ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭᠠᠭᠰᠠᠨ 〔2022〕 45 ᠳ᠋ᠤᠭᠠᠷ ᠲᠣᠭᠠᠲᠤ
ᠨᠠᠰᠤᠵᠢᠯ ᠤᠨ ᠠᠵᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠠᠵᠢᠯ ᠦᠢᠯᠡᠰ ᠤᠨ ᠨᠢᠭᠡᠴᠢ ᠳᠤ᠄
ᠡᠳᠦᠭᠡ ︽ᠨᠠᠰᠤᠵᠢᠯ ᠤᠨ ᠠᠵᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃
2022 ᠣᠨ ᠤ 7 ᠳ᠋ᠤᠭᠠᠷ ᠰᠠᠷ᠎ᠠ ᠶᠢᠨ 7 ᠤ ᠡᠳᠦᠷ
︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
ᠨᠠᠰᠤᠵᠢᠯ ᠤᠨ ᠠᠵᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠬᠤ ᠲᠤᠬᠠᠢ
ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ
︽ᠰᠢᠨ᠎ᠡ ᠴᠠᠭ ᠦᠶ᠎ᠡ ᠶᠢᠨ ᠨᠠᠰᠤᠵᠢᠯᠲᠠ ᠶᠢᠨ ᠠᠵᠢᠯ ᠢ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠪ ᠲᠠᠷᠬᠠᠭᠠᠭᠰᠠᠨ 〔2021〕42 ᠳ᠋ᠤᠭᠠᠷ ᠲᠣᠭᠠᠲᠤ︶ ᠪᠠ ︽ᠨᠠᠰᠤᠵᠢᠯ ᠤᠨ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ 〔2019〕5 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠨᠠᠰᠤᠵᠢᠯ ᠤᠨ ᠠᠵᠤ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠂ ᠨᠠᠰᠤᠲᠠᠶᠢᠴᠤᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠯᠠᠨ ᠲᠠᠰ ᠳᠠᠪᠬᠤᠷᠭ᠎ᠠ ᠶᠢᠨ᠂ ᠣᠯᠠᠨ ᠶᠠᠩᠵᠤ ᠶᠢᠨ ᠨᠠᠰᠤᠵᠢᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠡᠳᠦᠭᠡ ᠳᠣᠣᠷᠠᠬᠢ ᠮᠡᠲᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠢ ᠳᠤᠷᠠᠳᠪᠠ᠃
ᠨᠢᠭᠡ᠂ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠬᠦ ᠬᠡᠷᠡᠭᠲᠡᠢ
︵ᠨᠢᠭᠡ︶ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠤᠯᠤᠰ ᠤᠨ ᠥᠮᠴᠢᠯᠡᠯᠲᠦ ᠬᠥᠷᠥᠩᠭᠡ᠂ ᠨᠡᠶᠢᠭᠡᠮ ᠤᠨ ᠬᠥᠷᠥᠩᠭᠡ ᠶᠢᠨ ᠠᠳᠠᠯᠢ ᠪᠤᠰᠤ ᠣᠷᠣᠯᠭ᠎ᠠ ᠲᠠᠢ ᠬᠥᠮᠥᠰ᠂ ᠠᠳᠠᠯᠢ ᠪᠤᠰᠤ ᠬᠡᠷᠡᠭᠴᠡᠭᠡ ᠱᠠᠭᠠᠷᠳᠠᠯᠭ᠎ᠠ ᠲᠠᠢ ᠡᠲᠡᠭᠡᠳ ᠲᠤ ᠬᠠᠨᠳᠤᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠡᠷᠭᠢᠯᠡᠬᠦ ᠶᠢ ᠵᠣᠷᠢᠭᠵᠢᠭᠤᠯᠤᠨ ᠳᠡᠮᠵᠢᠵᠦ᠂ ᠨᠥᠬᠦᠴᠡᠯ ᠳᠤ ᠨᠡᠶᠢᠴᠡᠭᠰᠡᠨ ᠨᠠᠰᠤᠵᠢᠯ ᠤᠨ ᠪᠠᠶᠢᠭᠤᠯᠤᠮᠵᠢ ᠳᠤ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠶᠢᠨ ᠨᠥᠬᠦᠪᠦᠷᠢ ᠥᠭᠴᠦ᠂ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠡᠵᠡᠩᠨᠡᠯᠲᠡ ᠶᠢᠨ ᠨᠥᠬᠦᠪᠦᠷᠢ ᠣᠯᠭᠤᠬᠤ ᠬᠡᠷᠡᠭᠲᠡᠢ᠃ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠲᠤᠰᠬᠠᠶᠢᠵᠢᠬᠤ᠂ ᠨᠡᠷᠡᠲᠦ ᠲᠡᠮᠳᠡᠭᠵᠢᠬᠦ᠂ ᠬᠡᠯᠬᠢᠶᠡᠵᠢᠬᠦ᠂ ᠬᠡᠪᠴᠢᠶᠡᠵᠢᠨ ᠬᠥᠭᠵᠢᠬᠦ ᠶᠢ ᠵᠣᠷᠢᠭᠵᠢᠭᠤᠯᠬᠤ ᠬᠡᠷᠡᠭᠲᠡᠢ᠃ ᠨᠠᠰᠤᠵᠢᠯ ᠤᠨ ᠦᠢᠯᠡᠴᠢᠯᠡᠭᠡᠨ ᠤ ᠲᠠᠸᠠᠷ ᠤᠨ ᠲᠡᠮᠳᠡᠭ ᠨᠠᠷᠠᠲᠤ ᠲᠡᠮᠳᠡᠭᠲᠦ ᠶᠢ ᠬᠠᠮᠠᠭᠠᠯᠠᠬᠤ ᠪᠠᠨ ᠬᠠᠤᠯᠢ ᠶᠣᠰᠣᠭᠠᠷ ᠴᠢᠩᠭᠠᠳᠬᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ᠎ᠠ᠃ ᠳᠣᠷᠣᠭᠰᠢᠬᠢ ᠶᠢ ᠴᠥᠮ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠨᠠᠶᠢᠳᠠᠪᠤᠷᠢᠵᠢᠭᠤᠯᠬᠤ ᠪᠣᠯᠬᠤᠷ ᠳᠠᠭᠢᠵᠤ ᠵᠢᠭᠰᠠᠭᠠᠨ ᠲᠣᠳᠣᠷᠬᠠᠶᠢᠯᠠᠬᠤ ᠦᠭᠡᠢ︶
︵ᠬᠤᠶᠠᠷ︶ ᠡᠷᠡᠭᠦᠯᠵᠢᠯ ᠤᠨ ᠬᠠᠪᠰᠤᠷᠤᠮᠵᠢ ᠬᠡᠷᠡᠭᠰᠡᠯ ᠤᠨ ᠠᠵᠤ ᠦᠢᠯᠡᠰ ᠢ ᠶᠡᠭᠡ ᠪᠠᠷ ᠬᠥᠭᠵᠢᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠡᠷᠡᠭᠦᠯᠵᠢᠯ ᠤᠨ ᠬᠠᠪᠰᠤᠷᠤᠮᠵᠢ ᠬᠡᠷᠡᠭᠰᠡᠯ ᠬᠢᠭᠡᠳ ᠥᠲᠡᠭᠦᠰ ᠲᠤ ᠲᠣᠬᠢᠷᠠᠬᠤ ᠦᠢᠯᠡᠳᠬᠦᠨ ᠢ ᠳᠡᠯᠭᠡᠨ ᠦᠵᠡᠭᠦᠯᠬᠦ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠥᠪ ᠪᠠᠶᠢᠭᠤᠯᠵᠤ᠂ ᠠᠵᠤ ᠠᠬᠤᠶᠢᠯᠠᠯ ᠳᠤ ᠦᠢᠯᠡᠳᠬᠦᠨ ᠢᠶᠠᠨ ᠳᠡᠯᠭᠡᠨ ᠦᠵᠡᠭᠦᠯᠬᠦ ᠪᠠ ᠪᠡᠶᠡᠴᠢᠯᠡᠨ ᠣᠶᠢᠯᠠᠭᠠᠬᠤ ᠲᠠᠪᠴᠠᠩ ᠬᠠᠩᠭᠠᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠨᠠᠰᠤᠵᠢᠯ ᠤᠨ ᠴᠢᠨᠠᠷᠵᠢᠭᠤᠨ ᠠᠵᠤ ᠠᠬᠤᠶᠢᠯᠠᠯ ᠪᠠ ᠬᠠᠪᠰᠤᠷᠤᠮᠵᠢ ᠬᠡᠷᠡᠭᠰᠡᠯ ᠤᠨ ᠠᠵᠤ ᠠᠬᠤᠶᠢᠯᠠᠯ ᠢ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠲᠣᠭᠤᠷᠢᠭ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠠ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠲᠡᠳᠡᠨ ᠨᠤᠲᠤᠭᠰᠢᠭᠤᠯᠬᠤ ᠶᠢᠨ ᠬᠠᠮᠲᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠦᠷᠲᠡᠭᠡᠬᠦ ᠬᠡᠷᠡᠭᠲᠡᠢ᠃ ᠡᠷᠡᠭᠦᠯᠵᠢᠯ ᠤᠨ ᠬᠠᠪᠰᠤᠷᠤᠮᠵᠢ ᠬᠡᠷᠡᠭᠰᠡᠯ ᠢ ᠨᠡᠶᠢᠭᠡᠮ ᠲᠣᠭᠤᠷᠢᠭ ᠲᠤ ᠲᠦᠷᠢᠶᠡᠰᠦᠯᠡᠵᠦ ᠦᠭᠭᠦ ᠶᠢ ᠢᠳᠡᠪᠬᠢᠲᠡᠢ ᠳᠡᠯᠭᠡᠷᠡᠭᠦᠯᠵᠦ᠂ ᠨᠡᠶᠢᠭᠡᠮ ᠤᠨ ᠬᠢᠨ ᠤ ᠨᠠᠰᠤᠵᠢᠯ ᠤᠨ ᠪᠠᠶᠢᠭᠤᠯᠤᠮᠵᠢ ᠡᠷᠬᠢᠯᠡᠬᠦ ᠪᠠ ᠦᠢᠯᠡᠴᠢᠯᠡᠭᠡᠨ ᠤ ᠲᠠᠯᠠᠪᠤᠷ ᠭᠠᠵᠠᠷ ᠲᠤ ᠡᠷᠡᠭᠦᠯᠵᠢᠯ ᠤᠨ ᠬᠠᠪᠰᠤᠷᠤᠮᠵᠢ ᠬᠡᠷᠡᠭᠰᠡᠯ ᠬᠤᠳᠠᠯᠳᠤᠨ ᠠᠪᠴᠤ ᠬᠡᠷᠡᠭᠯᠡᠬᠦ ᠳᠤ ᠨᠥᠬᠦᠪᠦᠷᠢ ᠦᠭᠭᠦ ᠳᠦᠷᠢᠮ ᠢ ᠰᠦᠪᠡᠭᠴᠢᠯᠡᠨ ᠪᠠᠶᠢᠭᠤᠯᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠡᠮᠳᠡᠭᠴᠦᠳ ᠤᠨ ᠬᠤᠯᠪᠣᠭᠠᠲᠤ ᠬᠤᠷᠠᠯ ᠠᠴᠠ ᠬᠠᠷᠢᠭᠤᠴᠠᠨ᠎ᠠ︶
︵ᠭᠤᠷᠪᠠ︶ ᠨᠠᠰᠤᠲᠠᠶᠢᠴᠤᠳ ᠤᠨ ᠰᠠᠭᠤᠷᠢᠰᠢᠬᠤ ᠳᠤ ᠲᠠᠭᠠᠯᠠᠮᠵᠢᠲᠠᠢ ᠠᠵᠤ ᠦᠢᠯᠡᠰ ᠢ ᠢᠳᠡᠪᠬᠢᠲᠡᠢ ᠬᠥᠭᠵᠢᠭᠦᠯᠬᠦ ᠬᠡᠷᠡᠭᠲᠡᠢ᠃ ᠨᠡᠶᠢᠭᠡᠮ ᠤᠨ ᠬᠥᠷᠥᠩᠭᠡ ᠶᠢᠨ ᠨᠠᠰᠤᠲᠠᠶᠢᠴᠤᠳ ᠤᠨ ᠣᠷᠣᠰᠢᠨ ᠰᠠᠭᠤᠬᠤ ᠳᠤ ᠲᠣᠬᠢᠷᠠᠬᠤ ᠨᠠᠩ ᠣᠯᠠᠨ ᠬᠤᠳᠠᠯᠳᠤᠭᠠᠨ ᠤ ᠣᠷᠣᠨ ᠰᠠᠭᠤᠴᠠ ᠶᠢᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠬᠤ ᠬᠡᠷᠡᠭᠲᠡᠢ᠃ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢ ᠲᠥᠯᠥᠪᠦᠷᠢ ᠦᠭᠡᠢ ᠪᠠᠷ ᠨᠡᠶᠢᠭᠡᠮ ᠤᠨ ᠬᠦᠴᠦᠨ ᠳᠤ ᠲᠤᠰᠢᠶᠠᠨ ᠡᠵᠡᠩᠨᠡᠭᠦᠯᠬᠦ ᠶᠢ ᠳᠡᠮᠵᠢᠵᠦ᠂ ᠭᠡᠷ ᠠᠬᠤᠢ ᠶᠢᠨ ᠠᠵᠤ ᠠᠬᠤᠶᠢᠯᠠᠯ᠂ ᠠᠳᠠᠯ ᠠᠬᠤᠢ ᠶᠢᠨ ᠺᠣᠮᠫᠠᠨᠢ ᠶᠢᠨ ᠭᠡᠷ ᠲᠤ ᠪᠠᠨ ᠠᠰᠠᠷᠠᠭᠤᠯᠬᠤ ᠳᠤ ᠵᠣᠷᠢᠭᠤᠯᠤᠭᠰᠠᠨ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠳᠤ ᠣᠷᠤᠯᠴᠠᠬᠤ ᠶᠢ ᠳᠡᠮᠵᠢᠬᠦ ᠬᠡᠷᠡᠭᠲᠡᠢ᠃ ᠣᠨᠴᠠ ᠬᠦᠴᠢᠷᠳᠡᠯᠲᠡᠢ ᠨᠠᠰᠤᠲᠠᠶᠢᠴᠤᠳ ᠤᠨ ᠭᠡᠷ ᠪᠦᠯᠢ ᠳᠤ ᠥᠲᠡᠭᠦᠰ ᠲᠤ ᠲᠣᠬᠢᠷᠠᠭᠤᠯᠤᠭᠰᠠᠨ ᠥᠭᠡᠷᠡᠴᠢᠯᠡᠯᠲᠡ ᠰᠢᠨᠡᠴᠢᠯᠡᠯᠲᠡ ᠬᠢᠬᠦ ᠳᠤ ᠨᠥᠬᠦᠪᠦᠷᠢ ᠥᠭᠴᠦ᠂ ᠨᠠᠰᠤᠲᠠᠨ ᠢ ᠠᠰᠠᠷᠠᠬᠤ ᠠᠵᠢᠯ ᠤᠨ ᠭᠡᠷ ᠪᠦᠯᠢ ᠶᠢᠨ ᠦᠢᠯᠡᠴᠢᠯᠡᠭᠡᠨ ᠤ ᠣᠷᠣ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠬᠠᠷᠢᠭᠤᠴᠠᠨ᠎ᠠ︶
︵ᠳᠥᠷᠪᠡ︶ ᠥᠲᠡᠭᠦᠰ ᠤᠨ ᠰᠤᠷᠭᠠᠨ ᠬᠥᠮᠦᠵᠢᠯ ᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠨᠥᠬᠦᠴᠡᠯ ᠲᠠᠢ ᠰᠤᠷᠭᠠᠭᠤᠯᠢ ᠨᠤᠭᠤᠳ ᠤᠨ ᠥᠲᠡᠭᠦᠰ ᠤᠨ ᠰᠤᠷᠭᠠᠨ ᠬᠥᠮᠦᠵᠢᠯ ᠢ ᠥᠷᠨᠢᠭᠦᠯᠬᠦ ᠶᠢ ᠨᠢ ᠵᠣᠷᠢᠭᠵᠢᠭᠤᠯᠵᠤ᠂ ᠨᠡᠶᠢᠭᠡᠮ ᠤᠨ ᠬᠦᠴᠦᠨ ᠤ ᠥᠲᠡᠭᠦᠰ ᠤᠨ ᠶᠡᠭᠡ ᠰᠤᠷᠭᠠᠭᠤᠯᠢ ᠡᠷᠬᠢᠯᠡᠬᠦ ᠶᠢ ᠳᠡᠮᠵᠢᠵᠦ᠂ ᠥᠲᠡᠭᠦᠰ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠥᠷᠭᠡᠳᠬᠡᠬᠦ ᠬᠡᠷᠡᠭᠲᠡᠢ᠃ ᠥᠲᠡᠭᠦᠰ ᠤᠨ ᠲᠣᠭᠠᠵᠢᠯᠲᠤ ᠰᠤᠷᠭᠠᠨ ᠬᠥᠮᠦᠵᠢᠯ ᠤᠨ ᠰᠢᠨ᠎ᠡ ᠡᠵᠡᠩᠨᠡᠯᠲᠡ ᠶᠢᠨ ᠪᠠᠶᠢᠳᠠᠯ ᠢ ᠵᠣᠷᠢᠭᠵᠢᠭᠤᠯᠤᠨ ᠬᠥᠭᠵᠢᠭᠦᠯᠵᠦ᠂ ᠠᠵᠤ ᠠᠬᠤᠶᠢᠯᠠᠯ ᠪᠠ ᠡᠯ᠎ᠡ ᠲᠥᠷᠥᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠦᠯᠵᠢᠶᠡᠨ ᠥᠷᠲᠡᠭᠡ᠂ ᠭᠠᠷ ᠤᠲᠠᠰᠤᠨ ᠤ APP ᠢᠶᠠᠷ ᠳᠠᠮᠵᠢᠭᠤᠯᠤᠨ ᠰᠦᠯᠵᠢᠶ᠎ᠡ ᠪᠠᠷ ᠰᠤᠷᠤᠯᠴᠠᠬᠤ᠂ ᠬᠠᠷᠢᠯᠴᠠᠨ ᠬᠥᠳᠡᠯᠦᠯᠴᠡᠵᠦ ᠣᠶᠢᠯᠠᠭᠠᠯᠴᠠᠬᠤ ᠵᠡᠷᠭᠡ ᠰᠢᠨ᠎ᠡ ᠶᠢ ᠡᠭᠦᠳᠦᠭᠰᠡᠨ ᠰᠤᠷᠭᠠᠨ ᠬᠥᠮᠦᠵᠢᠯ ᠤᠨ ᠨᠡᠷᠡᠳᠭᠦᠨ ᠢ ᠨᠡᠭᠡᠭᠡᠨ ᠬᠥᠭᠵᠢᠭᠦᠯᠬᠦ ᠶᠢ ᠳᠡᠮᠵᠢᠵᠦ᠂ ᠵᠠᠰᠠᠭ ᠤᠨ ᠣᠷᠳᠣᠨ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠥᠲᠡᠭᠦᠰ ᠤᠨ ᠰᠤᠷᠭᠠᠨ ᠬᠥᠮᠦᠵᠢᠯ ᠢ ᠬᠥᠭᠵᠢᠭᠦᠯᠬᠦ ᠶᠢ ᠨᠢ ᠳᠡᠮᠵᠢᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠠᠴᠠ ᠬᠠᠷᠢᠭᠤᠴᠠᠨ᠎ᠠ︶
︵ᠲᠠᠪᠤ︶ ᠡᠷᠡᠭᠦᠯ ᠡᠩᠬᠡ ᠵᠢᠭᠤᠯᠴᠢᠯᠠᠨ ᠰᠠᠭᠤᠬᠤ ᠨᠠᠰᠤᠵᠢᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠡᠷᠡᠭᠦᠯᠵᠢᠭᠦᠯᠵᠦ ᠰᠤᠪᠢᠯᠠᠬᠤ ᠵᠢᠭᠤᠯᠴᠢᠯᠠᠯ᠂ ᠨᠡᠭᠦᠳᠡᠯ ᠬᠡᠯᠪᠡᠷᠢ ᠶᠢᠨ ᠵᠢᠭᠤᠯᠴᠢᠯᠠᠯ᠂ ᠬᠤᠪᠢᠰᠬᠠᠯ ᠤᠨ ᠳᠤᠷᠠᠰᠬᠠᠯᠲᠤ ᠭᠠᠵᠠᠷ ᠤᠨ ᠵᠢᠭᠤᠯᠴᠢᠯᠠᠯ ᠵᠡᠷᠭᠡ ᠨᠠᠰᠤᠲᠠᠶᠢᠴᠤᠳ ᠲᠤ ᠲᠣᠬᠢᠷᠠᠬᠤ ᠵᠢᠭᠤᠯᠴᠢᠯᠠᠯ ᠤᠨ ᠲᠥᠷᠥᠯ ᠵᠦᠢᠯ ᠢ ᠶᠡᠭᠡ ᠪᠠᠷ ᠬᠥᠭᠵᠢᠭᠦᠯᠬᠦ ᠬᠡᠷᠡᠭᠲᠡᠢ᠃ ᠵᠢᠭᠤᠯᠴᠢᠯᠠᠯ ᠤᠨ ᠠᠵᠤ ᠠᠬᠤᠶᠢᠯᠠᠯ ᠤᠨ ᠣᠨᠴᠠᠯᠢᠭᠲᠤ ᠡᠵᠡᠩᠨᠡᠯᠲᠡ ᠶᠢᠨ ᠵᠠᠭᠪᠤᠷ ᠪᠠᠶᠢᠭᠤᠯᠵᠤ᠂ ᠨᠠᠩ ᠣᠯᠠᠨ ᠨᠠᠰᠤᠲᠠᠶᠢᠴᠤᠳ ᠲᠤ ᠲᠣᠬᠢᠷᠠᠬᠤ ᠵᠢᠭᠤᠯᠴᠢᠯᠠᠯ ᠤᠨ ᠨᠡᠷᠡᠳᠭᠦᠨ ᠢ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠬᠤ ᠬᠡᠷᠡᠭᠲᠡᠢ᠃ ᠦᠵᠡᠮᠵᠢ ᠶᠢᠨ ᠣᠷᠣᠨ᠂ ᠪᠠᠭᠤᠳᠠᠯ ᠵᠡᠷᠭᠡ ᠶᠢᠨ ᠬᠠᠷᠰᠢ ᠰᠠᠭᠠᠳ ᠦᠭᠡᠢ ᠪᠡᠯᠡᠳᠬᠡᠮᠵᠢ ᠶᠢᠨ ᠪᠠᠶᠢᠭᠤᠯᠤᠯᠲᠠ ᠬᠠᠮᠢᠶᠠᠷᠤᠯᠲᠠ ᠪᠠᠨ ᠴᠢᠩᠭᠠᠳᠬᠠᠬᠤ ᠶᠢ ᠵᠣᠷᠢᠭᠵᠢᠭᠤᠯᠵᠤ᠂ ᠦᠢᠯᠡᠴᠢᠯᠡᠭᠡᠨ ᠤ ᠬᠢᠷᠢ ᠲᠦᠪᠰᠢᠨ ᠪᠠ ᠴᠢᠳᠠᠪᠤᠷᠢ ᠪᠠᠨ ᠳᠡᠭᠡᠭᠰᠢᠯᠡᠭᠦᠯᠦᠨ᠂ ᠨᠠᠰᠤᠲᠠᠶᠢᠴᠤᠳ ᠤᠨ ᠵᠢᠭᠤᠯᠴᠢᠯᠠᠨ ᠰᠠᠭᠤᠬᠤ ᠠᠮᠤᠷ ᠲᠦᠪᠰᠢᠨ᠂ ᠳᠥᠭᠦᠮ ᠳᠥᠲᠡ ᠣᠷᠴᠢᠨ ᠨᠥᠬᠦᠴᠡᠯ ᠢ ᠪᠣᠶ ᠪᠤᠯᠭᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠵᠡᠮᠳᠡᠭᠴᠦᠳ ᠤᠨ ᠬᠤᠯᠪᠣᠭᠠᠲᠤ ᠬᠤᠷᠠᠯ ᠠᠴᠠ ᠬᠠᠷᠢᠭᠤᠴᠠᠨ᠎ᠠ︶
ᠬᠤᠶᠠᠷ᠂ ᠬᠦᠴᠦᠨ ᠵᠦᠢᠯ ᠤᠨ ᠪᠠᠲᠤᠯᠠᠭ᠎ᠠ ᠶᠢᠨ ᠲᠤᠯᠭᠠᠭᠤᠷᠢᠯᠠᠯ ᠢ ᠴᠢᠩᠭᠠᠷᠠᠭᠤᠯᠬᠤ ᠬᠡᠷᠡᠭᠲᠡᠢ
︵ᠵᠢᠷᠭᠤᠭ᠎ᠠ︶ ᠨᠠᠰᠤᠵᠢᠯ ᠤᠨ ᠦᠢᠯᠡᠴᠢᠯᠡᠭᠡᠨ ᠤ ᠠᠵᠢᠯ ᠡᠷᠬᠢᠯᠡᠭᠰᠡᠳ ᠢ ᠬᠥᠮᠥᠵᠢᠭᠦᠯᠦᠨ ᠪᠣᠯᠪᠠᠰᠣᠷᠠᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠨᠥᠬᠦᠴᠡᠯ ᠲᠠᠢ ᠶᠡᠭᠡ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠥᠲᠡᠭᠦᠰ ᠤᠨ ᠰᠤᠷᠭᠠᠨ ᠬᠥᠮᠦᠵᠢᠯ ᠤᠨ ᠬᠠᠮᠢᠶ᠎ᠠ ᠪᠦᠬᠦᠢ ᠲᠤᠰᠬᠠᠢ ᠮᠡᠷᠭᠡᠵᠢᠯ ᠪᠠ ᠬᠢᠴᠢᠶᠡᠯ ᠲᠣᠬᠢᠷᠠᠭᠤᠯᠬᠤ ᠶᠢ ᠵᠣᠷᠢᠭᠵᠢᠭᠤᠯᠵᠤ᠂ ᠥᠲᠡᠭᠦᠰ ᠤᠨ ᠬᠢᠴᠢᠶᠡᠯ ᠰᠢᠨᠵᠢᠯᠡᠭᠡᠨ ᠤ ᠲᠤᠰᠬᠠᠢ ᠮᠡᠷᠭᠡᠵᠢᠯ ᠤᠨ ᠪᠠᠶᠢᠭᠤᠯᠤᠯᠲᠠ ᠪᠠ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢᠲᠠᠨ ᠢ ᠬᠥᠮᠥᠵᠢᠭᠦᠯᠬᠦ ᠪᠠᠨ ᠴᠢᠩᠭᠠᠳᠬᠠᠬᠤ ᠬᠡᠷᠡᠭᠲᠡᠢ᠃ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠮᠢᠶ᠎ᠠ ᠪᠦᠬᠦᠢ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠯᠤᠭ᠎ᠠ ᠭᠦᠨᠵᠡᠭᠡᠢ ᠬᠠᠮᠲᠤᠷᠠᠯᠴᠠᠭ᠎ᠠ ᠥᠷᠨᠢᠭᠦᠯᠬᠦ ᠶᠢ ᠠᠬᠢᠭᠤᠯᠵᠤ᠂ ᠨᠠᠰᠤᠲᠠᠨ ᠢ ᠠᠰᠠᠷᠠᠬᠤ ᠭᠠᠵᠠᠷ ᠤᠨ ᠳᠠᠷᠤᠭ᠎ᠠ᠂ ᠨᠠᠰᠤᠲᠠᠨ ᠢ ᠠᠰᠠᠷᠠᠬᠤ ᠰᠤᠪᠢᠯᠠᠭᠴᠢ ᠪᠠ ᠨᠠᠰᠤᠲᠠᠶᠢᠴᠤᠳ ᠤᠨ ᠠᠵᠢᠯᠲᠠᠨ ᠤ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠪᠠᠶᠢᠭᠤᠯᠤᠨ᠂ ᠠᠵᠢᠯ ᠤᠨ ᠪᠠᠶᠢᠷᠢᠨ ᠳᠤ ᠭᠠᠷᠬᠤ᠂ ᠠᠵᠢᠯ ᠤᠨ ᠪᠠᠶᠢᠷᠢ ᠰᠢᠯᠵᠢᠬᠦ᠂ ᠮᠡᠷᠭᠡᠵᠢᠯ ᠴᠢᠳᠠᠪᠤᠷᠢ ᠪᠠᠨ ᠳᠡᠭᠡᠭᠰᠢᠯᠡᠭᠦᠯᠬᠦ ᠵᠡᠷᠭᠡ ᠡᠯ᠎ᠡ ᠲᠥᠷᠥᠯ ᠤᠨ ᠪᠣᠯᠪᠠᠰᠤᠷᠠᠯ ᠢ ᠢᠳᠡᠪᠬᠢᠲᠡᠢ ᠥᠷᠨᠢᠭᠦᠯᠵᠦ᠂ ᠨᠠᠰᠤᠵᠢᠯ ᠤᠨ ᠦᠢᠯᠡᠴᠢᠯᠡᠭᠡᠨ ᠤ ᠠᠵᠢᠯ ᠡᠷᠬᠢᠯᠡᠭᠰᠡᠳ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ ᠨᠥᠬᠦᠪᠦᠷᠢ᠂ ᠠᠵᠢᠯ ᠮᠡᠷᠭᠡᠵᠢᠯ ᠤᠨ ᠴᠢᠳᠠᠪᠤᠷᠢ ᠶᠢᠨ ᠵᠡᠷᠭᠡ ᠳᠡᠰ ᠢ ᠦᠨᠡᠯᠡᠬᠦ ᠨᠥᠬᠦᠪᠦᠷᠢ ᠵᠡᠷᠭᠡ ᠲᠥᠷᠥ ᠶᠢᠨ ᠪᠣᠳᠣᠯᠭ᠎ᠠ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠠᠷᠢᠭᠤᠴᠠᠨ᠎ᠠ︶
︵ᠳᠣᠯᠤᠭ᠎ᠠ︶ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠪᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠪᠠᠲᠤᠯᠠᠭ᠎ᠠ ᠶᠢ ᠨᠡᠮᠡᠭᠳᠡᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠨᠢ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢᠨ ᠲᠥᠯᠦᠪᠵᠢᠭᠦᠯᠭᠡ ᠪᠠᠨ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠵᠤ᠂ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠪᠠᠲᠤᠯᠠᠬᠤ ᠬᠡᠷᠡᠭᠲᠡᠢ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠪᠣᠯ ᠤᠯᠤᠰ ᠤᠨ ᠥᠮᠴᠢᠯᠡᠯᠲᠦ ᠶᠢᠨ ᠬᠤᠪᠢᠶᠠᠷᠢᠯᠠᠨ ᠰᠠᠯᠭᠠᠭᠰᠠᠨ ᠭᠠᠵᠠᠷ ᠪᠤᠶᠤ ᠬᠠᠮᠲᠤ ᠶᠢᠨ ᠥᠮᠴᠢᠯᠡᠯ ᠤᠨ ᠭᠠᠵᠠᠷ ᠢ ᠬᠠᠤᠯᠢ ᠶᠣᠰᠣᠭᠠᠷ ᠬᠡᠷᠡᠭᠯᠡᠵᠦ ᠪᠣᠯᠣᠨ᠎ᠠ︔ ᠠᠰᠢᠭ ᠣᠯᠵᠠᠪᠤᠷᠢ ᠶᠢᠨ ᠴᠢᠨᠠᠷᠲᠠᠢ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠲᠦᠷᠢᠶᠡᠰᠦᠯᠡᠭᠦᠯᠬᠦ᠂ ᠲᠥᠯᠥᠪᠦᠷᠢᠲᠡᠢ ᠰᠢᠯᠵᠢᠭᠦᠯᠬᠦ ᠵᠡᠷᠭᠡ ᠠᠷᠭ᠎ᠠ ᠮᠠᠶ᠋ᠢᠭ ᠢᠶᠠᠷ ᠬᠠᠩᠭᠠᠬᠤ ᠶᠢᠨ ᠬᠠᠮᠲᠤ᠂ ᠬᠠᠮᠢᠶ᠎ᠠ ᠪᠦᠬᠦᠢ ᠭᠠᠶᠢᠯᠢ ᠰᠦᠢᠳᠬᠡᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠬᠦ ᠬᠡᠷᠡᠭᠲᠡᠢ︔ ᠲᠠᠷᠢᠶᠠᠯᠠᠬᠤ ᠮᠠᠯᠵᠢᠬᠤ ᠣᠷᠣᠨ ᠤ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠨᠠᠰᠤᠵᠢᠯ ᠤᠨ ᠦᠢᠯᠡᠴᠢᠯᠡᠭᠡᠨ ᠢ ᠬᠥᠭᠵᠢᠭᠦᠯᠬᠦ ᠳᠤ ᠤᠷᠢᠳ ᠢᠶᠠᠷ ᠬᠡᠷᠡᠭᠯᠡᠬᠦ ᠶᠢ ᠵᠣᠷᠢᠭᠵᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠬᠠᠷᠢᠭᠤᠴᠠᠨ᠎ᠠ︶
︵ᠨᠠᠢᠮᠠ︶ ᠨᠠᠰᠤᠵᠢᠯ ᠤᠨ ᠠᠵᠤ ᠦᠢᠯᠡᠰ ᠤᠨ ᠪᠡᠯᠡ ᠲᠣᠬᠢᠷᠠᠭᠤᠯᠬᠤ ᠴᠢᠳᠠᠪᠤᠷᠢ ᠪᠠ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠬᠤᠳᠠᠯᠳᠤᠭᠠᠨ ᠤ ᠪᠠᠩᠬᠢ ᠪᠠ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠠᠩᠬᠢ ᠶᠢᠨ ᠨᠠᠰᠤᠵᠢᠯ ᠤᠨ ᠠᠵᠤ ᠦᠢᠯᠡᠰ ᠲᠤ ᠬᠠᠨᠳᠤᠭᠤᠯᠤᠭᠰᠠᠨ ᠲᠤᠰᠬᠠᠢ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠭᠠᠷᠭᠠᠬᠤ ᠶᠢ ᠨᠢ ᠵᠣᠷᠢᠭᠵᠢᠭᠤᠯᠵᠤ᠂ ᠨᠠᠰᠤᠵᠢᠯ ᠤᠨ ᠠᠵᠤ ᠠᠬᠤᠶᠢᠯᠠᠯ ᠳᠤ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ ᠪᠠ ᠣᠨᠣᠪᠴᠢ ᠶᠢᠨ ᠬᠡᠮᠵᠢᠶ᠎ᠡ ᠶᠢ ᠨᠢ ᠴᠢᠩᠭᠠᠷᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠠᠵᠤ ᠦᠢᠯᠡᠰ ᠤᠨ ᠵᠠᠰᠠᠭ ᠤᠨ ᠣᠷᠳᠣᠨ ᠤ ᠬᠥᠲᠥᠯᠥᠨ ᠵᠢᠯᠤᠭᠤᠳᠬᠤ ᠰᠠᠭᠤᠷᠢ ᠮᠥᠩᠭᠦ ᠶᠢᠨ ᠬᠥᠰᠢᠭᠦᠷᠭᠡ ᠶᠢᠨ ᠦᠢᠯᠡᠳᠦᠯ ᠢ ᠨᠢ ᠢᠳᠡᠪᠬᠢᠲᠡᠢ ᠪᠠᠳᠠᠷᠠᠭᠤᠯᠵᠤ᠂ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠨᠠᠰᠤᠵᠢᠯ ᠤᠨ ᠦᠢᠯᠡᠴᠢᠯᠡᠭᠡᠨ ᠤ ᠠᠵᠤ ᠦᠢᠯᠡᠰ ᠢ ᠬᠥᠭᠵᠢᠭᠦᠯᠬᠦ ᠶᠢ ᠠᠬᠢᠭᠤᠯᠬᠤ ᠬᠡᠷᠡᠭᠲᠡᠢ᠃ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠨᠠᠰᠤᠵᠢᠯ ᠤᠨ ᠠᠵᠤ ᠦᠢᠯᠡᠰ ᠵᠢᠴᠢ ᠬᠠᠮᠢᠶ᠎ᠠ ᠪᠦᠬᠦᠢ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠳᠡᠮᠵᠢᠬᠦ ᠡᠷᠴᠢᠮ ᠢ ᠨᠢ ᠴᠢᠩᠭᠠᠷᠠᠭᠤᠯᠬᠤ ᠬᠡᠷᠡᠭᠲᠡᠢ᠃ ᠪᠠᠩᠬᠢ ᠶᠢᠨ ᠪᠤᠰᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠢᠲᠡᠭᠡᠮᠵᠢ᠂ ᠪᠡᠯᠡ ᠲᠣᠬᠢᠷᠠᠭᠤᠯᠭ᠎ᠠ ᠶᠢᠨ ᠲᠦᠷᠢᠶᠡᠰᠦᠯᠡᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠰᠤᠵᠢᠯ ᠤᠨ ᠠᠵᠤ ᠦᠢᠯᠡᠰ ᠲᠤ ᠪᠡᠯᠡ ᠲᠣᠬᠢᠷᠠᠭᠤᠯᠭ᠎ᠠ ᠶᠢᠨ ᠳᠡᠮᠵᠢᠯᠭᠡ ᠦᠵᠡᠭᠦᠯᠬᠦ ᠡᠷᠴᠢᠮ ᠢ ᠴᠢᠩᠭᠠᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ᠎ᠠ︶
︵ᠶᠢᠰᠦ︶ ᠨᠠᠰᠤᠵᠢᠯ ᠤᠨ ᠦᠢᠯᠡᠴᠢᠯᠡᠭᠡᠨ ᠤ ᠬᠦᠷᠢᠶ᠎ᠡ ᠴᠠᠷᠠᠭ᠎ᠠ ᠳᠠᠬᠢ ᠡᠳ᠋ ᠤᠨ ᠵᠠᠰᠠᠭ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢᠨ ᠳᠡᠮᠵᠢᠭᠦ ᠡᠷᠴᠢᠮ ᠢ ᠴᠢᠩᠭᠠᠷᠠᠭᠤᠯᠬᠤ ᠬᠡᠷᠡᠭᠲᠡᠢ᠃ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ᠂ ᠣᠷᠣᠨ ᠨᠤᠲᠤᠭ ᠤᠨ ᠡᠳ᠋ ᠤᠨ ᠵᠠᠰᠠᠭ ᠤᠨ ᠲᠥᠰᠥᠪ᠂ ᠠᠰᠠᠷᠠᠮᠵᠢ ᠶᠢᠨ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠵᠡᠷᠭᠡ ᠲᠤᠰᠬᠠᠢ ᠪᠡᠯᠡ ᠮᠥᠩᠭᠦᠨ ᠤ ᠬᠥᠲᠥᠯᠥᠨ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠥᠬᠦᠴᠡᠯ ᠳᠤ ᠨᠡᠶᠢᠴᠡᠬᠦ ᠨᠠᠰᠤᠵᠢᠯ ᠤᠨ ᠦᠢᠯᠡᠴᠢᠯᠡᠭᠡᠨ᠂ ᠡᠷᠡᠭᠦᠯᠵᠢᠯ ᠤᠨ ᠬᠠᠪᠰᠤᠷᠤᠮᠵᠢ ᠬᠡᠷᠡᠭᠰᠡᠯ᠂ ᠣᠶᠤᠨᠯᠢᠭ ᠢᠶᠠᠷ ᠨᠠᠰᠤᠲᠠᠨ ᠢ ᠠᠰᠠᠷᠠᠬᠤ ᠵᠡᠷᠭᠡ ᠠᠵᠤ ᠠᠬᠤᠶᠢᠯᠠᠯ ᠪᠠ ᠲᠥᠷᠥᠯ ᠵᠦᠢᠯ ᠳᠤ ᠳᠡᠮᠵᠢᠯᠭᠡ ᠦᠵᠡᠭᠦᠯᠭᠦ ᠬᠡᠷᠡᠭᠲᠡᠢ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠵᠢᠵᠢᠭ ᠪᠢᠴᠢᠯ ᠠᠵᠤ ᠠᠬᠤᠶᠢᠯᠠᠯ ᠢ ᠲᠡᠳᠬᠦᠬᠦ ᠬᠠᠮᠢᠶ᠎ᠠ ᠪᠦᠬᠦᠢ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠨᠥᠬᠦᠴᠡᠯ ᠳᠤ ᠨᠡᠶᠢᠴᠡᠬᠦ ᠵᠢᠵᠢᠭ ᠬᠡᠯᠪᠡᠷᠢ ᠶᠢᠨ ᠠᠰᠢᠭ ᠣᠯᠵᠠᠪᠤᠷᠢ ᠪᠠᠭᠠᠲᠠᠢ ᠨᠠᠰᠤᠵᠢᠯ ᠤᠨ ᠦᠢᠯᠡᠴᠢᠯᠡᠭᠡᠨ ᠤ ᠠᠵᠤ ᠠᠬᠤᠶᠢᠯᠠᠯ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠤᠯᠤᠰ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠥᠷᠳᠡᠭ ᠨᠡᠮᠡᠭᠳᠡᠯ ᠤᠨ ᠭᠠᠶᠢᠯᠢ᠂ ᠣᠯᠵᠠᠪᠤᠷᠢ ᠶᠢᠨ ᠭᠠᠶᠢᠯᠢ ᠵᠡᠷᠭᠡ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠬᠠᠷᠢᠭᠤᠴᠠᠨ᠎ᠠ︶
︵ᠠᠷᠪᠠ︶ ᠣᠶᠤᠨᠴᠢ ᠡᠷᠡᠭᠦᠯ ᠡᠩᠬᠡ ᠨᠠᠰᠤᠵᠢᠯ ᠤᠨ ᠠᠵᠤ ᠦᠢᠯᠡᠰ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠵᠣᠬᠢᠶᠠᠮᠠᠯ ᠣᠶᠤᠨ ᠴᠢᠳᠠᠪᠤᠷᠢ᠂ ᠪᠣᠳᠠᠰᠯᠢᠭ ᠬᠤᠯᠪᠣᠭᠠᠲᠤ ᠰᠦᠯᠵᠢᠶ᠎ᠡ᠂ ᠡᠭᠦᠯᠡᠨ ᠪᠣᠳᠣᠯᠲᠠ᠂ ᠲᠣᠮᠣ ᠳ᠋ᠠᠶᠢᠲ᠋ᠠ ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠪᠠ ᠣᠶᠤᠨᠴᠢ ᠵᠥᠭᠡᠯᠡᠨ ᠬᠠᠲᠠᠭᠤ ᠲᠣᠨᠤᠭ ᠤᠨ ᠦᠢᠯᠡᠳᠬᠦᠨ ᠢ ᠨᠠᠰᠤᠵᠢᠯ ᠤᠨ ᠦᠢᠯᠡᠴᠢᠯᠡᠭᠡᠨ ᠤ ᠬᠦᠷᠢᠶᠡᠨ ᠳᠤ ᠭᠦᠨᠵᠡᠭᠡᠢ ᠬᠡᠷᠡᠭᠯᠡᠬᠦ ᠶᠢ ᠠᠬᠢᠭᠤᠯᠤᠨ᠎ᠠ᠃ ᠠᠵᠤ ᠠᠬᠤᠶᠢᠯᠠᠯ ᠤᠨ ᠬᠢᠨ ᠤ ᠨᠠᠰᠤᠲᠠᠶᠢᠴᠤᠳ ᠤᠨ ᠬᠡᠷᠡᠭᠯᠡᠬᠦ ᠳᠤ ᠲᠣᠬᠢᠷᠠᠬᠤ ᠣᠶᠤᠨᠴᠢ ᠲᠥᠬᠦᠭᠡᠷᠦᠮᠵᠢ ᠰᠤᠳᠤᠯᠤᠨ ᠨᠡᠭᠡᠭᠡᠬᠦ ᠶᠢ ᠳᠡᠮᠵᠢᠵᠦ᠂ ᠨᠠᠰᠤᠲᠠᠶᠢᠴᠤᠳ ᠤᠨ ᠡᠳᠦᠷ ᠲᠤᠲᠤᠮ ᠤᠨ ᠠᠮᠢᠳᠤᠷᠠᠯ ᠯᠤᠭ᠎ᠠ ᠨᠢᠭᠲᠠ ᠬᠤᠯᠪᠣᠭ᠎ᠠ ᠲᠠᠢ ᠰᠦᠯᠵᠢᠶᠡᠨ ᠥᠷᠲᠡᠭᠡ᠂ APP ᠵᠡᠷᠭᠡ ᠳᠤ ᠥᠲᠡᠭᠦᠰ ᠲᠤ ᠲᠣᠬᠢᠷᠠᠭᠤᠯᠤᠨ ᠥᠭᠡᠷᠡᠴᠢᠯᠡᠵᠦ ᠰᠢᠨᠡᠴᠢᠯᠡᠬᠦ ᠶᠢ ᠠᠬᠢᠭᠤᠯᠤᠨ᠂ ︽ᠲᠣᠭᠠᠵᠢᠭᠤᠯᠬᠤ ᠲᠠᠯ᠎ᠠ ᠶᠢᠨ ᠵᠠᠭᠠᠭ︾ ᠢ ᠠᠯᠬᠤᠮ ᠠᠯᠬᠤᠮ ᠢᠶᠠᠷ ᠪᠠᠭᠠᠰᠬᠠᠵᠤ᠂ ᠨᠠᠰᠤᠲᠠᠶᠢᠴᠤᠳ ᠤᠨ ᠣᠶᠤᠨᠴᠢ ᠮᠡᠷᠭᠡᠵᠢᠯ ᠢ ᠬᠡᠷᠡᠭᠯᠡᠬᠦ ᠶᠢᠨ ᠬᠦᠴᠢᠷᠳᠡᠯ ᠢ ᠦᠨᠡᠨ ᠬᠦ ᠰᠢᠢᠳᠪᠦᠷᠢᠯᠡᠨ᠂ ᠨᠠᠰᠤᠲᠠᠶᠢᠴᠤᠳ ᠢ ᠬᠥᠲᠥᠯᠥᠨ ᠵᠢᠯᠤᠭᠤᠳᠬᠤ ᠪᠠ ᠬᠠᠪᠰᠤᠷᠴᠤ ᠪᠠᠶᠢᠭᠠᠳ ᠮᠡᠳᠡᠭᠡ ᠵᠠᠩᠭᠢᠴᠢᠯᠠᠯᠲᠠ ᠶᠢᠨ ᠨᠡᠶᠢᠭᠡᠮ ᠳᠤ ᠠᠭᠤᠰᠤᠯᠴᠠᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠲᠣᠮᠣ ᠳ᠋ᠠᠶᠢᠲ᠋ᠠ ᠶᠢᠨ ᠲᠥᠪ ᠠᠴᠠ ᠬᠠᠷᠢᠭᠤᠴᠠᠨ᠎ᠠ︶
ᠭᠤᠷᠪᠠ᠂ ᠨᠠᠰᠤᠵᠢᠯ ᠤᠨ ᠦᠢᠯᠡᠴᠢᠯᠡᠭᠡᠨ ᠤ ᠬᠡᠷᠡᠭᠯᠡᠭᠡ ᠶᠢ ᠥᠷᠭᠡᠳᠬᠡᠬᠦ ᠬᠡᠷᠡᠭᠲᠡᠢ
︵ᠠᠷᠪᠠᠨ ᠨᠢᠭᠡ︶ ᠣᠯᠠᠨ ᠳᠡᠰ ᠳᠠᠪᠬᠤᠷᠭ᠎ᠠ ᠪᠦᠬᠦᠢ ᠨᠠᠰᠤᠵᠢᠯ ᠤᠨ ᠳᠠᠭᠠᠳᠬᠠᠯ ᠢ ᠲᠦᠷᠭᠡᠳᠬᠡᠨ ᠬᠥᠭᠵᠢᠭᠦᠯᠬᠦ ᠬᠡᠷᠡᠭᠲᠡᠢ᠃ ᠡᠯ᠎ᠡ ᠲᠥᠷᠥᠯ ᠤᠨ ᠬᠤᠳᠠᠯᠳᠤᠭᠠᠨ ᠤ ᠨᠠᠰᠤᠵᠢᠯ ᠤᠨ ᠳᠠᠭᠠᠳᠬᠠᠯ ᠢ ᠶᠡᠭᠡ ᠪᠠᠷ ᠬᠥᠭᠵᠢᠭᠦᠯᠵᠦ᠂ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢᠨ ᠪᠦᠯᠬᠦᠮ ᠨᠡᠶᠢᠲᠡ ᠶᠢᠨ ᠬᠡᠯᠪᠡᠷᠢ ᠪᠦᠬᠦᠢ ᠬᠦᠨᠳᠦ ᠨᠣᠴᠢᠲᠠᠢ ᠡᠪᠡᠳᠴᠢᠨ ᠡᠮᠭᠡᠭ ᠤᠨ ᠳᠠᠭᠠᠳᠬᠠᠯ᠂ ᠡᠮᠴᠢᠯᠡᠭᠡᠨ ᠤ ᠳᠠᠭᠠᠳᠬᠠᠯ ᠵᠡᠷᠭᠡ ᠳᠠᠭᠠᠳᠬᠠᠯ ᠤᠨ ᠵᠦᠢᠯ ᠢ ᠨᠡᠭᠡᠭᠡᠨ ᠬᠥᠭᠵᠢᠭᠦᠯᠬᠦ ᠶᠢ ᠨᠢ ᠳᠠᠮᠵᠢᠵᠤ᠂ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢᠨ ᠨᠠᠰᠤᠲᠠᠶᠢᠴᠤᠳ ᠤᠨ ᠠᠳᠡᠭᠳᠡᠯ ᠤᠨ ᠳᠠᠭᠠᠳᠬᠠᠯ᠂ ᠨᠠᠰᠤᠲᠠᠶᠢᠴᠤᠳ ᠤᠨ ᠵᠢᠭᠤᠯᠴᠢᠯᠠᠯ ᠤᠨ ᠳᠠᠭᠠᠳᠬᠠᠯ ᠵᠡᠷᠭᠡ ᠨᠠᠰᠤᠲᠠᠶᠢᠴᠤᠳ ᠤᠨ ᠣᠨᠴᠠᠯᠢᠭ ᠲᠤ ᠨᠡᠶᠢᠴᠡᠭᠰᠡᠨ ᠳᠠᠭᠠᠳᠬᠠᠯ ᠤᠨ ᠵᠦᠢᠯ ᠢ ᠨᠡᠭᠡᠭᠡᠨ ᠬᠥᠭᠵᠢᠭᠦᠯᠬᠦ ᠶᠢ ᠨᠢ ᠵᠣᠷᠢᠭᠵᠢᠭᠤᠯᠵᠤ᠂ ᠣᠯᠠᠨ ᠵᠠᠮ ᠮᠥᠷ ᠢᠶᠠᠷ ᠨᠠᠰᠤᠲᠠᠶᠢᠴᠤᠳ ᠲᠤ ᠪᠠᠲᠤᠯᠠᠭ᠎ᠠ ᠬᠠᠩᠭᠠᠬᠤ ᠬᠡᠷᠡᠭᠲᠡᠢ᠃ ᠣᠯᠠᠨ ᠳᠡᠰ ᠳᠠᠪᠬᠤᠷᠭ᠎ᠠ ᠪᠦᠬᠦᠢ ᠨᠠᠰᠤᠵᠢᠯ ᠤᠨ ᠳᠠᠭᠠᠳᠬᠠᠯ ᠤᠨ ᠲᠣᠭᠲᠠᠯᠴᠠᠭ᠎ᠠ ᠶᠢᠨ ᠬᠥᠭᠵᠢᠯᠲᠡ ᠶᠢ ᠠᠬᠢᠭᠤᠯᠵᠤ᠂ ᠬᠤᠪᠢ ᠬᠥᠮᠥᠨ ᠤ ᠨᠠᠰᠤᠵᠢᠯ ᠤᠨ ᠮᠥᠩᠭᠦ ᠶᠢᠨ ᠬᠥᠭᠵᠢᠯᠲᠡ ᠶᠢ ᠠᠬᠢᠭᠤᠯᠬᠤ ᠲᠤᠬᠠᠢ ᠤᠯᠤᠰ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠤᠪᠢ ᠬᠥᠮᠥᠨ ᠤ ᠨᠠᠰᠤᠵᠢᠯ ᠤᠨ ᠮᠥᠩᠭᠦ ᠶᠢᠨ ᠳᠦᠷᠢᠮ ᠢ ᠪᠣᠳᠠᠲᠠᠶᠢᠵᠢᠭᠤᠯᠤᠨ ᠬᠡᠷᠡᠭᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ᠎ᠠ︶
︵ᠠᠷᠪᠠᠨ ᠬᠤᠶᠠᠷ︶ ᠨᠠᠰᠤᠵᠢᠯ ᠤᠨ ᠲᠦᠭᠡᠮᠡᠯ ᠬᠠᠷᠠᠭᠠᠯᠵᠠᠯ ᠤᠨ ᠴᠢᠨᠠᠷᠲᠠᠢ ᠮᠥᠩᠭᠦᠨ ᠭᠦᠢᠯᠭᠡᠭᠡᠨ ᠢ ᠵᠣᠷᠢᠭᠵᠢᠭᠤᠯᠤᠨ ᠬᠥᠭᠵᠢᠭᠦᠯᠬᠦ ᠬᠡᠷᠡᠭᠲᠡᠢ᠃ ᠪᠠᠩᠬᠢ᠂ ᠳᠠᠭᠠᠳᠬᠠᠯ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠰᠦᠯᠵᠢᠶ᠎ᠡ ᠪᠠ ᠰᠦᠯᠵᠢᠶᠡᠨ ᠠᠴᠠ ᠭᠠᠳᠠᠭᠤᠷᠬᠢ ᠦᠢᠯᠡᠴᠢᠯᠡᠭᠡᠨ ᠤ ᠴᠤᠪᠤᠷᠠᠯ ᠢᠶᠠᠨ ᠰᠢᠯᠢᠳᠡᠭᠵᠢᠭᠦᠯᠬᠦ ᠶᠢ ᠨᠢ ᠵᠣᠷᠢᠭᠵᠢᠭᠤᠯᠵᠤ᠂ ᠤᠯᠠᠮᠵᠢᠯᠠᠯᠲᠤ ᠦᠢᠯᠡᠴᠢᠯᠡᠭᠡᠨ ᠤ ᠠᠷᠭ᠎ᠠ ᠮᠠᠶ᠋ᠢᠭ ᠪᠠ ᠣᠶᠤᠨᠴᠢ ᠦᠢᠯᠡᠴᠢᠯᠡᠭᠡᠨ ᠤ ᠠᠷᠭ᠎ᠠ ᠮᠠᠶ᠋ᠢᠭ ᠢ ᠵᠡᠷᠭᠡ ᠪᠠᠷ ᠶᠠᠪᠤᠭᠳᠠᠭᠤᠯᠬᠤ ᠶᠢ ᠪᠠᠷᠢᠮᠲᠠᠯᠠᠨ᠂ ᠥᠲᠡᠭᠦᠰ ᠬᠡᠷᠡᠭᠯᠡᠭᠴᠢᠳ ᠲᠤ ᠨᠠᠩ ᠳᠥᠭᠦᠮ ᠳᠥᠲᠡ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠨ᠎ᠠ᠃ ᠲᠣᠭᠲᠠᠭᠤᠨ ᠴᠢᠨᠠᠷ ᠪᠠ ᠠᠰᠢᠭ ᠣᠯᠵᠠᠪᠤᠷᠢ ᠶᠢᠨ ᠴᠢᠨᠠᠷ ᠢ ᠬᠠᠮᠲᠤ ᠳᠤ ᠨᠢ ᠬᠠᠷᠠᠭᠠᠯᠵᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠨᠠᠰᠤᠲᠠᠶᠢᠴᠤᠳ ᠲᠤ ᠲᠣᠬᠢᠷᠠᠬᠤ ᠨᠠᠰᠤᠵᠢᠯ ᠤᠨ ᠬᠡᠯᠪᠡᠷᠢ ᠪᠦᠬᠦᠢ ᠬᠥᠷᠥᠩᠭᠡ ᠮᠥᠩᠭᠦ ᠠᠬᠤᠶᠢᠯᠠᠬᠤ᠂ ᠢᠲᠡᠭᠡᠮᠵᠢ ᠵᠡᠷᠭᠡ ᠮᠥᠩᠭᠦᠨ ᠭᠦᠢᠯᠭᠡᠭᠡᠨ ᠤ ᠨᠡᠷᠡᠳᠭᠦᠨ ᠨᠡᠭᠡᠭᠡᠨ ᠬᠥᠭᠵᠢᠭᠦᠯᠬᠦ ᠳᠤ ᠳᠡᠮᠵᠢᠯᠭᠡ ᠦᠵᠡᠭᠦᠯᠬᠦ ᠬᠡᠷᠡᠭᠲᠡᠢ᠃ ᠨᠠᠰᠤᠲᠠᠶᠢᠴᠤᠳ ᠲᠤ ᠮᠥᠩᠭᠦᠨ ᠭᠦᠢᠯᠭᠡᠭᠡᠨ ᠤ ᠮᠡᠳᠡᠯᠭᠡ ᠶᠢᠨ ᠤᠬᠠᠭᠤᠯᠭ᠎ᠠ ᠬᠢᠬᠦ ᠪᠠᠨ ᠴᠢᠩᠭᠠᠳᠬᠠᠵᠤ᠂ ᠤᠬᠠᠮᠵᠢᠲᠠᠢ ᠬᠥᠷᠥᠩᠭᠡ ᠮᠥᠩᠭᠦ ᠠᠬᠤᠶᠢᠯᠠᠬᠤ ᠦᠵᠡᠯᠲᠡ ᠪᠦᠷᠢᠯᠳᠦᠭᠦᠯᠬᠦ ᠶᠢ ᠰᠠᠨᠠᠭᠠᠴᠢᠯᠠᠨ᠎ᠠ᠃ ︵ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ᠎ᠠ︶
︵ᠠᠷᠪᠠᠨ ᠭᠤᠷᠪᠠ︶ ᠣᠷᠳᠣ ᠬᠤᠭᠤᠴᠠᠭ᠎ᠠ ᠪᠠᠷ ᠬᠠᠷᠠᠭᠠᠯᠵᠠᠨ ᠠᠰᠠᠷᠠᠬᠤ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠢ᠃ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠤᠨ ᠲᠤᠷᠰᠢᠯᠲᠠ ᠶᠢᠨ ᠴᠡᠭ ᠢ ᠯᠠᠪᠳᠠᠭᠤᠨ ᠢᠶᠠᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠳᠤ ᠨᠡᠶᠢᠴᠡᠭᠰᠡᠨ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠢ ᠢᠳᠡᠪᠬᠢᠲᠡᠢ ᠰᠦᠪᠡᠭᠴᠢᠯᠡᠨ ᠪᠠᠶᠢᠭᠤᠯᠵᠤ᠂ ᠨᠠᠰᠤᠵᠢᠯ ᠤᠨ ᠦᠢᠯᠡᠴᠢᠯᠡᠭᠡᠨ ᠤ ᠨᠥᠬᠦᠪᠦᠷᠢ ᠶᠢᠨ ᠲᠥᠷᠥ ᠶᠢᠨ ᠪᠣᠳᠣᠯᠭ᠎ᠠ ᠯᠤᠭ᠎ᠠ ᠵᠣᠯᠭᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠳᠠᠭᠠᠳᠬᠠᠯ ᠤᠨ ᠪᠠᠶᠢᠭᠤᠯᠤᠮᠵᠢ ᠶᠢᠨ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠨᠡᠷᠡᠳᠭᠦᠨ ᠢ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠵᠤ᠂ ᠬᠤᠳᠠᠯᠳᠤᠭᠠᠨ ᠤ ᠳᠠᠭᠠᠳᠬᠠᠯ ᠤᠨ ᠺᠣᠮᠫᠠᠨᠢ ᠶᠢᠨ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡ ᠳᠤ ᠣᠷᠤᠯᠴᠠᠬᠤ ᠶᠢ ᠨᠢ ᠳᠡᠮᠵᠢᠨ ᠠᠬᠢᠭᠤᠯᠤᠨ᠎ᠠ᠃ ᠨᠡᠶᠢᠭᠡᠮ ᠤᠨ ᠠᠪᠤᠷᠠᠨ ᠲᠤᠰᠠᠯᠠᠬᠤ᠂ ᠨᠡᠶᠢᠭᠡᠮ ᠤᠨ ᠠᠰᠠᠷᠠᠮᠵᠢ᠂ ᠨᠢᠭᠦᠯᠡᠰᠦᠩᠭᠦᠢ ᠶᠢᠨ ᠦᠢᠯᠡᠰ᠂ ᠬᠤᠳᠠᠯᠳᠤᠭᠠᠨ ᠤ ᠳᠠᠭᠠᠳᠬᠠᠯ ᠤᠨ ᠨᠥᠬᠦᠪᠦᠷᠢᠯᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠠᠳᠠᠯᠢ ᠪᠤᠰᠤ ᠳᠡᠰ ᠳᠠᠪᠬᠤᠷᠭ᠎ᠠ ᠶᠢᠨ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠠᠷᠭᠠᠴᠠᠭᠠᠨ ᠰᠢᠢᠳᠪᠦᠷᠢᠯᠡᠵᠦ᠂ ᠳᠠᠭᠠᠳᠬᠠᠯ᠂ ᠠᠰᠠᠷᠠᠮᠵᠢ ᠪᠠ ᠠᠪᠤᠷᠠᠨ ᠲᠤᠰᠠᠯᠠᠬᠤ ᠶᠢ ᠬᠠᠷᠢᠯᠴᠠᠨ ᠵᠣᠯᠭᠠᠭᠤᠯᠤᠭᠰᠠᠨ ᠤᠷᠲᠤ ᠬᠤᠭᠤᠴᠠᠭᠠᠨ ᠤ ᠬᠠᠷᠠᠭᠠᠯᠵᠠᠨ ᠠᠰᠠᠷᠠᠬᠤ ᠪᠠᠲᠤᠯᠠᠭ᠎ᠠ ᠶᠢᠨ ᠳᠦᠷᠢᠮ ᠪᠠᠶᠢᠭᠤᠯᠬᠤ ᠶᠢ ᠠᠬᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ᠎ᠠ︶
︵ᠠᠷᠪᠠᠨ ᠳᠥᠷᠪᠡ︶ ᠳᠠᠯᠳᠠ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠥᠭᠵᠢᠭᠡᠬᠦ ᠬᠡᠷᠡᠭᠲᠡᠢ᠃ ᠡᠷᠡᠭᠦᠯ ᠡᠩᠬᠡ ᠪᠥᠭᠡᠳ ᠰᠢᠨᠵᠢᠯᠡᠬᠦ ᠤᠬᠠᠭᠠᠨᠴᠢ ᠨᠠᠰᠤᠵᠢᠯ ᠤᠨ ᠣᠨᠣᠯᠵᠢᠬᠤᠨ ᠢ ᠰᠠᠨᠠᠭᠠᠴᠢᠯᠠᠵᠤ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠪᠠ ᠨᠠᠰᠤᠲᠠᠶᠢᠴᠤᠳ ᠤᠨ ᠬᠡᠷᠡᠭᠯᠡᠭᠡᠨ ᠤ ᠨᠥᠬᠦᠪᠦᠷᠢ ᠦᠭᠭᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠥᠬᠦᠴᠡᠯ ᠲᠠᠢ ᠨᠠᠰᠤᠲᠠᠶᠢᠴᠤᠳ ᠤᠨ ᠲᠣᠬᠢᠷᠠᠮᠵᠢᠲᠠᠢ ᠲᠤᠰᠬᠠᠢ ᠦᠢᠯᠡᠴᠢᠯᠡᠭᠡ ᠪᠠ ᠬᠠᠪᠰᠤᠷᠤᠮᠵᠢ ᠬᠡᠷᠡᠭᠰᠡᠯ ᠬᠤᠳᠠᠯᠳᠤᠨ ᠠᠪᠬᠤ ᠳᠤ ᠬᠥᠲᠥᠯᠥᠨ ᠵᠢᠯᠣᠭᠤᠳᠤᠨ᠎ᠠ᠃ ᠥᠲᠡᠭᠦᠰ ᠤᠨ ᠡᠳ᠋ᠯᠡᠯ ᠬᠡᠷᠡᠭᠰᠡᠯ ᠢ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠦᠵᠡᠭᠦᠯᠭᠡ᠂ ᠬᠤᠳᠠᠯᠳᠤᠭᠠᠨ ᠤ ᠲᠠᠯᠠᠪᠤᠷ᠂ ᠪᠠᠶᠢᠭᠤᠯᠤᠮᠵᠢ᠂ ᠨᠡᠶᠢᠭᠡᠮ ᠲᠣᠭᠤᠷᠢᠭ ᠪᠠ ᠭᠡᠷ ᠪᠦᠯᠢ ᠳᠤ ᠣᠷᠣᠭᠤᠯᠬᠤ ᠶᠢ ᠠᠬᠢᠭᠤᠯᠤᠨ᠎ᠠ᠃ ᠡᠯ᠎ᠡ ᠲᠣᠮᠣ ᠡᠯᠧᠺᠲᠷᠣᠨ ᠬᠤᠳᠠᠯᠳᠤᠭᠠᠨ ᠤ ᠲᠠᠪᠴᠠᠩ᠂ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ︽ᠨᠠᠰᠤᠲᠠᠨ ᠢ ᠠᠴᠢᠯᠠᠵᠤ ᠨᠠᠰᠤᠲᠠᠨ ᠢ ᠬᠠᠶᠢᠷᠠᠯᠠᠨ ᠬᠠᠯᠠᠮᠵᠢᠯᠠᠬᠤ︾ ᠪᠠᠷᠠᠭ᠎ᠠ ᠬᠤᠳᠠᠯᠳᠤᠨ ᠠᠪᠬᠤ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠨᠠᠰᠤᠲᠠᠶᠢᠴᠤᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠭᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠬᠠᠷᠢᠭᠤᠴᠠᠨ᠎ᠠ︶
ᠳᠥᠷᠪᠡ᠂ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ
︵ᠠᠷᠪᠠᠨ ᠲᠠᠪᠤ︶ ᠡᠮᠴᠢᠯᠡᠭᠡ ᠰᠤᠪᠢᠯᠠᠯᠲᠠ ᠡᠷᠡᠭᠦᠯᠵᠢᠭᠦᠯᠬᠦ ᠰᠤᠪᠢᠯᠠᠯᠲᠠ ᠶᠢᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠨᠠᠰᠤᠵᠢᠯ ᠤᠨ ᠪᠠᠶᠢᠭᠤᠯᠤᠮᠵᠢ᠂ ᠡᠮᠴᠢᠯᠡᠭᠡᠨ ᠤ ᠪᠠᠶᠢᠭᠤᠯᠤᠮᠵᠢ ᠶᠢᠨ ᠡᠯ᠎ᠡ ᠲᠥᠷᠥᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠪᠣᠯᠵᠣᠨ ᠡᠮᠨᠡᠭᠦᠯᠬᠦ᠂ ᠬᠤᠶᠠᠷ ᠲᠡᠶᠢᠰᠢ ᠰᠢᠯᠵᠢᠭᠦᠯᠦᠨ ᠡᠮᠨᠡᠭᠦᠯᠬᠦ᠂ ᠲᠦᠷᠭᠡᠨ ᠡᠮᠨᠡᠯᠭᠡ ᠳᠤ ᠡᠮᠨᠡᠭᠦᠯᠬᠦ ᠵᠡᠷᠭᠡ ᠡᠮᠴᠢᠯᠡᠭᠡᠨ ᠤ ᠦᠢᠯᠡᠴᠢᠯᠡᠭᠡ ᠶᠢᠨ ᠰᠠᠭᠠᠳ ᠦᠭᠡᠢ ᠨᠡᠪᠲᠡᠷᠡᠬᠦ ᠵᠠᠮ ᠢ ᠪᠠᠶᠢᠭᠤᠯᠵᠤ᠂ ᠨᠠᠰᠤᠲᠠᠶᠢᠴᠤᠳ ᠤᠨ ᠡᠮᠴᠢᠯᠡᠭᠡᠨ ᠤ ᠦᠢᠯᠡᠴᠢᠯᠡᠭᠡ ᠭᠥᠷᠳᠡᠬᠦ ᠳᠤ ᠲᠥᠬᠦᠮ ᠦᠵᠡᠭᠦᠯᠭᠦ ᠬᠡᠷᠡᠭᠲᠡᠢ᠃ ᠲᠣᠭᠲᠠᠭᠠᠯ ᠳᠤ ᠨᠡᠶᠢᠴᠡᠭᠰᠡᠨ ᠨᠠᠰᠤᠵᠢᠯ ᠤᠨ ᠪᠠᠶᠢᠭᠤᠯᠤᠮᠵᠢ ᠶᠢᠨ ᠡᠷᠬᠢᠯᠡᠭᠰᠡᠨ ᠡᠮᠴᠢᠯᠡᠭᠡᠨ ᠤ ᠪᠠᠶᠢᠭᠤᠯᠤᠮᠵᠢ ᠶᠢ ᠴᠠᠭ ᠲᠤᠬᠠᠢ ᠳᠤ ᠨᠢ ᠡᠮᠴᠢᠯᠡᠭᠡᠨ ᠤ ᠪᠠᠲᠤᠯᠠᠭ᠎ᠠ ᠶᠢᠨ ᠲᠣᠭᠲᠠᠭᠰᠠᠨ ᠴᠡᠭ ᠤᠨ ᠬᠡᠪᠴᠢᠶᠡᠨ ᠳᠤ ᠣᠷᠣᠭᠤᠯᠤᠨ᠎ᠠ᠃ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠤᠨ ᠬᠥᠭᠵᠢᠯᠲᠡ ᠶᠢ ᠳᠡᠮᠵᠢᠵᠦ᠂ ᠡᠮᠴᠢᠯᠡᠭᠡ᠂ ᠡᠷᠡᠭᠦᠯ ᠡᠩᠬᠡ᠂ ᠰᠤᠪᠢᠯᠠᠯᠲᠠ᠂ ᠨᠠᠰᠤᠵᠢᠯ᠂ ᠰᠤᠷᠭᠠᠨ ᠬᠥᠮᠦᠵᠢᠯ᠂ ᠵᠤᠭ᠎ᠠ ᠴᠡᠩᠭᠡᠯ᠂ ᠵᠢᠭᠤᠯᠴᠢᠯᠠᠯ ᠵᠡᠷᠭᠡ ᠦᠢᠯᠡᠳᠦᠯ ᠴᠢᠳᠠᠮᠵᠢ ᠲᠠᠢ ᠡᠷᠡᠭᠦᠯᠵᠢᠭᠦᠯᠬᠦ ᠰᠤᠪᠢᠯᠠᠯᠲᠠ ᠶᠢᠨ ᠠᠵᠤ ᠦᠢᠯᠡᠰ ᠤᠨ ᠲᠥᠷᠥᠯ ᠵᠦᠢᠯ ᠢ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠠᠴᠠ ᠬᠠᠷᠢᠭᠤᠴᠠᠨ᠎ᠠ︶
︵ᠠᠷᠪᠠᠨ ᠵᠢᠷᠭᠤᠭ᠎ᠠ︶ ᠨᠠᠰᠤᠵᠢᠯ ᠤᠨ ᠠᠵᠤ ᠦᠢᠯᠡᠰ ᠤᠨ ᠲᠤᠭ᠎ᠠ ᠪᠦᠷᠢᠳᠬᠡᠯ ᠬᠢᠨᠠᠨ ᠰᠢᠨᠵᠢᠬᠦ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ᠃ ᠤᠯᠤᠰ ᠤᠨ ᠨᠠᠰᠤᠵᠢᠯ ᠤᠨ ᠠᠵᠤ ᠦᠢᠯᠡᠰ ᠤᠨ ᠲᠤᠭ᠎ᠠ ᠪᠦᠷᠢᠳᠬᠡᠯ ᠤᠨ ᠲᠥᠷᠥᠯ ᠬᠤᠪᠢᠶᠠᠷᠢᠯᠠᠯ ᠢ ᠦᠨᠳᠦᠰᠦᠯᠡᠨ᠂ ᠨᠠᠰᠤᠵᠢᠯ ᠤᠨ ᠠᠵᠤ ᠦᠢᠯᠡᠰ ᠤᠨ ᠪᠦᠷᠢᠳᠬᠡᠬᠦ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ᠂ ᠨᠠᠰᠤᠵᠢᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠣᠨᠣᠪᠴᠢᠲᠠᠶ ᠲᠤᠰᠬᠠᠬᠤ ᠬᠡᠷᠡᠭᠲᠡᠢ᠃ ᠨᠠᠰᠤᠵᠢᠯ ᠤᠨ ᠠᠵᠤ ᠦᠢᠯᠡᠰ ᠤᠨ ᠲᠤᠭ᠎ᠠ ᠪᠠᠷᠢᠮᠲᠠ ᠶᠢᠨ ᠪᠦᠷᠢᠳᠬᠡᠵᠦ ᠬᠢᠨᠠᠨ ᠰᠢᠨᠵᠢᠬᠦ ᠠᠵᠢᠯ ᠢ ᠢᠳᠡᠪᠬᠢᠲᠡᠢ ᠮᠥᠷᠳᠡᠨ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠪᠦᠷᠢᠳᠬᠡᠨ ᠵᠠᠳᠠᠯᠬᠤ ᠠᠵᠢᠯ ᠢ ᠥᠷᠨᠢᠭᠦᠯᠦᠨ᠂ ᠴᠠᠭ ᠲᠤ ᠨᠢ ᠲᠣᠬᠢᠷᠠᠭᠤᠯᠤᠨ ᠨᠡᠶᠢᠭᠡᠮ ᠨᠡᠶᠢᠲᠡ ᠳᠤ ᠨᠠᠰᠤᠵᠢᠯ ᠤᠨ ᠠᠵᠤ ᠦᠢᠯᠡᠰ ᠤᠨ ᠬᠠᠮᠢᠶ᠎ᠠ ᠪᠦᠬᠦᠢ ᠲᠤᠭ᠎ᠠ ᠪᠦᠷᠢᠳᠬᠡᠯ ᠢ ᠨᠡᠶᠢᠲᠡᠯᠡᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠬᠠᠷᠢᠭᠤᠴᠠᠨ᠎ᠠ︶
︵ᠠᠷᠪᠠᠨ ᠳᠣᠯᠤᠭ᠎ᠠ︶ ᠨᠠᠰᠤᠵᠢᠯ ᠤᠨ ᠦᠢᠯᠡᠴᠢᠯᠡᠭᠡᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠡᠷᠡᠭᠲᠡᠢ᠃ ᠨᠡᠭᠡᠭᠡᠯᠲᠡ ᠲᠠᠢ᠂ ᠥᠷᠢᠰᠦᠯᠳᠦᠭᠡᠨ ᠲᠠᠢ᠂ ᠡᠷᠬᠡ ᠲᠡᠭᠰᠢ᠂ ᠡᠮᠬᠢ ᠵᠢᠷᠤᠮ ᠲᠠᠢ ᠨᠠᠰᠤᠵᠢᠯ ᠤᠨ ᠦᠢᠯᠡᠴᠢᠯᠡᠭᠡᠨ ᠤ ᠵᠠᠬ᠎ᠠ ᠳᠡᠯᠭᠡᠭᠦᠷ ᠢ ᠪᠠᠶᠢᠭᠤᠯᠵᠤ᠂ ᠨᠠᠰᠤᠵᠢᠯ ᠤᠨ ᠦᠢᠯᠡᠴᠢᠯᠡᠭᠡᠨ ᠤ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠨᠥᠬᠦᠴᠡᠯ ᠢᠶᠠᠨ ᠠᠭᠤᠵᠢᠭᠤ ᠪᠤᠯᠭᠠᠬᠤ ᠬᠡᠷᠡᠭᠲᠡᠢ᠃ ᠦᠨᠳᠦᠰᠦᠨ ᠨᠠᠰᠤᠵᠢᠯ ᠤᠨ ᠦᠢᠯᠡᠴᠢᠯᠡᠭᠡᠨ ᠤ ᠲᠣᠳᠣᠷᠬᠠᠢ ᠬᠠᠭᠤᠳᠠᠰᠤ ᠶᠢ ᠲᠣᠭᠲᠠᠭᠠᠬᠤ ᠶᠢᠨ ᠬᠠᠮᠲᠤ ᠨᠡᠶᠢᠲᠡᠯᠡᠵᠦ᠂ ᠦᠨᠳᠦᠰᠦᠨ ᠨᠠᠰᠤᠵᠢᠯ ᠤᠨ ᠦᠢᠯᠡᠴᠢᠯᠡᠭᠡᠨ ᠢ ᠵᠠᠰᠠᠭ ᠤᠨ ᠣᠷᠳᠣᠨ ᠠᠴᠠ ᠦᠢᠯᠡᠴᠢᠯᠡᠭᠡᠨ ᠬᠤᠳᠠᠯᠳᠤᠨ ᠠᠪᠬᠤ ᠶᠢᠨ ᠵᠢᠯᠤᠭᠤᠳᠬᠤ ᠴᠢᠨᠠᠷᠲᠠᠢ ᠭᠠᠷᠴᠠᠭ ᠲᠤ ᠣᠷᠣᠭᠤᠯᠬᠤ ᠬᠡᠷᠡᠭᠲᠡᠢ᠃ ᠨᠠᠰᠤᠵᠢᠯ ᠤᠨ ᠦᠢᠯᠡᠴᠢᠯᠡᠭᠡᠨ ᠤ ᠬᠠᠩᠭᠠᠯᠭ᠎ᠠ ᠬᠡᠷᠡᠭᠴᠡᠭᠡ ᠶᠢᠨ ᠵᠦᠭᠯᠡᠭᠦᠷ ᠪᠠ ᠦᠢᠯᠡᠴᠢᠯᠡᠭᠡᠨ ᠤ ᠪᠠᠷᠢᠮᠵᠢᠶ᠎ᠠ ᠶᠢ ᠨᠡᠶᠢᠲᠡᠯᠡᠵᠦ᠂ ᠨᠠᠰᠤᠵᠢᠯ ᠤᠨ ᠦᠢᠯᠡᠴᠢᠯᠡᠭᠡᠨ ᠤ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠪᠠ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ᠂ ᠨᠡᠶᠢᠭᠡᠮ ᠲᠣᠭᠤᠷᠢᠭ ᠤᠨ ᠭᠡᠷ ᠲᠤ ᠪᠠᠨ ᠠᠰᠠᠷᠠᠭᠤᠯᠬᠤ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ᠂ ᠨᠠᠰᠤᠵᠢᠯ ᠤᠨ ᠪᠠᠶᠢᠭᠤᠯᠤᠮᠵᠢ ᠶᠢᠨ ᠪᠦᠷᠢᠳᠬᠡᠨ ᠳᠠᠩᠰᠠᠯᠠᠭᠤᠯᠤᠭᠰᠠᠨ ᠮᠡᠳᠡᠭᠡ ᠵᠠᠩᠭᠢ᠂ ᠨᠠᠰᠤᠵᠢᠯ ᠤᠨ ᠪᠠᠶᠢᠭᠤᠯᠤᠮᠵᠢ ᠵᠢᠴᠢ ᠬᠤᠪᠢ ᠬᠥᠮᠥᠨ ᠢ ᠰᠠᠶᠢᠰᠢᠶᠠᠨ ᠬᠥᠬᠢᠭᠦᠯᠵᠦ ᠱᠠᠩᠨᠠᠨ ᠬᠥᠬᠢᠭᠦᠯᠦᠭᠰᠡᠨ ᠢ ᠨᠢ ᠪᠠᠶᠢᠴᠠᠭᠠᠨ ᠯᠠᠪᠯᠠᠬᠤ ᠦᠢᠯᠡᠴᠢᠯᠡᠭᠡ ᠬᠠᠩᠭᠠᠬᠤ ᠬᠡᠷᠡᠭᠲᠡᠢ᠃ ᠨᠠᠰᠤᠵᠢᠯ ᠤᠨ ᠦᠢᠯᠡᠴᠢᠯᠡᠭᠡᠨ ᠤ ᠬᠦᠷᠢᠶᠡᠨ ᠳᠠᠬᠢ ᠬᠠᠮᠢᠶ᠎ᠠ ᠪᠦᠬᠦᠢ ᠲᠡᠳᠬᠦᠨ ᠳᠡᠮᠵᠢᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ᠎ᠠ︶
︵ᠠᠷᠪᠠᠨ ᠨᠠᠢᠮᠠ︶ ᠠᠵᠢᠯ ᠲᠥᠷᠥᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠨᠠᠰᠤᠵᠢᠯ ᠤᠨ ᠦᠢᠯᠡᠴᠢᠯᠡᠭᠡᠨ ᠤ ᠬᠦᠷᠢᠶᠡᠨ ᠳᠠᠬᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠨᠠᠰᠤᠲᠠᠶᠢᠴᠤᠳ ᠲᠤ ᠡᠯ᠎ᠡ ᠲᠥᠷᠥᠯ ᠤᠨ ᠦᠢᠯᠡᠳᠬᠦᠨ ᠪᠠ ᠦᠢᠯᠡᠴᠢᠯᠡᠭᠡ ᠶᠢ ᠮᠡᠬᠡᠯᠡᠨ ᠪᠣᠷᠣᠯᠠᠭᠤᠯᠬᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠨᠠᠰᠤᠲᠠᠶᠢᠴᠤᠳ ᠤᠨ ᠮᠡᠬᠡᠯᠡᠭᠳᠡᠬᠦ ᠠᠴᠠ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠂ ᠨᠠᠰᠤᠲᠠᠶᠢᠴᠤᠳ ᠤᠨ ᠬᠡᠷᠡᠭᠯᠡᠭᠡ ᠶᠢᠨ ᠡᠷᠬᠡ ᠠᠰᠢᠭ ᠢ ᠦᠨᠡᠨ ᠬᠦ ᠪᠠᠲᠤᠯᠠᠬᠤ ᠬᠡᠷᠡᠭᠲᠡᠢ᠃ ᠨᠠᠰᠤᠵᠢᠯ ᠤᠨ ᠦᠢᠯᠡᠴᠢᠯᠡᠭᠡᠨ ᠤ ᠬᠦᠷᠢᠶᠡᠨ ᠳᠠᠬᠢ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠲᠦᠷᠭᠡᠳᠬᠡᠵᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠪᠠ ᠮᠡᠳᠡᠭᠡ ᠵᠠᠩᠭᠢ ᠶᠢ ᠢᠯᠡ ᠪᠣᠯᠭᠠᠬᠤ ᠪᠠᠨ ᠴᠢᠩᠭᠠᠳᠬᠠᠨ᠂ ᠨᠠᠰᠤᠵᠢᠯ ᠤᠨ ᠦᠢᠯᠡᠴᠢᠯᠡᠭᠡᠨ ᠤ ᠬᠦᠷᠢᠶᠡᠨ ᠳᠠᠬᠢ ᠠᠵᠤ ᠠᠬᠤᠶᠢᠯᠠᠯ ᠤᠨ ᠢᠲᠡᠭᠡᠮᠵᠢ ᠶᠢᠨ ᠲᠡᠮᠳᠡᠭᠯᠡᠯ ᠪᠠ ᠠᠵᠢᠯᠲᠠᠨ ᠤ ᠲᠠᠩᠰᠠ ᠡᠪᠬᠡᠮᠡᠯ ᠤᠨ ᠳ᠋ᠠᠶᠢᠲ᠋ᠠ ᠶᠢᠨ ᠬᠥᠮᠥᠷᠭᠡ ᠶᠢ ᠲᠡᠭᠦᠯᠳᠡᠷᠵᠢᠭᠦᠯᠬᠦ ᠬᠡᠷᠡᠭᠲᠡᠢ᠃ ᠡᠷᠬᠡ ᠠᠰᠢᠭ ᠢ ᠬᠠᠮᠠᠭᠠᠯᠠᠬᠤ᠂ ᠵᠢᠭᠤᠷᠠᠯᠳᠤᠭᠠᠨ ᠢ ᠰᠢᠢᠳᠪᠦᠷᠢᠯᠡᠬᠦ᠂ ᠠᠵᠢᠯ ᠲᠥᠷᠥᠯ ᠤᠨ ᠢᠲᠡᠭᠡᠮᠵᠢ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠬᠢ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ᠎ᠠ︶
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ
2022 ᠣᠨ ᠤ 7 ᠳ᠋ᠤᠭᠠᠷ ᠰᠠᠷ᠎ᠠ ᠶᠢᠨ 7 ᠤ ᠡᠳᠦᠷ ᠳᠠᠷᠤᠮᠠᠯᠯᠠᠨ ᠲᠠᠷᠬᠠᠭᠠᠪᠠ