ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2022 ᠣᠨ ᠤ 31 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/1/4

      10 ᠰᠠᠷ᠎ᠠ ᠶᠢᠨ 31 ᠤ ᠡᠳᠦᠷ ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ ᠃      

      ᠬᠤᠷᠠᠯ ᠠᠴᠠ ᠪᠦᠭᠦ ᠣᠷᠣᠨ ᠤ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠪᠠ ︽ᠬᠠᠭᠠᠰ ᠳᠤᠲᠠᠭᠤ ᠤᠷᠭᠢᠬᠰᠠᠨ ︾ ᠪᠠᠷᠢᠯᠭ᠎ᠠ ᠶᠢ ᠲᠥᠷᠥᠯ ᠬᠤᠪᠢᠶᠠᠨ ᠰᠢᠢᠳᠪᠦᠷᠢᠯᠡᠬᠦ ᠵᠢᠯᠤᠭᠤᠳᠬᠤ ᠰᠠᠨᠠᠯ ᠢ ᠰᠤᠳᠤᠯᠵᠤ ᠂ ᠪᠦᠭᠦ ᠣᠷᠣᠨ ᠤ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠢ ᠡᠨᠡ ᠵᠢᠯ ᠤᠨ ᠡᠴᠦᠰ ᠪᠤᠯᠲᠠᠯ᠎ᠠ ᠪᠦᠭᠦᠨ ᠢ ᠰᠢᠢᠳᠪᠦᠷᠢᠯᠡᠬᠦ ᠂ ︽ᠬᠠᠭᠠᠰ ᠳᠤᠲᠠᠭᠤ ᠤᠷᠭᠢᠬᠰᠠᠨ ︾ ᠪᠠᠷᠢᠯᠭ᠎ᠠ ᠶᠢ ᠢᠷᠡᠬᠦ ᠵᠢᠯ ᠤᠨ ᠡᠴᠦᠰ ᠪᠤᠯᠲᠠᠯ᠎ᠠ ᠪᠦᠭᠦᠨ ᠢ ᠰᠢᠢᠳᠪᠦᠷᠢᠯᠡᠬᠦ ᠬᠠᠷᠠᠯᠲᠠ ᠶᠣᠰᠣᠭᠠᠷ ᠂ ᠠᠰᠠᠭᠤᠳᠠᠯ ᠲᠠᠢ ᠲᠥᠷᠥᠯ ᠵᠦᠢᠯ ᠂ ᠠᠰᠠᠭᠤᠳᠠᠯ ᠲᠠᠢ ᠪᠠᠷᠢᠯᠭ᠎ᠠ ᠶᠢᠨ ᠪᠣᠳᠠᠲᠠᠢ ᠰᠢᠯᠲᠠᠭᠠᠨ ᠳᠤ ᠴᠢᠭᠯᠡᠭᠦᠯᠦᠨ ᠂ ᠬᠠᠤᠯᠢ ᠲᠣᠭᠲᠠᠭᠠᠯ ᠶᠣᠰᠣᠭᠠᠷ ᠂ ᠦᠨᠡᠨ ᠠᠴᠠ ᠵᠥᠪ ᠢ ᠡᠷᠢᠵᠦ ᠂ ᠭᠠᠷ ᠭᠦᠢᠴᠡᠳᠬᠡᠯ ᠭᠦᠢᠴᠡᠳᠬᠡᠬᠦ ᠂ ᠪᠠᠷᠢᠯᠭ᠎ᠠ ᠶᠢ ᠰᠢᠢᠳᠪᠦᠷᠢᠯᠡᠬᠦ ᠠᠷᠭ᠎ᠠ ᠮᠠᠶ᠋ᠢᠭ ᠪᠠ ᠪᠠᠷᠢᠮᠵᠢᠶ᠎ᠠ ᠶᠢ ᠲᠦᠷᠦᠯ ᠬᠤᠪᠢᠶᠠᠨ ᠲᠣᠳᠣᠷᠬᠠᠶᠢᠯᠠᠵᠤ ᠂ ᠨᠢᠭᠡ ᠪᠦᠯᠦᠭ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠵᠦ ᠂ ᠨᠢᠭᠡ ᠪᠦᠯᠦᠭ ᠰᠤᠯᠠ ᠲᠠᠯᠪᠢᠭᠳᠠᠵᠤ ᠪᠠᠶᠢᠭ᠎ᠠ ᠡᠬᠢ ᠪᠠᠶᠠᠯᠢᠭ ᠡᠳ᠋ ᠬᠥᠷᠥᠩᠭᠡ ᠶᠢ ᠱᠠᠯᠠᠪᠳᠠᠭᠤᠯᠤᠨ ᠠᠮᠢᠯᠠᠭᠤᠯᠬᠤ ᠬᠡᠷᠡᠭᠲᠡᠢ ᠃ ︽ᠡᠪᠦᠯ ᠤᠨ ᠰᠡᠯᠡᠭᠦᠦ ᠪᠠᠶᠢᠳᠠᠯ ︾  ᠢ ︽ᠡᠪᠦᠯ ᠤᠨ ᠶᠠᠭᠠᠷᠠᠤ ᠪᠠᠶᠢᠳᠠᠯ ︾ ᠪᠣᠯᠭᠠᠨ ᠬᠤᠪᠢᠷᠠᠭᠤᠯᠵᠤ ᠂ ᠱᠠᠯᠠᠪᠳᠠᠨ ᠬᠢᠵᠦ ᠂ ᠠᠬᠢᠴᠠ ᠪᠠᠨ ᠲᠦᠷᠭᠡᠳᠬᠡᠵᠦ ᠂ ᠶᠠᠰᠤ ᠴᠢᠨᠠᠷ ᠦᠷ᠎ᠡ ᠪᠦᠲᠦᠮᠵᠢ ᠶᠢ ᠴᠢᠩᠭ᠎ᠠ ᠠᠳᠬᠤᠵᠤ ᠂ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ ︾ ᠠᠵᠢᠯᠯᠠᠭ᠎ᠠ ᠶᠢᠨ ᠲᠦᠷᠭᠡᠨ ᠦᠷ᠎ᠡ ᠪᠦᠲᠦᠮᠵᠢ ᠣᠯᠵᠤ ᠂ ᠶᠡᠭᠡ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ ᠃

      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠤᠯᠤᠰ ᠤᠨ ᠥᠮᠴᠢᠯᠡᠯ ᠤᠨ ᠰᠲ᠋ᠣᠺ ᠤᠨ ᠡᠷᠬᠡ ᠪᠤᠯᠭᠠᠵᠤ ᠬᠤᠪᠢᠷᠠᠭᠤᠯᠵᠤ ᠬᠤᠷᠢᠶᠠᠭᠰᠠᠨ ᠵᠡᠷᠭᠡ ᠠᠷᠭ᠎ᠠ ᠭᠡᠯᠪᠡᠷᠢ ᠪᠠᠷ ᠬᠤᠷᠢᠶᠠᠨ ᠠᠪᠤᠭᠰᠠᠨ ᠳ᠋ᠠ ᠬᠠᠢ ᠮᠢᠶᠣᠣ ᠂ ᠴᠠ ᠬᠠ ᠰᠦ᠋ ᠂ ᠪᠠᠢ ᠵᠢᠶᠠ ᠬᠠᠢ ᠽᠢ ᠠᠭᠤᠷᠬᠠᠢ ᠶᠢᠨ ᠳᠣᠲᠣᠷᠠᠬᠢ 37.56 ᠳ᠋ᠦᠩᠰᠢᠭᠤᠷ ᠲᠣᠨ ᠨᠡᠭᠦᠷᠡᠰᠦᠨ ᠤ ᠡᠬᠢ ᠪᠠᠶᠠᠯᠢᠭ ᠢ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠺᠤᠮᠫᠠᠨᠢ ᠠᠴᠠ ᠡᠵᠡᠮᠳᠡᠬᠦ ᠬᠠᠷᠠᠭᠠᠯᠵᠠᠭᠰᠠᠨ ᠰᠲ᠋ᠣᠺ ᠤᠨ ᠡᠷᠬᠡ ᠪᠤᠯᠭᠠᠨ᠎ᠠ ︔ ᠬᠠᠢ ᠽᠢ ᠲᠠ ᠠᠭᠤᠷᠬᠠᠢ ᠶᠢᠨ ᠦᠯᠡᠳᠡᠵᠦ ᠪᠠᠶᠢᠭ᠎ᠠ 2.95 ᠳ᠋ᠦᠩᠰᠢᠭᠤᠷ ᠲᠣᠨ ᠨᠡᠭᠦᠷᠡᠰᠦᠨ ᠤ ᠡᠬᠢ ᠪᠠᠶᠠᠯᠢᠭ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠪᠦᠯᠦᠭᠯᠡᠯ ᠬᠢᠵᠠᠭᠠᠷᠲᠤ ᠺᠤᠮᠫᠠᠨᠢ ᠠᠴᠠ ᠡᠵᠡᠮᠳᠡᠬᠦ ᠬᠠᠷᠠᠭᠠᠯᠵᠠᠭᠰᠠᠨ ᠰᠲ᠋ᠣᠺ ᠤᠨ ᠡᠷᠬᠡ ᠪᠤᠯᠭᠠᠵᠤ ᠂ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠳᠡᠮᠵᠢᠵᠦ ᠂ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠵᠥᠪᠰᠢᠶᠡᠷᠡᠵᠡᠢ ᠃

      ᠬᠤᠷᠠᠯ ᠠᠴᠠ ᠪᠠᠰᠠ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠂ ᠬᠡᠮᠵᠢᠯᠲᠡ ᠶᠢᠨ ᠬᠥᠭᠵᠢᠯᠲᠡ ᠵᠡᠷᠭᠡ ᠲᠥᠯᠦᠪᠵᠢᠭᠦᠯᠭᠡ ᠶᠢᠨ ᠲᠥᠰᠥᠯ ᠪᠣᠯᠣᠨ ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠲᠥᠰᠥᠯ ᠢ ᠰᠤᠳᠤᠯᠪᠠ ᠃

 

 

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ