ᠲᠠᠷᠢᠶᠠᠯᠠᠬᠤ ᠭᠠᠵᠠᠷ ᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2023/10/10

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ

ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ

 

                        ᠥᠪᠥᠷ ᠵᠠᠰᠠᠭ ᠠᠯᠪᠠᠨ ᠲᠠᠷᠬᠠᠭᠠᠭᠰᠠᠨ ﹇2023 ﹈ 6 ᠳ᠋ᠤᠭᠠᠷ ᠲᠣᠭᠠᠲᠤ


            ᠲᠠᠷᠢᠶᠠᠯᠠᠬᠤ ᠭᠠᠵᠠᠷ ᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠥᠪᠥᠷ ᠮᠣᠩᠭᠤᠯ ᠤᠨ

            ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ




ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠢᠯᠡᠰ ᠤᠨ ᠨᠢᠭᠡᠴᠢ ᠳᠤ᠄

      ᠶᠡᠷᠦᠩᠬᠡᠢ ᠱᠦᠵᠢ ᠰᠢ ᠶᠢᠨ ᠫᠢᠩ ᠤᠨ ᠲᠠᠷᠢᠶᠠᠯᠠᠬᠤ ᠭᠠᠵᠠᠷ ᠢ ᠬᠠᠮᠠᠭᠠᠯᠠᠬᠤ ᠲᠤᠬᠠᠢ ᠰᠢᠷᠢᠰ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠂ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠬᠤ ᠲᠤᠬᠠᠢ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ ᠂ ᠲᠠᠷᠢᠶᠠᠯᠠᠬᠤ ᠭᠠᠵᠠᠷ ᠤᠨ ᠤᠯᠠᠭᠠᠨ ᠱᠤᠭᠤᠮ ᠪᠠ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠤᠨ ᠱᠠᠭᠠᠷᠳᠠᠯᠭ᠎ᠠ ᠶᠢ ᠴᠢᠩᠭ᠎ᠠ ᠰᠠᠬᠢᠵᠤ ᠂ ᠲᠠᠷᠢᠶᠠᠯᠠᠬᠤ ᠭᠠᠵᠠᠷ ᠤᠨ ᠲᠤᠭ᠎ᠠ ᠬᠡᠮᠵᠢᠶ᠎ᠡ ᠂ ᠴᠢᠨᠠᠷ ᠂ ᠠᠮᠢ ᠠᠬᠤᠢ ︽ ᠭᠤᠷᠪᠠ ᠶᠢ ᠨᠢᠭᠡ ᠴᠣᠭᠴᠠᠵᠢᠭᠤᠯᠤᠭᠰᠠᠨ ︾ ᠬᠠᠮᠠᠭᠠᠯᠠᠯᠲᠠ ᠶᠢ ᠪᠦᠬᠦ ᠲᠠᠯ᠎ᠠ ᠪᠠᠷ ᠠᠬᠢᠭᠤᠯᠵᠤ ᠂ ᠤᠯᠤᠰ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠪᠠᠭᠤᠯᠭᠠᠭᠰᠠᠨ ᠲᠠᠷᠢᠶᠠᠯᠠᠬᠤ ᠭᠠᠵᠠᠷ ᠤᠨ ᠪᠠᠶᠢᠬᠤ ᠬᠡᠮᠵᠢᠶ᠎ᠡ ᠪᠠ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢ ᠪᠠᠭᠠᠰᠬᠠᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ ᠂ ᠲᠠᠷᠢᠶᠠᠯᠠᠬᠤ ᠭᠠᠵᠠᠷ ᠢ ︽ ᠲᠠᠷᠢᠶᠠᠯᠠᠩ ᠤᠨ ᠪᠤᠰᠤ ᠪᠣᠯᠭᠠᠬᠤ ︾ ᠶᠢ ᠡᠷᠡᠰ ᠬᠤᠷᠢᠭᠯᠠᠵᠤ ᠂ ᠲᠠᠷᠢᠶᠠᠯᠠᠬᠤ ᠭᠠᠵᠠᠷ ᠢ ︽ ᠠᠮᠤ ᠪᠤᠳᠠᠭᠠᠨ ᠤ ᠪᠤᠰᠤ ᠪᠣᠯᠭᠠᠬᠤ ︾ ᠶᠢ ᠰᠡᠷᠭᠡᠶᠢᠯᠡᠵᠦ ᠂ ᠬᠠᠮᠠᠭᠠᠯᠠᠯᠲᠠ ᠨᠠᠩ ᠬᠦᠴᠦᠲᠡᠢ ᠂ ᠬᠡᠷᠡᠭᠵᠢᠭᠦᠯᠦᠯᠲᠡ ᠨᠠᠩ ᠤᠷᠤᠭᠰᠢᠲᠠᠢ ᠂ ᠬᠠᠮᠢᠶᠠᠷᠤᠯᠲᠠ ᠨᠠᠩ ᠥᠨᠳᠥᠷ ᠪᠦᠲᠦᠮᠵᠢᠲᠡᠶ ᠲᠠᠷᠢᠶᠠᠯᠠᠬᠤ ᠭᠠᠵᠠᠷ ᠢ ᠬᠠᠮᠠᠭᠠᠯᠠᠬᠤ ᠰᠢᠨ᠎ᠡ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠬᠤ ᠶᠢᠨ ᠲᠤᠰᠠᠳᠠ ᠂ ᠡᠳᠦᠭᠡ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠂ ᠳᠣᠣᠷᠠᠬᠢ ᠮᠡᠲᠦ ᠰᠠᠨᠠᠯ ᠢ ᠳᠤᠷᠠᠳᠪᠠ ᠃ 

      ᠨᠢᠭᠡ ᠂ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠤᠨ᠎ᠠ

      ︵ᠨᠢᠭᠡ︶ ᠲᠠᠷᠢᠶᠠᠯᠠᠬᠤ ᠭᠠᠵᠠᠷ ᠢ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠂ ᠬᠢᠨᠠᠨ ᠬᠠᠮᠢᠶᠠᠷᠬᠤ ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ ᠃ ᠡᠯ᠎ᠡ ᠠᠶᠢᠮᠠᠭ ᠬᠤᠲᠠ ᠂ ᠬᠤᠰᠢᠭᠤ ᠰᠢᠶᠠᠨ ︵ᠬᠤᠲᠠ ᠂ ᠲᠣᠭᠤᠷᠢᠭ︶ ᠨᠢ ᠲᠠᠷᠢᠶᠠᠯᠠᠬᠤ ᠭᠠᠵᠠᠷ ᠢ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ ᠂ ᠨᠠᠮ ᠤᠨ ᠬᠤᠷᠢᠶ᠎ᠠ ᠤᠳᠤᠷᠢᠳᠤᠭᠰᠠᠨ ᠂ ᠵᠠᠰᠠᠭ ᠤᠨ ᠣᠷᠳᠣᠨ ᠬᠠᠷᠢᠭᠤᠴᠠᠭᠰᠠᠨ ᠂ ᠰᠠᠯᠠᠭ᠎ᠠ ᠮᠥᠴᠢᠷ ᠬᠠᠮᠵᠢᠯᠴᠠᠭᠰᠠᠨ ᠂ ᠣᠯᠠᠨ ᠨᠡᠶᠢᠲᠡ ᠣᠷᠣᠯᠴᠠᠭᠰᠠᠨ ᠂ ᠳᠡᠭᠡᠳᠦ ᠳᠣᠣᠷᠠᠳᠤ ᠱᠠᠲᠤ ᠶᠢᠨ ᠬᠢᠨ ᠬᠤᠯᠪᠤᠭᠠᠯᠠᠨ ᠬᠥᠳᠡᠯᠦᠯᠴᠡᠭᠰᠡᠨ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠮᠲᠤ ᠶᠢᠨ ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ ᠂ ᠡᠬᠢ ᠡᠭᠦᠰᠦᠯ ᠠᠴᠠ ᠨᠢ ᠴᠢᠩᠭ᠎ᠠ ᠡᠵᠡᠮᠳᠡᠬᠦ ᠂ ᠶᠠᠪᠤᠴᠠ ᠶᠢ ᠨᠢ ᠴᠢᠩᠭ᠎ᠠ ᠬᠠᠮᠢᠶᠠᠷᠬᠤ ᠂ ᠤᠷᠰᠢᠭ ᠢ ᠨᠢ ᠴᠢᠩᠭ᠎ᠠ ᠰᠢᠢᠳᠬᠡᠬᠦ ᠶᠢ ᠪᠡᠶᠡᠯᠡᠭᠦᠯᠵᠦ ᠂ ᠲᠣᠰ ᠭᠠᠵᠠᠷ ᠣᠷᠣᠨ ᠤ ᠪᠠᠨ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭᠠᠲᠤ ᠬᠠᠷᠠᠯᠲᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠪᠣᠯ ᠲᠠᠷᠢᠶᠠᠯᠠᠬᠤ ᠭᠠᠵᠠᠷ ᠢ ᠬᠠᠮᠠᠭᠠᠯᠠᠬᠤ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠪᠣᠯᠬᠤᠷ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠂ ᠲᠠᠷᠢᠶᠠᠯᠠᠬᠤ ᠮᠠᠯᠵᠢᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠂ ᠲᠠᠷᠢᠶᠠᠴᠢᠨ ᠮᠠᠯᠴᠢᠨ ᠪᠠ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠲᠠᠷᠢᠶᠠᠯᠠᠬᠤ ᠭᠠᠵᠠᠷ ᠢ ᠬᠠᠮᠠᠭᠠᠯᠠᠬᠤ ᠢᠳᠡᠪᠬᠢᠵᠢᠯ ᠢ ᠨᠢ ᠭᠦᠢᠴᠡᠳ ᠳᠠᠶᠢᠴᠢᠯᠠᠵᠤ ᠂ ᠲᠠᠷᠢᠶᠠᠯᠠᠬᠤ ᠭᠠᠵᠠᠷ ᠢ ᠬᠠᠮᠠᠭᠠᠯᠠᠬᠤ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠢ ᠃ ︽ ᠲᠠᠷᠢᠶᠠᠨ ᠭᠠᠵᠠᠷ ᠤᠨ ᠳᠠᠷᠤᠭ᠎ᠠ ᠶᠢᠨ ᠳᠦᠷᠢᠮ︾ ᠢ ᠰᠦᠪᠡᠭᠴᠢᠯᠡᠨ ᠪᠠᠶᠢᠭᠤᠯᠵᠤ ᠂ ᠬᠤᠰᠢᠭᠤ ᠰᠢᠶᠠᠨ ︵ᠬᠤᠲᠠ ᠂ ᠲᠣᠭᠤᠷᠢᠭ︶ ᠂ ᠰᠤᠮᠤ ᠰᠢᠶᠠᠩ ᠪᠠᠯᠭᠠᠰᠤ ᠂ ᠭᠠᠴᠠᠭ᠎ᠠ ᠲᠣᠰᠬᠤᠨ ᠭᠤᠷᠪᠠᠨ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠵᠦ ᠪᠦᠬᠦᠨ ᠢ ᠬᠠᠮᠤᠷᠤᠭᠤᠯᠤᠭᠰᠠᠨ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢᠨ ᠲᠣᠥᠷᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠶᠢ ᠠᠬᠢᠭᠤᠯᠤᠨ᠎ᠠ ᠃ ᠠᠶᠢᠮᠠᠭ ᠬᠤᠲᠠ ᠂ ᠬᠤᠰᠢᠭᠤ ᠰᠢᠶᠠᠨ

︵ᠬᠤᠲᠠ ᠂ ᠲᠣᠭᠤᠷᠢᠭ︶ ᠢᠯᠠᠩᠭᠤᠶ᠎ᠠ ᠰᠤᠮᠤ ᠰᠢᠶᠠᠩ ᠪᠠᠯᠭᠠᠰᠤ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠦᠯᠲᠡ ᠶᠢ ᠬᠠᠷᠢᠭᠤᠴᠠᠵᠤ ᠪᠠᠶᠢᠭ᠎ᠠ ᠪᠠᠶᠢᠭᠤᠯᠤᠮᠵᠢ ᠨᠢ ᠲᠠᠷᠢᠶᠠᠯᠠᠬᠤ ᠭᠠᠵᠠᠷ ᠢ ᠬᠠᠮᠠᠭᠠᠯᠠᠬᠤ ᠶᠢᠨ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ ᠂ ᠲᠠᠷᠢᠶᠠᠯᠠᠬᠤ ᠭᠠᠵᠠᠷ ᠢ ᠬᠠᠮᠠᠭᠠᠯᠠᠬᠤ ᠨᠢᠭᠡᠳᠦᠭᠡᠷ ᠹᠷᠣᠨᠲ ᠤᠨ ᠬᠠᠤᠯᠢ ᠬᠡᠷᠡᠭᠵᠢᠭᠦᠯᠦᠯᠲᠡ ᠶᠢ ᠦᠨᠡᠨ ᠬᠦ ᠴᠢᠩᠭᠠᠳᠬᠠᠵᠤ ᠂ ᠲᠠᠷᠢᠶᠠᠯᠠᠬᠤ ᠭᠠᠵᠠᠷ ᠢ ᠰᠦᠢᠳᠬᠡᠵᠦ ᠪᠠᠶᠢᠭ᠎ᠠ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ ᠂ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠬᠤ ᠭᠠᠵᠠᠷ ᠢ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠂ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠬᠦ ᠶᠢ ᠬᠠᠷᠢᠭᠤᠴᠠᠵᠤ ᠪᠠᠶᠢᠭ᠎ᠠ ᠪᠠᠶᠢᠭᠤᠯᠤᠮᠵᠢ ᠶᠢᠨ ᠬᠠᠤᠯᠢ ᠬᠡᠷᠡᠭᠵᠢᠭᠦᠯᠬᠦ ᠪᠠ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠩᠭᠤ ᠬᠢᠨᠠᠯᠲᠠ ᠲᠠᠯᠪᠢᠵᠤ ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤ ᠨᠢ ᠬᠠᠷᠢᠭᠤ ᠲᠤᠰᠬᠠᠵᠤ ᠂ ᠴᠢᠩᠭ᠎ᠠ ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠃ 

      ︵ᠬᠤᠶᠠᠷ︶ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠤᠯᠠᠮ ᠨᠢᠭᠡ ᠠᠯᠬᠤᠮ ᠴᠢᠩᠭᠠᠷᠠᠭᠤᠯᠤᠨ᠎ᠠ ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠠᠵᠢᠯ ᠡᠭᠦᠷᠭᠡ ᠶᠢᠨ ᠬᠢᠨ ᠶᠣᠰᠣᠭᠠᠷ ᠂ ᠬᠠᠮᠵᠢᠯᠴᠠᠵᠤ ᠬᠤᠷᠰᠢᠯᠴᠠᠬᠤ ᠪᠠᠨ ᠴᠢᠩᠭᠠᠳᠬᠠᠨ ᠂ ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠠᠳᠬᠤᠬᠤ ᠬᠡᠷᠡᠭᠲᠡᠢ ᠃ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠲᠠᠷᠢᠶᠠᠯᠠᠬᠤ ᠭᠠᠵᠠᠷ ᠢ ᠬᠠᠮᠠᠭᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠂ ᠲᠠᠷᠢᠶᠠᠯᠠᠬᠤ ᠭᠠᠵᠠᠷ ᠢ ᠬᠠᠮᠠᠭᠠᠯᠠᠬᠤ ᠶᠢᠨ ᠬᠠᠷᠢᠭᠤᠴᠠᠯᠭᠠᠲᠤ ᠬᠠᠷᠠᠯᠲᠠ ᠪᠠᠨ ᠨᠠᠷᠢᠯᠢᠭᠵᠢᠭᠤᠯᠤᠨ ᠵᠠᠳᠠᠯᠵᠤ ᠂ ᠲᠠᠷᠢᠶᠠᠯᠠᠬᠤ ᠭᠠᠵᠠᠷ ᠢ ᠬᠠᠮᠠᠭᠠᠯᠠᠬᠤ ᠢᠯᠠᠩᠭᠤᠶ᠎ᠠ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠢᠶᠠᠷᠤᠨ ᠬᠠᠮᠠᠭᠠᠯᠠᠬᠤ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ ᠃ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠨᠢ ᠲᠠᠷᠢᠶᠠᠯᠠᠬᠤ ᠭᠠᠵᠠᠷ ᠤᠨ ᠴᠢᠨᠠᠷ ᠢ ᠬᠠᠮᠠᠭᠠᠯᠠᠬᠤ ᠪᠠ ᠰᠠᠶᠢᠵᠢᠷᠠᠭᠤᠯᠬᠤ ᠠᠵᠢᠯᠯᠠᠭᠠᠨ ᠢ ᠬᠡᠷᠡᠭᠵᠢᠭᠦᠯᠵᠦ ᠂ ᠲᠠᠷᠢᠶᠠᠯᠠᠬᠤ ᠭᠠᠵᠠᠷ ᠢ ᠰᠡᠯᠭᠦᠵᠦ ᠳᠠᠷᠢᠬᠤ ᠵᠢᠴᠢ ᠲᠠᠷᠢᠶᠠᠯᠠᠬᠤ ᠭᠠᠵᠠᠷ ᠤᠨ ᠥᠩ ᠰᠢᠮ᠎ᠡ ᠳᠠᠬᠢ ᠬᠠᠮᠢᠶᠠᠷᠤᠯᠲᠠ ᠪᠠᠨ ᠴᠢᠩᠭᠠᠳᠬᠠᠨ ᠂ ᠲᠠᠷᠢᠶᠠᠯᠠᠬᠤ ᠭᠠᠵᠠᠷ ᠢ ᠠᠲᠠᠷᠰᠢᠭᠤᠯᠵᠤ ᠲᠠᠷᠢᠶᠠᠯᠠᠬᠤ ᠪᠠᠨ ᠪᠣᠯᠢᠬᠤ ᠦᠵᠡᠭᠳᠡᠯ ᠢ ᠴᠢᠩᠭ᠎ᠠ ᠰᠡᠷᠭᠡᠶᠢᠯᠡᠨ ᠂ ᠲᠠᠷᠢᠶᠠᠯᠠᠬᠤ ᠮᠠᠯᠵᠢᠬᠤ ᠣᠷᠣᠨ ᠤ ᠭᠠᠵᠠᠷ ᠰᠢᠷᠣᠢ ᠪᠠᠨ ᠰᠢᠯᠵᠢᠭᠦᠯᠦᠨ ᠡᠷᠭᠢᠯᠳᠦᠭᠦᠯᠬᠦ ᠶᠢ ᠡᠮᠬᠢ ᠵᠢᠷᠤᠮ ᠲᠠᠢ ᠪᠠᠷ ᠬᠥᠲᠥᠯᠥᠨ ᠵᠢᠯᠤᠭᠤᠳᠴᠤ ᠂ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠲᠤ ᠠᠮᠤ ᠪᠤᠳᠠᠭ᠎ᠠ ᠲᠠᠷᠢᠬᠤ ᠶᠢ ᠬᠥᠲᠥᠯᠥᠨ ᠵᠢᠯᠤᠭᠤᠳᠴᠤ ᠂ ᠲᠠᠷᠢᠶᠠᠯᠠᠬᠤ ᠭᠠᠵᠠᠷ ᠢ ︽ ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠬᠦ ᠶᠢᠨ ᠬᠠᠮᠲᠤ ᠂ ᠬᠥᠳᠡᠭᠡ ᠲᠣᠰᠬᠤᠨ ᠤ ᠠᠷᠠᠳ ᠤᠨ ᠬᠠᠤᠯᠢ ᠪᠤᠰᠤ ᠪᠠᠷ ᠭᠠᠵᠠᠷ ᠰᠢᠷᠣᠢ ᠶᠢ ᠡᠵᠡᠯᠡᠨ ᠬᠡᠷᠡᠭᠯᠡᠵᠦ ᠣᠷᠣᠨ ᠰᠠᠭᠤᠴᠠ ᠪᠠᠶᠢᠭᠤᠯᠬᠤ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ ︔ ᠲᠠᠷᠢᠶᠠᠯᠠᠬᠤ ᠭᠠᠵᠠᠷ ᠤᠨ ᠬᠥᠷᠥᠰᠥ ᠰᠢᠷᠣᠢ ᠶᠢᠨ ᠪᠣᠬᠢᠷᠲᠤᠯ ᠤᠨ ᠪᠠᠶᠢᠳᠠᠯ ᠳᠤ ᠨᠠᠷᠢᠨ ᠪᠠᠶᠢᠴᠠᠭᠠᠯᠲᠠ ᠬᠢᠬᠦ ᠶᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ ᠂ ᠪᠣᠬᠢᠷᠲᠤᠭᠰᠠᠨ ᠲᠠᠷᠢᠶᠠᠯᠠᠬᠤ ᠭᠠᠵᠠᠷ ᠢ ᠠᠮᠤᠷ ᠲᠦᠪᠰᠢᠨ ᠢᠶᠠᠷ ᠠᠰᠢᠭᠯᠠᠬᠤ ᠪᠠ ᠴᠢᠩᠭ᠎ᠠ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠦᠨ᠎ᠡ ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠣᠲᠣ ᠶᠢᠨ ᠬᠡᠷᠡᠭᠵᠢᠭᠦᠯᠵᠦ ᠪᠠᠶᠢᠭ᠎ᠠ ᠵᠠᠷᠤᠳᠠᠯ ᠢ ᠪᠠᠲᠤᠯᠠᠬᠤ ᠠᠷᠭ᠎ᠠ ᠵᠠᠮ ᠢᠶᠠᠷ ᠳᠠᠮᠵᠢᠭᠤᠯᠤᠨ ᠂ ᠲᠥᠪ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠤᠰᠬᠠᠢ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ ᠂ ᠲᠠᠷᠢᠶᠠᠯᠠᠬᠤ ᠭᠠᠵᠠᠷ ᠢ ᠬᠠᠮᠠᠭᠠᠯᠠᠬᠤ ᠠᠵᠢᠯ ᠢ ᠳᠡᠮᠵᠢᠵᠦ ᠂ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠠᠶᠢᠮᠠᠭ ᠬᠤᠲᠠ ᠂ ᠬᠤᠰᠢᠭᠤ ᠰᠢᠶᠠᠨ ︵ᠬᠤᠲᠠ ᠂ ᠲᠣᠭᠤᠷᠢᠭ︶ ᠯᠤᠭ᠎ᠠ ᠬᠠᠮᠲᠤ ᠪᠠᠷ ᠪᠡᠯᠡ ᠮᠥᠩᠭᠦᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ ᠃ ᠠᠮᠢ ᠠᠬᠤᠢ ᠣᠷᠴᠢᠨ ᠲᠣᠭᠤᠷᠢᠨ ᠤ ᠰᠠᠯᠠᠭ᠎ᠠ ᠮᠥᠴᠢᠷ ᠨᠢ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠪᠣᠬᠢᠷᠲᠤᠯ ᠤᠨ ᠡᠬᠢ ᠡᠭᠦᠰᠦᠯ ᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠬᠤ ᠬᠡᠷᠡᠭᠲᠡᠢ ᠃ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠲᠤᠭ᠎ᠠ ᠪᠦᠷᠢᠳᠬᠡᠯ ᠤᠨ ᠠᠵᠢᠯ ᠢᠶᠠᠨ ᠰᠠᠶᠢᠲᠤᠷ ᠬᠢᠵᠦ ᠂ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭᠠᠲᠤ ᠬᠠᠷᠠᠯᠲᠠ ᠪᠠᠨ ᠭᠦᠢᠴᠡᠳᠬᠡᠭᠰᠡᠨ ᠪᠠᠶᠢᠳᠠᠯ ᠢ ᠰᠢᠯᠭᠠᠨ ᠬᠢᠨᠠᠬᠤ ᠳᠤ ᠢᠳᠡᠪᠬᠢᠲᠡᠢ ᠣᠷᠣᠯᠴᠠᠬᠤ ᠬᠡᠷᠡᠭᠲᠡᠢ ᠃ ᠬᠢᠨᠠᠨ ᠪᠤᠳᠤᠬᠤ ᠰᠠᠯᠠᠭ᠎ᠠ ᠮᠥᠴᠢᠷ ᠨᠢ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠭᠦᠢᠴᠡᠳᠬᠡᠭᠰᠡᠨ ᠪᠠᠶᠢᠳᠠᠯ ᠢ ᠤᠳᠤᠷᠢᠳᠬᠤ ᠺᠠᠳ᠋ᠷ ᠤᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠬᠢᠨᠠᠨ ᠪᠤᠳᠤᠬᠤ ᠠᠭᠤᠯᠭ᠎ᠠ ᠳᠤ ᠣᠷᠣᠭᠤᠯᠬᠤ ᠬᠡᠷᠡᠭᠲᠡᠢ ᠃ ᠬᠥᠭᠵᠢᠭᠦᠯᠦᠯᠲᠡ ᠪᠠ ᠥᠭᠡᠷᠡᠴᠢᠯᠡᠯᠲᠡ ᠂ ᠵᠠᠮ ᠬᠠᠷᠢᠯᠴᠠᠭ᠎ᠠ ᠲᠡᠭᠡᠭᠡᠪᠦᠷᠢ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠂ ᠡᠨᠧᠷᠭᠢ ᠂ ᠤᠰᠤᠨ ᠠᠰᠢᠭᠯᠠᠯᠲᠠ ᠂ ᠤᠢ ᠰᠢᠭᠤᠢ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ ᠨᠢ ᠲᠥᠯᠦᠪᠵᠢᠭᠦᠯᠭᠡ ᠨᠠᠶᠢᠷᠠᠭᠤᠯᠤᠨ ᠵᠣᠬᠢᠶᠠᠬᠤ ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ ᠪᠦᠲᠦᠭᠡᠨ ᠪᠠᠶᠢᠭᠤᠯᠬᠤ ᠠᠵᠢᠯ ᠳᠤ ᠪᠠᠨ ᠲᠠᠷᠢᠶᠠᠯᠠᠬᠤ ᠭᠠᠵᠠᠷ ᠤᠨ ᠤᠯᠠᠭᠠᠨ ᠱᠤᠭᠤᠮ ᠤᠨ ᠦᠵᠡᠯ ᠤᠬᠠᠮᠰᠠᠷ ᠢᠶᠠᠨ ᠴᠢᠩᠭᠠᠷᠠᠭᠤᠯᠵᠤ ᠂ ᠲᠠᠷᠢᠶᠠᠯᠠᠬᠤ ᠭᠠᠵᠠᠷ ᠢ ᠬᠠᠮᠠᠭᠠᠯᠠᠬᠤ ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠂ ᠬᠥᠭᠵᠢᠯᠲᠡ ᠶᠢ ᠪᠠᠲᠤᠯᠠᠬᠤ ᠶᠢᠨ ᠬᠤᠭᠤᠷᠣᠨᠳᠣᠬᠢ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ ᠂ ᠬᠦᠴᠦᠲᠡᠢ ᠬᠠᠮᠠᠭᠠᠯᠠᠬᠤ ᠂ ᠪᠦᠲᠦᠮᠵᠢᠲᠡᠶ ᠪᠠᠲᠤᠯᠠᠬᠤ ᠪᠠ ᠡᠮᠬᠢ ᠵᠢᠷᠤᠮ ᠲᠠᠢ ᠪᠠᠷ ᠨᠡᠭᠡᠭᠡᠨ ᠬᠥᠭᠵᠢᠭᠦᠯᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ ᠃ 

      ︵ᠭᠤᠷᠪᠠ︶ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭᠠᠲᠤ ᠬᠠᠷᠠᠯᠲᠠ ᠶᠢ ᠰᠢᠯᠭᠠᠨ ᠬᠢᠨᠠᠬᠤ ᠳᠦᠷᠢᠮ ᠢ ᠲᠡᠭᠦᠯᠳᠡᠷᠵᠢᠭᠦᠯᠦᠨ᠎ᠡ ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭᠠᠲᠤ ᠬᠠᠷᠠᠯᠲᠠ ᠶᠢᠨ ᠰᠢᠯᠭᠠᠨ ᠬᠢᠨᠠᠬᠤ ᠳᠦᠷᠢᠮ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ ᠂ ᠴᠤᠯ ᠲᠠᠷᠢᠶᠠᠯᠠᠬᠤ ᠭᠠᠵᠠᠷ ᠤᠨ ᠪᠠᠶᠢᠬᠤ ᠬᠡᠮᠵᠢᠶ᠎ᠡ ᠪᠠ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢᠨ ᠰᠢᠯᠭᠠᠨ ᠬᠢᠨᠠᠯᠲᠠ ᠪᠠᠶᠢᠭᠰᠠᠨ ᠠᠴᠠ ᠪᠠᠨ ᠲᠠᠷᠢᠶᠠᠯᠠᠬᠤ ᠭᠠᠵᠠᠷ ᠤᠨ ᠲᠤᠭ᠎ᠠ ᠬᠡᠮᠵᠢᠶ᠎ᠡ ᠂ ᠴᠢᠨᠠᠷ ᠂ ᠠᠮᠢ ᠠᠬᠤᠢ ︽ᠭᠤᠷᠪᠠ ᠶᠢ ᠨᠢᠭᠡ ᠴᠣᠭᠴᠠᠵᠢᠭᠤᠯᠤᠭᠰᠠᠨ︾ ᠰᠢᠯᠭᠠᠨ ᠬᠢᠨᠠᠯᠲᠠ ᠲᠡᠶᠢᠰᠢ ᠬᠤᠪᠢᠷᠠᠭᠤᠯᠬᠤ ᠬᠡᠷᠡᠭᠲᠡᠢ ᠃ ᠲᠠᠷᠢᠶᠠᠯᠠᠬᠤ ᠭᠠᠵᠠᠷ ᠤᠨ ᠪᠠᠶᠢᠬᠤ ᠬᠡᠮᠵᠢᠶ᠎ᠡ ᠪᠠ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢ ᠪᠠᠲᠤᠯᠠᠭᠰᠠᠨ ᠰᠠᠭᠤᠷᠢᠨ ᠳᠡᠭᠡᠷ᠎ᠡ ᠂ ᠲᠠᠷᠢᠶᠠᠯᠠᠬᠤ ᠭᠠᠵᠠᠷ ᠤᠨ ᠴᠢᠨᠠᠷ ᠪᠠ ᠠᠮᠢ ᠠᠬᠤᠢ ᠶᠢᠨ ᠬᠦᠴᠦᠨ ᠵᠦᠢᠯ ᠢ ᠰᠢᠯᠭᠠᠨ ᠬᠢᠨᠠᠬᠤ ᠳᠠᠬᠢ ᠡᠵᠡᠯᠡᠬᠦ ᠬᠤᠪᠢᠳᠠᠯ ᠢ ᠨᠡᠮᠡᠭᠳᠡᠭᠦᠯᠦᠨ᠎ᠡ ᠃ ᠲᠠᠷᠢᠶᠠᠯᠠᠬᠤ ᠭᠠᠵᠠᠷ ᠢ ᠬᠠᠮᠠᠭᠠᠯᠠᠬᠤ ᠡᠭᠦᠷᠭᠡ ᠬᠦᠨᠳᠦ ᠂ ᠬᠠᠮᠠᠭᠠᠯᠠᠬᠤ ᠬᠠᠷᠢᠭᠤᠴᠠᠯᠭ᠎ᠠ ᠪᠠ ᠦᠷ᠎ᠡ ᠪᠦᠲᠦᠮᠵᠢ ᠪᠠᠷ ᠲᠣᠪᠣᠶᠢᠮ᠎ᠠ ᠠᠶᠢᠮᠠᠭ ᠬᠤᠲᠠ ᠶᠢ ᠰᠠᠶᠢᠰᠢᠶᠠᠨ᠎ᠠ ︔ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠭᠰᠡᠨ ᠦᠭᠡᠢ ᠂ ᠴᠢᠩᠭ᠎ᠠ ᠬᠢᠨᠠᠨ ᠬᠠᠮᠢᠶᠠᠷᠤᠭᠰᠠᠨ ᠦᠭᠡᠢ ᠂ ᠬᠠᠷᠢᠭᠤᠴᠠᠯᠭ᠎ᠠ ᠠᠯᠳᠠᠵᠤ ᠲᠤᠰᠢᠶᠠᠯ ᠳᠤ ᠪᠠᠨ ᠣᠰᠣᠯᠳᠠᠭᠰᠠᠨ ᠪᠣᠯ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ ᠃ 

      ︵ᠳᠥᠷᠪᠡ︶ ᠲᠠᠷᠢᠶᠠᠯᠠᠬᠤ ᠭᠠᠵᠠᠷ ᠢ ᠬᠠᠮᠠᠭᠠᠯᠠᠬᠤ ᠲᠠᠯ᠎ᠠ ᠪᠠᠷ ᠬᠢ ᠢᠯᠡᠷᠡᠭᠦᠯᠵᠦ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢᠨ ᠰᠢᠨ᠎ᠡ ᠪᠠᠶᠢᠳᠠᠯ ᠂ ᠰᠢᠨ᠎ᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ ᠂ ᠪᠥᠬᠦ ᠶᠠᠪᠤᠴᠠ ᠳᠤ ᠨᠢ ᠬᠢᠨᠠᠨ ᠬᠠᠮᠢᠶᠠᠷᠬᠤ ᠂ ᠴᠠᠭ ᠲᠤᠬᠠᠢ ᠳᠤ ᠨᠢ ᠢᠯᠡᠷᠡᠭᠦᠯᠬᠦ ᠂ ᠲᠦᠷᠭᠡᠨ ᠰᠢᠢᠳᠪᠦᠷᠢᠯᠡᠬᠦ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢᠨ ᠰᠢᠨ᠎ᠡ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠢ ᠭᠠᠵᠠᠷ ᠰᠢᠷᠣᠢ ᠶᠢᠨ ᠳᠠᠭᠠᠭᠤᠯᠢ ᠣᠳᠣᠨ ᠤ ᠵᠢᠷᠤᠭ ᠳᠦᠷᠰᠦ ᠪᠠᠷ ᠬᠠᠤᠯᠢ ᠬᠡᠷᠡᠭᠵᠢᠭᠦᠯᠬᠦ ᠠᠵᠢᠯ ᠲᠠᠢ ᠤᠶᠠᠯᠳᠤᠭᠤᠯᠤᠨ ᠂ ᠪᠥᠬᠦ ᠣᠷᠣᠨ ᠤ ᠲᠠᠷᠢᠶᠠᠯᠠᠬᠤ ᠭᠠᠵᠠᠷ ᠲᠤ ᠰᠠᠷ᠎ᠠ ᠪᠦᠷᠢ ᠨᠢᠭᠡ ᠤᠳᠠᠭ᠎ᠠ ᠪᠦᠬᠦᠨ ᠢ ᠬᠠᠮᠤᠷᠤᠭᠤᠯᠤᠭᠰᠠᠨ ᠳᠠᠭᠠᠭᠤᠯᠢ ᠣᠳᠣᠨ ᠤ ᠠᠯᠤᠰ ᠰᠡᠷᠡᠯ ᠤᠨ ᠵᠢᠷᠤᠭ ᠢᠶᠠᠷ ᠲᠣᠭᠤᠷᠢᠨ ᠪᠠᠶᠢᠴᠠᠭᠠᠬᠤ ᠶᠢᠨ ᠬᠠᠮᠲᠤ ᠂ ᠳᠠᠭᠠᠭᠤᠯᠢ ᠣᠳᠣᠨ ᠤ ᠠᠯᠤᠰ ᠰᠡᠷᠡᠯ ᠤᠨ ᠵᠢᠷᠤᠭ ᠳᠦᠷᠰᠦ ᠪᠠᠷ ᠲᠣᠭᠤᠷᠢᠨ ᠪᠠᠶᠢᠴᠠᠭᠠᠬᠤ ᠳᠤ ᠢᠯᠡᠷᠡᠭᠦᠯᠦᠭᠰᠡᠨ ᠠᠰᠠᠭᠤᠳᠠᠯ ᠤᠨ ᠨᠠᠷᠢᠨ ᠬᠠᠭᠤᠳᠠᠰᠤ ᠶᠢ 5 ᠡᠳᠦᠷ ᠤᠨ ᠳᠣᠲᠣᠷ᠎ᠠ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠪᠠᠭᠤᠯᠭᠠᠬᠤ ᠬᠡᠷᠡᠭᠲᠡᠢ ︔ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠠᠰᠠᠭᠤᠳᠠᠯ ᠤᠨ ᠨᠠᠷᠢᠨ ᠬᠠᠭᠤᠳᠠᠰᠤ ᠶᠢ ᠬᠦᠯᠢᠶᠡᠨ ᠠᠪᠤᠭᠰᠠᠨ 5 ᠡᠳᠦᠷ ᠤᠨ ᠳᠣᠲᠣᠷ᠎ᠠ ᠬᠤᠰᠢᠭᠤ ᠰᠢᠶᠠᠨ ︵ᠬᠤᠲᠠ ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠳᠤ ᠪᠠᠭᠤᠯᠭᠠᠨ᠎ᠠ ︔ ᠬᠤᠰᠢᠭᠤ ᠰᠢᠶᠠᠨ ︵ᠬᠤᠲᠠ ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠬᠦ ᠶᠢ ᠬᠠᠷᠢᠭᠤᠴᠠᠬᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠲᠤᠬᠠᠢ ᠶᠢᠨ ᠭᠠᠵᠠᠷ ᠲᠤ ᠨᠢ ᠬᠠᠷᠭᠤᠭᠤᠯᠤᠨ ᠪᠠᠶᠢᠴᠠᠭᠠᠯᠭᠠᠵᠤ᠂ ᠬᠠᠤᠯᠢ ᠠᠴᠠ ᠵᠥᠷᠢᠴᠡᠭᠰᠡᠨ ᠢ ᠨᠢ ᠨᠤᠲᠠᠯᠠᠭᠰᠠᠨ ᠪᠣᠯ᠂ ᠬᠤᠰᠢᠭᠤ ᠰᠢᠶᠠᠨ ︵ᠬᠤᠲᠠ ᠂ ᠲᠣᠭᠤᠷᠢᠭ︶᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠴᠠᠭ ᠲᠤᠬᠠᠢ ᠳᠤ ᠨᠢ ᠰᠢᠢᠳᠪᠦᠷᠢᠯᠡᠬᠦ ᠶᠢᠨ ᠬᠠᠮᠲᠤ ᠂ ᠬᠤᠰᠢᠭᠤ ᠰᠢᠶᠠᠨ ︵ᠬᠤᠲᠠ ᠂ ᠲᠣᠭᠤᠷᠢᠭ︶ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠲᠣᠭᠲᠠᠭᠠᠭᠰᠠᠨ ᠴᠠᠭ ᠬᠢᠵᠠᠭᠠᠷ ᠤᠨ ᠶᠣᠰᠣᠭᠠᠷ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠭᠰᠡᠨ ᠦᠷ᠎ᠡ ᠳ᠋ᠦᠩ ᠢᠶᠠᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠱᠠᠲᠤ ᠳᠠᠷᠠᠭᠠᠯᠠᠨ ᠮᠡᠳᠡᠭᠦᠯᠬᠦ ᠬᠡᠷᠡᠭᠲᠡᠢ ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠠᠰᠠᠭᠤᠳᠠᠯ ᠤᠨ ᠨᠠᠷᠢᠨ ᠬᠠᠭᠤᠳᠠᠰᠤ ᠶᠢ ᠪᠠᠭᠤᠯᠭᠠᠭᠰᠠᠨ ᠠᠬᠢᠴᠠ ᠂ ᠬᠤᠰᠢᠭᠤ ᠰᠢᠶᠠᠨ

︵ᠬᠤᠲᠠ ᠂ ᠲᠣᠭᠤᠷᠢᠭ︶ ᠪᠣᠯᠣᠨ ᠰᠤᠮᠤ ᠰᠢᠶᠠᠩ ᠪᠠᠯᠭᠠᠰᠤ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠵᠡᠷᠭᠡ ᠶᠢ ᠰᠢᠮᠳᠠᠭᠤᠯᠤᠨ ᠪᠠᠶᠢᠴᠠᠭᠠᠵᠤ ᠂ ᠴᠠᠭ ᠲᠤᠬᠠᠢ ᠳᠤ ᠨᠢ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠭᠰᠡᠨ ᠦᠭᠡᠢ ᠪᠠᠶᠢᠬᠤ ᠶᠢ ᠣᠯᠵᠤ ᠮᠡᠳᠡᠪᠡᠯ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠪᠠᠨ ᠴᠠᠭ ᠲᠤᠬᠠᠢ ᠳᠤ ᠨᠢ ᠮᠡᠳᠡᠭᠦᠯᠬᠦ ᠶᠢᠨ ᠬᠠᠮᠲᠤ  ᠂ ᠳᠡᠭᠡᠳᠦ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠭᠤᠯᠤᠨ ᠮᠡᠳᠡᠭᠦᠯᠬᠦ ᠬᠡᠷᠡᠭᠲᠡᠢ ᠃ 

      ︵ᠲᠠᠪᠤ︶ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠪᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠬᠡᠯᠡᠯᠴᠡᠬᠦ ᠶᠢ ᠴᠢᠩᠭᠠᠷᠠᠭᠤᠯᠤᠨ᠎ᠠ ᠃ ᠬᠤᠰᠢᠭᠤ ᠰᠢᠶᠠᠨ ︵ᠬᠤᠲᠠ ᠂ ᠲᠣᠭᠤᠷᠢᠭ︶ ᠂ ᠰᠤᠮᠤ ᠰᠢᠶᠠᠩ ᠪᠠᠯᠭᠠᠰᠤ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠬᠦ ᠶᠢ ᠬᠠᠷᠢᠭᠤᠴᠠᠬᠤ ᠪᠠᠶᠢᠭᠤᠯᠤᠮᠵᠢ ᠪᠣᠯ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠭᠤᠣᠯ ᠴᠣᠭᠴᠠ ᠪᠣᠯᠣᠨ᠎ᠠ ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠠᠤᠯᠢ ᠬᠡᠷᠡᠭᠵᠢᠭᠦᠯᠬᠦ ᠬᠦᠴᠦᠨ ᠢᠶᠠᠨ ᠦᠨᠡᠨ ᠬᠦ ᠴᠢᠩᠭᠠᠷᠠᠭᠤᠯᠵᠤ ᠂ ᠢᠯᠠᠩᠭᠤᠶ᠎ᠠ ᠰᠤᠮᠤ ᠰᠢᠶᠠᠩ ᠪᠠᠯᠭᠠᠰᠤ ᠶᠢᠨ ᠬᠠᠤᠯᠢ ᠬᠡᠷᠡᠭᠵᠢᠭᠦᠯᠬᠦ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ ᠂ ᠬᠢᠨᠠᠨ ᠰᠡᠷᠭᠡᠶᠢᠯᠡᠬᠦ ᠠᠵᠢᠯ ᠢ ᠤᠷᠢᠳ ᠢᠶᠠᠷ ᠬᠢᠬᠦ ᠂ ᠭᠤᠣᠯᠳᠠᠯᠭ᠎ᠠ ᠪᠠᠨ ᠦᠨᠳᠦᠰᠦᠨ ᠱᠠᠲᠤᠨ ᠳᠤ ᠰᠢᠯᠵᠢᠭᠦᠯᠬᠦ ᠶᠢ ᠠᠬᠢᠭᠤᠯᠵᠤ ᠂ ᠲᠠᠷᠢᠶᠠᠯᠠᠬᠤ ᠭᠠᠵᠠᠷ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠴᠠᠭ ᠲᠤᠬᠠᠢ ᠳᠤ ᠨᠢ ᠢᠯᠡᠷᠡᠭᠦᠯᠬᠦ ᠶᠢᠨ ᠬᠠᠮᠲᠤ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠢ ᠰᠢᠮᠳᠠᠭᠤᠯᠤᠨ ᠪᠠᠶᠢᠴᠠᠭᠠᠬᠤ ᠪᠠᠶᠢᠭᠤᠯᠤᠮᠵᠢ ᠨᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠵᠤ ᠂ ᠴᠢᠬᠤᠯᠠ ᠶᠡᠭᠡ ᠨᠡᠶᠢᠲᠡᠯᠢᠭ ᠬᠡᠷᠡᠭ ᠢ ᠢᠯᠡ ᠪᠠᠷ ᠨᠡᠪᠲᠡᠷᠡᠭᠦᠯᠦᠨ ᠮᠡᠳᠡᠭᠡᠯᠡᠬᠦ ᠪᠠ ᠨᠡᠷᠡᠯᠡᠨ ᠵᠢᠭᠠᠵᠤ ᠰᠢᠮᠳᠠᠭᠤᠯᠤᠨ ᠭᠦᠢᠴᠡᠳᠬᠡᠯᠭᠡᠬᠦ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠵᠢᠯ ᠪᠦᠷᠢ ᠬᠠᠤᠯᠢ ᠠᠴᠠ ᠵᠥᠷᠢᠴᠡᠨ ᠲᠠᠷᠢᠶᠠᠯᠠᠬᠤ ᠭᠠᠵᠠᠷ ᠢ ᠡᠵᠡᠯᠡᠨ ᠬᠡᠷᠡᠭᠯᠡᠭᠰᠡᠨ ᠲᠠᠯᠠᠪᠠᠶ ᠶᠢᠨ ᠬᠠᠷᠢᠴᠠᠯ ᠢᠶᠠᠷ ᠥᠨᠳᠥᠷ ᠂ ᠲᠠᠷᠢᠶᠠᠯᠠᠬᠤ ᠪᠠᠨ ᠪᠣᠯᠢᠵᠤ ᠠᠲᠠᠷᠰᠢᠭᠤᠯᠤᠭᠰᠠᠨ ᠢᠶᠠᠷ ᠬᠦᠨᠳᠦ ᠨᠣᠴᠢᠲᠠᠢ ᠡᠳᠦᠢ ᠲᠡᠳᠦᠢ ᠠᠶᠢᠮᠠᠭ ᠬᠤᠲᠠ ᠂ ᠬᠤᠰᠢᠭᠤ ᠰᠢᠶᠠᠨ ︵ᠬᠤᠲᠠ ᠂ ᠲᠣᠭᠤᠷᠢᠭ︶ ᠢ ᠰᠣᠩᠭᠤᠵᠤ ᠰᠢᠮᠳᠠᠭᠤᠯᠤᠨ ᠪᠠᠶᠢᠴᠠᠭᠠᠭᠰᠠᠨ ᠰᠠᠨᠠᠯ ᠤᠨ ᠪᠢᠴᠢᠭ ᠪᠠᠭᠤᠯᠭᠠᠵᠤ ᠂ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠵᠤ ᠂ ᠦᠶᠯᠡ ᠪᠠᠶᠢᠳᠠᠯ ᠨᠢ ᠬᠦᠨᠳᠦ ᠨᠣᠴᠢᠲᠠᠢ ᠪᠣᠯ ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠤ ᠬᠠᠮᠢᠶ᠎ᠠ ᠪᠦᠬᠦᠢ ᠬᠠᠷᠢᠭᠤᠴᠠᠯᠭᠠᠲᠠᠨ ᠳᠤ ᠨᠠᠮ ᠤᠨ ᠰᠠᠬᠢᠯᠭ᠎ᠠ ᠪᠠᠲᠤ ᠵᠠᠰᠠᠭ ᠤᠨ ᠶᠠᠪᠤᠳᠠᠯ ᠤᠨ ᠰᠢᠢᠳᠪᠦᠷᠢᠯᠡᠯᠲᠡ ᠥᠭᠬᠦ ᠪᠠᠷ ᠳᠤᠷᠠᠳᠤᠨ ᠳᠡᠪᠰᠢᠭᠦᠯᠦᠨ᠎ᠡ ᠃ ᠬᠤᠰᠢᠭᠤ ᠰᠢᠶᠠᠨ ︵ᠬᠤᠲᠠ ᠂ ᠲᠣᠭᠤᠷᠢᠭ︶ ᠤ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠬᠦ ᠶᠢ ᠬᠠᠷᠢᠭᠤᠴᠠᠬᠤ ᠪᠠᠶᠢᠭᠤᠯᠤᠮᠵᠢ ᠨᠢ ᠲᠠᠷᠢᠶᠠᠯᠠᠬᠤ ᠭᠠᠵᠠᠷ ᠢ ᠰᠦᠢᠳᠬᠡᠵᠦ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠠ ᠰᠢᠯᠵᠢᠭᠦᠯᠦᠨ ᠲᠤᠰᠢᠶᠠᠬᠤ ᠡᠷᠴᠢᠮ ᠢᠶᠠᠨ ᠴᠢᠩᠭᠠᠷᠠᠭᠤᠯᠵᠤ ᠂ ᠬᠦᠴᠦᠲᠡᠢ ᠳᠠᠷᠤᠯᠲᠠ ᠦᠵᠡᠭᠦᠯᠦᠨ ᠰᠦᠷᠳᠡᠭᠦᠯᠬᠦ ᠪᠠᠶᠢᠳᠠᠯ ᠢ ᠪᠣᠶ ᠪᠣᠯᠭᠠᠬᠤ ᠬᠡᠷᠡᠭᠲᠡᠢ ᠃ 

      ᠬᠤᠶᠠᠷ ᠂ ᠲᠠᠷᠢᠶᠠᠯᠠᠬᠤ ᠭᠠᠵᠠᠷ ᠤᠨ ᠲᠥᠯᠦᠪᠵᠢᠭᠦᠯᠭᠡ ᠪᠠ ᠬᠡᠷᠡᠭᠴᠡᠭᠡ ᠶᠢ ᠬᠠᠮᠢᠶᠠᠷᠤᠨ ᠡᠵᠡᠮᠳᠡᠬᠦ ᠪᠠᠨ ᠪᠦᠬᠦ ᠲᠠᠯ᠎ᠠ ᠪᠠᠷ ᠴᠢᠩᠭᠠᠳᠬᠠᠨ᠎ᠠ

      ︵ᠵᠢᠷᠭᠤᠭ᠎ᠠ︶ ᠲᠠᠷᠢᠶᠠᠯᠠᠬᠤ ᠭᠠᠵᠠᠷ ᠤᠨ ᠲᠥᠯᠦᠪᠵᠢᠭᠦᠯᠭᠡ ᠶᠢ ᠬᠠᠮᠢᠶᠠᠷᠤᠨ ᠡᠵᠡᠮᠳᠡᠬᠦ ᠪᠠᠨ ᠪᠥᠬᠦ ᠲᠠᠯ᠎ᠠ ᠪᠠᠷ ᠴᠢᠩᠭᠠᠳᠬᠠᠨ᠎ᠠ ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ ᠂ ᠬᠤᠲᠠ ᠪᠠᠯᠭᠠᠰᠤ ᠂ ᠲᠠᠷᠢᠶᠠᠯᠠᠩ ᠂ ᠠᠮᠢ ᠠᠬᠤᠢ ᠭᠤᠷᠪᠠᠨ ᠲᠦᠷᠦᠯ ᠤᠨ ᠣᠷᠣᠨ ᠵᠠᠢ ᠶᠢ ᠵᠦᠢ ᠵᠣᠬᠢᠰᠲᠠᠢ ᠬᠤᠪᠢᠶᠠᠷᠢᠯᠠᠨ ᠲᠣᠭᠲᠠᠭᠠᠵᠤ ᠂ ᠭᠠᠵᠠᠷ ᠰᠢᠷᠣᠢ ᠶᠢᠨ ᠬᠡᠷᠡᠭᠴᠡᠭᠡ ᠶᠢ ᠵᠠᠬᠢᠷᠤᠨ ᠬᠠᠮᠢᠶᠠᠷᠬᠤ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠤᠨ᠎ᠠ ᠃ ᠰᠢᠨ᠎ᠡ ᠪᠠᠷ ᠨᠡᠮᠡᠭᠳᠡᠭᠦᠯᠬᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠯᠡᠭᠡ ᠶᠢᠨ ᠲᠣᠬᠢᠷᠠᠭᠤᠯᠤᠯᠲᠠ ᠶᠢ ᠭᠠᠵᠠᠷ ᠰᠢᠷᠣᠢ ᠶᠢ ᠠᠷᠪᠢᠲᠠᠢ ᠡᠷᠴᠢᠮᠯᠢᠭ ᠠᠰᠢᠭᠯᠠᠬᠤ ᠬᠢᠷᠢ ᠲᠦᠪᠰᠢᠨ ᠂ ᠲᠠᠷᠢᠶᠠᠯᠠᠬᠤ ᠭᠠᠵᠠᠷ ᠢ ᠨᠥᠬᠦᠪᠦᠷᠢᠯᠡᠬᠦ ᠴᠢᠳᠠᠪᠤᠷᠢ ᠯᠤᠭ᠎ᠠ ᠬᠤᠯᠪᠣᠭᠳᠠᠭᠤᠯᠬᠤ ᠪᠣᠳᠣᠯᠭ᠎ᠠ ᠶᠢ ᠬᠡᠷᠡᠭᠵᠢᠭᠦᠯᠵᠦ ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠦᠯᠡᠳᠡᠭᠡᠯ ᠬᠡᠪᠴᠢᠶ᠎ᠡ ᠨᠢ ᠨᠡᠯᠢᠶᠡᠳ ᠶᠡᠭᠡ ᠂ ᠠᠰᠢᠭᠯᠠᠯᠲᠠ ᠪᠦᠳᠦᠭᠦᠯᠢᠭ ᠂ ᠲᠠᠷᠢᠶᠠᠯᠠᠬᠤ ᠭᠠᠵᠠᠷ ᠤᠨ ᠨᠥᠭᠡᠴᠡ ᠡᠬᠢ ᠪᠠᠶᠠᠯᠢᠭ ᠬᠦᠷᠦᠯᠴᠡᠬᠦ ᠦᠭᠡᠢ ᠭᠠᠵᠠᠷ ᠣᠷᠣᠨ ᠳᠤ ᠰᠢᠨ᠎ᠡ ᠪᠠᠷ ᠨᠡᠮᠡᠭᠳᠡᠭᠦᠯᠬᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠯᠡᠭᠡ ᠶᠢ ᠵᠦᠢ ᠵᠣᠬᠢᠰᠲᠠᠢ ᠲᠣᠬᠢᠷᠠᠭᠤᠯᠤᠨ ᠬᠠᠰᠤᠵᠤ ᠂ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠥᠲᠥᠯᠥᠨ ᠵᠢᠯᠤᠭᠤᠳᠴᠤ ᠪᠠᠶᠢᠭᠠᠳ ᠲᠠᠷᠢᠶᠠᠯᠠᠬᠤ ᠭᠠᠵᠠᠷ ᠢ ᠠᠯᠢ ᠴᠢᠳᠠᠬᠤ ᠪᠠᠷ ᠡᠵᠡᠯᠡᠭᠦᠯᠬᠦ ᠦᠭᠡᠢ ᠪᠤᠶᠤ ᠳᠤᠲᠠᠭᠤ ᠡᠵᠡᠯᠡᠭᠦᠯᠦᠨ᠎ᠡ ᠃ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ  ᠳᠤ ᠲᠠᠷᠢᠶᠠᠯᠠᠬᠤ ᠭᠠᠵᠠᠷ ᠢ ᠡᠵᠡᠯᠡᠨ ᠬᠡᠷᠡᠭᠯᠡᠬᠦ ᠲᠠᠯ᠎ᠠ ᠶᠢᠨ ᠨᠤᠲᠠᠯᠠᠯᠲᠠ ᠶᠢ ᠴᠢᠩᠭᠠᠳᠬᠠᠵᠤ ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠡᠵᠡᠯᠡᠨ ᠬᠡᠷᠡᠭᠯᠡᠬᠦ ᠲᠠᠷᠢᠶᠠᠯᠠᠬᠤ ᠭᠠᠵᠠᠷ ᠤᠨ ᠬᠡᠪᠴᠢᠶ᠎ᠡ ᠶᠢ ᠴᠢᠩᠭ᠎ᠠ ᠬᠠᠷᠭᠤᠭᠤᠯᠤᠨ ᠲᠣᠭᠲᠠᠭᠠᠵᠤ ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠠᠴᠠ ᠵᠥᠷᠢᠴᠡᠨ ᠳᠤᠷ᠎ᠠ ᠪᠠᠷ ᠢᠶᠠᠨ ᠭᠠᠵᠠᠷ ᠰᠣᠩᠭᠤᠵᠤ ᠲᠠᠷᠢᠶᠠᠯᠠᠬᠤ ᠭᠠᠵᠠᠷ ᠢ ᠡᠵᠡᠯᠡᠨ ᠬᠡᠷᠡᠭᠯᠡᠬᠦ ᠦᠢᠯᠡ ᠠᠵᠢᠯᠯᠠᠭ᠎ᠠ ᠶᠢ ᠡᠷᠡᠰ ᠬᠤᠷᠢᠭᠯᠠᠨ᠎ᠠ ᠃ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠬᠤᠪᠢᠶᠠᠷᠢᠯᠠᠨ ᠲᠣᠭᠲᠠᠭᠠᠬᠤ ᠠᠵᠢᠯ ᠢ ᠱᠠᠭᠠᠷᠳᠠᠯᠭ᠎ᠠ ᠶᠣᠰᠣᠭᠠᠷ ᠥᠷᠨᠢᠭᠦᠯᠵᠦ ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠬᠤᠪᠢᠶᠠᠷᠢᠯᠠᠨ ᠲᠣᠭᠲᠠᠭᠠᠬᠤ ᠶᠢᠨ ᠣᠨᠣᠪᠴᠢᠲᠤ ᠴᠢᠨᠠᠷ ᠂ ᠰᠢᠨᠵᠢᠯᠡᠬᠦ ᠤᠬᠠᠭᠠᠨᠴᠢ ᠴᠢᠨᠠᠷ ᠢ ᠤᠯᠠᠮ ᠨᠢᠭᠡ ᠠᠯᠬᠤᠮ ᠨᠡᠮᠡᠭᠳᠡᠭᠦᠯᠦᠨ ᠂ ᠲᠠᠷᠢᠶᠠᠯᠠᠬᠤ ᠭᠠᠵᠠᠷ ᠢᠯᠠᠩᠭᠤᠶ᠎ᠠ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠪᠠᠶᠢᠷᠢᠰᠢᠭᠤᠯᠤᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠎ᠡ ᠃ 

      ︵ᠳᠣᠯᠤᠭ᠎ᠠ︶ ᠲᠠᠷᠢᠶᠠᠯᠠᠬᠤ ᠭᠠᠵᠠᠷ ᠤᠨ ᠬᠡᠷᠡᠭᠴᠡᠭᠡ ᠶᠢ ᠵᠠᠬᠢᠷᠤᠨ ᠬᠠᠮᠢᠶᠠᠷᠬᠤ ᠪᠠᠨ ᠪᠥᠬᠦ ᠲᠠᠯ᠎ᠠ ᠪᠠᠷ ᠴᠢᠩᠭᠠᠳᠬᠠᠨ᠎ᠠ ᠃ ᠲᠠᠷᠢᠶᠠᠯᠠᠬᠤ ᠭᠠᠵᠠᠷ ᠢ

︽ᠲᠠᠷᠢᠶᠠᠯᠠᠩ ᠤᠨ ᠪᠤᠰᠤ ᠪᠣᠯᠭᠠᠬᠤ︾ ᠶᠢ ᠬᠤᠷᠢᠭᠯᠠᠬᠤ ᠲᠤᠬᠠᠢ ᠲᠥᠪ ᠤᠨ ᠬᠠᠮᠢᠶ᠎ᠠ ᠪᠦᠬᠦᠢ ᠲᠣᠭᠲᠠᠭᠠᠯ ᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ 

︽ ᠵᠢᠷᠭᠤᠭᠠᠨ ᠴᠢᠩᠭ᠎ᠠ ᠴᠠᠭᠠᠵᠠᠯᠠᠬᠤ︾  ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ ᠂ ᠲᠠᠷᠢᠶᠠᠯᠠᠬᠤ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠬᠦ ᠬᠡᠷᠡᠭᠲᠡᠢ ᠃ ᠲᠠᠷᠢᠶᠠᠯᠠᠬᠤ ᠭᠠᠵᠠᠷ ᠪᠠ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠠ ᠪᠤᠰᠤᠳ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠶᠢ ᠵᠠᠬᠢᠷᠤᠨ ᠬᠠᠮᠢᠶᠠᠷᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ ᠂ ᠲᠠᠷᠢᠶᠠᠯᠠᠬᠤ ᠭᠠᠵᠠᠷ ᠢ

︽ ᠲᠠᠷᠢᠶᠠᠯᠠᠩ ᠤᠨ ᠪᠤᠰᠤ ᠪᠣᠯᠭᠠᠬᠤ ︾ ᠶᠢ ᠬᠤᠷᠢᠭᠯᠠᠨ ᠵᠣᠭᠰᠣᠭᠠᠵᠤ ᠂ ᠲᠠᠷᠢᠶᠠᠯᠠᠬᠤ ᠭᠠᠵᠠᠷ ᠢ ︽ ᠠᠮᠤ ᠪᠤᠳᠠᠭᠠᠨ ᠤ ᠪᠤᠰᠤ ᠪᠣᠯᠭᠠᠬᠤ ︾ ᠶᠢ ᠰᠡᠷᠭᠡᠶᠢᠯᠡᠨ ᠬᠤᠷᠢᠭᠯᠠᠨ᠎ᠠ ᠃ ᠲᠠᠷᠢᠶᠠᠯᠠᠬᠤ ᠭᠠᠵᠠᠷ ᠢ ᠠᠰᠢᠭᠯᠠᠬᠤ ᠲᠡᠷᠢᠭᠦᠨ ᠤ ᠲᠡᠰ ᠳᠠᠷᠠᠭᠠᠯᠠᠯ ᠢ ᠲᠣᠳᠣᠷᠬᠠᠶᠢᠯᠠᠵᠤ ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠠᠮᠤ ᠪᠤᠳᠠᠭ᠎ᠠ ᠢᠯᠠᠩᠭᠤᠶ᠎ᠠ ᠬᠦᠨᠡᠰᠦᠨ ᠠᠮᠤ ᠶᠢᠨ ᠦᠢᠯᠡᠳᠪᠦᠷᠢᠯᠡᠯ ᠳᠤ ᠭᠤᠣᠯᠳᠠᠯᠭ᠎ᠠ ᠲᠠᠢ ᠬᠡᠷᠡᠭᠯᠡᠵᠦ ᠂ ᠡᠩ ᠤᠨ ᠲᠠᠷᠢᠶᠠᠯᠠᠬᠤ ᠭᠠᠵᠠᠷ ᠢ ᠭᠤᠣᠯᠳᠠᠭᠤ ᠠᠮᠤ ᠪᠤᠳᠠᠭ᠎ᠠ ᠪᠠ ᠬᠥᠪᠥᠩ ᠂ ᠲᠣᠰᠣ ᠂ ᠰᠢᠬᠢᠷ ᠂ ᠢᠳᠡᠰᠢᠨ ᠨᠣᠭᠤᠭ᠎ᠠ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠵᠢᠴᠢ ᠲᠡᠵᠢᠭᠡᠯ ᠡᠪᠡᠰᠦ ᠪᠣᠷᠳᠣᠭᠠᠨ ᠤ ᠦᠢᠯᠡᠳᠪᠦᠷᠢᠯᠡᠯ ᠳᠤ ᠬᠡᠷᠡᠭᠯᠡᠨ᠎ᠡ ᠃ ᠡᠩ ᠤᠨ ᠲᠠᠷᠢᠶᠠᠯᠠᠬᠤ ᠭᠠᠵᠠᠷ ᠢ ᠲᠠᠷᠢᠶᠠᠯᠠᠩ ᠳᠤ ᠬᠡᠷᠡᠭᠯᠡᠬᠦ ᠪᠤᠰᠤᠳ ᠭᠠᠵᠠᠷ ᠪᠣᠯᠭᠠᠨ ᠬᠤᠪᠢᠷᠠᠭᠤᠯᠬᠤ ᠶᠢ ᠴᠢᠩᠭ᠎ᠠ ᠬᠠᠮᠢᠶᠠᠷᠤᠨ ᠡᠵᠡᠮᠳᠡᠨ᠎ᠡ ᠃ ᠲᠠᠷᠢᠶᠠᠯᠠᠬᠤ ᠭᠠᠵᠠᠷ ᠢ ᠲᠠᠷᠢᠶᠠᠯᠠᠩ ᠳᠤ ᠬᠡᠷᠡᠭᠯᠡᠬᠦ ᠪᠤᠰᠤᠳ ᠭᠠᠵᠠᠷ ᠪᠣᠯᠭᠠᠨ ᠬᠤᠪᠢᠷᠠᠭᠤᠯᠬᠤ ᠵᠢᠴᠢ ᠲᠠᠷᠢᠶᠠᠯᠠᠩ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠬᠤ ᠳᠤ ᠣᠨ ᠤ ︽ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ︾ ᠶᠢ ᠬᠡᠷᠡᠭᠵᠢᠭᠦᠯᠦᠨ᠎ᠡ ᠃ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠠᠷᠢᠶᠠᠯᠠᠬᠤ ᠭᠠᠵᠠᠷ ᠤᠨ ᠣᠨ ᠤ ︽ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ︾ ᠶᠡᠷᠦᠩᠬᠡᠢ ᠲᠥᠰᠥᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ ᠂ ᠬᠤᠰᠢᠭᠤ ᠰᠢᠶᠠᠨ ᠤ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠪᠡᠯᠡ ᠮᠥᠩᠭᠦ ᠶᠢᠨ ᠳᠡᠮᠵᠢᠯᠭᠡ ᠦᠵᠡᠭᠦᠯᠬᠦ ᠬᠡᠷᠡᠭᠲᠡᠢ ᠃ 

︽ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ︾ ᠶᠢ ᠡᠩ ᠲᠡᠷᠢᠭᠦᠨ ᠳᠤ ᠬᠤᠰᠢᠭᠤ ᠰᠢᠶᠠᠨ ᠤ ᠬᠡᠪᠴᠢᠶᠡᠨ ᠳᠤ ᠨᠠᠶᠢᠳᠠᠪᠤᠷᠢᠵᠢᠭᠤᠯᠵᠤ ᠂ ᠬᠤᠰᠢᠭᠤ ᠰᠢᠶᠠᠨ ᠤ ᠬᠡᠪᠴᠢᠶᠡᠨ ᠳᠤ ᠨᠠᠶᠢᠳᠠᠪᠤᠷᠢᠵᠢᠭᠤᠯᠬᠤ ᠶᠢᠨ ᠠᠷᠭ᠎ᠠ ᠦᠭᠡᠢ ᠶᠢ ᠨᠢ ᠠᠶᠢᠮᠠᠭ ᠬᠤᠲᠠ ᠶᠢᠨ ᠬᠡᠪᠴᠢᠶᠡᠨ ᠳᠤ ᠨᠠᠶᠢᠳᠠᠪᠤᠷᠢᠵᠢᠭᠤᠯᠬᠤ ᠬᠡᠷᠡᠭᠲᠡᠢ︔ ᠠᠶᠢᠮᠠᠭ ᠬᠤᠲᠠ ᠶᠢᠨ ᠬᠡᠪᠴᠢᠶᠡᠨ ᠳᠤ ᠮᠥᠨ ᠴᠦ ᠨᠠᠶᠢᠳᠠᠪᠤᠷᠢᠵᠢᠭᠤᠯᠬᠤ ᠶᠢᠨ ᠠᠷᠭ᠎ᠠ ᠦᠭᠡᠢ ᠪᠣᠯ ᠂ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠨᠢᠭᠡᠳᠦᠯᠲᠡᠢ ᠲᠥᠯᠥᠪᠯᠡᠨ ᠨᠠᠶᠢᠳᠠᠪᠤᠷᠢᠵᠢᠭᠤᠯᠤᠨ᠎ᠠ ᠃ 

      ︵ᠨᠠᠢᠮᠠ︶ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠣᠨᠴᠠᠭᠠᠢ ᠬᠠᠮᠠᠭᠠᠯᠠᠯᠲᠠ ᠶᠢ ᠴᠢᠩᠭᠠᠷᠠᠭᠤᠯᠤᠨ᠎ᠠ ᠃ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠡᠷᠴᠢᠮ ᠢ ᠤᠯᠠᠮ ᠨᠢᠭᠡ ᠠᠯᠬᠤᠮ ᠨᠡᠮᠡᠭᠳᠡᠭᠦᠯᠵᠦ ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠵᠠᠭᠠᠭᠯᠠᠨ ᠲᠣᠭᠲᠠᠭᠠᠬᠤ ᠪᠠ ᠬᠠᠮᠠᠭᠠᠯᠠᠬᠤ ᠶᠢ ᠴᠢᠩᠳᠠᠯᠠᠨ᠎ᠠ ᠃ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠤᠯᠢ ᠶᠣᠰᠣᠭᠠᠷ ᠵᠠᠭᠠᠭᠯᠠᠨ ᠲᠣᠭᠲᠠᠭᠠᠭᠰᠠᠨ ᠤ ᠲᠠᠷᠠᠭ᠎ᠠ ᠂ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠳᠤᠷ᠎ᠠ ᠪᠠᠷ ᠡᠵᠡᠯᠡᠨ ᠬᠡᠷᠡᠭᠯᠡᠬᠦ ᠪᠤᠶᠤ ᠬᠡᠷᠡᠭᠴᠡᠭᠡ ᠶᠢ ᠨᠢ ᠬᠤᠪᠢᠷᠠᠭᠤᠯᠵᠤ ᠪᠣᠯᠬᠤ ᠦᠭᠡᠢ ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ᠪᠣᠯᠣᠨ ︽ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ ᠂ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠤᠭᠤᠷᠬᠠᠢ ᠪᠠᠷᠢᠬᠤ ᠂ ᠭᠡᠷ ᠪᠠᠷᠢᠬᠤ ᠂ ᠪᠤᠯᠠᠰᠢ ᠶᠢᠨ ᠭᠠᠵᠠᠷ ᠪᠣᠯᠭᠠᠬᠤ ᠂ ᠬᠠᠶᠢᠷ ᠮᠠᠯᠲᠠᠬᠤ ᠂ ᠴᠢᠯᠠᠭᠤ ᠭᠠᠷᠭᠠᠬᠤ ᠂ ᠠᠭᠤᠷᠬᠠᠢ ᠮᠠᠯᠲᠠᠬᠤ ᠂ ᠰᠢᠷᠣᠢ ᠠᠪᠬᠤ ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠣᠪᠣᠭᠠᠯᠠᠬᠤ ᠪᠤᠶᠤ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠰᠦᠢᠳᠬᠡᠬᠦ ᠪᠤᠰᠤᠳ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ ᠃ 

      ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠣᠶᠢᠲᠤ ᠭᠠᠵᠠᠷ ᠂ ᠡᠪᠡᠰᠦᠲᠦ ᠭᠠᠵᠠᠷ ᠂ ᠬᠠᠰᠢᠶ᠎ᠠ ᠵᠡᠷᠭᠡ ᠲᠠᠷᠢᠶᠠᠯᠠᠩ ᠳᠤ ᠬᠡᠷᠡᠭᠯᠡᠬᠦ ᠪᠤᠰᠤᠳ ᠭᠠᠵᠠᠷ ᠵᠢᠴᠢ ᠲᠠᠷᠢᠶᠠᠯᠠᠩ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠵᠤ ᠪᠣᠯᠬᠤ ᠦᠭᠡᠢ ᠃ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠣᠶ ᠵᠢᠮᠢᠰ ᠤᠨ ᠦᠢᠯᠡᠰ ᠢ ᠬᠥᠭᠵᠢᠭᠦᠯᠬᠦ ᠪᠠ ᠨᠠᠭᠤᠷ ᠮᠠᠯᠲᠠᠵᠤ ᠵᠢᠭᠠᠰᠤ ᠲᠡᠵᠢᠭᠡᠬᠦ ᠶᠢ ᠴᠢᠩᠭ᠎ᠠ ᠴᠠᠭᠠᠵᠠᠯᠠᠵᠤ ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠴᠢᠬᠢ ᠮᠣᠳᠣ ᠂ ᠬᠥᠷᠥᠰᠥ ᠤᠷᠭᠤᠮᠠᠯ ᠵᠡᠷᠭᠡ ᠨᠣᠭᠤᠭᠠᠷᠠᠭᠤᠯᠵᠤ ᠴᠢᠮᠡᠭᠯᠡᠬᠦ ᠳᠤ ᠬᠡᠷᠡᠭᠯᠡᠬᠦ ᠵᠢᠴᠢ ᠲᠠᠷᠢᠶᠠᠯᠠᠬᠤ ᠳᠠᠪᠬᠤᠷᠭ᠎ᠠ ᠶᠢ ᠡᠪᠳᠡᠬᠦ ᠪᠤᠰᠤᠳ ᠤᠷᠭᠤᠮᠠᠯ ᠲᠠᠷᠢᠵᠤ ᠵᠠᠶᠢᠯᠠᠬᠤ ᠶᠢ ᠴᠢᠩᠭ᠎ᠠ ᠴᠠᠭᠠᠵᠠᠯᠠᠵᠤ ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠨᠠᠭᠤᠷ ᠮᠠᠯᠲᠠᠵᠤ ᠦᠵᠡᠮᠵᠢ ᠭᠠᠷᠭᠠᠬᠤ ᠂ ᠨᠣᠭᠤᠭᠠᠷᠠᠭᠤᠯᠤᠯᠲᠠ ᠶᠢᠨ ᠪᠦᠰᠡ ᠪᠠᠶᠢᠭᠤᠯᠬᠤ ᠶᠢ ᠴᠢᠩᠭ᠎ᠠ ᠴᠠᠭᠠᠵᠠᠯᠠᠵᠤ ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠪᠡᠯᠡᠳᠬᠡᠮᠵᠢ ᠂ ᠤᠰᠤᠨ ᠭᠠᠷᠤᠯᠲᠠ ᠲᠡᠵᠢᠭᠡᠨ ᠦᠷᠡᠵᠢᠭᠦᠯᠬᠦ ᠪᠡᠯᠡᠳᠬᠡᠮᠵᠢ ᠪᠠᠶᠢᠭᠤᠯᠬᠤ ᠪᠠ ᠲᠠᠷᠢᠶᠠᠯᠠᠬᠤ ᠳᠠᠪᠬᠤᠷᠭ᠎ᠠ ᠶᠢ ᠡᠪᠳᠡᠬᠦ ᠲᠠᠷᠢᠮᠠᠯ ᠤᠨ ᠦᠢᠯᠡᠰ ᠤᠨ ᠪᠡᠯᠡᠳᠬᠡᠮᠵᠢ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠴᠠᠭᠠᠵᠠᠯᠠᠨ᠎ᠠ ᠃ 

      ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠡᠯ᠎ᠡ ᠲᠦᠷᠦᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠯ ᠳᠠᠬᠢ ᠬᠢᠵᠠᠭᠠᠷᠯᠠᠯ ᠢ ᠴᠢᠩᠭᠠᠳᠬᠠᠨ᠎ᠠ ᠃ ᠡᠯ᠎ᠡ ᠭᠠᠵᠠᠷ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠂ ᠰᠠᠭᠤᠷᠢ ᠪᠡᠯᠡᠳᠬᠡᠮᠵᠢ ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠵᠡᠷᠭᠡ ᠬᠠᠮᠢᠶ᠎ᠠ ᠪᠦᠬᠦᠢ ᠠᠵᠢᠯ ᠢ ᠪᠠᠶᠢᠷᠢᠰᠢᠭᠤᠯᠬᠤ ᠳᠤ ᠪᠠᠨ ᠡᠷᠬᠡᠪᠰᠢ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠪᠠᠶᠢᠷᠢᠰᠢᠭᠤᠯᠤᠯᠲᠠ ᠯᠤᠭ᠎ᠠ ᠭᠦᠢᠴᠡᠳ ᠵᠣᠯᠭᠠᠭᠤᠯᠵᠤ ᠂ ᠵᠠᠷᠴᠢᠮ ᠳᠡᠭᠡᠷ᠎ᠡ ᠪᠠᠨ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠢᠵᠠᠭᠠᠷ ᠢ ᠳᠠᠪᠠᠵᠤ ᠪᠣᠯᠬᠤ ᠦᠭᠡᠢ ᠃ ᠡᠨᠧᠷᠭᠢ ᠂ ᠵᠠᠮ ᠬᠠᠷᠢᠯᠴᠠᠭ᠎ᠠ ᠂ ᠤᠰᠤᠨ ᠠᠰᠢᠭᠯᠠᠯᠲᠠ ᠂ ᠴᠡᠷᠢᠭ ᠤᠨ ᠶᠠᠪᠤᠳᠠᠯ ᠤᠨ ᠪᠡᠯᠡᠳᠬᠡᠮᠵᠢ ᠵᠡᠷᠭᠡ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠰᠣᠩᠭᠤᠬᠤ ᠭᠠᠵᠠᠷ ᠢ ᠥᠨᠢᠳᠡ ᠶᠢᠨ ᠦᠨᠳᠦᠰᠦᠨ ᠲᠠᠷᠢᠶᠠᠨ ᠭᠠᠵᠠᠷ ᠠᠴᠠ ᠵᠠᠶᠢᠯᠠᠭᠤᠯᠬᠤ ᠳᠤ ᠦᠨᠡᠬᠡᠷ ᠬᠦᠴᠢᠷᠲᠡᠢ ᠪᠠᠶᠢᠪᠠᠯ ᠂ ᠡᠷᠬᠡᠪᠰᠢ ᠪᠣᠯᠣᠮᠵᠢᠲᠤ ᠴᠢᠨᠠᠷ ᠤᠨ ᠰᠤᠳᠤᠯᠤᠯ ᠤᠨ ᠱᠠᠲᠤᠨ ᠳᠤ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠶᠢᠨ ᠴᠢᠬᠤᠯᠠ ᠴᠢᠨᠠᠷ ᠂ ᠵᠦᠢ ᠶᠣᠰᠣᠴᠢ ᠴᠢᠨᠠᠷ ᠪᠠ ᠨᠥᠬᠦᠪᠦᠷᠢᠯᠡᠨ ᠬᠤᠪᠢᠶᠠᠷᠢᠯᠠᠬᠤ ᠲᠥᠰᠥᠯ ᠤᠨ ᠪᠣᠯᠣᠮᠵᠢᠲᠤ ᠴᠢᠨᠠᠷ ᠲᠤ ᠴᠢᠩᠭ᠎ᠠ ᠨᠤᠲᠠᠯᠠᠯᠲᠠ ᠬᠢᠵᠦ ᠂ ᠬᠠᠤᠯᠢ ᠶᠣᠰᠣᠭᠠᠷ ᠵᠥᠪᠰᠢᠶᠡᠷᠡᠭᠦᠯᠬᠦ ᠶᠢᠨ ᠬᠠᠮᠲᠤ ᠬᠡᠷᠡᠭᠯᠡᠭᠰᠡᠨ ᠭᠠᠵᠠᠷ ᠢ ᠨᠢ ᠨᠥᠬᠦᠪᠦᠷᠢᠯᠡᠨ ᠲᠡᠩᠴᠡᠭᠦᠷᠢᠰᠢᠭᠦᠯᠬᠦ ᠶᠢ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ ᠂ ᠤᠷᠳᠤ ᠬᠤᠭᠤᠴᠠᠭ᠎ᠠ ᠪᠠᠷ ᠲᠣᠭᠲᠠᠪᠤᠷᠢᠲᠠᠢ ᠠᠰᠢᠭᠯᠠᠵᠤ ᠪᠣᠯᠬᠤ ᠲᠠᠷᠢᠶᠠᠯᠠᠬᠤ ᠭᠠᠵᠠᠷ ᠲᠤ ᠨᠥᠬᠦᠪᠦᠷᠢᠯᠡᠨ ᠬᠤᠪᠢᠶᠠᠷᠢᠯᠠᠬᠤ ᠬᠡᠷᠡᠭᠲᠡᠢ ᠃ ᠬᠤᠰᠢᠭᠤ ᠰᠢᠶᠠᠨ ︵ᠬᠤᠲᠠ ᠂ ᠲᠣᠭᠤᠷᠢᠭ︶ ᠂ ᠰᠤᠮᠤ ᠰᠢᠶᠠᠩ ᠪᠠᠯᠭᠠᠰᠤ ᠶᠢᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢ ᠳᠤᠷ᠎ᠠ ᠪᠠᠷ ᠲᠣᠬᠢᠷᠠᠭᠤᠯᠬᠤ ᠪᠠᠷ ᠳᠠᠮᠵᠢᠭᠤᠯᠤᠨ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠪᠠᠨ ᠬᠢᠨᠠᠨ ᠵᠥᠪᠰᠢᠶᠡᠷᠡᠭᠦᠯᠬᠦ ᠠᠴᠠ ᠵᠠᠶᠢᠯᠠᠬᠤ ᠶᠢ ᠴᠢᠩᠭ᠎ᠠ ᠴᠠᠭᠠᠵᠠᠯᠠᠨ᠎ᠠ ᠃ 

      ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠰᠤᠯᠠ ᠪᠠᠶᠢᠯᠭᠠᠬᠤ ᠂ ᠠᠲᠠᠷᠰᠢᠭᠤᠯᠬᠤ ᠶᠢ ᠴᠠᠭᠠᠵᠠᠯᠠᠨ᠎ᠠ ᠃ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠳᠤ ᠥᠨᠢᠳᠡ ᠶᠢᠨ ᠦᠨᠳᠦᠰᠦᠨ ᠲᠠᠷᠢᠶᠠᠨ ᠭᠠᠵᠠᠷ ᠠᠴᠠ ᠵᠠᠶᠢᠯᠠᠭᠤᠯᠬᠤ ᠬᠡᠷᠡᠭᠲᠡᠢ ᠃ 

      ︵ᠶᠢᠰᠦ︶ ᠲᠠᠷᠢᠶᠠᠴᠢᠳ ᠮᠠᠯᠴᠢᠳ ᠤᠨ ᠲᠠᠷᠢᠶᠠᠯᠠᠬᠤ ᠭᠠᠵᠠᠷ ᠢ ᠡᠵᠡᠯᠡᠨ ᠬᠡᠷᠡᠭᠯᠡᠵᠦ ᠭᠡᠷ ᠪᠠᠷᠢᠬᠤ ᠳᠠᠬᠢ ᠬᠠᠮᠢᠶᠠᠷᠤᠯᠲᠠ ᠶᠢ ᠴᠢᠩᠳᠠᠯᠠᠨ᠎ᠠ ᠃ ᠠᠶᠢᠯ ᠲᠣᠰᠬᠤᠨ ᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠢᠳᠡᠪᠬᠢᠲᠡᠢ ᠡᠮᠬᠢ ᠵᠢᠷᠤᠮ ᠲᠠᠢ ᠠᠬᠢᠭᠤᠯᠵᠤ ᠂ ᠲᠠᠷᠢᠶᠠᠯᠠᠬᠤ ᠮᠠᠯᠵᠢᠬᠤ ᠣᠷᠣᠨ ᠤ ᠰᠠᠭᠤᠭᠠᠯᠢ ᠠᠷᠠᠳ ᠤᠨ ᠴᠡᠭ ᠲᠤ ᠬᠡᠷᠡᠭᠯᠡᠬᠦ ᠭᠠᠵᠠᠷ ᠤᠨ ᠪᠠᠶᠢᠷᠢᠰᠢᠭᠤᠯᠤᠯᠲᠠ ᠪᠣᠯᠣᠨ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠲᠣᠭᠲᠠᠭᠠᠬᠤ ᠬᠡᠷᠡᠭᠲᠡᠢ ᠃ ᠲᠠᠷᠢᠶᠠᠴᠢᠳ ᠮᠠᠯᠴᠢᠳ ᠢ ᠬᠥᠲᠥᠯᠥᠨ ᠵᠢᠯᠤᠭᠤᠳᠴᠤ ᠪᠠᠶᠢᠭᠠᠳ ᠲᠥᠪᠯᠡᠷᠡᠭᠦᠯᠦᠨ ᠭᠡᠷ ᠪᠠᠷᠢᠬᠤ ᠪᠤᠶᠤ ᠪᠠᠭᠤᠷᠢ ᠳᠡᠭᠡᠷ᠎ᠡ ᠨᠢ ᠳᠠᠬᠢᠨ ᠪᠠᠷᠢᠭᠤᠯᠵᠤ ᠂ ᠠᠶᠢᠯ ᠲᠣᠰᠬᠤᠨ ᠤ ᠳᠣᠲᠣᠭᠠᠳᠤ ᠳᠠᠬᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠦᠯᠡᠳᠡᠭᠡᠯ ᠭᠠᠵᠠᠷ ᠪᠠ ᠠᠰᠢᠭᠯᠠᠭᠠᠳᠤᠢ ᠭᠠᠵᠠᠷ ᠢ ᠭᠦᠢᠴᠡᠳ ᠠᠰᠢᠭᠯᠠᠨ ᠂ ᠲᠠᠷᠢᠶᠠᠯᠠᠬᠤ ᠭᠠᠵᠠᠷ ᠢ ᠠᠯᠢ ᠴᠢᠳᠠᠬᠤ ᠪᠠᠷ ᠡᠵᠡᠯᠡᠭᠦᠯᠬᠦ ᠦᠭᠡᠢ ᠪᠤᠶᠤ ᠪᠠᠭ᠎ᠠ ᠡᠵᠡᠯᠡᠭᠦᠯᠦᠨ᠎ᠡ ᠃ ᠲᠠᠷᠢᠶᠠᠴᠢᠳ ᠮᠠᠯᠴᠢᠳ ᠭᠡᠷ ᠪᠠᠷᠢᠬᠤ ᠳᠤ ᠪᠠᠨ ᠵᠥᠪᠰᠢᠶᠡᠷᠡᠯ  ᠢᠶᠠᠷ ᠳᠠᠮᠵᠢᠭᠠᠳ ᠲᠠᠷᠢᠶᠠᠯᠠᠬᠤ ᠭᠠᠵᠠᠷ ᠢ ᠦᠨᠡᠨ ᠬᠦ ᠡᠵᠡᠯᠡᠨ ᠬᠡᠷᠡᠭᠯᠡᠬᠦ ᠴᠢᠬᠤᠯᠠ ᠲᠠᠢ ᠪᠣᠯ ᠬᠤᠰᠢᠭᠤ ᠰᠢᠶᠠᠨ ︵ᠬᠤᠲᠠ ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠠᠴᠠ ᠲᠠᠷᠢᠶᠠᠯᠠᠬᠤ ᠭᠠᠵᠠᠷ ᠢ ᠡᠵᠡᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠰᠢᠭᠦᠯᠬᠦ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠢ ᠃ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠭᠡᠷ ᠪᠠᠷᠢᠬᠤ ᠶᠢ ᠴᠢᠩᠭ᠎ᠠ ᠴᠠᠭᠠᠵᠠᠯᠠᠵᠤ ᠂ ︽ᠨᠢᠭᠡ ᠡᠷᠦᠬᠡ ᠳᠤ ᠨᠢᠭᠡ ᠣᠷᠣᠨ ᠰᠠᠭᠤᠴᠠ ᠶᠢᠨ ᠰᠠᠭᠤᠷᠢ ᠭᠠᠵᠠᠷ ᠲᠠᠢ ᠪᠠᠶᠢᠬᠤ︾ ᠳᠦᠷᠢᠮ ᠪᠠ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠣᠷᠣᠨ ᠰᠠᠭᠤᠴᠠ ᠶᠢᠨ ᠰᠠᠭᠤᠷᠢ ᠭᠠᠵᠠᠷ ᠤᠨ ᠲᠠᠯᠠᠪᠠᠶ ᠶᠢᠨ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠲᠠᠷᠢᠶᠠᠴᠢᠳ ᠮᠠᠯᠴᠢᠳ ᠤᠨ ᠣᠷᠣᠨ ᠰᠠᠭᠤᠴᠠ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠂ ᠲᠠᠷᠢᠶᠠᠴᠢᠳ ᠮᠠᠯᠴᠢᠳ ᠤᠨ ᠭᠡᠷ ᠪᠠᠷᠢᠬᠤ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ ᠂ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠢᠯᠠᠩᠭᠤᠶ᠎ᠠ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ ᠂ ᠳᠡᠭᠡᠳᠦ ᠳᠣᠣᠷᠠᠳᠤ ᠱᠠᠲᠤ ᠶᠢᠨ ᠬᠢᠨ ᠬᠤᠯᠪᠤᠭᠠᠯᠠᠨ ᠬᠥᠳᠡᠯᠦᠯᠴᠡᠭᠰᠡᠨ ᠂ ᠬᠠᠮᠵᠢᠯᠴᠠᠨ ᠬᠠᠪᠰᠤᠷᠤᠯᠴᠠᠭᠰᠠᠨ ᠂ ᠴᠤᠭᠭᠠᠷ ᠠᠳᠬᠤᠵᠤ ᠬᠠᠮᠲᠤ ᠳᠤ ᠨᠢ ᠬᠠᠮᠢᠶᠠᠷᠤᠭᠰᠠᠨ ᠲᠠᠷᠢᠶᠠᠴᠢᠳ ᠮᠠᠯᠴᠢᠳ ᠤᠨ ᠭᠡᠷ ᠪᠠᠷᠢᠬᠤ ᠶᠢ ᠬᠠᠮᠢᠶᠠᠷᠤᠨ ᠡᠵᠡᠮᠳᠡᠬᠦ ᠪᠠᠶᠢᠷᠢᠰᠢᠯ ᠢ ᠪᠣᠶ ᠪᠣᠯᠭᠠᠨ᠎ᠠ ᠃ 

      ︵ᠠᠷᠪᠠ︶ ᠭᠠᠵᠠᠷ ᠰᠢᠷᠣᠢ ᠶᠢ ᠰᠢᠨᠵᠢᠭᠦᠯᠦᠨ ᠡᠷᠭᠢᠯᠳᠦᠭᠦᠯᠬᠦ ᠳᠤ ᠪᠠᠨ ︽ᠲᠠᠷᠢᠶᠠᠯᠠᠩ ᠤᠨ ᠪᠤᠰᠤ ᠪᠣᠯᠭᠠᠬᠤ︾ ᠶᠢ ᠴᠢᠩᠭ᠎ᠠ ᠰᠡᠷᠭᠡᠶᠢᠯᠡᠨ᠎ᠡ ᠃ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠰᠢᠯᠵᠢᠭᠦᠯᠦᠨ ᠡᠷᠭᠢᠯᠳᠦᠭᠦᠯᠬᠦ ᠳᠤ ᠪᠠᠨ ᠡᠷᠬᠡᠪᠰᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠂ ᠬᠡᠷᠡᠭᠴᠡᠭᠡ ᠶᠢ ᠵᠠᠬᠢᠷᠤᠨ ᠬᠠᠮᠢᠶᠠᠷᠬᠤ ᠪᠠ  ᠲᠠᠷᠢᠶᠠᠯᠠᠬᠤ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠳᠤ ᠨᠡᠶᠢᠴᠡᠭᠰᠡᠨ ᠤᠷᠢᠲᠠᠯ ᠳᠣᠣᠷ᠎ᠠ ᠶᠠᠪᠤᠭᠳᠠᠭᠤᠯᠬᠤ ᠬᠡᠷᠡᠭᠲᠡᠢ ᠃ ᠲᠠᠷᠢᠶᠠᠯᠠᠩ ᠤᠨ ᠭᠠᠵᠠᠷ ᠢ ᠲᠠᠷᠢᠶᠠᠯᠠᠩ ᠳᠤ ᠬᠡᠷᠡᠭᠯᠡᠬᠦ ᠶᠢ ᠪᠠᠷᠢᠮᠲᠠᠯᠠᠵᠤ ᠂ ᠲᠠᠷᠢᠶᠠᠯᠠᠩ ᠤᠨ ᠭᠠᠵᠠᠷ ᠢ ᠰᠢᠯᠵᠢᠭᠦᠯᠦᠨ ᠡᠷᠭᠢᠯᠳᠦᠭᠦᠯᠬᠦ ᠨᠡᠷ᠎ᠡ ᠪᠠᠷ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ ᠬᠢᠵᠦ ᠪᠣᠯᠬᠤ ᠦᠭᠡᠢ ᠃ ᠲᠠᠷᠢᠶᠠᠯᠠᠩ ᠤᠨ ᠦᠢᠯᠡᠳᠪᠦᠷᠢᠯᠡᠯ ᠤᠨ ᠪᠦᠲᠦᠴᠡ ᠳᠤ ᠲᠣᠬᠢᠷᠠᠭᠤᠯᠤᠯᠲᠠ ᠬᠢᠬᠦ ᠳᠤ ᠪᠠᠨ ᠲᠠᠷᠢᠶᠠᠯᠠᠬᠤ ᠭᠠᠵᠠᠷ ᠤᠨ ᠬᠡᠷᠡᠭᠴᠡᠭᠡ ᠶᠢ ᠬᠤᠪᠢᠷᠠᠭᠤᠯᠵᠤ ᠪᠣᠯᠬᠤ ᠦᠭᠡᠢ ᠂ ᠲᠠᠷᠢᠶᠠᠯᠠᠬᠤ ᠳᠠᠪᠬᠤᠷᠭ᠎ᠠ ᠶᠢ ᠡᠪᠳᠡᠵᠦ ᠪᠣᠯᠬᠤ ᠦᠭᠡᠢ ᠂ ᠲᠠᠷᠢᠶᠠᠯᠠᠬᠤ ᠮᠠᠯᠵᠢᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠣᠯᠣᠨ ᠭᠠᠵᠠᠷ ᠰᠢᠷᠣᠢ ᠡᠵᠡᠩᠨᠡᠬᠦ ᠡᠷᠬᠡᠲᠦ ᠬᠥᠮᠥᠨ ᠲᠠᠷᠢᠶᠠᠯᠠᠬᠤ ᠭᠠᠵᠠᠷ ᠢ ᠬᠠᠮᠠᠭᠠᠯᠠᠬᠤ ᠪᠠ ᠵᠦᠢ ᠵᠣᠬᠢᠰᠲᠠᠢ ᠠᠰᠢᠭᠯᠠᠬᠤ ᠡᠭᠦᠷᠭᠡ ᠪᠠᠨ ᠤᠬᠠᠮᠰᠠᠷ ᠠᠴᠠ ᠪᠠᠨ ᠭᠦᠢᠴᠡᠳᠬᠡᠬᠦ ᠬᠡᠷᠡᠭᠲᠡᠢ ᠂ ᠠᠲᠠᠷᠰᠢᠭᠤᠯᠬᠤ ᠂ ᠰᠤᠯᠠ ᠲᠠᠯᠪᠢᠬᠤ ᠂ ᠲᠠᠷᠢᠶᠠᠯᠠᠬᠤ ᠭᠠᠵᠠᠷ ᠤᠨ ᠬᠡᠷᠡᠭᠴᠡᠭᠡ ᠶᠢ ᠬᠤᠪᠢᠷᠠᠭᠤᠯᠬᠤ ᠵᠢᠴᠢ ᠲᠠᠷᠢᠶᠠᠯᠠᠬᠤ ᠭᠠᠵᠠᠷ ᠢ ᠰᠦᠢᠳᠬᠡᠬᠦ ᠪᠤᠰᠤᠳ ᠥᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ ᠃ 

      ᠭᠤᠷᠪᠠ ᠂ ᠲᠠᠷᠢᠶᠠᠯᠠᠬᠤ ᠭᠠᠵᠠᠷ ᠢ ᠡᠵᠡᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠰᠢᠭᠦᠯᠬᠦ ᠬᠠᠮᠢᠶᠠᠷᠤᠯᠲᠠ ᠶᠢ ᠴᠢᠩᠭᠠᠳᠬᠠᠨ᠎ᠠ

      ︵ᠠᠷᠪᠠᠨ ᠨᠢᠭᠡ︶ ᠲᠠᠷᠢᠶᠠᠯᠠᠬᠤ ᠭᠠᠵᠠᠷ ᠢ ᠡᠵᠡᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠰᠢᠭᠦᠯᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ ᠃ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ ᠳᠤ ᠲᠠᠷᠢᠶᠠᠯᠠᠬᠤ ᠭᠠᠵᠠᠷ ᠢ ᠡᠵᠡᠯᠡᠨ ᠬᠡᠷᠡᠭᠯᠡᠭᠰᠡᠨ ᠪᠠᠶᠢᠪᠠᠯ ᠂ ᠲᠠᠷᠢᠶᠠᠯᠠᠬᠤ ᠭᠠᠵᠠᠷ ᠢ ᠨᠥᠬᠦᠪᠦᠷᠢᠯᠡᠬᠦ ᠡᠭᠦᠷᠭᠡ ᠲᠠᠢ ᠨᠢᠭᠡᠴᠢ ᠨᠢ ᠲᠠᠷᠢᠶᠠᠯᠠᠬᠤ ᠭᠠᠵᠠᠷ ᠢ ᠨᠥᠬᠦᠪᠦᠷᠢᠯᠡᠬᠦ ᠡᠭᠦᠷᠭᠡ ᠪᠠᠨ ᠡᠷᠬᠡᠪᠰᠢ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠢ ᠂ ᠲᠤᠭ᠎ᠠ ᠬᠡᠮᠵᠢᠶ᠎ᠡ ᠂ ᠴᠢᠨᠠᠷ ᠢᠶᠠᠷ ᠵᠣᠬᠢᠴᠠᠯᠳᠤᠭᠰᠠᠨ ᠲᠠᠷᠢᠶᠠᠯᠠᠬᠤ ᠭᠠᠵᠠᠷ ᠢ ᠥᠪᠡᠷ ᠢᠶᠠᠨ ᠨᠥᠬᠦᠪᠦᠷᠢᠯᠡᠵᠦ ᠳᠡᠶᠢᠯᠬᠦ ᠦᠭᠡᠢ ᠪᠠᠶᠢᠪᠠᠯ ᠂ ᠲᠠᠷᠢᠶᠠᠯᠠᠬᠤ ᠭᠠᠵᠠᠷ ᠢ ᠬᠠᠭᠠᠯᠪᠤᠷᠢᠯᠠᠬᠤ ᠰᠦᠢᠳᠬᠡᠯ ᠢ ᠲᠣᠭᠲᠠᠭᠠᠯ ᠶᠣᠰᠣᠭᠠᠷ ᠭᠦᠢᠴᠡᠳ ᠲᠤᠭ᠎ᠠ ᠪᠠᠷ ᠲᠤᠰᠢᠶᠠᠬᠤ ᠬᠡᠷᠡᠭᠲᠡᠢ ᠃ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠲᠠᠷᠢᠶᠠᠯᠠᠬᠤ ᠭᠠᠵᠠᠷ ᠢ ᠡᠵᠡᠯᠡᠨ ᠬᠡᠷᠡᠭᠯᠡᠬᠦ ᠳᠤ

︽ᠤᠷᠢᠳ ᠢᠶᠠᠷ ᠨᠥᠬᠦᠪᠦᠷᠢᠯᠡᠵᠦ ᠳᠠᠷᠠᠭ᠎ᠠ ᠨᠢ ᠡᠵᠡᠯᠡᠬᠦ ᠂ ᠨᠢᠭᠡ ᠬᠡᠰᠡᠭ ᠢ ᠡᠵᠡᠯᠡᠪᠡᠯ ᠲᠡᠷᠡ ᠬᠡᠰᠡᠭ ᠢ ᠨᠢ ᠨᠥᠬᠦᠪᠦᠷᠢᠯᠡᠬᠦ ᠂ ᠰᠠᠶᠢᠨ ᠭᠠᠵᠠᠷ ᠢ ᠡᠵᠡᠯᠡᠪᠡᠯ ᠰᠠᠶᠢᠨ ᠭᠠᠵᠠᠷ ᠢᠶᠠᠷ ᠨᠥᠬᠦᠪᠦᠷᠢᠯᠡᠬᠦ ᠂ ᠤᠰᠤᠨ ᠲᠠᠷᠢᠶ᠎ᠠ ᠶᠢ ᠡᠵᠡᠯᠡᠪᠡᠯ ᠤᠰᠤᠨ ᠲᠠᠷᠢᠶ᠎ᠠ ᠪᠠᠷ ᠨᠥᠬᠦᠪᠦᠷᠢᠯᠡᠬᠦ︾ ᠡᠨᠡ ᠬᠦ ᠡᠵᠡᠯᠡᠭᠰᠡᠨ ᠭᠠᠵᠠᠷ ᠢ ᠨᠢ ᠨᠥᠬᠦᠪᠦᠷᠢᠯᠡᠨ ᠲᠡᠩᠴᠡᠭᠦᠷᠢᠰᠢᠭᠦᠯᠬᠦ ᠱᠠᠭᠠᠷᠳᠠᠯᠭ᠎ᠠ ᠶᠢ ᠦᠨᠡᠨ ᠬᠦ ᠭᠦᠢᠴᠡᠳᠬᠡᠬᠦ ᠬᠡᠷᠡᠭᠲᠡᠢ ᠃ ᠦᠢᠯᠡᠳᠪᠦᠷᠢ ᠠᠭᠤᠷᠬᠠᠢ ᠶᠢᠨ ᠬᠠᠶᠠᠭᠳᠠᠭᠰᠠᠨ ᠭᠠᠵᠠᠷ ᠪᠠ ᠬᠤᠳᠠ ᠬᠥᠳᠡᠭᠡ ᠶᠢᠨ ᠨᠡᠮᠡᠭᠳᠡᠯ ᠬᠠᠰᠤᠭᠳᠠᠯ ᠯᠤᠭ᠎ᠠ ᠬᠤᠯᠪᠣᠭᠳᠠᠭᠤᠯᠤᠭᠰᠠᠨ ᠲᠠᠷᠢᠶᠠᠯᠠᠬᠤ ᠭᠠᠵᠠᠷ ᠤᠨ ᠭᠦᠢᠴᠡᠳᠬᠡᠯ ᠲᠤᠭ᠎ᠠ ᠶᠢ ᠬᠡᠷᠡᠭᠯᠡᠭᠰᠡᠨ ᠪᠠᠶᠢᠪᠠᠯ ᠂ ᠰᠡᠷᠭᠦᠭᠡᠨ ᠬᠠᠭᠠᠯᠪᠤᠷᠢᠯᠠᠬᠤ ᠶᠢ ᠬᠠᠷᠢᠭᠤᠴᠠᠬᠤ ᠬᠤᠰᠢᠭᠤ ᠰᠢᠶᠠᠨ ︵ᠬᠤᠳᠠ ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠡᠷᠬᠡᠪᠰᠢ ᠠᠮᠠᠯᠠᠭᠰᠠᠨ ᠴᠠᠭ ᠬᠤᠭᠤᠴᠠᠭ᠎ᠠ ᠶᠣᠰᠣᠭᠠᠷ ᠲᠠᠷᠢᠶᠠᠯᠠᠬᠤ ᠭᠠᠵᠠᠷ ᠢ ᠰᠡᠷᠭᠦᠭᠡᠨ ᠬᠠᠭᠠᠯᠪᠤᠷᠢᠯᠠᠬᠤ ᠡᠭᠦᠷᠭᠡ ᠪᠠᠨ ᠪᠡᠶᠡᠯᠡᠭᠦᠯᠵᠦ ᠂ ᠬᠤᠭᠤᠴᠠᠭ᠎ᠠ ᠬᠡᠲᠦᠷᠡᠪᠡᠯ ᠲᠤᠰ ᠬᠤᠰᠢᠭᠤ ᠰᠢᠶᠠᠨ ︵ᠬᠤᠳᠠ ᠂ ᠲᠣᠭᠤᠷᠢᠭ︶ ᠤ ᠲᠠᠷᠢᠶᠠᠯᠠᠬᠤ ᠭᠠᠵᠠᠷ ᠢ ᠨᠥᠬᠦᠪᠦᠷᠢᠯᠡᠬᠦ ᠵᠣᠬᠢᠬᠤ ᠭᠦᠢᠴᠡᠳᠬᠡᠯ ᠲᠤᠭ᠎ᠠ ᠶᠢ ᠬᠠᠰᠤᠵᠤ ᠂ ᠬᠤᠰᠢᠭᠤ ᠰᠢᠶᠠᠨ ︵ᠬᠤᠳᠠ ᠂ ᠲᠣᠭᠤᠷᠢᠭ︶ ᠤ ᠭᠦᠢᠴᠡᠳᠬᠡᠯ ᠲᠤᠭ᠎ᠠ ᠶᠢᠨ ᠦᠯᠡᠳᠡᠪᠦᠷᠢ ᠨᠢ ᠬᠦᠷᠦᠯᠴᠡᠬᠦ ᠦᠭᠡᠢ ᠪᠣᠯ ᠲᠡᠭᠦᠨ ᠤ ᠪᠠᠶᠢᠭ᠎ᠠ ᠠᠶᠢᠮᠠᠭ ᠬᠤᠳᠠ ᠠᠴᠠ ᠨᠥᠬᠦᠪᠦᠷᠢᠯᠡᠬᠦ ᠬᠡᠷᠡᠭᠲᠡᠢ ᠃ ᠡᠯ᠎ᠡ ᠭᠠᠵᠠᠷ ᠣᠷᠣᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠭᠠᠵᠠᠷ ᠰᠣᠩᠭᠤᠬᠤ ᠳᠤ ᠪᠠᠨ ᠬᠠᠷᠢᠶ᠎ᠠ ᠣᠷᠣᠨ ᠤ ᠳᠣᠲᠣᠷᠠᠬᠢ ᠨᠥᠬᠦᠪᠦᠷᠢᠯᠡᠬᠦ ᠲᠠᠷᠢᠶᠠᠯᠠᠬᠤ ᠭᠠᠵᠠᠷ ᠤᠨ ᠨᠥᠭᠡᠴᠡ ᠶᠢᠨ ᠪᠠᠶᠢᠳᠠᠯ ᠢ ᠭᠦᠢᠴᠡᠳ ᠪᠣᠳᠣᠯᠬᠢᠯᠠᠵᠤ ᠂ ᠲᠠᠷᠢᠶᠠᠯᠠᠬᠤ ᠭᠠᠵᠠᠷ ᠢ ᠡᠵᠡᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠰᠢᠭᠦᠯᠬᠦ ᠳᠤ ᠪᠠᠨ ᠬᠤᠰᠢᠭᠤ ᠰᠢᠶᠠᠨ ᠤ ᠬᠡᠪᠴᠢᠶᠡᠨ ᠳᠤ ᠥᠪᠡᠷ ᠢᠶᠠᠨ  ᠲᠡᠩᠴᠡᠭᠦᠷᠢᠰᠢᠭᠦᠯᠬᠦ  ᠪᠠᠷ ᠭᠤᠣᠯᠯᠠᠭᠤᠯᠵᠤ ᠂ ᠠᠶᠢᠮᠠᠭ ᠬᠤᠲᠠ ᠶᠢᠨ ᠬᠡᠪᠴᠢᠶᠡᠨ ᠳᠤ ᠲᠣᠬᠢᠷᠠᠭᠤᠯᠬᠤ ᠪᠠᠷ ᠳᠡᠳ᠋ᠯᠡᠭᠦᠯᠵᠦ ᠂ ᠥᠪᠡᠷᠲᠡᠭᠡᠨ ᠵᠠᠰᠠᠬᠤ ᠣᠷᠣᠨ ᠵᠣᠬᠢᠬᠤ ᠬᠡᠮᠵᠢᠶ᠎ᠡ ᠪᠠᠷ ᠨᠢᠭᠡᠳᠦᠯᠲᠡᠢ ᠲᠥᠯᠥᠪᠯᠡᠬᠦ ᠪᠠᠷ ᠨᠥᠬᠦᠪᠦᠷᠢ ᠪᠣᠯᠭᠠᠬᠤ ᠬᠡᠷᠡᠭᠲᠡᠢ ᠃ 

      ︵ᠠᠷᠪᠠᠨ ᠬᠤᠶᠠᠷ︶ ᠲᠠᠷᠢᠶᠠᠯᠠᠬᠤ ᠭᠠᠵᠠᠷ ᠢ ᠨᠥᠬᠦᠪᠦᠷᠢᠯᠡᠬᠦ ᠢᠷᠡᠯᠲᠡ ᠶᠢᠨ ᠬᠠᠮᠢᠶᠠᠷᠤᠯᠲᠠ ᠶᠢ ᠴᠢᠩᠳᠠᠯᠠᠨ᠎ᠠ ᠃ ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠡᠯ᠎ᠡ ᠬᠤᠰᠢᠭᠤ ᠰᠢᠶᠠᠨ ︵ᠬᠤᠲᠠ ᠂ ᠲᠣᠭᠤᠷᠢᠭ︶   ᠤ ᠠᠷᠠᠳ ᠤᠨ ᠵᠠᠰᠠᠭ ᠤᠨ ᠣᠷᠳᠣᠨ ᠨᠢ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠶᠢ ᠪᠠᠷᠢᠮᠲᠠᠯᠠᠭᠰᠠᠨ ᠤᠷᠢᠲᠠᠯ ᠳᠣᠣᠷ᠎ᠠ ᠲᠠᠷᠢᠶᠠᠯᠠᠬᠤ ᠭᠠᠵᠠᠷ ᠢ ᠨᠥᠬᠦᠪᠦᠷᠢᠯᠡᠬᠦ ᠠᠵᠢᠯ ᠢ ᠡᠮᠬᠢ ᠵᠢᠷᠤᠮ ᠲᠠᠢ ᠪᠠᠷ ᠥᠷᠨᠢᠭᠦᠯᠬᠦ ᠬᠡᠷᠡᠭᠲᠡᠢ ᠃ ᠦᠷᠭᠦᠯᠵᠢᠯᠡᠭᠰᠡᠨ ᠠᠰᠢᠭᠯᠠᠭᠠᠳᠤᠢ ᠭᠠᠵᠠᠷ ᠢ ᠨᠡᠭᠡᠭᠡᠨ ᠠᠰᠢᠭᠯᠠᠬᠤ ᠶᠢ ᠴᠢᠩᠭ᠎ᠠ ᠡᠵᠡᠮᠳᠡᠵᠦ ᠂ ᠬᠦᠨᠳᠦ ᠨᠣᠴᠢᠲᠠᠢ ᠡᠯᠡᠰᠦᠵᠢᠭᠰᠡᠨ ᠭᠠᠵᠠᠷ ᠢ ᠬᠠᠭᠠᠯᠪᠤᠷᠢᠯᠠᠬᠤ ᠶᠢ ᠴᠠᠭᠠᠵᠠᠯᠠᠵᠤ ᠂ 15 ᠭᠷᠡᠳᠦ᠋ᠰ ᠠᠴᠠ ᠳᠡᠭᠡᠭᠰᠢᠬᠢ ᠡᠭᠴᠡ ᠬᠥᠲᠥᠯ ᠳᠤ ᠲᠠᠷᠢᠶᠠᠯᠠᠬᠤ ᠭᠠᠵᠠᠷ ᠬᠠᠭᠠᠯᠪᠤᠷᠢᠯᠠᠬᠤ ᠶᠢ ᠴᠠᠭᠠᠵᠠᠯᠠᠵᠤ ᠂ ᠲᠣᠭᠲᠠᠭᠠᠯ ᠠᠴᠠ ᠵᠥᠷᠢᠴᠡᠨ ᠣᠶ ᠰᠢᠭᠤᠢ ᠶᠢ ᠡᠪᠳᠡᠨ ᠂ ᠡᠪᠡᠰᠦ ᠪᠡᠯᠴᠢᠭᠡᠷ ᠢ ᠰᠦᠢᠳᠬᠡᠵᠦ ᠲᠠᠷᠢᠶᠠᠯᠠᠬᠤ ᠭᠠᠵᠠᠷ ᠬᠠᠭᠠᠯᠪᠤᠷᠢᠯᠠᠬᠤ ᠶᠢ ᠴᠠᠭᠠᠵᠠᠯᠠᠵᠤ ᠂ ᠨᠠᠭᠤᠷ ᠢ ᠬᠦᠷᠢᠶᠡᠯᠡᠨ ᠲᠠᠷᠢᠶᠠᠯᠠᠬᠤ ᠭᠠᠵᠠᠷ ᠭᠠᠷᠭᠠᠬᠤ ᠪᠠ ᠭᠤᠣᠯ ᠤᠨ ᠲᠠᠩ ᠢ ᠡᠵᠡᠯᠡᠬᠦ ᠶᠢ ᠴᠠᠭᠠᠵᠠᠯᠠᠵᠤ ᠂ ᠲᠣᠭᠲᠠᠭᠠᠯ ᠠᠴᠠ ᠵᠥᠷᠢᠴᠡᠨ ᠨᠤᠭᠤ ᠭᠠᠵᠠᠷ ᠢ ᠳᠠᠷᠤᠵᠤ ᠲᠠᠷᠢᠶᠠᠯᠠᠬᠤ ᠭᠠᠵᠠᠷ ᠪᠣᠯᠭᠠᠨ ᠬᠠᠭᠠᠯᠪᠤᠷᠢᠯᠠᠬᠤ ᠶᠢ ᠴᠠᠭᠠᠵᠠᠯᠠᠵᠤ ᠂ ᠠᠮᠢ ᠠᠬᠤᠢ ᠶᠢᠨ ᠤᠯᠠᠭᠠᠨ ᠱᠤᠭᠤᠮ ᠤᠨ ᠬᠡᠪᠴᠢᠶᠡᠨ ᠳᠤ ᠲᠠᠷᠢᠶᠠᠯᠠᠬᠤ ᠭᠠᠵᠠᠷ ᠢ ᠬᠠᠭᠠᠯᠪᠤᠷᠢᠯᠠᠭᠠᠳ ᠬᠡᠷᠡᠭᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠰᠢᠭᠦᠯᠬᠦ ᠶᠢ ᠴᠠᠭᠠᠵᠠᠯᠠᠨ᠎ᠠ ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠵᠢᠴᠢ ᠪᠤᠰᠤᠳ ᠬᠠᠮᠢᠶ᠎ᠠ ᠪᠦᠬᠦᠢ ᠲᠥᠯᠦᠪᠵᠢᠭᠦᠯᠭᠡ ᠶᠢ ᠦᠨᠳᠦᠰᠦᠯᠡᠨ ᠂ ᠲᠤᠬᠠᠢ ᠶᠢᠨ ᠭᠠᠵᠠᠷ ᠤᠨ ᠪᠠᠶᠢᠳᠠᠯ ᠳᠤ ᠲᠣᠬᠢᠷᠠᠭᠤᠯᠤᠨ ᠂ ᠵᠦᠢ ᠵᠣᠬᠢᠰᠲᠠᠢ ᠪᠠᠶᠢᠷᠢᠰᠢᠭᠤᠯᠵᠤ ᠂ ᠲᠠᠷᠢᠶᠠᠯᠠᠬᠤ ᠭᠠᠵᠠᠷ ᠢ ᠨᠥᠬᠦᠪᠦᠷᠢᠯᠡᠬᠦ ᠠᠷᠭ᠎ᠠ ᠶᠢ ᠠᠯᠬᠤᠮ ᠠᠯᠬᠤᠮ ᠢᠶᠠᠷ ᠬᠤᠪᠢᠷᠠᠭᠤᠯᠵᠤ ᠂ ᠲᠠᠷᠢᠶᠠᠯᠠᠬᠤ ᠳᠤ ᠲᠣᠬᠢᠷᠠᠮᠵᠢᠲᠠᠢ ᠭᠠᠵᠠᠷ ᠰᠢᠷᠣᠢ ᠶᠢᠨ ᠪᠡᠯᠡᠳᠬᠡᠯ ᠡᠬᠢ ᠪᠠᠶᠠᠯᠢᠭ ᠤᠨ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠬᠤ ᠬᠡᠷᠡᠭᠲᠡᠢ ᠃ ᠲᠠᠷᠢᠶᠠᠯᠠᠬᠤ ᠭᠠᠵᠠᠷ ᠢ ᠨᠥᠬᠦᠪᠦᠷᠢᠯᠡᠬᠦ ᠲᠥᠷᠥᠯ ᠵᠦᠢᠯ ᠢ ᠲᠣᠭᠲᠠᠭᠠᠬᠤ ᠠᠴᠠ ᠡᠮᠦᠨ᠎ᠡ ᠂ ᠬᠤᠰᠢᠭᠤ ᠰᠢᠶᠠᠨ ︵ᠬᠤᠲᠠ ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠠᠮᠢ ᠠᠬᠤᠢ ᠣᠷᠴᠢᠨ ᠲᠣᠭᠤᠷᠢᠨ ᠂ ᠤᠰᠤᠨ ᠠᠰᠢᠭᠯᠠᠯᠲᠠ ᠂ ᠣᠶ ᠰᠢᠭᠤᠢ ᠨᠤᠲᠤᠭ ᠪᠡᠯᠴᠢᠭᠡᠷ ᠂ ᠲᠠᠷᠢᠶᠠᠯᠠᠩ ᠮᠠᠯ ᠠᠵᠤ ᠠᠬᠤᠢ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠡᠷᠬᠢᠨ ᠲᠣᠭᠤᠷᠢᠨ ᠤ ᠣᠷᠴᠢᠨ ᠲᠣᠭᠤᠷᠢᠨ ᠤ ᠨᠥᠯᠥᠭᠡᠯᠡᠯ ᠪᠠ ᠪᠣᠯᠣᠮᠵᠢᠲᠤ ᠴᠢᠨᠠᠷ ᠵᠡᠷᠭᠡ ᠪᠠᠶᠢᠳᠠᠯ ᠳᠤ ᠭᠦᠢᠴᠡᠳ ᠨᠤᠲᠠᠯᠠᠯᠲᠠ ᠬᠢᠵᠦ ᠂ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠤᠨ ᠭᠦᠢᠴᠡᠳᠬᠡᠯ ᠲᠤᠭ᠎ᠠ ᠶᠢ ᠪᠣᠶ ᠪᠣᠯᠭᠠᠭᠰᠠᠨ ᠤ ᠳᠠᠷᠠᠭ᠎ᠠ ᠦᠷᠭᠦᠯᠵᠢᠯᠡᠨ ᠲᠣᠭᠲᠠᠭᠤᠨ ᠢᠶᠠᠷ ᠲᠠᠷᠢᠶᠠᠯᠠᠬᠤ ᠶᠢ ᠦᠨᠡᠨ ᠬᠦ ᠪᠠᠲᠤᠯᠠᠬᠤ ᠬᠡᠷᠡᠭᠲᠡᠢ ᠃ ᠭᠠᠵᠠᠷ ᠰᠢᠷᠣᠢ ᠶᠢ ᠴᠡᠭᠴᠡᠯᠡᠨ ᠵᠠᠰᠠᠬᠤ ᠪᠠ ᠲᠠᠷᠢᠶᠠᠯᠠᠬᠤ ᠭᠠᠵᠠᠷ ᠢ ᠨᠥᠬᠦᠪᠦᠷᠢᠯᠡᠬᠦ ᠲᠥᠷᠥᠯ ᠵᠦᠢᠯ ᠢ ᠲᠠᠷᠢᠶᠠᠯᠠᠬᠤ ᠶᠢ ᠵᠣᠭᠰᠤᠭᠠᠬᠤ ᠬᠡᠪᠴᠢᠶᠡᠨ ᠳᠤ ᠳᠤᠷ᠎ᠠ ᠪᠠᠷ ᠣᠷᠣᠭᠤᠯᠬᠤ ᠶᠢ ᠴᠢᠩᠭ᠎ᠠ ᠴᠠᠭᠠᠵᠠᠯᠠᠨ᠎ᠠ ᠃ 

      ︵ᠠᠷᠪᠠᠨ ᠭᠤᠷᠪᠠ︶ ᠨᠥᠬᠦᠪᠦᠷᠢᠯᠡᠭᠰᠡᠨ ᠲᠠᠷᠢᠶᠠᠯᠠᠬᠤ ᠭᠠᠵᠠᠷ ᠲᠤ ᠪᠠᠶᠢᠴᠠᠭᠠᠯᠲᠠ ᠬᠢᠵᠦ ᠰᠢᠯᠭᠠᠨ ᠠᠪᠬᠤ ᠠᠵᠢᠯ ᠢ ᠴᠢᠩᠳᠠᠯᠠᠨ᠎ᠠ ᠃ ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠡᠯ᠎ᠡ ᠬᠤᠰᠢᠭᠤ ᠰᠢᠶᠠᠨ ︵ᠬᠤᠲᠠ ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠭᠠᠵᠠᠷ ᠰᠢᠷᠣᠢ ᠶᠢ ᠴᠡᠭᠴᠡᠯᠡᠨ ᠵᠠᠰᠠᠬᠤ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠠᠬᠢ ᠬᠠᠮᠢᠶᠠᠷᠤᠯᠲᠠ ᠪᠠᠨ ᠴᠢᠩᠭᠠᠳᠬᠠᠵᠤ ᠂ ᠲᠥᠷᠥᠯ ᠵᠦᠢᠯ ᠤᠨ ᠵᠢᠷᠤᠭ ᠲᠥᠯᠥᠪᠯᠡᠭᠡ ᠶᠢ ᠵᠢᠷᠤᠮᠵᠢᠭᠤᠯᠤᠨ ᠂ ᠲᠥᠷᠥᠯ ᠵᠦᠢᠯ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠪᠠᠷᠢᠯᠭ᠎ᠠ ᠶᠢᠨ ᠠᠵᠢᠯ ᠢ ᠬᠢᠨᠠᠨ ᠬᠠᠮᠢᠶᠠᠷᠬᠤ ᠪᠠᠨ ᠴᠢᠩᠭᠠᠳᠬᠠᠬᠤ ᠬᠡᠷᠡᠭᠲᠡᠢ ᠃ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠠᠵᠢᠯ ᠢ ᠰᠠᠶᠢᠲᠤᠷ ᠬᠢᠵᠦ ᠂ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠤᠨ ᠲᠤᠭ᠎ᠠ ᠬᠡᠮᠵᠢᠶ᠎ᠡ ᠶᠢ ᠮᠠᠭᠠᠳᠯᠠᠨ ᠲᠣᠭᠲᠠᠭᠠᠬᠤ ᠪᠠ ᠴᠢᠨᠠᠷ ᠢ ᠨᠢ ᠦᠨᠡᠯᠡᠨ ᠲᠣᠭᠲᠠᠭᠠᠬᠤ ᠪᠠᠨ ᠴᠢᠩᠳᠠᠯᠠᠵᠤ ᠂ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠲᠤ ᠤᠷᠢᠳ ᠢᠶᠠᠷ ᠭᠠᠵᠠᠷ ᠰᠢᠷᠣᠢ ᠶᠢᠨ ᠲᠥᠷᠥᠯ ᠢ ᠨᠢ ᠬᠤᠪᠢᠷᠠᠭᠤᠯᠵᠤ ᠳᠠᠬᠢᠭᠠᠳ ᠰᠢᠯᠭᠠᠨ ᠠᠪᠴᠤ ᠮᠡᠳᠡᠭᠦᠯᠦᠨ ᠳᠠᠩᠰᠠᠯᠠᠭᠤᠯᠬᠤ ᠶᠢ ᠬᠡᠷᠡᠭᠵᠢᠭᠦᠯᠵᠦ ᠂ ᠨᠥᠬᠦᠪᠦᠷᠢᠯᠡᠭᠰᠡᠨ ᠲᠠᠷᠢᠶᠠᠯᠠᠬᠤ ᠭᠠᠵᠠᠷ ᠤᠨ ᠲᠤᠭ᠎ᠠ ᠬᠡᠮᠵᠢᠶ᠎ᠡ ᠪᠠ ᠴᠢᠨᠠᠷ ᠨᠢ ᠱᠠᠭᠠᠷᠳᠠᠯᠭ᠎ᠠ ᠳᠤ ᠨᠡᠶᠢᠴᠡᠬᠦ ᠶᠢ ᠦᠨᠡᠨ ᠬᠦ ᠪᠠᠲᠤᠯᠠᠬᠤ ᠬᠡᠷᠡᠭᠲᠡᠢ ᠃ 

      ︵ᠠᠷᠪᠠᠨ ᠳᠥᠷᠪᠡ︶ ᠨᠥᠬᠦᠪᠦᠷᠢᠯᠡᠭᠰᠡᠨ ᠲᠠᠷᠢᠶᠠᠯᠠᠬᠤ ᠭᠠᠵᠠᠷ ᠲᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ ᠃ ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠡᠯ᠎ᠡ ᠬᠤᠰᠢᠭᠤ ᠰᠢᠶᠠᠨ ︵ᠬᠤᠲᠠ ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠨᠥᠬᠦᠪᠦᠷᠢᠯᠡᠭᠰᠡᠨ ᠲᠠᠷᠢᠶᠠᠯᠠᠬᠤ ᠭᠠᠵᠠᠷ ᠲᠠᠬᠢ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠪᠠᠨ ᠴᠢᠩᠭᠠᠳᠬᠠᠵᠤ ᠂ ᠬᠠᠮᠢᠶᠠᠷᠤᠨ ᠬᠠᠮᠠᠭᠠᠯᠠᠬᠤ ᠭᠤᠣᠯ ᠴᠣᠭᠴᠠ ᠶᠢ ᠲᠣᠳᠣᠷᠬᠠᠶᠢᠯᠠᠨ ᠂ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠂ ᠬᠠᠮᠢᠶᠠᠷᠤᠨ ᠬᠠᠮᠠᠭᠠᠯᠠᠬᠤ ᠵᠠᠷᠤᠳᠠᠯ ᠢ ᠪᠠᠲᠤᠯᠠᠨ ᠂ ᠨᠥᠬᠦᠪᠦᠷᠢᠯᠡᠭᠰᠡᠨ ᠲᠠᠷᠢᠶᠠᠯᠠᠬᠤ ᠭᠠᠵᠠᠷ ᠲᠤ ᠦᠷᠭᠦᠯᠵᠢᠯᠡᠨ ᠲᠣᠭᠲᠠᠭᠤᠨ ᠢᠶᠠᠷ ᠳᠠᠷᠢᠵᠤ ᠪᠣᠯᠬᠤ ᠶᠢ ᠦᠨᠡᠨ ᠬᠦ ᠪᠠᠲᠤᠯᠠᠵᠤ ᠂ ᠠᠲᠠᠷᠰᠢᠭᠤᠯᠵᠤ ᠬᠠᠭᠠᠯᠪᠤᠷᠢᠯᠠᠬᠤ ᠪᠠᠨ ᠪᠣᠯᠢᠬᠤ ᠪᠠ ᠦᠢᠯᠡᠳᠪᠦᠷᠢᠯᠡᠬᠦ ᠴᠢᠳᠠᠮᠵᠢ ᠶᠢᠨ ᠪᠠᠭᠤᠷᠠᠬᠤ ᠶᠢ ᠰᠡᠷᠭᠡᠶᠢᠯᠡᠬᠦ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠢ ᠵᠢᠯ ᠪᠦᠷᠢ ᠬᠥᠮᠥᠷᠭᠡ ᠳᠤ ᠣᠷᠣᠭᠤᠯᠤᠭᠰᠠᠨ ᠲᠠᠷᠢᠶᠠᠯᠠᠬᠤ ᠭᠠᠵᠠᠷ ᠢ ᠨᠥᠬᠦᠪᠦᠷᠢᠯᠡᠬᠦ ᠲᠥᠷᠥᠯ ᠵᠦᠢᠯ ᠳᠤ 1 ᠤᠳᠠᠭ᠎ᠠ ᠪᠥᠬᠦ ᠲᠠᠯ᠎ᠠ ᠶᠢᠨ ᠵᠢᠷᠤᠭ ᠳᠦᠷᠰᠦ ᠶᠢᠨ ᠬᠠᠷᠭᠤᠭᠤᠯᠤᠨ ᠪᠠᠶᠢᠴᠠᠭᠠᠯᠲᠠ ᠬᠢᠵᠦ ᠂ ᠵᠢᠷᠤᠭ ᠳᠦᠷᠰᠦ ᠳᠤ ᠰᠡᠵᠢᠭᠯᠡᠯᠲᠡᠢ ᠠᠰᠠᠭᠤᠳᠠᠯ ᠲᠠᠢ ᠲᠥᠷᠥᠯ ᠵᠦᠢᠯ ᠢ 15% ᠠᠴᠠ ᠳᠤᠲᠠᠭᠤ ᠦᠭᠡᠢ ᠪᠠᠷ ᠰᠣᠩᠭᠤᠨ ᠠᠪᠴᠤ ᠪᠣᠳᠠᠲᠠᠢ ᠭᠠᠵᠠᠷ ᠲᠤ ᠨᠢ ᠬᠠᠷᠭᠤᠭᠤᠯᠤᠨ ᠪᠠᠶᠢᠴᠠᠭᠠᠯᠲᠠ ᠬᠢᠨ᠎ᠡ ᠃ ᠠᠲᠠᠷᠰᠢᠭᠤᠯᠵᠤ ᠬᠠᠭᠠᠯᠪᠤᠷᠢᠯᠠᠬᠤ ᠪᠠᠨ ᠪᠣᠯᠢᠭᠰᠠᠨ ᠲᠠᠯᠠᠪᠠᠶ ᠨᠢ ᠲᠣᠰ ᠵᠠᠰᠠᠭ ᠵᠠᠬᠢᠷᠭᠠᠨ ᠤ ᠣᠷᠣᠨ ᠤ ᠲᠠᠷᠢᠶᠠᠯᠠᠬᠤ ᠭᠠᠵᠠᠷ ᠢ ᠨᠥᠬᠦᠪᠦᠷᠢᠯᠡᠬᠦ ᠭᠦᠢᠴᠡᠳᠬᠡᠯ ᠲᠤᠭ᠎ᠠ ᠶᠢᠨ ᠶᠡᠷᠦᠩᠬᠡᠢ ᠲᠠᠯᠠᠪᠠᠶ ᠶᠢᠨ 10% ᠠᠴᠠ ᠳᠡᠭᠡᠭᠰᠢ ᠳᠤ ᠬᠦᠷᠦᠭᠰᠡᠨ ᠪᠣᠯ ᠂ ᠲᠠᠷᠢᠶᠠᠯᠠᠬᠤ ᠭᠠᠵᠠᠷ ᠢ ᠨᠥᠬᠦᠪᠦᠷᠢᠯᠡᠬᠦ ᠵᠣᠬᠢᠬᠤ ᠭᠦᠢᠴᠡᠳᠬᠡᠯ ᠲᠤᠭ᠎ᠠ ᠶᠢ ᠴᠡᠪᠳᠡᠭᠰᠢᠭᠦᠯᠵᠦ ᠂ ᠲᠣᠰ ᠠᠶᠢᠮᠠᠭ ᠬᠤᠲᠠ ᠂ ᠬᠤᠰᠢᠭᠤ ᠰᠢᠶᠠᠨ ︵ᠬᠤᠲᠠ ᠂ ᠲᠣᠭᠤᠷᠢᠭ︶ ᠤ ᠰᠢᠨ᠎ᠡ ᠪᠠᠷ ᠨᠡᠮᠡᠭᠳᠡᠬᠦ ᠲᠠᠷᠢᠶᠠᠯᠠᠬᠤ ᠭᠠᠵᠠᠷ ᠢ ᠬᠠᠷᠭᠤᠭᠤᠯᠤᠨ ᠲᠣᠭᠲᠠᠭᠠᠬᠤ ᠪᠠ ᠲᠥᠷᠥᠯ ᠵᠦᠢᠯ ᠤᠨ ᠭᠦᠢᠴᠡᠳᠬᠡᠯ ᠲᠤᠭ᠎ᠠ ᠶᠢ ᠬᠥᠮᠥᠷᠭᠡ ᠳᠤ ᠣᠷᠣᠭᠤᠯᠬᠤ ᠭᠤᠶᠤᠴᠢᠯᠠᠯ ᠢ ᠲᠦᠷ ᠵᠣᠭᠰᠣᠭᠠᠨ᠎ᠠ ᠃ ᠬᠠᠮᠢᠶ᠎ᠠ ᠪᠦᠬᠦᠢ ᠬᠤᠰᠢᠭᠤ ᠰᠢᠶᠠᠨ ︵ᠬᠤᠲᠠ ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠴᠡᠭᠴᠡᠯᠡᠨ ᠰᠠᠶᠢᠵᠢᠷᠠᠭᠤᠯᠬᠤ ᠶᠢ ᠢᠳᠡᠪᠬᠢᠲᠡᠢ ᠵᠣᠬᠢᠶᠠᠨ ᠪᠠᠶᠢᠭᠤᠯᠵᠤ ᠂ ᠲᠠᠷᠢᠶᠠᠯᠠᠬᠤ ᠭᠠᠵᠠᠷ ᠢ ᠨᠥᠬᠦᠪᠦᠷᠢᠯᠡᠬᠦ ᠲᠥᠷᠥᠯ ᠵᠦᠢᠯ ᠢ ᠰᠢᠯᠭᠠᠨ ᠬᠤᠷᠢᠶᠠᠬᠤ ᠰᠠᠯᠠᠭ᠎ᠠ ᠮᠥᠴᠢᠷ ᠠᠴᠠ ᠳᠠᠬᠢᠨ ᠬᠠᠷᠭᠤᠭᠤᠯᠵᠤ ᠮᠠᠭᠠᠳᠯᠠᠨ ᠲᠣᠭᠲᠠᠭᠠᠭᠠᠳ ᠴᠡᠭᠴᠡᠯᠡᠨ ᠰᠠᠶᠢᠵᠢᠷᠠᠭᠤᠯᠵᠤ ᠳᠠᠭᠤᠰᠤᠭᠰᠠᠨ ᠤ ᠳᠠᠷᠠᠭ᠎ᠠ ᠂ ᠵᠣᠬᠢᠬᠤ ᠭᠦᠢᠴᠡᠳᠬᠡᠯ ᠲᠤᠭ᠎ᠠ ᠶᠢ ᠨᠢ ᠴᠡᠪᠳᠡᠭᠰᠢᠯ ᠠᠴᠠ ᠲᠠᠶᠢᠯᠬᠤ ᠶᠢᠨ ᠬᠠᠮᠲᠤ ᠬᠥᠮᠥᠷᠭᠡ ᠳᠤ ᠣᠷᠣᠭᠤᠯᠬᠤ ᠭᠤᠶᠤᠴᠢᠯᠠᠯ ᠢ ᠰᠡᠷᠭᠦᠭᠡᠵᠦ ᠭᠥᠯᠢᠶᠡᠨ ᠠᠪᠴᠤ ᠰᠢᠢᠳᠪᠦᠷᠢᠯᠡᠨ᠎ᠡ ᠃ 

      ᠳᠥᠷᠪᠡ ᠂ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠢᠨᠠᠯᠲᠠ ᠬᠠᠮᠢᠶᠠᠷᠤᠯᠲᠠ ᠶᠢ ᠴᠢᠩᠳᠠᠯᠠᠨ᠎ᠠ

      ︵ᠠᠷᠪᠠᠨ ᠲᠠᠪᠤ︶ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠪᠦᠷᠢᠳᠬᠡᠨ ᠳᠡᠩᠰᠡᠯᠡᠵᠦ ᠬᠢᠨᠠᠨ ᠬᠠᠮᠢᠶᠠᠷᠬᠤ ᠲᠣᠭᠲᠠᠴᠠ ᠶᠢ ᠨᠠᠶᠢᠳᠠᠪᠤᠷᠢᠵᠢᠭᠤᠯᠤᠨ᠎ᠠ ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠪᠦᠷᠢᠳᠬᠡᠨ ᠳᠠᠩᠰᠠᠯᠠᠬᠤ ᠶᠠᠪᠤᠴᠠ ᠳᠤ ᠂ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠵᠤ ᠂ ᠲᠠᠷᠢᠶᠠᠯᠠᠬᠤ ᠭᠠᠵᠠᠷ ᠢ ᠴᠢᠩᠭ᠎ᠠ ᠬᠠᠮᠠᠭᠠᠯᠠᠬᠤ ᠂ ᠭᠠᠵᠠᠷ ᠰᠢᠷᠣᠢ ᠶᠢ ᠠᠷᠪᠢᠲᠠᠢ ᠡᠷᠴᠢᠮᠯᠢᠭ ᠬᠡᠷᠡᠭᠯᠡᠬᠦ ᠵᠠᠷᠴᠢᠮ ᠶᠣᠰᠣᠭᠠᠷ ᠲᠤᠬᠠᠢ ᠶᠢᠨ ᠭᠠᠵᠠᠷ ᠤᠨ ᠲᠠᠷᠢᠶᠠᠯᠠᠩ ᠤᠨ ᠬᠥᠭᠵᠢᠯᠲᠡ ᠶᠢᠨ ᠲᠥᠯᠦᠪᠵᠢᠭᠦᠯᠭᠡ ᠂ ᠲᠠᠷᠢᠶᠠᠯᠠᠩ ᠠᠵᠤ ᠦᠢᠯᠡᠰ ᠤᠨ ᠪᠠᠶᠢᠷᠢᠰᠢᠭᠤᠯᠤᠯᠲᠠ ᠂ ᠲᠠᠷᠢᠶᠠᠯᠠᠩ ᠦᠢᠯᠡᠳᠪᠦᠷᠢᠯᠡᠯ ᠤᠨ ᠲᠥᠯᠥᠪᠯᠡᠭᠡ ᠪᠠ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢ ᠦᠨᠳᠦᠰᠦᠯᠡᠨ ᠂ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠵᠦᠢ ᠵᠣᠬᠢᠰᠲᠠᠢ ᠪᠠᠶᠢᠷᠢᠯᠠᠭᠤᠯᠬᠤ ᠬᠡᠷᠡᠭᠲᠡᠢ ᠃ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠨᠢ ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠨᠠᠶᠢᠳᠠᠪᠤᠷᠢᠵᠢᠭᠤᠯᠵᠤ ᠂ ᠲᠣᠭᠲᠠᠭᠠᠯ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠭᠠᠵᠠᠷ ᠰᠢᠷᠣᠢ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ ᠃ ᠲᠤᠰᠠᠭᠠᠷ ᠭᠠᠵᠠᠷ ᠰᠣᠩᠭᠤᠭᠰᠠᠨ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠥᠷᠥᠯ ᠵᠦᠢᠯ ᠪᠠ ᠲᠠᠷᠢᠶᠠᠴᠢᠳ ᠮᠠᠯᠴᠢᠳ ᠤᠨ ᠭᠡᠷ ᠤᠨ ᠢᠶᠠᠨ ᠠᠷᠤ ᠥᠪᠥᠷ ᠢᠶᠠᠷ ᠥᠪᠡᠷ ᠢᠶᠠᠨ ᠪᠠᠶᠢᠭᠤᠯᠤᠭᠰᠠᠨ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠥᠷᠥᠯ ᠵᠦᠢᠯ ᠢ ᠰᠠᠯᠭᠠᠨ ᠬᠠᠮᠢᠶᠠᠷᠬᠤ ᠬᠡᠷᠡᠭᠲᠡᠢ ᠃ ᠲᠠᠷᠢᠶᠠᠴᠣᠨ ᠮᠠᠯᠴᠢᠳ ᠤᠨ ᠭᠡᠷ ᠤᠨ ᠢᠶᠠᠨ ᠠᠷᠤ ᠥᠪᠥᠷ ᠢᠶᠠᠷ ᠥᠪᠡᠷ ᠢᠶᠠᠨ ᠪᠠᠶᠢᠭᠤᠯᠤᠭᠰᠠᠨ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠥᠷᠥᠯ ᠵᠦᠢᠯ ᠳᠤ ᠪᠦᠷᠢᠳᠬᠡᠨ ᠳᠠᠩᠰᠠᠯᠠᠭᠤᠯᠬᠤ ᠨᠥᠬᠦᠴᠡᠯ ᠪᠠ ᠲᠠᠰ ᠳᠠᠷᠠᠭᠠᠯᠠᠯ ᠢ ᠳᠥᠭᠦᠮᠴᠢᠯᠡᠵᠦ ᠂ ᠡᠬᠡ ᠲᠠᠩᠰᠠ ᠶᠢᠨ ᠮᠠᠶ᠋ᠢᠭ ᠤᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ︔ ᠪᠦᠷᠢᠳᠬᠡᠨ ᠳᠠᠩᠰᠠᠯᠠᠭᠤᠯᠬᠤ ᠶᠠᠪᠤᠴᠠ ᠳᠤ ᠲᠠᠷᠢᠶᠠᠴᠣᠨ ᠮᠠᠯᠴᠢᠳ ᠠᠴᠠ ᠶᠠᠮᠠᠷᠪᠠ ᠰᠦᠢᠳᠬᠡᠯ ᠬᠤᠷᠢᠶᠠᠬᠤ ᠶᠢ ᠴᠢᠩᠭ᠎ᠠ ᠴᠠᠭᠠᠵᠠᠯᠠᠨ᠎ᠠ ᠃ ᠲᠤᠰᠠᠭᠠᠷ ᠭᠠᠵᠠᠷ ᠰᠣᠩᠭᠤᠭᠰᠠᠨ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠥᠷᠥᠯ ᠵᠦᠢᠯ ᠳᠤ ᠵᠢᠷᠤᠭ ᠲᠤ ᠲᠣᠳᠣᠷᠠᠭᠤᠯᠤᠨ ᠬᠥᠮᠥᠷᠭᠡ ᠳᠤ ᠣᠷᠣᠭᠤᠯᠬᠤ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ ᠂ ᠨᠢᠭᠡᠨᠲᠡ ᠪᠠᠶᠢᠭᠤᠯᠤᠭᠰᠠᠨ ᠂ ᠪᠠᠶᠢᠭᠤᠯᠵᠤ ᠪᠠᠶᠢᠭ᠎ᠠ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠡᠷᠬᠡᠪᠰᠢ ᠲᠣᠭᠲᠠᠭᠰᠠᠨ ᠴᠠᠭ ᠬᠤᠭᠤᠴᠠᠭᠠᠨ ᠳᠤ ᠪᠦᠬᠦᠨ ᠢ ᠵᠢᠷᠤᠭ ᠲᠤ ᠲᠣᠳᠣᠷᠠᠭᠤᠯᠤᠨ ᠬᠥᠮᠥᠷᠭᠡ ᠳᠤ ᠣᠷᠣᠭᠤᠯᠵᠤ ᠂ ᠰᠢᠨ᠎ᠡ ᠪᠠᠷ ᠪᠠᠶᠢᠭᠤᠯᠤᠭᠰᠠᠨ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠪᠦᠷᠢᠳᠬᠡᠨ ᠳᠠᠩᠰᠠᠯᠠᠭᠤᠯᠤᠭᠰᠠᠨ ᠤ ᠳᠠᠷᠠᠭᠠᠬᠢ 1 ᠰᠠᠷ᠎ᠠ ᠶᠢᠨ ᠳᠣᠲᠣᠷ᠎ᠠ ᠵᠢᠷᠤᠭ ᠲᠤ ᠲᠣᠳᠣᠷᠠᠭᠤᠯᠤᠨ ᠬᠥᠮᠥᠷᠭᠡ ᠳᠤ ᠣᠷᠣᠭᠤᠯᠬᠤ ᠶᠢᠨ ᠬᠠᠮᠲᠤ ᠂ ᠣᠨ ᠤ ᠤᠯᠤᠰ ᠤᠨ ᠭᠠᠵᠠᠷ ᠰᠢᠷᠣᠢ ᠶᠢᠨ ᠬᠤᠪᠢᠷᠠᠭᠠᠬᠤ ᠪᠠᠶᠢᠴᠠᠭᠠᠯᠲᠠ ᠳᠤ ᠭᠠᠵᠠᠷ ᠰᠢᠷᠣᠢ ᠶᠢᠨ ᠲᠥᠷᠥᠯ ᠢ ᠨᠢ ᠬᠤᠪᠢᠷᠠᠭᠤᠯᠬᠤ ᠬᠡᠷᠡᠭᠲᠡᠢ ᠃ 

      ︵ᠠᠷᠪᠠᠨ ᠵᠢᠷᠭᠤᠭ᠎ᠠ︶ ᠰᠢᠨ᠎ᠡ ᠪᠠᠷ ᠨᠡᠮᠡᠭᠳᠡᠭᠰᠡᠨ ᠪᠡᠯᠡᠳᠬᠡᠮᠵᠢᠳᠦ ᠲᠠᠷᠢᠶᠠᠯᠠᠩ ᠳᠤ ᠬᠡᠷᠡᠭᠯᠡᠬᠦ ᠭᠠᠵᠠᠷ ᠲᠠᠬᠢ ᠬᠢᠨᠠᠯᠲᠠ ᠪᠠᠶᠢᠴᠠᠭᠠᠯᠲᠠ ᠶᠢ ᠴᠢᠩᠭᠠᠷᠠᠭᠤᠯᠤᠨ᠎ᠠ ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠪᠣᠯᠣᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠨᠢ ᠮᠡᠳᠡᠭᠡ ᠵᠠᠩᠭᠢᠴᠢᠯᠠᠯᠲᠠ ᠶᠢᠨ ᠠᠷᠭ᠎ᠠ ᠠᠪᠴᠠᠯ ᠢᠶᠠᠷ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭᠠᠲᠤ ᠬᠠᠷᠠᠯᠲᠠ ᠶᠢ ᠰᠢᠯᠭᠠᠨ ᠬᠢᠨᠠᠬᠤ ᠂ ᠭᠠᠵᠠᠷ ᠰᠢᠷᠣᠢ ᠶᠢᠨ ᠳᠠᠭᠠᠭᠤᠯᠢ ᠣᠳᠣᠨ ᠤ ᠵᠢᠷᠤᠭ ᠳᠦᠷᠰᠦ ᠪᠠᠷ ᠬᠠᠤᠯᠢ ᠬᠡᠷᠡᠭᠵᠢᠭᠦᠯᠬᠦ ᠂ ᠬᠠᠤᠯᠢ ᠠᠴᠠ  ᠵᠥᠷᠢᠴᠡᠵᠦ ᠭᠠᠵᠠᠷ ᠬᠡᠷᠡᠭᠯᠡᠭᠰᠡᠨ ᠢ ᠴᠠᠭ ᠲᠤᠬᠠᠢ ᠳᠤ ᠨᠢ ᠬᠢᠨᠠᠨ ᠬᠠᠮᠢᠶᠠᠷᠬᠤ ᠵᠡᠷᠭᠡ ᠠᠵᠢᠯ ᠤᠨ ᠶᠠᠪᠤᠴᠠ ᠳᠤ ᠪᠠᠨ ᠰᠢᠨ᠎ᠡ ᠪᠠᠷ ᠨᠡᠮᠡᠭᠳᠡᠭᠰᠡᠨ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠲᠠᠬᠢ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ ᠂ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠪᠣᠯᠣᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠤᠨ ᠵᠢᠯ ᠪᠦᠷᠢ ᠶᠢᠨ ᠳᠣᠲᠣᠷᠠᠬᠢ ᠭᠠᠳᠠᠨᠠᠬᠢ ᠠᠵᠢᠯ ᠲᠦᠷᠦᠯ ᠢ ᠪᠠᠶᠢᠴᠠᠭᠠᠬᠤ ᠬᠠᠷᠢᠴᠠᠯ ᠢ 15% ᠠᠴᠠ ᠳᠣᠣᠷ᠎ᠠ ᠪᠠᠶᠢᠯᠭᠠᠬᠤ ᠦᠭᠡᠢ ᠃ 

      ᠲᠣᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ ᠂ ︽ᠲᠠᠷᠢᠶᠠᠯᠠᠬᠤ ᠭᠠᠵᠠᠷ ᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021 ﹈ 32 ᠳ᠋ᠤᠭᠠᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ ᠃

                                                                   2023 ᠣᠨ ᠤ 1 ᠳ᠋ᠦ᠋ᠭᠡᠷ ᠰᠠᠷ᠎ᠠ ᠶᠢᠨ 10 ᠤ ᠡᠳᠦᠷ

      ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶

 

                                  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ

                                        2023 ᠣᠨ ᠤ 1 ᠳ᠋ᠦ᠋ᠭᠡᠷ ᠰᠠᠷ᠎ᠠ ᠶᠢᠨ 10 ᠤ ᠡᠳᠦᠷ ᠳᠠᠷᠤᠮᠠᠯᠯᠠᠨ ᠲᠠᠷᠬᠠᠭᠠᠪᠠ

 

 

 

 

 

 

 

 

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ