ᠥᠪᠥᠷ ᠵᠠᠰᠠᠭ ᠠᠯᠪᠠᠨ ᠲᠠᠷᠬᠠᠭᠠᠭᠰᠠᠨ〔2016〕77 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ ᠠᠭᠤᠯᠭ᠎ᠠ ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2023/1/17

     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ

                ᠥᠪᠥᠷ ᠵᠠᠰᠠᠭ ᠠᠯᠪᠠᠨ ᠲᠠᠷᠬᠠᠭᠠᠭᠰᠠᠨ〔2022〕75 ᠳ᠋ᠤᠭᠠᠷ ᠲᠣᠭᠠᠲᠤ

      ᠥᠪᠥᠷ ᠵᠠᠰᠠᠭ ᠠᠯᠪᠠᠨ ᠲᠠᠷᠬᠠᠭᠠᠭᠰᠠᠨ〔2016〕77 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ ᠠᠭᠤᠯᠭ᠎ᠠ ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ

      ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠠᠵᠢᠯ ᠦᠢᠯᠡᠰ ᠤᠨ ᠨᠢᠭᠡᠴᠢ ᠳᠤ᠄

      ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠤᠨ ᠲᠠᠲᠠᠪᠤᠷᠢᠯᠠᠵᠤ ᠲᠤᠰᠢᠶᠠᠬᠤ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠲᠠᠲᠠᠪᠤᠷᠢᠯᠠᠵᠤ ᠲᠤᠰᠢᠶᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠤᠷᠢᠶᠠᠪᠠᠰᠤ ᠵᠣᠬᠢᠬᠤ ᠪᠦᠬᠦᠨ ᠢ ᠬᠤᠷᠢᠶᠠᠬᠤ ᠶᠢ ᠪᠡᠶᠡᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠨᠠᠮᠠᠭᠠᠢ ᠰᠤᠳᠤᠯᠤᠭᠠᠳ᠂ ︽ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠤᠨ ᠲᠠᠲᠠᠪᠤᠷᠢᠯᠠᠵᠤ ᠲᠤᠰᠢᠶᠠᠬᠤ ᠠᠵᠢᠯ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ〔2016〕 77 ᠳ᠋ᠤᠭᠠᠷ ᠲᠣᠭᠠᠲᠤ︶᠎ ᠤᠨ ᠬᠠᠮᠢᠶ᠎ᠠ ᠪᠦᠬᠦᠢ ᠠᠭᠤᠯᠭ᠎ᠠ ᠳᠤ ᠵᠠᠰᠠᠪᠤᠷᠢ ᠣᠷᠣᠭᠤᠯᠬᠤ ᠪᠠᠷ ᠲᠣᠭᠲᠠᠪᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠪᠡ᠃

      ᠨᠢᠭᠡ᠂ ᠥᠪᠥᠷ ᠵᠠᠰᠠᠭ ᠠᠯᠪᠠᠨ ᠲᠠᠷᠬᠠᠭᠠᠭᠰᠠᠨ〔2016〕 77 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ︽ᠬᠤᠶᠠᠷ᠂ ᠲᠠᠲᠠᠪᠤᠷᠢᠯᠠᠵᠤ ᠲᠤᠰᠢᠶᠠᠬᠤ ᠵᠠᠭᠪᠤᠷ︾᠎ ᠤᠨ ᠬᠡᠰᠡᠭ ᠲᠠᠬᠢ ᠠᠭᠤᠯᠭ᠎ᠠ ᠳᠤ ︽ᠪᠥᠬᠦ ᠣᠷᠣᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠲᠥᠷᠥ ᠲᠠᠷᠬᠠᠭᠠᠭᠰᠠᠨ〔2015〕2 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠲᠣᠭᠲᠠᠭᠠᠯ ᠶᠣᠰᠣᠭᠠᠷ᠂ 2014 ᠣᠨ ᠤ 10 ᠳ᠋ᠤᠭᠠᠷ ᠰᠠᠷ᠎ᠠ ᠠᠴᠠ ᠡᠬᠢᠯᠡᠨ ᠬᠠᠤᠯᠢ ᠶᠣᠰᠣᠭᠠᠷ ᠪᠥᠬᠦ ᠲᠤᠭ᠎ᠠ ᠪᠠᠷ ᠲᠠᠲᠠᠪᠤᠷᠢᠯᠠᠵᠤ ᠲᠤᠰᠢᠶᠠᠬᠤ ᠬᠡᠷᠡᠭᠲᠡᠢ︾ ᠭᠡᠵᠦ ᠵᠠᠰᠠᠪᠤᠷᠢ ᠣᠷᠣᠭᠤᠯᠪᠠ᠃

      ᠬᠤᠶᠠᠷ᠂ ᠥᠪᠥᠷ ᠵᠠᠰᠠᠭ ᠠᠯᠪᠠᠨ ᠲᠠᠷᠬᠠᠭᠠᠭᠰᠠᠨ〔2016〕 77 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ︽ᠭᠤᠷᠪᠠ᠂ ᠲᠠᠲᠠᠪᠤᠷᠢᠯᠠᠵᠤ ᠲᠤᠰᠢᠶᠠᠬᠤ ᠬᠠᠮᠢᠶᠠᠷᠤᠯᠲᠠ︾᠎ ᠶᠢᠨ ᠬᠡᠰᠡᠭ ᠲᠠᠬᠢ ︽ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠯᠴᠠᠨ ᠪᠥᠬᠦ ᠣᠷᠣᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠤᠨ ᠲᠠᠲᠠᠪᠤᠷᠢᠯᠠᠵᠤ ᠲᠤᠰᠢᠶᠠᠬᠤ ᠲᠠᠯ᠎ᠠ ᠪᠠᠷ ᠬᠢ ᠪᠣᠳᠠᠲᠠᠢ ᠠᠵᠢᠯᠯᠠᠭᠠᠨ ᠤ ᠠᠷᠭ᠎ᠠ ᠪᠠ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠬᠤ ᠶᠢᠨ ᠬᠠᠮᠲᠤ᠂ ᠡᠯ᠎ᠡ ᠭᠠᠵᠠᠷ ᠣᠷᠣᠨ ᠤ ᠲᠠᠲᠠᠪᠤᠷᠢᠯᠠᠵᠤ ᠲᠤᠰᠢᠶᠠᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠳᠤ ᠵᠢᠭᠠᠨ ᠵᠢᠯᠣᠭᠤᠳᠤᠯᠭ᠎ᠠ ᠬᠢᠨᠠᠯᠲᠠ ᠲᠠᠯᠪᠢᠯᠲᠠ ᠬᠢᠨ᠎ᠡ᠃︾ ᠭᠡᠳᠡᠭ ᠲᠤ ︽ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠯᠴᠠᠨ 2022 ᠣᠨ ᠤ 9 ᠳ᠋ᠦ᠋ᠭᠡᠷ ᠰᠠᠷ᠎ᠠ ᠶᠢᠨ 21᠎ ᠤ ᠡᠳᠦᠷ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠤᠨ ᠱᠠᠭᠠᠷᠳᠠᠯᠭ᠎ᠠ ᠶᠣᠰᠣᠭᠠᠷ᠂ ᠪᠥᠬᠦ ᠣᠷᠣᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠤᠨ ᠲᠠᠲᠠᠪᠤᠷᠢᠯᠠᠵᠤ ᠲᠤᠰᠢᠶᠠᠬᠤ ᠪᠣᠳᠠᠲᠠᠢ ᠲᠤᠬᠠᠶᠢᠯᠠᠭᠰᠠᠨ ᠠᠵᠢᠯ ᠤᠨ ᠳᠦᠷᠢᠮ ᠢ ᠲᠣᠳᠣᠷᠬᠠᠶᠢᠯᠠᠬᠤ ᠶᠢᠨ ᠬᠠᠮᠲᠤ᠂ ᠡᠯ᠎ᠡ ᠭᠠᠵᠠᠷ ᠣᠷᠣᠨ ᠤ ᠲᠠᠲᠠᠪᠤᠷᠢᠯᠠᠵᠤ ᠲᠤᠰᠢᠶᠠᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠳᠤ ᠵᠢᠭᠠᠨ ᠵᠢᠯᠣᠭᠤᠳᠤᠯᠭ᠎ᠠ ᠬᠢᠨᠠᠯᠲᠠ ᠲᠠᠯᠪᠢᠯᠲᠠ ᠬᠢᠨ᠎ᠡ᠃︾ ᠭᠡᠵᠦ ᠵᠠᠰᠠᠪᠤᠷᠢ ᠣᠷᠣᠭᠤᠯᠪᠠ᠃

      ᠭᠤᠷᠪᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠨᠢ ᠳᠡᠭᠡᠷ᠎ᠡ ᠳᠤᠷᠠᠳᠤᠭᠰᠠᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠬᠡᠷᠡᠭᠵᠢᠭᠦᠯᠬᠦ ᠶᠠᠪᠤᠴᠠ ᠳᠤ ᠠᠰᠠᠭᠤᠳᠠᠯ ᠲᠤᠯᠭᠠᠷᠠᠪᠠᠯ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠪᠣᠯᠣᠨ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃

      2022 ᠣᠨ ᠤ 10 ᠳ᠋ᠤᠭᠠᠷ ᠰᠠᠷ᠎ᠠ ᠶᠢᠨ 12᠎ ᠤᠨ ᠡᠳᠦᠷ

      ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶

 

 

                          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ

                          2022 ᠣᠨ ᠤ 10 ᠳ᠋ᠤᠭᠠᠷ ᠰᠠᠷ᠎ᠠ ᠶᠢᠨ 29᠎ ᠤ ᠡᠳᠦᠷ ᠳᠠᠷᠤᠮᠠᠯᠯᠠᠨ ᠲᠠᠷᠬᠠᠭᠠᠪᠠ

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ