶᠡᠨ ᠬᠤᠲᠠ ᠳᠤ 7︶ ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 389 ᠪᠠᠶᠢᠵᠤ᠂ ᠡᠭᠦᠨ ᠳᠤ ᠬᠥᠬᠡᠬᠤᠲᠠ ᠳᠤ 1 ︵ᠬᠦᠷᠦᠭᠰᠡᠨ ᠭᠠᠵᠠᠷ ᠲᠤ ᠪᠠᠨ ᠬᠢᠭᠰᠡᠨ ᠪᠠᠶᠢᠴᠠᠭᠠᠯᠲᠠ ᠳᠤ ᠪᠠᠶᠢᠴᠠᠭᠠᠨ ᠢᠯᠡᠷᠡᠭᠦᠯᠦᠭᠰᠡᠨ ᠬᠦᠮᠦᠨ ᠲᠠᠢ ᠨᠢᠭᠲᠠ ᠣᠶᠢᠷᠠᠲᠤᠭᠴᠢ︶᠂ ᠤᠯᠠᠭᠠᠨᠬᠠᠳᠠ ᠬᠤᠲᠠ ᠳᠤ 308 ︵ᠬᠤᠩᠱᠠᠨ ᠲᠣᠭᠤᠷᠢᠭ ᠲᠤ 9᠂ ᠰᠦᠩᠱᠠᠨ ᠲᠣᠭᠤᠷᠢᠭ ᠲᠤ 96᠂ ᠣᠩᠨᠢᠭᠤᠳ ᠬᠤᠰᠢᠭᠤᠨ ᠳᠤ 203︶᠂ ᠰᠢᠯᠢ ᠶᠢᠨ ᠭᠤᠣᠯ ᠠᠶᠢᠮᠠᠭ ᠲᠤ 47 ︵ᠰᠢᠯᠢ ᠶᠢᠨ ᠬᠤᠲᠠ ᠳᠤ 33᠂ ᠡᠷᠢᠶᠡᠨ ᠬᠤᠲᠠ ᠳᠤ 14︶᠂ ᠪᠠᠶᠠᠨᠨᠠᠭᠤᠷ ᠬᠤᠲᠠ ᠳᠤ 5 ︵ᠴᠥᠮ ᠯᠢᠨ ᠾᠧ ᠲᠣᠭᠤᠷᠢᠭ ᠲᠤ︶᠂ ᠠᠯᠠᠱᠠ ᠠᠶᠢᠮᠠᠭ ᠲᠤ 28 ︵ᠴᠥᠮ ᠴᠡᠭᠡ ᠪᠣᠭᠤᠮᠲᠠ ᠳᠤ︶ ᠪᠤᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 4᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 4 ᠪᠠᠶᠢᠵᠤ᠂ ᠴᠦᠮ ᠬᠥᠬᠡᠬᠤᠲᠠ ᠳᠤ ᠪᠤᠢ᠃ ᠳᠡᠭᠡᠷᠡᠬᠢ ᠬᠦᠮᠦᠰ ᠢ ᠴᠦᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ