|
ᠬᠥᠯᠥᠨ ᠪᠤᠶᠢᠷ ᠬᠤᠲᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ | ᠪᠠᠶᠢᠭᠤᠯᠤᠮᠵᠢ ᠶᠢᠨ ︽ᠬᠤᠣᠰ ᠭᠡᠷᠡᠴᠢᠯᠡᠯ︾ ᠢ ᠡᠮᠬᠢ ᠵᠢᠷᠤᠮ ᠲᠠᠢ ᠠᠬᠢᠭᠤᠯᠵᠤ ᠪᠠᠶᠢᠨ᠎ᠠ |
|
|
ᠨᠡᠶᠢᠲᠡᠯᠡᠭᠰᠡᠨ ᠴᠠᠭ᠄
2023/10/20
|
|
ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠠᠵᠢᠯ ᠤᠨ ᠱᠠᠭᠠᠷᠳᠠᠯᠭ᠎ᠠ ᠶᠣᠰᠣᠭᠠᠷ᠂ ᠬᠥᠯᠥᠨ ᠪᠤᠶᠢᠷ ᠬᠤᠲᠠ ︽ᠬᠥᠯᠥᠨ ᠪᠤᠶᠢᠷ ᠬᠤᠲᠠ ᠶᠢᠨ ᠬᠤᠰᠢᠭᠤ ᠰᠢᠶᠠᠨ ᠤ ᠱᠠᠲᠤᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠲᠥᠯᠥᠪᠯᠡᠭᠡ ᠪᠠᠷ 2022 – 2024 ᠣᠨ ᠤ ᠬᠤᠭᠤᠷᠣᠨᠳᠤ 9 ᠬᠤᠰᠢᠭᠤ ᠰᠢᠶᠠᠨ ᠤ ᠱᠠᠲᠤᠨ ᠤ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ︽ᠬᠤᠣᠰ ᠭᠡᠷᠡᠴᠢᠯᠡᠯ︾ ︵ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠢᠷᠢ ᠬᠡᠮ ᠤᠨ ᠦᠨᠡᠮᠡᠯᠭᠡ ᠪᠠ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠬᠤ ᠪᠠᠶᠢᠭᠤᠯᠤᠮᠵᠢ ᠶᠢᠨ ᠬᠢᠨᠠᠨ ᠰᠢᠯᠭᠠᠯᠲᠠ︶ ᠢ ᠪᠡᠶᠡᠯᠡᠭᠦᠯᠵᠦ᠂ ᠭᠡᠷᠡᠴᠢᠯᠡᠯ ᠤᠨ ᠶᠡᠷᠦᠩᠬᠡᠢ ᠲᠤᠭ᠎ᠠ ᠶᠢ 12 ᠲᠤ ᠬᠦᠷᠭᠡᠵᠦ᠂ ᠬᠤᠰᠢᠭᠤ ᠰᠢᠶᠠᠨ ᠤ ᠱᠠᠲᠤᠨ ᠤ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠭᠡᠷᠡᠴᠢᠯᠡᠯ ᠤᠨ ᠬᠠᠷᠢᠴᠠᠯ ᠢ 80% ᠠᠴᠠ ᠳᠡᠭᠡᠭᠰᠢ ᠳᠤ ᠬᠦᠷᠦᠭᠦᠯᠦᠨ᠎ᠡ᠃ ᠣᠲᠣ ᠪᠣᠯᠲᠠᠯ᠎ᠠ᠂ ᠮᠠᠨᠵᠤᠤᠷ᠂ ᠠᠷᠤᠨ᠂ ᠵᠠᠯᠠᠨ ᠠᠶᠢᠯ᠂ ᠬᠠᠭᠤᠴᠢᠨ ᠪᠠᠷᠭᠤ᠂ ᠡᠷᠭᠦᠨ᠎ᠡ ᠵᠡᠷᠭᠡ 5 ᠭᠠᠵᠠᠷ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ︽ᠬᠤᠣᠰ ᠭᠡᠷᠡᠴᠢᠯᠡᠯ︾ ᠤᠨ ᠠᠵᠢᠯ ᠢ ᠪᠡᠶᠡᠯᠡᠭᠦᠯᠵᠦ᠂ ᠨᠡᠶᠢᠲᠡ 247 ᠭᠡᠷᠡᠴᠢᠯᠡᠬᠦ ᠪᠣᠯᠵᠣᠯᠲᠤ ᠲᠤᠭ᠎ᠠ ᠪᠣᠶ᠂ ᠡᠭᠦᠨ ᠳᠤ ᠲᠠᠷᠢᠶᠠᠨ ᠡᠮ ᠤᠨ ᠪᠣᠯᠵᠣᠯᠲᠤ ᠲᠤᠭ᠎ᠠ 163᠂ ᠮᠠᠯ ᠤᠨ ᠡᠮ ᠤᠨ ᠪᠣᠯᠵᠣᠯᠲᠤ ᠲᠤᠭ᠎ᠠ 30᠂ ᠬᠦᠨᠳᠦ ᠲᠡᠮᠦᠷᠯᠢᠭ ᠤᠨ ᠪᠣᠯᠵᠣᠯᠲᠤ ᠲᠤᠭ᠎ᠠ 8᠂ ᠪᠤᠰᠤᠳ ᠪᠣᠯᠵᠣᠯᠲᠤ ᠲᠤᠭ᠎ᠠ 46 ᠪᠣᠶ᠃ ᠮᠣᠷᠢᠨᠳᠠᠪᠠᠭ᠎ᠠ᠂ ᠡᠸᠡᠩᠬᠢ᠂ ᠣᠷᠴᠣᠨ ᠵᠢᠴᠢ ᠰᠢᠨ᠎ᠡ ᠪᠠᠷᠭᠤ ᠵᠡᠭᠦᠨ ᠬᠤᠰᠢᠭᠤ ᠵᠡᠷᠭᠡ 4 ᠭᠠᠵᠠᠷ ︽ᠬᠤᠣᠰ ᠭᠡᠷᠡᠴᠢᠯᠡᠯ︾ ᠲᠥᠯᠥᠪᠯᠡᠭᠡ ᠶᠢᠨ ᠴᠠᠭ ᠪᠠ ᠵᠠᠮ ᠤᠨ ᠶᠣᠰᠣᠭᠠᠷ ᠡᠮᠦᠨᠡᠬᠢ ᠬᠤᠭᠤᠴᠠᠭᠠᠨ ᠤ ᠪᠡᠯᠡᠳᠬᠡᠯ ᠢᠶᠠᠨ ᠵᠣᠬᠢᠶᠠᠨ ᠪᠠᠶᠢᠭᠤᠯᠤᠨ ᠥᠷᠨᠢᠭᠦᠯᠵᠦ᠂ ᠲᠣᠰ ᠵᠢᠯ ᠤᠨ 11 ᠳ᠋ᠦ᠋ᠭᠡᠷ ᠰᠠᠷ᠎ᠠ ᠶᠢᠨ ᠰᠡᠭᠦᠯᠴᠢ ᠪᠠᠷ ᠠᠵᠢᠯ ᠤᠨ ᠡᠭᠦᠷᠭᠡ ᠪᠠᠨ ᠪᠡᠶᠡᠯᠡᠭᠦᠯᠵᠦ ᠳᠠᠭᠤᠰᠤᠨ᠎ᠠ᠃ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|