ᠳᠡᠳ᠋ ᠲᠡᠷᠢᠭᠦᠯᠡᠭᠴᠢ ᠵᠧᠩ ᠭᠤᠸᠠᠩ ᠵᠤᠤ
ᠠᠵᠢᠯ ᠤᠨ ᠬᠤᠪᠢᠶᠠᠷᠢ᠄
ᠲᠡᠷᠢᠭᠦᠯᠡᠭᠴᠢ ᠶᠢ ᠬᠠᠪᠰᠤᠷᠴᠤ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠵᠠᠬᠢᠳᠠᠯ ᠰᠤᠷᠪᠤᠯᠵᠢᠯᠠᠯ ᠵᠡᠷᠭᠡ ᠲᠠᠯ᠎ᠠ ᠶᠢᠨ ᠠᠵᠢᠯ ᠤᠳ ᠢ ᠬᠠᠷᠢᠭᠤᠴᠠᠨ᠎ᠠ᠃
ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠠᠤᠯᠢ ᠴᠠᠭᠠᠵᠠ ᠶᠢᠨ ᠲᠢᠩᠬᠢᠮ ︵ᠭᠢᠨᠳᠠᠨ ᠤ ᠬᠠᠮᠢᠶᠠᠷᠤᠯᠲᠠ ᠶᠢᠨ ᠲᠣᠪᠴᠢᠶ᠎ᠠ︶᠂ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃
ᠥᠪᠡᠷᠲᠡᠭᠡᠨ ᠵᠠᠰᠠᠬᠤ ᠣᠷᠣᠨ ᠤ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ᠂ ᠤᠯᠤᠰ ᠤᠨ ᠠᠮᠤᠷ ᠲᠦᠪᠰᠢᠨ ᠤ ᠲᠢᠩᠬᠢᠮ᠂ ᠥᠪᠥᠷ ᠮᠣᠩᠭᠤᠯ ᠤᠨ ᠬᠢᠯᠢ ᠠᠴᠠ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠯᠲᠠ ᠶᠢᠨ ᠶᠡᠷᠦᠩᠬᠡᠢ ᠥᠷᠲᠡᠭᠡ ᠲᠠᠢ ᠬᠠᠷᠢᠴᠠᠨ᠎ᠠ᠃
ᠲᠡᠷᠢᠭᠦᠯᠡᠭᠴᠢ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠦᠨ᠎ᠡ᠃
ᠲᠣᠪᠴᠢ ᠨᠠᠮᠲᠠᠷ᠄
ᠵᠧᠩ ᠭᠤᠸᠠᠩ ᠵᠤᠤ᠂ ᠡᠷᠡᠭᠲᠡᠢ᠂ ᠬᠢᠲᠠᠳ ᠦᠨᠳᠦᠰᠦᠲᠡᠨ᠂ 1966 ᠣᠨ ᠤ 9 ᠳ᠋ᠦ᠋ᠭᠡᠷ ᠰᠠᠷ᠎ᠠ ᠳᠤ ᠲᠥᠷᠥᠪᠡ᠂ ᠠᠵᠢᠯ ᠤᠨ ᠪᠠᠶᠢᠷᠢ ᠳᠡᠭᠡᠷᠡᠬᠢ ᠠᠰᠫᠢᠷᠠᠨᠲ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃
ᠣᠳᠣ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠱᠦᠵᠢ᠂ ᠲᠢᠩᠬᠢᠮ ᠤᠨ ᠳᠠᠷᠤᠭ᠎ᠠ᠂ ᠬᠢᠨᠠᠨ ᠪᠠᠶᠢᠴᠠᠭᠠᠬᠤ ᠳᠠᠷᠤᠭ᠎ᠠ᠂ ᠳᠡᠳ᠋ ᠶᠡᠷᠦᠩᠬᠡᠢ ᠴᠠᠭᠳᠠᠭᠠᠨ ᠵᠠᠬᠢᠷᠤᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠬᠠᠤᠯᠢ ᠴᠠᠭᠠᠵᠠ ᠶᠢᠨ ᠬᠤᠷᠢᠶᠠᠨ ᠤ ᠳᠡᠳ᠋ ᠱᠦᠵᠢ ︵ᠲᠤᠰᠢᠶᠠᠯ ᠬᠠᠪᠰᠤᠷᠭᠠᠭᠰᠠᠨ︶ ᠶᠢᠨ ᠲᠤᠰᠢᠶᠠᠯ ᠳᠤ ᠪᠣᠢ᠃