ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2023 ᠣᠨ ᠤ 27 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/10/30

     10 ᠰᠠᠷ᠎ᠠ ᠶᠢᠨ 24 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃

     ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠤᠨ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠨᠠᠷᠢᠨ ᠳᠠᠩᠰᠠ ᠶᠢ ᠰᠤᠳᠤᠯᠵᠤ᠂ ᠵᠠᠰᠠᠭ ᠤᠨ ᠣᠷᠳᠣᠨ ᠤ ᠡᠯ᠎ᠡ ᠲᠦᠷᠦᠭᠦᠯᠡᠨ ᠤᠳᠤᠷᠢᠳᠬᠤ ᠺᠠᠳ᠋ᠷ ᠪᠠ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠢᠨ ᠠᠵᠢᠯ ᠢᠶᠠᠨ ᠨᠢᠭᠡᠳᠬᠡᠵᠦ᠂ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢ ᠵᠦᠢᠯ ᠳᠠᠷᠠᠭᠠᠯᠠᠨ ᠰᠤᠳᠤᠯᠵᠤ᠂ ᠡᠭᠦᠷᠭᠡ ᠨᠢᠭᠡ ᠪᠦᠷᠢ ᠶᠢ ᠡᠮᠬᠢᠯᠡᠨ ᠨᠠᠶᠢᠳᠠᠪᠤᠷᠢᠵᠢᠭᠤᠯᠵᠤ᠂ ᠴᠢᠩᠭ᠎ᠠ ᠠᠳᠬᠤᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠨ ᠤᠷᠤᠭᠰᠢᠯᠠᠵᠤ᠂ ᠠᠵᠢᠯ ᠢᠶᠠᠨ ᠨᠠᠶᠢᠳᠠᠪᠤᠷᠢᠵᠢᠭᠤᠯᠵᠤ ᠨᠠᠷᠢᠯᠢᠭᠵᠢᠭᠤᠯᠵᠤ ᠪᠣᠳᠠᠲᠠᠶᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

     ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠤᠨ ᠭᠤᠸᠠᠩᠳᠦ᠋ᠩ ᠮᠤᠵᠢ ᠳᠤ ᠬᠦᠷᠴᠦ ᠰᠣᠷᠣᠯᠴᠠᠵᠤ ᠰᠢᠨᠵᠢᠯᠡᠨ ᠪᠠᠶᠢᠴᠠᠭᠠᠵᠤ ᠲᠣᠭᠲᠠᠭᠰᠠᠨ ᠶᠠᠪᠤᠳᠠᠯ ᠤᠴᠢᠷ ᠢ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠵᠤ᠂ ᠵᠥᠪᠯᠡᠨ ᠲᠣᠭᠲᠠᠭᠠᠭᠰᠠᠨ ᠤᠴᠢᠷ ᠶᠠᠪᠤᠳᠠᠯ ᠢ ᠪᠥᠬᠦᠨ ᠢ ᠠᠵᠢᠯ ᠤᠨ ᠡᠳᠦᠷ ᠤᠨ ᠳᠠᠷᠠᠭᠠᠯᠠᠯ ᠪᠠ ᠨᠠᠶᠢᠳᠠᠪᠤᠷᠢᠵᠢᠭᠤᠯᠬᠤ ᠲᠥᠰᠥᠯ ᠳᠤ ᠣᠷᠣᠭᠤᠯᠵᠤ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ᠂ ᠬᠠᠷᠢᠭᠤᠴᠠᠯᠭᠠᠲᠠᠨ ᠢ ᠲᠣᠳᠣᠷᠬᠠᠶᠢᠯᠠᠬᠤ ᠬᠡᠷᠡᠭᠲᠡᠢ᠃ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠱᠠᠯᠠᠪᠳᠠᠭᠤᠯᠤᠨ ᠵᠣᠯᠭᠠᠭᠤᠯᠵᠤ᠂ ᠬᠠᠮᠲᠤᠷᠠᠯᠴᠠᠭᠠᠨ ᠤ ᠰᠠᠨᠠᠮᠵᠢ ᠶᠢ ᠳᠠᠷᠤᠢ ᠲᠦᠷᠭᠡᠨ ᠢᠶᠠᠷ ᠪᠣᠳᠠᠲᠠᠢ ᠲᠥᠷᠥᠯ ᠵᠦᠢᠯ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠦᠢᠯᠡᠴᠢᠯᠡᠭᠡ ᠪᠠᠨ ᠴᠢᠩᠭᠠᠳᠬᠠᠵᠤ᠂ ᠴᠢᠩᠭ᠎ᠠ ᠠᠩᠬᠠᠷᠴᠤ ᠴᠢᠩᠭ᠎ᠠ ᠠᠳᠬᠤᠵᠤ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠠᠷᠠᠯᠵᠢᠶᠠᠴᠢᠨ ᠤᠷᠢᠬᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠦᠨᠡᠨ ᠪᠣᠳᠠᠲᠠᠢ ᠦᠷ᠎ᠡ ᠪᠦᠲᠦᠭᠡᠯ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

     ᠬᠤᠷᠠᠯ ᠠᠴᠠ ᠰᠣᠶᠣᠯ ᠵᠢᠭᠤᠯᠴᠢᠯᠠᠯ ᠤᠨ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠵᠤ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠠᠨᠠᠯ ᠢ ᠬᠢᠨᠠᠨ ᠵᠥᠪᠯᠡᠵᠦ᠂ ᠣᠨᠣᠴᠠᠲᠠᠢ ᠪᠠᠷᠢᠮᠵᠢᠶᠠᠯᠠᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠰᠠᠨᠠᠯ︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠨᠠᠷᠢᠨ ᠨᠢᠮᠪᠠᠢ ᠲᠥᠯᠥᠪᠵᠢᠭᠦᠯᠵᠦ᠂ ᠡᠯ᠎ᠡ ᠲᠥᠷᠥᠯ ᠤᠨ ᠲᠥᠷᠥᠯ ᠵᠦᠢᠯ ᠪᠠ ᠠᠵᠢᠯᠯᠠᠭ᠎ᠠ ᠶᠢ ᠭᠤᠶᠢᠳᠠ ᠰᠠᠶᠢᠬᠠᠨ ᠡᠷᠬᠢᠯᠡᠵᠦ᠂ ᠥᠪᠡᠷᠮᠢᠴᠡ ᠣᠨᠴᠠᠯᠢᠭ ᠲᠠᠢ ᠡᠷᠬᠢᠯᠡᠵᠦ᠂ ᠲᠥᠷᠥᠯ ᠲᠡᠮᠳᠡᠭ ᠢ ᠪᠣᠢ ᠪᠣᠯᠭᠠᠬᠤ ᠶᠢ ᠤᠳᠠᠭᠠᠨ ᠳᠠᠭᠠᠭᠠᠮᠠᠭᠠᠢ ᠪᠠᠷᠢᠮᠲᠠᠯᠠᠬᠤ ᠬᠡᠷᠡᠭᠲᠡᠢ᠃ ᠵᠢᠭᠤᠯᠴᠢᠯᠠᠯ ᠤᠨ ᠦᠢᠯᠡᠰ ᠤᠨ ᠪᠠᠶᠢᠳᠠᠯ ᠢ ᠪᠠᠶᠠᠯᠢᠭᠵᠢᠭᠤᠯᠵᠤ᠂ ︽ᠶᠠᠭᠤ ᠢᠳᠡᠬᠦ᠂ ᠶᠠᠭᠤ ᠤᠤᠭᠤᠬᠤ᠂ ᠶᠠᠭᠤ ᠦᠵᠡᠬᠦ᠂ ᠶᠠᠭᠤ ᠨᠠᠭᠠᠳᠬᠤ᠂ ᠶᠠᠭᠤ ᠬᠤᠳᠠᠯᠳᠤᠨ ᠠᠪᠬᠤ︾ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠵᠢᠭᠤᠯᠴᠢᠯᠠᠭᠰᠠᠳ ᠢ ᠳᠤᠷᠠᠲᠠᠶ᠎ᠠ ᠬᠡᠷᠡᠭᠯᠡᠬᠦ᠂ ᠬᠡᠷᠡᠭᠯᠡᠵᠦ ᠳᠡᠶᠢᠯᠬᠦ ᠪᠣᠯᠭᠠᠬᠤ ᠬᠡᠷᠡᠭᠲᠡᠢ᠃ ᠥᠪᠥᠷ ᠮᠣᠩᠭᠤᠯ ᠤᠨ ᠮᠥᠰᠥ ᠴᠠᠰᠤᠨ ᠤ ᠤᠯᠠᠷᠢᠯ ᠤᠳᠠᠯ ᠦᠭᠡᠢ ᠬᠦᠷᠴᠦ ᠢᠷᠡᠬᠦ ᠭᠡᠵᠦ ᠪᠠᠶᠢᠭ᠎ᠠ ᠪᠣᠯᠬᠤᠷ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠠᠵᠠ ᠲᠣᠬᠢᠶᠠᠯ ᠢ ᠠᠮᠵᠢᠵᠤ᠂ ᠤᠷᠢᠳᠴᠢᠯᠠᠨ ᠪᠡᠯᠡᠳᠬᠡᠵᠦ᠂ ᠤᠬᠠᠭᠤᠯᠭ᠎ᠠ ᠪᠠᠨ ᠴᠢᠩᠭᠠᠳᠬᠠᠵᠤ᠂ ᠠᠯᠢ ᠣᠯᠠᠨ ᠥᠪᠡᠷᠮᠢᠴᠡ ᠣᠨᠴᠠᠯᠢᠭ ᠲᠠᠢ᠂ ᠭᠢᠯᠠᠰ ᠴᠡᠭ ᠲᠠᠢ ᠮᠥᠰᠥ ᠴᠠᠰᠤᠨ ᠤ ᠵᠢᠭᠤᠯᠴᠢᠯᠠᠯ ᠤᠨ ᠠᠵᠢᠯᠯᠠᠭ᠎ᠠ ᠶᠢ ᠥᠷᠨᠢᠭᠦᠯᠵᠦ᠂ ᠡᠪᠦᠯ ᠤᠨ ᠤᠯᠠᠷᠢᠯ ᠤᠨ ᠵᠢᠭᠤᠯᠴᠢᠯᠠᠯ ᠢ ᠬᠥᠭᠵᠢᠶᠡᠨ ᠲᠠᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ