
ᠨᠡᠶᠢᠲᠡᠯᠡᠭᠰᠡᠨ ᠴᠠᠭ᠄
2023/1/17

6380974173307859228786334.jpg

 

     ᠳᠡᠳ᠋ ᠲᠡᠷᠢᠭᠦᠯᠡᠭᠴᠢ ᠳᠠᠶᠢᠴᠢᠨ

     ᠠᠵᠢᠯ ᠤᠨ ᠬᠤᠪᠢᠶᠠᠷᠢ᠄

     ᠲᠡᠷᠢᠭᠦᠯᠡᠭᠴᠢ ᠶᠢ ᠬᠠᠪᠰᠤᠷᠴᠤ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠭ᠋ᠤ ᠣᠷᠣᠨ᠂ ᠤᠢ ᠰᠢᠭᠤᠢ ᠪᠠ ᠨᠤᠲᠤᠭ ᠪᠡᠯᠴᠢᠭᠡᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠶᠢᠨ ᠠᠵᠢᠯ ᠤᠳ ᠢ ᠬᠠᠷᠢᠭᠤᠴᠠᠨ᠎ᠠ᠃

    ᠥᠪᠡᠷᠲᠡᠭᠡᠨ ᠵᠠᠰᠠᠭ᠋ᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠥᠪᠡᠷᠲᠡᠭᠡᠨ ᠵᠠᠰᠠᠭ᠋ᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ ᠤᠢ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ᠂ ᠥᠪᠥᠷ ᠮᠣᠩᠭᠤᠯ ᠤᠨ ᠤᠰᠤᠨ ᠤ ᠶᠠᠪᠤᠳᠠᠯ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠤᠰᠤᠨ ᠠᠰᠢᠭᠯᠠᠯᠲᠠ ᠤᠰᠤᠨ ᠴᠠᠬᠢᠯᠭᠠᠨ ᠤ ᠬᠠᠶᠢᠨ ᠬᠡᠮᠵᠢᠵᠦ ᠵᠢᠷᠤᠭᠯᠠᠨ ᠲᠥᠯᠥᠪᠯᠡᠬᠦ ᠬᠦᠷᠢᠶᠡᠯᠡᠩ ᠤᠨ ᠬᠢᠵᠠᠭᠠᠷᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃

   ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠯ᠎ᠠ ᠨᠤᠲᠤᠭ ᠤᠨ ᠰᠤᠳᠤᠯᠬᠤ ᠭᠠᠵᠠᠷ᠂ ᠳᠤᠮᠳᠠᠳᠤ ᠤᠯᠤᠰ ᠤᠨ ᠲᠠᠷᠢᠶᠠᠯᠠᠩ ᠤᠨ ᠮᠠᠰᠢᠨᠴᠢᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠬᠤ ᠬᠦᠷᠢᠶᠡᠯᠡᠩ ᠤᠨ ᠬᠥᠬᠡᠬᠤᠲᠠ ᠳᠠᠬᠢ ᠬᠤᠪᠢᠶᠠᠷᠢ ᠬᠦᠷᠢᠶᠡᠯᠡᠩ᠂ ᠤᠰᠤᠨ ᠠᠰᠢᠭᠯᠠᠯᠲᠠ ᠶᠢᠨ ᠶᠠᠮᠤᠨ ᠤ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠬᠤ ᠭᠠᠵᠠᠷ ᠲᠠᠢ ᠬᠠᠷᠢᠯᠴᠠᠨ᠎ᠠ᠃

     ᠲᠡᠷᠢᠭᠦᠯᠡᠭᠴᠢ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃

     ᠲᠣᠪᠴᠢ ᠨᠠᠮᠲᠠᠷ᠄

    ᠳᠠᠶᠢᠴᠢᠨ᠂ ᠡᠷᠡᠭᠲᠡᠢ᠂ ᠮᠣᠩᠭᠤᠯ ᠦᠨᠳᠦᠰᠦᠲᠡᠨ᠂ 1967 ᠣᠨ ᠤ 4 ᠳ᠋ᠦ᠋ᠭᠡᠷ ᠰᠠᠷ᠎ᠠ ᠳᠤ ᠲᠦᠷᠦᠪᠠ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃

   ᠣᠳᠣ ᠥᠪᠤᠷ ᠮᠤᠩᠭᠤᠯ ᠤᠨ ᠦᠪᠡᠷᠲᠡᠭᠡᠡ ᠵᠠᠰᠬᠠᠤ ᠤᠷᠤᠨ ᠤ ᠲᠡᠳ᠋ ᠲᠡᠷᠢᠭᠦᠯᠡᠭᠴᠢ᠂ ᠵᠠᠰᠠᠭ ᠤᠨ ᠤᠷᠳᠤᠨ ᠤ ᠨᠠᠮ ᠤᠨ ᠣᠳᠣᠷᠢᠳᠬᠤ ᠲᠣᠭᠤᠶᠢᠯᠠᠩ ᠤᠨ ᠭᠡᠰᠢᠭᠦᠨ ᠤ ᠲᠣᠰᠢᠶᠠᠯ ᠳᠤ ᠪᠤᠢ᠃


ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ