– ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠨᠢ ᠪᠦᠭᠦ ᠣᠷᠣᠨ ᠤ ᠡᠯ᠎ᠡ ᠠᠷᠠᠳᠴᠢᠯᠠᠭᠰᠠᠨ ᠨᠠᠮ ᠪᠦᠯᠦᠭ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠨᠠᠮ ᠪᠦᠯᠦᠭ ᠤᠨ ᠪᠤᠰᠤ ᠬᠥᠮᠥᠰ ᠤᠨ ᠳᠤᠮᠳᠠ ᠴᠢᠩᠭ᠎ᠠ ᠲᠤᠰᠬᠠᠯ ᠭᠠᠷᠪᠠ
︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠳᠣᠷᠣᠭᠰᠢ ︽ᠰᠠᠨᠠᠯ︾ ᠭᠡᠵᠦ ᠳᠥᠭᠦᠮᠴᠢᠯᠡᠨ᠎ᠡ︶ ᠨᠢ ᠥᠪᠥᠷ ᠮᠣᠩᠭᠤᠯ ᠤᠨ ᠬᠥᠭᠵᠢᠯᠲᠡ ᠶᠢᠨ ᠲᠡᠦᠬᠡᠨ ᠳᠡᠭᠡᠷ᠎ᠡ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠶᠤᠮ᠃ ᠪᠦᠭᠦ ᠣᠷᠣᠨ ᠤ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠨᠠᠮ ᠪᠦᠯᠦᠭ ᠤᠨ ᠪᠤᠰᠤ ᠬᠥᠮᠥᠰ ᠳᠠᠷᠤᠢ ᠲᠦᠷᠭᠡᠨ ᠬᠥᠳᠡᠯᠦᠯᠴᠡᠵᠦ ︽ᠰᠠᠨᠠᠯ︾ ᠢ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠠᠯᠠᠭᠤᠨ ᠥᠷᠨᠢᠯᠲᠡ ᠶᠢ ᠪᠤᠢ ᠪᠣᠯᠭᠠᠪᠠ᠃ ᠣᠯᠠᠨ ᠢᠶᠠᠷ ᠢᠶᠠᠨ᠂ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ᠡᠷᠴᠢ ᠵᠣᠷᠢᠭ ᠢᠶᠠᠨ ᠬᠥᠪᠴᠢᠯᠡᠨ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠬᠤᠶᠠᠷ ᠶᠡᠭᠡ ᠶᠠᠪᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠠᠶᠢᠷ᠎ᠠ ᠬᠠᠯᠠᠮᠵᠢ ᠠᠴᠢ ᠡᠨᠡᠷᠢᠯ ᠢ ᠬᠠᠷᠢᠭᠤᠯᠠᠨ᠎ᠠ ᠭᠡᠵᠦ ᠢᠯᠡᠳᠬᠡᠵᠡᠭᠡᠪᠡ᠃
︽︿ᠰᠠᠨᠠᠯ﹀ ᠢ ᠨᠡᠶᠢᠲᠡᠯᠡᠭᠰᠡᠨ ᠨᠢ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠰᠠ ᠨᠢᠭᠡ ᠤᠳᠠᠭ᠎ᠠ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠵᠠ ᠲᠣᠭᠢᠶᠠᠯ ᠢ ᠣᠯᠭᠤᠵᠤ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠢᠨ᠎ᠡ ᠵᠠᠮ ᠨᠡᠭᠡᠭᠡᠬᠦ᠂ ᠳᠤᠮᠳᠠ ᠲᠦᠪᠰᠢᠨ ᠳᠤ ᠳᠠᠪᠰᠢᠨ ᠣᠷᠣᠬᠤ ᠬᠠᠷᠠᠯᠲᠠ ᠲᠡᠶᠢᠰᠢ ᠯᠠᠪᠳᠠᠭᠤᠨ ᠪᠠᠲᠤᠲᠠᠢ ᠤᠷᠤᠭᠰᠢᠯᠠᠬᠤ ᠶᠢ ᠲᠤᠶᠢᠯ ᠤᠨ ᠶᠡᠭᠡ ᠪᠠᠷ ᠵᠣᠷᠢᠭᠵᠢᠭᠤᠯᠵᠤ᠂ ᠪᠠᠰᠠ ᠣᠯᠠᠨ ᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠢᠲᠡᠭᠡᠯ ᠵᠣᠷᠢᠭ ᠢ ᠪᠠᠲᠤᠳᠬᠠᠪᠠ︾᠃ ᠠᠷᠠᠳᠴᠢᠯᠠᠭᠰᠠᠨ ᠬᠤᠯᠪᠤᠭ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠡᠷᠭᠢᠯᠡᠭᠴᠢ ᠭᠡᠰᠢᠭᠦᠨ ᠵᠤᠤ ᠵᠢᠢ᠂ ᠠᠷᠠᠳᠴᠢᠯᠠᠭᠰᠠᠨ ᠬᠤᠯᠪᠤᠭ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠨ᠎ᠠ᠃ ᠨᠢᠭᠡ ᠳᠤ᠂ ᠬᠥᠮᠥᠰ ᠤᠨ ᠰᠡᠳᠬᠢᠯ ᠢ ᠨᠢᠭᠲᠠᠷᠠᠭᠤᠯᠬᠤ᠂ ᠬᠦᠴᠦᠨ ᠴᠢᠳᠠᠯ ᠢ ᠨᠢᠭᠲᠠᠷᠠᠭᠤᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ︽ᠴᠢᠳᠠᠪᠤᠷᠢᠲᠠᠨ ᠢᠶᠠᠷ ᠬᠤᠯᠪᠤᠭ᠎ᠠ ᠪᠠᠨ ᠬᠦᠴᠦᠷᠬᠡᠭᠵᠢᠭᠦᠯᠬᠦ︾ ᠪᠠᠷ ᠭᠠᠷᠳᠠᠴᠠ ᠪᠤᠯᠭᠠᠵᠤ᠂ ᠵᠣᠬᠢᠶᠠᠨ ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ ᠢ ᠴᠢᠨᠠᠭᠰᠢᠳᠠ ᠬᠥᠭᠵᠢᠭᠡᠵᠦ᠂ ︽ᠰᠠᠨᠠᠯ︾ ᠳᠤ ᠳᠤᠷᠠᠳᠤᠭᠰᠠᠨ ᠴᠢᠨᠠᠷ ᠰᠠᠶᠢᠲᠠᠢ ᠬᠥᠭᠵᠢᠯᠲᠡ ᠶᠢᠨ ᠶᠡᠷᠦᠩᠬᠡᠢ ᠬᠠᠷᠠᠯᠲᠠ ᠪᠣᠯᠣᠨ ᠴᠢᠬᠤᠯᠠ ᠡᠭᠦᠷᠭᠡ ᠶᠢ ᠴᠢᠩᠭ᠎ᠠ ᠡᠵᠡᠮᠳᠡᠵᠦ᠂ ᠥᠪᠥᠷ ᠮᠣᠩᠭᠤᠯ ᠤᠨ ᠣᠳᠣᠬᠢᠴᠢᠯᠠᠯᠲᠠ ᠶᠢᠨ ᠡᠯ᠎ᠡ ᠵᠦᠢᠯ ᠤᠨ ᠠᠵᠢᠯ ᠦᠢᠯᠡᠰ ᠤᠨ ᠰᠢᠨ᠎ᠡ ᠳᠡᠭᠲᠡᠷ ᠲᠤ ᠭᠠᠷᠬᠤ ᠳᠤ ᠬᠦᠴᠦᠨ ᠨᠡᠮᠡᠷᠢᠯᠡᠨ᠎ᠡ︔ ᠬᠤᠶᠠᠷ ᠲᠤ᠂ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠬᠤ ᠲᠦᠪᠰᠢᠨ ᠢᠶᠠᠨ ᠳᠡᠭᠡᠭᠰᠢᠯᠡᠭᠦᠯᠵᠦ᠂ ᠭᠤᠣᠯ ᠠᠵᠢᠯ ᠤᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠵᠦ᠂ ᠴᠢᠳᠠᠪᠤᠷᠢᠲᠠᠨ ᠤ ᠤᠶᠤᠨ ᠤᠬᠠᠭᠠᠨ ᠤ ᠳᠠᠪᠠᠭᠤᠯᠢᠭ ᠢ ᠪᠠᠳᠠᠷᠠᠭᠤᠯᠵᠤ᠂ ᠰᠣᠶᠣᠯ᠂ ᠰᠤᠷᠭᠠᠨ ᠬᠥᠮᠦᠵᠢᠯ᠂ ᠠᠮᠢ ᠠᠬᠤᠢ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠬᠦᠷᠢᠶᠡᠨ ᠳᠤ ᠦᠷᠭᠦᠯᠵᠢᠯᠡᠨ ᠬᠦᠴᠦᠯᠡᠵᠦ᠂ ᠠᠷᠭ᠎ᠠ ᠤᠬᠠᠭᠠᠨ ᠭᠠᠷᠭᠠᠨ ᠰᠢᠨ᠎ᠡ ᠠᠬᠢᠴᠠ ᠲᠠᠢ ᠪᠤᠯᠬᠤ ᠪᠠᠷ ᠴᠢᠷᠮᠠᠶᠢᠨ᠎ᠠ︔ ᠭᠤᠷᠪᠠ ᠳᠤ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ ︽ᠤᠮᠠᠷᠠᠲᠤ ᠶᠢᠨ ᠭᠤᠷᠪᠠᠨ ᠣᠷᠣᠨ︾ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠨᠡᠩ ᠬᠡᠬᠦᠳᠡᠭ ᠳᠦᠭᠦᠷᠡᠩ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠶᠢᠨ ᠵᠥᠪᠯᠡᠭᠴᠢ᠂ ᠰᠠᠶᠢᠨ ᠬᠠᠪᠰᠤᠷᠤᠭᠴᠢ᠂ ᠰᠠᠶᠢᠨ ᠬᠠᠮᠲᠤ ᠠᠵᠢᠯᠯᠠᠭᠴᠢ ᠪᠣᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠲᠦᠷᠦ ᠶᠢᠨ ᠶᠠᠪᠤᠳᠠᠯ ᠳᠤ ᠣᠷᠣᠯᠴᠠᠭᠴᠢ ᠨᠠᠮ ᠣᠷᠣᠨ ᠨᠤᠲᠤᠭ ᠤᠨ ᠵᠣᠬᠢᠶᠠᠨ ᠪᠠᠶᠢᠭᠤᠯᠤᠯᠲᠠ ᠳᠤ ᠤᠶᠤᠨ ᠤᠬᠠᠭᠠᠨ ᠪᠣᠯᠣᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃
ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠡᠷᠢᠭᠦᠯᠡᠭᠴᠢ ᠱᠢ ᠱᠧᠩ ᠫᠢᠩ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠥᠰ ᠢᠶᠠᠷ ᠭᠤᠣᠯ ᠴᠣᠭᠴᠠ ᠪᠤᠯᠭᠠᠬᠰᠠᠨ ᠠᠷᠠᠳ ᠤᠨ ᠪᠦᠯᠭᠦᠮ ᠪᠣᠯᠣᠨ ᠬᠤᠳᠠᠯᠳᠤᠭᠠᠴᠢᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠪᠣᠯᠤᠭᠰᠠᠨ ᠤ ᠬᠤᠪᠢ ᠳᠤ᠂ ︽ᠬᠤᠶᠠᠷ ᠭᠤᠶᠢᠪᠢᠰᠢ ᠦᠭᠡᠢ︾᠂ ︽ᠬᠤᠶᠠᠷ ᠡᠷᠡᠭᠦᠯ ᠮᠡᠨᠳᠦ︾ ᠶᠢᠨ ᠴᠢᠭᠯᠡᠯᠲᠡ ᠲᠦᠷᠦ ᠶᠢᠨ ᠪᠣᠳᠣᠯᠭ᠎ᠠ ᠶᠢ ᠪᠠᠲᠤ ᠡᠵᠡᠮᠳᠡᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠎ᠡ᠃ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠨ᠂ ︽ᠠᠵᠤ ᠠᠬᠤᠶᠢᠯᠠᠯ ᠳᠤ ᠬᠤᠯᠪᠣᠭᠳᠠᠬᠤ ᠪᠢᠴᠢᠭ ᠮᠠᠲ᠋ᠧᠷᠢᠶᠠᠯ ᠤᠨ ᠰᠢᠭᠤᠳ ᠨᠡᠪᠲᠡᠷᠡᠬᠦ ᠲᠡᠷᠭᠡ︾ ᠵᠡᠷᠭᠡ ᠲᠠᠪᠴᠠᠩ ᠢ ᠠᠰᠢᠭᠯᠠᠨ ︽ᠰᠠᠨᠠᠯ︾ ᠤᠨ ᠵᠣᠷᠢᠭ ᠰᠠᠨᠠᠭ᠎ᠠ ᠶᠢ ᠠᠵᠤ ᠠᠬᠤᠶᠢᠯᠠᠯ᠂ ᠬᠤᠳᠠᠯᠳᠤᠭᠠᠴᠢᠳ ᠤᠨ ᠡᠪᠯᠡᠯ᠂ ᠦᠨᠳᠦᠰᠦᠨ ᠱᠠᠲᠤᠨ ᠳᠤ ᠬᠦᠷᠭᠡᠬᠦ ᠶᠢ ᠠᠬᠢᠭᠤᠯᠤᠨ᠎ᠠ᠃ ᠬᠥᠭᠦᠷᠭᠡ ᠬᠤᠯᠪᠣᠭᠠᠰᠤ ᠶᠢᠨ ᠦᠢᠯᠡᠳᠦᠯ ᠢ ᠴᠢᠨᠠᠭᠰᠢᠳᠠ ᠪᠠᠳᠠᠷᠠᠭᠤᠯᠵᠤ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠣᠯᠣᠯᠴᠠᠭ᠎ᠠ ᠶᠢᠨ ᠵᠠᠮ ᠱᠤᠭᠤᠮ ᠢ ᠰᠢᠯᠤᠭᠤᠳᠬᠠᠵᠤ᠂ ︽ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠬᠢᠯᠢ ᠬᠢᠵᠠᠭᠠᠷ ᠲᠤ ᠣᠷᠣᠭᠤᠯᠬᠤ︾ ᠠᠵᠢᠯᠯᠠᠭ᠎ᠠ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠤᠯᠢ ᠶᠢ ᠰᠠᠬᠢᠵᠤ ᠲᠣᠭᠲᠠᠭᠠᠯ ᠳᠤ ᠨᠡᠶᠢᠴᠡᠭᠦᠯᠬᠦ ᠠᠵᠢᠯᠯᠠᠭ᠎ᠠ ᠵᠡᠷᠭᠡ ᠶᠢᠨ ᠢᠳᠡᠪᠬᠢᠲᠡᠢ ᠪᠣᠳᠠᠲᠤ ᠦᠷ᠎ᠡ ᠪᠦᠲᠦᠮᠵᠢ ᠣᠯᠬᠤ ᠶᠢ ᠲᠥᠯᠥᠪᠵᠢᠭᠦᠯᠦᠨ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠪᠦᠭᠦ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠳᠤ ᠦᠢᠯᠡᠴᠢᠯᠡᠨ᠎ᠡ ᠭᠡᠵᠦ ᠢᠯᠡᠳᠬᠡᠪᠡ᠃
ᠨᠠᠮ ᠪᠦᠯᠦᠭ ᠤᠨ ᠪᠤᠰᠤ ᠬᠥᠮᠥᠰ᠂ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ ᠯᠧᠦ ᠪᠦᠸᠧ ᠵᠢᠶᠦ᠋ᠨ᠂ ᠤᠢ ᠰᠢᠭᠤᠢ ᠶᠢᠨ ᠲᠤᠬᠠᠶᠢᠯᠠᠭᠰᠠᠨ ᠠᠵᠢᠯᠲᠠᠨ ᠪᠣᠯᠤᠭᠰᠠᠨ ᠤ ᠬᠤᠪᠢ ᠳᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠠᠷᠠᠯᠲᠠ ᠶᠢ ᠭᠤᠶᠢᠪᠢᠰᠢ ᠦᠭᠡᠢ᠂ ᠰᠤᠯᠠᠷᠠᠭᠤᠯᠤᠯ ᠦᠭᠡᠢ ᠴᠢᠩᠭ᠎ᠠ ᠠᠳᠬᠤᠵᠤ᠂ ᠴᠢᠩᠭ᠎ᠠ ᠬᠠᠷᠢᠭᠤᠴᠠᠯᠭ᠎ᠠ ᠡᠭᠦᠷᠭᠡᠯᠡᠯ ᠪᠠ ᠡᠷᠡᠮᠡᠬᠡᠶᠢᠯᠡᠨ ᠤᠷᠤᠭᠰᠢᠯᠠᠬᠤ ᠵᠣᠷᠢᠭ ᠢᠶᠠᠷ ︽ᠰᠠᠨᠠᠯ︾ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠭᠦ ᠬᠦᠴᠦᠨ ᠢᠶᠠᠷ ᠠᠬᠢᠭᠤᠯᠤᠨ᠎ᠠ᠃ ᠨᠢᠭᠡ ᠳᠤ᠂ ︽ᠡᠯᠡᠰᠦ︾ ᠶᠢ ᠰᠠᠶᠢᠲᠤᠷ ᠵᠠᠰᠠᠨ᠎ᠠ᠃ ᠰᠢᠰᠲ᠋ᠧᠮ ᠤᠨ ᠦᠵᠡᠯᠲᠡ ᠶᠢ ᠪᠠᠷᠢᠮᠲᠠᠯᠠᠨ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠬᠤᠣᠷ ᠬᠥᠨᠥᠭᠡᠯ ᠤᠨ ᠪᠠᠶᠢᠳᠠᠯ ᠢ ᠦᠵᠡᠵᠦ ᠰᠡᠷᠭᠡᠶᠢᠯᠡᠯᠲᠡ ᠶᠢ ᠪᠠᠶᠢᠷᠢᠯᠠᠭᠤᠯᠵᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠪᠠ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠣᠨ᠎ᠠ᠃ ᠬᠤᠶᠠᠷ ᠲᠤ᠂ ︽ᠨᠣᠮᠢᠨ ᠨᠣᠭᠤᠭᠠᠨ︾ ᠢ ᠰᠠᠶᠢᠲᠤᠷ ᠬᠠᠮᠠᠭᠠᠯᠠᠨ᠎ᠠ᠃ ᠣᠶ ᠰᠢᠭᠤᠢ ᠶᠢᠨ ᠳᠠᠷᠤᠭ᠎ᠠ ᠶᠢᠨ ᠳᠦᠷᠢᠮ ᠢ ᠭᠦᠨᠵᠡᠭᠡᠢ ᠠᠬᠢᠭᠤᠯᠤᠨ ᠪᠣᠳᠠᠲᠠᠶᠢᠵᠢᠭᠤᠯᠵᠤ᠂ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠨ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠲᠠᠯ᠎ᠠ ᠨᠤᠲᠤᠭ᠂ ᠣᠶ ᠰᠢᠭᠤᠢ᠂ ᠨᠤᠭᠤ ᠭᠠᠵᠠᠷ ᠢ ᠦᠨᠡᠨ ᠬᠦ ᠰᠠᠶᠢᠲᠤᠷ ᠬᠠᠮᠠᠭᠠᠯᠠᠨ᠎ᠠ᠃ ᠭᠤᠷᠪᠠ ᠳᠤ᠂ ︽ᠠᠯᠲᠠ ᠮᠥᠩᠭᠦ︾ ᠶᠢ ᠴᠢᠷᠮᠠᠶᠢᠨ ᠪᠤᠢ ᠪᠣᠯᠭᠠᠨ᠎ᠠ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠤᠯᠭᠠᠵᠤ᠂ ᠠᠮᠢ ᠠᠬᠤᠢ ᠶᠢᠨ ᠦᠷᠳᠡᠭ ᠢ ᠠᠵᠤ ᠠᠬᠤᠢ ᠶᠢᠨ ᠦᠷᠳᠡᠭ ᠪᠣᠯᠭᠠᠨ ᠬᠤᠪᠢᠷᠠᠭᠤᠯᠬᠤ ᠵᠠᠮ ᠢ ᠨᠠᠪᠲᠠᠷᠡᠭᠦᠯᠵᠦ᠂ ᠤᠢ ᠰᠢᠭᠤᠢ ᠡᠪᠡᠰᠦᠨ ᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠬᠠᠮᠠᠭᠠᠯᠠᠯᠲᠠ ᠶᠢᠨ ᠬᠤᠣᠰ ᠠᠮᠵᠢᠯᠲᠠ ᠶᠢ ᠪᠡᠶᠡᠯᠡᠭᠦᠯᠵᠦ᠂ ᠡᠬᠡ ᠤᠯᠤᠰ ᠤᠨ ᠤᠮᠠᠷᠠᠲᠤ ᠶᠢᠨ ᠡᠨᠡ ᠬᠦ ᠲᠦᠮᠡᠨ ᠭᠠᠵᠠᠷ ᠤᠨ ᠨᠣᠮᠢᠨ ᠨᠣᠭᠤᠭᠠᠨ ᠬᠠᠯᠬᠠᠪᠴᠢ ᠶᠢ ᠨᠡᠩ ᠪᠠᠲᠤ ᠪᠠᠬᠢ ᠪᠣᠯᠭᠠᠨ ᠴᠣᠭᠴᠠᠯᠠᠨ᠎ᠠ ᠭᠡᠵᠦ ᠢᠯᠡᠳᠬᠡᠪᠡ᠃