ᠬᠤᠷᠴᠢᠨ ᠤ ᠡᠯᠡᠰᠦ ᠶᠢ ᠰᠥᠨᠥᠭᠡᠬᠦ ᠳᠠᠶᠢᠯᠠᠯᠳᠤᠭᠠᠨ ᠤ ᠲᠤᠬᠠᠢ ᠶᠢᠨ ᠲᠠᠯᠠᠪᠠᠶ ᠶᠢᠨ ᠠᠬᠢᠭᠤᠯᠬᠤ ᠬᠤᠷᠠᠯ ᠲᠦᠩᠯᠢᠶᠣᠣ ᠬᠤᠲᠠ ᠳᠤ ᠬᠤᠷᠠᠯᠳᠤᠪᠠ  ᠳᠠᠶᠢᠴᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2023/10/26


      10 ᠳ᠋ᠤᠭᠠᠷ ᠰᠠᠷ᠎ᠠ ᠶᠢᠨ 23 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠴᠢᠨ ᠤ ᠡᠯᠡᠰᠦ ᠶᠢ ᠰᠥᠨᠥᠭᠡᠬᠦ ᠳᠠᠶᠢᠯᠠᠯᠳᠤᠭᠠᠨ ᠤ ᠲᠤᠬᠠᠢ ᠶᠢᠨ ᠲᠠᠯᠠᠪᠠᠶ ᠶᠢᠨ ᠠᠬᠢᠭᠤᠯᠬᠤ ᠬᠤᠷᠠᠯ ᠢ ᠲᠦᠩᠯᠢᠶᠣᠣ ᠬᠤᠲᠠᠨ᠎ᠠ ᠬᠤᠷᠠᠯᠳᠤᠭᠤᠯᠪᠠ ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠠᠢ ᠃

      ᠲᠤᠰ ᠤᠳᠠᠭᠠᠨ ᠤ ᠬᠤᠷᠠᠯ ᠳᠡᠭᠡᠷ᠎ᠡ ᠬᠤᠷᠴᠢᠨ ᠤ ᠡᠯᠡᠰᠦ ᠶᠢ ᠰᠥᠨᠥᠭᠡᠬᠦ ᠳᠠᠶᠢᠯᠠᠯᠳᠤᠭᠠᠨ ᠢ ᠰᠠᠶᠢᠲᠤᠷ ᠬᠢᠬᠦ ᠠᠵᠢᠯ ᠳᠤ ᠪᠣᠳᠠᠲᠠᠢ ᠪᠠᠶᠢᠷᠢᠯᠠᠭᠤᠯᠤᠯᠲᠠ ᠬᠢᠵᠦ᠂ ᠨᠡᠶᠢᠰᠯᠡᠯ ᠤᠨ ᠡᠯᠡᠰᠦᠨ ᠤ ᠡᠬᠢ ᠶᠢ ᠰᠥᠨᠥᠭᠡᠬᠦ ᠳᠠᠶᠢᠯᠠᠯᠳᠤᠭᠠᠨ᠂ ᠡᠯᠡᠰᠦᠨ ᠤ ᠡᠬᠢ ᠶᠢ ᠬᠡᠰᠡᠭᠯᠡᠨ ᠪᠦᠰᠡᠯᠡᠬᠦ ᠳᠠᠶᠢᠯᠠᠯᠳᠤᠭᠠᠨ᠂ ᠨᠣᠭᠤᠭᠠᠷᠠᠭᠤᠯᠤᠯᠲᠠ ᠶᠢ ᠨᠡᠮᠡᠭᠳᠡᠭᠦᠯᠦᠨ ᠴᠢᠨᠠᠷ ᠢ  ᠨᠢ ᠰᠠᠶᠢᠵᠢᠷᠠᠭᠤᠯᠵᠤ ᠬᠠᠮᠠᠭᠠᠯᠠᠬᠤ ᠳᠠᠶᠢᠯᠠᠯᠳᠤᠭᠠᠨ ᠵᠡᠷᠭᠡ 3 ᠳᠠᠶᠢᠯᠠᠯᠳᠤᠭᠠᠨ ᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠯᠠᠭᠤᠯᠵᠤ᠂ ᠡᠯᠡᠰᠦᠷᠬᠡᠭᠵᠢᠭᠰᠡᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠂ ᠡᠯᠡᠰᠦᠷᠬᠡᠭ ᠪᠤᠰᠤ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢ ᠥᠳᠬᠡᠷᠡᠭᠦᠯᠵᠦ ᠥᠷᠭᠡᠳᠬᠡᠬᠦ ᠂ ᠵᠠᠰᠠᠭᠰᠠᠨ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠬᠦ ᠵᠡᠷᠭᠡ 10 ᠵᠦᠢᠯ ᠤᠨ ᠭᠤᠣᠯ ᠡᠭᠦᠷᠭᠡ ᠶᠢ ᠪᠠᠶᠢᠷᠢᠯᠠᠭᠤᠯᠤᠨ ᠬᠡᠷᠡᠭᠵᠢᠭᠦᠯᠵᠦ ᠂ 2030 ᠣᠨ ᠪᠣᠯᠬᠤ ᠳᠤ ᠡᠯᠡᠰᠦᠷᠬᠡᠭᠵᠢᠭᠰᠡᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠦᠭᠰᠡᠨ ᠭᠠᠵᠠᠷ 1100 ᠭᠠᠷᠤᠢ ᠲᠦᠮᠡᠨ ᠮᠦ ᠨᠡᠮᠡᠭᠳᠡᠭᠦᠯᠦᠨ᠂ ᠵᠠᠰᠠᠵᠤ ᠪᠣᠯᠬᠤ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠵᠠᠰᠠᠯᠲᠠ ᠶᠢᠨ ᠨᠤᠷᠮ᠎ᠠ ᠶᠢ 85%  ᠠᠴᠠ ᠳᠡᠭᠡᠭᠰᠢ  ᠪᠣᠯᠭᠠᠨ᠎ᠠ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ