ᠲᠦᠷᠦᠭᠦᠬᠡᠨ᠂ ᠲᠥᠷᠥ ᠶᠢᠨ ᠶᠠᠪᠤᠳᠠᠯ ᠤᠨ ᠬᠤᠷᠢᠶ᠎ᠠ ︽ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ ︾ ︵ ᠳᠣᠷᠣᠭᠰᠢ︽ ᠰᠠᠨᠠᠯ︾ ᠭᠡᠵᠦ ᠲᠣᠪᠴᠢᠯᠠᠨ᠎ᠠ ︶ ᠢ ᠳᠠᠷᠤᠮᠠᠯᠯᠠᠨ ᠲᠠᠷᠬᠠᠭᠠᠪᠠ᠃ ᠪᠠᠰᠠ ᠨᠢᠭᠡ ᠤᠳᠠᠭ᠎ᠠ ᠶᠢᠨ ᠴᠢᠬᠤᠯᠠ ᠶᠡᠭᠡ ᠲᠡᠦᠬᠡ ᠶᠢᠨ ᠠᠵᠠ ᠲᠣᠭᠢᠶᠠᠯ ᠤᠨ ᠡᠮᠦᠨ᠎ᠡ᠂ ᠪᠦᠭᠦ ᠣᠷᠣᠨ ᠤ ᠮᠠᠯ ᠠᠵᠤ ᠠᠬᠤᠢ ᠲᠠᠷᠢᠶᠠᠯᠠᠩ ᠤᠨ ᠰᠢᠰᠲ᠋ᠧᠮ ᠤᠨ ᠺᠠᠳ᠋ᠷ ᠠᠵᠢᠯᠲᠠᠨ ᠠᠵᠢᠯᠴᠢᠨ ᠬᠤᠶᠢᠨ᠎ᠠ ᠬᠤᠶᠢᠨ᠎ᠠ ᠠᠴᠠ ᠪᠠᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠭᠠᠪᠰᠢᠭᠠᠶᠢᠯᠠᠨ ᠠᠵᠢᠯᠯᠠᠵᠤ᠂ ᠣᠮᠤᠭ ᠵᠣᠷᠢᠭ ᠪᠠᠳᠠᠷᠠᠩᠭᠤᠢ ᠪᠠᠷ ᠡᠷᠡᠯᠬᠡᠭᠯᠡᠨ ᠴᠢᠷᠮᠠᠶᠢᠵᠤ ᠰᠢᠨ᠎ᠡ ᠵᠠᠮ ᠢ ᠨᠡᠭᠡᠭᠡᠵᠦ᠂ ᠮᠠᠯ ᠠᠵᠤ ᠠᠬᠤᠢ ᠲᠠᠷᠢᠶᠠᠯᠠᠩ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠴᠢᠷᠮᠠᠶᠢᠨ ᠳᠡᠭᠡᠭᠰᠢᠯᠡᠭᠦᠯᠦᠨ᠎ᠡ ᠭᠡᠵᠦ ᠢᠯᠡᠳᠬᠡᠵᠡᠭᠡᠪᠡ᠃
ᠪᠣᠳᠠᠲᠠᠢ ᠠᠵᠢᠯᠯᠠᠪᠠᠯ ᠰᠠᠶ᠋ᠢ ᠡᠮᠦᠨ᠎ᠡ ᠡᠩᠨᠡᠭᠡᠨ ᠳᠤ ᠶᠠᠪᠤᠵᠤ ᠴᠢᠳᠠᠨ᠎ᠠ᠃ ︽ᠰᠠᠨᠠᠯ︾ ᠨᠡᠶᠢᠲᠡᠯᠡᠭᠳᠡᠭᠰᠡᠨ ᠴᠢᠬᠤᠯᠠ ᠶᠡᠭᠡ ᠰᠠᠶᠢᠨ ᠴᠢᠮᠡᠭᠡ ᠶᠢ ᠰᠣᠨᠣᠰᠤᠭᠠᠳ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠭᠡᠰᠢᠭᠦᠨ ᠺᠠᠳ᠋ᠷᠴᠤᠳ᠂ ᠰᠢᠨ᠎ᠡ ᠵᠠᠮ ᠢ ᠨᠡᠭᠡᠭᠡᠬᠦ᠂ ᠳᠤᠮᠳᠠ ᠲᠦᠪᠰᠢᠨ ᠳᠤ ᠳᠠᠪᠰᠢᠨ ᠣᠷᠣᠬᠤ ᠬᠠᠷᠠᠯᠲᠠ ᠶᠢ ᠣᠨᠢᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠰᠠᠶᠢᠲᠤᠷ ᠪᠦᠲᠦᠭᠡᠨ ᠪᠠᠶᠢᠭᠤᠯᠵᠤ᠂ ᠤᠬᠠᠮᠰᠠᠷᠲᠤ ᠴᠢᠨᠠᠷ᠂ ᠰᠠᠨᠠᠭᠠᠴᠢᠯᠠᠭᠠᠲᠤ ᠴᠢᠨᠠᠷ᠂ ᠲᠤᠯᠭᠠᠮ ᠴᠢᠨᠠᠷ ᠢᠶᠠᠨ ᠦᠨᠡᠨ ᠬᠦ ᠴᠢᠩᠭᠠᠳᠬᠠᠨ᠂ ᠲᠥᠷᠥ ᠶᠢᠨ ᠪᠣᠳᠣᠯᠭ᠎ᠠ ᠶᠢ ᠨᠡᠪᠲᠡᠷᠬᠡᠢ ᠣᠶᠢᠯᠠᠭᠠᠵᠤ᠂ ᠲᠥᠷᠥ ᠶᠢᠨ ᠪᠣᠳᠣᠯᠭ᠎ᠠ ᠶᠢ ᠭᠦᠢᠴᠡᠳ ᠪᠥᠭᠡᠳ ᠰᠠᠶᠢᠲᠤᠷ ᠠᠮᠢᠳᠤᠯᠢᠭ ᠬᠡᠷᠡᠭᠯᠡᠵᠦ᠂ ᠡᠷᠡᠯᠬᠡᠭᠯᠡᠨ ᠤᠷᠤᠭᠰᠢᠯᠠᠬᠤ ᠵᠣᠷᠢᠭ᠂ ᠬᠠᠷᠢᠭᠤᠴᠠᠯᠭ᠎ᠠ ᠡᠭᠦᠷᠭᠡᠯᠡᠬᠦ ᠰᠡᠳᠬᠢᠯᠭᠡ᠂ ᠡᠷᠡᠮᠡᠬᠡᠶᠢᠯᠡᠨ ᠲᠡᠮᠡᠴᠡᠬᠦ ᠬᠦᠴᠦᠨ ᠢᠶᠠᠷ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠨᠠᠮ ᠤᠨ ᠲᠥᠪ ᠬᠤᠷᠢᠶ᠎ᠠ ᠶᠢᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠭᠡᠵᠦ ᠢᠯᠡᠳᠬᠡᠵᠡᠭᠡᠪᠡ᠃
︽ ᠪᠢᠳᠡ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠠᠶᠢᠭᠤᠯᠬᠤ ᠢᠶᠠᠷ ᠶᠡᠷᠦᠩᠬᠡᠶᠢᠯᠡᠨ ᠵᠢᠯᠣᠭᠤᠳᠤᠭᠤᠯᠵᠤ᠂ ︿ ᠲᠤᠭ᠎ᠠ ᠬᠡᠮᠵᠢᠶ᠎ᠡ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠭᠦ᠂ ᠭᠠᠷᠤᠯᠲᠠ ᠪᠠᠨ ᠨᠡᠮᠡᠭᠳᠡᠭᠦᠯᠬᠦ ﹀ ᠱᠠᠭᠠᠷᠳᠠᠯᠭ᠎ᠠ ᠶᠣᠰᠣᠭᠠᠷ᠂ ︿ ᠠᠮᠤ ᠪᠤᠳᠠᠭ᠎ᠠ ᠮᠢᠬ᠎ᠠ ᠰᠦ ᠡᠪᠡᠰᠦ᠂ ᠭᠠᠵᠠᠷ ᠰᠢᠷᠣᠢ ᠤᠰᠤ ᠦᠷ᠎ᠡ ᠮᠡᠷᠭᠡᠵᠢᠯ᠂ ᠬᠡᠯᠬᠢᠶ᠎ᠡ ᠦᠢᠯᠡᠴᠢᠯᠡᠭᠡ ᠶᠢ ᠠᠭᠤᠰᠤᠯᠴᠠᠭᠤᠯᠤᠨ ᠥᠭᠡᠷᠡᠴᠢᠯᠡᠬᠦ ﹀ 12 ᠵᠦᠢᠯ ᠤᠨ ᠭᠤᠣᠯᠳᠠᠯᠭ᠎ᠠ ᠲᠠᠢ ᠡᠭᠦᠷᠭᠡ ᠲᠠᠢ ᠤᠶᠠᠯᠳᠤᠭᠤᠯᠤᠨ᠂ ᠬᠡᠯᠬᠢᠶ᠎ᠡ ᠶᠢᠨ ᠰᠡᠳᠬᠢᠬᠦᠢ᠂ ᠠᠵᠤ ᠦᠢᠯᠡᠳᠪᠦᠷᠢᠵᠢᠯᠲᠡ ᠶᠢᠨ ᠰᠡᠳᠬᠢᠬᠦᠢ ᠶᠢ ᠪᠠᠲᠤ ᠪᠤᠢ ᠪᠣᠯᠭᠠᠨ᠂ ᠲᠥᠷᠥ ᠶᠢᠨ ᠪᠣᠳᠣᠯᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠳᠦᠷᠢᠮ ᠤᠨ ᠭᠤᠷᠪᠠᠨ ᠶᠡᠭᠡ ᠰᠢᠨ᠎ᠡ ᠡᠭᠦᠳᠦᠯᠲᠡ ᠶᠢ ᠠᠬᠢᠭᠤᠯᠤᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠪᠠ ᠲᠥᠬᠦᠭᠡᠷᠦᠮᠵᠢᠲᠦ ᠮᠠᠯ ᠠᠵᠤ ᠠᠬᠤᠢ ᠲᠠᠷᠢᠶᠠᠯᠠᠩ ᠳᠤ ᠠᠩᠬᠠᠷᠤᠯ ᠢᠶᠠᠨ ᠲᠥᠪᠯᠡᠷᠡᠭᠦᠯᠵᠦ᠂ ︿ ᠵᠠᠭᠤᠨ ᠠᠵᠤ ᠠᠬᠤᠶᠢᠯᠠᠯ᠂ ᠵᠠᠭᠤᠨ ᠬᠦᠷᠢᠶᠡᠯᠡᠩ᠂ ᠵᠠᠭᠤᠨ ᠳᠡᠯᠭᠡᠭᠦᠷ ﹀ ᠭᠤᠷᠪᠠᠨ ᠵᠠᠭᠤᠨ ᠢ ᠪᠠᠶᠢᠭᠤᠯᠬᠤ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠰᠠᠶᠢᠲᠤᠷ ᠠᠳᠬᠤᠨ᠂ ︿ ᠠᠷᠪᠠᠨ ᠶᠡᠭᠡ ᠳᠡᠭᠡᠭᠰᠢᠯᠡᠭᠦᠯᠭᠦ ᠢᠨᠵᠧᠨᠧᠷᠢᠩ ﹀ ᠢ ᠪᠦᠭᠦ ᠬᠦᠴᠦᠨ ᠢᠶᠠᠷ ᠢᠶᠠᠨ ᠬᠡᠷᠡᠭᠵᠢᠭᠦᠯᠵᠦ᠂ ︿ ᠠᠷᠪᠠᠨ ᠰᠢᠪᠲᠤᠯᠤᠯᠲᠠ ﹀ ᠶᠢ ᠣᠯᠬᠤ ᠪᠠᠷ ᠴᠢᠷᠮᠠᠶᠢᠨ᠂ ᠲᠠᠷᠢᠶᠠᠯᠠᠩ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠥᠪᠥᠷ ᠮᠣᠩᠭᠤᠯ ᠤᠨ ᠬᠤᠪᠢ ᠨᠡᠮᠡᠷᠢ ᠪᠠᠨ ᠦᠵᠡᠭᠦᠯᠦᠨ᠎ᠡ ︾ ᠭᠡᠵᠦ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠬᠡᠯᠡᠪᠡ᠃
ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠣᠲᠣᠨᠣ ᠬᠠᠯᠠᠮᠵᠢᠯᠠᠯ ᠨᠢ ᠢᠯᠢ ᠪᠦᠯᠦᠭᠯᠡᠯ ᠤᠨ ᠺᠠᠳ᠋ᠷ ᠠᠵᠢᠯᠲᠠᠨ ᠤ ᠡᠷᠴᠢ ᠵᠣᠷᠢᠭ ᠢ ᠬᠥᠪᠴᠢᠯᠡᠪᠡ᠃ ᠥᠪᠥᠷ ᠮᠣᠩᠭᠤᠯ ᠤᠨ ᠰᠦ ᠶᠢᠨ ᠦᠢᠯᠡᠰ ᠤᠨ ᠲᠥᠯᠥᠭᠡᠯᠡᠭᠴᠢ ᠠᠵᠤ ᠠᠬᠤᠶᠢᠯᠠᠯ᠂ ᠳᠤᠮᠳᠠᠳᠤ ᠤᠯᠤᠰ ᠤᠨ ᠰᠦ ᠶᠢᠨ ᠦᠢᠯᠡᠰ ᠤᠨ ᠳᠠᠭᠠᠭᠤᠯᠤᠭᠴᠢ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠢᠯᠢ ᠪᠦᠯᠦᠭᠯᠡᠯ ᠠᠵᠤ ᠠᠬᠤᠶᠢᠯᠠᠯ ᠤᠨ ᠬᠠᠷᠢᠭᠤᠴᠠᠯᠭ᠎ᠠ ᠪᠠᠨ ᠢᠳᠡᠪᠬᠢᠲᠡᠢ ᠡᠭᠦᠷᠭᠡᠯᠡᠵᠦ᠂ ᠰᠦ ᠶᠢᠨ ᠦᠢᠯᠡᠰ ᠤᠨ ᠡᠭᠦᠯᠳᠡᠷ ᠢ ᠪᠣᠶᠢᠵᠢᠭᠤᠯᠬᠤ᠂ ᠡᠪᠡᠰᠦ ᠳᠠᠷᠢᠬᠤ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ᠂ ᠦᠢᠯᠡᠳᠬᠦᠨ ᠢ ᠰᠤᠳᠤᠯᠤᠨ ᠨᠡᠭᠡᠭᠡᠬᠦ᠂ ᠦᠢᠯᠡᠳᠪᠦᠷᠢᠯᠡᠵᠦ ᠡᠳ᠋ᠰᠢᠭᠦᠯᠬᠦ ᠠᠴᠠ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠦᠭᠦ ᠬᠡᠯᠬᠢᠶ᠎ᠡ ᠲᠡᠶᠢᠰᠢ ᠬᠥᠭᠵᠢᠬᠦ ᠶᠢ ᠳᠠᠶᠢᠴᠢᠯᠠᠵᠤ᠂ ᠪᠠᠰᠠ ᠮᠠᠯᠴᠢᠨ ᠲᠠᠷᠢᠶᠠᠴᠢᠨ ᠲᠠᠢ ᠨᠢᠭᠲᠠ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠪᠠᠶᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠡᠬᠢ ᠡᠭᠦᠰᠦᠯ ᠠᠴᠠ ᠬᠡᠯᠬᠢᠶ᠎ᠡ ᠶᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠪᠡ᠃ 2019 ᠣᠨ ᠠᠴᠠ ᠣᠲᠣ ᠪᠤᠯᠲᠠᠯ᠎ᠠ᠂ ᠢᠯᠢ ᠪᠦᠯᠦᠭᠯᠡᠯ ᠨᠢᠭᠡᠨᠲᠡ 400 ᠭᠠᠷᠤᠢ ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠪᠦᠭᠦ ᠣᠷᠣᠨ ᠳᠤ ᠰᠦ ᠶᠢᠨ ᠠᠵᠤ ᠦᠢᠯᠡᠰ ᠤᠨ ᠪᠦᠯᠦᠭᠵᠢᠯ ᠤᠨ ᠲᠥᠷᠥᠯ ᠵᠦᠢᠯ ᠢ ᠣᠯᠠᠨ ᠪᠠᠶᠢᠭᠤᠯᠵᠤ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃
︽ ︿ ᠰᠠᠨᠠᠯ ﹀ ᠳᠤ᠂ ᠴᠢᠨᠠᠷ ᠰᠠᠶᠢᠲᠠᠢ ᠲᠡᠵᠢᠭᠡᠯ ᠡᠪᠡᠰᠦᠨ ᠤ ᠰᠠᠭᠤᠷᠢᠨ ᠤ ᠪᠦᠲᠦᠭᠡᠨ ᠪᠠᠶᠢᠭᠤᠯᠤᠯᠲᠠ᠂ ᠰᠠᠭᠠᠯᠢ ᠶᠢᠨ ᠦᠨᠢᠶᠡᠨ ᠤ ᠡᠭᠦᠯᠳᠡᠷ ᠪᠣᠶᠢᠵᠢᠭᠤᠯᠬᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠵᠡᠷᠭᠡ ᠲᠠᠯ᠎ᠠ ᠪᠠᠷ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠬᠤ ᠬᠡᠷᠡᠭᠲᠡᠢ ᠭᠡᠵᠦ ᠳᠤᠷᠠᠳᠪᠠ᠃ ᠡᠳᠡᠭᠡᠷ ᠠᠰᠢᠭᠲᠠᠢ ᠮᠡᠳᠡᠭᠡ ᠵᠠᠩᠭᠢ ᠨᠢ ᠤᠯᠤᠰ ᠤᠨ ᠰᠦ ᠶᠢᠨ ᠦᠢᠯᠡᠰ ᠤᠨ ᠬᠥᠭᠵᠢᠯᠲᠡ ᠶᠢ ᠴᠢᠬᠤᠯᠠᠴᠢᠯᠠᠵᠤ ᠪᠠᠶᠢᠬᠤ ᠪᠠ ᠳᠡᠮᠵᠢᠵᠦ ᠪᠠᠶᠢᠬᠤ ᠶᠢ ᠪᠢᠳᠡᠨ ᠳᠤ ᠮᠡᠳᠡᠷᠡᠭᠦᠯᠦᠭᠰᠡᠨ ᠪᠥᠭᠡᠳ ᠪᠢᠳᠡᠨ ᠢ ᠨᠡᠩ ᠢᠲᠡᠭᠡᠯ ᠲᠠᠢ᠂ ᠨᠡᠩ ᠡᠷᠴᠢ ᠵᠣᠷᠢᠭ ᠲᠠᠢ ᠪᠠᠷ ᠬᠥᠭᠵᠢᠯᠲᠡ ᠶᠢ ᠡᠷᠢᠯᠬᠢᠯᠡᠬᠦ ᠪᠣᠯᠭᠠᠵᠠᠢ᠃ ᠢᠷᠡᠭᠡᠳᠦᠢ ᠳᠤ᠂ ᠢᠯᠢ ᠪᠦᠯᠦᠭᠯᠡᠯ ᠯᠠᠪᠲᠠᠢ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠴᠠᠭ ᠦᠶ᠎ᠡ ᠠᠴᠠ ᠣᠯᠭᠤᠭᠰᠠᠨ ᠰᠢᠨ᠎ᠡ ᠡᠭᠦᠷᠭᠡ ᠶᠢ ᠪᠠᠲᠤ ᠡᠵᠡᠮᠳᠡᠵᠦ᠂ ᠰᠦ ᠶᠢᠨ ᠦᠢᠯᠡᠰ ᠤᠨ ᠲᠠᠰᠤᠷᠠᠯᠲᠠ ᠦᠭᠡᠢ ᠲᠠᠰ ᠳᠡᠪᠰᠢᠬᠦ ᠶᠢ ᠦᠷᠭᠦᠯᠵᠢᠯᠡᠨ ᠳᠠᠶᠢᠴᠢᠯᠠᠵᠤ᠂ ᠥᠪᠥᠷ ᠮᠣᠩᠭᠤᠯ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ︾ ᠭᠡᠵᠦ ᠢᠯᠢ ᠪᠦᠯᠦᠭᠯᠡᠯ ᠤᠨ ᠳᠡᠭᠡᠳᠦ ᠵᠡᠷᠭᠡ ᠶᠢᠨ ᠭᠦᠢᠴᠡᠳᠭᠡᠭᠴᠢ ᠶᠡᠷᠦᠩᠬᠡᠢ ᠵᠠᠬᠢᠷᠤᠯ ᠵᠠᠩ ᠵᠢᠶᠠᠨ ᠴᠢᠦ ᠬᠡᠯᠡᠪᠡ᠃
ᠣᠷᠳᠣᠰ ᠬᠤᠲᠠ ᠶᠢᠨ ᠮᠠᠯ ᠠᠵᠤ ᠠᠬᠤᠢ ᠲᠠᠷᠢᠶᠠᠯᠠᠩ ᠤᠨ ᠰᠢᠰᠲ᠋ᠧᠮ ᠤᠨ ᠺᠠᠳ᠋ᠷ ᠣᠯᠠᠨ ᠲᠦᠮᠡᠨ ᠲᠤᠶᠢᠯ ᠢᠶᠠᠷ ᠤᠷᠮᠠᠰᠢᠨ ᠵᠣᠷᠢᠭᠵᠢᠵᠠᠢ᠃ ᠣᠯᠠᠨ ᠢᠶᠠᠷ ᠢᠶᠠᠨ᠂ ᠠᠴᠢ ᠬᠠᠷᠢᠭᠤᠯᠠᠬᠤ ᠰᠡᠳᠬᠢᠯ ᠢᠶᠠᠨ ᠡᠷᠡᠮᠡᠬᠡᠶᠢᠯᠡᠨ ᠳᠠᠪᠰᠢᠬᠤ ᠵᠣᠷᠢᠭ ᠪᠣᠯᠭᠠᠨ ᠬᠤᠪᠢᠷᠠᠭᠤᠯᠵᠤ᠂ ︽ ᠨᠢᠭᠡᠳᠦᠭᠡᠷ ᠠᠵᠤ ᠦᠢᠯᠡᠰ ᠢ ᠳᠠᠭᠢᠨ ᠴᠣᠭᠴᠠᠯᠠᠬᠤ ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ︽ ᠬᠤᠶᠠᠳᠤᠭᠠᠷ ᠠᠵᠤ ᠦᠢᠯᠡᠰ ᠢᠶᠠᠷ ᠨᠢᠭᠡᠳᠦᠭᠡᠷ ᠠᠵᠤ ᠦᠢᠯᠡᠰ ᠢ ᠳᠠᠶᠢᠴᠢᠯᠠᠵᠤ᠂ ᠠᠵᠤ ᠦᠢᠯᠡᠳᠪᠦᠷᠢ ᠪᠠᠷ ᠲᠠᠷᠢᠶᠠᠯᠠᠩ ᠢ ᠲᠡᠳᠬᠦᠬᠦ ︾ ᠵᠠᠭᠪᠤᠷ ᠢ ᠰᠢᠰᠲ᠋ᠧᠮ ᠲᠠᠢ ᠠᠬᠢᠭᠤᠯᠵᠤ᠂ ︽ ᠰᠢᠯᠢᠳᠡᠭ ᠡᠭᠦᠯᠳᠡᠷ᠂ ᠰᠢᠯᠢᠳᠡᠭ ᠲᠠᠷᠢᠶ᠎ᠠ᠂ ᠰᠢᠯᠢᠳᠡᠭ ᠠᠵᠤ ᠠᠬᠤᠶᠢᠯᠠᠯ᠂ ᠰᠢᠯᠢᠳᠡᠭ ᠠᠷᠭ᠎ᠠ ᠪᠣᠳᠣᠯᠭ᠎ᠠ᠂ ᠰᠢᠯᠢᠳᠡᠭ ᠴᠢᠳᠠᠪᠤᠷᠢᠲᠠᠨ ︾ ᠵᠡᠷᠭᠡ ᠲᠠᠪᠤᠨ ᠵᠠᠩᠭᠢᠯᠠᠭ᠎ᠠ ᠶᠢ ᠴᠢᠩᠭ᠎ᠠ ᠠᠳᠬᠤᠵᠤ᠂ ᠠᠮᠤ ᠪᠤᠳᠠᠭ᠎ᠠ᠂ ᠢᠮᠠᠭᠠᠨ ᠨᠣᠣᠯᠣᠭᠤᠷ᠂ ᠮᠢᠬᠠᠨ ᠤ ᠦᠬᠡᠷ᠂ ᠮᠢᠬᠠᠨ ᠤ ᠬᠤᠨᠢ᠂ ᠰᠦ ᠶᠢᠨ ᠦᠢᠯᠡᠰ ᠵᠡᠷᠭᠡ ᠲᠠᠪᠤᠨ ᠵᠠᠭᠤᠨ ᠳ᠋ᠦᠩᠰᠢᠭᠤᠷ ᠤᠨ ᠲᠠᠰ ᠤᠨ ᠠᠵᠤ ᠦᠢᠯᠡᠰ ᠢ ᠪᠠᠶᠢᠭᠤᠯᠵᠤ᠂ ᠪᠠᠲᠤ ᠴᠢᠩᠭ᠎ᠠ ᠤᠯᠤᠰ ᠲᠥᠷᠥ ᠶᠢᠨ ᠡᠭᠦᠷᠭᠡ ᠬᠠᠷᠢᠭᠤᠴᠠᠯᠭᠠᠲᠤ ᠰᠡᠳᠬᠢᠯᠭᠡ ᠪᠠᠷ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ ᠭᠡᠵᠦ ᠢᠯᠡᠳᠬᠡᠵᠡᠭᠡᠪᠡ᠃
ᠣᠶᠢᠷ᠎ᠠ ᠶᠢᠨ ᠡᠳᠦᠷ ᠤᠳ ᠲᠤ᠂ ᠣᠷᠳᠣᠰ ᠬᠤᠲᠠ ᠶᠢᠨ ᠮᠠᠯ ᠠᠵᠤ ᠠᠬᠤᠢ ᠲᠠᠷᠢᠶᠠᠯᠠᠩ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠳᠤ ᠰᠤᠷᠤᠯᠴᠠᠨ ᠲᠤᠭᠤᠰᠢᠯᠠᠭᠤᠯᠬᠤ ᠬᠠᠯᠠᠭᠤᠨ ᠥᠷᠨᠢᠯᠲᠡ ᠭᠠᠷᠪᠠ᠃ ᠲᠠᠷᠠᠭᠠᠴᠢ ᠶᠢᠨ ᠠᠯᠬᠤᠮ ᠳᠤ᠂ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ᠂ ᠠᠵᠤ ᠦᠢᠯᠡᠰᠵᠢᠭᠰᠡᠨ ᠡᠵᠡᠩᠨᠡᠯᠲᠡ ᠶᠢᠨ ᠲᠦᠪᠰᠢᠨ ᠢ ᠳᠡᠭᠡᠭᠰᠢᠯᠡᠭᠦᠯᠭᠦ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠶᠢ ᠴᠢᠩᠭᠠᠳᠬᠠᠬᠤ ᠵᠡᠷᠭᠡ ᠲᠠᠯ᠎ᠠ ᠪᠠᠷ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠨᠢᠭᠡ ᠪᠦᠯᠦᠭ ᠬᠥᠲᠥᠯᠥᠨ ᠳᠠᠭᠠᠭᠤᠯᠬᠤ ᠴᠢᠨᠠᠷᠲᠠᠢ᠂ ᠵᠢᠱᠢᠶ᠎ᠡ ᠦᠵᠡᠭᠦᠯᠭᠦ ᠴᠢᠨᠠᠷᠲᠠᠢ ᠢᠨᠵᠧᠨᠧᠷᠢᠩ ᠢ ᠪᠤᠶ ᠪᠤᠯᠭᠠᠵᠤ᠂ ᠮᠠᠯ ᠠᠵᠤ ᠠᠬᠤᠢ ᠲᠠᠷᠢᠶᠠᠯᠠᠩ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠤᠨ᠎ᠠ᠃
ᠮᠧᠩ ᠨᠢᠦ ᠪᠦᠯᠦᠭᠯᠡᠯ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠭᠦᠢᠴᠡᠳᠭᠡᠭᠴᠢ ᠶᠡᠷᠦᠩᠬᠡᠢ ᠵᠠᠬᠢᠷᠤᠯ ᠯᠢ ᠫᠧᠩ ᠴᠧᠩ᠂ ︽ᠰᠠᠨᠠᠯ︾ ᠳᠤ ᠠᠮᠢ ᠠᠬᠤᠢ ᠶᠢᠨ ᠮᠠᠯ ᠠᠵᠤ ᠠᠬᠤᠢ ᠲᠠᠷᠢᠶᠠᠯᠠᠩ ᠢ ᠶᠡᠭᠡ ᠪᠠᠷ ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠭᠰᠠᠨ ᠪᠥᠭᠡᠳ ᠰᠠᠭᠠᠯᠢ ᠶᠢᠨ ᠦᠨᠢᠶᠡᠨ ᠤ ᠡᠭᠦᠯᠳᠡᠷ ᠪᠣᠶᠢᠵᠢᠭᠤᠯᠬᠤ᠂ ᠰᠦ ᠶᠢᠨ ᠦᠢᠯᠡᠰ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ᠂ ᠰᠦ ᠶᠢᠨ ᠦᠢᠯᠡᠰ ᠤᠨ ᠠᠷᠠᠯᠵᠢᠶᠠᠨ ᠤ ᠲᠥᠪ ᠤᠨ ᠪᠠᠶᠢᠭᠤᠯᠤᠯᠲᠠ ᠵᠡᠷᠭᠡ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠴᠤ᠂ ᠳᠤᠮᠳᠠᠳᠤ ᠤᠯᠤᠰ ᠤᠨ ᠰᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠮᠠᠨ ᠤ ᠤᠯᠤᠰ ᠤᠨ ᠰᠦ ᠶᠢᠨ ᠦᠢᠯᠡᠰ ᠤᠨ ︽ ᠥᠪᠥᠷ ᠮᠣᠩᠭᠤᠯ ᠨᠡᠷᠡᠮᠵᠢᠲᠦ ︾ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠮᠧᠩ ᠨᠢᠦ ᠪᠦᠯᠦᠭᠯᠡᠯ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠪᠠ ᠬᠠᠮᠲᠤᠷᠠᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠴᠢᠨᠠᠷ ᠰᠠᠶᠢᠲᠠᠢ ᠡᠪᠡᠰᠦᠨ ᠤ ᠡᠭᠦᠯᠳᠡᠷ᠂ ᠰᠠᠭᠠᠯᠢ ᠶᠢᠨ ᠦᠨᠢᠶ᠎ᠡ ᠶᠢᠨ ᠰᠠᠶᠢᠨ ᠡᠭᠦᠯᠳᠡᠷ ᠢ ᠪᠣᠶᠢᠵᠢᠭᠤᠯᠬᠤ ᠪᠠ ᠦᠷᠡᠵᠢᠭᠦᠯᠦᠨ ᠳᠡᠯᠭᠡᠷᠡᠭᠦᠯᠬᠦ ᠶᠢ ᠲᠠᠰᠤᠷᠠᠯᠲᠠ ᠦᠭᠡᠢ ᠴᠢᠩᠭᠠᠳᠬᠠᠵᠤ᠂ ᠤᠯᠤᠰ ᠲᠠᠭᠠᠨ ᠦᠢᠯᠡᠳᠪᠦᠷᠢᠯᠡᠭᠰᠡᠨ ᠴᠢᠨᠠᠷ ᠰᠠᠶᠢᠲᠠᠢ ᠲᠡᠵᠢᠭᠡᠯ ᠡᠪᠡᠰᠦ ᠳᠠᠷᠢᠬᠤ᠂ ᠰᠠᠭᠠᠯᠢ ᠶᠢᠨ ᠦᠨᠢᠶᠡᠨ ᠤ ᠡᠭᠦᠯᠳᠡᠷ ᠪᠣᠶᠢᠵᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠨ᠎ᠡ᠃ ᠪᠠᠰᠠ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠢᠶᠠᠷ ᠭᠠᠷᠳᠠᠴᠠ ᠪᠤᠯᠭᠠᠵᠤ᠂ ᠰᠦ ᠶᠢᠨ ᠦᠢᠯᠡᠰ ᠤᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠠᠮᠢ ᠠᠬᠤᠢ ᠶᠢᠨ ᠴᠠᠭᠠᠷᠢᠭ ᠢ ᠪᠠᠶᠢᠭᠤᠯᠵᠤ᠂ ︽ ᠵᠠᠭᠤᠨ ᠲᠦᠮᠡᠨ ᠮᠦ ᠪᠡᠯᠴᠢᠭᠡᠷ᠂ ᠵᠠᠭᠤᠨ ᠲᠦᠮᠡᠨ ᠲᠣᠯᠣᠭᠠᠢ ᠰᠠᠭᠠᠯᠢ ᠶᠢᠨ ᠦᠨᠢᠶ᠎ᠡ᠂ ᠵᠠᠭᠤᠨ ᠲᠦᠮᠡᠨ ᠲᠣᠨ ᠰᠦ ︾ ᠶᠢᠨ ᠰᠦ ᠶᠢᠨ ᠢᠷᠡᠯᠲᠡ ᠶᠢᠨ ᠪᠠᠶᠢᠷᠢᠰᠢᠭᠤᠯᠤᠯᠲᠠ ᠪᠠ ︽ ᠳᠠᠷᠢᠵᠤ ᠲᠡᠵᠢᠭᠡᠬᠦ ᠡᠳ᠋ᠰᠢᠭᠦᠯᠬᠦ ︾ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠴᠢᠨᠠᠷ ᠰᠠᠶᠢᠲᠠᠢ ᠰᠦ ᠶᠢᠨ ᠢᠷᠡᠯᠲᠡ ᠶᠢᠨ ᠦᠢᠯᠡᠳᠪᠦᠷᠢᠯᠡᠯ ᠪᠠ ᠬᠠᠩᠭᠠᠯᠭ᠎ᠠ ᠶᠢᠨ ᠴᠢᠳᠠᠪᠤᠷᠢ ᠶᠢ ᠨᠡᠮᠡᠭᠳᠡᠭᠦᠯᠦᠨ᠎ᠡ᠃ᠥᠷᠭᠡᠨ ᠢᠶᠠᠷ ᠳᠠᠷᠢᠵᠤ ᠨᠣᠭᠤᠭᠠᠷᠠᠭᠤᠯᠬᠤ᠂ ᠡᠯᠡᠰᠦ ᠶᠢ ᠵᠠᠰᠠᠵᠤ ᠦᠢᠯᠡᠰ ᠪᠣᠰᠬᠠᠬᠤ ︾ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠦᠷᠭᠦᠯᠵᠢᠯᠡᠬᠦ ᠬᠥᠭᠵᠢᠯᠲᠡ ᠶᠢᠨ ᠵᠠᠭᠪᠤᠷ ᠢ ᠪᠠᠷᠢᠮᠲᠠᠯᠠᠵᠤ᠂ ᠰᠦ ᠶᠢᠨ ᠦᠢᠯᠡᠰ ᠤᠨ ︽ ᠪᠣᠬᠢᠷᠳᠤᠯ ᠭᠠᠳᠠᠭᠰᠢᠯᠠᠭᠤᠯᠬᠤ ᠦᠭᠡᠢ ︾ ᠵᠠᠭᠪᠤᠷ ᠢ ᠪᠤᠶ ᠪᠣᠯᠭᠠᠨ᠎ᠠ᠃