ᠮᠠᠨ ᠤ ᠣᠷᠣᠨ ᠤ 9 ᠳ᠋ᠦ᠋ᠭᠡᠷ ᠰᠠᠷ᠎ᠠ ᠶᠢᠨ 15 ᠤ ᠡᠳᠦᠷ ᠤᠨ 24 ᠴᠠᠭ ᠪᠣᠯᠲᠠᠯᠠᠬᠢ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/9/16

      9 ᠳ᠋ᠦ᠋ᠭᠡᠷ ᠰᠠᠷ᠎ᠠ ᠶᠢᠨ 15  ᠤ ᠡᠳᠦᠷ ᠤᠨ 0 ᠴᠠᠭ  ᠠᠴᠠ 24 ᠴᠠᠭ ᠪᠣᠯᠲᠠᠯ᠎ᠠ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ  ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 3 ᠨᠡᠮᠡᠭᠳᠡᠪᠡ᠂ ᠡᠭᠦᠨ ᠳᠤ ᠬᠥᠯᠥᠨ ᠪᠤᠶᠢᠷ ᠬᠤᠲᠠ ᠳᠤ 2 ︵ᠴᠥᠮ ᠮᠠᠨᠵᠤᠤᠷ ᠬᠤᠲᠠ ᠳᠤ᠂ ᠲᠤᠰᠠᠭᠠᠷᠯᠠᠬᠤ ᠴᠡᠭ ᠠᠴᠠ ᠪᠠᠶᠢᠴᠠᠭᠠᠨ ᠢᠯᠡᠷᠡᠭᠦᠯᠪᠡ ︶᠂ ᠤᠯᠠᠭᠠᠨᠬᠠᠳᠠ ᠬᠤᠲᠠ ᠳᠤ 1 ︵ᠰᠦᠩᠱᠠᠨ ᠲᠣᠭᠤᠷᠢᠭ ᠲᠤ ᠂ ᠪᠢᠲᠡᠭᠦᠮᠵᠢᠯᠡᠨ ᠬᠠᠮᠢᠶᠠᠷᠴᠤ ᠪᠠᠶᠢᠭ᠎ᠠ ᠬᠥᠮᠥᠰ ᠤᠨ ᠰᠢᠭᠰᠢᠨ ᠪᠠᠶᠢᠴᠠᠭᠠᠯᠲᠠ  ᠪᠠᠷ ᠢᠯᠡᠷᠡᠭᠦᠯᠪᠡ ︶ ᠪᠣᠢ︔ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 4 ᠨᠡᠮᠡᠭᠳᠡᠵᠦ᠂ ᠴᠥᠮ ᠲᠤᠰᠠᠭᠠᠷᠯᠠᠬᠤ ᠴᠡᠭ ᠠᠴᠠ ᠪᠠᠶᠢᠴᠠᠭᠠᠨ ᠢᠯᠡᠷᠡᠭᠦᠯᠵᠡᠢ ᠂ ᠡᠭᠦᠨ ᠳᠤ ᠤᠯᠠᠭᠠᠨᠬᠠᠳᠠ ᠬᠤᠲᠠ  ᠳᠤ 1 ︵ᠣᠩᠨᠢᠭᠤᠳ ᠬᠤᠰᠢᠭᠤᠨ ᠳᠤ ︶᠂ ᠪᠠᠶᠠᠨᠨᠠᠭᠤᠷ ᠬᠤᠲᠠ  ᠳᠤ 1 ︵ᠯᠢᠨ ᠾᠧ ᠲᠣᠭᠤᠷᠢᠭ ᠲᠤ ︶᠂ ᠠᠯᠠᠱᠠ ᠠᠶᠢᠮᠠᠭ  ᠲᠤ 2 ︵ᠡᠵᠡᠨ᠎ᠡ ᠬᠤᠰᠢᠭᠤᠨ ᠳᠤ 1᠂ ᠴᠡᠭᠡ ᠪᠣᠭᠤᠮᠲᠠ ᠳᠤ 1︶ ᠪᠣᠶ ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 1᠂ ᠡᠪᠡᠳᠴᠢᠨ ᠤ ᠢᠯᠡᠷᠡᠯ ᠦᠭᠡᠢ ᠪᠠᠷ ᠬᠠᠯᠳᠠᠪᠤᠷᠢᠯᠠᠭᠳᠠᠭᠴᠢ 1᠂ ᠴᠥᠮ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠳ ᠪᠣᠯᠣᠨ᠎ᠠ᠃ ᠲᠤᠬᠠᠢ ᠶᠢᠨ ᠭᠠᠵᠠᠷ ᠤᠨ ᠲᠣᠳᠣᠯᠠᠭᠰᠠᠨ 12 ᠡᠪᠡᠳᠴᠢᠨ ᠤ ᠵᠢᠱᠢᠶ᠎ᠡ ᠡᠳᠡᠭᠡᠷᠡᠨ ᠡᠮᠨᠡᠯᠭᠡ ᠠᠴᠠ ᠭᠠᠷᠪᠠ ᠂ ᠡᠭᠦᠨ ᠳᠤ ᠬᠥᠬᠡᠬᠤᠲᠠ ᠳᠤ 1 ︵ᠬᠦᠷᠦᠭᠰᠡᠨ ᠭᠠᠵᠠᠷ ᠲᠤ ᠪᠠᠨ ᠬᠢᠭᠰᠡᠨ ᠪᠠᠶᠢᠴᠠᠭᠠᠯᠲᠠ ᠪᠠᠷ ᠢᠯᠡᠷᠡᠭᠦᠯᠦᠭᠰᠡᠨ ᠬᠥᠮᠥᠰ ᠲᠠᠢ ᠨᠢᠭᠲᠠ ᠣᠶᠢᠷᠠᠲᠤᠭᠴᠢ ︶᠂ ᠬᠥᠯᠥᠨ ᠪᠤᠶᠢᠷ ᠬᠤᠲᠠ ᠳᠤ 2 ︵ᠴᠥᠮ ᠮᠠᠨᠵᠤᠤᠷ ᠬᠤᠲᠠ ᠳᠤ︶᠂ ᠰᠢᠯᠢ ᠶᠢᠨ ᠭᠤᠣᠯ ᠠᠶᠢᠮᠠᠭ ᠲᠤ 3 ︵ᠰᠢᠯᠢ ᠶᠢᠨ ᠬᠤᠲᠠ ᠳᠤ 1᠂ ᠡᠷᠢᠶᠡᠨ ᠬᠤᠲᠠ ᠳᠤ 2︶᠂ ᠤᠯᠠᠭᠠᠨᠬᠠᠳᠠ ᠬᠤᠲᠠ ᠳᠤ 6 ︵ᠰᠦᠩᠱᠠᠨ ᠲᠣᠭᠤᠷᠢᠭ ᠲᠤ 2᠂ ᠣᠩᠨᠢᠭᠤᠳ ᠬᠤᠰᠢᠭᠤᠨ ᠳᠤ 4 ︶ ᠪᠣᠶ︔ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ 12 ᠬᠠᠯᠳᠠᠪᠤᠷᠢᠯᠠᠭᠳᠠᠭᠴᠢ  ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ ᠂ ᠡᠭᠦᠨ ᠳᠤ ᠬᠥᠬᠡᠬᠤᠲᠠ ᠳᠤ 1 ︵ᠬᠦᠷᠦᠭᠰᠡᠨ ᠭᠠᠵᠠᠷ ᠲᠤ ᠪᠠᠨ ᠬᠢᠭᠰᠡᠨ ᠪᠠᠶᠢᠴᠠᠭᠠᠯᠲᠠ ᠪᠠᠷ ᠢᠯᠡᠷᠡᠭᠦᠯᠦᠭᠰᠡᠨ ᠬᠥᠮᠥᠰ ᠲᠠᠢ ᠨᠢᠭᠲᠠ ᠣᠶᠢᠷᠠᠲᠤᠭᠴᠢ ︶᠂ ᠰᠢᠯᠢ ᠶᠢᠨ ᠭᠤᠣᠯ ᠠᠶᠢᠮᠠᠭ ᠲᠤ 5 ︵ ᠰᠢᠯᠢ ᠶᠢᠨ ᠬᠤᠲᠠ ᠳᠤ 1᠂ ᠡᠷᠢᠶᠡᠨ ᠬᠤᠲᠠ ᠳᠤ 4︶᠂ ᠤᠯᠠᠭᠠᠨᠬᠠᠳᠠ ᠬᠤᠲᠠ ᠳᠤ 6 ︵ᠰᠦᠩᠱᠠᠨ ᠲᠣᠭᠤᠷᠢᠭ ᠲᠤ 5᠂ ᠣᠩᠨᠢᠭᠤᠳ ᠬᠤᠰᠢᠭᠤᠨ ᠳᠤ 1︶ ᠪᠣᠶ᠃ 

      9 ᠳ᠋ᠦ᠋ᠭᠡᠷ ᠰᠠᠷ᠎ᠠ ᠶᠢᠨ 15 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠣ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 300 ᠪᠠᠶᠢᠵᠤ ᠂ ᠡᠭᠦᠨ ᠳᠤ ᠬᠥᠬᠡᠬᠤᠲᠠ  ᠳᠤ 2 ︵ᠴᠥᠮ ᠬᠦᠷᠦᠭᠰᠡᠨ ᠭᠠᠵᠠᠷ ᠲᠤ ᠪᠠᠨ ᠬᠢᠭᠰᠡᠨ ᠪᠠᠶᠢᠴᠠᠭᠠᠯᠲᠠ ᠪᠠᠷ ᠢᠯᠡᠷᠡᠭᠦᠯᠦᠭᠰᠡᠨ ᠬᠥᠮᠥᠰ ᠵᠢᠴᠢ ᠲᠡᠳᠡᠭᠡᠷ ᠤᠨ ᠨᠢᠭᠲᠠ ᠣᠶᠢᠷᠠᠲᠤᠭᠴᠢ ︶᠂ ᠬᠥᠯᠥᠨ ᠪᠤᠶᠢᠷ ᠬᠤᠲᠠ ᠳᠤ 3 ︵ᠴᠥᠮ ᠮᠠᠨᠵᠤᠤᠷ ᠬᠤᠲᠠ ᠳᠤ︶᠂ ᠤᠯᠠᠭᠠᠨᠬᠠᠳᠠ ᠬᠤᠲᠠ ᠳᠤ 264 ︵ᠬᠤᠩᠱᠠᠨ ᠲᠣᠭᠤᠷᠢᠭ ᠲᠤ 7᠂ ᠰᠦᠩᠱᠠᠨ ᠲᠣᠭᠤᠷᠢᠭ ᠲᠤ 109᠂ ᠣᠩᠨᠢᠭᠤᠳ ᠬᠤᠰᠢᠭᠤᠨ ᠳᠤ 147᠂ ᠠᠷᠤ ᠬᠤᠷᠴᠢᠨ ᠬᠤᠰᠢᠭᠤᠨ ᠳᠤ 1︶᠂ ᠰᠢᠯᠢ ᠶᠢᠨ ᠭᠤᠣᠯ ᠠᠶᠢᠮᠠᠭ ᠲᠤ 27 ︵ᠰᠢᠯᠢ ᠶᠢᠨ ᠬᠤᠲᠠ ᠳᠤ 22᠂ ᠡᠷᠢᠶᠡᠨ ᠬᠤᠲᠠ ᠳᠤ 5︶᠂ ᠠᠯᠠᠱᠠ ᠠᠶᠢᠮᠠᠭ ᠲᠤ 4 ︵ ᠴᠥᠮ ᠴᠡᠭᠡ ᠪᠣᠭᠤᠮᠲᠠ ᠳᠤ︶ ᠪᠣᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 378 ᠪᠠᠶᠢᠵᠤ᠂ ᠡᠭᠦᠨ ᠳᠤ ᠤᠯᠠᠭᠠᠨᠬᠠᠳᠠ ᠬᠤᠲᠠ ᠳᠤ 300 ︵ᠬᠤᠩᠱᠠᠨ ᠲᠣᠭᠤᠷᠢᠭ ᠲᠤ 9᠂ ᠰᠦᠩᠱᠠᠨ ᠲᠣᠭᠤᠷᠢᠭ ᠲᠤ 92᠂ ᠣᠩᠨᠢᠭᠤᠳ ᠬᠤᠰᠢᠭᠤᠨ ᠳᠤ 199︶᠂ ᠰᠢᠯᠢ ᠶᠢᠨ ᠭᠤᠣᠯ ᠠᠶᠢᠮᠠᠭ ᠲᠤ 38 ︵ ᠰᠢᠯᠢ ᠶᠢᠨ ᠬᠤᠲᠠ ᠳᠤ 29᠂ ᠡᠷᠢᠶᠡᠨ ᠬᠤᠲᠠ ᠳᠤ 9︶᠂ ᠪᠠᠶᠠᠨᠨᠠᠭᠤᠷ ᠬᠤᠲᠠ ᠳᠤ 6 ︵ᠴᠥᠮ ᠯᠢᠨ ᠾᠧ ᠲᠣᠭᠤᠷᠢᠭ ᠲᠤ︶᠂ ᠠᠯᠠᠱᠠ ᠠᠶᠢᠮᠠᠭ ᠲᠤ 34 ︵ᠡᠵᠡᠨ᠎ᠡ ᠬᠤᠰᠢᠭᠤᠨ ᠳᠤ 2᠂ ᠴᠡᠭᠡ ᠪᠣᠭᠤᠮᠲᠠ ᠳᠤ 32︶ ᠪᠣᠶ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 4᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 5 ᠪᠠᠶᠢᠵᠤ ᠂ ᠴᠥᠮ ᠬᠥᠬᠡᠬᠤᠲᠠ ᠳᠤ ᠪᠣᠶ᠃ ᠳᠡᠭᠡᠷᠡᠬᠢ ᠬᠥᠮᠥᠰ ᠢ ᠴᠥᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ ᠂ ᠨᠢᠭᠲᠠ ᠣᠶᠢᠷᠠᠲᠤᠭᠰᠠᠳ ᠢ  ᠨᠢ ᠴᠥᠮ ᠲᠣᠭᠲᠠᠭᠰᠠᠨ ᠲᠠᠯᠠᠪᠤᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ ᠂ ᠬᠢᠵᠢᠭ ᠲᠠᠷᠬᠠᠨ ᠳᠡᠯᠭᠡᠷᠡᠬᠦ ᠶᠢ ᠴᠢᠩᠭ᠎ᠠ ᠰᠡᠷᠭᠡᠶᠢᠯᠠᠵᠦ ᠪᠠᠶᠢᠨ᠎ᠠ ᠃ 

 

 

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ