– ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠪᠦᠭᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠳᠤ ᠴᠢᠩᠭ᠎ᠠ ᠲᠤᠰᠬᠠᠯ ᠭᠠᠷᠪᠠ
ᠣᠶᠢᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶ᠎ᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠳᠥᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠪᠠ᠂ ᠡᠨᠡ ᠨᠢ ᠮᠠᠨ ᠤ ᠣᠷᠣᠨ ᠤ ᠬᠥᠭᠵᠢᠯᠲᠡ ᠶᠢᠨ ᠲᠡᠦᠬᠡᠨ ᠳᠤ ᠬᠥᠰᠢᠶ᠎ᠡ ᠲᠡᠮᠳᠡᠭ ᠤᠨ ᠴᠢᠨᠠᠷᠲᠠᠢ ᠠᠴᠢ ᠬᠤᠯᠪᠣᠭᠳᠠᠯ ᠲᠠᠢ ᠶᠤᠮ᠃ ᠪᠦᠭᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠳᠤ ︽ᠰᠠᠨᠠᠯ︾ ᠶᠢ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠠᠯᠠᠭᠤᠨ ᠥᠷᠨᠢᠯᠲᠡ ᠲᠦᠷᠭᠡᠨ ᠭᠠᠷᠴᠤ᠂ ᠣᠯᠠᠨ ᠢᠶᠠᠷ ᠢᠶᠠᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠷ ᠲᠡᠦᠬᠡ ᠶᠢᠨ ᠠᠵᠠ ᠲᠣᠭᠢᠶᠠᠯ ᠢ ᠴᠢᠩᠭ᠎ᠠ ᠠᠳᠬᠤᠵᠤ᠂ ᠵᠣᠷᠢᠭᠲᠠᠢ ᠪᠠᠷ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃
︽ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠪᠣᠯ ︿ᠰᠠᠨᠠᠯ﹀ ᠳᠤ ᠪᠠᠶᠢᠷᠢᠯᠠᠭᠤᠯᠤᠭᠰᠠᠨ ᠭᠤᠣᠯ ᠡᠭᠦᠷᠭᠡ ᠶᠢᠨ ᠨᠢᠭᠡ ᠪᠣᠯᠣᠨ᠎ᠠ᠃ ᠪᠢᠳᠡ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠰᠠᠬᠢᠨ ᠬᠠᠮᠠᠭᠠᠯᠠᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠠᠮᠢ ᠠᠬᠤᠢ ᠶᠢᠨ ᠴᠠᠭᠳᠠᠭᠠᠨ ᠤ ᠶᠠᠪᠤᠳᠠᠯ ᠤᠨ ᠳᠠᠭᠠᠷᠢᠯᠲᠠ ᠰᠡᠷᠭᠡᠶᠢᠯᠡᠯᠲᠡ ᠶᠢᠨ ᠬᠠᠮᠵᠢᠯᠴᠠᠬᠤ ᠰᠢᠰᠲ᠋ᠧᠮ ᠢ ᠪᠦᠭᠦ ᠲᠠᠯ᠎ᠠ ᠪᠠᠷ ᠪᠠᠶᠢᠭᠤᠯᠵᠤ᠂ ︿ᠭᠤᠷᠪᠠᠨ ᠱᠤᠭᠤᠮ﹀ ᠢ ᠡᠷᠡᠰ ᠪᠠᠲᠤ ᠰᠠᠬᠢᠨ᠎ᠠ᠃ ᠨᠢᠭᠡ ᠳᠤ᠂ ᠣᠷᠴᠢᠨ ᠲᠣᠭᠤᠷᠢᠨ ᠤ ᠶᠠᠰᠤ ᠴᠢᠨᠠᠷ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠣᠷᠴᠢᠨ ᠲᠣᠭᠤᠷᠢᠨ ᠢ ᠪᠣᠬᠢᠷᠲᠤᠭᠤᠯᠬᠤ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠴᠢᠨᠠᠷ ᠰᠠᠶᠢᠲᠠᠢ ᠬᠥᠭᠵᠢᠯᠲᠡ ᠳᠤ ᠪᠣᠬᠢᠷᠳᠤᠯ ᠦᠭᠡᠢ ᠳᠡᠪᠢᠰᠬᠡᠷ ᠥᠩᠭᠡ ᠪᠠ ᠶᠠᠰᠤ ᠴᠢᠨᠠᠷ ᠤᠨ ᠬᠠᠷᠢᠴᠠᠯ ᠢ ᠨᠡᠮᠡᠷᠢᠯᠡᠨ᠎ᠡ᠃ ᠬᠤᠶᠠᠷ ᠲᠤ᠂ ᠡᠬᠢ ᠪᠠᠶᠠᠯᠢᠭ ᠢ ᠠᠰᠢᠭᠯᠠᠬᠤ ᠳᠡᠭᠡᠳᠦ ᠱᠤᠭᠤᠮ ᠢ ᠪᠠᠲᠤ ᠰᠠᠬᠢᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠡᠪᠳᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠡᠨᠧᠷᠭᠢ ᠶᠢᠨ ᠠᠮᠤᠷ ᠲᠦᠪᠰᠢᠨ ᠢ ᠬᠠᠮᠠᠭᠠᠯᠠᠨ᠎ᠠ᠃ ᠭᠤᠷᠪᠠ ᠳᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠤ ᠰᠠᠬᠢᠵᠤ᠂ ᠬᠤᠪᠣᠷ ᠨᠠᠨᠳᠢᠨ ᠮᠥᠬᠦᠬᠦ ᠰᠢᠬᠠᠭᠰᠠᠨ ᠬᠡᠭᠡᠷ᠎ᠡ ᠶᠢᠨ ᠠᠮᠢᠳᠠᠨ ᠳᠤ ᠬᠤᠣᠷ ᠬᠥᠨᠥᠭᠡᠯ ᠤᠴᠠᠷᠠᠭᠤᠯᠤᠭᠰᠠᠨ᠂ ᠬᠠᠤᠯᠢ ᠪᠤᠰᠤ ᠪᠠᠷ ᠠᠩ ᠠᠩᠨᠠᠭᠰᠠᠨ᠂ ᠡᠷᠲᠡᠨ ᠤ ᠮᠣᠳᠣ ᠨᠡᠷᠡᠳᠦ ᠮᠣᠳᠣ ᠶᠢ ᠡᠪᠳᠡᠭᠰᠡᠨ᠂ ᠤᠯᠤᠰ ᠤᠨ ᠭᠤᠣᠯᠳᠠᠯᠭ᠎ᠠ ᠲᠠᠢ ᠬᠠᠮᠠᠭᠠᠯᠠᠯᠲᠠ ᠶᠢᠨ ᠤᠷᠭᠤᠮᠠᠯ ᠳᠤ ᠬᠤᠣᠷ ᠬᠥᠨᠥᠭᠡᠯ ᠤᠴᠠᠷᠠᠭᠤᠯᠤᠭᠰᠠᠨ ᠵᠡᠷᠭᠡ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠠᠮᠢ ᠠᠬᠤᠢ ᠶᠢᠨ ᠰᠢᠰᠲ᠋ᠧᠮ ᠤᠨ ᠠᠮᠤᠷ ᠲᠦᠪᠰᠢᠨ ᠢ ᠬᠦᠴᠦᠯᠡᠨ ᠬᠠᠮᠠᠭᠠᠯᠠᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠣᠷᠴᠢᠨ ᠲᠣᠭᠤᠷᠢᠨ ᠢᠳᠡᠭᠡᠨ ᠡᠮ ᠤᠨ ᠵᠦᠢᠯᠡᠰ ᠢ ᠲᠤᠷᠰᠢᠨ ᠪᠠᠶᠢᠴᠠᠭᠠᠬᠤ ᠶᠡᠷᠦᠩᠬᠡᠢ ᠠᠩᠭᠢ ᠶᠢᠨ ᠶᠡᠷᠦᠩᠬᠡᠢ ᠠᠩᠭᠢ ᠶᠢᠨ ᠳᠠᠷᠤᠭ᠎ᠠ᠂ ᠤᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠢᠶᠣᠣ ᠬᠠᠢ ᠪᠢᠨ ᠬᠡᠯᠡᠪᠡ᠃
︽ᠰᠠᠨᠠᠯ︾ ᠢ ᠪᠠᠭᠤᠯᠭᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠰᠤᠷᠤᠯᠴᠠᠨ ᠲᠤᠭᠤᠰᠢᠯᠠᠭᠤᠯᠬᠤ ᠠᠵᠢᠯ ᠢ ᠦᠳᠲᠡᠷ ᠲᠦᠷᠭᠡᠨ ᠵᠣᠬᠢᠶᠠᠨ ᠪᠠᠶᠢᠭᠤᠯᠪᠠ᠃ ᠤᠯᠠᠨ ᠢᠶᠠᠷ ᠢᠶᠠᠨ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ᠂ ᠰᠢᠭᠦᠨ ᠲᠠᠰᠤᠯᠬᠤ ᠡᠭᠦᠷᠭᠡ ᠴᠢᠳᠠᠪᠬᠢ ᠶᠢᠨ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ︽ᠬᠤᠶᠠᠷ ᠬᠠᠯᠬᠠᠪᠴᠢ︾ ᠶᠢ ᠪᠠᠲᠤ ᠴᠣᠭᠴᠠᠯᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠨ᠎ᠡ᠃ ︽ᠬᠥᠯᠥᠨ ᠨᠠᠭᠤᠷ᠂ ᠤᠯᠠᠭᠠᠨᠰᠤᠬᠠᠢ᠂ ᠳᠠᠭ᠎ᠠ ᠶᠢᠨ ᠨᠠᠭᠤᠷ︾᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠡᠷᠴᠢᠮ ᠢ ᠴᠢᠩᠭᠠᠳᠬᠠᠵᠤ᠂ ᠣᠷᠴᠢᠨ ᠲᠣᠭᠤᠷᠢᠨ ᠤ ᠡᠬᠢ ᠪᠠᠶᠠᠯᠢᠭ ᠤᠨ ᠬᠡᠷᠡᠭ ᠢ ᠲᠥᠪᠯᠡᠷᠡᠭᠦᠯᠦᠨ ᠬᠠᠮᠢᠶᠠᠷᠤᠨ ᠬᠠᠷᠢᠶᠠᠯᠠᠬᠤ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡᠳᠦᠯᠲᠡᠢ ᠲᠥᠯᠥᠪᠵᠢᠭᠦᠯᠦᠨ ᠵᠠᠰᠠᠬᠤ ᠳᠤ ᠦᠢᠯᠡᠴᠢᠯᠡᠵᠦ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠰᠠᠶᠢᠲᠤᠷ ᠬᠢᠬᠦ ᠳᠤ ᠬᠦᠴᠦ ᠨᠡᠮᠡᠷᠢᠯᠡᠨ᠎ᠡ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠡᠷᠡᠰ ᠲᠤᠭᠤᠰᠢᠯᠠᠭᠤᠯᠵᠤ᠂ ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠠᠮᠤᠷ ᠲᠣᠭᠲᠠᠭᠤᠨ ᠢ ᠡᠷᠡᠰ ᠬᠠᠮᠠᠭᠠᠯᠠᠨ᠎ᠠ᠃ ᠵᠠᠷᠭᠤ ᠶᠢᠨ ᠡᠬᠢ ᠰᠤᠷᠪᠤᠯᠵᠢ ᠶᠢᠨ ᠵᠠᠰᠠᠯᠲᠠ ᠶᠢ ᠪᠣᠳᠠᠲᠠᠢ ᠬᠢᠵᠦ ᠰᠢᠯᠢᠳᠡᠭᠵᠢᠭᠦᠯᠦᠨ᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ + ᠰᠢᠭᠦᠬᠦ ᠬᠤᠷᠢᠶ᠎ᠠ︾ ᠶᠢᠨ ᠰᠢᠨ᠎ᠡ ᠵᠠᠭᠪᠤᠷ ᠢ ᠪᠦᠭᠦ ᠲᠠᠯ᠎ᠠ ᠪᠠᠷ ᠳᠡᠯᠭᠡᠷᠡᠭᠦᠯᠵᠦ᠂ ︽ᠤᠯᠤᠰ ᠲᠥᠷᠥ ᠶᠢᠨ ᠵᠥᠪᠯᠡᠯᠭᠡᠨ + ᠰᠢᠭᠦᠬᠦ ᠬᠤᠷᠢᠶ᠎ᠠ︾ ᠶᠢᠨ ᠤᠯᠠᠨ ᠡᠰᠢᠲᠦ ᠵᠢᠭᠤᠷᠠᠭᠠᠨ ᠢ ᠰᠢᠢᠳᠪᠦᠷᠢᠯᠡᠬᠦ ᠵᠠᠭᠪᠤᠷ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ︽ᠹᠧᠩ ᠴᠢᠶᠣᠤ ᠮᠠᠶ᠋ᠢᠭ ᠤᠨ ᠠᠷᠠᠳ ᠤᠨ ᠰᠢᠭᠦᠬᠦ ᠲᠢᠩᠬᠢᠮ︾ ᠢ ᠪᠠᠶᠢᠭᠤᠯᠵᠤ᠂ ᠤᠯᠠᠨ ᠡᠰᠢᠲᠦ ᠵᠢᠭᠤᠷᠠᠭᠠᠨ ᠢ ᠰᠢᠢᠳᠪᠦᠷᠢᠯᠡᠬᠦ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠰᠢᠭᠦᠬᠦ ᠬᠤᠷᠢᠶ᠎ᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠬᠦᠴᠦᠲᠡᠢ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠨ᠎ᠠ ᠭᠡᠵᠦ ᠢᠯᠡᠳᠬᠡᠵᠡᠭᠡᠪᠡ᠃
10 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ︽ᠰᠠᠨᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠲᠤᠰᠬᠠᠢ ᠰᠡᠳᠦᠪᠲᠦ ᠵᠢᠯᠣᠭᠤᠳᠤᠯᠭ᠎ᠠ ᠬᠢᠪᠡ᠃ ᠪᠠᠶᠢᠴᠠᠭᠠᠬᠤ ᠺᠠᠳ᠋ᠷ ᠴᠠᠭᠳᠠᠭ᠎ᠠ ᠨᠠᠷ᠂ ︽ᠰᠠᠨᠠᠯ︾ ᠪᠣᠯ ᠮᠠᠨ ᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠵᠢᠯᠤᠭᠤᠳᠬᠤ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠮᠥᠨ᠂ ᠥᠪᠥᠷ ᠮᠣᠩᠭᠤᠯ ᠤᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ ᠥᠭᠭᠦᠭᠰᠡᠨ ᠢᠶᠠᠷ ᠪᠠᠷᠠᠬᠤ ᠦᠭᠡᠢ ᠪᠠᠰᠠ ᠪᠠᠶᠢᠴᠠᠭᠠᠬᠤ ᠪᠠᠶᠢᠭᠤᠯᠭ᠎ᠠ ᠳᠤ ᠨᠡᠩ ᠬᠦᠨᠳᠦ ᠤᠯᠤᠰ ᠲᠦᠷᠦ ᠶᠢᠨ ᠬᠠᠷᠢᠭᠤᠴᠠᠯᠭ᠎ᠠ ᠳᠠᠭᠠᠭᠠᠯᠭᠠᠵᠠᠢ᠃ ᠤᠯᠠᠨ ᠢᠶᠠᠷ ᠢᠶᠠᠨ᠂ ᠢᠳᠡᠪᠬᠢᠲᠡᠢ ᠠᠵᠢᠯᠯᠠᠵᠤ᠂ ᠬᠠᠮᠤᠭ ᠤᠨ ᠡᠷᠡᠰ ᠣᠪᠣᠷ᠂ ᠬᠠᠮᠤᠭ ᠤᠨ ᠪᠣᠳᠠᠲᠠᠢ ᠶᠢ ᠡᠷᠬᠢᠮᠯᠡᠭᠰᠡᠨ ᠠᠷᠭ᠎ᠠ ᠪᠠᠷᠢᠯ ᠪᠠ ᠬᠠᠮᠤᠭ ᠤᠨ ᠬᠦᠴᠦᠲᠡᠢ ᠠᠵᠢᠯᠯᠠᠭ᠎ᠠ ᠪᠠᠷ ᠢᠶᠠᠨ ︽ᠳᠦᠷᠪᠡᠨ ᠶᠡᠭᠡ ᠪᠠᠶᠢᠴᠠᠭᠠᠬᠤ ᠠᠵᠢᠯ︾ ᠤᠨ ᠡᠭᠦᠷᠭᠡ ᠴᠢᠳᠠᠪᠬᠢ ᠪᠠᠨ ᠭᠦᠢᠴᠡᠳ ᠪᠠᠳᠠᠷᠠᠭᠤᠯᠵᠤ᠂ ᠪᠠᠶᠢᠴᠠᠭᠠᠬᠤ ᠺᠠᠳ᠋ᠷ ᠴᠠᠭᠳᠠᠭ᠎ᠠ ᠶᠢᠨ ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠡᠭᠦᠷᠭᠡᠯᠡᠯ ᠢᠶᠠᠨ ᠢᠯᠡᠷᠡᠭᠦᠯᠦᠨ᠎ᠡ᠃ ᠡᠭᠦᠨ ᠤ ᠬᠠᠮᠲᠤ᠂ ᠪᠦᠭᠦ ᠣᠷᠣᠨ ᠤ ᠪᠠᠶᠢᠴᠠᠭᠠᠬᠤ ᠪᠠᠶᠢᠭᠤᠯᠭ᠎ᠠ ︽ᠰᠠᠨᠠᠯ︾ ᠳᠤ ᠳᠤᠷᠠᠳᠤᠭᠰᠠᠨ ᠲᠤᠯᠤᠭᠠᠨ ᠲᠠᠯ᠎ᠠ ᠶᠢᠨ ᠭᠤᠣᠯ ᠡᠭᠦᠷᠭᠡ ᠶᠢᠨ ᠲᠣᠭᠤᠷᠢᠨ ᠳᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠶᠣᠰᠣᠭᠠᠷ ᠰᠠᠨᠠᠭᠠᠴᠢᠯᠠᠭ᠎ᠠ ᠠᠴᠠ ᠪᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠩᠭᠠᠳᠬᠠᠵᠤ᠂ ᠨᠠᠩ ᠰᠢᠯᠢᠳᠡᠭ ᠪᠠᠶᠢᠴᠠᠭᠠᠬᠤ ᠠᠵᠢᠯ ᠤᠨ ᠠᠮᠵᠢᠯᠲᠠ ᠪᠦᠲᠦᠮᠵᠢ ᠪᠠᠷ ᠢᠶᠠᠨ ᠥᠪᠥᠷ ᠮᠣᠩᠭᠤᠯ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠠᠤᠭ᠎ᠠ ᠲᠥᠰᠥᠪ ᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠵᠡᠭᠡᠪᠡ᠃
ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠨᠠᠮ ᠤᠨ ᠭᠡᠰᠢᠭᠦᠨ ᠺᠠᠳ᠋ᠷᠴᠤᠳ᠂ ︽ᠰᠠᠨᠠᠯ︾ ᠤᠨ ᠵᠣᠷᠢᠭ ᠰᠠᠨᠠᠭ᠎ᠠ ᠶᠢ ᠭᠦᠨᠵᠡᠭᠡᠢ ᠰᠢᠰᠲ᠋ᠧᠮ ᠲᠠᠢ ᠰᠤᠷᠤᠯᠴᠠᠵᠤ᠂ ᠵᠠᠰᠠᠭ ᠵᠠᠬᠢᠷᠭᠠᠨ ᠤ ᠬᠠᠤᠯᠢ ᠲᠣᠭᠲᠠᠭᠠᠬᠤ ᠶᠠᠰᠤ ᠴᠢᠨᠠᠷ ᠢ ᠳᠡᠭᠡᠭᠰᠢᠯᠡᠭᠦᠯᠭᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠬᠤ᠂ ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠬᠦ᠂ ᠬᠠᠤᠯᠢᠵᠢᠭᠰᠠᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠭᠦ᠂ ᠭᠠᠳᠠᠭᠠᠳᠤ ᠳᠤ ᠬᠤᠯᠪᠣᠭᠳᠠᠬᠤ ᠬᠠᠤᠯᠢᠵᠢᠯ ᠤᠨ ᠠᠵᠢᠯ ᠤᠨ ᠲᠦᠪᠰᠢᠨ ᠢ ᠳᠡᠭᠡᠭᠰᠢᠯᠡᠭᠦᠯᠭᠦ ᠵᠡᠷᠭᠡ ᠲᠠᠯ᠎ᠠ ᠪᠠᠷ ᠳᠠᠷᠤᠯᠲᠠ ᠪᠠᠨ ᠨᠡᠮᠡᠭᠳᠡᠭᠦᠯᠦᠨ ᠬᠦᠴᠦᠯᠡᠵᠦ᠂ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠳᠤ ᠲᠠᠯᠠᠷᠬᠠᠬᠤ ᠰᠡᠳᠬᠢᠯᠭᠡ ᠪᠠᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠬᠦ᠂ ᠠᠴᠢ ᠬᠠᠷᠢᠭᠤᠯᠵᠤ ᠡᠷᠡᠮᠡᠬᠡᠶᠢᠯᠡᠨ ᠤᠷᠤᠭᠰᠢᠯᠠᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠤᠨ᠎ᠠ᠃ ᠡᠭᠦᠨ ᠤ ᠬᠠᠮᠲᠤ᠂ ᠪᠦᠭᠦ ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠬᠢᠨ ᠬᠠᠤᠯᠢᠵᠢᠯ ᠤᠨ ᠪᠠᠶᠢᠭᠤᠯᠤᠯᠲᠠ ᠶᠢ ᠱᠠᠯᠠᠪᠳᠠᠭᠤᠯᠤᠨ ᠪᠠᠶᠢᠴᠠᠭᠠᠬᠤ ᠪᠠ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠳᠤᠮᠳᠠ ᠬᠤᠭᠤᠴᠠᠭᠠᠨ ᠤ ᠪᠠᠶᠢᠴᠠᠭᠠᠯᠲᠠ ᠦᠨᠡᠯᠡᠯᠲᠡ ᠶᠢᠨ ᠦᠷ᠎ᠡ ᠪᠦᠲᠦᠭᠡᠯ ᠤᠨ ᠬᠡᠷᠡᠭᠯᠡᠯᠲᠡ ᠶᠢ ᠭᠦᠨᠵᠡᠭᠡᠶᠢᠷᠡᠭᠦᠯᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ 2023 ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ︽ᠮᠢᠩᠭᠠᠨ ᠺᠠᠳ᠋ᠷ ᠴᠠᠭᠳᠠᠭ᠎ᠠ ᠦᠨᠳᠦᠰᠦᠨ ᠱᠠᠲᠤᠨ ᠳᠤ ᠪᠠᠭᠤᠬᠤ︾᠂ ︽ᠲᠦᠮᠡᠨ ᠬᠠᠤᠯᠢᠴᠢ ᠬᠥᠳᠡᠭᠡ ᠲᠣᠰᠬᠤᠨ ᠳᠤ ᠣᠴᠢᠬᠤ︾ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠪᠦᠭᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠪᠠ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠨ᠎ᠠ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃
ᠥᠪᠥᠷ ᠮᠣᠩᠭᠤᠯ ᠤᠨ ᠬᠢᠯᠢ ᠪᠠᠷ ᠭᠠᠷᠴᠤ ᠣᠷᠣᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠯᠲᠠ ᠶᠢᠨ ᠶᠡᠷᠦᠩᠬᠡᠢ ᠥᠷᠲᠡᠭᠡ ᠶᠢᠨ ᠥᠷᠭᠡᠨ ᠣᠯᠠᠨ ᠠᠷᠠᠳ ᠤᠨ ᠴᠠᠭᠳᠠᠭ᠎ᠠ᠂ ︽ᠰᠠᠨᠠᠯ︾ ᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠥᠪᠥᠷ ᠮᠣᠩᠭᠤᠯ ᠤᠨ ᠬᠥᠭᠵᠢᠯᠲᠡ ᠪᠦᠲᠦᠭᠡᠨ ᠪᠠᠶᠢᠭᠤᠯᠤᠯᠲᠠ ᠶᠢᠨ ᠲᠤᠬᠠᠢ ᠭᠦᠨ ᠵᠤᠵᠠᠭᠠᠨ ᠬᠠᠶᠢᠷ᠎ᠠ ᠬᠠᠯᠠᠮᠵᠢ ᠶᠢ ᠭᠦᠨᠵᠡᠭᠡᠢ ᠢᠯᠡᠷᠡᠭᠦᠯᠵᠦ᠂ ᠨᠡᠩ ᠴᠤ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠳᠠᠬᠢ ᠴᠢᠩ ᠰᠡᠳᠬᠢᠯ ᠤᠨ ᠬᠦᠰᠡᠯ ᠡᠷᠡᠮᠡᠯᠵᠡᠯ ᠢ ᠨᠠᠩ ᠠᠭᠤᠯᠵᠤ ᠪᠠᠶᠢᠨ᠎ᠠ ᠭᠡᠵᠦ ᠰᠠᠨᠠᠯ ᠨᠢᠭᠡᠲᠡᠢ ᠦᠵᠡᠪᠡ᠃ ᠣᠯᠠᠨ ᠢᠶᠠᠷ ᠢᠶᠠᠨ᠂ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠣᠯᠣᠨ ᠴᠢᠬᠤᠯᠠ ᠶᠡᠭᠡ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ ᠨᠠᠮ ᠤᠨ ᠤᠳᠤᠷᠢᠳᠤᠯᠭ᠎ᠠ ᠶᠢ ᠥᠪᠥᠷ ᠮᠣᠩᠭᠤᠯ ᠤᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠠᠵᠢᠯ ᠤᠨ ᠣᠳᠣᠬᠢᠴᠢᠯᠠᠯᠲᠠ ᠶᠢ ᠠᠬᠢᠭᠤᠯᠬᠤ ᠪᠦᠭᠦ ᠶᠠᠪᠤᠴᠠ ᠡᠯ᠎ᠡ ᠲᠠᠯ᠎ᠠ ᠳᠤ ᠢᠮᠠᠭᠲᠠ ᠲᠤᠭᠤᠰᠢᠯᠠᠭᠤᠯᠵᠤ᠂ ᠬᠢᠯᠢ ᠬᠢᠵᠠᠭᠠᠷ ᠤᠨ ᠪᠣᠰᠤᠭ᠎ᠠ ᠴᠣᠭᠴᠠᠲᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠪᠦᠭᠦ ᠬᠦᠴᠦ ᠪᠠᠷ ᠢᠶᠠᠨ ᠠᠬᠢᠭᠤᠯᠵᠤ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠶᠢ ᠴᠢᠩᠭᠠᠳᠬᠠᠵᠤ᠂ ︽ᠦᠵᠡᠯ ᠰᠠᠨᠠᠭ᠎ᠠ ᠪᠠᠷ ᠬᠢᠯᠢ ᠬᠢᠵᠠᠭᠠᠷ ᠢ ᠴᠣᠭᠴᠠᠯᠠᠬᠤ᠂ ᠵᠣᠬᠢᠶᠠᠨ ᠪᠠᠶᠢᠭᠤᠯᠤᠯᠲᠠ ᠪᠠᠷ ᠬᠢᠯᠢ ᠬᠢᠵᠠᠭᠠᠷ ᠢ ᠪᠠᠬᠢᠵᠢᠭᠦᠯᠬᠦ᠂ ᠠᠷᠠᠳ ᠢ ᠪᠠᠶᠠᠵᠢᠭᠤᠯᠤᠨ ᠬᠢᠯᠢ ᠬᠢᠵᠠᠭᠠᠷ ᠢ ᠬᠥᠭᠵᠢᠭᠦᠯᠬᠦ᠂ ᠬᠠᠪᠰᠤᠷᠤᠨ ᠲᠡᠳᠬᠦᠵᠦ ᠬᠢᠯᠢ ᠬᠢᠵᠠᠭᠠᠷ ᠢ ᠬᠦᠴᠦᠷᠬᠡᠭᠵᠢᠭᠦᠯᠬᠦ᠂ ᠬᠠᠮᠲᠤ ᠪᠠᠷ ᠪᠠᠶᠢᠭᠤᠯᠵᠤ ᠬᠢᠯᠢ ᠬᠢᠵᠠᠭᠠᠷ ᠢ ᠲᠣᠭᠲᠠᠭᠤᠨ ᠪᠠᠶᠢᠯᠭᠠᠬᠤ︾ ᠲᠠᠪᠤᠨ ᠬᠢᠯᠢ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠤᠨ᠎ᠠ ᠭᠡᠵᠦ ᠢᠯᠡᠳᠬᠡᠵᠡᠭᠡᠪᠡ᠃