ᠲᠦᠷᠦᠭᠦᠬᠡᠨ᠂ ᠲᠥᠷᠥ ᠶᠢᠨ ᠶᠠᠪᠤᠳᠠᠯ ᠤᠨ ᠬᠤᠷᠢᠶ᠎ᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ ︾ ︵ ᠳᠣᠷᠣᠭᠰᠢ ︽ ᠰᠠᠨᠠᠯ ︾ ᠭᠡᠵᠦ ᠳᠥᠭᠦᠮᠴᠢᠯᠡᠨ᠎ᠡ ︶ ᠢ ᠳᠠᠷᠤᠮᠠᠯᠯᠠᠨ ᠲᠠᠷᠬᠠᠭᠠᠵᠤ᠂ ᠣᠷᠣᠨ ᠤ ᠰᠢᠭᠤᠳ ᠬᠠᠷᠢᠶ᠎ᠠ ᠨᠢᠭᠡᠴᠢ ᠳᠤ ᠴᠢᠩᠭ᠎ᠠ ᠲᠤᠰᠬᠠᠯ ᠭᠠᠷᠪᠠ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠮᠠᠰᠢ ᠶᠡᠭᠡ ᠤᠷᠮᠠᠰᠢᠨ ᠵᠣᠷᠢᠭᠵᠢᠵᠤ᠂ ᠡᠷᠴᠢ ᠵᠣᠷᠢᠭ ᠢᠶᠠᠨ ᠬᠥᠪᠴᠢᠯᠡᠵᠦ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠪᠣᠯᠣᠨ ᠬᠦᠰᠡᠯ ᠨᠠᠶᠢᠳᠠᠯᠭ᠎ᠠ ᠶᠢ ᠭᠦᠨᠵᠡᠭᠡᠢ ᠣᠶᠢᠯᠠᠭᠠᠵᠤ᠂ ᠨᠠᠮ ᠤᠨ ᠠᠴᠢ ᠡᠨᠡᠷᠢᠯ ᠳᠤ ᠨᠡᠩ ᠴᠢᠩ ᠰᠡᠳᠬᠢᠯ ᠠᠴᠠ ᠪᠠᠨ ᠲᠠᠯᠠᠷᠬᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠣᠳᠠᠲᠤ ᠠᠵᠢᠯᠯᠠᠭ᠎ᠠ ᠪᠠᠷ ᠢᠶᠠᠨ ᠬᠤᠶᠠᠷ ᠢ ᠲᠣᠭᠲᠠᠭᠠᠭᠰᠠᠨ ︾ ᠢ ᠡᠷᠡᠰ ᠬᠦᠷᠢᠶᠡᠯᠡᠵᠦ᠂︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠎ᠡ ᠭᠡᠵᠦ ᠢᠯᠡᠳᠬᠡᠵᠡᠭᠡᠪᠡ᠃
ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠠᠢ ᠶᠢᠩ ᠵᠢᠶᠦ᠋ᠨ᠂ ︽ ᠰᠠᠨᠠᠯ ︾ ᠢ ᠨᠡᠶᠢᠲᠡᠯᠡᠭᠰᠡᠨ ᠨᠢ ᠥᠪᠥᠷ ᠮᠣᠩᠭᠤᠯ ᠤᠨ ᠢᠷᠡᠭᠡᠳᠦᠢ ᠶᠢᠨ ᠬᠥᠭᠵᠢᠯᠲᠡ ᠳᠤ ᠯᠤᠲᠤ ᠶᠡᠭᠡ ᠠᠬᠢᠭᠤᠯᠬᠤ ᠦᠢᠯᠡᠳᠦᠯ ᠦᠵᠡᠭᠦᠯᠭᠦ ᠨᠢ ᠯᠠᠪᠲᠠᠢ᠃ ︽ ᠰᠠᠨᠠᠯ ︾ ᠳᠤ ᠰᠢᠨ᠎ᠡ ᠶᠢ ᠡᠭᠦᠳᠬᠦ ᠬᠥᠭᠵᠢᠯᠲᠡ ᠶᠢᠨ ᠴᠢᠳᠠᠪᠤᠷᠢ ᠶᠢ ᠨᠡᠮᠡᠭᠳᠡᠭᠦᠯᠬᠦ᠂ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢ ᠴᠢᠩᠭᠠᠳᠬᠠᠬᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠭᠦ ᠵᠡᠷᠭᠡ ᠲᠠᠯ᠎ᠠ ᠪᠠᠷ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠡᠭᠦᠷᠭᠡᠯᠡᠬᠦ ᠠᠵᠢᠯ ᠤᠨ ᠠᠭᠤᠯᠭ᠎ᠠ ᠶᠢ ᠲᠣᠳᠣᠷᠬᠠᠢ ᠲᠣᠭᠲᠠᠭᠠᠪᠠ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠨᠠᠶᠢᠳᠠᠯᠭ᠎ᠠ ᠶᠢ ᠪᠠᠲᠤ ᠴᠡᠭᠡᠵᠢᠯᠡᠨ᠂ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ᠠᠵᠢᠯ ᠤᠨ ᠠᠶᠢᠵᠠᠮ ᠢᠶᠠᠨ ᠲᠦᠷᠭᠡᠳᠬᠡᠵᠦ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ᠂ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠭᠦ ᠬᠦᠴᠦᠨ ᠢᠶᠠᠷ ᠢᠶᠠᠨ ᠪᠠᠲᠤᠯᠠᠨ᠂ ᠠᠵᠢᠯ ᠣᠯᠭᠤᠯᠲᠠ ᠶᠢ ᠨᠡᠩ ᠭᠦᠢᠴᠡᠳ ᠨᠡᠩ ᠴᠢᠨᠠᠷ ᠰᠠᠶᠢᠲᠠᠢ ᠪᠡᠶᠡᠯᠡᠭᠦᠯᠬᠦ ᠶᠢ ᠠᠬᠢᠭᠤᠯᠵᠤ᠂ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠨᠡᠩ ᠲᠡᠭᠦᠯᠳᠡᠷᠵᠢᠭᠦᠯᠦᠨ᠂ ᠴᠢᠳᠠᠪᠤᠷᠢᠲᠠᠨ ᠤ ᠰᠢᠨ᠎ᠡ ᠶᠢ ᠡᠭᠦᠳᠦᠨ ᠦᠢᠯᠡᠰ ᠪᠣᠰᠬᠠᠬᠤ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠠᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠢᠯᠡᠳᠲᠡ ᠳᠡᠭᠡᠭᠰᠢᠯᠡᠭᠦᠯᠦᠨ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠦᠨᠡᠨ ᠬᠦ ᠨᠥᠬᠦᠪᠦᠷᠢᠯᠡᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠬᠠᠮᠲᠤ ᠪᠠᠷ ᠪᠠᠶᠠᠵᠢᠬᠤ ᠶᠢ ᠠᠬᠢᠭᠤᠯᠵᠤ ᠪᠠᠶᠢᠭ᠎ᠠ ᠨᠢ ᠶᠠᠭ ᠪᠢᠳᠡᠨ ᠤ ᠳᠡᠷᠭᠡᠳᠡ ᠡᠷᠴᠢᠮᠲᠡᠢ ᠶᠠᠪᠤᠭᠳᠠᠵᠤ ᠪᠠᠶᠢᠭ᠎ᠠ ᠭᠡᠳᠡᠭ ᠢ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠦᠨᠡᠨ ᠬᠦ ᠮᠡᠳᠡᠷᠡᠭᠦᠯᠦᠨ᠎ᠡ ᠭᠡᠵᠦ ᠢᠯᠡᠳᠬᠡᠪᠡ᠃
ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠭᠢᠯᠡᠭᠴᠢ ᠶᠠᠨ ᠬᠤᠶ ᠯᠦᠩ᠂ ︽ ᠰᠠᠨᠠᠯ ︾ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠨ᠎ᠠ ᠭᠡᠵᠦ ᠲᠣᠳᠣᠷᠬᠠᠢ ᠳᠤᠷᠠᠳᠤᠨ ᠭᠠᠷᠭᠠᠪᠠ᠃ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠠᠷᠭ᠎ᠠ ᠬᠡᠮᠵᠢᠶ᠎ᠡ ᠶᠢ ᠱᠠᠯᠠᠪᠳᠠᠨ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ᠡᠭᠦᠷᠭᠡᠯᠡᠵᠦ ᠪᠠᠶᠢᠭ᠎ᠠ ᠡᠯ᠎ᠡ ᠵᠦᠢᠯ ᠤᠨ ᠡᠭᠦᠷᠭᠡ ᠶᠢ ᠡᠷᠲᠡᠬᠡᠨ ᠦᠷ᠎ᠡ ᠳ᠋ᠦᠩ ᠭᠠᠷᠭᠠᠵᠤ᠂ ᠦᠷ᠎ᠡ ᠪᠦᠲᠦᠮᠵᠢ ᠣᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠭᠦ ᠡᠭᠦᠳᠦᠨ ᠪᠠᠶᠢᠭᠤᠯᠬᠤ ᠠᠵᠢᠯ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠪᠦᠭᠦ ᠲᠠᠯ᠎ᠠ ᠪᠠᠷ ᠠᠬᠢᠭᠤᠯᠵᠤ᠂ ᠰᠢᠨ᠎ᠡ ᠴᠠᠭ ᠦᠶ᠎ᠡ ᠳᠤ ︽ ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠤ ᠡᠷᠬᠢᠮ ᠳᠡᠭᠡᠳᠦ ᠢᠷᠠᠭᠤ ᠠᠯᠳᠠᠷ ᠢᠶᠠᠨ ᠦᠷᠭᠦᠯᠵᠢᠯᠡᠨ ᠪᠠᠲᠤᠯᠠᠬᠤ ᠬᠡᠷᠡᠭᠲᠡᠢ ᠭᠡᠵᠦ ᠢᠯᠡᠳᠬᠡᠪᠡ᠃
ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠺᠠᠳ᠋ᠷ ᠠᠵᠢᠯᠲᠠᠨ ᠠᠵᠢᠯᠴᠢᠨ᠂ ︽ ᠰᠠᠨᠠᠯ ︾ ᠳᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠴᠠᠭ ᠤᠨ ᠬᠦᠰᠦᠨᠦᠭᠲᠦ᠂ ᠱᠤᠭᠤᠮ ᠤᠨ ᠵᠢᠷᠤᠭ ᠢ ᠲᠣᠳᠣᠷᠬᠠᠶᠢᠯᠠᠪᠠ᠃ ᠬᠤᠶᠢᠰᠢᠳᠠ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ
︽ ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ ︾ ᠶᠢ ᠶᠡᠭᠡ ᠪᠠᠷ ᠪᠠᠳᠠᠷᠠᠭᠤᠯᠵᠤ᠂ ︽ ᠰᠠᠨᠠᠯ ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠰᠠᠶᠢᠲᠤᠷ ᠠᠳᠬᠤᠬᠤ ᠶᠢ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠤᠯᠭᠠᠵᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ︽ ᠪᠡᠭᠡᠵᠢᠩ ᠳᠤ ᠣᠴᠢᠵᠤ ᠶᠠᠮᠤᠨ ᠢᠶᠠᠷ ᠬᠦᠷᠬᠦ ︾ ᠡᠷᠴᠢᠮ ᠢᠶᠠᠨ ᠴᠢᠩᠭᠠᠷᠠᠭᠤᠯᠤᠨ᠂ ᠡᠯ᠎ᠡ ᠵᠦᠢᠯ ᠤᠨ ᠡᠭᠦᠷᠭᠡ ᠶᠢ ᠲᠦᠷᠭᠡᠬᠡᠨ ᠦᠨᠡᠨ ᠪᠣᠳᠠᠲᠠᠢ ᠠᠬᠢᠴᠠ ᠲᠠᠢ ᠪᠤᠯᠭᠠᠬᠤ ᠶᠢ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠪᠠᠶᠢᠭᠠᠯᠢ ᠶᠢᠨ ᠡᠬᠢ ᠪᠠᠶᠠᠯᠢᠭ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃
ᠲᠥᠷᠥ ᠶᠢᠨ ᠶᠠᠪᠤᠳᠠᠯ ᠤᠨ ᠬᠤᠷᠢᠶ᠎ᠠ ᠠᠴᠠ ᠮᠠᠨ ᠤ ᠣᠷᠣᠨ ᠤ ᠬᠥᠭᠵᠢᠯᠲᠡ ᠶᠢ ᠳᠡᠮᠵᠢᠬᠦ ︽ ᠰᠠᠨᠠᠯ︾ ᠢ ᠨᠡᠶᠢᠲᠡᠯᠡᠭᠰᠡᠨ ᠨᠢ ᠥᠪᠥᠷ ᠮᠣᠩᠭᠤᠯ ᠤᠨ ᠬᠥᠭᠵᠢᠯᠲᠡ ᠶᠢᠨ ᠲᠡᠦᠬᠡᠨ ᠳᠡᠭᠡᠷ᠎ᠡ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠶᠤᠮ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠭᠡᠰᠢᠭᠦᠨ ᠺᠠᠳ᠋ᠷᠴᠤᠳ᠂ ᠤᠬᠠᠮᠰᠠᠷᠲᠤ ᠴᠢᠨᠠᠷ᠂ ᠰᠠᠨᠠᠭᠠᠴᠢᠯᠠᠭᠠᠲᠤ ᠴᠢᠨᠠᠷ᠂ ᠲᠤᠯᠭᠠᠮ᠎ᠠ ᠴᠢᠨᠠᠷ ᠢ ᠦᠨᠡᠨ ᠬᠦ ᠴᠢᠩᠭᠠᠳᠬᠠᠨ᠂ ᠲᠥᠷᠥ ᠶᠢᠨ ᠪᠣᠳᠣᠯᠭ᠎ᠠ ᠶᠢ ᠨᠡᠪᠲᠡᠷᠡᠲᠡᠯ᠎ᠡ ᠣᠶᠢᠯᠠᠭᠠᠵᠤ᠂ ᠲᠥᠷᠥ ᠶᠢᠨ ᠪᠣᠳᠣᠯᠭ᠎ᠠ ᠶᠢ ᠭᠦᠢᠴᠡᠳ ᠪᠥᠭᠡᠳ ᠠᠮᠢᠳᠤᠯᠢᠭ ᠬᠡᠷᠡᠭᠯᠡᠨ᠂ ᠡᠯ᠎ᠡ ᠵᠦᠢᠯ ᠤᠨ ᠡᠭᠦᠷᠭᠡ ᠶᠢ ᠰᠠᠶᠢᠨ ᠪᠥᠭᠡᠳ ᠲᠦᠷᠭᠡᠨ ᠢᠶᠠᠷ ᠰᠠᠶᠢᠲᠤᠷ ᠠᠳᠬᠤᠵᠤ᠂ ᠨᠠᠮ ᠤᠨ ᠲᠥᠪ ᠬᠤᠷᠢᠶ᠎ᠠ ᠶᠢᠨ ᠴᠢᠩ ᠰᠡᠳᠬᠢᠯ ᠤᠨ ᠬᠦᠰᠡᠯ ᠨᠠᠶᠢᠳᠠᠯᠠᠭ᠎ᠠ ᠶᠢ ᠬᠥᠰᠡᠷᠳᠡᠭᠦᠯᠬᠦ ᠦᠭᠡᠢ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ︽ ᠲᠤᠭ᠎ᠠ ᠬᠡᠮᠵᠢᠶ᠎ᠡ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠭᠦ᠂ ᠭᠠᠷᠤᠯᠲᠠ ᠶᠢ ᠨᠡᠮᠡᠭᠳᠡᠭᠦᠯᠬᠦ ︾ ᠰᠡᠳᠬᠢᠴᠡ ᠶᠣᠰᠣᠭᠠᠷ᠂ ᠪᠠᠲᠤ ᠪᠠᠬᠢ ᠬᠡᠯᠬᠢᠶᠡᠲᠦ ᠰᠡᠳᠬᠢᠬᠦᠢ᠂ ᠠᠵᠤ ᠦᠢᠯᠡᠳᠪᠦᠷᠢᠵᠢᠯᠲᠡ ᠶᠢᠨ ᠰᠡᠳᠬᠢᠬᠦᠢ ᠶᠢ ᠪᠤᠶ ᠪᠤᠯᠭᠠᠵᠤ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃
︽ ᠰᠠᠨᠠᠯ ︾ ᠢ ᠪᠠᠭᠤᠯᠭᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ ᠲᠥᠪ ᠦᠳᠲᠡᠷ ᠲᠦᠷᠭᠡᠨ ᠰᠤᠷᠤᠯᠴᠠᠨ ᠲᠤᠭᠤᠰᠢᠯᠠᠭᠤᠯᠬᠤ ᠬᠠᠯᠠᠭᠤᠨ ᠥᠷᠨᠢᠯᠲᠡ ᠭᠠᠷᠭᠠᠪᠠ᠃ ︽ ᠰᠠᠨᠠᠯ ︾ ᠪᠣᠯ ᠮᠠᠨ ᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠵᠢᠯᠤᠭᠤᠳᠬᠤ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠮᠥᠨ᠂ ᠬᠤᠶᠢᠰᠢᠳᠠ ᠴᠢᠩᠭ᠎ᠠ ᠬᠦᠴᠦᠲᠡᠢ ᠠᠴᠢ ᠬᠠᠷᠢᠭᠤᠯᠬᠤ ᠰᠡᠳᠬᠢᠯᠭᠡ ᠪᠠ ᠡᠷᠡᠯᠬᠡᠭᠯᠡᠨ ᠤᠷᠤᠭᠰᠢᠯᠠᠬᠤ ᠵᠣᠷᠢᠭ ᠢᠶᠠᠷ ︽ ᠰᠠᠨᠠᠯ ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ
︽ ᠰᠠᠨᠠᠯ ︾ ᠤᠨ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠤᠨ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠤᠶᠠᠯᠳᠤᠯ ᠤᠨ ᠴᠡᠭ ᠪᠠ ᠭᠠᠷᠳᠠᠬᠤ ᠴᠡᠭ ᠢ ᠣᠨᠣᠪᠴᠢᠲᠠᠶ ᠣᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠨᠠᠮ ᠤᠨ ᠭᠡᠰᠢᠭᠦᠨ ᠺᠠᠳ᠋ᠷᠴᠤᠳ ᠰᠠᠨᠠᠯ ᠨᠢᠭᠡᠲᠡᠢ ᠦᠵᠡᠵᠦ ᠪᠠᠶᠢᠨ᠎ᠠ᠃