– ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠪᠦᠭᠦ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠰᠢᠰᠲ᠋ᠧᠮ ᠤᠨ ᠺᠠᠳ᠋ᠷ ᠠᠵᠢᠯᠲᠠᠨ ᠤ ᠳᠤᠮᠳᠠ ᠴᠢᠩᠭ᠎ᠠ ᠲᠤᠰᠬᠠᠯ ᠭᠠᠷᠪᠠ
ᠲᠦᠷᠦᠭᠦᠬᠡᠨ᠂ ᠲᠥᠷᠥ ᠶᠢᠨ ᠶᠠᠪᠤᠳᠠᠯ ᠤᠨ ᠬᠤᠷᠢᠶ᠎ᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠳᠥᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠪᠠ᠃ ︽ᠰᠠᠨᠠᠯ︾ ᠳᠤ 7 ᠲᠠᠯ᠎ᠠ ᠶᠢᠨ ᠭᠤᠣᠯ ᠡᠭᠦᠷᠭᠡ ᠶᠢ ᠪᠠᠶᠢᠷᠢᠯᠠᠭᠤᠯᠪᠠ᠂ ᠨᠢᠭᠡᠳᠦᠭᠡᠷ ᠡᠭᠦᠷᠭᠡ ᠪᠣᠯ ᠳᠠᠷᠤᠢ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠶᠠᠪᠤᠳᠠᠯ ᠪᠣᠯᠣᠨ᠎ᠠ᠂ ᠡᠨᠡ ᠨᠢ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠥᠪᠥᠷ ᠮᠣᠩᠭᠤᠯ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠭᠦᠢᠴᠡᠳ ᠬᠠᠷᠠᠭᠤᠯᠵᠤ᠂ ᠪᠦᠭᠦ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠰᠢᠰᠲ᠋ᠧᠮ ᠤᠨ ᠺᠠᠳ᠋ᠷ ᠠᠵᠢᠯᠲᠠᠨ ᠤ ᠳᠤᠮᠳᠠ ᠴᠢᠩᠭ᠎ᠠ ᠲᠤᠰᠬᠠᠯ ᠭᠠᠷᠪᠠ᠃
︽ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠠᠵᠢᠯ ᠢ ᠭᠤᠣᠯᠯᠠᠵᠤ ᠲᠦᠷᠦᠭᠦᠯᠡᠨ ᠬᠢᠬᠦ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠪᠢᠳᠡ ᠡᠷᠬᠡᠪᠰᠢ ᠤᠯᠤᠰ ᠲᠥᠷᠥ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠠᠴᠢ ᠡᠨᠡᠷᠢᠯ ᠳᠤ ᠲᠠᠯᠠᠷᠬᠠᠬᠤ ᠰᠡᠳᠬᠢᠯᠭᠡ ᠪᠠ ᠡᠷᠡᠯᠬᠡᠭᠯᠡᠨ ᠤᠷᠤᠭᠰᠢᠯᠠᠬᠤ ᠵᠣᠷᠢᠭ ᠢᠶᠠᠷ ︿ᠰᠠᠨᠠᠯ﹀ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ︾ ᠭᠡᠵᠦ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠵᠣᠣ ᠱᠧᠩ ᠬᠡᠯᠡᠪᠡ᠃ ᠣᠯᠠᠨ ᠵᠢᠯ ᠤᠨ ᠲᠤᠷᠰᠢ᠂ ᠥᠪᠥᠷ ᠮᠣᠩᠭᠤᠯ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠡᠬᠡ ᠤᠯᠤᠰ ᠤᠨ ᠤᠮᠠᠷᠠᠲᠤ ᠬᠢᠯᠢ ᠳᠤ ᠲᠦᠮᠡᠨ ᠭᠠᠵᠠᠷ ᠤᠨ ᠨᠣᠮᠢᠨ ᠨᠣᠭᠤᠭᠠᠨ ᠣᠷᠳᠣ ᠴᠠᠭᠠᠨ ᠬᠡᠷᠡᠮ ᠢ ᠴᠣᠭᠴᠠᠯᠠᠪᠠ᠂ ︽ᠰᠠᠨᠠᠯ︾ ᠢ ᠨᠡᠶᠢᠲᠡᠯᠡᠭᠰᠡᠨ ᠨᠢ ᠣᠶ ᠰᠢᠭᠤᠢ ᠨᠤᠲᠤᠭ ᠪᠡᠯᠴᠢᠭᠡᠷ ᠤᠨ ᠰᠢᠰᠲ᠋ᠧᠮ ᠤᠨ ᠥᠷᠭᠡᠨ ᠣᠯᠠᠨ ᠺᠠᠳ᠋ᠷ ᠠᠵᠢᠯᠲᠠᠨ ᠳᠤ ᠮᠠᠰᠢ ᠶᠡᠭᠡ ᠵᠣᠷᠢᠭᠵᠢᠭᠤᠯᠤᠯ ᠪᠣᠯᠵᠤ᠂ ᠡᠷᠴᠢ ᠵᠣᠷᠢᠭ ᠲᠡᠭᠦᠯᠳᠡᠷ ᠪᠠᠶᠢᠨ᠎ᠠ᠃ ︽ᠲᠠᠷᠠᠭᠠᠴᠢ ᠶᠢᠨ ᠠᠯᠬᠤᠮ ᠳᠤ᠂ ᠪᠦᠭᠦ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠰᠢᠰᠲ᠋ᠧᠮ ᠤᠨ ᠬᠢᠨ ᠰᠢᠰᠲ᠋ᠧᠮ ᠤᠨ ᠦᠵᠡᠯᠲᠡ ᠶᠢ ᠦᠷᠭᠦᠯᠵᠢᠯᠡᠨ ᠪᠠᠷᠢᠮᠲᠠᠯᠠᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠲᠥᠯᠦᠪᠵᠢᠭᠦᠯᠭᠡ ᠶᠢᠨ ᠲᠥᠰᠥᠯ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠬᠦᠴᠦᠨ ᠢᠶᠠᠨ ᠲᠥᠪᠯᠡᠷᠡᠭᠦᠯᠵᠦ᠂ ︿ᠤᠮᠠᠷᠠᠲᠤ ᠶᠢᠨ ᠭᠤᠷᠪᠠᠨ ᠣᠷᠣᠨ﹀ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯᠣᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠵᠤ᠂ ᠮᠡᠷᠭᠡᠵᠢᠯ ᠪᠣᠯᠣᠨ ᠵᠠᠭᠪᠤᠷ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠢᠯᠡᠭᠦᠦ ᠬᠢᠵᠦ ᠳᠡᠶᠢᠯᠪᠡᠯ ᠢᠯᠡᠭᠦᠦ ᠬᠢᠵᠦ᠂ ᠠᠬᠢᠴᠠ ᠶᠢ ᠤᠷᠤᠭᠰᠢ ᠠᠬᠢᠭᠤᠯᠵᠤ᠂ ᠪᠠᠷᠢᠯᠭ᠎ᠠ ᠶᠢᠨ ᠬᠤᠭᠤᠴᠠᠭ᠎ᠠ ᠶᠢ ᠲᠦᠷᠭᠡᠳᠬᠡᠵᠦ᠂ ︿ᠫᠧᠩᠰᠡᠲᠦ ᠦᠵᠡᠮᠵᠢ﹀ ᠶᠢ ︿ᠤᠢ ᠰᠢᠭᠤᠢ﹀ ᠪᠤᠯᠭᠠᠬᠤ ᠪᠠᠷ ᠴᠢᠷᠮᠠᠶᠢᠨ᠎ᠠ᠃ ᠡᠭᠦᠨ ᠤ ᠵᠡᠷᠭᠡ ᠪᠠᠷ᠂ ᠨᠤᠲᠤᠭ ᠪᠡᠯᠴᠢᠭᠡᠷ ᠤᠢ ᠰᠢᠭᠤᠢ ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠶᠢ ᠴᠥᠬᠦᠷᠡᠰᠢ ᠦᠭᠡᠢ ᠠᠬᠢᠭᠤᠯᠵᠤ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠠᠮᠠᠷᠠᠭᠤᠯᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠮᠠᠨ ᠤ ᠤᠢ ᠰᠢᠭᠤᠢ᠂ ᠲᠠᠯ᠎ᠠ ᠨᠤᠲᠤᠭ ᠢᠶᠠᠨ ᠡᠷᠡᠰ ᠰᠠᠶᠢᠲᠤᠷ ᠬᠠᠮᠠᠭᠠᠯᠠᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠵᠠᠮ ᠳᠡᠭᠡᠷ᠎ᠡ ᠤᠢ ᠰᠢᠭᠤᠢ ᠨᠤᠲᠤᠭ ᠪᠡᠯᠴᠢᠭᠡᠷ ᠤᠨ ᠬᠦᠴᠦᠨ ᠴᠢᠳᠠᠯ ᠢᠶᠠᠨ ᠡᠷᠭᠦᠨ᠎ᠡ︾ ᠭᠡᠵᠦ ᠸᠠᠩ ᠵᠤᠤ ᠱᠧᠩ ᠬᠡᠯᠡᠪᠡ᠃
︽︿ᠰᠠᠨᠠᠯ﹀ ᠳᠤ ︿ᠠᠯᠠᠱᠠ ᠠᠭᠤᠯᠠ᠂ ᠳᠠᠯᠠᠨ ᠬᠠᠷ᠎ᠠ ᠠᠭᠤᠯᠠ ᠵᠡᠷᠭᠡ ᠤᠯᠤᠰ ᠤᠨ ᠴᠡᠴᠡᠷᠯᠢᠭ ᠢ ᠡᠭᠦᠳᠦᠨ ᠪᠠᠶᠢᠭᠤᠯᠤᠨ᠎ᠠ﹀ ᠭᠡᠵᠦ ᠳᠤᠷᠠᠳᠴᠤ᠂ ᠬᠤᠶᠢᠰᠢᠳᠠ ᠶᠢᠨ ᠳᠠᠯᠠᠨ ᠬᠠᠷ᠎ᠠ ᠠᠭᠤᠯᠠ ᠶᠢᠨ ᠬᠠᠮᠠᠭᠠᠯᠠᠯᠲᠠ ᠶᠢᠨ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠲᠣᠳᠣᠷᠬᠠᠢ ᠴᠢᠭᠯᠡᠯ ᠪᠠ ᠪᠣᠳᠠᠲᠠᠢ ᠰᠡᠳᠬᠢᠮᠵᠢ ᠬᠠᠩᠭᠠᠪᠠ︾ ᠭᠡᠵᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠯᠠᠨ ᠬᠠᠷ᠎ᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠨᠢᠦ ᠰᠢ ᠱᠠᠨ ᠬᠡᠯᠡᠪᠡ᠃ ᠣᠶᠢᠷ᠎ᠠ ᠶᠢᠨ ᠵᠢᠯ ᠤᠳ ᠲᠤ᠂ ᠬᠠᠮᠠᠭᠠᠯᠠᠯᠲᠠ ᠶᠢᠨ ᠣᠷᠣᠨ ᠬᠤᠷᠢᠭ᠎ᠠ ᠱᠤᠭᠤᠮ ᠤᠨ ᠰᠡᠳᠬᠢᠬᠦᠢ ᠪᠠ ᠨᠡᠭᠡᠭᠡᠯᠲᠡᠲᠤ ᠰᠡᠳᠬᠢᠬᠦᠢ ᠶᠢ ᠪᠠᠷᠢᠮᠲᠠᠯᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢ ᠰᠠᠶᠢᠲᠤᠷ ᠠᠳᠬᠤᠭᠰᠠᠨ ᠤᠷᠢᠲᠠᠯ ᠳᠣᠣᠷ᠎ᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠢᠨᠠᠨ ᠬᠡᠮᠵᠢᠯᠲᠡ᠂ ᠡᠬᠢ ᠪᠠᠶᠠᠯᠢᠭ ᠤᠨ ᠠᠰᠢᠭᠯᠠᠯᠲᠠ ᠵᠡᠷᠭᠡ ᠶᠢ ᠡᠮᠬᠢ ᠵᠢᠷᠤᠮ ᠲᠠᠢ ᠥᠷᠨᠢᠭᠦᠯᠬᠦ ᠶᠢ ᠦᠷᠭᠦᠯᠵᠢᠯᠡᠨ ᠠᠬᠢᠭᠤᠯᠵᠤ᠂ ᠨᠡᠯᠢᠶᠡᠳ ᠰᠠᠶᠢᠨ ᠦᠷ᠎ᠡ ᠪᠦᠲᠦᠮᠵᠢ ᠣᠯᠪᠠ᠃ ᠲᠠᠷᠠᠭᠠᠴᠢ ᠶᠢᠨ ᠠᠯᠬᠤᠮ ᠳᠤ᠂ ᠳᠠᠯᠠᠨ ᠬᠠᠷ᠎ᠠ ᠠᠭᠤᠯᠠ ᠶᠢᠨ ᠬᠠᠮᠠᠭᠠᠯᠠᠯᠲᠠ ᠶᠢᠨ ᠣᠷᠣᠨ ᠠᠮᠢ ᠠᠬᠤᠢ ᠶᠢᠨ ᠬᠠᠮᠠᠭᠠᠯᠠᠯᠲᠠ ᠶᠢ ᠲᠡᠷᠢᠭᠦᠨ ᠳᠤ ᠲᠠᠯᠪᠢᠬᠤ᠂ ᠤᠯᠤᠰ ᠤᠨ ᠲᠥᠯᠥᠭᠡᠯᠡᠬᠦ ᠴᠢᠨᠠᠷᠲᠠᠢ᠂ ᠪᠦᠭᠦ ᠠᠷᠠᠳ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠤᠯᠤᠰ ᠤᠨ ᠴᠡᠴᠡᠷᠯᠢᠭ ᠤᠨ ᠣᠶᠢᠯᠠᠭᠠᠭᠳᠠᠬᠤᠨ ᠢ ᠪᠠᠷᠢᠮᠲᠠᠯᠠᠵᠤ᠂ ᠳᠡᠪᠢᠰᠬᠡᠷ ᠪᠠᠶᠢᠴᠠᠭᠠᠯᠲᠠ᠂ ᠬᠠᠮᠠᠭᠠᠯᠠᠨ ᠰᠡᠷᠭᠦᠭᠡᠬᠦ᠂ ᠬᠢᠨᠠᠨ ᠬᠡᠮᠵᠢᠵᠦ ᠬᠢᠨᠠᠨ ᠬᠠᠮᠢᠶᠠᠷᠬᠤ ᠵᠡᠷᠭᠡ ᠡᠭᠦᠷᠭᠡ ᠶᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠳᠠᠯᠠᠨ ᠬᠠᠷ᠎ᠠ ᠠᠭᠤᠯᠠ ᠶᠢᠨ ᠤᠯᠤᠰ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠤᠨ᠎ᠠ᠃
ᠥᠪᠥᠷ ᠮᠣᠩᠭᠤᠯ ᠤᠨ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠭᠤᠣᠯ ᠲᠠᠶᠢᠨ ᠤ ᠲᠠᠯᠠᠪᠤᠷ ᠤᠨ ᠨᠢᠭᠡ ᠪᠣᠯᠤᠭᠰᠠᠨ ᠤ ᠬᠤᠪᠢ ᠳᠤ᠂ ᠣᠷᠳᠣᠰ ᠬᠤᠳᠠ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ︽ᠬᠥᠪᠴᠢ ᠶᠢᠨ ᠵᠠᠭᠪᠤᠷ︾ ᠢ ᠡᠭᠦᠳᠴᠦ᠂ ᠮᠤᠤᠠᠤᠰᠤ ᠶᠢᠨ ᠡᠯᠡᠰᠦᠷᠬᠡᠭ ᠭᠠᠵᠠᠷ ᠤᠨ ᠵᠠᠰᠠᠯᠲᠠ ᠨᠢ ᠶᠡᠷᠦᠩᠬᠡᠢ ᠱᠦᠵᠢ ᠰᠢ ᠶᠢᠨ ᠫᠢᠩ ᠤᠨ ᠮᠠᠭᠲᠠᠭᠠᠯ ᠰᠠᠶᠢᠰᠢᠶᠠᠯ ᠢ ᠣᠯᠪᠠ᠃ ︽ᠰᠠᠨᠠᠯ︾ ᠢ ᠨᠡᠶᠢᠲᠡᠯᠡᠭᠰᠡᠨ ᠨᠢ ᠣᠷᠳᠣᠰ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠺᠠᠳ᠋ᠷ ᠠᠵᠢᠯᠲᠠᠨ ᠠᠵᠢᠯᠴᠢᠨ ᠢ ᠢᠲᠡᠭᠡᠯ ᠳᠦᠭᠦᠷᠡᠩ ᠪᠣᠯᠭᠠᠪᠠ᠃ ᠤᠯᠠᠨ ᠢᠶᠠᠷ ᠢᠶᠠᠨ ᠡᠷᠴᠢ ᠵᠣᠷᠢᠭ ᠢᠶᠠᠨ ᠬᠥᠪᠴᠢᠯᠡᠨ᠂ ᠰᠢᠷᠭᠠᠭᠤ ᠠᠵᠢᠯᠯᠠᠵᠤ ᠪᠣᠳᠠᠲᠠᠢ ᠠᠵᠢᠯᠯᠠᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠬᠦᠨᠳᠦ ᠡᠭᠦᠷᠭᠡ ᠶᠢ ᠡᠷᠡᠰ ᠡᠭᠦᠷᠭᠡᠯᠡᠨ᠂ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠬᠠᠳᠤᠨ ᠭᠤᠣᠯ ᠤᠨ ︽ᠶᠡᠭᠡ ᠲᠣᠬᠤᠢ ᠣᠷᠣᠨ︾ ᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠯᠤᠰ ᠤᠨ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠭᠦ ᠣᠷᠣᠨ ᠤ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ 2025 ᠣᠨ ᠪᠤᠯᠬᠤ ᠳᠤ ᠬᠥᠪᠴᠢ ᠶᠢᠨ ᠡᠯᠡᠰᠦ ᠶᠢ ᠵᠠᠰᠠᠭᠰᠠᠨ ᠨᠤᠷᠮ᠎ᠠ ᠶᠢ 40% ᠠᠴᠠ ᠳᠠᠪᠠᠭᠤᠯᠵᠤ᠂ ᠮᠤᠤᠠᠤᠰᠤ ᠶᠢᠨ ᠡᠯᠡᠰᠦᠷᠬᠡᠭ ᠭᠠᠵᠠᠷ ᠢ ᠵᠠᠰᠠᠭᠰᠠᠨ ᠨᠣᠷᠮ᠎ᠠ ᠶᠢ 85% ᠭᠦᠷᠲᠡᠯ᠎ᠡ ᠳᠡᠭᠡᠭᠰᠢᠯᠡᠭᠦᠯᠵᠤ᠂ 2030 ᠣᠨ ᠪᠤᠯᠬᠤ ᠳᠤ ᠬᠥᠪᠴᠢ ᠶᠢᠨ ᠡᠯᠡᠰᠦ ᠶᠢ ᠵᠠᠰᠠᠭᠰᠠᠨ ᠨᠤᠷᠮ᠎ᠠ ᠶᠢ 70% ᠠᠴᠠ ᠳᠡᠭᠡᠭᠰᠢ ᠳᠤ ᠬᠦᠷᠭᠡᠵᠦ᠂ ᠮᠤᠤᠠᠤᠰᠤ ᠶᠢᠨ ᠡᠯᠡᠰᠦᠷᠬᠡᠭ ᠭᠠᠵᠠᠷ ᠤᠨ ᠵᠠᠰᠠᠵᠤ ᠪᠤᠯᠬᠤ ᠡᠯᠡᠰᠦᠷᠬᠡᠭᠵᠢᠭᠰᠡᠨ ᠭᠠᠵᠠᠷ ᠰᠢᠷᠣᠢ ᠶᠢ ᠪᠦᠭᠦ ᠲᠠᠯ᠎ᠠ ᠪᠠᠷ ᠵᠠᠰᠠᠬᠤ ᠶᠢ ᠪᠡᠶᠡᠯᠡᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠳᠠᠭᠢᠨ ᠰᠢᠨ᠎ᠡ ᠭᠠᠪᠢᠶ᠎ᠠ ᠪᠠᠶᠢᠭᠤᠯᠤᠨ᠎ᠠ ᠭᠡᠵᠦ ᠢᠯᠡᠳᠬᠡᠵᠡᠭᠡᠪᠡ᠃
︽ᠰᠠᠨᠠᠯ︾ ᠢ ᠰᠠᠶᠢᠲᠤᠷ ᠰᠤᠷᠤᠯᠴᠠᠵᠤ᠂ ᠤᠬᠠᠭᠤᠯᠵᠤ᠂ ᠲᠤᠭᠤᠰᠢᠯᠠᠭᠤᠯᠬᠤ ᠪᠣᠯ ᠣᠶ ᠰᠢᠭᠤᠢ ᠨᠤᠲᠤᠭ ᠪᠡᠯᠴᠢᠭᠡᠷ ᠤᠨ ᠰᠢᠰᠲ᠋ᠧᠮ ᠤᠨ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠣᠨ᠎ᠠ᠃ ᠪᠤᠭᠤᠲᠤ ᠬᠤᠳᠠ ᠶᠢᠨ ᠤᠢ ᠰᠢᠭᠤᠢ ᠨᠤᠲᠤᠭ ᠪᠡᠯᠴᠢᠭᠡᠷ ᠤᠨ ᠲᠣᠪᠴᠢᠶᠠᠨ ᠤ ᠳᠡᠳ᠋ ᠳᠠᠷᠤᠭ᠎ᠠ ᠳ᠋ᠠᠩ ᠰᠢᠶᠣᠣ ᠬᠤᠩ᠄ ︽ᠪᠢᠳᠠ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ ︿ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ﹀ ᠶᠢ ᠶᠡᠭᠡ ᠪᠠᠷ ᠪᠠᠳᠠᠷᠠᠭᠤᠯᠵᠤ᠂ ︿ᠤᠮᠠᠷᠠᠲᠤ ᠶᠢᠨ ᠭᠤᠷᠪᠠᠨ ᠣᠷᠣᠨ﹀ ᠤ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠵᠡᠷᠭᠡ ᠴᠢᠬᠤᠯᠠ ᠶᠡᠭᠡ ᠠᠮᠢ ᠠᠬᠤᠢ ᠶᠢ ᠵᠠᠰᠠᠨ ᠰᠡᠷᠭᠦᠭᠡᠬᠦ ᠢᠨᠵᠧᠨᠧᠷᠢᠩ ᠤᠨ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠵᠦ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠬᠠᠳᠤᠨ ᠭᠤᠣᠯ ᠤᠨ ︿ᠶᠡᠭᠡ ᠲᠣᠬᠤᠢ ᠣᠷᠣᠨ﹀ ᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠨ᠎ᠡ︾ ᠭᠡᠪᠡ᠃
ᠲᠦᠩᠯᠢᠶᠣᠣ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠰᠢᠰᠲ᠋ᠧᠮ ᠤᠨ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ᠂ ︽ᠰᠠᠨᠠᠯ︾ ᠳᠤ ᠬᠤᠷᠴᠢᠨ᠂ ᠬᠤᠯᠠᠨ ᠰᠢᠷᠭ᠎ᠠ ᠲᠠᠭ᠎ᠠ ᠬᠤᠶᠠᠷ ᠶᠡᠭᠡ ᠡᠯᠡᠰᠦᠷᠬᠡᠭ ᠭᠠᠵᠠᠷ ᠤᠨ ᠰᠥᠨᠥᠭᠡᠬᠦ ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠬᠦ ᠳᠤ ᠬᠠᠷᠠᠯᠲᠠ ᠶᠢ ᠲᠣᠭᠲᠠᠭᠠᠵᠤ᠂ ᠲᠣᠳᠣᠷᠬᠠᠢ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠣᠯᠠᠨ ᠢᠶᠠᠷ ᠢᠶᠠᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠰᠢᠨ᠎ᠡ ᠴᠠᠭ ᠦᠶ᠎ᠡ ᠶᠢᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠢᠨ᠎ᠡ ᠭᠠᠶᠢᠬᠠᠮᠰᠢᠭ ᠢ ᠴᠢᠷᠮᠠᠶᠢᠨ ᠡᠭᠦᠳᠦᠨ᠎ᠡ ᠭᠡᠵᠦ ᠢᠯᠡᠳᠬᠡᠵᠡᠭᠡᠪᠡ᠃