– ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠪᠦᠭᠦ ᠣᠷᠣᠨ ᠤ ᠡᠨᠧᠷᠭᠢ ᠡᠬᠢ ᠪᠠᠶᠠᠯᠢᠭ ᠤᠨ ᠰᠢᠰᠲ᠋ᠧᠮ ᠳᠤ ᠴᠢᠩᠭ᠎ᠠ ᠲᠤᠰᠬᠠᠯ ᠭᠠᠷᠪᠠ
ᠣᠶᠢᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶ᠎ᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠳᠥᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠪᠠ᠃ ᠡᠨᠡ ᠪᠣᠯ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠪᠠᠰᠠ ᠨᠢᠭᠡ ᠤᠳᠠᠭ᠎ᠠ ᠶᠢᠨ ᠴᠢᠬᠤᠯᠠ ᠶᠡᠭᠡ ᠲᠦᠷᠦ ᠶᠢᠨ ᠪᠣᠳᠣᠯᠭ᠎ᠠ ᠶᠢᠨ ᠠᠵᠠ ᠲᠣᠭᠢᠶᠠᠯ᠂ ᠲᠡᠦᠬᠡ ᠶᠢᠨ ᠠᠵᠠ ᠲᠣᠭᠢᠶᠠᠯ ᠪᠣᠯᠣᠨ᠎ᠠ᠂ ᠡᠨᠡ ᠨᠢ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠠᠶᠢᠬᠤ ᠪᠠ ᠳᠣᠲᠣᠨᠣ ᠪᠠᠷ ᠬᠠᠯᠠᠮᠵᠢᠯᠠᠵᠤ ᠪᠠᠶᠢᠬᠤ ᠶᠢ ᠭᠦᠢᠴᠡᠳ ᠢᠯᠡᠷᠡᠭᠦᠯᠵᠦ᠂ ᠪᠦᠭᠦ ᠣᠷᠣᠨ ᠤ ᠡᠨᠧᠷᠭᠢ ᠡᠬᠢ ᠪᠠᠶᠠᠯᠢᠭ ᠤᠨ ᠰᠢᠰᠲ᠋ᠧᠮ ᠳᠤ ᠴᠢᠩᠭ᠎ᠠ ᠲᠤᠰᠬᠠᠯ ᠭᠠᠷᠭᠠᠵᠠᠢ᠃
︽ᠰᠠᠨᠠᠯ︾ ᠢ ᠳᠣᠷᠣᠭᠰᠢ ᠲᠠᠷᠬᠠᠭᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠬᠠᠯᠠᠭᠤᠨ ᠥᠷᠨᠢᠯᠲᠡ ᠭᠠᠷᠭᠠᠪᠠ᠃ ᠣᠯᠠᠨ ᠢᠶᠠᠷ ᠢᠶᠠᠨ᠄ ︽ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠦᠨᠡᠨ ᠬᠦ ᠰᠠᠶᠢᠲᠤᠷ ᠠᠳᠬᠤᠬᠤ ᠶᠠᠪᠤᠳᠠᠯ ᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠤᠯᠭᠠᠵᠤ᠂ ᠭᠤᠣᠯᠳᠠᠭᠤ ᠤᠯᠠᠮᠵᠢᠯᠠᠯᠲᠤ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠭᠦ᠂ ᠲᠣᠮᠣ ᠭᠡᠯᠪᠡᠷᠢ ᠶᠢᠨ ᠰᠠᠯᠬᠢᠨ ᠬᠦᠴᠦᠨ ᠴᠠᠭᠢᠯᠭᠠᠨ ᠭᠡᠷᠡᠯᠴᠢ ᠴᠡᠨᠡᠭ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠣᠳᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠬᠤ ᠵᠡᠷᠭᠡ ᠠᠵᠢᠯ ᠤᠨ ᠡᠭᠦᠷᠭᠡ ᠶᠢᠨ ᠲᠣᠭᠤᠷᠢᠨ ᠳᠤ᠂ ᠵᠦᠢᠯ ᠵᠤᠷᠪᠤᠰ ᠳᠠᠷᠠᠭᠠᠯᠠᠨ ᠪᠣᠳᠠᠲᠠᠢ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠡᠯ᠎ᠡ ᠵᠦᠢᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠭᠦᠢᠴᠡᠳ ᠬᠡᠷᠡᠭᠯᠡᠵᠦ᠂ ᠣᠲᠣ ᠦᠶ᠎ᠡ ᠶᠢᠨ ᠡᠨᠧᠷᠭᠢ ᠶᠢᠨ ᠠᠵᠤ ᠠᠬᠤᠢ ᠭᠡᠬᠦ ᠡᠨᠡ ᠬᠦ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠵᠢᠷᠤᠭᠯᠠᠵᠤ᠂ ᠤᠯᠤᠰ ᠤᠨ ᠴᠢᠬᠤᠯᠠ ᠡᠨᠧᠷᠭᠢ ᠶᠢᠨ ᠰᠠᠭᠤᠷᠢᠨ ᠢ ᠰᠠᠶᠢᠲᠤᠷ ᠪᠦᠲᠦᠭᠡᠨ ᠪᠠᠶᠢᠭᠤᠯᠵᠤ᠂ ᠡᠨᠧᠷᠭᠢ ᠶᠢᠨ ᠭᠤᠣᠯᠳᠠᠯᠭ᠎ᠠ ᠲᠠᠢ ᠠᠵᠤ ᠦᠢᠯᠡᠰ ᠢ ᠰᠠᠶᠢᠲᠤᠷ ᠬᠥᠭᠵᠢᠭᠦᠯᠵᠦ᠂ ᠠᠴᠢ ᠡᠨᠡᠷᠢᠯ ᠳᠤ ᠲᠠᠯᠠᠷᠬᠠᠬᠤ ᠰᠡᠳᠬᠢᠯ ᠪᠠ ᠡᠷᠡᠯᠬᠡᠭᠯᠡᠨ ᠤᠷᠤᠭᠰᠢᠯᠠᠬᠤ ᠵᠣᠷᠢᠭ ᠢᠶᠠᠷ ︽ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢᠨ ᠲᠥᠯᠥᠭᠡ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠰᠢᠨ᠎ᠡ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠳᠬᠡᠵᠡᠭᠡᠪᠡ᠃
︽︿ᠰᠠᠨᠠᠯ﹀ ᠳᠤ ᠰᠢᠨ᠎ᠡ ᠭᠡᠯᠪᠡᠷᠢ ᠶᠢᠨ ᠡᠨᠧᠷᠭᠢ ᠶᠢᠨ ᠰᠢᠰᠲ᠋ᠧᠮ ᠢ ᠪᠠᠶᠢᠭᠤᠯᠵᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠴᠢᠩᠭᠠᠷᠠᠭᠤᠯᠤᠨ᠎ᠠ ᠭᠡᠵᠦ ᠳᠤᠷᠠᠳᠴᠠᠢ᠂ ᠡᠨᠡ ᠨᠢ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠠᠷᠠᠯᠲᠠ ᠶᠢ ᠲᠣᠭᠲᠠᠭᠠᠨ ᠥᠭᠴᠦ᠂ ᠰᠢᠨ᠎ᠡ ᠡᠭᠦᠷᠭᠡ ᠶᠢ ᠪᠠᠶᠢᠷᠢᠯᠠᠭᠤᠯᠵᠠᠢ᠃ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠾᠧ ᠢᠦᠢ ᠴᠦᠨ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠴᠤᠷ ᠤᠨ ᠭᠠᠭᠴᠠ ᠲᠣᠮᠣ ᠭᠡᠯᠪᠡᠷᠢ ᠶᠢᠨ ᠡᠨᠧᠷᠭᠢ ᠶᠢᠨ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠬᠢᠨ ᠭᠤᠣᠯ ᠬᠠᠷᠢᠭᠤᠴᠠᠯᠭ᠎ᠠ ᠭᠤᠣᠯ ᠠᠵᠢᠯ ᠳᠠᠭᠠᠨ ᠠᠩᠬᠠᠷᠤᠯ ᠢᠶᠠᠨ ᠲᠥᠪᠯᠡᠷᠡᠭᠦᠯᠬᠦ ᠶᠢ ᠦᠷᠭᠦᠯᠵᠢᠯᠡᠨ ᠪᠠᠷᠢᠮᠲᠠᠯᠠᠵᠤ᠂ ᠰᠢᠨ᠎ᠡ ᠡᠨᠧᠷᠭᠢ᠂ ᠢᠯᠴᠢ ᠶᠢᠨ ᠴᠠᠭᠢᠯᠭᠠᠨ᠂ ᠢᠯᠴᠢ ᠬᠠᠩᠭᠠᠯᠭ᠎ᠠ᠂ ᠨᠡᠭᠦᠷᠡᠰᠦ ᠵᠡᠷᠭᠡ ᠲᠠᠯ᠎ᠠ ᠪᠠᠷ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠲᠦᠷᠭᠡᠳᠬᠡᠨ᠎ᠡ᠃ ᠰᠢᠨ᠎ᠡ ᠡᠨᠧᠷᠭᠢ ᠶᠢ ᠶᠡᠭᠡ ᠪᠠᠷ ᠬᠥᠭᠵᠢᠭᠦᠯᠵᠦ᠂ ᠲᠡᠷᠢᠭᠦᠨ ᠤ ᠰᠢᠨ᠎ᠡ ᠭᠡᠯᠪᠡᠷᠢ ᠶᠢᠨ ᠳᠡᠭᠡᠳᠦ ᠲᠡᠰ ᠤᠨ ᠪᠣᠬᠢᠷᠳᠤᠯ ᠦᠭᠡᠢ ᠣᠶᠤᠨᠲᠤ ᠴᠠᠭᠢᠯᠭᠠᠨ ᠤ ᠦᠢᠯᠡᠳᠪᠦᠷᠢ ᠶᠢ ᠪᠦᠲᠦᠭᠡᠨ ᠪᠠᠶᠢᠭᠤᠯᠵᠤ᠂ ᠨᠡᠭᠦᠷᠡᠰᠦ ᠴᠠᠭᠢᠯᠭᠠᠨ ᠤ ᠮᠠᠰᠢᠨ ᠴᠣᠭᠴᠠᠯᠠᠪᠤᠷᠢ ᠶᠢᠨ ︽ᠭᠤᠷᠪᠠᠨ ᠥᠭᠡᠷᠡᠴᠢᠯᠡᠯᠲᠡ ᠶᠢ ᠬᠤᠯᠪᠣᠯᠳᠤᠭᠤᠯᠬᠤ︾ ᠶᠢ ᠲᠦᠷᠭᠡᠳᠬᠡᠨ ᠬᠡᠷᠡᠭᠵᠢᠭᠦᠯᠵᠦ᠂ ᠢᠯᠴᠢ ᠶᠢᠨ ᠲᠣᠣᠷ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠬᠡᠷᠡᠭᠴᠡᠭᠡ ᠪᠠᠷ ᠢᠯᠴᠢ ᠬᠠᠩᠭᠠᠬᠤ ᠪᠠ ᠣᠨᠣᠴᠠᠲᠠᠢ ᠪᠠᠷ ᠢᠯᠴᠢ ᠬᠠᠩᠭᠠᠬᠤ ᠶᠢ ᠪᠡᠶᠡᠯᠡᠭᠦᠯᠵᠦ᠂ ᠡᠨᠧᠷᠭᠢ ᠶᠢᠨ ᠬᠤᠷᠣᠭᠳᠠᠯ ᠢ ᠶᠡᠭᠡ ᠪᠠᠷ ᠪᠠᠭᠠᠰᠬᠠᠨ᠎ᠠ᠃ ᠣᠶᠤᠨᠴᠢᠯᠠᠭᠰᠠᠨ ᠠᠭᠤᠷᠬᠠᠢ ᠶᠢᠨ ᠬᠤᠳᠳᠤᠭ ᠢ ᠪᠦᠲᠦᠭᠡᠨ ᠪᠠᠶᠢᠭᠤᠯᠵᠤ᠂ ᠨᠡᠭᠦᠷᠡᠰᠦ ᠶᠢ ᠴᠡᠪᠡᠷ ᠪᠥᠭᠡᠳ ᠥᠨᠳᠥᠷ ᠪᠦᠲᠦᠮᠵᠢᠲᠡᠶ ᠠᠰᠢᠭᠯᠠᠬᠤ ᠶᠢ ᠴᠢᠩᠭᠠᠳᠬᠠᠨ᠂ ᠡᠨᠧᠷᠭᠢ ᠶᠢᠨ ᠬᠠᠩᠭᠠᠯᠭ᠎ᠠ ᠶᠢ ︽ᠬᠠᠩᠭᠠᠵᠤ ᠳᠡᠶᠢᠯᠭᠦ︾ ᠪᠠᠶᠢᠭᠰᠠᠨ ᠠᠴᠠ ︽ᠰᠠᠶᠢᠲᠤᠷ ᠬᠠᠩᠭᠠᠵᠤ ᠳᠡᠶᠢᠯᠭᠦ︾ ᠲᠡᠶᠢᠰᠢ ᠬᠤᠪᠢᠷᠠᠭᠤᠯᠬᠤ ᠶᠢ ᠢᠳᠡᠪᠬᠢᠲᠡᠢ ᠠᠬᠢᠭᠤᠯᠵᠤ᠂ ᠦᠷ᠎ᠡ ᠠᠰᠢᠭ ᠢᠶᠠᠷ ᠰᠢᠯᠢᠳᠡᠭ ᠰᠠᠶᠢᠨ᠂ ᠬᠠᠮᠢᠶᠠᠷᠤᠯᠲᠠ ᠵᠢᠷᠤᠮᠵᠢᠭᠤᠨ᠂ ᠠᠮᠤᠷ ᠲᠦᠪᠰᠢᠨ ᠪᠣᠯᠪᠠᠰᠤᠨ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ︽ᠥᠪᠥᠷ ᠮᠣᠩᠭᠤᠯ︾ ᠨᠡᠷᠡᠮᠵᠢᠳᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠰᠢᠨ᠎ᠡ ᠬᠡᠪ ᠳᠠᠭᠤᠷᠢᠶᠠᠯ ᠢ ᠪᠤᠶ ᠪᠤᠯᠭᠠᠵᠤ᠂ ᠰᠢᠨ᠎ᠡ ᠡᠨᠧᠷᠭᠢ ᠪᠠᠷ ᠭᠤᠣᠯ ᠪᠤᠯᠭᠠᠬᠰᠠᠨ ᠲᠡᠷᠢᠭᠦᠨ ᠵᠡᠷᠭᠡ ᠶᠢᠨ ᠤᠳᠤ ᠦᠶ᠎ᠡ ᠶᠢᠨ ᠡᠨᠧᠷᠭᠢ ᠶᠢᠨ ᠬᠦᠴᠦᠷᠬᠡᠭ ᠠᠵᠤ ᠠᠬᠤᠶᠢᠯᠠᠯ ᠢ ᠲᠦᠷᠭᠡᠨ ᠪᠠᠶᠢᠭᠤᠯᠵᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤᠮᠳᠠ ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠪᠣᠯᠵᠤ᠂ ᠰᠢᠨ᠎ᠡ ᠭᠠᠪᠢᠶ᠎ᠠ ᠪᠠᠶᠢᠭᠤᠯᠬᠤ ᠪᠠᠷ ᠴᠢᠷᠮᠠᠶᠢᠨ᠎ᠠ ᠭᠡᠵᠦ ᠬᠡᠯᠡᠪᠡ᠃
ᠦᠬᠠᠢ ᠬᠤᠲᠠ ᠶᠢᠨ ᠤᠳᠠ ᠶᠢᠨ ᠲᠣᠬᠤᠢ ᠲᠣᠭᠤᠷᠢᠭ ᠤᠨ ᠬᠤᠸᠠᠩ ᠪᠠᠢ ᠽᠢ ᠠᠭᠤᠷᠬᠠᠢ ᠶᠢᠨ ᠦᠢᠯᠡᠰ ᠤᠨ ᠺᠤᠮᠫᠠᠨᠢ ᠶᠢᠨ ᠠᠭᠤᠷᠬᠠᠢ ᠶᠢᠨ ᠣᠷᠣᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠭᠦ ᠴᠡᠭ ᠤᠨ ᠲᠠᠪᠴᠠᠩ ᠳᠤ ᠵᠣᠭᠰᠣᠵᠤ᠂ ᠨᠢᠳᠦᠨ ᠡᠮᠦᠨᠡᠬᠢ ᠡᠮᠬᠢ ᠳᠢᠭᠯᠢᠮ ᠲᠠᠢ ᠡᠩᠨᠡᠷᠡᠨ ᠵᠢᠭᠰᠠᠭᠰᠠᠨ ᠨᠡᠷᠡᠨ ᠤ ᠡᠨᠧᠷᠭᠢ ᠶᠢᠨ ᠭᠡᠷᠡᠯᠴᠢ ᠴᠡᠨᠡᠭ ᠤᠨ ᠬᠠᠪᠲᠠᠰᠤ ᠶᠢ ᠬᠠᠷᠠᠭᠠᠳ᠂ ᠤᠯᠤᠰ ᠤᠨ ᠡᠨᠧᠷᠭᠢ ᠶᠢᠨ ᠪᠦᠯᠦᠭᠯᠡᠯ ᠤᠨ ᠦᠬᠠᠢ ᠶᠢᠨ ᠡᠨᠧᠷᠭᠢ ᠶᠢᠨ ᠺᠤᠮᠫᠠᠨᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠶᠡᠷᠦᠩᠬᠡᠢ ᠳᠠᠭᠠᠭᠠᠮᠠᠯ ᠵᠧᠦ ᠶᠦᠩ᠄ ︽ᠦᠬᠠᠢ ᠶᠢᠨ ᠡᠨᠧᠷᠭᠢ ᠶᠢᠨ ᠺᠤᠮᠫᠠᠨᠢ ᠨᠢ ᠥᠪᠥᠷ ᠮᠣᠩᠭᠤᠯ ᠳᠤ ᠪᠠᠶᠢᠭ᠎ᠠ ᠲᠥᠪ ᠤᠨ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠭᠠᠵᠠᠷ ᠣᠷᠣᠨ ᠤ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠴᠢᠬᠤᠯᠠ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ᠃ ︿ᠰᠠᠨᠠᠯ﹀ ᠳᠤ ᠠᠭᠤᠷᠬᠠᠢ ᠶᠢᠨ ᠡᠬᠢ ᠪᠠᠶᠠᠯᠢᠭ ᠢ ᠡᠮᠬᠢ ᠵᠢᠷᠤᠮ ᠲᠠᠢ ᠪᠠᠷ ᠨᠡᠭᠡᠭᠡᠨ ᠠᠰᠢᠭᠯᠠᠬᠤ ᠶᠢ ᠠᠬᠢᠭᠤᠯᠬᠤ᠂ ᠠᠭᠤᠷᠬᠠᠢ ᠶᠢᠨ ᠣᠷᠣᠨ ᠢ ᠵᠠᠰᠠᠵᠤ ᠰᠡᠷᠭᠦᠭᠡᠬᠦ ᠶᠢ ᠴᠢᠩᠭᠠᠳᠬᠠᠬᠤ ᠵᠡᠷᠭᠡ ᠲᠠᠯ᠎ᠠ ᠪᠠᠷ ᠲᠣᠳᠣᠷᠬᠠᠢ ᠪᠠᠶᠢᠷᠢᠯᠠᠭᠤᠯᠤᠯᠲᠠ ᠬᠢᠪᠡ᠃ ᠬᠤᠶᠢᠰᠢᠳᠠ᠂ ᠦᠬᠠᠢ ᠶᠢᠨ ᠡᠨᠧᠷᠭᠢ ᠶᠢᠨ ᠺᠤᠮᠫᠠᠨᠢ ︿ᠰᠠᠨᠠᠯ﹀ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠥᠰᠦᠯᠲᠡ ᠶᠢ ᠨᠡᠮᠡᠭᠳᠡᠭᠦᠯᠬᠦ ᠶᠢ ᠬᠠᠮᠵᠢᠯᠴᠠᠨ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠭᠦ ᠠᠵᠢᠯᠯᠠᠭ᠎ᠠ ᠶᠢ ᠲᠦᠷᠭᠡᠳᠬᠡᠨ ᠬᠡᠷᠡᠭᠵᠢᠭᠦᠯᠵᠦ᠂ ᠪᠣᠬᠢᠷᠳᠤᠯ ᠦᠭᠡᠢ ᠲᠡᠶᠢᠰᠢ ᠭᠡᠯᠪᠡᠷᠢ ᠶᠢ ᠬᠤᠪᠢᠷᠠᠭᠤᠯᠬᠤ᠂ ᠣᠯᠠᠨ ᠡᠰᠢᠵᠢᠭᠦᠯᠦᠨ ᠬᠥᠭᠵᠢᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠵᠤ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠴᠣᠭᠴᠠᠯᠠᠬᠤ ᠳᠤ ᠲᠥᠪ ᠤᠨ ᠠᠵᠤ ᠠᠬᠤᠶᠢᠯᠠᠯ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ︾ ᠭᠡᠪᠡ᠃
︽︿ᠰᠠᠨᠠᠯ﹀ ᠢ ᠨᠡᠶᠢᠲᠡᠯᠡᠭᠰᠡᠨ ᠨᠢ ᠡᠨᠡ ᠵᠢᠯ ᠶᠡᠷᠦᠩᠬᠡᠢ ᠱᠦᠵᠢ ᠰᠢ ᠶᠢᠨ ᠫᠢᠩ ᠥᠪᠡᠷ ᠤᠨ ᠪᠡᠶ᠎ᠡ ᠪᠠᠷ ᠢᠷᠡᠵᠤ ᠰᠢᠨᠵᠢᠯᠡᠨ ᠪᠠᠶᠢᠴᠠᠭᠠᠭᠰᠠᠨ ᠤ ᠳᠠᠷᠠᠭᠠᠬᠢ ᠥᠪᠥᠷ ᠮᠣᠩᠭᠤᠯ ᠤᠨ ᠪᠠᠰᠠ ᠨᠢᠭᠡᠨ ᠶᠡᠭᠡ ᠪᠠᠶᠠᠷ ᠲᠠᠢ ᠶᠠᠪᠤᠳᠠᠯ ᠪᠠᠶᠢᠵᠤ᠂ ᠪᠦᠭᠦ ᠣᠷᠣᠨ ᠤ ᠠᠵᠤ ᠠᠬᠤᠶᠢᠯᠠᠯ ᠤᠨ ᠠᠵᠢᠯ ᠬᠢᠵᠦ ᠦᠢᠯᠡᠰ ᠪᠣᠰᠬᠠᠬᠤ ᠬᠦᠴᠦᠷᠬᠡᠭ ᠶᠡᠭᠡ ᠬᠥᠳᠡᠯᠭᠡᠬᠦ ᠴᠢᠳᠠᠪᠤᠷᠢ ᠶᠢ ᠴᠢᠨᠠᠭᠰᠢᠳᠠ ᠬᠥᠭᠵᠢᠭᠡᠵᠦ᠂ ᠪᠢᠳᠡᠨ ᠢ ᠨᠠᠩ ᠢᠲᠡᠭᠡᠯ ᠲᠠᠢ᠂ ᠨᠠᠩ ᠢᠲᠠ ᠬᠦᠴᠦᠨ ᠲᠠᠢ᠂ ᠨᠠᠩ ᠡᠷᠴᠢ ᠵᠣᠷᠢᠭ ᠲᠠᠢ ᠪᠣᠯᠭᠠᠵᠠᠢ᠃ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠶᠢᠨ ᠲᠣᠨᠣᠭᠯᠠᠯ ᠤᠨ ᠠᠵᠤ ᠠᠬᠤᠶᠢᠯᠠᠯ ᠤᠨ ᠬᠡᠯᠬᠢᠶ᠎ᠡ ᠶᠢᠨ ᠭᠤᠣᠯ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠪᠢᠳᠡ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠨᠢ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂︿ᠰᠠᠨᠠᠯ﹀ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠠᠴᠢᠶ᠎ᠠ ᠪᠠᠨ ᠬᠥᠩᠭᠡᠯᠡᠨ᠂ ᠵᠣᠷᠢᠭᠲᠠᠢ ᠪᠠᠷ ᠬᠥᠭᠵᠢᠭᠦᠯᠵᠦ᠂ ᠨᠡᠭᠦᠷᠡᠰᠦᠲᠥ᠋ᠷᠥᠭᠴᠢ ᠪᠠᠭ᠎ᠠ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ᠂ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ᠂ ᠰᠢᠨ᠎ᠡ ᠡᠨᠧᠷᠭᠢ ᠶᠢᠨ ᠲᠣᠨᠣᠭᠯᠠᠯ ᠤᠨ ᠪᠦᠭᠦ ᠠᠵᠤ ᠦᠢᠯᠡᠰ ᠤᠨ ᠬᠡᠯᠬᠢᠶ᠎ᠡ ᠵᠡᠷᠭᠡ ᠲᠠᠯ᠎ᠠ ᠪᠠᠷ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠰᠢᠨ᠎ᠡ ᠶᠢ ᠡᠭᠦᠳᠬᠦ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠬᠦ ᠳᠤ ᠨᠠᠩ ᠶᠡᠭᠡ ᠬᠤᠪᠢ ᠨᠡᠮᠡᠷᠢ ᠦᠵᠡᠭᠦᠯᠵᠦ᠂ ᠨᠠᠩ ᠶᠡᠭᠡ ᠵᠢᠳᠬᠦᠯ ᠴᠢᠷᠮᠠᠶᠢᠯᠭ᠎ᠠ ᠭᠠᠷᠭᠠᠨ᠎ᠠ︾ ᠭᠡᠵᠦ ᠶᠤᠸᠠᠨ ᠵᠢᠩ ᠡᠨᠧᠷᠭᠢ ᠶᠢᠨ ᠺᠤᠮᠫᠠᠨᠢ ᠶᠢᠨ ᠳᠡᠳ᠋ ᠶᠡᠷᠦᠩᠬᠡᠢ ᠵᠠᠬᠢᠷᠤᠭᠴᠢ᠂ ᠶᠤᠸᠠᠨ ᠵᠢᠩ ᠤᠮᠠᠷᠠᠲᠤ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠶᠡᠷᠦᠩᠬᠡᠢ ᠳᠠᠭᠠᠭᠠᠮᠠᠯ ᠯᠢ ᠸᠧᠢ ᠬᠡᠯᠡᠪᠡ᠃
ᠣᠳᠣ᠂ ᠪᠤᠭᠤᠲᠤ ᠬᠤᠳᠠ ᠶᠢᠨ ᠠᠨ ᠳ᠋ᠧ ᠰᠢ ᠨᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠤᠮᠫᠠᠨᠢ ᠶᠢᠨ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠢ ᠣᠨᠳᠣᠣᠰᠢᠭᠤᠯᠬᠤ ᠰᠠᠭᠤᠷᠢᠨ ᠤ ᠲᠦᠷᠦᠯ ᠵᠦᠢᠯ ᠤᠨ ᠠᠬᠤᠢ ᠲᠠᠯᠠᠪᠠᠢ ᠳᠤ᠂ ᠠᠵᠢᠯᠴᠢᠳ ᠠᠵᠢᠯ ᠤᠨ ᠬᠤᠭᠤᠴᠠᠭ᠎ᠠ ᠶᠢ ᠠᠮᠵᠢᠭᠤᠯᠬᠤ ᠶᠢᠨ ᠲᠥᠯᠥᠭᠡ ᠶᠠᠭᠠᠷᠠᠯᠲᠠᠢ ᠠᠵᠢᠯᠵᠠᠭᠠᠨᠠ᠃ ᠺᠤᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠵᠠᠩ ᠵᠢᠶᠦ᠋ᠨ᠄ ︽︿ᠰᠠᠨᠠᠯ﹀ ᠳᠤ᠂ ᠬᠤᠪᠣᠷ ᠰᠢᠷᠣᠢ ᠵᠡᠷᠭᠡ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠴᠢᠩᠭᠠᠳᠬᠠᠵᠤ᠂ ᠴᠤᠯ ᠴᠡᠪᠡᠷ ᠬᠤᠪᠣᠷ ᠰᠢᠷᠣᠢ ᠶᠢᠨ ᠲᠡᠮᠦᠷᠯᠢᠭ᠂ ᠥᠨᠳᠥᠷ ᠴᠢᠳᠠᠪᠬᠢᠲᠤ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ᠂ ᠳᠡᠭᠡᠳᠦ ᠴᠢᠳᠠᠪᠬᠢᠲᠤ ᠭᠢᠯᠠᠶᠢᠯᠭᠠᠬᠤ ᠮᠡᠷᠭᠡᠵᠢᠯ ᠵᠡᠷᠭᠡ ᠳᠡᠭᠡᠳᠦ ᠲᠠᠰ ᠤᠨ ᠬᠤᠪᠣᠷ ᠰᠢᠷᠣᠢ ᠶᠢᠨ ᠴᠢᠳᠠᠮᠵᠢᠲᠤ ᠮᠠᠲ᠋ᠧᠷᠢᠶᠠᠯ ᠢ ᠲᠦᠷᠭᠡᠳᠬᠡᠨ ᠬᠥᠭᠵᠢᠭᠦᠯᠵᠦ᠂ ᠬᠤᠪᠣᠷ ᠰᠢᠷᠣᠢ ᠶᠢᠨ ᠲᠦᠷᠭᠡᠳᠬᠡᠬᠦ ᠮᠠᠲ᠋ᠧᠷᠢᠶᠠᠯ ᠢ ᠪᠣᠯᠣᠳ ᠲᠡᠮᠦᠷ᠂ ᠱᠦᠢᠨᠢ᠂ ᠰᠢᠯ᠂ ᠮᠠᠰᠢᠨ ᠲᠡᠷᠭᠡ᠂ ᠢᠯᠴᠢ ᠶᠢᠨ ᠴᠠᠭᠢᠯᠭᠠᠨ ᠵᠡᠷᠭᠡ ᠠᠵᠢᠯ ᠲᠥᠷᠥᠯ ᠳᠤ ᠬᠡᠷᠡᠭᠯᠡᠬᠦ ᠶᠢ ᠥᠷᠭᠡᠳᠬᠡᠨ᠎ᠡ᠃ ᠡᠨᠡ ᠨᠢ ᠪᠢᠳᠡᠨ ᠤ ᠡᠷᠴᠢ ᠵᠣᠷᠢᠭ ᠢ ᠬᠥᠪᠴᠢᠯᠡᠵᠦ᠂ ᠮᠠᠰᠢ ᠶᠡᠭᠡ ᠵᠣᠷᠢᠭᠵᠢᠭᠤᠯᠤᠯ ᠪᠣᠯᠵᠠᠢ᠂ ᠲᠠᠷᠠᠭᠠᠴᠢ ᠶᠢᠨ ᠠᠯᠬᠤᠮ ᠳᠤ᠂ ᠪᠢᠳᠡ ︽ᠰᠠᠨᠠᠯ ᠢ ᠲᠡᠷᠡ ᠶᠣᠰᠣᠭᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠠᠭ ᠪᠢᠳᠡᠨ ᠢ ᠬᠦᠯᠢᠶᠡᠬᠦ ᠦᠭᠡᠢ ᠭᠡᠬᠦ ᠡᠭᠦᠷᠭᠡ ᠬᠠᠷᠢᠭᠤᠴᠠᠯᠭᠠᠲᠤ ᠰᠡᠳᠬᠢᠯᠭᠡ᠂ ᠲᠤᠯᠭᠠᠮ ᠰᠡᠳᠬᠢᠯᠭᠡ ᠪᠠᠷ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠯᠬᠤᠮ ᠢ ᠲᠦᠷᠭᠡᠳᠬᠡᠵᠦ᠂ ᠡᠷᠲᠡᠬᠡᠨ ᠦᠢᠯᠡᠳᠪᠦᠷᠢᠯᠡᠯ ᠳᠤ ᠣᠷᠣᠭᠤᠯᠵᠤ ᠦᠷ᠎ᠡ ᠪᠦᠳᠦᠮᠵᠢ ᠣᠯᠬᠤ ᠪᠠᠷ ᠴᠢᠷᠮᠠᠶᠢᠵᠤ᠂ ᠬᠤᠪᠣᠷ ᠰᠢᠷᠣᠢ ᠶᠢᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤ ᠬᠦᠴᠦᠨ ᠨᠡᠮᠡᠷᠢᠯᠡᠨ᠎ᠡ︾ ᠭᠡᠵᠡᠢ᠃