ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2023 ᠣᠨ ᠤ 25 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/10/13


      10 ᠰᠠᠷ᠎ᠠ ᠶᠢᠨ 10 ᠤ ᠡᠳᠦᠷ ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ ᠃

      ᠬᠤᠷᠠᠯ ᠠᠴᠠ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢ ᠨᠡᠮᠡᠵᠦ ᠥᠷᠭᠡᠳᠬᠡᠬᠦ ᠢᠨᠵᠧᠨᠧᠷᠢᠩ ᠢ ᠡᠬᠢᠯᠡᠭᠦᠯᠬᠦ ᠂ ᠤᠯᠠᠭᠠᠨᠴᠠᠪ ᠤᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢ ᠲᠥᠪᠯᠡᠷᠡᠭᠦᠯᠦᠨ ᠲᠠᠷᠬᠠᠭᠠᠬᠤ ᠲᠥᠪ ᠪᠠ ᠤᠯᠤᠰ ᠤᠨ ᠭᠠᠳᠠᠭᠠᠳᠤ ᠠᠴᠠ ᠣᠷᠣᠭᠤᠯᠬᠤ ᠠᠷᠠᠯᠵᠢᠶᠠᠨ ᠤ ᠰᠢᠨ᠎ᠡ ᠶᠢ ᠡᠭᠦᠳᠬᠦ ᠶᠢ ᠠᠬᠢᠭᠤᠯᠬᠤ ᠵᠢᠱᠢᠶ᠎ᠡ ᠦᠵᠡᠭᠦᠯᠭᠦ ᠲᠣᠭᠤᠷᠢᠭ ᠢ ᠲᠥᠪᠯᠡᠷᠡᠭᠦᠯᠦᠨ ᠪᠦᠲᠦᠭᠡᠨ ᠪᠠᠶᠢᠭᠤᠯᠬᠤ ᠬᠤᠯᠪᠣᠭᠳᠠᠯ ᠪᠦᠬᠦᠢ ᠭᠤᠣᠯᠳᠠᠯᠭ᠎ᠠ ᠲᠠᠢ ᠡᠭᠦᠷᠭᠡ ᠶᠢ ᠠᠬᠢᠭᠤᠯᠤᠨ ᠨᠠᠶᠢᠳᠠᠪᠤᠷᠢᠵᠢᠭᠤᠯᠬᠤ ᠪᠠᠶᠢᠳᠠᠯ ᠢ ᠲᠣᠬᠢᠷᠠᠭᠤᠯᠵᠤ ᠂ ᠡᠨᠡ ᠪᠣᠯ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠲᠣᠭᠲᠠᠭᠠᠭᠰᠠᠨ ᠭᠤᠣᠯᠳᠠᠯᠭ᠎ᠠ ᠲᠠᠢ ᠡᠭᠦᠷᠭᠡ ᠮᠥᠨ ᠂ ᠵᠠᠪᠠᠯ ᠪᠦᠲᠦᠭᠡᠨ ᠪᠠᠶᠢᠭᠤᠯᠤᠯᠲᠠ ᠪᠠᠨ ᠲᠦᠷᠭᠡᠳᠬᠡᠵᠦ ᠂ ᠡᠷᠴᠢᠮ ᠢᠶᠠᠨ ᠴᠢᠩᠭᠠᠷᠠᠭᠤᠯᠵᠤ ᠂ ᠴᠠᠭ ᠲᠤᠬᠠᠢ ᠳᠤᠨᠢ ᠲᠠᠩᠰᠠ ᠲᠤᠰᠢᠶᠠᠵᠤ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ ᠃ ᠨᠢᠭᠡ ᠳᠤ ᠂ ᠲᠠᠭᠢᠨ ᠬᠦᠴᠦᠯᠡᠵᠦ ᠳᠥᠷᠪᠡᠳᠦᠭᠡᠷ ᠤᠯᠠᠷᠢᠯ ᠢ ᠠᠰᠢᠭᠯᠠᠨ ᠬᠤᠯᠪᠣᠭᠳᠠᠯ ᠪᠦᠬᠦᠢ ᠠᠵᠢᠯ ᠢ ᠱᠠᠯᠠᠪᠳᠠᠭᠤᠯᠤᠨ ᠠᠬᠢᠭᠤᠯᠵᠤ ᠂ ᠲᠣᠭᠲᠠᠭᠠᠭᠰᠠᠨ ᠶᠠᠪᠤᠳᠠᠯ ᠢ ᠨᠢᠭᠡᠳ ᠨᠢᠭᠡ ᠪᠠᠷ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠃ ᠬᠤᠶᠠᠷ ᠲᠤ ᠂ ᠳᠤᠮᠳᠠᠳᠤ ᠡᠸᠦ᠋ᠷᠦᠫᠡ ᠶᠢᠨ ᠬᠤᠶᠠᠷ ᠵᠢᠰᠢᠶᠠᠨ ᠤ ᠭᠠᠯᠲᠤ ᠲᠡᠷᠭᠡᠨ ᠤ ᠵᠥᠭᠡᠭᠡᠪᠦᠷᠢ ᠶᠢᠨ ᠬᠦᠴᠦᠨ ᠢ ᠲᠦᠷᠭᠡᠨ ᠳᠡᠭᠡᠭᠰᠢᠯᠡᠭᠦᠯᠵᠦ ᠂ ᠵᠣᠬᠢᠴᠠᠭᠤᠯᠬᠤ ᠡᠷᠴᠢᠮ ᠢᠶᠠᠨ ᠴᠢᠩᠭᠠᠷᠠᠭᠤᠯᠵᠤ ᠂ ᠡᠷᠲᠡᠬᠡᠨ ᠠᠵᠢᠯ ᠢᠶᠠᠨ ᠡᠬᠢᠯᠡᠭᠦᠯᠬᠦ ᠪᠠᠷ ᠴᠢᠷᠮᠠᠶᠢᠬᠤ ᠬᠡᠷᠡᠭᠲᠡᠢ ᠃ ᠭᠤᠷᠪᠠ ᠳᠤ ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢ ᠲᠥᠪᠯᠡᠷᠡᠭᠦᠯᠦᠨ ᠲᠠᠷᠬᠠᠭᠠᠬᠤ ᠲᠥᠪ ᠤᠨ ᠪᠦᠲᠦᠭᠡᠨ ᠪᠠᠶᠢᠭᠤᠯᠤᠯᠲᠠ ᠶᠢᠨ ᠲᠥᠰᠥᠯ ᠢ ᠱᠠᠯᠠᠪᠳᠠᠭᠤᠯᠤᠨ ᠨᠠᠶᠢᠷᠠᠭᠤᠯᠤᠨ ᠵᠣᠬᠢᠶᠠᠵᠤ ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠰᠢᠨ᠎ᠡ ᠵᠢᠵᠢᠭᠯᠡᠨ ᠪᠣᠷᠣᠯᠠᠭᠤᠯᠬᠤ ᠰᠢᠨ᠎ᠡ ᠶᠢ ᠡᠭᠦᠳᠬᠦ ᠲᠥᠪ ᠪᠣᠯᠣᠨ ᠭᠠᠳᠠᠭᠠᠳᠤ ᠠᠴᠠ ᠣᠷᠣᠭᠤᠯᠤᠭᠰᠠᠨ ᠪᠠᠷᠠᠭ᠎ᠠ ᠶᠢ ᠡᠳ᠋ᠰᠢᠭᠦᠯᠦᠨ ᠪᠤᠯᠪᠠᠰᠤᠷᠠᠭᠤᠯᠬᠤ ᠠᠵᠤ ᠦᠢᠯᠡᠰ ᠤᠨ ᠬᠦᠷᠢᠶᠡᠯᠡᠩ ᠢ ᠬᠠᠮᠵᠢᠯᠴᠠᠨ ᠪᠦᠲᠦᠭᠡᠨ ᠪᠠᠶᠢᠭᠤᠯᠵᠤ ᠂ ᠡᠳ᠋ᠰᠢᠭᠦᠯᠦᠨ ᠪᠤᠯᠪᠠᠰᠤᠷᠠᠭᠤᠯᠬᠤ ᠬᠡᠪᠴᠢᠶ᠎ᠡ ᠶᠢ ᠴᠢᠨᠠᠭᠰᠢᠳᠠ ᠥᠷᠭᠡᠳᠬᠡᠵᠦ ᠂ ︽ ᠭᠠᠷ ᠲᠠᠮᠵᠢᠪᠠᠴᠤ ᠠᠰᠢᠭ ᠭᠦᠷᠳᠡᠭᠦ ᠦᠭᠡᠢ ︾ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠃ ᠳᠥᠷᠪᠡ ᠳᠤ ᠂ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ ᠂ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ ᠂ ᠬᠥᠭᠵᠢᠭᠦᠯᠦᠯᠲᠡ ᠥᠭᠡᠷᠡᠴᠢᠯᠡᠯᠲᠡ ᠂ ᠬᠤᠳᠠᠯᠳᠤᠭᠠᠨ ᠤ ᠶᠠᠪᠤᠳᠠᠯ ᠂ ᠬᠢᠯᠢ ᠶᠢᠨ ᠪᠣᠭᠤᠮᠲᠠ ᠂ ᠬᠢᠯᠢ ᠶᠢᠨ ᠪᠠᠶᠢᠴᠠᠭᠠᠯᠲᠠ ᠂ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠤᠨ ᠡᠬᠢ ᠪᠠᠶᠠᠯᠢᠭ ᠬᠦᠴᠦᠨ ᠴᠢᠳᠠᠯ ᠢ ᠨᠡᠶᠢᠳᠬᠡᠵᠦ ᠂ ᠬᠠᠮᠲᠤᠷᠠᠯ ᠬᠦᠴᠦᠨ ᠢ ᠪᠦᠷᠢᠯᠳᠦᠭᠦᠯᠵᠦ ᠂ ᠣᠷᠣᠨ ᠪᠠᠶᠢᠷᠢ ᠶᠢᠨ ᠳᠠᠪᠠᠭᠤᠯᠢᠭ ᠂ ᠪᠣᠭᠤᠮᠲᠠ ᠶᠢᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠠᠶᠢᠳᠠᠯ ᠪᠣᠯᠭᠠᠨ ᠬᠤᠪᠢᠷᠠᠭᠤᠯᠬᠤ ᠶᠢ ᠲᠦᠷᠭᠡᠳᠬᠡᠵᠦ ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃

      ᠬᠤᠷᠠᠯ ᠠᠴᠠ ᠪᠠᠰᠠ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠂ ᠭᠤᠣᠯ ᠮᠥᠷᠡᠨ ᠨᠠᠭᠤᠷ ᠪᠦᠷᠢᠳᠦ ᠶᠢᠨ ᠬᠠᠮᠢᠶᠠᠷᠤᠯᠲᠠ ᠶᠢᠨ ᠬᠡᠪᠴᠢᠶᠡᠨ ᠳᠠᠬᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠵᠢᠴᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠤᠨ ᠬᠠᠮᠢᠶᠠᠷᠤᠯᠲᠠ ᠵᠡᠷᠭᠡ ᠬᠠᠤᠯᠢ ᠲᠣᠭᠲᠠᠭᠠᠯ ᠤᠨ ᠲᠥᠰᠥᠯ ᠢ ᠰᠤᠳᠤᠯᠵᠠᠢ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ