ᠡᠨᠡ ᠵᠢᠯ ᠤᠨ ᠲᠦᠷᠦᠭᠦᠸ ᠭᠤᠷᠪᠠᠨ ᠤᠯᠠᠷᠢᠯ ᠳᠤ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1338.5 ᠲᠦᠮᠡᠨ ᠲᠣᠨ ᠳᠤ ᠬᠦᠷᠴᠡᠢ
ᠨᠡᠶᠢᠲᠡᠯᠡᠭᠰᠡᠨ ᠴᠠᠭ᠄
2023/10/18

      ᠡᠷᠢᠶᠡᠨ ᠪᠣᠭᠤᠮᠲᠠ ᠶᠢᠨ ᠪᠦᠷᠢᠳᠬᠡᠯ ᠠᠴᠠ ᠦᠵᠡᠪᠡᠯ ᠂ ᠡᠨᠡ ᠵᠢᠯ ᠤᠨ ᠲᠦᠷᠦᠭᠦᠸ ᠭᠤᠷᠪᠠᠨ ᠤᠯᠠᠷᠢᠯ ᠳᠤ ᠡᠷᠢᠶᠡᠨ ᠪᠣᠭᠤᠮᠲᠠ ᠶᠢᠨ ᠬᠢᠨᠠᠨ ᠬᠠᠮᠢᠶᠠᠷᠴᠤ ᠪᠠᠶᠢᠭ᠎ᠠ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1338.5 ᠲᠦᠮᠡᠨ ᠲᠣᠨ ᠳᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 56.6% ᠪᠠᠷ ᠶᠡᠭᠡ ᠪᠠᠷ ᠨᠡᠮᠡᠭᠳᠡᠵᠡᠢ ᠃ ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠬᠡᠮᠵᠢᠶ᠎ᠡ 1072.1 ᠲᠦᠮᠡᠨ ᠲᠣᠨ ᠳᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 61%  ᠪᠠᠷ ᠨᠡᠮᠡᠭᠳᠡᠵᠦ᠂ ᠭᠠᠳᠠᠭᠠᠳᠤ ᠳᠤ ᠭᠠᠷᠭᠠᠭᠰᠠᠨ ᠬᠡᠮᠵᠢᠶ᠎ᠠ 266.4 ᠲᠦᠮᠡᠨ ᠲᠣᠨ ᠳᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 41.2% ᠢᠶᠠᠷ ᠨᠡᠮᠡᠭᠳᠡᠪᠡ ᠃

      ᠵᠢᠯ ᠡᠬᠢᠯᠡᠭᠰᠡᠨ ᠠᠴᠠ ᠨᠠᠭᠠᠰᠢ᠂ ᠡᠷᠢᠶᠡᠨ ᠪᠣᠭᠤᠮᠲᠠ ᠶᠢᠨ ᠬᠢᠨ ᠪᠣᠭᠤᠮᠲᠠ ᠶᠢᠨ ᠶᠡᠷᠦᠩᠬᠡᠢ ᠵᠠᠬᠢᠷᠭ᠎ᠠ ᠶᠢᠨ ᠬᠤᠳᠠᠯᠳᠤᠭᠠᠨ ᠤ ᠣᠷᠴᠢᠨ ᠨᠥᠬᠦᠴᠡᠯ ᠢ ᠰᠢᠯᠢᠳᠡᠭᠵᠢᠭᠦᠯᠬᠦ 16 ᠵᠦᠢᠯ ᠤᠨ ᠠᠷᠭ᠎ᠠ ᠬᠡᠮᠵᠢᠶ᠎ᠡ ᠶᠢ ᠢᠳᠡᠪᠬᠢᠲᠡᠢ ᠨᠠᠶᠢᠳᠠᠪᠤᠷᠢᠵᠢᠭᠤᠯᠵᠤ ᠂ ᠪᠣᠭᠤᠮᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠳᠤᠮᠳᠠ ᠪᠠᠭ᠎ᠠ ᠠᠵᠤ ᠠᠬᠤᠶᠢᠯᠠᠯ ᠢ ᠬᠠᠪᠰᠤᠷᠤᠨ ᠲᠡᠳᠬᠦᠵᠦ ᠬᠦᠴᠢᠷᠳᠡᠯ ᠢ ᠨᠢ ᠰᠢᠢᠳᠪᠦᠷᠢᠯᠡᠬᠦ ᠲᠤᠰᠬᠠᠢ ᠠᠵᠢᠯᠯᠠᠭ᠎ᠠ ᠥᠷᠨᠢᠭᠦᠯᠵᠦ ᠂ ᠪᠣᠭᠤᠮᠲᠠ ᠶᠢᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠡᠷᠴᠢᠮ ᠲᠠᠢ ᠤᠬᠠᠭᠤᠯᠵᠦ ᠂ ᠪᠣᠳᠠᠲᠠᠢ ᠠᠵᠢᠯ ᠢᠶᠠᠷ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ ᠂ ᠪᠣᠭᠤᠮᠲᠠ ᠶᠢᠨ ᠬᠤᠳᠠᠯᠳᠤᠭᠠᠨ ᠤ ᠣᠷᠴᠢᠨ ᠨᠥᠬᠦᠴᠡᠯ ᠢ ᠰᠢᠯᠢᠳᠡᠭᠵᠢᠭᠦᠯᠵᠦ ᠂ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢᠨ ᠳᠥᠭᠦᠮ ᠳᠥᠲᠡ ᠥᠨᠳᠥᠷ ᠪᠦᠲᠦᠮᠵᠢᠲᠡᠢ ᠪᠣᠭᠤᠮᠲᠠ ᠪᠠᠷ ᠥᠩᠭᠡᠷᠡᠬᠦ ᠶᠢ ᠪᠠᠲᠤᠯᠠᠪᠠ ᠃ ᠡᠯ᠎ᠡ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ ᠂ ᠡᠷᠢᠶᠡᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠲᠣᠭᠲᠠᠭᠤᠨ ᠤ ᠳᠤᠮᠳᠠ ᠰᠠᠶᠢᠵᠢᠷᠠᠬᠤ ᠪᠠᠶᠢᠳᠠᠯ ᠢᠯᠡᠷᠡᠵᠡᠢ᠃

      ᠣᠶᠢᠯᠠᠭᠠᠭᠰᠠᠨ ᠢᠶᠠᠷ ᠂ ᠡᠷᠢᠶᠡᠨ ᠪᠣᠭᠤᠮᠲᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠰᠠᠶᠢᠲᠤᠷ ᠰᠣᠷᠣᠯᠴᠠᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ︽ᠨᠠᠶᠢᠯᠡᠭᠦᠯᠦᠨ ᠭᠠᠶᠢᠯᠢ ᠲᠠᠲᠠᠪᠤᠷᠢᠯᠠᠬᠤ ︾ + ︽ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ ︾ ᠵᠡᠷᠭᠡ ᠪᠣᠭᠤᠮᠲᠠ ᠪᠠᠷ ᠥᠩᠭᠡᠷᠡᠬᠦ ᠳᠥᠭᠦᠮ ᠠᠷᠭ᠎ᠠ ᠬᠡᠯᠪᠡᠷᠢ ᠶᠢ ᠯᠠᠪᠳᠠᠭᠤᠨ ᠢᠶᠠᠷ ᠠᠬᠢᠭᠤᠯᠵᠤ ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢ ᠤᠯᠠᠨ ᠠᠷᠭ᠎ᠠ ᠵᠠᠮ ᠢᠶᠠᠷ ᠰᠠᠶᠢᠲᠤᠷ ᠬᠢᠵᠦ ᠂ ᠪᠣᠭᠤᠮᠲᠠ ᠳᠠᠬᠢ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠥᠷᠭᠡᠨ ᠣᠯᠠᠨ ᠠᠵᠤ ᠠᠬᠤᠶᠢᠯᠠᠯ ᠳᠤ ᠦᠨᠡᠨ ᠪᠣᠳᠠᠲᠠᠢ ᠲᠦᠷᠦ ᠶᠢᠨ ᠪᠣᠳᠣᠯᠭ᠎ᠠ ᠶᠢᠨ ᠠᠰᠢᠭ ᠢ ᠬᠦᠷᠲᠡᠭᠦᠯᠬᠦ ᠪᠣᠯᠣᠨ᠎ᠠ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ