︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ ︾ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/10/23

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ

                                    ᠥᠪᠥᠷ ᠵᠠᠰᠠᠭ ᠲᠠᠷᠬᠠᠭᠠᠭᠰᠠᠨ ﹇2023﹈ 14  ᠳ᠋ᠦ᠋ᠭᠡᠷ ᠲᠣᠭᠠᠲᠤ

      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ  ︾ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ

      ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄

      ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃

                                              2023 ᠣᠨ ᠤ 8 ᠳ᠋ᠤᠭᠠᠷ ᠰᠠᠷ᠎ᠠ ᠶᠢᠨ 10 ᠤ ᠡᠳᠦᠷ

      ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ

      ᠨᠢᠭᠡᠳᠦᠭᠡᠷ ᠪᠦᠯᠦᠭ  ᠶᠡᠷᠦᠩᠬᠡᠢ ᠳᠦᠷᠢᠮ

      ᠨᠢᠭᠡᠳᠦᠭᠡᠷ ᠵᠦᠢᠯ  ᠲᠠᠷᠢᠶᠠᠯᠠᠬᠤ ᠮᠠᠯᠵᠢᠬᠤ ᠣᠷᠣᠨ ᠤ ᠭᠠᠯ ᠲᠦᠢᠮᠡᠷ ᠤᠨ ᠠᠶᠤᠯ ᠢ ᠤᠷᠢᠳᠴᠢᠯᠠᠨ ᠰᠡᠷᠭᠡᠶᠢᠯᠡᠬᠦ ᠪᠠ ᠪᠦᠲᠦᠮᠵᠢᠲᠡᠢ ᠠᠪᠤᠷᠠᠵᠤ᠂ ᠲᠠᠷᠢᠶᠠᠯᠠᠬᠤ ᠮᠠᠯᠵᠢᠬᠤ ᠣᠷᠣᠨ ᠤ ᠭᠠᠯ ᠲᠦᠢᠮᠡᠷ ᠤᠨ ᠠᠶᠤᠯ ᠤᠨ ᠬᠤᠣᠷ ᠬᠥᠨᠥᠭᠡᠯ ᠢ ᠪᠠᠭᠠᠰᠬᠠᠵᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠰᠡᠷᠭᠡᠶᠢᠯᠡᠵᠦ ᠤᠨᠲᠠᠷᠠᠭᠠᠬᠤ ᠬᠠᠤᠯᠢ︾᠂ ︽ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠳᠦᠷᠢᠮ︾᠂ ︽ᠭᠠᠯ ᠰᠡᠷᠭᠡᠶᠢᠯᠡᠵᠦ ᠤᠨᠲᠠᠷᠠᠭᠠᠯᠲᠠ ᠶᠢᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾᠂ ︵ᠲᠢᠩᠬᠢᠮ ᠦᠰᠦᠭ ﹇2019﹈ 34 ᠳ᠋ᠦ᠋ᠭᠡᠷ ᠲᠣᠭᠠᠲᠤ︶᠂ ︽︿ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2017﹈ 87 ᠳ᠋ᠤᠭᠠᠷ ᠲᠣᠭᠠᠲᠤ︶ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠣᠰ ᠲᠣᠭᠲᠠᠭᠠᠯ ᠢ ᠲᠣᠭᠲᠠᠭᠠᠪᠠ᠃

      ᠬᠤᠶᠠᠳᠤᠭᠠᠷ ᠵᠦᠢᠯ  ᠲᠣᠰ ᠲᠣᠭᠲᠠᠭᠠᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠬᠡᠪᠴᠢᠶᠡᠨ ᠳᠠᠬᠢ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠳᠤ ᠲᠣᠬᠢᠷᠠᠨ ᠬᠡᠷᠡᠭᠯᠡᠭᠳᠡᠨ᠎ᠡ᠃ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠣᠢ ᠰᠢᠭᠤᠢ᠂ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠳᠤ ᠣᠨᠳᠣᠣ ᠲᠣᠭᠲᠠᠭᠠᠯ ᠪᠠᠶᠢᠪᠠᠯ᠂ ᠲᠡᠷᠡ ᠲᠣᠭᠲᠠᠭᠠᠯ ᠢᠶᠠᠷ ᠨᠢ ᠬᠡᠷᠡᠭᠵᠢᠭᠦᠯᠦᠨ᠎ᠡ᠃

      ᠭᠤᠷᠪᠠᠳᠤᠭᠠᠷ ᠵᠦᠢᠯ  ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠨᠢ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠰᠡᠷᠭᠡᠶᠢᠯᠡᠬᠦ ᠪᠠ ᠤᠨᠲᠠᠷᠠᠭᠠᠬᠤ ᠶᠢ ᠬᠠᠷᠢᠯᠴᠠᠨ ᠤᠶᠠᠯᠳᠤᠭᠤᠯᠬᠤ︾  ᠴᠢᠭᠯᠡᠯᠲᠡ ᠶᠢ ᠪᠠᠷᠢᠮᠲᠠᠯᠠᠵᠤ᠂ ᠲᠤᠬᠠᠢ ᠶᠢᠨ ᠭᠠᠵᠠᠷ ᠲᠤ ᠨᠢ ᠲᠣᠬᠢᠷᠠᠭᠤᠯᠵᠤ᠂ ᠪᠦᠭᠦᠳᠡᠭᠡᠷ ᠢᠶᠠᠨ ᠰᠡᠷᠭᠡᠶᠢᠯᠡᠨ ᠵᠠᠰᠠᠬᠤ᠂ ᠥᠪᠡᠷ ᠢᠶᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠵᠠᠷᠴᠢᠮ ᠶᠣᠰᠣᠭᠠᠷ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠦᠨ᠎ᠡ᠃

      ᠳᠥᠷᠪᠡᠳᠦᠭᠡᠷ ᠵᠦᠢᠯ  ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ᠂ ᠪᠠᠲᠤᠯᠠᠭ᠎ᠠ᠂ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠶᠢᠨ ᠬᠠᠮᠲᠤ᠂ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ ᠵᠠᠰᠠᠭ ᠤᠨ ᠣᠷᠳᠣᠨ ᠤ ᠲᠤᠰᠢᠶᠠᠯ ᠤᠨ ᠬᠤᠭᠤᠴᠠᠭᠠᠨ ᠳᠠᠬᠢ ᠬᠠᠷᠠᠯᠲᠠ ᠶᠢᠨ ᠰᠢᠯᠭᠠᠨ ᠲᠣᠭᠲᠠᠭᠠᠬᠤ ᠬᠦᠷᠢᠶ᠎ᠡ ᠬᠡᠪᠴᠢᠶᠡᠨ ᠳᠤ ᠣᠷᠣᠭᠤᠯᠵᠤ᠂ ᠵᠢᠯ ᠪᠦᠷᠢ ᠬᠠᠷᠢᠶ᠎ᠠ ᠪᠦᠬᠦᠢ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠳᠤ ᠪᠠᠶᠢᠴᠠᠭᠠᠯᠲᠠ ᠪᠠ ᠰᠢᠯᠭᠠᠨ ᠬᠢᠨᠠᠯᠲᠠ ᠬᠢᠨ᠎ᠡ᠃

      ᠲᠠᠪᠤᠳᠤᠭᠠᠷ ᠵᠦᠢᠯ  ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠨᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠤ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠲᠣᠰ ᠵᠠᠰᠠᠭ ᠵᠠᠬᠢᠷᠭᠠᠨ ᠤ ᠣᠷᠣᠨ ᠬᠡᠪᠴᠢᠶᠡᠨ ᠳᠠᠬᠢ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠠᠵᠢᠯ ᠢ ᠬᠠᠷᠢᠭᠤᠴᠠᠨ᠎ᠠ᠃

      ᠵᠢᠷᠭᠤᠳᠤᠭᠠᠷ ᠵᠦᠢᠯ  ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠪᠣᠳᠠᠲᠠᠢ ᠪᠠᠶᠢᠭᠤᠯᠤᠮᠵᠢ ᠪᠠ ᠬᠠᠷᠢᠭᠤᠴᠠᠯᠭᠠᠲᠠᠨ ᠢ ᠲᠣᠳᠣᠷᠬᠠᠢ ᠲᠣᠭᠲᠠᠭᠠᠬᠤ ᠬᠡᠷᠡᠭᠲᠡᠢ᠃

      ᠰᠤᠮᠤ ᠰᠢᠶᠠᠩ ᠪᠠᠯᠭᠠᠰᠤ ᠨᠢ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠳᠤ ᠨᠠᠶᠢᠳᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠠᠯ ᠰᠡᠷᠭᠡᠶᠢᠯᠡᠵᠦ ᠤᠨᠲᠠᠷᠠᠭᠠᠬᠤ ᠵᠠᠰᠠᠭ ᠵᠠᠬᠢᠷᠭᠠᠨ ᠤ ᠰᠢᠢᠳᠬᠡᠨ ᠲᠣᠷᠭᠠᠬᠤ ᠵᠦᠢᠯᠡᠰ ᠢ ᠬᠠᠷᠢᠭᠤᠴᠠᠵᠤ ᠪᠣᠯᠣᠨ᠎ᠠ᠃

      ᠬᠤᠶᠠᠳᠤᠭᠠᠷ ᠪᠦᠯᠦᠭ  ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ

      ᠳᠣᠯᠣᠳᠤᠭᠠᠷ ᠵᠦᠢᠯ  ᠠᠶᠢᠮᠠᠭ ᠤᠨ ᠵᠠᠬᠢᠷᠭ᠎ᠠ᠂ ᠬᠤᠲᠠ  ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠳᠣᠣᠷᠠᠬᠢ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠄

      ︵ᠨᠢᠭᠡ︶ ᠭᠠᠯ ᠰᠡᠷᠭᠡᠶᠢᠯᠡᠵᠦ ᠤᠨᠲᠠᠷᠠᠭᠠᠬᠤ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠳᠡᠭᠡᠳᠦ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠲᠤᠬᠠᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ︔

      ︵ᠬᠤᠶᠠᠷ︶ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ ᠲᠣᠭᠲᠠᠭᠰᠠᠨ ᠬᠤᠭᠤᠴᠠᠭ᠎ᠠ ᠲᠠᠢ ᠪᠠᠷ ᠰᠤᠳᠤᠯᠤᠨ ᠪᠠᠶᠢᠷᠢᠯᠠᠭᠤᠯᠤᠨ᠎ᠠ︔

      ︵ᠭᠤᠷᠪᠠ︶ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠶᠢ ᠰᠢᠪᠠᠳᠠᠨ ᠱᠠᠭᠠᠷᠳᠠᠵᠤ᠂ ᠲᠣᠰ ᠵᠠᠰᠠᠭ ᠵᠠᠬᠢᠷᠭᠠᠨ ᠤ ᠣᠷᠣᠨ ᠬᠡᠪᠴᠢᠶᠡᠨ ᠳᠠᠬᠢ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ︔

      ︵ᠳᠥᠷᠪᠡ︶ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ ᠲᠣᠰ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠠᠭᠤᠯᠭ᠎ᠠ ᠳᠤ ᠣᠷᠣᠭᠤᠯᠵᠤ᠂ ᠬᠠᠷᠢᠶᠠᠲᠤ ᠣᠷᠣᠨ ᠤ ᠰᠤᠮᠤ ᠰᠢᠶᠠᠩ ᠪᠠᠯᠭᠠᠰᠤ ᠶᠢᠨ ᠭᠠᠯ ᠰᠡᠷᠭᠡᠶᠢᠯᠡᠵᠦ ᠤᠨᠲᠠᠷᠠᠭᠠᠬᠤ ᠲᠥᠯᠦᠪᠵᠢᠭᠦᠯᠭᠡ ᠶᠢ ᠵᠣᠬᠢᠰᠲᠠᠢ ᠲᠣᠭᠲᠠᠭᠠᠨ᠎ᠠ︔

      ︵ᠲᠠᠪᠤ︶ ᠲᠤᠰᠬᠠᠢ ᠲᠤᠰᠢᠶᠠᠯᠲᠤ ᠭᠠᠯ ᠰᠡᠷᠭᠡᠶᠢᠯᠡᠵᠦ ᠤᠨᠲᠠᠷᠠᠭᠠᠬᠤ ᠠᠩᠭᠢ᠂ ᠰᠠᠶᠢᠨ ᠳᠤᠷ᠎ᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠩᠭᠢ ᠵᠡᠷᠭᠡ ᠣᠯᠡᠨ ᠬᠡᠯᠪᠡᠷᠢ ᠮᠠᠶ᠋ᠢᠭ ᠤᠨ ᠭᠠᠯ ᠰᠡᠷᠭᠡᠶᠢᠯᠡᠵᠦ ᠤᠨᠲᠠᠷᠠᠭᠠᠬᠤ ᠠᠩᠭᠢ ᠪᠠᠶᠢᠭᠤᠯᠵᠤ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠬᠦᠴᠦᠨ ᠵᠦᠢᠯ ᠤᠨ ᠪᠠᠶᠢᠭᠤᠯᠤᠯᠲᠠ ᠶᠢ ᠴᠢᠩᠭᠠᠳᠬᠠᠨ᠎ᠠ︔

      ︵ᠵᠢᠷᠭᠤᠭ᠎ᠠ︶ ᠲᠠᠷᠢᠶᠠᠯᠠᠬᠤ ᠮᠠᠯᠵᠢᠬᠤ ᠣᠷᠣᠨ ᠤ ᠪᠠᠶᠢᠩᠭᠤᠵᠢᠭᠤᠯᠤᠭᠰᠠᠨ ᠭᠠᠯ ᠲᠦᠢᠮᠡᠷ ᠤᠨ ᠠᠶᠤᠯ ᠤᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠲᠣᠭᠲᠠᠴᠠ ᠶᠢ ᠪᠠᠶᠢᠭᠤᠯᠵᠤ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠲᠤᠰᠬᠠᠢ ᠵᠠᠰᠠᠯᠲᠠ ᠥᠷᠨᠢᠭᠦᠯᠬᠦ ᠶᠢ ᠪᠠᠶᠢᠷᠢᠯᠠᠭᠤᠯᠵᠤ᠂ ᠭᠠᠯ ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠬᠥᠮᠦᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ︔

      ︵ᠳᠣᠯᠤᠭ᠎ᠠ︶ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠣᠷᠤᠭᠤᠯᠤᠯᠲᠠ ᠶᠢ ᠨᠡᠮᠡᠭᠳᠡᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠨᠥᠬᠦᠴᠡᠯ ᠢ ᠰᠠᠶᠢᠵᠢᠷᠠᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠦᠢᠯᠡᠰ ᠤᠨ ᠬᠥᠭᠵᠢᠯᠲᠡ ᠶᠢ ᠪᠠᠲᠤᠯᠠᠨ᠎ᠠ︔

      ︵ᠨᠠᠢᠮᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠭᠠᠯ ᠰᠡᠷᠭᠡᠶᠢᠯᠡᠵᠦ ᠤᠨᠲᠠᠷᠠᠭᠠᠬᠤ ᠡᠭᠦᠷᠭᠡ ᠬᠠᠷᠢᠭᠤᠴᠠᠯᠭ᠎ᠠ᠃

      ᠨᠠᠢᠮᠠᠳᠤᠭᠠᠷ ᠵᠦᠢᠯ  ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠬᠡᠷᠡᠭᠵᠢᠭᠦᠯᠬᠦ ᠠᠷᠭ᠎ᠠ︾ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠠᠴᠠ ᠭᠠᠳᠠᠨ᠎ᠠ ᠪᠠᠰᠠ ᠳᠣᠣᠷᠠᠬᠢ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠄

      ︵ᠨᠢᠭᠡ︶ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠨᠢ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠶᠢᠨ ᠵᠢᠯᠣᠭᠤᠳᠤᠯᠭ᠎ᠠ ᠳᠣᠣᠷ᠎ᠠ᠂ ᠬᠠᠤᠯᠢ ᠶᠣᠰᠣᠭᠠᠷ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠬᠢᠨᠠᠯᠲᠠ ᠪᠠᠶᠢᠴᠠᠭᠠᠯᠲᠠ᠂ ᠭᠠᠯ ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠬᠥᠮᠦᠵᠢᠯ ᠢ ᠬᠡᠷᠡᠭᠵᠢᠭᠦᠯᠵᠦ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠨᠢ ᠰᠢᠪᠠᠳᠠᠨ ᠱᠠᠭᠠᠷᠳᠠᠬᠤ ᠪᠠ ᠵᠢᠯᠣᠭᠤᠳᠤᠨ᠎ᠠ︔ ᠲᠠᠷᠢᠶᠠᠯᠠᠬᠤ ᠮᠠᠯᠵᠢᠬᠤ ᠣᠷᠣᠨ ᠳᠤ ᠭᠠᠯ ᠲᠦᠢᠮᠡᠷ ᠤᠨ ᠠᠶᠤᠯ ᠭᠠᠷᠪᠠᠯ᠂ ᠭᠠᠯ ᠲᠦᠢᠮᠡᠷ ᠢ ᠤᠨᠲᠠᠷᠠᠭᠠᠨ ᠠᠪᠤᠷᠠᠬᠤ ᠠᠵᠢᠯ ᠢ ᠵᠣᠬᠢᠶᠠᠨ ᠪᠠᠶᠢᠭᠤᠯᠬᠤ ᠳᠤ ᠣᠷᠣᠯᠴᠠᠵᠤ᠂ ᠲᠠᠷᠢᠶᠠᠴᠢᠨ ᠮᠠᠯᠴᠢᠨ ᠢ ᠠᠮᠤᠷ ᠲᠦᠪᠰᠢᠨ ᠢᠶᠠᠷ ᠲᠠᠷᠬᠠᠭᠠᠬᠤ ᠶᠢ ᠵᠢᠯᠤᠭᠤᠳᠴᠤ᠂ ᠭᠠᠯ ᠲᠦᠢᠮᠡᠷ ᠤᠨ ᠲᠤᠬᠠᠢ ᠶᠢᠨ ᠲᠠᠯᠠᠪᠤᠷ ᠤᠨ ᠰᠡᠷᠡᠮᠵᠢᠯᠡᠯᠲᠡ᠂ ᠬᠠᠮᠠᠭᠠᠯᠠᠯᠲᠠ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ︔

      ︵ᠬᠤᠶᠠᠷ︶ ᠬᠠᠤᠯᠢ ᠴᠠᠭᠠᠵᠠ ᠶᠢᠨ ᠰᠠᠯᠠᠭ᠎ᠠ ᠮᠥᠴᠢᠷ ᠨᠢ ᠭᠠᠯ ᠰᠡᠷᠭᠡᠶᠢᠯᠡᠵᠦ ᠤᠨᠲᠠᠷᠠᠭᠠᠬᠤ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠠᠷᠢᠶᠠᠴᠢᠨ ᠮᠠᠯᠴᠢᠨ ᠤ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠤᠨ ᠠᠭᠤᠯᠭ᠎ᠠ ᠳᠤ ᠣᠷᠣᠭᠤᠯᠬᠤ ᠶᠢ ᠬᠠᠷᠢᠭᠤᠴᠠᠨ᠎ᠠ︔

      ︵ᠭᠤᠷᠪᠠ︶ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠵᠠᠷᠤᠳᠠᠯ ᠢ ᠲᠤᠬᠠᠢ ᠶᠢᠨ ᠭᠠᠵᠠᠷ ᠤᠨ ᠡᠳ᠋ ᠤᠨ ᠵᠠᠰᠠᠭ ᠤᠨ ᠲᠥᠰᠥᠪ ᠲᠤ ᠣᠷᠣᠭᠤᠯᠬᠤ ᠶᠢ ᠬᠠᠷᠢᠭᠤᠴᠠᠨ᠎ᠠ︔

      ︵ᠳᠥᠷᠪᠡ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠨᠢ ᠤᠯᠤᠰ ᠤᠨ ᠪᠠᠷᠢᠯᠭ᠎ᠠ ᠶᠢᠨ ᠪᠠᠶᠢᠭᠤᠯᠤᠯᠲᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠶᠣᠰᠣᠭᠠᠷ ᠭᠠᠯ ᠰᠡᠷᠭᠡᠶᠢᠯᠡᠵᠦ ᠤᠨᠲᠠᠷᠠᠭᠠᠬᠤ ᠵᠢᠷᠤᠭ ᠲᠥᠯᠥᠪᠯᠡᠭᠡ ᠬᠢᠬᠦ ᠴᠢᠬᠤᠯᠠᠲᠠᠢ ᠲᠠᠷᠢᠶᠠᠯᠠᠬᠤ ᠮᠠᠯᠵᠢᠬᠤ ᠣᠷᠣᠨ ᠤ ᠭᠡᠷ ᠪᠠᠶᠢᠰᠢᠩ ᠳᠤ ᠮᠡᠷᠭᠡᠵᠢᠯ ᠤᠨ ᠵᠢᠯᠣᠭᠤᠳᠤᠯᠭ᠎ᠠ ᠪᠠ ᠦᠢᠯᠡᠴᠢᠯᠡᠭᠡ ᠥᠷᠨᠢᠭᠦᠯᠬᠦ ᠶᠢ ᠬᠠᠷᠢᠭᠤᠴᠠᠨ ᠴᠢᠩᠭᠠᠳᠬᠠᠨ᠎ᠠ︔

      ︵ᠲᠠᠪᠤ︶ ᠤᠰᠤ ᠬᠠᠩᠭᠠᠬᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠤᠰᠤ ᠬᠠᠩᠭᠠᠬᠤ ᠨᠢᠭᠡᠴᠢ ᠶᠢᠨ ᠲᠠᠷᠢᠶᠠᠯᠠᠬᠤ ᠮᠠᠯᠵᠢᠬᠤ ᠣᠷᠣᠨ ᠤ ᠭᠠᠯ ᠤᠨᠲᠠᠷᠠᠭᠠᠯᠲᠠ ᠶᠢᠨ ᠤᠰᠤᠨ ᠤ ᠰᠤᠷᠪᠤᠯᠵᠢ ᠪᠠ ᠭᠠᠯ ᠤᠨᠲᠠᠷᠠᠭᠠᠯᠲᠠ ᠶᠢᠨ ᠤᠰᠤ ᠬᠠᠩᠭᠠᠬᠤ ᠰᠢᠰᠲ᠋ᠧᠮ ᠤᠨ ᠪᠦᠲᠦᠭᠡᠨ ᠪᠠᠶᠢᠭᠤᠯᠬᠤ ᠪᠠ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢ ᠵᠢᠭᠠᠨ ᠵᠢᠯᠤᠭᠤᠳᠴᠤ ᠰᠢᠪᠠᠳᠠᠨ ᠱᠠᠭᠠᠷᠳᠠᠬᠤ ᠶᠢ ᠬᠠᠷᠢᠭᠤᠴᠠᠨ᠎ᠠ︔

      ︵ᠵᠢᠷᠭᠤᠭ᠎ᠠ︶ ᠴᠠᠬᠢᠯᠭᠠᠨ ᠬᠦᠴᠦᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠴᠠᠬᠢᠯᠭᠠᠨ ᠬᠦᠴᠦᠨ ᠤ ᠠᠵᠤ ᠠᠬᠤᠶᠢᠯᠠᠯ ᠢ ᠰᠢᠪᠠᠳᠠᠨ ᠱᠠᠭᠠᠷᠳᠠᠵᠤ ᠪᠠᠶᠢᠭᠠᠳ ᠲᠠᠷᠢᠶᠠᠯᠠᠬᠤ ᠮᠠᠯᠵᠢᠬᠤ ᠣᠷᠣᠨ ᠤ ᠴᠠᠬᠢᠯᠭᠠᠨ ᠬᠠᠩᠭᠠᠬᠤ ᠪᠡᠯᠡᠳᠬᠡᠮᠵᠢ᠂ ᠴᠠᠬᠢᠯᠭᠠᠨ ᠬᠡᠯᠬᠢᠶᠡᠨ ᠳᠤ ᠲᠣᠭᠲᠠᠭᠰᠠᠨ ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠵᠦ᠂ ᠴᠠᠬᠢᠯᠭᠠᠨ ᠬᠠᠩᠭᠠᠬᠤ ᠪᠡᠯᠡᠳᠬᠡᠮᠵᠢ ᠪᠠ ᠴᠠᠬᠢᠯᠭᠠᠨ ᠬᠡᠯᠬᠢᠶ᠎ᠡ ᠶᠢ ᠴᠠᠭ ᠲᠤᠬᠠᠢ ᠳᠤ ᠨᠢ ᠰᠣᠯᠢᠵᠤ ᠥᠭᠡᠷᠡᠴᠢᠯᠡᠨ ᠰᠢᠨᠡᠳᠬᠡᠵᠦ᠂ ᠲᠠᠷᠢᠶᠠᠯᠠᠬᠤ ᠮᠠᠯᠵᠢᠬᠤ ᠣᠷᠣᠨ ᠤ ᠬᠡᠷᠡᠭᠯᠡᠭᠴᠢ ᠶᠢᠨ ᠴᠠᠬᠢᠯᠭᠠᠨ ᠬᠡᠷᠡᠭᠯᠡᠬᠦ ᠠᠮᠤᠷ ᠲᠦᠪᠰᠢᠨ ᠤ ᠪᠠᠶᠢᠴᠠᠭᠠᠯᠲᠠ ᠬᠢᠬᠦ ᠶᠢ ᠥᠷᠨᠢᠭᠦᠯᠦᠨ᠂ ᠴᠠᠬᠢᠯᠭᠠᠨ ᠬᠡᠯᠬᠢᠶᠡᠨ ᠤ ᠠᠮᠤᠷ ᠲᠦᠪᠰᠢᠨ ᠤ ᠭᠡᠮ ᠰᠣᠭᠤᠭ ᠢ ᠰᠢᠮᠳᠠᠭᠤᠯᠵᠤ ᠴᠡᠭᠴᠡᠯᠡᠨ ᠵᠠᠰᠠᠬᠤ ᠶᠢ ᠬᠠᠷᠢᠭᠤᠴᠠᠨ᠎ᠠ︔

      ︵ᠳᠣᠯᠤᠭ᠎ᠠ︶ ᠡᠪᠯᠡᠯ ᠤᠨ ᠬᠤᠷᠢᠶ᠎ᠠ ᠨᠢ ᠰᠠᠶᠢᠨ ᠳᠤᠷᠠᠴᠤᠳ ᠢ ᠵᠣᠬᠢᠶᠠᠨ ᠪᠠᠶᠢᠭᠤᠯᠵᠤ ᠲᠠᠷᠢᠶᠠᠯᠠᠬᠤ ᠮᠠᠯᠵᠢᠬᠤ ᠣᠷᠣᠨ ᠳᠤ ᠭᠦᠨᠵᠡᠭᠡᠶᠢᠷᠡᠨ ᠭᠠᠯ ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠲᠠᠷᠢᠶᠠᠴᠢᠨ ᠮᠠᠯᠴᠢᠨ ᠤ ᠠᠶᠢᠯ ᠭᠡᠷ ᠲᠤ ᠭᠦᠨᠵᠡᠭᠡᠶᠢᠷᠡᠨ ᠭᠠᠯ ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠬᠥᠮᠦᠵᠢᠯ ᠥᠷᠨᠢᠭᠦᠯᠬᠦ ᠶᠢ ᠬᠠᠷᠢᠭᠤᠴᠠᠨ᠎ᠠ︔

      ︵ᠨᠠᠢᠮᠠ︶ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠨᠢ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠶᠡᠷᠦᠩᠬᠡᠢ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠬᠢᠨᠠᠯᠲᠠ ᠪᠠᠶᠢᠴᠠᠭᠠᠯᠲᠠ ᠶᠢ ᠬᠠᠤᠯᠢ ᠶᠣᠰᠣᠭᠠᠷ ᠬᠡᠷᠡᠭᠵᠢᠭᠦᠯᠦᠨ᠎ᠡ︔ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠨᠢ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠥᠷᠨᠢᠭᠦᠯᠬᠦ ᠶᠢ ᠵᠢᠭᠠᠨ ᠵᠢᠯᠤᠭᠤᠳᠴᠤ᠂ ᠲᠣᠭᠲᠠᠭᠰᠠᠨ ᠬᠤᠭᠤᠴᠠᠭ᠎ᠠ ᠲᠠᠢ ᠪᠠᠷ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠪᠠᠶᠢᠳᠠᠯ ᠢ ᠮᠡᠳᠡᠭᠦᠯᠵᠦ᠂ ᠠᠵᠢᠯ ᠤᠨ ᠰᠠᠨᠠᠭᠤᠯᠭ᠎ᠠ ᠳᠤᠷᠠᠳᠤᠨ᠎ᠠ︔ ᠲᠤᠰᠬᠠᠢ ᠲᠤᠰᠢᠶᠠᠯᠲᠤ ᠭᠠᠯ ᠰᠡᠷᠭᠡᠶᠢᠯᠡᠵᠦ ᠤᠨᠲᠠᠷᠠᠭᠠᠬᠤ ᠠᠩᠭᠢ᠂ ᠰᠠᠶᠢᠨ ᠳᠤᠷ᠎ᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠩᠭᠢ ᠵᠡᠷᠭᠡ ᠣᠯᠠᠨ ᠬᠡᠯᠪᠡᠷᠢ ᠮᠠᠶ᠋ᠢᠭ ᠤᠨ ᠭᠠᠯ ᠰᠡᠷᠭᠡᠶᠢᠯᠡᠵᠦ ᠤᠨᠲᠠᠷᠠᠭᠠᠬᠤ ᠬᠦᠴᠦᠨ ᠵᠦᠢᠯ ᠳᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠨ᠎ᠡ᠃

      ᠶᠢᠰᠦᠳᠦᠭᠡᠷ ᠵᠦᠢᠯ  ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠳᠣᠣᠷᠠᠬᠢ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠄

      ︵ᠨᠢᠭᠡ︶ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ︽ᠲᠣᠣᠷᠯᠢᠭᠵᠢᠭᠤᠯᠬᠤ︾ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ︔

      ︵ᠬᠤᠶᠠᠷ︶ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ ᠲᠣᠭᠲᠠᠭᠰᠠᠨ ᠬᠤᠭᠤᠴᠠᠭ᠎ᠠ ᠲᠠᠢ ᠪᠠᠷ ᠰᠤᠳᠤᠯᠤᠨ ᠪᠠᠶᠢᠷᠢᠯᠠᠭᠤᠯᠵᠤ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠠᠷᠠᠳ ᠲᠦᠮᠡᠨᠴᠢ ᠴᠢᠨᠠᠷᠲᠠᠢ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠥᠷᠨᠢᠭᠦᠯᠬᠦ ᠶᠢ ᠵᠢᠭᠠᠨ ᠵᠢᠯᠤᠭᠤᠳᠴᠤ ᠬᠠᠪᠰᠤᠷᠤᠨ ᠳᠡᠮᠵᠢᠨ᠎ᠡ︔

      ︵ᠭᠤᠷᠪᠠ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠠᠭᠤᠯᠭ᠎ᠠ ᠶᠢ ᠰᠤᠮᠤ ᠰᠢᠶᠠᠩ ᠪᠠᠯᠭᠠᠰᠤ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ᠂ ᠭᠠᠴᠠᠭ᠎ᠠ ᠲᠣᠰᠬᠤᠨ ᠤ ᠲᠥᠯᠦᠪᠵᠢᠭᠦᠯᠭᠡ ᠳᠤ ᠣᠷᠣᠭᠤᠯᠬᠤ ᠶᠢᠨ ᠬᠠᠮᠲᠤ ᠡᠷᠡᠰ ᠴᠢᠩᠭ᠎ᠠ ᠪᠠᠷ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔

      ︵ᠳᠥᠷᠪᠡ︶ ᠣᠯᠠᠨ ᠵᠦᠢᠯ ᠤᠨ ᠬᠡᠯᠪᠡᠷᠢ ᠮᠠᠶ᠋ᠢᠭ ᠢ ᠠᠪᠴᠤ ᠪᠠᠶᠢᠭᠠᠳ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠬᠥᠮᠦᠵᠢᠯ ᠥᠷᠨᠢᠭᠦᠯᠬᠦ ᠶᠢ ᠵᠣᠬᠢᠶᠠᠨ ᠪᠠᠶᠢᠭᠤᠯᠵᠤ᠂ ᠲᠠᠷᠢᠶᠠᠴᠢᠨ ᠮᠠᠯᠴᠢᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠪᠠ ᠥᠪᠡᠷᠲᠡᠭᠡᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠭᠡᠰᠢᠭᠦᠨ᠂ ᠭᠠᠯ ᠰᠡᠷᠭᠡᠶᠢᠯᠡᠵᠦ ᠤᠨᠲᠠᠷᠠᠭᠠᠬᠤ ᠠᠵᠢᠯᠲᠠᠨ᠂ ᠲᠤᠰᠬᠠᠢ ᠲᠤᠰᠢᠶᠠᠯᠲᠤ ᠪᠠ ᠰᠠᠶᠢᠨ ᠳᠤᠷ᠎ᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠩᠭᠢ ᠶᠢᠨ ᠭᠡᠰᠢᠭᠦᠨ ᠢ ᠲᠣᠭᠲᠠᠭᠰᠠᠨ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ ᠭᠠᠯ ᠰᠡᠷᠭᠡᠶᠢᠯᠡᠵᠦ ᠤᠨᠲᠠᠷᠠᠭᠠᠬᠤ ᠲᠤᠬᠠᠶᠢᠯᠠᠭᠰᠠᠨ ᠠᠵᠢᠯ ᠤᠨ ᠮᠡᠳᠡᠯᠭᠡ ᠶᠢ ᠰᠣᠷᠣᠯᠴᠠᠭᠤᠯᠵᠤ᠂ ᠭᠠᠯ ᠰᠡᠷᠭᠡᠶᠢᠯᠡᠵᠦ ᠤᠨᠲᠠᠷᠠᠭᠠᠬᠤ ᠲᠤᠬᠠᠶᠢᠯᠠᠭᠰᠠᠨ ᠠᠵᠢᠯ ᠤᠨ ᠤᠷ᠎ᠠ ᠮᠡᠷᠭᠡᠵᠢᠯ ᠢ ᠨᠢ ᠳᠡᠭᠡᠭᠰᠢᠯᠡᠭᠦᠯᠦᠨ᠎ᠡ︔

      ︵ᠲᠠᠪᠤ︶ ᠲᠤᠬᠠᠢ ᠶᠢᠨ ᠭᠠᠵᠠᠷ ᠤᠨ ᠠᠵᠤ ᠠᠬᠤᠢ ᠶᠢᠨ ᠬᠥᠭᠵᠢᠯᠲᠡ ᠪᠠ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠬᠡᠷᠡᠭᠴᠡᠭᠡ ᠶᠢ ᠦᠨᠳᠦᠰᠦᠯᠡᠨ ᠲᠤᠰᠬᠠᠢ ᠲᠤᠰᠢᠶᠠᠯᠲᠤ ᠭᠠᠯ ᠰᠡᠷᠭᠡᠶᠢᠯᠡᠵᠦ ᠤᠨᠲᠠᠷᠠᠭᠠᠬᠤ ᠠᠩᠭᠢ ᠪᠤᠶᠤ ᠰᠠᠶᠢᠨ ᠳᠤᠷ᠎ᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠩᠭᠢ ᠪᠠᠶᠢᠭᠤᠯᠵᠤ᠂ ᠭᠠᠯ ᠲᠦᠢᠮᠡᠷ ᠢ ᠤᠨᠲᠠᠷᠠᠭᠠᠨ ᠠᠪᠤᠷᠠᠬᠤ᠂ ᠪᠠᠴᠢᠮ ᠪᠠᠶᠢᠳᠠᠯ ᠢ ᠠᠷᠭᠠᠴᠠᠭᠠᠵᠤ ᠲᠤᠰᠠᠯᠠᠨ ᠠᠪᠤᠷᠠᠬᠤ ᠵᠡᠷᠭᠡ ᠡᠭᠦᠷᠭᠡ ᠬᠠᠷᠢᠭᠤᠴᠠᠯᠭ᠎ᠠ ᠡᠭᠦᠷᠭᠡᠯᠡᠨ᠎ᠡ︔

      ︵ᠵᠢᠷᠭᠤᠭ᠎ᠠ︶ ᠴᠢᠬᠤᠯᠠ ᠪᠦᠬᠦᠢ ᠪᠡᠯᠡ ᠮᠥᠩᠭᠦ ᠲᠣᠬᠢᠷᠠᠭᠤᠯᠤᠨ᠂ ᠲᠠᠷᠢᠶᠠᠯᠠᠬᠤ ᠮᠠᠯᠵᠢᠬᠤ ᠣᠷᠣᠨ ᠤ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢᠨ ᠪᠠᠶᠢᠭᠤᠯᠤᠯᠲᠠ᠂ ᠬᠠᠮᠠᠭᠠᠯᠠᠯᠲᠠ ᠬᠠᠮᠢᠶᠠᠷᠤᠯᠲᠠ ᠪᠠ ᠡᠯ᠎ᠡ ᠵᠦᠢᠯ ᠤᠨ ᠭᠠᠯ ᠰᠡᠷᠭᠡᠶᠢᠯᠡᠵᠦ ᠤᠨᠲᠠᠷᠠᠭᠠᠬᠤ ᠵᠠᠷᠤᠳᠠᠯ ᠤᠨ ᠵᠠᠷᠤᠯᠭ᠎ᠠ ᠶᠢ ᠪᠠᠲᠤᠯᠠᠨ᠎ᠠ︔

      ︵ᠳᠣᠯᠤᠭ᠎ᠠ︶ ᠭᠠᠯ ᠤᠨᠲᠠᠷᠠᠭᠠᠵᠤ ᠲᠤᠰᠠᠯᠠᠨ ᠠᠪᠤᠷᠠᠬᠤ᠂ ᠭᠠᠯ ᠲᠦᠢᠮᠡᠷ ᠤᠨ ᠠᠳᠡᠭᠳᠡᠯ ᠢ ᠪᠠᠶᠢᠴᠠᠭᠠᠬᠤ ᠪᠠ ᠰᠡᠭᠦᠯ ᠬᠤᠷᠢᠶᠠᠵᠤ ᠰᠢᠢᠳᠪᠦᠷᠢᠯᠡᠬᠦ ᠠᠵᠢᠯ ᠢ ᠬᠠᠪᠰᠤᠷᠤᠨ ᠭᠦᠢᠴᠡᠳᠬᠡᠨ᠎ᠡ᠃

      ᠠᠷᠪᠠᠳᠤᠭᠠᠷ ᠵᠦᠢᠯ  ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ ᠬᠠᠷᠢᠭᠤᠴᠠᠵᠤ ᠪᠠᠶᠢᠭ᠎ᠠ ᠪᠠᠶᠢᠭᠤᠯᠤᠮᠵᠢ ᠨᠢ ᠳᠣᠣᠷᠠᠬᠢ ᠠᠵᠢᠯ ᠤᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠄

      ︵ᠨᠢᠭᠡ︶ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠳᠦᠷᠢᠮ ᠢ ᠵᠣᠬᠢᠶᠠᠨ ᠪᠠᠶᠢᠭᠤᠯᠵᠤ ᠲᠣᠭᠲᠠᠭᠠᠨ᠎ᠠ︔

      ︵ᠬᠤᠶᠠᠷ︶ ᠬᠠᠮᠢᠶ᠎ᠠ ᠪᠦᠬᠦᠢ ᠨᠢᠭᠡᠴᠢ ᠪᠠ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠢ ᠰᠢᠪᠠᠳᠠᠨ ᠱᠠᠭᠠᠷᠳᠠᠵᠤ ᠪᠠᠶᠢᠭᠠᠳ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠎ᠠ︔

      ︵ᠭᠤᠷᠪᠠ︶ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠪᠠ ᠭᠠᠯ ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠠᠯ ᠲᠦᠢᠮᠡᠷ ᠤᠨ ᠠᠶᠤᠯ ᠤᠨ ᠭᠡᠮ ᠰᠣᠭᠤᠭ ᠢ ᠴᠡᠭᠴᠡᠯᠡᠨ ᠵᠠᠰᠠᠬᠤ ᠶᠢ ᠰᠢᠪᠠᠳᠠᠨ ᠱᠠᠭᠠᠷᠳᠠᠨ᠎ᠠ︔

      ︵ᠳᠥᠷᠪᠡ︶ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠪᠠᠶᠢᠴᠠᠭᠠᠨ ᠰᠤᠳᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠷᠭᠠᠴᠠᠭᠠᠬᠤ ᠠᠷᠭ᠎ᠠ ᠬᠡᠮᠵᠢᠶ᠎ᠡ ᠶᠢ ᠲᠣᠭᠲᠠᠭᠠᠨ᠎ᠠ᠃

      ᠠᠷᠪᠠᠨ ᠨᠢᠭᠡᠳᠦᠭᠡᠷ ᠵᠦᠢᠯ  ᠭᠠᠴᠠᠭ᠎ᠠ ᠲᠣᠰᠬᠤᠨ ᠤ ᠠᠷᠠᠳ ᠤᠨ ᠵᠥᠪᠯᠡᠯ ᠨᠢ ᠳᠣᠣᠷᠠᠬᠢ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠄

      ︵ᠨᠢᠭᠡ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠭᠴᠢ ᠶᠢ ᠲᠣᠭᠲᠠᠭᠠᠵᠤ᠂ ᠲᠠᠷᠢᠶᠠᠴᠢᠨ ᠮᠠᠯᠴᠢᠨ ᠤ ᠦᠢᠯᠡ ᠠᠵᠢᠯᠯᠠᠭ᠎ᠠ ᠶᠢ ᠵᠢᠷᠤᠮᠵᠢᠭᠤᠯᠬᠤ ᠭᠠᠯ ᠰᠡᠷᠭᠡᠶᠢᠯᠡᠬᠦ ᠨᠡᠶᠢᠲᠡ ᠶᠢᠨ ᠭᠡᠷ᠎ᠡ ᠲᠣᠭᠲᠠᠬᠤ ᠶᠢ ᠵᠣᠬᠢᠶᠠᠨ ᠪᠠᠶᠢᠭᠤᠯᠵᠤ᠂ ᠲᠠᠷᠢᠶᠠᠴᠢᠨ ᠮᠠᠯᠴᠢᠨ ᠤ ᠭᠠᠯ ᠰᠡᠷᠭᠡᠶᠢᠯᠡᠬᠦ ᠨᠡᠶᠢᠲᠡ ᠶᠢᠨ ᠭᠡᠷ᠎ᠡ ᠶᠢ ᠭᠦᠢᠴᠡᠳᠬᠡᠬᠦ ᠪᠠᠶᠢᠳᠠᠯ ᠢ ᠰᠢᠪᠠᠳᠠᠨ ᠱᠠᠭᠠᠷᠳᠠᠵᠤ᠂ ᠪᠠᠶᠢᠴᠠᠭᠠᠯᠲᠠ ᠬᠢᠨ᠎ᠡ︔

      ︵ᠬᠤᠶᠠᠷ︶ ᠬᠠᠭᠠᠰ ᠵᠢᠯ ᠪᠦᠷᠢ ᠳᠤ ᠲᠣᠰ ᠭᠠᠴᠠᠭ᠎ᠠ ᠲᠣᠰᠬᠤᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠳᠤ ᠵᠠᠳᠠᠯᠤᠯᠲᠠ ᠮᠠᠭᠠᠳᠯᠠᠯᠲᠠ ᠬᠢᠬᠦ ᠶᠢᠨ ᠬᠠᠮᠲᠤ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠳᠤ ᠪᠢᠴᠢᠭ ᠤᠨ ᠬᠡᠯᠪᠡᠷᠢ ᠪᠠᠷ ᠮᠡᠳᠡᠭᠦᠯᠦᠯᠲᠡ ᠬᠢᠨ᠎ᠡ︔

      ︵ᠭᠤᠷᠪᠠ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠭᠠᠵᠤ ᠲᠠᠷᠬᠠᠭᠠᠬᠤ ᠰᠣᠷᠢᠯᠲᠠ ᠬᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠠᠷᠢᠶᠠᠴᠢᠨ ᠮᠠᠯᠴᠢᠨ ᠤ ᠥᠪᠡᠷᠲᠡᠭᠡᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ︔

      ︵ᠳᠥᠷᠪᠡ︶ ᠭᠠᠯ ᠰᠡᠷᠭᠡᠶᠢᠯᠡᠬᠦ ᠴᠠᠭᠳᠠᠨ ᠪᠠᠶᠢᠴᠠᠭᠠᠯᠲᠠ ᠶᠢ ᠥᠷᠨᠢᠭᠦᠯᠵᠦ᠂ ᠲᠠᠷᠢᠶᠠᠴᠢᠨ ᠮᠠᠯᠴᠢᠨ ᠤ ᠭᠠᠯ ᠰᠡᠷᠭᠡᠶᠢᠯᠡᠵᠦ ᠤᠨᠲᠠᠷᠠᠭᠠᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠢ ᠳᠤ ᠨᠢ ᠰᠡᠷᠡᠵᠦ ᠮᠡᠳᠡᠬᠦ ᠪᠠ ᠵᠠᠯᠠᠷᠠᠭᠤᠯᠤᠨ᠎ᠠ︔

      ︵ᠲᠠᠪᠤ︶ ᠰᠠᠶᠢᠨ ᠳᠤᠷ᠎ᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠩᠭᠢ ︵ᠪᠢᠴᠢᠯ ᠬᠡᠯᠪᠡᠷᠢ ᠶᠢᠨ ᠭᠠᠯ ᠰᠡᠷᠭᠡᠶᠢᠯᠡᠵᠦ ᠤᠨᠲᠠᠷᠠᠭᠠᠬᠤ ᠥᠷᠳᠡᠭᠡ︶ ᠪᠠᠶᠢᠭᠤᠯᠵᠤ᠂ ᠴᠢᠬᠤᠯᠠ ᠪᠦᠬᠦᠢ ᠭᠠᠯ ᠤᠨᠲᠠᠷᠠᠭᠠᠬᠤ ᠪᠠᠭᠠᠵᠢ ᠬᠡᠷᠡᠭᠰᠡᠯ ᠲᠣᠨᠣᠭᠯᠠᠯ ᠢ ᠲᠣᠬᠢᠷᠠᠭᠤᠯᠤᠨ᠎ᠠ︔

      ︵ᠵᠢᠷᠭᠤᠭ᠎ᠠ︶ ᠭᠠᠯ ᠲᠦᠢᠮᠡᠷ ᠡᠭᠦᠰᠬᠦ ᠦᠶ᠎ᠡ ᠳᠤ᠂ ᠴᠠᠭ ᠲᠤᠬᠠᠢ ᠳᠤ ᠨᠢ ᠰᠡᠷᠡᠮᠵᠢ ᠶᠢᠨ ᠳᠣᠬᠢᠶ᠎ᠠ ᠥᠭᠴᠦ᠂ ᠣᠶᠢᠷ᠎ᠠ ᠣᠷᠴᠢᠮ ᠤᠨ ᠣᠯᠡᠨ ᠲᠦᠮᠡᠨ ᠢ ᠵᠣᠬᠢᠶᠠᠨ ᠪᠠᠶᠢᠭᠤᠯᠤᠨ ᠲᠠᠷᠬᠠᠭᠠᠵᠤ᠂ ᠰᠠᠶᠢᠨ ᠳᠤᠷ᠎ᠠ ᠶᠢᠨ ᠭᠠᠯ ᠤᠨᠲᠠᠷᠠᠭᠠᠬᠤ ᠠᠩᠭᠢ ︵ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠳᠡᠭᠡ︶ ᠶᠢ ᠵᠣᠬᠢᠶᠠᠨ ᠪᠠᠶᠢᠭᠤᠯᠵᠤ ᠪᠠᠶᠢᠭᠠᠳ ᠭᠠᠯ ᠲᠦᠢᠮᠡᠷ ᠢ ᠤᠨᠲᠠᠷᠠᠭᠠᠬᠤ ᠠᠪᠤᠷᠠᠯᠳᠠ ᠬᠢᠵᠦ᠂ ᠭᠠᠯ ᠰᠡᠷᠭᠡᠶᠢᠯᠡᠵᠦ ᠤᠨᠲᠠᠷᠠᠭᠠᠬᠤ ᠶᠢᠨ ᠠᠪᠤᠷᠠᠨ ᠲᠤᠰᠠᠯᠠᠬᠤ ᠪᠠᠶᠢᠭᠤᠯᠤᠮᠵᠢ ᠲᠤᠬᠠᠢ ᠶᠢᠨ ᠲᠠᠯᠠᠪᠤᠷ ᠲᠤ ᠬᠥᠷᠥᠭᠰᠡᠨ ᠤ ᠳᠠᠷᠠᠭ᠎ᠠ᠂ ᠭᠠᠯ ᠲᠦᠢᠮᠡᠷ ᠢ ᠤᠨᠲᠠᠷᠠᠭᠠᠬᠤ ᠠᠪᠤᠷᠠᠯᠳᠠ ᠬᠢᠬᠦ ᠳᠤ ᠬᠠᠮᠵᠢᠯᠴᠠᠵᠤ᠂ ᠭᠠᠯ ᠲᠦᠢᠮᠡᠷ ᠢ ᠤᠨᠲᠠᠷᠠᠭᠠᠭᠰᠠᠨ ᠤ ᠳᠠᠷᠠᠭ᠎ᠠ᠂ ᠭᠠᠯ ᠰᠡᠷᠭᠡᠶᠢᠯᠡᠵᠦ ᠤᠨᠲᠠᠷᠠᠭᠠᠬᠤ ᠶᠢᠨ ᠠᠪᠤᠷᠠᠨ ᠲᠤᠰᠠᠯᠠᠬᠤ ᠪᠠᠶᠢᠭᠤᠯᠤᠮᠵᠢ ᠵᠢᠴᠢ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢ ᠬᠠᠮᠵᠢᠨ ᠭᠠᠯ ᠲᠦᠢᠮᠡᠷ ᠤᠨ ᠲᠤᠬᠠᠢ ᠶᠢᠨ ᠲᠠᠯᠠᠪᠤᠷ ᠢ ᠬᠠᠮᠠᠭᠠᠯᠠᠨ᠂ ᠭᠠᠯ ᠲᠦᠢᠮᠡᠷ ᠡᠭᠦᠰᠦᠭᠰᠡᠨ ᠰᠢᠯᠲᠠᠭᠠᠨ ᠢ ᠰᠤᠳᠤᠯᠤᠨ ᠪᠠᠶᠢᠴᠠᠭᠠᠵᠤ᠂ ᠭᠠᠯ ᠲᠦᠢᠮᠡᠷ ᠠᠴᠠ ᠪᠣᠯᠤᠭᠰᠠᠨ ᠬᠤᠬᠢᠷᠠᠯ ᠢ ᠪᠦᠷᠢᠳᠬᠡᠨ᠎ᠡ᠃

      ᠠᠷᠪᠠᠨ ᠬᠤᠶᠠᠳᠤᠭᠠᠷ ᠵᠦᠢᠯ  ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠵᠣᠬᠢᠶᠠᠨ ᠪᠠᠶᠢᠭᠤᠯᠵᠤ ᠲᠣᠭᠲᠠᠭᠠᠭᠰᠠᠨ ᠭᠠᠯ ᠰᠡᠷᠭᠡᠶᠢᠯᠡᠬᠦ ᠨᠡᠶᠢᠲᠡ ᠶᠢᠨ ᠭᠡᠷ᠎ᠡ ᠳᠤ ᠳᠣᠣᠷᠠᠬᠢ ᠠᠭᠤᠯᠭ᠎ᠠ ᠪᠠᠭᠲᠠᠬᠤ ᠬᠡᠷᠡᠭᠲᠡᠢ᠄

      ︵ᠨᠢᠭᠡ︶ ᠭᠠᠯ ᠴᠠᠬᠢᠯᠭᠠᠨ ᠲᠣᠰᠣ ᠰᠢᠲᠠᠮᠠᠬᠠᠢ ᠬᠡᠢ ᠬᠡᠷᠡᠭᠯᠡᠬᠦ ᠪᠠ ᠨᠣᠴᠣᠮᠠᠲᠠᠭᠠᠢ ᠰᠢᠲᠠᠮᠠᠬᠠᠢ ᠪᠣᠳᠠᠰ ᠣᠪᠣᠭᠠᠯᠠᠨ ᠲᠠᠯᠪᠢᠬᠤ ᠵᠡᠷᠭᠡ ᠦᠢᠯᠡ ᠠᠵᠢᠯᠯᠠᠭ᠎ᠠ ᠶᠢᠨ ᠠᠮᠤᠷ ᠲᠦᠪᠰᠢᠨ ᠤ ᠱᠠᠭᠠᠷᠳᠠᠯᠭ᠎ᠠ︔

      ︵ᠬᠤᠶᠠᠷ︶ ᠭᠠᠯ ᠤᠨᠲᠠᠷᠠᠭᠠᠬᠤ ᠲᠡᠷᠭᠡᠨ ᠵᠠᠮ ᠰᠠᠭᠠᠳ ᠦᠭᠡᠢ ᠨᠡᠪᠲᠡᠷᠡᠬᠦ᠂ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠪᠠᠭᠠᠵᠢ ᠬᠡᠷᠡᠭᠰᠡᠯ ᠤᠨ ᠪᠦᠷᠢᠨ ᠪᠦᠲᠦᠨ ᠬᠦᠴᠦᠨ ᠲᠠᠢ ᠪᠠᠶᠢᠬᠤ ᠶᠢ ᠪᠠᠲᠤᠯᠠᠬᠤ ᠶᠢᠨ ᠠᠷᠭ᠎ᠠ ᠬᠡᠮᠵᠢᠶ᠎ᠡ︔

      ︵ᠭᠤᠷᠪᠠ︶ ᠨᠠᠰᠤᠨ ᠳᠤ ᠦᠯᠦ ᠬᠦᠷᠦᠭᠰᠡᠳ᠂ ᠮᠡᠳᠡᠷᠡᠯ ᠤᠨ ᠰᠠᠭᠠᠲᠠᠯ ᠲᠠᠢ ᠡᠪᠡᠳᠴᠢᠲᠡᠳ ᠵᠡᠷᠭᠡ ᠢᠷᠭᠡᠨ ᠤ ᠬᠡᠷᠡᠭ ᠤᠨ ᠠᠵᠢᠯᠯᠠᠭᠠᠨ ᠤ ᠪᠦᠷᠢᠨ ᠪᠤᠰᠤ ᠴᠢᠳᠠᠪᠤᠷᠢᠲᠤ ᠬᠥᠮᠥᠨ ᠪᠠ ᠥᠲᠡᠭᠦᠰ ᠲᠣᠷᠣᠶᠢᠴᠤᠳ ᠵᠡᠮᠳᠡᠭᠴᠦᠳ ᠵᠡᠷᠭᠡ ᠪᠠᠭᠤᠷᠠᠶᠢᠴᠤᠳ ᠤᠨ ᠠᠮᠤᠷ ᠲᠦᠪᠰᠢᠨ ᠤ ᠲᠠᠯ᠎ᠠ ᠪᠠᠷ ᠬᠢᠨᠠᠨ ᠬᠠᠮᠠᠭᠠᠯᠠᠬᠤ ᠪᠠ ᠬᠠᠪᠰᠤᠷᠤᠨ ᠳᠡᠮᠵᠢᠬᠦ ᠠᠷᠭ᠎ᠠ ᠬᠡᠮᠵᠢᠶ᠎ᠡ︔

      ︵ᠳᠥᠷᠪᠡ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠢ ᠪᠠᠲᠤᠯᠠᠬᠤ ᠪᠤᠰᠤᠳ ᠠᠭᠤᠯᠭ᠎ᠠ᠃

      ᠠᠷᠪᠠᠨ ᠭᠤᠷᠪᠠᠳᠤᠭᠠᠷ ᠵᠦᠢᠯ  ᠲᠠᠷᠢᠶᠠᠯᠠᠬᠤ ᠮᠠᠯᠵᠢᠬᠤ ᠣᠷᠣᠨ ᠤ ᠲᠤᠰᠬᠠᠢ ᠲᠤᠰᠢᠶᠠᠯᠲᠤ ᠭᠠᠯ ᠰᠡᠷᠭᠡᠶᠢᠯᠡᠵᠦ ᠤᠨᠲᠠᠷᠠᠭᠠᠬᠤ ᠠᠩᠭᠢ᠂ ᠰᠠᠶᠢᠨ ᠳᠤᠷ᠎ᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠩᠭᠢ ︵ᠪᠢᠴᠢᠯ ᠬᠡᠯᠪᠡᠷᠢ ᠶᠢᠨ ᠭᠠᠯ ᠰᠡᠷᠭᠡᠶᠢᠯᠡᠵᠦ ᠤᠨᠲᠠᠷᠠᠭᠠᠬᠤ ᠥᠷᠳᠡᠭᠡ︶ ᠨᠢ ᠳᠣᠣᠷᠠᠬᠢ ᠠᠵᠢᠯ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠄

      ︵ᠨᠢᠭᠡ︶ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠲᠣᠭᠲᠠᠭᠠᠬᠤ ᠶᠢᠨ ᠬᠠᠮᠲᠤ ᠲᠣᠭᠲᠠᠭᠰᠠᠨ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ ᠰᠣᠷᠢᠯᠲᠠ ᠬᠢᠨ᠎ᠡ︔

      ︵ᠬᠤᠶᠠᠷ︶ ᠵᠢᠵᠢᠭᠦᠷᠯᠡᠨ ᠠᠵᠢᠯᠯᠠᠵᠤ ᠳᠠᠶᠢᠨ ᠳᠤ ᠪᠡᠯᠡᠳᠬᠡᠬᠦ ᠳᠦᠷᠢᠮ ᠢ ᠪᠠᠶᠢᠭᠤᠯᠵᠤ᠂ ᠭᠠᠯ ᠰᠡᠷᠭᠡᠶᠢᠯᠡᠵᠦ ᠤᠨᠲᠠᠷᠠᠭᠠᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠥᠷᠨᠢᠭᠦᠯᠦᠨ᠎ᠡ︔

      ︵ᠭᠤᠷᠪᠠ︶ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠴᠠᠭᠳᠠᠨ ᠪᠠᠶᠢᠴᠠᠭᠠᠯᠲᠠ ᠪᠠ ᠭᠠᠯ ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠬᠥᠮᠦᠵᠢᠯ ᠥᠷᠨᠢᠭᠦᠯᠦᠨ᠎ᠡ︔

      ︵ᠳᠥᠷᠪᠡ︶ ᠭᠠᠯ ᠲᠦᠢᠮᠡᠷ ᠢ ᠤᠨᠲᠠᠷᠠᠭᠠᠬᠤ ᠠᠪᠤᠷᠠᠯᠳᠠ ᠬᠢᠬᠦ ᠪᠠ ᠪᠤᠰᠤᠳ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠢ ᠬᠡᠷᠡᠭᠵᠢᠭᠦᠯᠦᠨ᠎ᠡ᠃

      ᠠᠷᠪᠠᠨ ᠳᠥᠷᠪᠡᠳᠦᠭᠡᠷ ᠵᠦᠢᠯ  ᠲᠠᠷᠢᠶᠠᠴᠢᠨ ᠮᠠᠯᠴᠢᠨ ᠨᠢ ᠳᠣᠣᠷᠠᠬᠢ ᠭᠠᠯ ᠰᠡᠷᠭᠡᠶᠢᠯᠡᠵᠦ ᠤᠨᠲᠠᠷᠠᠭᠠᠬᠤ ᠠᠯᠪᠠ ᠶᠢ ᠭᠦᠢᠴᠡᠳᠬᠡᠬᠦ ᠬᠡᠷᠡᠭᠲᠡᠢ᠄

      ︵ᠨᠢᠭᠡ︶ ᠭᠠᠯ ᠰᠡᠷᠭᠡᠶᠢᠯᠡᠬᠦ ᠨᠡᠶᠢᠲᠡ ᠶᠢᠨ ᠭᠡᠷ᠎ᠡ ᠶᠢ ᠵᠢᠷᠤᠮᠯᠠᠬᠤ ᠬᠡᠷᠡᠭᠲᠡᠢ︔

      ︵ᠬᠤᠶᠠᠷ︶ ᠨᠡᠶᠢᠲᠡ ᠶᠢᠨ ᠭᠠᠯ ᠤᠨᠲᠠᠷᠠᠭᠠᠬᠤ ᠪᠡᠯᠡᠳᠬᠡᠮᠵᠢ ᠪᠠᠭᠠᠵᠢ ᠬᠡᠷᠡᠭᠰᠡᠯ ᠢ ᠬᠠᠶᠢᠷᠠᠯᠠᠨ ᠬᠠᠮᠠᠭᠠᠯᠠᠬᠤ ᠬᠡᠷᠡᠭᠲᠡᠢ︔

      ︵ᠭᠤᠷᠪᠠ︶ ᠭᠠᠯ  ᠰᠡᠷᠭᠡᠶᠢᠯᠡᠯᠲᠡ ᠶᠢᠨ ᠲᠤᠰᠠᠭᠠᠷᠯᠠᠬᠤ ᠪᠦᠰᠡ ᠶᠢ ᠡᠵᠡᠯᠡᠨ ᠬᠡᠷᠡᠭᠯᠡᠬᠦ ᠦᠭᠡᠢ᠂ ᠭᠠᠯ ᠤᠨᠲᠠᠷᠠᠭᠠᠬᠤ ᠲᠡᠷᠭᠡ ᠶᠢᠨ ᠨᠡᠪᠲᠡᠷᠡᠬᠦ ᠵᠠᠮ ᠢ ᠡᠵᠡᠯᠡᠨ ᠬᠡᠷᠡᠭᠯᠡᠬᠦ ᠪᠠ ᠬᠠᠰᠢᠵᠤ ᠪᠥᠭᠯᠡᠬᠦ ᠦᠭᠡᠢ︔

      ︵ᠳᠥᠷᠪᠡ︶ ᠳᠡᠭᠦᠵᠢᠯᠡᠭᠦᠷ ᠴᠠᠬᠢᠯᠭᠠᠨ ᠬᠦᠷᠭᠡᠬᠦ ᠤᠲᠠᠰᠤᠨ ᠤ ᠳᠣᠣᠷ᠎ᠠ ᠡᠪᠡᠰᠦ ᠲᠦᠯᠡᠭᠡ ᠵᠡᠷᠭᠡ ᠨᠣᠴᠣᠮᠠᠲᠠᠭᠠᠢ ᠰᠢᠲᠠᠮᠠᠬᠠᠢ ᠪᠣᠳᠠᠰ ᠢ ᠣᠪᠣᠭᠠᠯᠠᠨ ᠲᠠᠯᠪᠢᠬᠤ ᠦᠭᠡᠢ︔

      ︵ᠲᠠᠪᠤ︶ ᠬᠢᠷᠢ ᠲᠡᠩᠴᠡᠭᠰᠡᠨ ᠲᠡᠮᠳᠡᠭ ᠦᠭᠡᠢ ᠴᠠᠬᠢᠯᠭᠠᠨ ᠬᠡᠷᠡᠭᠰᠡᠯ ᠤᠨ ᠦᠢᠯᠡᠳᠬᠦᠨ ᠢ ᠤᠭᠰᠠᠷᠠᠬᠤ ᠪᠠ ᠬᠡᠷᠡᠭᠯᠡᠬᠦ ᠦᠭᠡᠢ᠂ ᠴᠠᠬᠢᠯᠭᠠᠨ ᠬᠡᠷᠡᠭᠰᠡᠯ ᠢ ᠠᠮᠤᠷ ᠲᠦᠪᠰᠢᠨ ᠢᠶᠠᠷ ᠬᠡᠷᠡᠭᠯᠡᠬᠦ ᠲᠣᠭᠲᠠᠭᠠᠯ ᠢ ᠵᠢᠷᠤᠮᠯᠠᠵᠤ᠂ ᠳᠠᠭᠠᠭᠠᠴᠠ ᠠᠴᠠ ᠬᠡᠲᠦᠷᠡᠲᠡᠯ᠎ᠡ ᠴᠠᠬᠢᠯᠭᠠᠨ ᠬᠡᠷᠡᠭᠯᠡᠬᠦ ᠦᠭᠡᠢ᠂ ᠳᠤᠷ᠎ᠠ ᠪᠠᠷ ᠴᠠᠬᠢᠯᠭᠠᠨ ᠤᠲᠠᠰᠤ ᠵᠠᠯᠭᠠᠨ ᠲᠠᠲᠠᠬᠤ ᠦᠭᠡᠢ︔

      ︵ᠵᠢᠷᠭᠤᠭ᠎ᠠ︶ ᠲᠣᠭᠲᠠᠭᠰᠠᠨ ᠬᠤᠭᠤᠴᠠᠭ᠎ᠠ ᠲᠠᠢ ᠪᠠᠷ ᠬᠠᠨᠵᠤ᠂ ᠬᠤᠯᠠᠩ ᠢᠶᠠᠨ ᠴᠡᠪᠡᠷᠯᠡᠵᠦ᠂ ᠭᠠᠯ ᠲᠦᠢᠮᠡᠷ ᠡᠭᠦᠰᠬᠦ ᠠᠶᠤᠯ ᠲᠦᠭᠰᠢᠭᠦᠷᠢ ᠲᠠᠢ ᠲᠠᠯᠠᠪᠤᠷ ᠭᠠᠵᠠᠷ ᠲᠤ ᠭᠠᠯ ᠬᠡᠷᠡᠭᠯᠡᠬᠦ ᠦᠭᠡᠢ︔

      ︵ᠳᠣᠯᠤᠭ᠎ᠠ︶ ᠭᠡᠷ ᠪᠦᠯᠢ ᠶᠢᠨ ᠭᠠᠯ ᠤᠨᠲᠠᠷᠠᠭᠠᠵᠤ ᠠᠪᠤᠷᠠᠯᠳᠠ ᠬᠢᠬᠦ ᠪᠠ ᠠᠮᠢ ᠵᠢᠭᠤᠲᠠᠵᠤ ᠥᠪᠡᠷ ᠢ ᠪᠠᠨ ᠠᠪᠤᠷᠠᠬᠤ ᠵᠡᠷᠭᠡ ᠭᠠᠯ ᠰᠡᠷᠭᠡᠶᠢᠯᠡᠵᠦ ᠤᠨᠲᠠᠷᠠᠭᠠᠬᠤ ᠤᠷ᠎ᠠ ᠮᠡᠷᠭᠡᠰᠢᠯ ᠢ ᠰᠣᠷᠣᠯᠴᠠᠬᠤ ᠪᠠ ᠡᠵᠡᠮᠰᠢᠵᠦ᠂ ᠥᠲᠡᠭᠦᠰ᠂ ᠪᠠᠭᠠᠴᠤᠳ᠂ ᠮᠡᠳᠡᠷᠡᠯ ᠤᠨ ᠰᠠᠭᠠᠲᠠᠯ ᠲᠠᠢ ᠡᠪᠡᠳᠴᠢᠲᠡᠳ᠂ ᠣᠶᠣᠨ ᠴᠢᠳᠠᠪᠤᠷᠢ ᠶᠢᠨ ᠰᠠᠭᠠᠲᠠᠯ ᠲᠠᠢ ᠬᠥᠮᠥᠰ ᠵᠡᠷᠭᠡ ᠬᠠᠷᠠᠭᠠᠯᠵᠠᠨ ᠬᠠᠮᠠᠭᠠᠯᠠᠭᠳᠠᠭᠴᠢ ᠶᠢᠨ ᠠᠮᠤᠷ ᠲᠦᠪᠰᠢᠨ ᠤ ᠬᠥᠮᠦᠵᠢᠯ ᠪᠠ ᠬᠠᠷᠠᠵᠤ ᠬᠠᠷᠠᠭᠠᠯᠵᠠᠬᠤ ᠠᠵᠢᠯ ᠢ ᠰᠠᠶᠢᠲᠤᠷ ᠬᠢᠬᠦ ᠬᠡᠷᠡᠭᠲᠡᠢ︔

      ︵ᠨᠠᠢᠮᠠ︶ ᠭᠡᠷ ᠪᠠᠶᠢᠰᠢᠩ ᠲᠦᠷᠢᠶᠡᠰᠦᠯᠡᠬᠦ ᠪᠤᠶᠤ ᠡᠵᠡᠩᠨᠡᠯᠲᠡ ᠶᠢᠨ ᠲᠠᠯᠠᠪᠤᠷ ᠭᠠᠵᠠᠷ ᠳᠠᠭᠠᠭᠠᠴᠢᠯᠠᠨ ᠡᠵᠡᠩᠨᠡᠬᠦ ᠳᠤ᠂ ᠡᠯ᠎ᠡ ᠲᠠᠯ᠎ᠠ ᠶᠢᠨ ᠬᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠬᠤ ᠬᠡᠷᠡᠭᠲᠡᠢ᠃

      ᠭᠤᠷᠪᠠᠳᠤᠭᠠᠷ ᠪᠦᠯᠦᠭ  ᠨᠡᠶᠢᠲᠡ ᠶᠢᠨ ᠭᠠᠯ ᠤᠨᠲᠠᠷᠠᠭᠠᠬᠤ ᠪᠡᠯᠡᠳᠬᠡᠮᠵᠢ

      ᠠᠷᠪᠠᠨ ᠲᠠᠪᠤᠳᠤᠭᠠᠷ ᠵᠦᠢᠯ  ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠩᠭᠢ ᠥᠷᠳᠡᠭᠡ᠂ ᠭᠠᠯ ᠤᠨᠲᠠᠷᠠᠭᠠᠬᠤ ᠤᠰᠤᠨ ᠤ ᠬᠠᠩᠭᠠᠯᠭ᠎ᠠ᠂ ᠭᠠᠯ ᠤᠨᠲᠠᠷᠠᠭᠠᠬᠤ ᠲᠡᠷᠭᠡ ᠶᠢᠨ ᠨᠡᠪᠲᠡᠷᠡᠬᠦ ᠵᠠᠮ᠂ ᠭᠠᠯ ᠤᠨᠲᠠᠷᠠᠭᠠᠬᠤ ᠲᠣᠨᠤᠭ ᠲᠥᠬᠦᠭᠡᠷᠦᠮᠵᠢ ᠵᠡᠷᠭᠡ ᠨᠡᠶᠢᠲᠡ ᠶᠢᠨ ᠭᠠᠯ ᠤᠨᠲᠠᠷᠠᠭᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠯᠠᠬᠤ ᠮᠠᠯᠵᠢᠬᠤ ᠣᠷᠣᠨ ᠤ ᠨᠡᠶᠢᠲᠡ ᠶᠢᠨ ᠭᠠᠯ ᠤᠨᠲᠠᠷᠠᠭᠠᠬᠤ ᠪᠡᠯᠡᠳᠬᠡᠮᠵᠢ ᠶᠢᠨ ᠬᠠᠮᠠᠭᠠᠯᠠᠨ ᠬᠠᠮᠢᠶᠠᠷᠬᠤ ᠬᠠᠷᠢᠭᠤᠴᠠᠯᠭ᠎ᠠ ᠶᠢ ᠲᠣᠳᠣᠷᠬᠠᠢ ᠪᠣᠯᠭᠠᠬᠤ ᠬᠡᠷᠡᠭᠲᠡᠢ᠃

      ᠠᠷᠪᠠᠨ ᠵᠢᠷᠭᠤᠳᠤᠭᠠᠷ ᠵᠦᠢᠯ  ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠭᠠᠯ ᠰᠡᠷᠭᠡᠶᠢᠯᠡᠵᠦ ᠤᠨᠲᠠᠷᠠᠭᠠᠬᠤ ᠲᠤᠰᠬᠠᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠵᠣᠬᠢᠶᠠᠨ ᠪᠠᠶᠢᠭᠤᠯᠬᠤ ᠶᠢᠨ ᠬᠠᠮᠲᠤ᠂ ᠰᠤᠮᠤ ᠰᠢᠶᠠᠩ ᠪᠠᠯᠭᠠᠰᠤ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ᠂ ᠭᠠᠴᠠᠭ᠎ᠠ ᠲᠣᠰᠬᠤᠨ ᠤ ᠲᠥᠯᠦᠪᠵᠢᠭᠦᠯᠭᠡ ᠶᠢᠨ ᠵᠣᠯᠭᠠᠭᠤᠯᠤᠯᠲᠠ ᠶᠢ ᠴᠢᠩᠭᠠᠳᠬᠠᠨ᠎ᠠ᠃

      ᠠᠷᠪᠠᠨ ᠳᠣᠯᠣᠳᠤᠭᠠᠷ ᠵᠦᠢᠯ  ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠨᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠴᠠᠬᠢᠯᠭᠠᠨ ᠬᠠᠩᠭᠠᠬᠤ᠂ ᠤᠰᠤ ᠬᠠᠩᠭᠠᠬᠤ᠂ ᠵᠠᠮ ᠱᠤᠭᠤᠮ᠂ ᠴᠢᠮᠡᠭᠡ ᠬᠤᠯᠪᠣᠭ᠎ᠠ ᠵᠡᠷᠭᠡ ᠨᠡᠶᠢᠲᠡ ᠶᠢᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠬᠢᠬᠦ ᠳᠤ᠂ ᠵᠡᠷᠭᠡ ᠳᠤ ᠨᠢ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠬᠢᠬᠦ ᠬᠡᠷᠡᠭᠲᠡᠢ᠃

      ᠠᠷᠪᠠᠨ ᠨᠠᠢᠮᠠᠳᠤᠭᠠᠷ ᠵᠦᠢᠯ  ᠲᠠᠷᠢᠶᠠᠯᠠᠬᠤ ᠮᠠᠯᠵᠢᠬᠤ ᠣᠷᠣᠨ ᠤ ᠨᠡᠭᠦᠳᠡᠯᠴᠢᠳ ᠢ ᠲᠥᠪᠬᠢᠨᠡᠭᠦᠯᠬᠦ᠂ ᠨᠤᠷᠠᠬᠤ ᠠᠶᠤᠯᠲᠠᠢ ᠭᠡᠷ ᠪᠠᠶᠢᠰᠢᠩ ᠢ ᠲᠥᠪᠯᠡᠷᠡᠭᠦᠯᠦᠨ ᠳᠠᠬᠢᠨ ᠪᠠᠶᠢᠭᠤᠯᠵᠤ ᠥᠭᠡᠷᠡᠴᠢᠯᠡᠨ ᠵᠠᠰᠠᠬᠤ ᠵᠡᠷᠭᠡ ᠪᠠᠶᠢᠭᠤᠯᠤᠯᠲᠠ ᠬᠢᠬᠦ ᠳᠤ ᠪᠠᠨ᠂ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢ ᠲᠥᠯᠥᠪᠵᠢᠭᠦᠯᠬᠦ᠂ ᠵᠢᠷᠤᠭᠯᠠᠨ ᠲᠥᠯᠥᠪᠯᠡᠬᠦ ᠪᠠ ᠪᠦᠲᠦᠭᠡᠨ ᠪᠠᠶᠢᠭᠤᠯᠬᠤ ᠶᠢ ᠵᠡᠷᠭᠡ ᠳᠤ ᠨᠢ ᠪᠡᠶᠡᠯᠡᠭᠦᠯᠬᠦ ᠬᠡᠷᠡᠭᠲᠡᠢ᠃

      ᠠᠷᠪᠠ ᠶᠢᠰᠦᠳᠦᠭᠡᠷ ᠵᠦᠢᠯ  ᠤᠰᠤ ᠬᠠᠩᠭᠠᠬᠤ ᠬᠤᠭᠤᠯᠠᠢ ᠭᠤᠤᠷᠰᠤᠨ ᠲᠣᠣᠷ ᠢ ᠪᠦᠷᠢᠳᠦᠭᠦᠯᠬᠦ ᠨᠥᠬᠦᠴᠡᠯ ᠲᠠᠢ ᠭᠠᠴᠠᠭ᠎ᠠ ᠲᠣᠰᠬᠤᠨ ᠨᠢ ᠥᠷᠥᠭᠡᠨ ᠭᠠᠳᠠᠨᠠᠬᠢ ᠭᠠᠯ ᠤᠨᠲᠠᠷᠠᠭᠠᠬᠤ ᠤᠰᠤᠨ ᠤ ᠬᠠᠩᠭᠠᠯᠲᠠ ᠶᠢᠨ ᠰᠢᠰᠲ᠋ᠧᠮ ᠲᠣᠬᠢᠷᠠᠭᠤᠯᠬᠤ ᠬᠡᠷᠡᠭᠲᠡᠢ᠃ ᠤᠰᠤ ᠬᠠᠩᠭᠠᠬᠤ ᠬᠤᠭᠤᠯᠠᠢ ᠭᠤᠤᠷᠰᠤᠨ ᠲᠣᠣᠷ ᠪᠦᠷᠢᠯᠳᠦᠭᠦᠯᠬᠦ ᠨᠥᠬᠦᠴᠡᠯ ᠦᠭᠡᠢ ᠪᠣᠯ᠂ ᠭᠠᠯ ᠤᠨᠲᠠᠷᠠᠭᠠᠬᠤ ᠤᠰᠤᠨ ᠲᠠᠲᠠᠭᠠᠯ ᠵᠠᠰᠠᠨ ᠪᠠᠶᠢᠭᠤᠯᠬᠤ ᠪᠤᠶᠤ ᠪᠠᠶᠢᠭᠠᠯᠢ ᠶᠢᠨ ᠤᠰᠤᠨ ᠰᠤᠷᠪᠤᠯᠵᠢ ᠶᠢ ᠠᠰᠢᠭᠯᠠᠵᠤ ᠭᠠᠯ  ᠤᠨᠲᠠᠷᠠᠭᠠᠬᠤ ᠤᠰᠤᠨ ᠤ ᠬᠡᠷᠡᠭᠴᠡᠭᠡ ᠶᠢ ᠬᠠᠩᠭᠠᠬᠤ ᠬᠡᠷᠡᠭᠲᠡᠢ᠃ ᠭᠠᠯ ᠤᠨᠲᠠᠷᠠᠭᠠᠬᠤ ᠤᠰᠤᠨ ᠲᠠᠲᠠᠭᠠᠯ ᠤᠨ ᠪᠠᠭᠲᠠᠭᠠᠮᠵᠢ ᠶᠢ 100 ᠺᠦᠪ ᠮᠧᠲᠷ ᠠᠴᠠ ᠪᠠᠭ᠎ᠠ ᠪᠠᠶᠢᠯᠭᠠᠪᠠᠯ ᠵᠣᠬᠢᠬᠤ ᠦᠭᠡᠢ᠃ ᠥᠷᠥᠭᠡᠨ ᠭᠠᠳᠠᠨᠠᠬᠢ ᠭᠠᠯ ᠤᠨᠲᠠᠷᠠᠭᠠᠬᠤ ᠤᠰᠤ ᠬᠠᠩᠭᠠᠬᠤ ᠰᠢᠰᠲ᠋ᠧᠮ᠂ ᠭᠠᠯ ᠤᠨᠲᠠᠷᠠᠭᠠᠬᠤ ᠤᠰᠤᠨ ᠲᠠᠲᠠᠭᠠᠯ ᠪᠠ ᠪᠠᠶᠢᠭᠠᠯᠢ ᠶᠢᠨ ᠤᠰᠤᠨ ᠤ ᠰᠤᠷᠪᠤᠯᠵᠢ ᠶᠢᠨ ᠤᠰᠤ ᠠᠪᠬᠤ ᠠᠮᠠᠰᠠᠷ ᠤᠨ ᠲᠣᠬᠢᠷᠠᠭᠤᠯᠤᠯᠲᠠ ᠨᠢ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶᠠᠨ ᠤ ᠱᠠᠭᠠᠷᠳᠠᠯᠭ᠎ᠠ ᠳᠤ ᠨᠡᠶᠢᠴᠡᠬᠦ ᠬᠡᠷᠡᠭᠲᠡᠢ᠃

      ᠬᠤᠷᠢᠳᠤᠭᠠᠷ ᠵᠦᠢᠯ  ᠭᠠᠯ ᠤᠨᠲᠠᠷᠠᠭᠠᠬᠤ ᠲᠡᠷᠭᠡ ᠶᠢᠨ ᠨᠡᠪᠲᠡᠷᠡᠬᠦ ᠵᠠᠮ ᠤᠨ ᠥᠷᠭᠡᠨ ᠢ 4 ᠮᠧᠲᠷ ᠠᠴᠠ ᠪᠠᠭ᠎ᠠ ᠪᠠᠶᠢᠯᠭᠠᠵᠤ ᠪᠣᠯᠬᠤ ᠦᠭᠡᠢ ᠮᠥᠷᠲᠡᠭᠡᠨ ᠡᠵᠡᠯᠡᠨ ᠬᠡᠷᠡᠭᠯᠡᠬᠦ᠂ ᠬᠠᠰᠢᠵᠤ ᠪᠥᠭᠯᠡᠬᠦ᠂ ᠬᠤᠷᠢᠭᠯᠠᠨ ᠲᠠᠰᠤᠯᠵᠤ ᠪᠣᠯᠬᠤ ᠦᠭᠡᠢ᠃ ᠬᠤᠭᠤᠯᠠᠢ ᠶᠢᠨ ᠴᠠᠬᠤ ᠵᠡᠷᠭᠡ ᠬᠠᠷᠰᠢ ᠰᠠᠭᠠᠳ ᠪᠣᠯᠬᠤ ᠪᠣᠳᠠᠰ ᠤᠳ ᠢ ᠵᠠᠪᠠᠯ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠪᠠ ᠭᠠᠯ ᠤᠨᠲᠠᠷᠠᠭᠠᠬᠤ ᠲᠡᠷᠭᠡ ᠶᠢᠨ ᠨᠡᠪᠲᠡᠷᠡᠬᠦ ᠵᠠᠮ ᠤᠨ ᠳᠡᠭᠡᠭᠦᠷ ᠥᠩᠭᠡᠷᠡᠭᠦᠯᠬᠦ ᠳᠤ ᠲᠡᠭᠦᠨ ᠤ ᠴᠡᠪᠡᠷ ᠥᠨᠳᠥᠷ ᠢ 4 ᠮᠧᠲᠷ ᠠᠴᠠ ᠪᠠᠭ᠎ᠠ ᠪᠠᠶᠢᠯᠭᠠᠵᠤ ᠪᠣᠯᠬᠤ ᠦᠭᠡᠢ᠃

      ᠳᠥᠷᠪᠡᠳᠦᠭᠡᠷ ᠪᠦᠯᠦᠭ  ᠭᠠᠯ ᠤᠨᠲᠠᠷᠠᠭᠠᠵᠤ ᠠᠪᠤᠷᠠᠨ ᠲᠤᠰᠠᠯᠠᠬᠤ ᠵᠣᠬᠢᠶᠠᠨ ᠪᠠᠶᠢᠭᠤᠯᠤᠯᠲᠠ

      ᠬᠤᠷᠢᠨ ᠨᠢᠭᠡᠳᠦᠭᠡᠷ ᠵᠦᠢᠯ  ᠳᠣᠣᠷᠠᠬᠢ ᠨᠥᠬᠦᠴᠡᠯ ᠳᠤ ᠨᠡᠶᠢᠴᠡᠭᠰᠡᠨ ᠰᠤᠮᠤ ᠰᠢᠶᠠᠩ ᠪᠠᠯᠭᠠᠰᠤ ᠨᠢ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠤ ᠲᠤᠰᠬᠠᠢ ᠲᠤᠰᠢᠶᠠᠯᠲᠤ ᠭᠠᠯ ᠰᠡᠷᠭᠡᠶᠢᠯᠡᠵᠦ ᠤᠨᠲᠠᠷᠠᠭᠠᠬᠤ ᠠᠩᠭᠢ ᠪᠠᠶᠢᠭᠤᠯᠬᠤ ᠶᠢᠨ ᠬᠠᠮᠲᠤ ᠠᠵᠢᠯᠲᠠᠨ᠂ ᠲᠡᠷᠭᠡ᠂ ᠪᠠᠭᠠᠵᠢ ᠬᠡᠷᠡᠭᠰᠡᠯ ᠪᠠ ᠲᠣᠨᠤᠭ ᠲᠥᠬᠦᠭᠡᠷᠦᠮᠵᠢ ᠲᠣᠬᠢᠷᠠᠭᠤᠯᠬᠤ ᠬᠡᠷᠡᠭᠲᠡᠢ᠄

      ︵ᠨᠢᠭᠡ︶ ᠬᠤᠲᠠ ᠶᠢᠨ ᠪᠠᠶᠢᠭᠤᠯᠤᠭᠰᠠᠨ ᠲᠣᠭᠤᠷᠢᠭ ᠤᠨ ᠲᠠᠯᠠᠪᠠᠢ ᠨᠢ 2 ᠲᠡᠭᠰᠢ ᠳᠥᠷᠪᠡᠯᠵᠢᠨ ᠺᠢᠯᠣᠮᠧᠲᠷ ᠠᠴᠠ ᠬᠡᠲᠦᠷᠡᠭᠰᠡᠨ ᠪᠤᠶᠤ ᠬᠤᠲᠠ ᠶᠢᠨ ᠪᠠᠶᠢᠭᠤᠯᠤᠭᠰᠠᠨ ᠲᠣᠭᠤᠷᠢᠭ ᠤᠨ ᠰᠠᠭᠤᠭ᠎ᠠ ᠬᠥᠮᠥᠨ ᠠᠮᠠ ᠨᠢ 1 ᠲᠦᠮᠡ ᠠᠴᠠ ᠳᠡᠭᠡᠭᠰᠢ ᠬᠡᠲᠦᠷᠡᠭᠰᠡᠨ ᠰᠤᠮᠤ ᠰᠢᠶᠠᠩ ᠪᠠᠯᠭᠠᠰᠤ︔

      ︵  ᠬᠤᠶᠠᠷ︶ ᠨᠣᠴᠣᠮᠠᠲᠠᠭᠠᠢ ᠳᠡᠯᠪᠡᠷᠡᠮᠡᠲᠡᠭᠡᠢ ᠠᠶᠤᠯᠲᠠᠢ ᠡᠳ᠋ ᠪᠣᠳᠠᠰ ᠤᠨ ᠦᠢᠯᠡᠳᠪᠦᠷᠢᠯᠡᠯ᠂ ᠡᠵᠡᠩᠨᠡᠯᠲᠡ ᠶᠢᠨ ᠨᠢᠭᠡᠴᠢ ᠪᠠ ᠬᠥᠳᠡᠯᠮᠦᠷᠢ ᠨᠢᠭᠲᠠ ᠡᠷᠴᠢᠮᠵᠢᠭᠰᠡᠨ ᠠᠵᠤ ᠠᠬᠤᠶᠢᠯᠠᠯ ᠲᠥᠪᠯᠡᠷᠡᠭᠰᠡᠨ ᠰᠤᠮᠤ ᠰᠢᠶᠠᠩ ᠪᠠᠯᠭᠠᠰᠤ︔

      ︵ᠭᠤᠷᠪᠠ︶ ᠪᠥᠬᠦ ᠤᠯᠤᠰ ᠤᠨ ᠭᠤᠣᠯᠳᠠᠯᠭᠠᠲᠤ ᠪᠠᠯᠭᠠᠰᠤ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭᠠᠲᠤ ᠪᠠᠯᠭᠠᠰᠤ᠂ ᠲᠥᠪ ᠪᠠᠯᠭᠠᠰᠤ᠂ ᠲᠡᠦᠬᠡ ᠰᠣᠶᠣᠯ ᠤᠨ ᠨᠡᠷᠡᠲᠦ ᠪᠠᠯᠭᠠᠰᠤ︔

      ︵ᠳᠥᠷᠪᠡ︶ ᠪᠤᠰᠤᠳ ᠠᠵᠤ ᠠᠬᠤᠢ ᠨᠡᠯᠢᠶᠡᠳ ᠬᠥᠭᠵᠢᠭᠰᠡᠨ᠂ ᠬᠥᠮᠥᠨ ᠠᠮᠠ ᠨᠡᠯᠢᠶᠡᠳ ᠲᠥᠪᠯᠡᠷᠡᠭᠰᠡᠨ ᠪᠤᠶᠤ ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠤᠨᠲᠠᠷᠠᠭᠠᠵᠤ ᠠᠪᠤᠷᠠᠨ ᠲᠤᠰᠠᠯᠠᠬᠤ ᠥᠷᠳᠡᠭᠡ ᠠᠴᠠ ᠨᠡᠯᠢᠶᠡᠳ ᠬᠤᠯᠠ ︵100 ᠺᠢᠯᠣᠮᠧᠲᠷ ᠠᠴᠠ ᠳᠡᠭᠡᠭᠰᠢ︶ ᠪᠠᠶᠢᠭ᠎ᠠ ᠰᠤᠮᠤ ᠰᠢᠶᠠᠩ ᠪᠠᠯᠭᠠᠰᠤ᠃

      ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠤ ᠲᠤᠰᠬᠠᠢ ᠲᠤᠰᠢᠶᠠᠯᠲᠤ ᠭᠠᠯ ᠰᠡᠷᠭᠡᠶᠢᠯᠡᠵᠦ ᠤᠨᠲᠠᠷᠠᠭᠠᠬᠤ ᠠᠩᠭᠢ ᠶᠢᠨ ᠪᠣᠳᠠᠲᠠᠢ ᠪᠠᠶᠢᠭᠤᠯᠤᠯᠲᠠ ᠶᠢᠨ ᠪᠠᠷᠢᠮᠵᠢᠶ᠎ᠠ ᠨᠢ ︽ᠵᠠᠰᠠᠭ ᠤᠨ ᠣᠷᠳᠣᠨ ᠤ ᠲᠤᠰᠬᠠᠢ ᠲᠤᠰᠢᠶᠠᠯᠲᠤ ᠭᠠᠯ ᠰᠡᠷᠭᠡᠶᠢᠯᠡᠵᠦ ᠤᠨᠲᠠᠷᠠᠭᠠᠬᠤ ᠠᠩᠭᠢ ᠶᠢᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠵᠢᠷᠤᠮᠵᠢᠯ︾ ︵DB15/T 1897-2020 ) ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃

      ᠬᠤᠷᠢᠨ ᠬᠤᠶᠠᠳᠤᠭᠠᠷ ᠵᠦᠢᠯ  ᠲᠣᠰ ᠲᠣᠭᠲᠠᠭᠠᠯ ᠤᠨ ᠬᠤᠷᠢᠨ ᠨᠢᠭᠡᠳᠦᠭᠡᠷ ᠵᠦᠢᠯ ᠤᠨ ᠲᠣᠭᠲᠠᠭᠠᠯ ᠳᠠᠬᠢ ᠠᠴᠠ ᠪᠤᠰᠤᠳ ᠰᠤᠮᠤ ᠰᠢᠶᠠᠩ ᠪᠠᠯᠭᠠᠰᠤ ᠨᠢ ᠲᠤᠬᠠᠢ ᠶᠢᠨ ᠭᠠᠵᠠᠷ ᠤᠨ ᠠᠵᠤ ᠠᠬᠤᠢ ᠶᠢᠨ ᠬᠥᠭᠵᠢᠯᠲᠡ ᠪᠠ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠬᠡᠷᠡᠭᠴᠡᠭᠡ ᠪᠠᠨ ᠦᠨᠳᠦᠰᠦᠯᠡᠵᠦ᠂ ᠠᠵᠢᠯᠲᠠᠨ ᠲᠠᠢ᠂ ᠲᠡᠷᠭᠡ ᠲᠠᠢ᠂ ᠥᠷᠲᠡᠭᠡᠨ ᠤ ᠭᠡᠷ ᠲᠠᠢ᠂ ᠵᠠᠷᠤᠳᠠᠯ ᠲᠠᠢ ᠪᠠᠶᠢᠬᠤ ᠲᠤᠰᠬᠠᠢ ︵ᠬᠠᠪᠰᠤᠷᠭᠠᠬᠤ︶ ᠲᠤᠰᠢᠶᠠᠯᠲᠤ ᠭᠠᠯ ᠰᠡᠷᠭᠡᠶᠢᠯᠡᠵᠦ ᠤᠨᠲᠠᠷᠠᠭᠠᠬᠤ ᠠᠩᠭᠢ ᠪᠠᠶᠢᠭᠤᠯᠬᠤ ᠬᠡᠷᠡᠭᠲᠡᠢ᠃

      ᠬᠤᠷᠢᠨ ᠭᠤᠷᠪᠠᠳᠤᠭᠠᠷ ᠵᠦᠢᠯ  ᠰᠤᠮᠤ ᠰᠢᠶᠠᠩ ᠪᠠᠯᠭᠠᠰᠤ ᠶᠢᠨ ᠲᠤᠰᠬᠠᠢ ︵ᠬᠠᠪᠰᠤᠷᠭᠠᠬᠤ︶ ᠲᠤᠰᠢᠶᠠᠯᠲᠤ ᠭᠠᠯ ᠰᠡᠷᠭᠡᠶᠢᠯᠡᠵᠦ ᠤᠨᠲᠠᠷᠠᠭᠠᠬᠤ ᠠᠩᠭᠢ ᠶᠢ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠮᠢᠶᠠᠷᠴᠤ᠂ ᠭᠠᠯ ᠲᠦᠢᠮᠡᠷ ᠤᠨ ᠠᠶᠤᠯ ᠤᠨ ᠮᠡᠳᠡᠭᠦᠯᠦᠯᠲᠡ᠂ ᠠᠪᠤᠷᠠᠨ ᠲᠤᠰᠠᠯᠠᠬᠤ ᠲᠤᠰᠠᠯᠠᠮᠵᠢ ᠬᠦᠯᠢᠶᠡᠭᠰᠡᠨ ᠵᠢᠴᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ᠂ ᠭᠠᠯ ᠰᠡᠷᠭᠡᠶᠢᠯᠡᠵᠦ ᠤᠨᠲᠠᠷᠠᠭᠠᠬᠤ ᠶᠢᠨ ᠠᠪᠤᠷᠠᠨ ᠲᠤᠰᠠᠯᠠᠬᠤ ᠪᠠᠶᠢᠭᠤᠯᠤᠮᠵᠢ ᠶᠢᠨ ᠵᠠᠷᠯᠢᠭ ᠵᠢᠭᠠᠪᠤᠷᠢ ᠶᠢ ᠣᠯᠣᠭᠰᠠᠨ ᠤ ᠳᠠᠷᠠᠭ᠎ᠠ᠂ ᠲᠤᠬᠠᠢ ᠶᠢᠨ ᠲᠠᠯᠠᠪᠤᠷ ᠲᠤ ᠳᠠᠷᠤᠢ ᠲᠦᠷᠭᠡᠨ ᠵᠠᠪᠳᠤᠨ ᠣᠴᠢᠵᠤ ᠰᠢᠢᠳᠪᠦᠷᠢᠯᠡᠬᠦ ᠬᠡᠷᠡᠭᠲᠡᠢ᠃

      ᠬᠤᠷᠢᠨ ᠳᠥᠷᠪᠡᠳᠦᠭᠡᠷ ᠵᠦᠢᠯ  ᠭᠠᠴᠠᠭ᠎ᠠ ᠲᠣᠰᠬᠤᠨ ᠨᠢ ᠲᠣᠰᠬᠤᠨ ᠤ ᠠᠷᠠᠳ ᠢᠶᠠᠷ ᠪᠦᠷᠢᠯᠳᠦᠭᠰᠡᠨ ᠰᠠᠶᠢᠨ ᠳᠤᠷ᠎ᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠩᠭᠢ ︵ᠪᠢᠴᠢᠯ ᠬᠡᠯᠪᠡᠷᠢ ᠶᠢᠨ ᠭᠠᠯ ᠰᠡᠷᠭᠡᠶᠢᠯᠡᠵᠦ ᠤᠨᠲᠠᠷᠠᠭᠠᠬᠤ ᠥᠷᠳᠡᠭᠡ︶ ᠪᠠᠶᠢᠭᠤᠯᠵᠤ᠂ ᠪᠠᠭᠠᠵᠢ ᠬᠡᠷᠡᠭᠰᠡᠯ ᠤᠨ ᠲᠠᠰᠤᠭ ᠪᠠ ᠵᠢᠵᠢᠭᠦᠷᠯᠡᠬᠦ ᠳᠤ ᠬᠡᠷᠡᠭᠯᠡᠬᠦ ᠭᠡᠷ ᠲᠣᠬᠢᠷᠠᠭᠤᠯᠵᠤ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠳᠤ ᠴᠢᠬᠤᠯᠠ ᠪᠦᠬᠦᠢ ᠪᠠᠭᠠᠵᠢ ᠬᠡᠷᠡᠭᠰᠡᠯ ᠢ ᠲᠣᠬᠢᠷᠠᠭᠤᠯᠬᠤ ᠬᠡᠷᠡᠭᠲᠡᠢ᠃

      ᠬᠤᠷᠢᠨ ᠲᠠᠪᠤᠳᠤᠭᠠᠷ ᠵᠦᠢᠯ  ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠭᠠᠵᠤ ᠲᠠᠷᠬᠠᠭᠠᠬᠤ ᠪᠡᠯᠡᠳᠬᠡᠯ ᠲᠥᠰᠥᠯ ᠢ ᠲᠣᠭᠲᠠᠭᠠᠬᠤ ᠬᠡᠷᠡᠭᠲᠡᠢ᠃ ᠪᠡᠯᠡᠳᠬᠡᠯ ᠲᠥᠰᠥᠯ ᠳᠤ ᠳᠣᠣᠷᠠᠬᠢ ᠠᠭᠤᠯᠭ᠎ᠠ ᠪᠠᠭᠲᠠᠬᠤ ᠬᠡᠷᠡᠭᠲᠡᠢ᠄

      ︵ᠨᠢᠭᠡ︶ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠬᠤᠯᠪᠣᠭᠳᠠᠯ ᠪᠦᠬᠦᠢ ᠦᠨᠳᠦᠰᠦᠨ ᠪᠠᠶᠢᠳᠠᠯ︔

      ︵ᠬᠤᠶᠠᠷ︶ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠬᠦᠴᠦᠨ ᠪᠠ ᠭᠠᠯ ᠤᠨᠲᠠᠷᠠᠭᠠᠬᠤ ᠲᠡᠷᠭᠡ᠂ ᠪᠠᠭᠠᠵᠢ ᠬᠡᠷᠡᠭᠰᠡᠯ ᠤᠨ ᠲᠣᠬᠢᠷᠠᠭᠤᠯᠤᠭᠰᠠᠨ ᠪᠠᠶᠢᠳᠠᠯ᠂ ᠨᠡᠶᠢᠲᠡ ᠶᠢᠨ ᠭᠠᠯ ᠤᠨᠲᠠᠷᠠᠭᠠᠬᠤ ᠪᠡᠯᠡᠳᠬᠡᠮᠵᠢ ᠶᠢᠨ ᠲᠣᠬᠢᠷᠠᠭᠤᠯᠤᠯᠲᠠ᠂ ᠲᠠᠷᠬᠠᠯᠲᠠ ᠶᠢᠨ ᠪᠠᠶᠢᠳᠠᠯ︔

      ︵ᠭᠤᠷᠪᠠ︶ ᠭᠠᠯ ᠤᠨᠲᠠᠷᠠᠭᠠᠵᠤ ᠠᠪᠤᠷᠠᠨ ᠲᠤᠰᠠᠯᠠᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠵᠢᠴᠢ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ︔

      ︵ᠳᠥᠷᠪᠡ︶ ᠲᠦᠭᠰᠢᠭᠦᠷᠢ ᠮᠡᠳᠡᠭᠦᠯᠬᠦ ᠪᠠ ᠲᠦᠭᠰᠢᠭᠦᠷᠢ ᠮᠡᠳᠡᠭᠦᠯᠦᠭᠰᠡᠨ ᠢ ᠬᠦᠯᠢᠶᠡᠨ ᠠᠪᠴᠤ ᠰᠢᠢᠳᠪᠦᠷᠢᠯᠡᠬᠦ ᠳᠡᠰ ᠳᠠᠷᠠᠭᠠᠯᠠᠯ᠂ ᠭᠠᠯ ᠤᠨ ᠠᠶᠤᠯ ᠠᠴᠠ ᠠᠪᠤᠷᠠᠬᠤ᠂ ᠲᠠᠷᠬᠠᠭᠠᠨ ᠵᠢᠯᠤᠭᠤᠳᠬᠤ᠂ ᠴᠢᠮᠡᠭᠡ ᠬᠤᠯᠪᠣᠭ᠎ᠠ ᠠᠪᠬᠤ᠂ ᠠᠮᠤᠷ ᠲᠦᠪᠰᠢᠨ ᠢᠶᠠᠷ ᠲᠤᠰᠠᠯᠠᠨ ᠠᠪᠤᠷᠠᠬᠤ ᠳᠡᠰ ᠳᠠᠷᠠᠭᠠᠯᠠᠯ︔

      ︵ᠲᠠᠪᠤ︶ ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠩᠭᠢ ᠯᠤᠭ᠎ᠠ ᠬᠠᠮᠵᠢᠯᠴᠠᠬᠤ ᠳᠡᠰ ᠳᠠᠷᠠᠭᠠᠯᠠᠯ᠃

      ᠬᠤᠷᠢᠨ ᠵᠢᠷᠭᠤᠳᠤᠭᠠᠷ ᠵᠦᠢᠯ  ᠲᠤᠰᠬᠠᠢ ᠲᠤᠰᠢᠶᠠᠯᠲᠤ ᠭᠠᠯ ᠤᠨᠲᠠᠷᠠᠭᠠᠬᠤ ᠠᠩᠭᠢ᠂ ᠰᠠᠶᠢᠨ ᠳᠤᠷ᠎ᠠ ᠶᠢᠨ ᠭᠠᠯ ᠤᠨᠲᠠᠷᠠᠭᠠᠬᠤ ᠠᠩᠭᠢ ︵ᠪᠢᠴᠢᠯ ᠬᠡᠯᠪᠡᠷᠢ ᠶᠢᠨ ᠭᠠᠯ ᠰᠡᠷᠭᠡᠶᠢᠯᠡᠵᠦ ᠤᠨᠲᠠᠷᠠᠭᠠᠬᠤ ᠥᠷᠳᠡᠭᠡ︶ ᠨᠢ ᠪᠠᠶᠢᠩᠭᠤ ᠶᠢᠨ ᠴᠢᠨᠠᠷᠲᠠᠢ ᠭᠠᠯ ᠰᠡᠷᠭᠡᠶᠢᠯᠡᠵᠦ ᠤᠨᠲᠠᠷᠠᠭᠠᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠥᠷᠨᠢᠭᠦᠯᠬᠦ ᠶᠢᠨ ᠳᠠᠭᠠᠤ ᠳᠤ ᠭᠠᠯ ᠰᠡᠷᠭᠡᠶᠢᠯᠡᠵᠦ ᠤᠨᠲᠠᠷᠠᠭᠠᠬᠤ ᠰᠣᠷᠢᠯᠲᠠ ᠵᠣᠬᠢᠶᠠᠨ ᠪᠠᠶᠢᠭᠤᠯᠬᠤ ᠬᠡᠷᠡᠭᠲᠡᠢ᠃

      ᠬᠤᠷᠢᠨ ᠳᠣᠯᠣᠳᠤᠭᠠᠷ ᠵᠦᠢᠯ  ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠨᠢ ᠰᠠᠶᠢᠨ ᠳᠤᠷ᠎ᠠ ᠶᠢᠨ ᠭᠠᠯ ᠤᠨᠲᠠᠷᠠᠭᠠᠬᠤ ᠠᠩᠭᠢ ᠶᠢᠨ ᠭᠡᠰᠢᠭᠦᠨ ᠳᠤ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠬᠤᠳᠠᠯᠳᠤᠨ ᠠᠪᠴᠤ ᠥᠭᠬᠦ᠂ ᠭᠠᠯ ᠤᠨᠲᠠᠷᠠᠭᠠᠬᠤ ᠬᠠᠮᠠᠭᠠᠯᠠᠯᠲᠠ ᠶᠢᠨ ᠬᠤᠪᠴᠠᠰᠤ ᠲᠣᠬᠢᠷᠠᠭᠤᠯᠤᠨ ᠥᠭᠴᠦ᠂ ᠡᠳᠦᠷ ᠲᠤᠲᠤᠮ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠳᠤᠮᠳᠠᠬᠢ ᠢᠯᠡᠷᠡᠯ ᠢᠶᠠᠷ ᠲᠣᠪᠣᠶᠢᠮ᠎ᠠ ᠠᠩᠭᠢ ᠶᠢᠨ ᠭᠡᠰᠢᠭᠦᠨ ᠳᠤ ᠱᠠᠩᠨᠠᠯ ᠱᠠᠩᠨᠠᠨ ᠥᠭᠬᠦ ᠬᠡᠷᠡᠭᠲᠡᠢ᠃

      ᠬᠤᠷᠢᠨ ᠨᠠᠢᠮᠠᠳᠤᠭᠠᠷ ᠵᠦᠢᠯ  ᠲᠠᠷᠢᠶᠠᠯᠠᠬᠤ ᠮᠠᠯᠵᠢᠬᠤ ᠣᠷᠣᠨ ᠳᠤ ᠭᠠᠯ ᠲᠦᠢᠮᠡᠷ ᠭᠠᠷᠪᠠᠯ᠂ ᠭᠠᠯ ᠲᠦᠢᠮᠡᠷ ᠡᠭᠦᠰᠦᠭᠰᠡᠨ ᠨᠢᠭᠡᠴᠢ ᠪᠤᠶᠤ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠳᠠᠷᠤᠢ ᠲᠦᠷᠭᠡᠨ ᠰᠠᠶᠢᠨ ᠳᠤᠷ᠎ᠠ ᠶᠢᠨ ᠭᠠᠯ ᠤᠨᠲᠠᠷᠠᠭᠠᠬᠤ ᠠᠩᠭᠢ ︵ᠪᠢᠴᠢᠯ ᠬᠡᠯᠪᠡᠷᠢ ᠶᠢᠨ ᠭᠠᠯ ᠰᠡᠷᠭᠡᠶᠢᠯᠡᠵᠦ ᠤᠨᠲᠠᠷᠠᠭᠠᠬᠤ ᠥᠷᠳᠡᠭᠡ︶ ᠶᠢ ᠵᠣᠬᠢᠶᠠᠨ ᠪᠠᠶᠢᠭᠤᠯᠵᠤ ᠭᠠᠯ ᠲᠦᠢᠮᠡᠷ ᠤᠨᠲᠠᠷᠠᠭᠠᠨ ᠠᠪᠤᠷᠠᠬᠤ ᠪᠠ ᠬᠥᠮᠥᠨ ᠬᠠᠷ᠎ᠠ ᠶᠢ ᠲᠠᠷᠬᠠᠭᠠᠬᠤ ᠠᠵᠢᠯ ᠬᠢᠬᠦ ᠬᠡᠷᠡᠭᠲᠡᠢ᠃ ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠰᠡᠷᠭᠡᠶᠢᠯᠡᠵᠦ ᠤᠨᠲᠠᠷᠠᠭᠠᠬᠤ ᠶᠢᠨ ᠠᠪᠤᠷᠠᠨ ᠲᠤᠰᠠᠯᠠᠬᠤ ᠡᠩᠨᠡᠭᠡ᠂ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠠᠩᠭᠢ ᠨᠢ ᠲᠦᠭᠰᠢᠭᠦᠷᠢ ᠮᠡᠳᠡᠭᠦᠯᠬᠦ ᠶᠢ ᠲᠣᠰᠣᠨ ᠣᠯᠣᠭᠰᠠᠨ ᠤ ᠳᠠᠷᠠᠭ᠎ᠠ᠂ ᠳᠠᠷᠤᠢ ᠲᠦᠷᠭᠡᠨ ᠭᠠᠯ ᠤᠨ ᠠᠶᠤᠯ ᠡᠭᠦᠰᠦᠭᠰᠡᠨ ᠲᠠᠯᠠᠪᠤᠷ ᠲᠤ ᠵᠠᠪᠳᠤᠨ ᠬᠦᠷᠴᠦ᠂ ᠭᠠᠯ ᠲᠦᠢᠮᠡᠷ ᠢ ᠤᠨᠲᠠᠷᠠᠭᠠᠬᠤ᠂ ᠠᠶᠤᠯ ᠳᠤ ᠤᠴᠠᠷᠠᠭᠰᠠᠨ ᠬᠥᠮᠥᠰ ᠢ ᠠᠪᠤᠷᠠᠨ ᠲᠤᠰᠠᠯᠠᠬᠤ ᠪᠠ ᠠᠶᠤᠯ ᠲᠦᠭᠰᠢᠭᠦᠷᠢᠲᠦ ᠪᠠᠶᠢᠳᠠᠯ ᠢ ᠠᠷᠢᠯᠭᠠᠬᠤ ᠬᠡᠷᠡᠭᠲᠡᠢ᠃

      ᠬᠤᠷᠢ ᠶᠢᠰᠦᠳᠦᠭᠡᠷ ᠵᠦᠢᠯ  ᠭᠠᠯ ᠲᠦᠢᠮᠡᠷ ᠢ ᠤᠨᠲᠠᠷᠠᠭᠠᠭᠰᠠᠨ ᠤ ᠳᠠᠷᠠᠭ᠎ᠠ᠂ ᠭᠠᠯ ᠲᠦᠢᠮᠡᠷ ᠡᠭᠦᠰᠦᠭᠰᠡᠨ ᠨᠢᠭᠡᠴᠢ ︵ᠬᠤᠪᠢ ᠬᠥᠮᠥᠨ︶ ᠪᠤᠶᠤ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠲᠤᠬᠠᠢ ᠶᠢᠨ ᠲᠠᠯᠠᠪᠤᠷ ᠢ ᠬᠠᠮᠠᠭᠠᠯᠠᠵᠤ᠂ ᠦᠨᠡᠨ ᠪᠣᠳᠠᠲᠠᠢ ᠪᠠᠷ ᠭᠠᠯ ᠲᠦᠢᠮᠡᠷ ᠤᠨ ᠠᠳᠡᠯ ᠤᠨ ᠪᠠᠶᠢᠳᠠᠯ ᠢ ᠬᠠᠩᠭᠠᠵᠤ᠂ ᠠᠳᠡᠯ ᠤᠨ ᠪᠠᠶᠢᠳᠠᠯ ᠤᠨ ᠪᠠᠶᠢᠴᠠᠭᠠᠯᠲᠠ ᠶᠢ ᠬᠦᠯᠢᠶᠡᠬᠦ ᠬᠡᠷᠡᠭᠲᠡᠢ᠃ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠭᠠᠯ ᠰᠡᠷᠭᠡᠶᠢᠯᠡᠵᠦ ᠤᠨᠲᠠᠷᠠᠭᠠᠬᠤ ᠶᠢᠨ ᠠᠪᠤᠷᠠᠨ ᠲᠤᠰᠠᠯᠠᠬᠤ ᠪᠠᠶᠢᠭᠤᠯᠤᠮᠵᠢ ᠶᠢᠨ ᠵᠥᠪᠰᠢᠶᠡᠷᠡᠯ ᠦᠭᠡᠢ ᠪᠠᠷ ᠳᠤᠷ᠎ᠠ ᠪᠠᠷ ᠭᠠᠯ ᠤᠨ ᠠᠶᠤᠯ ᠤᠨ ᠲᠤᠬᠠᠢ ᠶᠢᠨ ᠲᠠᠯᠠᠪᠤᠷ ᠢ ᠠᠷᠢᠯᠭᠠᠨ ᠴᠡᠪᠡᠷᠯᠡᠵᠦ ᠪᠣᠯᠬᠤ ᠦᠭᠡᠢ᠃

      ᠭᠤᠴᠢᠳᠤᠭᠠᠷ ᠵᠦᠢᠯ  ᠲᠠᠷᠢᠶᠠᠯᠠᠬᠤ ᠮᠠᠯᠵᠢᠬᠤ ᠣᠷᠣᠨ ᠳᠤ ᠨᠡᠯᠢᠶᠡᠳ ᠶᠡᠭᠡ ᠭᠠᠯ ᠲᠦᠢᠮᠡᠷ ᠤᠨ ᠠᠶᠤᠯ ᠭᠠᠷᠬᠤ᠂ ᠵᠢᠴᠢ ᠬᠥᠮᠥᠨ ᠬᠠᠷ᠎ᠠ ᠦᠬᠦᠭᠰᠡᠨ ᠪᠤᠶᠤ ᠨᠡᠶᠢᠭᠡᠮ ᠤᠨ ᠨᠥᠯᠥᠭᠡ ᠲᠠᠢ ᠪᠣᠯᠣᠭᠰᠨ ᠡᠩ ᠤᠨ ᠭᠠᠯ ᠲᠦᠢᠮᠡᠷ ᠤᠨ ᠠᠳᠡᠯ ᠭᠠᠷᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠲᠦᠢᠮᠡᠷ ᠤᠨ ᠠᠳᠡᠯ ᠤᠨ ᠬᠠᠷᠢᠭᠤᠴᠠᠯᠭ᠎ᠠ ᠶᠢᠨ ᠪᠠᠶᠢᠴᠠᠭᠠᠯᠲᠠ ᠶᠢᠨ ᠲᠣᠭᠲᠠᠭᠠᠯ ︵ᠲᠤᠷᠰᠢᠨ ᠬᠡᠷᠡᠭᠵᠢᠭᠦᠯᠬᠦ︶︾ ᠤᠨ ᠱᠠᠭᠠᠷᠳᠠᠯᠭ᠎ᠠ ᠶᠣᠰᠣᠭᠠᠷ᠂ ᠪᠠᠶᠢᠴᠠᠭᠠᠬᠤ ᠳᠤᠭᠤᠶᠢᠯᠠᠩ ᠪᠠᠶᠢᠭᠤᠯᠵᠤ ᠪᠠᠶᠢᠴᠠᠭᠠᠯᠲᠠ ᠬᠢᠬᠦ ᠬᠡᠷᠡᠭᠲᠡᠢ᠃

      ᠲᠠᠷᠢᠶᠠᠯᠠᠬᠤ ᠮᠠᠯᠵᠢᠬᠤ ᠣᠷᠣᠨ ᠳᠤ ᠨᠡᠯᠢᠶᠡᠳ ᠶᠡᠭᠡ ᠭᠠᠯ ᠤᠨ ᠠᠶᠤᠯ ᠭᠠᠷᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠭᠠᠢ ᠭᠠᠮᠰᠢᠭ ᠤᠨ ᠮᠡᠳᠡᠭᠡ ᠵᠠᠩᠭᠢ ᠶᠢ ᠨᠢᠭᠡᠳᠦᠯᠲᠡᠢ ᠨᠡᠶᠢᠲᠡᠯᠡᠨ᠎ᠡ᠃

      ᠲᠠᠪᠤᠳᠤᠭᠠᠷ ᠪᠦᠯᠦᠭ  ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ

      ᠭᠤᠴᠢᠨ ᠨᠢᠭᠡᠳᠦᠭᠡᠷ ᠵᠦᠢᠯ  ᠲᠠᠷᠢᠶᠠᠯᠠᠬᠤ ᠮᠠᠯᠵᠢᠬᠤ ᠣᠷᠣᠨ ᠤ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠶᠢᠨ ᠭᠠᠯ ᠠᠴᠠ ᠰᠡᠷᠭᠡᠶᠢᠯᠡᠬᠦ ᠵᠢᠷᠤᠭ ᠲᠥᠯᠥᠪᠯᠡᠭᠡ᠂ ᠣᠳᠣ ᠨᠢᠭᠡᠨᠲᠡ ᠪᠠᠶᠢᠭ᠎ᠠ ᠪᠠᠷᠢᠯᠭ᠎ᠠ ᠶᠢᠨ ᠭᠠᠯ ᠠᠴᠠ ᠰᠡᠷᠭᠡᠶᠢᠯᠡᠬᠦ ᠥᠭᠡᠷᠡᠴᠢᠯᠡᠨ ᠰᠢᠨᠡᠳᠬᠡᠬᠦ ᠵᠢᠴᠢ ᠴᠠᠬᠢᠯᠭᠠᠨ ᠬᠦᠴᠦᠨ ᠤ ᠲᠣᠣᠷ ᠤᠨ ᠪᠠᠶᠢᠭᠤᠯᠤᠯᠲᠠ ᠬᠢᠭᠡᠳ ᠥᠭᠡᠷᠡᠴᠢᠯᠡᠨ ᠰᠢᠨᠡᠳᠬᠡᠬᠦ ᠠᠵᠢᠯ ᠨᠢ ᠤᠯᠤᠰ ᠤᠨ ᠭᠠᠯ ᠰᠡᠷᠭᠡᠶᠢᠯᠡᠵᠦ ᠤᠨᠲᠠᠷᠠᠭᠠᠬᠤ ᠮᠡᠷᠭᠡᠵᠢᠯ ᠤᠨ ᠪᠠᠷᠢᠮᠵᠢᠶᠠᠨ ᠤ ᠱᠠᠭᠠᠷᠳᠠᠯᠭ᠎ᠠ ᠳᠤ ᠨᠡᠶᠢᠴᠡᠬᠦ ᠬᠡᠷᠡᠭᠲᠡᠢ᠃

      ᠭᠤᠴᠢᠨ ᠬᠤᠶᠠᠳᠤᠭᠠᠷ ᠵᠦᠢᠯ  ᠲᠠᠷᠢᠶᠠᠯᠠᠬᠤ ᠮᠠᠯᠵᠢᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠨᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠥᠮᠦᠵᠢᠯ ᠢ ᠵᠢᠭᠠᠨ ᠰᠤᠷᠭᠠᠬᠤ ᠠᠭᠤᠯᠭ᠎ᠠ ᠳᠤ ᠪᠠᠨ ᠣᠷᠣᠭᠤᠯᠵᠤ᠂ ᠬᠤᠭᠤᠴᠠᠭ᠎ᠠ ᠪᠦᠷᠢ 4 ᠤᠳᠠᠭ᠎ᠠ ᠠᠴᠠ ᠳᠤᠲᠠᠭᠤ ᠦᠭᠡᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠬᠢᠴᠢᠶᠡᠯ ᠣᠷᠣᠬᠤ ᠬᠡᠷᠡᠭᠲᠡᠢ᠃ ᠡᠭᠦᠨ ᠳᠤ᠂ ᠰᠤᠷᠤᠯᠭ᠎ᠠ ᠶᠢᠨ ᠬᠤᠭᠤᠴᠠᠭ᠎ᠠ ᠡᠬᠢᠯᠡᠭᠰᠡᠨ ᠤ ᠳᠠᠷᠠᠭ᠎ᠠ ᠪᠠ ᠴᠢᠯᠦᠭᠡ ᠲᠠᠯᠪᠢᠬᠤ ᠠᠴᠠ ᠡᠮᠦᠨ᠎ᠡ ᠲᠣᠰ ᠲᠣᠰ 1 ᠤᠳᠠᠭ᠎ᠠ ᠬᠢᠴᠢᠶᠡᠯ ᠣᠷᠣᠬᠤ ᠬᠡᠷᠡᠭᠲᠡᠢ᠃

      ᠭᠤᠴᠢᠨ ᠭᠤᠷᠪᠠᠳᠤᠭᠠᠷ ᠵᠦᠢᠯ  ᠲᠠᠷᠢᠶᠠᠯᠠᠬᠤ ᠮᠠᠯᠵᠢᠬᠤ ᠣᠷᠣᠨ ᠤ ᠡᠰᠢ ᠰᠦᠷᠡᠯ᠂ ᠲᠦᠯᠡᠭᠡ ᠡᠪᠡᠰᠦ ᠵᠡᠷᠭᠡ ᠨᠣᠴᠣᠮᠠᠲᠠᠭᠠᠢ ᠰᠢᠲᠠᠮᠠᠬᠠᠢ ᠮᠠᠲ᠋ᠧᠷᠢᠶᠠᠯ ᠤᠨ ᠣᠪᠣᠭᠠᠯᠠᠬᠤ ᠭᠠᠵᠠᠷ ᠤᠨ ᠲᠣᠬᠢᠷᠠᠭᠤᠯᠤᠯᠲᠠ ᠨᠢ ᠳᠣᠣᠷᠠᠬᠢ ᠱᠠᠭᠠᠷᠳᠠᠯᠭ᠎ᠠ ᠳᠤ ᠨᠡᠶᠢᠴᠡᠬᠦ ᠬᠡᠷᠡᠭᠲᠡᠢ᠄

      ︵ᠨᠢᠭᠡ︶ ᠬᠠᠷᠢᠴᠠᠩᠭᠤᠢ ᠲᠤᠰᠠᠭᠠᠷᠯᠠᠭᠰᠠᠨ ᠠᠮᠤᠷ ᠲᠦᠪᠰᠢᠨ ᠤ ᠣᠷᠣᠨ ᠪᠦᠰᠡ ᠳᠤ ᠪᠤᠶᠤ ᠠᠶᠢᠯ ᠲᠣᠰᠬᠤᠨ ᠤ ᠵᠠᠬ᠎ᠠ ᠬᠥᠪᠡᠭᠡ ᠪᠠᠷ ᠲᠣᠬᠢᠷᠠᠭᠤᠯᠪᠠᠯ ᠵᠣᠬᠢᠰᠲᠠᠢ︔

      ︵ᠬᠤᠶᠠᠷ︶ ᠵᠠᠮ᠂ ᠣᠶᠢᠲᠤ ᠭᠠᠵᠠᠷ ᠢ ᠡᠵᠡᠯᠡᠨ ᠬᠡᠷᠡᠭᠯᠡᠬᠦ ᠶᠢ ᠴᠠᠭᠠᠵᠠᠯᠠᠨ᠎ᠠ︔ ᠣᠪᠣᠭᠠᠯᠠᠬᠤ ᠭᠠᠵᠠᠷ ᠲᠤ ᠮᠠᠰᠢᠨ ᠲᠡᠷᠭᠡ ᠬᠥᠰᠬᠡ ᠵᠣᠭᠰᠤᠭᠠᠬᠤ᠂ ᠰᠡᠯᠪᠢᠨ ᠵᠠᠰᠠᠬᠤ ᠶᠢ ᠴᠠᠭᠠᠵᠠᠯᠠᠨ᠎ᠠ︔

      ︵ᠭᠤᠷᠪᠠ︶ ᠡᠰᠢ ᠰᠦᠷᠡᠯ ᠢ ᠶᠡᠭᠡ ᠬᠡᠮᠵᠢᠶ᠎ᠡ ᠪᠠᠷ ᠠᠶᠢᠯ ᠲᠣᠰᠬᠤᠨ ᠡᠷᠦᠬᠡ ᠳᠤ ᠣᠷᠣᠭᠤᠯᠵᠤ ᠪᠣᠯᠬᠤ ᠦᠭᠡᠢ᠂ ᠦᠢᠯᠡᠳᠪᠦᠷᠢᠯᠡᠯ᠂ ᠠᠮᠢᠳᠤᠷᠠᠯ ᠤᠨ ᠪᠠᠷᠢᠯᠭ᠎ᠠ ᠶᠢᠨ ᠬᠠᠵᠠᠭᠤ ᠬᠠᠪᠢ ᠪᠠᠷ ᠨᠥᠭᠡᠴᠡᠯᠡᠨ ᠬᠠᠳᠠᠭᠠᠯᠠᠵᠤ ᠪᠣᠯᠬᠤ ᠦᠭᠡᠢ᠂ ᠴᠠᠬᠢᠯᠭᠠᠨ ᠬᠦᠴᠦᠨ ᠤ ᠳᠡᠭᠦᠵᠢᠯᠡᠭᠦᠷ ᠤᠲᠠᠰᠤ᠂ ᠬᠦᠴᠦᠳᠡᠯ ᠬᠤᠪᠢᠷᠠᠭᠠᠭᠴᠢ ᠶᠢᠨ ᠳᠣᠣᠷ᠎ᠠ ᠣᠪᠣᠭᠠᠯᠠᠨ ᠲᠠᠯᠪᠢᠵᠤ ᠪᠣᠯᠬᠤ ᠦᠭᠡᠢ︔

      ︵ᠳᠥᠷᠪᠡ︶ ᠰᠢᠲᠠᠮᠠᠬᠠᠢ ᠮᠠᠲ᠋ᠧᠷᠢᠶᠠᠯ ᠣᠪᠣᠭᠠᠯᠠᠬᠤ ᠭᠠᠵᠠᠷ ᠤᠨ ᠡᠷᠭᠢᠨ ᠲᠣᠭᠤᠷᠢᠨ ᠤ ᠪᠠᠷᠢᠯᠭ᠎ᠠ ᠳᠤ ᠬᠤᠯᠠᠩ ᠤᠨ ᠳᠡᠭᠡᠷ᠎ᠡ ᠨᠢ ᠭᠠᠯ ᠠᠴᠠ ᠰᠡᠷᠭᠡᠶᠢᠯᠡᠬᠦ ᠮᠠᠯᠠᠭᠠᠢ ᠲᠠᠭᠠᠷᠠᠭᠤᠯᠬᠤ ᠵᠡᠷᠭᠡ ᠭᠠᠯ ᠤᠨ ᠣᠴᠢ ᠦᠰᠦᠷᠦᠨ ᠭᠠᠷᠬᠤ ᠠᠴᠠ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ︔

      ︵ᠲᠠᠪᠤ︶ ᠲᠠᠷᠢᠶᠠᠴᠢᠨ ᠮᠠᠯᠴᠢᠨ ᠤ ᠬᠦᠷᠢᠶ᠎ᠡ ᠬᠠᠰᠢᠶᠠᠨ ᠳᠤ ᠣᠪᠣᠭᠠᠯᠠᠨ ᠲᠠᠯᠪᠢᠭᠰᠠᠨ ᠪᠠᠭ᠎ᠠ ᠬᠡᠮᠵᠢᠶᠡᠨ ᠤ ᠲᠦᠯᠡᠭᠡ ᠡᠪᠡᠰᠦ᠂ ᠲᠡᠵᠢᠭᠡᠯ ᠪᠣᠷᠳᠤᠭ᠎ᠠ ᠵᠡᠷᠭᠡ ᠪᠠ ᠪᠠᠷᠢᠯᠭ᠎ᠠ ᠶᠢᠨ ᠬᠤᠭᠤᠷᠣᠨᠳᠤ ᠭᠠᠯ ᠠᠴᠠ ᠰᠡᠷᠭᠡᠶᠢᠯᠡᠵᠦ ᠲᠤᠰᠠᠭᠠᠷᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃

      ᠭᠤᠴᠢᠨ ᠳᠥᠷᠪᠡᠳᠦᠭᠡᠷ ᠵᠦᠢᠯ  ᠲᠠᠷᠢᠶᠠᠯᠠᠬᠤ ᠮᠠᠯᠵᠢᠬᠤ ᠣᠷᠣᠨ ᠤ ᠪᠢᠲᠡᠭᠦᠦ ᠮᠠᠶ᠋ᠢᠭ ᠤᠨ ᠮᠠᠯ ᠤᠨ ᠰᠠᠷᠠᠪᠴᠢ ᠶᠢ ᠠᠰᠲᠠᠭᠠᠨ ᠪᠠᠶᠢᠭᠤᠯᠤᠨ ᠪᠠᠷᠢᠬᠤ ᠶᠢᠨ ᠬᠠᠮᠲᠤ ᠳᠣᠣᠷᠠᠬᠢ ᠲᠣᠭᠲᠠᠭᠠᠯ ᠳᠤ ᠨᠡᠶᠢᠴᠡᠭᠦᠯᠬᠦ ᠬᠡᠷᠡᠭᠲᠡᠢ᠄

      ︵ᠨᠢᠭᠡ︶ ᠭᠠᠯ ᠳᠠᠭᠠᠭᠠᠮᠠᠭᠠᠢ ᠵᠡᠷᠭᠡ ᠳᠡᠰ ᠨᠢ ᠭᠤᠷᠪᠠᠳᠤᠭᠠᠷ ᠳᠡᠰ ᠠᠴᠠ ᠳᠣᠣᠷ᠎ᠠ ᠪᠠᠶᠢᠵᠤ ᠪᠣᠯᠬᠤ ᠦᠭᠡᠢ᠂ ᠨᠢᠭᠡᠨᠲᠡ ᠪᠠᠶᠢᠭᠤᠯᠤᠨ ᠪᠠᠷᠢᠭᠰᠠᠨ ᠭᠤᠷᠪᠠᠳᠤᠭᠠᠷ ᠳᠡᠰ ᠠᠴᠠ ᠳᠣᠣᠷ᠎ᠠ ᠪᠠᠶᠢᠬᠤ ᠰᠠᠷᠠᠪᠴᠢ ᠬᠠᠰᠢᠶ᠎ᠠ ᠶᠢ ᠠᠯᠬᠤᠮ ᠳᠠᠷᠠᠭᠠᠯᠠᠨ ᠥᠭᠡᠷᠡᠴᠢᠯᠡᠨ ᠰᠢᠨᠡᠳᠬᠡᠬᠦ ᠬᠡᠷᠡᠭᠲᠡᠢ︔

      ︵ᠬᠤᠶᠠᠷ︶ ᠴᠠᠬᠢᠯᠭᠠᠨ ᠬᠡᠯᠬᠢᠶᠡᠨ ᠤ ᠤᠲᠠᠰᠤ ᠳᠡᠪᠢᠰᠬᠦ ᠳᠤ ᠦᠯᠦ ᠰᠢᠲᠠᠬᠤ ᠬᠤᠭᠤᠯᠠᠢ ᠭᠤᠤᠷᠰᠤ ᠪᠠᠷ ᠨᠠᠪᠲᠠᠷᠡᠭᠦᠯᠵᠦ᠂ ᠲᠡᠭᠦᠨ ᠤ ᠭᠡᠷᠡᠯᠲᠦᠭᠦᠯᠬᠦ ᠳ᠋ᠧᠩ ᠤᠨ ᠬᠡᠷᠡᠭᠰᠡᠯ ᠢ ᠪᠠᠲᠤ ᠪᠠᠬᠢ ᠤᠭᠰᠠᠷᠠᠭᠤᠯᠤᠨ ᠲᠠᠭᠠᠷᠠᠭᠤᠯᠬᠤ ᠬᠡᠷᠡᠭᠲᠡᠢ︔

      ︵ᠭᠤᠷᠪᠠ︶ ᠰᠢᠭᠤᠳ ᠭᠠᠳᠠᠭᠰᠢ ᠬᠠᠨᠳᠤᠭᠤᠯᠤᠭᠰᠠᠨ ᠠᠮᠤᠷ ᠲᠦᠪᠰᠢᠨ ᠭᠠᠷᠬᠤ ᠡᠭᠦᠳᠡ ᠲᠣᠬᠢᠷᠠᠭᠤᠯᠵᠤ᠂ ᠬᠡᠷᠴᠢᠮᠡᠯ ᠡᠪᠡᠰᠦ᠂ ᠲᠡᠵᠢᠭᠡᠯ ᠪᠣᠷᠳᠣᠭᠠᠨ ᠤ ᠥᠷᠥᠭᠡ ᠵᠢᠴᠢ ᠲᠡᠵᠢᠭᠡᠭᠴᠢ ᠶᠢᠨ ᠪᠠᠶᠢᠷᠢ ᠶᠢ ᠬᠠᠰᠢᠶ᠎ᠠ ᠰᠠᠷᠠᠪᠴᠢ ᠲᠠᠢ ᠰᠠᠯᠭᠠᠨ ᠲᠣᠬᠢᠷᠠᠭᠤᠯᠬᠤ ᠬᠡᠷᠡᠭᠲᠡᠢ᠂ ᠦᠨᠡᠬᠡᠷ ᠬᠠᠷᠢᠯᠴᠠᠨ ᠵᠠᠯᠭᠠᠯᠳᠤᠭᠤᠯᠬᠤ ᠴᠢᠬᠤᠯᠠ ᠲᠠᠢ ᠦᠶ᠎ᠡ ᠳᠤ ᠭᠠᠯ ᠠᠴᠠ ᠰᠡᠷᠭᠡᠶᠢᠯᠡᠵᠦ ᠵᠠᠭᠠᠭᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃

      ᠭᠤᠴᠢᠨ ᠲᠠᠪᠤᠳᠤᠭᠠᠷ ᠵᠦᠢᠯ  ᠲᠠᠷᠢᠶᠠᠯᠠᠬᠤ ᠮᠠᠯᠵᠢᠬᠤ ᠣᠷᠣᠨ ᠤ ᠲᠣᠭᠤᠭᠠᠨ ᠭᠡᠷ ᠤᠨ ᠵᠤᠤᠬ᠎ᠠ ᠶᠢᠨ ᠠᠰ ᠳᠡᠭᠡᠷ᠎ᠡ 1.5 ᠮᠧᠲᠷ ᠤᠨ ᠬᠡᠪᠴᠢᠶᠡᠨ ᠳᠤ ᠰᠢᠲᠠᠮᠠᠬᠠᠢ ᠪᠣᠳᠠᠰ ᠪᠠᠶᠢᠯᠭᠠᠵᠤ ᠪᠣᠯᠬᠤ ᠦᠭᠡᠢ᠃ ᠫᠢᠰᠢᠩ᠂ ᠬᠠᠨᠵᠤ᠂ ᠬᠤᠯᠠᠩ ᠢ ᠲᠣᠭᠲᠠᠭᠰᠠᠨ ᠬᠤᠭᠤᠴᠠᠭ᠎ᠠ ᠲᠠᠢ ᠪᠠᠷ ᠴᠡᠪᠡᠷᠯᠡᠨ ᠨᠠᠪᠲᠠᠷᠡᠭᠦᠯᠵᠦ᠂ ᠲᠣᠭᠤᠰᠬ᠎ᠠ ᠪᠠᠷ ᠦᠷᠦᠵᠦ ᠪᠠᠷᠢᠭᠰᠠᠨ ᠬᠤᠯᠠᠩ ᠤᠨ ᠳᠣᠲᠣᠭᠠᠳᠤ ᠬᠠᠨ᠎ᠠ ᠪᠠ ᠰᠢᠲᠠᠮᠠᠬᠠᠢ ᠪᠣᠳᠠᠰ ᠤᠨ ᠬᠤᠭᠤᠷᠣᠨᠳᠤᠬᠢ ᠵᠠᠢ ᠶᠢ 240 ᠮᠢᠯᠢᠮᠧᠲᠷ ᠠᠴᠠ ᠪᠠᠭ᠎ᠠ ᠪᠠᠶᠢᠯᠭᠠᠵᠤ ᠪᠣᠯᠬᠤ ᠦᠭᠡᠢ᠂ ᠲᠡᠮᠦᠷᠯᠢᠭ ᠢᠶᠠᠷ ᠬᠢᠭᠰᠡᠨ ᠬᠤᠯᠠᠩ ᠪᠠ ᠰᠢᠲᠠᠮᠠᠬᠠᠢ ᠪᠣᠳᠠᠰ ᠤᠨ ᠬᠤᠭᠤᠷᠣᠨᠳᠤᠬᠢ ᠵᠠᠢ ᠶᠢ 700 ᠮᠢᠯᠢᠮᠧᠲᠷ ᠠᠴᠠ ᠪᠠᠭ᠎ᠠ ᠪᠠᠶᠢᠯᠭᠠᠵᠤ ᠪᠣᠯᠬᠤ ᠦᠭᠡᠢ᠃

      ᠭᠤᠴᠢᠨ ᠵᠢᠷᠭᠤᠳᠤᠭᠠᠷ ᠵᠦᠢᠯ  ᠲᠠᠷᠢᠶᠠᠯᠠᠬᠤ ᠮᠠᠯᠵᠢᠬᠤ ᠣᠷᠣᠨ ᠤ ᠬᠦᠷᠢᠶ᠎ᠡ ᠬᠡᠪᠴᠢᠶᠡᠨ ᠳᠠᠬᠢ ᠨᠢᠭᠡᠴᠢ ᠪᠤᠶᠤ ᠬᠤᠪᠢ ᠬᠥᠮᠥᠨ ᠳᠣᠣᠷᠠᠬᠢ ᠦᠢᠯᠡ ᠠᠵᠢᠯᠯᠠᠭ᠎ᠠ ᠲᠠᠢ ᠪᠠᠶᠢᠬᠤ ᠶᠢ ᠴᠠᠭᠠᠵᠠᠯᠠᠨ᠎ᠠ᠄

      ︵ᠨᠢᠭᠡ︶ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ᠂ ᠪᠠᠭᠠᠵᠢ ᠬᠡᠷᠡᠭᠰᠡᠯ ᠪᠠ ᠭᠠᠯ ᠠᠴᠠ ᠰᠡᠷᠭᠡᠶᠢᠯᠡᠬᠦ ᠲᠡᠮᠳᠡᠭ ᠢ ᠳᠤᠷ᠎ᠠ ᠪᠠᠷ ᠪᠤᠯᠠᠵᠤ ᠳᠠᠷᠤᠬᠤ᠂ ᠬᠦᠷᠢᠶᠡᠯᠡᠨ ᠡᠵᠡᠯᠡᠬᠦ᠂ ᠡᠪᠳᠡᠨ ᠰᠦᠢᠳᠬᠡᠬᠦ᠂ ᠨᠤᠷᠠᠭᠠᠵᠤ ᠬᠠᠶᠠᠬᠤ᠂ ᠬᠡᠷᠡᠭᠯᠡᠬᠦ ᠪᠠᠨ ᠵᠣᠭᠰᠣᠬᠤ ᠶᠢ ᠴᠠᠭᠠᠵᠠᠯᠠᠨ᠎ᠠ︔

      ︵ᠬᠤᠶᠠᠷ︶ ᠲᠦᠷ ᠴᠠᠭ ᠤᠨ ᠭᠡᠷ ᠪᠠᠷᠢᠯᠭ᠎ᠠ ︵ᠪᠠᠷᠢᠯᠭ᠎ᠠ ᠶᠢᠨ ᠵᠦᠢᠯᠡᠰ︶ ᠶᠢ ᠪᠠᠷᠢᠵᠤ ᠪᠣᠰᠬᠠᠬᠤ ᠵᠢᠴᠢ ᠲᠦᠯᠡᠭᠡ ᠡᠪᠡᠰᠦ ᠵᠡᠷᠭᠡ ᠥᠯᠥᠭ ᠡᠳ᠋ ᠣᠪᠣᠭᠠᠯᠠᠨ ᠲᠠᠯᠪᠢᠬᠤ ᠦᠶ᠎ᠡ ᠳᠤ ᠭᠠᠯ ᠠᠴᠠ ᠰᠡᠷᠭᠡᠶᠢᠯᠡᠬᠦ ᠵᠠᠢ ᠶᠢ ᠡᠵᠡᠯᠡᠨ ᠬᠡᠷᠡᠭᠯᠡᠬᠦ ᠪᠤᠶᠤ ᠭᠠᠯ ᠤᠨᠲᠠᠷᠠᠭᠠᠬᠤ ᠲᠡᠷᠭᠡ ᠶᠢᠨ ᠨᠡᠪᠲᠡᠷᠡᠬᠦ ᠵᠠᠮ ᠢ ᠬᠠᠰᠢᠵᠤ ᠪᠥᠭᠯᠡᠬᠦ ᠶᠢ ᠴᠠᠭᠠᠵᠠᠯᠠᠨ᠎ᠠ︔

      ︵ᠭᠤᠷᠪᠠ︶ ᠲᠠᠪᠤᠳᠤᠭᠠᠷ ᠳᠡᠰ ᠠᠴᠠ ᠳᠡᠭᠡᠭᠰᠢᠬᠢ ᠶᠡᠭᠡ ᠰᠠᠯᠬᠢ ᠲᠠᠢ ᠡᠳᠦᠷ ᠭᠡᠷ ᠤᠨ ᠭᠠᠳᠠᠨ᠎ᠠ ᠲᠠᠮᠠᠬᠢ ᠲᠠᠲᠠᠬᠤ᠂ ᠬᠤᠭ ᠨᠣᠪᠰᠢ ᠰᠢᠲᠠᠭᠠᠬᠤ ᠶᠢ ᠴᠠᠭᠠᠵᠠᠯᠠᠨ᠎ᠠ︔ ᠴᠤᠷᠮᠠᠳᠠᠬᠤ᠂ ᠳᠡᠭᠳᠡᠭᠦᠷ ᠳ᠋ᠧᠩᠯᠦ ᠲᠠᠯᠪᠢᠬᠤ ᠶᠢ ᠴᠠᠭᠠᠵᠠᠯᠠᠨ᠎ᠠ︔ ᠦᠯᠡᠳᠡᠪᠦᠷᠢ ᠭᠠᠯ ᠢ ᠤᠷᠢᠳ ᠢᠶᠠᠷ ᠴᠡᠪᠡᠷᠯᠡᠬᠦ ᠦᠭᠡᠢ ᠪᠠᠷ ᠴᠤᠴᠠᠯᠢ ᠪᠣᠯᠣᠨ ᠲᠣᠪᠷᠠᠭ ᠵᠡᠷᠭᠡ ᠶᠢ ᠴᠢᠣᠬᠤᠬᠤ ᠶᠢ ᠴᠠᠭᠠᠵᠠᠯᠠᠨ᠎ᠠ︔

      ︵ᠳᠥᠷᠪᠡ︶ ᠰᠢᠩᠭᠡᠵᠢᠯ ᠴᠢᠯᠠᠭᠤᠨ ᠲᠣᠰᠣᠨ ᠤ ᠰᠢᠲᠠᠮᠠᠬᠠᠢ ᠬᠡᠢ ᠶᠢᠨ ᠪᠣᠯᠣᠳ ᠯᠣᠩᠬᠤ ᠵᠢᠴᠢ ᠰᠢᠲᠠᠮᠠᠬᠠᠢ ᠬᠡᠢ ᠶᠢᠨ ᠲᠣᠭᠤᠭ᠎ᠠ ᠲᠤᠯᠭ᠎ᠠ ᠶᠢ ᠳᠤᠷ᠎ᠠ ᠪᠠᠷ ᠢᠶᠠᠨ ᠵᠠᠳᠠᠯᠤᠨ ᠵᠠᠰᠠᠬᠤ ᠶᠢ ᠴᠠᠭᠠᠵᠠᠯᠠᠨ᠎ᠠ᠂ ᠰᠢᠩᠭᠡᠵᠢᠯ ᠤᠨ ᠴᠢᠯᠠᠭᠤᠨ ᠲᠣᠰᠣᠨ ᠤ ᠰᠢᠲᠠᠮᠠᠬᠠᠢ ᠬᠡᠢ ᠶᠢᠨ ᠪᠣᠯᠣᠳ ᠯᠣᠩᠬᠤ ᠶᠢᠨ ᠦᠯᠡᠳᠡᠪᠦᠷᠢ ᠰᠢᠩᠭᠡᠨ ᠢ ᠴᠢᠳᠬᠤᠬᠤ ᠶᠢ ᠴᠠᠭᠠᠵᠠᠯᠠᠨ᠎ᠠ︔

      ︵ᠲᠠᠪᠤ︶ ᠥᠷᠥᠭᠡ ᠲᠠᠰᠤᠭ᠂ ᠬᠦᠷᠢᠶ᠎ᠡ ᠬᠠᠰᠢᠶ᠎ᠠ ᠳᠤ ᠨᠣᠴᠣᠮᠠᠲᠠᠭᠠᠢ ᠳᠡᠯᠪᠡᠷᠡᠮᠡᠲᠡᠭᠡᠢ ᠠᠶᠤᠯᠲᠠᠢ ᠪᠣᠳᠠᠰ ᠢ ᠬᠠᠳᠠᠭᠠᠯᠠᠵᠤ ᠲᠠᠯᠪᠢᠬᠤ ᠪᠠ ᠦᠢᠯᠡᠳᠪᠦᠷᠢᠯᠡᠬᠦ ᠶᠢ ᠴᠠᠭᠠᠵᠠᠯᠠᠨ᠎ᠠ︔

      ︵ᠵᠢᠷᠭᠤᠭ᠎ᠠ︶ ᠨᠣᠴᠣᠮᠠᠲᠠᠭᠠᠢ ᠳᠡᠯᠪᠡᠷᠡᠮᠡᠲᠡᠭᠡᠢ ᠠᠶᠤᠯᠲᠠᠢ ᠪᠣᠳᠠᠰ ᠬᠠᠳᠠᠭᠠᠯᠠᠨ ᠲᠠᠯᠪᠢᠬᠤ ᠭᠠᠵᠠᠷ ᠪᠠ ᠲᠦᠯᠡᠭᠡ ᠡᠪᠡᠰᠦ᠂ ᠲᠡᠵᠢᠭᠡᠯ ᠡᠪᠡᠰᠦ ᠣᠪᠣᠭᠠᠯᠠᠨ ᠲᠠᠯᠪᠢᠬᠤ ᠭᠠᠵᠠᠷ ᠤᠨ ᠣᠶᠢᠷ᠎ᠠ ᠬᠠᠪᠢ ᠪᠠᠷ ᠬᠤᠸᠠᠷ ᠫᠤᠤᠵᠢᠩ ᠲᠠᠯᠪᠢᠬᠤ᠂ ᠲᠠᠮᠠᠬᠢ ᠲᠠᠲᠠᠬᠤ᠂ ᠭᠠᠯ ᠬᠡᠷᠡᠭᠯᠡᠬᠦ ᠶᠢ ᠴᠠᠭᠠᠵᠠᠯᠠᠨ᠎ᠠ᠃

      ᠭᠤᠴᠢᠨ ᠳᠣᠯᠣᠳᠤᠭᠠᠷ ᠵᠦᠢᠯ  ᠲᠠᠷᠢᠶᠠᠯᠠᠩ ᠤᠨ ᠬᠤᠷᠢᠶᠠᠯᠲᠠ ᠶᠢᠨ ᠤᠯᠠᠷᠢᠯ᠂ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠠᠴᠠ ᠰᠡᠷᠭᠡᠶᠢᠯᠡᠬᠦ ᠤᠯᠠᠷᠢᠯ᠂ ᠴᠢᠬᠤᠯᠠ ᠶᠡᠭᠡ ᠪᠠᠶᠠᠷ ᠳᠤᠷᠠᠰᠬᠠᠯ ᠤᠨ ᠡᠳᠦᠷ ᠵᠢᠴᠢ ᠨᠠᠭᠠᠳᠤᠮ ᠤᠨ ᠬᠤᠷᠠᠯ ᠵᠡᠷᠭᠡ ᠴᠢᠬᠤᠯᠠ ᠠᠵᠢᠯᠯᠠᠭᠠᠨ ᠤ ᠬᠤᠭᠤᠴᠠᠭᠠᠨ ᠳᠤ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠨᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠢᠵᠦ᠂ ᠬᠠᠨᠳᠤᠯᠭᠠᠲᠤ ᠴᠢᠨᠠᠷᠲᠠᠢ ᠭᠠᠯ ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠬᠥᠮᠦᠵᠢᠯ ᠥᠷᠨᠢᠭᠦᠯᠵᠦ᠂ ᠭᠠᠯ ᠤᠨ ᠠᠶᠤᠯ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠰᠢᠪᠠᠳᠠᠨ ᠱᠠᠭᠠᠷᠳᠠᠨ᠎ᠠ᠃

      ᠭᠤᠴᠢᠨ ᠨᠠᠢᠮᠠᠳᠤᠭᠠᠷ ᠵᠦᠢᠯ  ᠲᠠᠷᠢᠶᠠᠯᠠᠬᠤ ᠮᠠᠯᠵᠢᠬᠤ ᠣᠷᠣᠨ ᠳᠤ ᠳ᠋ᠧᠩᠯᠦ ᠶᠢᠨ ᠬᠤᠷᠠᠯ᠂ ᠰᠦᠮ᠎ᠡ ᠶᠢᠨ ᠴᠤᠭᠯᠠᠭᠠᠨ᠂ ᠤᠷᠠᠨ ᠰᠠᠶᠢᠬᠠᠨ ᠤ ᠲᠣᠭᠯᠠᠯᠲᠠ ᠵᠡᠷᠭᠡ ᠲᠣᠮᠣ ᠬᠡᠯᠪᠡᠷᠢ ᠶᠢᠨ ᠣᠯᠠᠨ ᠲᠦᠮᠡᠨᠴᠢ ᠴᠢᠨᠠᠷᠲᠠᠢ ᠠᠵᠢᠯᠯᠠᠭᠠᠨ ᠶᠠᠪᠤᠭᠳᠠᠭᠤᠯᠬᠤ ᠳᠤ᠂ ᠭᠤᠣᠯᠯᠠᠨ ᠡᠷᠬᠢᠯᠡᠭᠰᠡᠨ ᠨᠢᠭᠡᠴᠢ ᠨᠢ ᠬᠠᠤᠯᠢ ᠶᠣᠰᠣᠭᠠᠷ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠠᠮᠤᠷ ᠲᠦᠪᠰᠢᠨ ᠤ ᠵᠥᠪᠰᠢᠶᠡᠷᠡᠯ ᠭᠤᠶᠤᠴᠢᠯᠠᠨ᠂ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠭᠠᠵᠤ ᠲᠠᠷᠬᠠᠭᠠᠵᠤ ᠶᠠᠪᠤᠭᠤᠯᠬᠤ ᠶᠢᠨ ᠪᠡᠯᠡᠳᠬᠡᠯ ᠲᠥᠰᠥᠯ ᠢ ᠲᠣᠭᠲᠠᠭᠠᠵᠤ᠂ ᠭᠠᠯ ᠰᠡᠷᠭᠡᠶᠢᠯᠡᠵᠦ ᠤᠨᠲᠠᠷᠠᠭᠠᠬᠤ ᠶᠢ ᠬᠠᠮᠢᠶᠠᠷᠬᠤ ᠠᠵᠢᠯᠲᠠᠨ ᠪᠠ ᠭᠠᠯ ᠤᠨᠲᠠᠷᠠᠭᠠᠬᠤ ᠪᠠᠭᠠᠵᠢ ᠬᠡᠷᠡᠭᠰᠡᠯ ᠲᠣᠬᠢᠷᠠᠭᠤᠯᠵᠤ᠂ ᠲᠠᠷᠬᠠᠭᠠᠵᠤ ᠶᠠᠪᠤᠭᠤᠯᠬᠤ ᠶᠢᠨ ᠵᠠᠮ᠂ ᠠᠮᠤᠷ ᠲᠦᠪᠰᠢᠨ ᠭᠠᠷᠬᠤ ᠡᠭᠦᠳᠡ ᠪᠠ ᠭᠠᠯ ᠤᠨᠲᠠᠷᠠᠭᠠᠬᠤ ᠲᠡᠷᠭᠡ ᠶᠢᠨ ᠨᠡᠪᠲᠡᠷᠡᠬᠦ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠨ᠎ᠠ᠃ ᠭᠤᠣᠯᠯᠠᠨ ᠡᠷᠬᠢᠯᠡᠭᠰᠡᠨ ᠨᠢᠭᠡᠴᠢ ᠦᠭᠡᠢ ᠪᠣᠯ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠠᠵᠢᠯ ᠢ ᠠᠵᠢᠯᠯᠠᠭᠠᠨ ᠶᠠᠪᠤᠭᠤᠯᠤᠭᠰᠠᠨ ᠭᠠᠵᠠᠷ ᠤᠨ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠠᠴᠠ ᠬᠠᠷᠢᠭᠤᠴᠠᠨ᠎ᠠ᠃

      ᠵᠢᠷᠭᠤᠳᠤᠭᠠᠷ ᠪᠦᠯᠦᠭ  ᠳᠠᠭᠠᠯᠳᠤᠭᠤᠯᠤᠯ ᠳᠦᠷᠢᠮ

      ᠭᠤᠴᠢ ᠶᠢᠰᠦᠳᠦᠭᠡᠷ ᠵᠦᠢᠯ  ᠲᠣᠰ ᠲᠣᠭᠲᠠᠭᠠᠯ ᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ︽ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠦᠰᠦᠭ ﹇2006﹈ 389 ᠳ᠋ᠦ᠋ᠭᠡᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ