ᠲᠦᠩᠯᠢᠶᠣᠣ ᠬᠤᠲᠠ ᠡᠯᠡᠰᠦ ᠶᠢ ᠵᠠᠰᠠᠬᠤ᠂ ᠰᠡᠷᠭᠡᠶᠢᠯᠡᠬᠦ᠂ ᠬᠡᠷᠡᠭᠯᠡᠬᠦ ᠡᠷᠭᠢᠯᠲᠡᠲᠦ ᠪᠣᠬᠢᠷᠲᠤᠯ ᠦᠭᠡᠢ ᠠᠮᠢ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢ ᠪᠦᠲᠦᠭᠡᠵᠦ ᠪᠣᠢ
ᠨᠡᠶᠢᠲᠡᠯᠡᠭᠰᠡᠨ ᠴᠠᠭ᠄
2023/10/19

      ᠣᠯᠠᠨ ᠵᠢᠯ ᠤᠨ ᠲᠤᠷᠰᠢ ᠂ ᠲᠦᠩᠯᠢᠶᠣᠣ ᠬᠤᠲᠠ ᠡᠯᠡᠰᠦᠷᠬᠡᠭᠵᠢᠬᠦ ᠠᠴᠠ ᠰᠡᠷᠭᠡᠶᠢᠯᠡᠬᠦ ᠡᠯᠡᠰᠦ ᠶᠢ ᠵᠠᠰᠠᠬᠤ ᠳᠤᠮᠳᠠ ᠣᠶ ᠮᠣᠳᠣ ᠡᠪᠡᠰᠦ ᠡᠯᠡᠰᠦᠨ ᠤ ᠠᠵᠤ ᠦᠢᠯᠡᠰ ᠢ ᠨᠡᠭᠡᠭᠡᠨ ᠬᠥᠭᠵᠢᠭᠦᠯᠬᠦ ᠶᠢ ᠪᠠᠷᠢᠮᠲᠠᠯᠠᠵᠤ ᠂ ᠤᠢ ᠮᠣᠳᠣ ᠡᠯᠡᠰᠦᠨ ᠤ ᠠᠵᠤ ᠦᠢᠯᠡᠰ ᠢ ᠬᠥᠭᠵᠢᠭᠦᠯᠬᠦ ᠶᠢ ᠪᠦᠬᠦ ᠬᠤᠳᠠ ᠶᠢᠨ ︽ᠶᠢᠰᠦᠨ ᠶᠡᠭᠡ ᠠᠵᠤ ᠦᠢᠯᠡᠰ ᠤᠨ ᠬᠡᠯᠬᠢᠶ᠎ᠡ ︾ ᠶᠢᠨ ᠨᠢᠭᠡ ᠪᠣᠯᠭᠠᠨ ᠭᠤᠣᠯᠳᠠᠯᠭ᠎ᠠ ᠲᠠᠢ ᠠᠬᠢᠭᠤᠯᠵᠤ ᠂ ᠡᠯᠡᠰᠦ ᠶᠢ ᠵᠠᠰᠠᠬᠤ ᠂ ᠡᠯᠡᠰᠦᠷᠬᠡᠭᠵᠢᠬᠦ ᠠᠴᠠ ᠰᠡᠷᠭᠡᠶᠢᠯᠡᠬᠦ ᠂ ᠡᠯᠡᠰᠦ ᠶᠢ ᠬᠡᠷᠡᠭᠯᠡᠬᠦ ᠶᠢ ᠨᠢᠭᠡ ᠴᠣᠭᠴᠠᠵᠢᠭᠤᠯᠤᠭᠰᠠᠨ ᠡᠷᠭᠢᠯᠲᠡᠲᠦ ᠪᠣᠬᠢᠷᠲᠤᠯ ᠦᠭᠡᠢ ᠠᠮᠢ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢ ᠬᠦᠴᠦᠯᠡᠨ ᠪᠠᠶᠢᠭᠤᠯᠵᠤ ᠂ ᠠᠮᠢ ᠠᠬᠤᠢ ᠪᠣᠯᠣᠨ ᠠᠵᠤ ᠦᠢᠯᠡᠰ ᠤᠨ ︽ᠬᠤᠣᠰ ᠠᠮᠵᠢᠯᠲᠠ ︾ ᠶᠢ ᠪᠡᠶᠡᠯᠡᠭᠦᠯᠦᠨ ᠂ ᠮᠣᠳᠣᠨ ᠮᠠᠲ᠋ᠧᠷᠢᠶᠠᠯ ᠂ ᠣᠨᠴᠠᠯᠢᠭᠲᠤ ᠤᠢ ᠶᠢᠨ ᠵᠢᠮᠢᠰ ᠂ ᠠᠮᠢ ᠠᠬᠤᠢ ᠶᠢᠨ ᠵᠤᠭᠠᠴᠠᠯ ᠂ ᠴᠡᠪᠡᠷ ᠡᠨᠧᠷᠭᠢ ᠂ ᠪᠣᠬᠢᠷᠲᠤᠯ ᠦᠭᠡᠢ ᠲᠠᠷᠢᠵᠦ ᠲᠡᠵᠢᠭᠡᠬᠦ ᠵᠡᠷᠭᠡ ᠠᠵᠤ ᠦᠢᠯᠡᠰ ᠨᠢ ᠨᠢᠭᠡᠨᠲᠡ ᠮᠠᠩᠬᠠᠨ ᠨᠤᠲᠤᠭ ᠤᠨ ᠲᠤᠯᠭᠠᠭᠤᠷᠢ ᠠᠵᠤ ᠦᠢᠯᠡᠰ ᠪᠣᠯᠵᠠᠢ ᠃

      ᠪᠥᠬᠦ ᠬᠤᠲᠠ ᠳᠤ ᠲᠠᠸᠠᠷ ᠤᠨ ᠮᠣᠳᠣᠨ ᠮᠠᠲ᠋ᠧᠷᠢᠶᠠᠯ ᠤᠨ ᠣᠶ ᠶᠢᠨ ᠰᠠᠭᠤᠷᠢᠨ ᠭᠠᠵᠠᠷ ᠨᠡᠶᠢᠲᠡ 500 ᠲᠦᠮᠡᠨ ᠮᠦ ᠠᠴᠠ ᠳᠡᠭᠡᠭᠰᠢ᠂ ᠤᠷᠭᠤᠭ᠎ᠠ ᠮᠣᠳᠣᠨ ᠤ ᠨᠥᠭᠡᠴᠡ 1500 ᠭᠠᠷᠤᠢ ᠲᠦᠮᠡᠨ ᠺᠦᠪ ᠮᠧᠲᠷ ᠪᠠᠶᠢᠨ᠎ᠠ︔ ︽ ᠠᠷᠤ ᠭᠠᠵᠠᠷ ᠤᠨ ᠤᠯᠠᠭᠠᠨ ︾ ᠠᠯᠮᠤᠷᠠᠳ ᠂ ᠮᠠᠩᠬᠠᠨ ᠨᠤᠲᠤᠭ ᠤᠨ ᠦᠵᠦᠮ ᠵᠡᠷᠭᠡ ᠪᠠᠷ ᠭᠤᠣᠯ ᠪᠣᠯᠭᠠᠭᠰᠠᠨ ᠣᠨᠴᠠᠯᠢᠭᠲᠤ ᠣᠶ ᠶᠢᠨ ᠵᠢᠮᠢᠰ ᠤᠨ ᠰᠠᠭᠤᠷᠢᠨ ᠭᠠᠵᠠᠷ 100 ᠭᠠᠷᠤᠢ ᠲᠦᠮᠡᠨ ᠮᠦ ᠳᠤ ᠬᠦᠷᠴᠦ ᠂ ᠬᠡᠭᠡᠷ᠎ᠡ ᠶᠢᠨ ᠬᠦᠢᠯᠡᠰᠦ ᠂ ᠰᠡᠩᠳᠡᠩ ᠂ ᠪᠠᠲᠤ ᠴᠠᠭᠠᠨ ᠢᠶᠠᠷ ᠭᠤᠣᠯ ᠪᠣᠯᠭᠠᠭᠰᠠᠨ ᠮᠣᠳᠣᠯᠢᠭ ᠬᠦᠨᠡᠰᠦᠨ ᠲᠣᠰᠣᠨ ᠤ ᠠᠵᠤ ᠦᠢᠯᠡᠰ ᠤᠨ ᠰᠠᠭᠤᠷᠢᠨ ᠭᠠᠵᠠᠷ 300 ᠲᠦᠮᠡ ᠰᠢᠬᠠᠮ ᠮᠦ ᠳᠤ ᠬᠦᠷᠴᠡᠢ︔ ᠬᠢᠲᠠᠳ ᠡᠪᠡᠰᠦᠨ ᠡᠮ ᠳᠠᠷᠢᠬᠤ ᠂ ᠢᠳᠡᠰᠢᠨ ᠤ ᠮᠥᠭᠦ ᠶᠢ ᠪᠣᠶᠢᠵᠢᠭᠤᠯᠬᠤ ᠵᠡᠷᠭᠡ ᠪᠣᠬᠢᠷᠲᠤᠯ ᠦᠭᠡᠢ ᠳᠠᠷᠢᠵᠤ ᠲᠡᠵᠢᠭᠡᠬᠦ ᠦᠢᠯᠡᠰ ᠢ ᠡᠮᠬᠢ ᠵᠢᠷᠤᠮ ᠲᠠᠢ ᠬᠥᠭᠵᠢᠭᠦᠯᠵᠦ ᠂ ᠬᠢᠲᠠᠳ ᠡᠪᠡᠰᠦᠨ ᠡᠮ ᠤᠨ ᠮᠠᠲ᠋ᠧᠷᠢᠶᠠᠯ ᠤᠨ ᠰᠠᠭᠤᠷᠢᠨ ᠭᠠᠵᠠᠷ ᠢ 20 ᠭᠠᠷᠤᠢ ᠲᠦᠮᠡᠨ ᠮᠦ ᠂ 30 ᠭᠠᠷᠤᠢ ᠲᠥᠷᠥᠯ ᠢᠶᠠᠷ ᠪᠦᠲᠦᠭᠡᠨ ᠪᠠᠶᠢᠭᠤᠯᠪᠠ ︔ ᠡᠯᠡᠰᠦᠷᠬᠡᠭᠵᠢᠬᠦ ᠠᠴᠠ ᠰᠡᠷᠭᠡᠶᠢᠯᠡᠨ ᠡᠯᠡᠰᠦ ᠶᠢ ᠵᠠᠰᠠᠬᠤ ᠪᠠ ᠠᠵᠤ ᠦᠢᠯᠡᠳᠪᠦᠷᠢ ᠳᠤ ᠬᠡᠷᠡᠭᠯᠡᠬᠦ ᠡᠯᠡᠰᠦ ᠶᠢ ᠬᠥᠭᠵᠢᠭᠦᠯᠬᠦ ᠶᠢ ᠤᠶᠠᠯᠳᠤᠭᠤᠯᠬᠤ ᠶᠢ ᠪᠠᠷᠢᠮᠲᠠᠯᠠᠵᠤ ᠂ ᠡᠯᠡᠰᠦ ᠶᠢ ᠰᠢᠭᠤᠳ ᠬᠤᠳᠠᠯᠳᠤᠳᠠᠭ ᠪᠠᠶᠢᠭᠰᠠᠨ ᠠᠴᠠ ᠨᠠᠷᠢᠯᠢᠭ ᠪᠣᠯᠪᠠᠰᠤᠷᠠᠭᠤᠯᠬᠤ ᠲᠡᠶᠢᠰᠢ ᠠᠭᠠᠵᠢᠮ ᠢᠶᠠᠷ ᠬᠡᠯᠪᠡᠷᠢ ᠪᠠᠨ ᠬᠤᠪᠢᠷᠠᠭᠤᠯᠵᠤ ᠂ ᠰᠢᠯ ᠂ ᠴᠠᠬᠢᠭᠤᠷᠲᠤ ᠡᠯᠡᠰᠦ ᠶᠢ ᠨᠡᠭᠡᠭᠡᠨ ᠠᠰᠢᠭᠯᠠᠵᠤ ᠨᠠᠷᠢᠯᠢᠭ ᠪᠣᠯᠪᠠᠰᠤᠷᠠᠭᠤᠯᠬᠤ ᠂ ᠼᠧᠮᠧᠨ᠋ᠲ ᠂ ᠡᠯᠡᠰᠦᠨ ᠲᠣᠭᠤᠰᠬ᠎ᠠ ᠪᠠᠷ ᠭᠤᠣᠯ ᠪᠣᠷᠣ ᠲᠥᠯᠥᠪ ᠪᠣᠯᠭᠠᠭᠰᠠᠨ ᠡᠯᠡᠰᠦ ᠬᠡᠷᠡᠭᠯᠡᠬᠦ ᠠᠵᠤ ᠦᠢᠯᠡᠰ ᠤᠨ ᠲᠣᠭᠲᠠᠯᠴᠠᠭ᠎ᠠ ᠶᠢ ᠪᠦᠷᠢᠯᠳᠦᠭᠦᠯᠪᠡ ᠃ ᠤᠢ ᠰᠢᠭᠤᠢ ᠶᠢᠨ ᠴᠡᠴᠡᠷᠯᠢᠭ ᠂ ᠡᠯᠡᠰᠦ ᠮᠠᠩᠬᠠᠨ ᠤ ᠴᠡᠴᠡᠷᠯᠢᠭ ᠂ ᠨᠤᠭᠤ ᠭᠠᠵᠠᠷ ᠤᠨ ᠴᠡᠴᠡᠷᠯᠢᠭ ᠵᠡᠷᠭᠡ ᠠᠮᠢ ᠠᠬᠤᠢ ᠶᠢᠨ ᠵᠤᠭᠠᠴᠠᠯ ᠤᠨ ᠠᠵᠤ ᠦᠢᠯᠡᠰ ᠥᠷᠨᠢᠭᠦᠨ ᠬᠥᠭᠵᠢᠪᠡ ︔ ᠰᠠᠯᠬᠢᠨ ᠤ ᠡᠨᠧᠷᠭᠢ ᠂ ᠨᠠᠷᠠᠨ ᠤ ᠡᠨᠧᠷᠭᠢ ᠪᠠᠷ ᠭᠤᠣᠯ ᠪᠣᠯᠭᠠᠭᠰᠠᠨ ᠴᠡᠪᠡᠷ ᠡᠨᠧᠷᠭᠢ ᠶᠢᠨ ᠠᠵᠤ ᠦᠢᠯᠡᠰ ᠦᠳᠲᠡᠷ ᠲᠦᠷᠭᠡᠨ ᠬᠥᠭᠵᠢᠵᠦ ᠂ ᠪᠦᠬᠦ ᠬᠤᠳᠠ ᠶᠢᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠯᠠᠭᠳᠠᠭᠰᠠᠨ ᠴᠢᠳᠠᠯ 400 ᠭᠠᠷᠤᠢ ᠲᠦᠮᠡᠨ ᠺᠢᠯᠣᠸᠠᠲ ᠲᠤ ᠬᠦᠷᠴᠦ ᠂ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠰᠠᠭᠤᠷᠢᠯᠠᠭᠳᠠᠭᠰᠠᠨ ᠴᠢᠳᠠᠯ 100 ᠭᠠᠷᠤᠢ ᠲᠦᠮᠡᠨ ᠺᠢᠯᠣᠸᠠᠲ ᠲᠤ ᠬᠦᠷᠴᠡᠢ ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ