ᠵᠢᠭᠠᠭᠰᠠᠨ ᠴᠢᠭᠯᠡᠯ ᠢᠶᠠᠷ ᠦᠷᠭᠦᠯᠵᠢᠯᠡᠨ ᠤᠷᠤᠭᠰᠢᠯᠠᠵᠤ ᠢᠲᠡᠭᠡᠯ ᠲᠡᠭᠦᠯᠳᠡᠷ ᠢᠶᠠᠷ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ᠎ᠡ — ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠪᠦᠭᠦ ᠣᠷᠣᠨ ᠤ ᠺᠠᠳ᠋ᠷ ᠣᠯᠠᠨ ᠲᠦᠮᠡᠨ ᠤ ᠳᠤᠮᠳᠠ ᠴᠢᠩᠭ᠎ᠠ ᠲᠤᠰᠬᠠᠯ ᠭᠠᠷᠪᠠ
ᠨᠡᠶᠢᠲᠡᠯᠡᠭᠰᠡᠨ ᠴᠠᠭ᠄
2023/10/30

 

      ᠲᠦᠷᠦᠭᠦᠬᠡᠨ᠂ ᠲᠦᠷᠦ ᠶᠢᠨ ᠶᠠᠪᠤᠳᠠᠯ ᠤᠨ ᠬᠤᠷᠢᠶ᠎ᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ︵ ᠳᠣᠷᠣᠭᠰᠢ ︽ᠰᠠᠨᠠᠯ︾ ᠭᠡᠵᠦ ᠳᠥᠭᠦᠮᠴᠢᠯᠡᠨ᠎ᠡ ︶ ᠢ ᠳᠠᠷᠤᠮᠠᠯᠯᠠᠨ ᠲᠠᠷᠬᠠᠭᠠᠪᠠ᠂ ᠡᠨᠡ ᠪᠣᠯ ᠥᠪᠥᠷ ᠮᠣᠩᠭᠤᠯ ᠤᠨ ᠲᠣᠮᠣ ᠶᠠᠪᠤᠳᠠᠯ᠂ ᠴᠢᠬᠤᠯᠠ ᠶᠠᠪᠤᠳᠠᠯ᠂ ᠪᠠᠶᠠᠷ ᠤᠨ ᠶᠠᠪᠤᠳᠠᠯ ᠮᠥᠨ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠥᠪᠥᠷ ᠮᠣᠩᠭᠤᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠭᠦᠨ ᠬᠠᠶᠢᠷᠠᠯᠠᠵᠤ᠂ ᠥᠪᠥᠷ ᠮᠣᠩᠭᠤᠯ ᠤᠨ ᠬᠥᠭᠵᠢᠯᠲᠡ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠬᠤ ᠰᠡᠳᠬᠢᠯᠭᠡ ᠶᠢ ᠠᠭᠤᠯᠵᠤ᠂ ᠪᠦᠭᠦ ᠣᠷᠣᠨ ᠤ ᠥᠷᠭᠡᠨ ᠤᠯᠠᠨ ᠺᠠᠳ᠋ᠷ ᠤᠯᠠᠨ ᠲᠦᠮᠡᠨ ᠤ ᠳᠤᠮᠳᠠ ᠴᠢᠩᠭ᠎ᠠ ᠲᠤᠰᠬᠠᠯ ᠭᠠᠷᠴᠠᠢ᠃ ᠤᠯᠠᠨ ᠢᠶᠠᠷ ᠢᠶᠠᠨ᠂ ︽ᠰᠠᠨᠠᠯ︾ ᠳᠤ ᠳᠤᠷᠠᠳᠤᠭᠰᠠᠨ ᠡᠭᠦᠷᠭᠡ ᠠᠷᠭ᠎ᠠ ᠬᠡᠮᠵᠢᠶ᠎ᠡ ᠶᠢ ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠶᠢ ᠪᠦᠲᠦᠭᠡᠨ ᠪᠠᠶᠢᠭᠤᠯᠬᠤ ᠠᠵᠢᠯᠯᠠᠭᠠᠨ ᠤ ᠵᠦᠭᠯᠡᠭᠦᠷ ᠪᠤᠯᠭᠠᠵᠤ᠂ ᠰᠢᠨ᠎ᠡ ᠬᠥᠭᠵᠢᠯᠲᠡ ᠶᠢᠨ ᠠᠵᠠ ᠲᠣᠭᠢᠶᠠᠯ ᠢ ᠠᠮᠵᠢᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠨ᠎ᠡ ᠭᠡᠵᠦ ᠢᠯᠡᠳᠬᠡᠵᠡᠭᠡᠪᠡ᠃

      ᠪᠠᠶᠠᠨᠨᠠᠭᠤᠷ ᠬᠤᠲᠠ ᠶᠢᠨ ᠯᠢᠨᠾᠧ ᠲᠣᠭᠤᠷᠢᠭ ᠤᠨ ᠤᠯᠤᠰ ᠤᠨ ᠡᠵᠡᠩᠨᠡᠯᠲᠡ ᠶᠢᠨ ᠰᠢᠨ ᠬᠤᠸᠠ ᠣᠶ ᠰᠢᠭᠤᠢ ᠶᠢᠨ ᠲᠠᠯᠠᠪᠠᠶ ᠶᠢᠨ ᠳᠠᠷᠤᠭ᠎ᠠ ᠳ᠋ᠦ᠋ ᠸᠧᠨ ᠬᠤᠸᠠ᠄ ︽︿ᠰᠠᠨᠠᠯ﹀ ᠢ ᠨᠡᠶᠢᠲᠡᠯᠡᠭᠰᠡᠨ ᠨᠢ ᠪᠢᠳᠡᠨ ᠤ ᠢᠲᠡᠭᠡᠯ ᠵᠣᠷᠢᠭ ᠢ ᠬᠥᠪᠴᠢᠯᠡᠵᠡᠢ᠂ ᠬᠤᠶᠢᠰᠢᠳᠠ ᠪᠢᠳᠡ ᠣᠶᠢᠵᠢᠭᠤᠯᠵᠤ ᠡᠯᠡᠰᠦ ᠶᠢ ᠵᠠᠰᠠᠬᠤ ᠠᠵᠢᠯ ᠳᠤ ᠨᠠᠩ ᠴᠢᠷᠮᠠᠶᠢᠨ ᠣᠷᠣᠯᠴᠠᠵᠤ᠂ ᠣᠶ ᠰᠢᠭᠤᠢ ᠶᠢᠨ ᠲᠠᠯᠠᠪᠠᠶ ᠶᠢᠨ ᠣᠶ ᠰᠢᠭᠤᠢ ᠶᠢᠨ ᠪᠦᠷᠬᠦᠴᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ ︕︾ ᠭᠡᠪᠡ᠃  ︽ᠰᠠᠨᠠᠯ︾ ᠨᠢ ᠪᠠᠶᠠᠨᠨᠠᠭᠤᠷ ᠬᠤᠲᠠ ᠶᠢᠨ ᠡᠯ᠎ᠡ ᠱᠠᠲᠤᠨ ᠤ ᠺᠠᠳ᠋ᠷ ᠣᠯᠠᠨ ᠲᠦᠮᠡᠨ ᠤ ᠤᠷᠮ᠎ᠠ ᠵᠣᠷᠢᠭ ᠢ ᠬᠥᠭᠵᠢᠭᠡᠵᠦ᠂ ᠣᠯᠠᠨ ᠢᠶᠠᠷ ᠢᠶᠠᠨ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠤᠶ ᠪᠤᠯᠭᠠᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠨᠤᠲᠤᠭ ᠪᠡᠯᠴᠢᠭᠡᠷ᠂ ᠣᠶ ᠰᠢᠭᠤᠢ᠂ ᠨᠤᠭᠤ ᠭᠠᠵᠠᠷ ᠵᠡᠷᠭᠡ ᠠᠮᠢ ᠠᠬᠤᠢ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ ᠡᠷᠴᠢᠮ ᠢᠶᠠᠨ ᠴᠢᠩᠭᠠᠷᠠᠭᠤᠯᠵᠤ᠂ ᠴᠦᠯᠯᠡᠷᠭᠡᠭᠵᠢᠯ ᠢ ᠰᠡᠷᠭᠡᠶᠢᠯᠡᠵᠦ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠡᠬᠡ ᠤᠯᠤᠰ ᠤᠨ ᠤᠮᠠᠷᠠᠲᠤ ᠶᠢᠨ ᠲᠦᠮᠡᠨ ᠭᠠᠵᠠᠷ ᠤᠨ ᠨᠣᠮᠢᠨ ᠨᠣᠭᠤᠭᠠᠨ ︽ᠣᠷᠳᠣ ᠴᠠᠭᠠᠨ ᠬᠡᠷᠡᠮ︾ ᠢ ᠴᠣᠭᠴᠠᠯᠠᠨ᠎ᠠ ᠭᠡᠵᠦ ᠢᠯᠡᠳᠬᠡᠵᠡᠭᠡᠪᠡ᠃

      ᠪᠤᠭᠤᠲᠤ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠭᠢᠯᠡᠭᠴᠢ ᠯᠢᠦ ᠶᠦᠩ ᠮᠢᠩ᠂ ᠪᠤᠭᠤᠲᠤ ᠬᠤᠲᠠ ᠨᠢ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠶᠡᠭᠡ ᠠᠵᠤ ᠦᠢᠯᠡᠳᠪᠦᠷᠢ ᠶᠢᠨ ᠬᠤᠲᠠ ᠪᠣᠯᠤᠭᠰᠠᠨ ᠤ ᠬᠤᠪᠢ ᠳᠤ᠂ ︽ᠰᠠᠨᠠᠯ︾ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ︽ᠪᠦᠭᠦ ᠤᠯᠤᠰ ᠤᠨ ᠬᠠᠮᠤᠭ ᠤᠨ ᠲᠣᠮᠣ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠪᠠ ᠪᠦᠭᠦ ᠳᠡᠯᠡᠬᠡᠢ ᠶᠢᠨ ᠲᠡᠷᠢᠭᠦᠨ ᠤ ᠬᠤᠪᠣᠷ ᠰᠢᠷᠣᠢ ᠶᠢᠨ ᠬᠡᠷᠡᠭᠯᠡᠭᠡᠨ ᠤ ᠰᠠᠭᠤᠷᠢᠨ ᠢ ᠪᠦᠲᠦᠭᠡᠨ ᠪᠠᠶᠢᠭᠤᠯᠬᠤ ᠬᠡᠷᠡᠭᠲᠡᠢ︾᠂ ︽ᠣᠲᠣ ᠦᠶ᠎ᠡ ᠶᠢᠨ ᠡᠨᠧᠷᠭᠢ ᠶᠢᠨ ᠠᠵᠤ ᠠᠬᠤᠢ ᠶᠢ ᠰᠠᠶᠢᠲᠤᠷ ᠬᠢᠬᠦ ᠬᠡᠷᠡᠭᠲᠡᠢ︾ ᠭᠡᠬᠦ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠣᠰᠣᠭᠠᠷ᠂ ᠬᠤᠪᠣᠷ ᠰᠢᠷᠣᠢ ᠪᠣᠯᠣᠨ ᠲᠠᠯᠠᠰᠲᠤ ᠴᠠᠬᠢᠭᠤᠷ ᠤᠨ ᠭᠡᠷᠡᠯᠴᠢ ᠴᠡᠨᠡᠭ ᠬᠤᠶᠠᠷ ᠶᠡᠭᠡ ᠬᠤᠰᠢᠭᠤᠴᠢ ᠠᠵᠤ ᠦᠢᠯᠡᠰ ᠢ ᠲᠦᠷᠭᠡᠳᠬᠡᠨ ᠪᠤᠵᠠᠭᠠᠶᠢᠷᠠᠭᠤᠯᠵᠤ ᠰᠢᠯᠢᠳᠡᠭᠵᠢᠭᠦᠯᠵᠦ᠂ ᠡᠬᠡ ᠬᠠᠭᠤᠷᠠᠢ ᠳᠡᠭᠡᠷᠡᠬᠢ ᠰᠠᠯᠬᠢᠨ ᠬᠦᠴᠦᠨ ᠤ ᠴᠠᠭᠢᠯᠭᠠᠨ ᠤ ᠲᠣᠨᠤᠭ ᠲᠥᠬᠦᠭᠡᠷᠦᠮᠵᠢ᠂ ᠲᠡᠷᠢᠭᠦᠨ ᠤ ᠲᠡᠮᠦᠷᠯᠢᠭ ᠮᠠᠲ᠋ᠧᠷᠢᠶᠠᠯ᠂ ᠨᠡᠭᠦᠷᠡᠰᠦᠲᠥ᠋ᠷᠥᠭᠴᠢ ᠰᠢᠷᠬᠡᠭ ᠵᠢᠴᠢ ᠳᠡᠭᠡᠳᠦ ᠮᠣᠯᠧᠺᠦ᠋ᠯᠲᠦ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠵᠢᠴᠢ ᠲᠥᠬᠦᠷᠵᠢᠭᠦᠯᠦᠭᠰᠡᠨ ᠲᠣᠨᠣᠭᠯᠠᠯ᠂ ᠤᠰᠤᠲᠥ᠋ᠷᠥᠭᠴᠢ ᠡᠨᠧᠷᠭᠢ ᠬᠠᠳᠠᠭᠠᠯᠠᠬᠤ ᠵᠡᠷᠭᠡ ᠲᠠᠪᠤᠨ ᠶᠡᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠤᠯᠠᠮᠵᠢᠯᠠᠯᠲᠤ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠳᠡᠭᠡᠳᠦ ᠳᠡᠰᠵᠢᠭᠦᠯᠭᠦ᠂ ᠣᠶᠤᠨᠴᠢᠯᠠᠬᠤ᠂ ᠪᠣᠬᠢᠷᠳᠤᠯ ᠦᠭᠡᠶᠢᠵᠢᠭᠦᠯᠤᠨ ᠬᠥᠭᠵᠢᠭᠦᠯᠬᠦ ᠶᠢ ᠲᠦᠷᠭᠡᠳᠬᠡᠨ ᠠᠬᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠲᠤᠲᠠᠢ ᠶᠠᠪᠤᠵᠤ᠂ ᠪᠦᠭᠦ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠤᠭᠤᠲᠤ ᠶᠢᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃

      ᠦᠬᠠᠢ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠥᠭᠡᠷᠡᠴᠢᠯᠡᠯᠲᠡ ᠬᠥᠭᠵᠢᠯᠲᠡ ᠪᠣᠯᠣᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠠᠯᠠᠭᠠᠨ ᠤ ᠳᠡᠳ᠋ ᠳᠠᠷᠤᠭ᠎ᠠ ᠫᠠᠨ ᠷᠦ᠋ ᠢᠦᠢ ᠄ ︽︿ᠰᠠᠨᠠᠯ﹀ ᠳᠤ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠰᠢᠨ᠎ᠡ ᠠᠷᠭ᠎ᠠ ᠵᠠᠮ ᠢ ᠰᠦᠪᠡᠭᠴᠢᠯᠡᠬᠦ ᠲᠤᠬᠠᠢ ᠲᠣᠳᠣᠷᠬᠠᠢ ᠪᠠᠶᠢᠷᠢᠯᠠᠭᠤᠯᠤᠯᠲᠠ ᠬᠢᠵᠡᠢ᠂ ᠡᠨᠡ ᠪᠣᠯ ᠮᠠᠨ ᠤ ᠬᠤᠶᠢᠰᠢᠳᠠ ᠶᠢᠨ ᠠᠵᠢᠯ ᠢᠶᠠᠨ ᠥᠷᠨᠢᠭᠦᠯᠬᠦ ᠠᠵᠢᠯᠯᠠᠭᠠᠨ ᠤ ᠬᠥᠲᠥᠯᠪᠦᠷᠢ ᠪᠤᠯᠬᠤ ᠪᠥᠭᠡᠳ ᠦᠬᠠᠢ ᠬᠤᠳᠠ ᠶᠢᠨ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠳᠤ ᠰᠢᠨ᠎ᠡ ᠴᠢᠭᠯᠡᠯ ᠢ ᠵᠢᠭᠠᠵᠤ ᠥᠭᠴᠡᠢ᠃ ᠵᠠᠯᠭᠠᠭᠠᠳ ᠪᠢᠳᠡ ︿ᠰᠠᠨᠠᠯ﹀ ᠳᠤ ᠳᠤᠷᠠᠳᠤᠭᠰᠠᠨ ᠰᠢᠨ᠎ᠡ ᠬᠠᠷᠠᠯᠲᠠ ᠰᠢᠨ᠎ᠡ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠵᠤ᠂ ᠠᠭᠤᠷᠬᠠᠢ ᠶᠢᠨ ᠡᠬᠢ ᠪᠠᠶᠠᠯᠢᠭ ᠢ ᠡᠮᠬᠢ ᠵᠢᠷᠤᠮ ᠲᠠᠢ ᠪᠠᠷ ᠨᠡᠭᠡᠭᠡᠨ ᠠᠰᠢᠭᠯᠠᠬᠤ᠂ ᠠᠭᠤᠷᠬᠠᠢ ᠶᠢᠨ ᠣᠷᠣᠨ ᠢ ᠵᠠᠰᠠᠵᠤ ᠰᠡᠷᠭᠦᠭᠡᠬᠦ ᠵᠡᠷᠭᠡ ᠭᠤᠣᠯᠳᠠᠯᠭ᠎ᠠ ᠲᠠᠢ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠬᠦᠴᠦᠨ ᠴᠢᠳᠠᠯ ᠢᠶᠠᠨ ᠡᠷᠭᠦᠨ᠎ᠡ︾ ᠭᠡᠪᠡ᠃

      ᠣᠷᠳᠣᠰ ᠬᠤᠲᠠ ᠶᠢᠨ ᠡᠨᠧᠷᠭᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠾᠥᠸᠧ ᠯᠢ ᠫᠢᠩ ᠄

︽ᠣᠷᠳᠣᠰ ᠬᠤᠳᠠ ᠶᠢᠨ ᠡᠨᠧᠷᠭᠢ ᠶᠢᠨ ᠰᠢᠰᠲ᠋ᠧᠮ ᠤᠨ ᠬᠢᠨ ︿ᠰᠠᠨᠠᠯ﹀ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠨᠧᠷᠭᠢ ᠶᠢᠨ ᠴᠢᠨᠠᠷ ᠰᠠᠶᠢᠲᠠᠢ ᠬᠥᠭᠵᠢᠯᠲᠡ ᠪᠠᠷ ᠭᠤᠣᠯ ᠰᠡᠳᠦᠪ ᠪᠤᠯᠭᠠᠵᠤ᠂ ᠡᠨᠧᠷᠭᠢ ᠡᠬᠢ ᠪᠠᠶᠠᠯᠢᠭ ᠤᠨ ᠨᠡᠭᠡᠭᠡᠨ ᠠᠰᠢᠭᠯᠠᠯᠲᠠ ᠪᠠ ᠠᠮᠢ ᠠᠬᠤᠢ ᠶᠢᠨ ᠬᠠᠮᠠᠭᠠᠯᠠᠯᠲᠠ ᠶᠢ ᠨᠢᠭᠡᠳᠦᠯᠲᠡᠢ ᠲᠥᠯᠥᠪᠵᠢᠭᠦᠯᠦᠨ᠂ ᠳᠡᠯᠡᠬᠡᠢ ᠶᠢᠨ ᠲᠡᠰ ᠤᠨ ᠡᠨᠧᠷᠭᠢ ᠶᠢᠨ ᠠᠵᠤ ᠦᠢᠯᠡᠰ ᠢ ᠪᠠᠶᠢᠭᠤᠯᠬᠤ ᠬᠠᠷᠠᠯᠲᠠ ᠪᠠᠷ ᠭᠠᠷᠳᠠᠴᠠ ᠪᠤᠯᠭᠠᠵᠦ᠂ ᠤᠯᠠᠮᠵᠢᠯᠠᠯᠲᠤ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠨᠡᠭᠦᠷᠡᠰᠦ ᠴᠠᠭᠢᠯᠭᠠᠨ ᠲᠣᠰᠣ ᠰᠢᠲᠠᠮᠠᠬᠠᠢ ᠬᠡᠢ ᠶᠢᠨ ᠲᠡᠷᠢᠭᠦᠨ ᠤ ᠦᠢᠯᠡᠳᠪᠦᠷᠢᠯᠡᠯ ᠤᠨ ᠴᠢᠳᠠᠪᠤᠷᠢ ᠶᠢ ᠡᠮᠬᠢ ᠵᠢᠷᠤᠮ ᠲᠠᠢ ᠪᠠᠷ ᠪᠠᠳᠠᠷᠠᠭᠤᠯᠵᠤ᠂ ᠲᠣᠮᠣ ᠭᠡᠯᠪᠡᠷᠢ ᠶᠢᠨ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ︿ᠡᠯᠡᠰᠦ ᠭᠤᠪᠢ ᠴᠦᠯ﹀ ᠤᠨ ᠲᠣᠮᠣ ᠭᠡᠯᠪᠡᠷᠢ ᠶᠢᠨ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠤᠨ ᠰᠠᠭᠤᠷᠢᠨ᠂ ᠲᠤᠯᠭᠠᠭᠤᠷᠢᠯᠠᠬᠤ ᠴᠢᠨᠠᠷᠲᠠᠢ ᠴᠠᠭᠢᠯᠭᠠᠨ ᠡᠭᠦᠰᠬᠡᠭᠴᠢ ᠵᠢᠴᠢ ᠭᠠᠳᠠᠭᠰᠢ ᠬᠦᠷᠭᠡᠬᠦ ᠵᠠᠮ ᠢ ᠲᠦᠷᠭᠡᠳᠬᠡᠨ ᠪᠠᠶᠢᠭᠤᠯᠵᠤ᠂ ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠪᠣᠯᠵᠤ᠂ ᠣᠷᠳᠣᠰ ᠤᠨ ᠵᠢᠳᠬᠦᠯ ᠴᠢᠷᠮᠠᠶᠢᠯᠭ᠎ᠠ ᠪᠠ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠦᠨ᠂ ᠡᠨᠧᠷᠭᠢ ᠶᠢᠨ ᠭᠡᠯᠪᠡᠷᠢ ᠶᠢᠨ ᠬᠤᠪᠢᠷᠠᠯᠲᠠ ᠪᠠᠷ ᠠᠵᠤ ᠦᠢᠯᠡᠰ ᠤᠨ ᠳᠡᠰ ᠳᠠᠪᠰᠢᠯᠲᠠ ᠶᠢ ᠳᠠᠶᠢᠴᠢᠯᠠᠵᠦ᠂ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠡᠬᠢ ᠪᠠᠶᠠᠯᠢᠭ ᠤᠨ ᠭᠡᠯᠪᠡᠷᠢ ᠶᠢᠨ ᠬᠤᠲᠠ ᠶᠢᠨ ᠪᠣᠬᠢᠷᠳᠤᠯ ᠦᠭᠡᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠨ᠎ᠠ︾ ᠭᠡᠵᠦ ᠬᠡᠯᠡᠪᠡ᠃

      ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠰᠠᠯᠠᠭᠠᠨ ᠤ ᠳᠠᠷᠤᠭ᠎ᠠ ᠵᠢᠢ ᠹᠧᠩ ᠬᠤᠶ ᠄ ︽︿ᠰᠠᠨᠠᠯ﹀ ᠨᠢ ᠲᠦᠩᠯᠢᠶᠣᠣ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠵᠢᠴᠢ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢ ᠠᠬᠢᠭᠤᠯᠬᠤ ᠳᠤ ᠣᠯᠳᠠᠬᠤᠶ᠎ᠠ ᠪᠡᠷᠬᠡ ᠠᠵᠠ ᠲᠣᠭᠢᠶᠠᠯ ᠣᠯᠭᠤᠪᠠ᠃ ᠲᠠᠷᠠᠭᠠᠴᠢ ᠶᠢᠨ ᠠᠯᠬᠤᠮ ᠳᠤ ᠮᠠᠨ ᠤ ᠬᠤᠲᠠ ︿ᠰᠠᠨᠠᠯ﹀ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠷ ᠭᠤᠣᠯᠳᠠᠯᠭ᠎ᠠ ᠪᠤᠯᠭᠠᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠲᠤ ᠠᠩᠬᠠᠷᠤᠯ ᠢᠶᠠᠨ ᠲᠥᠪᠯᠡᠷᠡᠭᠦᠯᠵᠦ᠂ ᠭᠦᠶᠦᠬᠡᠨ ᠪᠤᠯᠠᠵᠤ ᠳᠤᠰᠤᠯᠭᠠᠨ ᠤᠰᠤᠯᠠᠬᠤ ᠥᠨᠳᠥᠷ ᠪᠦᠲᠦᠮᠵᠢᠲᠡᠶ ᠤᠰᠤ ᠠᠷᠪᠢᠯᠠᠬᠤ ᠢᠨᠵᠧᠨᠧᠷᠢᠩ ᠢᠶᠠᠷ ᠭᠤᠣᠯ ᠪᠤᠯᠭᠠᠬᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠬᠡᠷᠡᠭᠵᠢᠭᠦᠯᠵᠦ᠂ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠰᠠᠶᠢᠵᠢᠷᠠᠭᠤᠯᠵᠤ ᠳᠡᠭᠡᠭᠰᠢᠯᠡᠭᠦᠯᠭᠦ ᠶᠢ ᠵᠡᠷᠭᠡ ᠪᠠᠷ ᠠᠬᠢᠭᠤᠯᠬᠤ ᠶᠢ ᠪᠠᠷᠢᠮᠲᠠᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠣᠨ ᠬᠠᠷ᠎ᠠ ᠬᠥᠷᠥᠰᠥᠲᠦ ᠭᠠᠵᠠᠷ ᠢ ᠬᠠᠮᠠᠭᠠᠯᠠᠨ ᠠᠰᠢᠭᠯᠠᠬᠤ᠂ ᠬᠤᠵᠢᠷᠰᠢᠭᠰᠠᠨ ᠲᠠᠷᠢᠶᠠᠨ ᠭᠠᠵᠠᠷ ᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠬᠦ ᠶᠢ ᠪᠠᠷᠢᠮᠲᠠᠯᠠᠵᠤ᠂ ᠤᠰᠤ ᠠᠷᠪᠢᠯᠠᠬᠤ ᠪᠠ ᠠᠮᠤ ᠪᠤᠳᠠᠭ᠎ᠠ ᠶᠢ ᠨᠡᠮᠡᠭᠳᠡᠭᠦᠯᠵᠦ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠪᠣᠯᠣᠨ ᠠᠮᠢ ᠠᠬᠤᠢ ᠶᠢᠨ ᠠᠮᠤᠷ ᠲᠦᠪᠰᠢᠨ ᠢ ᠪᠠᠲᠤᠯᠠᠬᠤ ᠳᠤ ᠲᠦᠩᠯᠢᠶᠣᠣ ᠶᠢᠨ ᠬᠦᠴᠦᠨ ᠴᠢᠳᠠᠯ ᠢᠶᠠᠨ ᠡᠷᠭᠦᠨ᠎ᠡ︾ ᠭᠡᠵᠦ ᠬᠡᠯᠡᠪᠡ᠃

      ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢ ᠭᠦᠸᠧ ᠬᠤᠩ᠂ ︽ᠰᠠᠨᠠᠯ︾ ᠢ ᠨᠡᠶᠢᠲᠡᠯᠡᠭᠰᠡᠨ ᠨᠢ ᠬᠢᠩᠭᠠᠨ ᠠᠶᠢᠮᠠᠭ ᠤᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠢᠲᠡᠭᠡᠯ ᠵᠣᠷᠢᠭ ᠢ ᠨᠡᠮᠡᠭᠳᠡᠭᠦᠯᠵᠦ᠂ ᠬᠥᠳᠡᠯᠭᠡᠬᠦ ᠬᠦᠴᠦᠨ ᠨᠡᠮᠡᠷᠢᠯᠡᠪᠡ᠃

︽ᠲᠠᠷᠠᠭᠠᠴᠢ ᠶᠢᠨ ᠠᠯᠬᠤᠮ ᠳᠤ᠂ ᠪᠢᠳᠡ︿ᠰᠠᠨᠠᠯ﹀ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢᠨ ᠭᠤᠣᠯ ᠰᠢᠵᠢᠮ ᠪᠤᠯᠭᠠᠵᠦ᠂ ︿ᠲᠠᠪᠤᠨ ᠶᠡᠭᠡ ᠡᠭᠦᠷᠭᠡ﹀ ᠶᠢ ᠨᠠᠶᠢᠳᠠᠪᠤᠷᠢᠵᠢᠭᠤᠯᠬᠤ ᠪᠣᠭᠤᠮᠲᠠ ᠰᠢᠪᠲᠤᠯᠬᠤ ᠠᠵᠢᠯᠯᠠᠭ᠎ᠠ᠂ ᠪᠦᠭᠦ ᠤᠯᠤᠰ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠭᠦ ᠠᠶᠢᠮᠠᠭ ᠤᠨ ᠡᠭᠦᠳᠦᠨ ᠪᠠᠶᠢᠭᠤᠯᠬᠤ ᠠᠵᠢᠯᠯᠠᠭ᠎ᠠ ᠪᠠ ︿ᠰᠠᠶᠢᠨ ᠰᠠᠶᠢᠬᠠᠨ ᠠᠮᠢᠳᠤᠷᠠᠯ ᠢ ᠴᠣᠭᠴᠠᠯᠠᠬᠤ﹀ ᠠᠷᠠᠳ ᠤᠨ ᠠᠮᠢᠳᠤᠷᠠᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠨᠠᠶᠢᠳᠠᠯᠭ᠎ᠠ ᠶᠢ ᠪᠠᠲᠤ ᠴᠡᠭᠡᠵᠢᠯᠡᠨ᠂ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ᠦᠨᠡᠨ ᠬᠦ ᠠᠳᠬᠤᠵᠤ ᠪᠣᠳᠠᠲᠠᠢ ᠬᠢᠵᠦ᠂ ᠭᠠᠪᠰᠢᠭᠠᠶᠢᠯᠠᠨ ᠲᠡᠮᠡᠴᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠠᠯ᠎ᠠ ᠪᠠᠷ ᠡᠮᠦᠨ᠎ᠡ ᠨᠢ ᠶᠠᠪᠤᠵᠤ ᠦᠯᠢᠭᠡᠷ ᠳᠠᠭᠤᠷᠢᠶᠠᠯ ᠪᠤᠯᠬᠤ ᠪᠠᠷ ᠴᠢᠷᠮᠠᠶᠢᠨ᠂ ︿ᠵᠢᠱᠢᠶᠡᠴᠢ ᠥᠪᠡᠷᠲᠡᠭᠡᠨ ᠵᠠᠰᠠᠬᠤ ᠣᠷᠣᠨ﹀ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠢᠩᠭᠠᠨ ᠤ ᠬᠦᠴᠦᠨ ᠴᠢᠳᠠᠯ ᠢᠶᠠᠨ

ᠡᠷᠭᠦᠨ᠎ᠡ︾ ᠭᠡᠵᠦ ᠢᠯᠡᠳᠬᠡᠪᠡ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ