|
ᠮᠠᠨ ᠤ ᠣᠷᠤᠨ ᠤ 9 ᠳ᠋ᠦ᠋ᠭᠡᠷ ᠰᠠᠷ᠎ᠠ ᠶᠢᠨ 21 ᠤ ᠡᠳᠦᠷ ᠤᠨ 24 ᠴᠠᠭ ᠪᠣᠯᠲᠠᠯᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ |
|
|
ᠨᠡᠶᠢᠲᠡᠯᠡᠭᠰᠡᠨ ᠴᠠᠭ᠄
2022/9/22
|
|
9 ᠳ᠋ᠦ᠋ᠭᠡᠷ ᠰᠠᠷ᠎ᠠ ᠶᠢᠨ 21 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 5 ︵ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠣᠯᠠᠭᠰᠠᠨ ᠡᠪᠡᠳᠴᠢᠨ ᠤ ᠵᠢᠱᠢᠶ᠎ᠡ ᠪᠣᠯᠣᠭᠰᠠᠨ 1 ᠵᠢᠱᠢᠶ᠎ᠡ ᠶᠢ ᠪᠠᠭᠲᠠᠭᠠᠨ᠎ᠠ︶᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ᠨᠡᠮᠡᠭᠳᠡᠪᠡ᠃ ᠴᠥᠮ ᠨᠡᠶᠢᠰᠯᠡᠯ ᠤᠨ ᠣᠯᠠᠨ ᠤᠯᠤᠰ ᠤᠨ ᠨᠢᠰᠭᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠭᠡᠯ ᠤᠨ ᠪᠠᠭᠤᠳᠠᠯ ᠳᠤ ᠪᠠᠭᠤᠭᠰᠠᠳ ᠪᠣᠯᠣᠨ᠎ᠠ᠃ ᠲᠤᠬᠠᠢ ᠶᠢᠨ ᠭᠠᠵᠠᠷ ᠤᠨ ᠲᠣᠳᠣᠯᠠᠭᠰᠠᠨ 6 ᠡᠪᠡᠳᠴᠢᠨ ᠤ ᠵᠢᠱᠢᠶ᠎ᠡ ᠡᠷᠡᠭᠦᠯᠵᠢᠵᠦ ᠡᠮᠨᠡᠯᠭᠡ ᠠᠴᠠ ᠭᠠᠷᠪᠠ᠂ ᠡᠭᠦᠨ ᠳᠤ ᠬᠦᠯᠦᠨ ᠪᠤᠶᠢᠷ ᠬᠤᠲᠠ ᠳᠤ 1 ︵ᠮᠠᠨᠵᠤᠤᠷ ᠬᠤᠲᠠ ᠳᠤ︶᠂ ᠰᠢᠯᠢ ᠶᠢᠨ ᠭᠤᠣᠯ ᠠᠶᠢᠮᠠᠭ ᠲᠤ 4 ︵ᠴᠥᠮ ᠰᠢᠯᠢ ᠶᠢᠨ ᠬᠤᠲᠠ ᠳᠤ︶᠂ ᠠᠯᠠᠱᠠ ᠠᠶᠢᠮᠠᠭ ᠲᠤ 1 ︵ᠴᠡᠭᠡ ᠪᠣᠭᠤᠮᠲᠠ ᠳᠤ︶ ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ 4 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ ᠰᠢᠯᠢ ᠶᠢᠨ ᠭᠤᠣᠯ ᠠᠶᠢᠮᠠᠭ ᠲᠤ 2 ︵ᠰᠢᠯᠢ ᠶᠢᠨ ᠬᠤᠲᠠ ᠳᠤ 1᠂ ᠡᠷᠢᠶᠡᠨ ᠬᠤᠲᠠ ᠳᠤ 1︶᠂ ᠠᠯᠠᠱᠠ ᠠᠶᠢᠮᠠᠭ ᠲᠤ 2 ︵ᠴᠥᠮ ᠴᠡᠭᠡ ᠪᠣᠭᠤᠮᠲᠠ ᠳᠤ︶ ᠪᠤᠢ᠃ 9 ᠳ᠋ᠦ᠋ᠭᠡᠷ ᠰᠠᠷ᠎ᠠ ᠶᠢᠨ 21 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠲᠣ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 232 ᠪᠠᠶᠢᠵᠤ᠂ ᠡᠭᠦᠨ ᠳᠤ ᠬᠦᠯᠦᠨ ᠪᠤᠶᠢᠷ ᠬᠤᠲᠠ ᠳᠤ 4 ︵ᠴᠦᠮ ᠮᠠᠨᠵᠤᠤᠷ ᠬᠤᠲᠠ ᠳᠤ︶᠂ ᠤᠯᠠᠭᠠᠨᠬᠠᠳᠠ ᠬᠤᠲᠠ ᠳᠤ 224 ︵ᠬᠤᠩᠱᠠᠨ ᠲᠣᠭᠤᠷᠢᠭ ᠲᠤ 5᠂ ᠰᠦᠩᠱᠠᠨ ᠲᠣᠭᠤᠷᠢᠭ ᠲᠤ 104᠂ ᠣᠩᠨᠢᠭᠤᠳ ᠬᠤᠰᠢᠭᠤᠨ ᠳᠤ 110᠂ ᠠᠷᠤ ᠬᠤᠷᠴᠢᠨ ᠬᠤᠰᠢᠭᠤᠨ ᠳᠤ 5︶᠂ ᠰᠢᠯᠢ ᠶᠢᠨ ᠭᠤᠣᠯ ᠠᠶᠢᠮᠠᠭ ᠲᠤ 3 ︵ᠰᠢᠯᠢ ᠶᠢᠨ ᠬᠤᠲᠠ ᠳᠤ 2᠂ ᠡᠷᠢᠶᠡᠨ ᠬᠤᠲᠠ ᠳᠤ 1︶᠂ ᠠᠯᠠᠱᠠ ᠠᠶᠢᠮᠠᠭ ᠲᠤ 1 ︵ᠡᠵᠡᠨ᠎ᠡ ᠬᠤᠰᠢᠭᠤᠨ ᠳᠤ︶ ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 264 ᠪᠠᠶᠢᠵᠤ᠂ ᠡᠭᠦᠨ ᠳᠤ ᠤᠯᠠᠭᠠᠨᠬᠠᠳᠠ ᠬᠤᠲᠠ ᠳᠤ 237 ︵ᠬᠤᠩᠱᠠᠨ ᠲᠣᠭᠤᠷᠢᠭ ᠲᠤ 8᠂ ᠰᠦᠩᠱᠠᠨ ᠲᠣᠭᠤᠷᠢᠭ ᠲᠤ 90᠂ ᠣᠩᠨᠢᠭᠤᠳ ᠬᠤᠰᠢᠭᠤᠨ ᠳᠤ 139︶᠂ ᠰᠢᠯᠢ ᠶᠢᠨ ᠭᠤᠣᠯ ᠠᠶᠢᠮᠠᠭ ᠲᠤ 5 ︵ᠰᠢᠯᠢ ᠶᠢᠨ ᠬᠤᠲᠠ ᠳᠤ 4᠂ ᠡᠷᠢᠶᠡᠨ ᠬᠤᠲᠠ ᠳᠤ 1︶᠂ ᠪᠠᠶᠠᠨᠨᠠᠭᠤᠷ ᠬᠤᠲᠠ ᠳᠤ 5 ︵ᠴᠥᠮ ᠯᠢᠨ ᠾᠧ ᠲᠣᠭᠤᠷᠢᠭ ᠲᠤ︶᠂ ᠠᠯᠠᠱᠠ ᠠᠶᠢᠮᠠᠭ ᠲᠤ 17 ︵ᠡᠵᠡᠨ᠎ᠡ ᠬᠤᠰᠢᠭᠤᠨ ᠳᠤ 4᠂ ᠴᠡᠭᠡ ᠪᠣᠭᠤᠮᠲᠠ ᠳᠤ 13︶ ᠪᠤᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 11᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 6 ᠪᠠᠶᠢᠵᠤ᠂ ᠴᠥᠮ ᠬᠥᠬᠡᠬᠤᠲᠠ ᠳᠤ ᠪᠤᠢ᠃ ᠳᠡᠭᠡᠷᠡᠬᠢ ᠬᠦᠮᠦᠰ ᠢ ᠴᠦᠮ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|