ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ ᠤᠨ ᠨᠠᠶᠢᠳᠠᠯᠭ᠎ᠠ ᠪᠠᠷ᠂ ᠶᠢᠰᠦᠨ ᠰᠠᠷ᠎ᠠ ᠶᠢᠨ ᠰᠢᠨ᠎ᠡ ᠶᠢᠨ ᠶᠢᠰᠦᠨ ᠠᠴᠠ ᠡᠮᠦᠨᠡᠬᠡᠨ᠂ 10 ᠳ᠋ᠤᠭᠠᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠳᠥᠷᠪᠡᠳ ᠬᠤᠰᠢᠭᠤᠨ ᠳᠤ ᠲᠤᠰᠬᠠᠶᠢᠯᠠᠨ ᠬᠦᠷᠴᠦ᠂ ︽ᠲᠠᠯ᠎ᠠ ᠨᠤᠲᠤᠭ ᠤᠨ ᠡᠵᠢ︾ ᠳᠦᠭᠦᠶᠢᠮ᠎ᠠ ᠶᠢ ᠪᠣᠯᠭᠤᠭᠠᠨ ᠦᠵᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠭᠦᠦᠳᠠᠭᠤᠯᠠ ᠬᠠᠮᠲᠤ ᠪᠠᠷ ᠪᠣᠯᠭᠤᠭᠠᠨ ᠦᠵᠡᠪᠡ᠃

ᠸᠠᠩ ᠯᠢ ᠰᠢᠶᠠ ᠡᠭᠦᠳᠡ ᠪᠠᠷ ᠣᠷᠣᠮᠠᠭᠴᠠ ᠨᠠᠰᠤᠲᠠᠨ ᠤ ᠭᠠᠷ ᠢ ᠨᠢ ᠠᠳᠬᠤᠨ ᠳᠣᠲᠣᠨᠣᠰᠤᠭ ᠢᠶᠠᠷ ᠮᠡᠨᠳᠦᠴᠢᠯᠡᠪᠡ᠃ ︽ᠲᠠᠨ ᠢ ᠣᠷᠴᠢᠮ ᠪᠠᠷ ᠲᠠᠭᠰᠢᠭᠤᠷ ᠣᠯᠣᠭᠰᠠᠨ ᠭᠡᠵᠦ ᠰᠣᠨᠣᠰᠤᠯ᠎ᠠ᠂ ᠣᠳᠣ ᠵᠦᠭᠡᠷ ᠪᠠᠶᠢᠨ᠎ᠠ ᠦᠦ︖︾ ︽ᠡᠳᠦᠷ ᠬᠦᠢᠲᠡᠷᠡᠵᠦ ᠪᠠᠶᠢᠨ᠎ᠠ᠂ ᠲᠠ ᠵᠤᠵᠠᠭᠠᠯᠠᠵᠤ ᠡᠮᠦᠰᠦᠭᠡᠷᠡᠢ︾ ᠭᠡᠪᠡ᠃ ᠸᠠᠩ ᠯᠢ ᠰᠢᠶᠠ ᠨᠠᠰᠤᠲᠠᠨ ᠲᠠᠢ ᠳᠣᠲᠣᠨᠣ ᠪᠠᠷ ᠶᠠᠷᠢᠯᠴᠠᠵᠤ᠂ ︽ᠤᠯᠤᠰ ᠤᠨ ᠬᠡᠦᠬᠡᠳ ᠤᠳ︾ ᠢ ᠲᠡᠵᠢᠭᠡᠭᠰᠡᠨ ᠮᠠᠷᠲᠠᠭᠳᠠᠰᠢ ᠦᠭᠡᠢ ᠡᠳᠦᠷ ᠬᠤᠨᠤᠭ ᠤᠳ ᠢ ᠡᠷᠭᠢᠴᠡᠭᠦᠯᠪᠡ᠃ ᠲᠡᠷᠡ ᠬᠡᠯᠡᠬᠦ ᠳᠤ ᠪᠠᠨ᠂ ᠲᠠ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠲᠤ ᠴᠢᠬᠤᠯᠠ ᠬᠤᠪᠢ ᠨᠡᠮᠡᠷᠢ ᠦᠵᠡᠭᠦᠯᠵᠡᠢ᠂ ᠶᠡᠷᠦᠩᠬᠡᠢ ᠱᠦᠵᠢ ᠰᠢ ᠶᠢᠨ ᠫᠢᠩ ᠲᠠᠨ ᠳᠤ ︽ᠠᠷᠠᠳ ᠤᠨ ᠦᠯᠢᠬᠡᠷ ᠳᠠᠭᠤᠷᠢᠶᠠᠯ︾ ᠤᠨ ᠮᠧᠳᠠᠯ ᠣᠯᠭᠤᠪᠠ᠂ ᠲᠠ ᠪᠠᠰᠠ ︽ᠱᠠᠩᠬᠠᠢ ᠬᠤᠳᠠ ᠶᠢᠨ ᠨᠡᠷ᠎ᠡ ᠬᠦᠨᠳᠦᠲᠦ ᠢᠷᠭᠡᠨ︾ ᠪᠠᠶᠢᠵᠤ᠂ ᠪᠢᠳᠡᠨ ᠤ ᠰᠤᠷᠤᠯᠴᠠᠬᠤ ᠦᠯᠢᠬᠡᠷ ᠳᠠᠭᠤᠷᠢᠶᠠᠯ᠂ ᠥᠪᠥᠷ ᠮᠣᠩᠭᠤᠯ ᠤᠨ ᠣᠮᠣᠭᠰᠢᠯ ᠮᠥᠨ ᠭᠡᠪᠡ᠃
ᠳᠦᠭᠦᠶᠢᠮ᠎ᠠ᠂ ᠪᠢ ᠬᠢᠪᠡᠰᠦ ᠵᠣᠬᠢᠰᠲᠠᠢ ᠵᠦᠢᠯᠡᠰ ᠢ ᠬᠢᠭᠰᠡᠨ ᠲᠡᠳᠦᠢ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠨᠠᠳᠠ ᠳᠤ ᠮᠠᠰᠢ ᠤᠯᠠᠨ ᠬᠠᠯᠠᠮᠵᠢ ᠦᠵᠡᠭᠦᠯᠦᠭᠰᠡᠨ ᠳᠤ ᠪᠢ ᠮᠠᠰᠢ ᠵᠢᠷᠭᠠᠯ ᠲᠠᠢ ᠪᠠᠶᠢᠨ᠎ᠠ᠃ ᠪᠢ ︽ᠰᠦᠨ ᠳᠠᠯᠠᠢ ᠶᠢᠨ ᠵᠡᠷᠭᠡᠯᠭᠡᠨ︾ ᠵᠡᠷᠭᠡ ᠺᠢᠨᠣ᠋ ᠶᠢ ᠦᠵᠡᠵᠦ ᠥᠩᠭᠡᠷᠡᠭᠰᠡᠨ ᠪᠥᠭᠡᠳ ᠪᠠᠰᠠ ᠲᠧᠯᠸᠢᠰ᠂ ᠸᠢᠴᠠᠲ ᠢᠶᠠᠷ ᠥᠪᠥᠷ ᠮᠣᠩᠭᠤᠯ ᠤᠨ ᠬᠥᠭᠵᠢᠯᠲᠡ ᠬᠤᠪᠢᠷᠠᠯᠲᠠ ᠶᠢ ᠠᠩᠬᠠᠷᠤᠭᠰᠠᠭᠠᠷ ᠢᠷᠡᠵᠡᠢ᠂ ᠮᠠᠰᠢ ᠪᠠᠶᠠᠷ ᠲᠠᠢ ᠪᠠᠶᠢᠨ᠎ᠠ ᠭᠡᠪᠡ᠃
ᠸᠠᠩ ᠯᠢ ᠰᠢᠶᠠ ᠬᠡᠯᠡᠭᠰᠡᠨ ᠢ ᠨᠢ ᠰᠣᠨᠣᠰᠤᠭᠠᠳ᠂ ᠲᠠᠨ ᠢ ᠬᠠᠯᠠᠮᠵᠢᠯᠠᠬᠤ ᠪᠣᠯ ᠪᠢᠳᠡᠨ ᠤ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ᠂ ᠲᠠᠨ ᠤ ᠯᠠᠭᠱᠠᠨ ᠲᠤᠩᠭᠠᠯᠠᠭ ᠪᠠᠶᠢᠬᠤ ᠶᠢ ᠬᠠᠷᠠᠭᠠᠳ ᠦᠨᠡᠨ ᠰᠡᠳᠬᠢᠯ ᠠᠴᠠ ᠪᠠᠨ ᠪᠠᠶᠠᠷᠯᠠᠵᠤ ᠪᠠᠶᠢᠨ᠎ᠠ ᠭᠡᠵᠦ ᠬᠡᠯᠡᠪᠡ᠃ ᠮᠥᠨ ᠨᠠᠰᠤᠲᠠᠨ ᠤ ᠠᠮᠢᠳᠤᠷᠠᠯ ᠢ ᠰᠠᠶᠢᠲᠤᠷ ᠬᠠᠷᠠᠭᠠᠯᠵᠠᠵᠤ᠂ ᠢᠯᠠᠩᠭᠤᠶ᠎ᠠ ᠤᠯᠠᠷᠢᠯ ᠰᠣᠯᠢᠭᠳᠠᠬᠤ ᠪᠠᠷ ᠡᠷᠡᠭᠦᠯ ᠮᠡᠨᠳᠦ ᠶᠢᠨ ᠦᠢᠯᠡᠴᠢᠯᠡᠭᠡ ᠶᠢ ᠰᠠᠶᠢᠲᠤᠷ ᠠᠩᠬᠠᠷᠴᠤ᠂ ᠡᠯ᠎ᠡ ᠵᠦᠢᠯ ᠤᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ ᠭᠡᠵᠦ ᠭᠡᠵᠦ ᠲᠤᠬᠠᠢ ᠶᠢᠨ ᠭᠠᠵᠠᠷ ᠤᠨ ᠬᠢᠨ ᠳᠤ ᠵᠠᠬᠢᠪᠠ᠃