10 ᠳ᠋ᠤᠭᠠᠷ ᠰᠠᠷ᠎ᠠ ᠶᠢᠨ 11 ᠤ ᠡᠳᠦᠷ ᠠᠴᠠ ᠡᠬᠢᠯᠡᠨ ᠲᠡᠮᠦᠷ ᠵᠠᠮ ᠤᠨ ᠠᠶᠠᠯᠠᠯ ᠤᠨ ᠱᠤᠭᠤᠮ ᠢ ᠲᠣᠬᠢᠷᠠᠭᠤᠯᠵᠤ ᠬᠠᠮᠤᠭ ᠤᠨ ᠬᠤᠷᠳᠤᠨ ᠳᠤ ᠪᠠᠨ 1 ᠴᠠᠭ 59 ᠮᠢᠨᠦ᠋ᠲ ᠶᠢᠨ ᠳᠣᠲᠣᠷ᠎ᠠ ᠬᠥᠬᠡᠬᠤᠲᠠ ᠠᠴᠠ ᠪᠡᠭᠡᠵᠢᠩ ᠳᠤ ᠬᠦᠷᠦᠨ᠎ᠠ
ᠨᠡᠶᠢᠲᠡᠯᠡᠭᠰᠡᠨ ᠴᠠᠭ᠄
2023/10/7

      ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ  ᠲᠣᠪᠴᠢᠶ᠎ᠠ ᠪᠦᠯᠦᠭᠯᠡᠯ ᠤᠨ ᠬᠢᠵᠠᠭᠠᠷᠲᠤ ᠺᠣᠮᠫᠠᠨᠢ ᠠᠴᠠ ᠣᠶᠢᠯᠠᠭᠠᠭᠰᠠᠨ ᠢᠶᠠᠷ ᠂ 2023 ᠣᠨ ᠤ

10 ᠳ᠋ᠤᠭᠠᠷ ᠰᠠᠷ᠎ᠠ ᠶᠢᠨ 11 ᠤ ᠡᠳᠦᠷ ᠠᠴᠠ ᠡᠬᠢᠯᠡᠨ ᠂ ᠲᠡᠮᠦᠷ ᠵᠠᠮ ᠤᠨ ᠰᠠᠯᠠᠭ᠎ᠠ ᠮᠥᠴᠢᠷ ᠭᠠᠯᠲᠤ ᠲᠡᠷᠭᠡᠨ ᠤ ᠰᠢᠨ᠎ᠡ ᠠᠶᠠᠯᠠᠯ ᠤᠨ ᠱᠤᠭᠤᠮ ᠢ ᠬᠡᠷᠡᠭᠵᠢᠭᠦᠯᠬᠦ ᠪᠠᠷ ᠪᠣᠶ ᠃

      ᠲᠡᠮᠦᠷ ᠵᠠᠮ ᠤᠨ ᠰᠠᠯᠠᠭ᠎ᠠ ᠮᠥᠴᠢᠷ ᠠᠶᠠᠨᠴᠢᠳ ᠤᠨ ᠶᠠᠪᠤᠵᠤ ᠰᠠᠭᠤᠬᠤ ᠬᠡᠷᠡᠭᠴᠡᠭᠡ ᠳᠤ ᠴᠢᠭᠯᠡᠭᠦᠯᠦᠨ ᠂ ᠠᠶᠠᠨᠴᠢᠳ ᠤᠨ ᠭᠠᠯᠲᠤ ᠲᠡᠷᠭᠡᠨ  ᠤ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢ ᠰᠢᠯᠢᠳᠡᠭᠵᠢᠭᠦᠯᠵᠦ ᠂ ᠪᠡᠭᠡᠵᠢᠩ ᠳᠤ ᠣᠷᠣᠬᠤ ᠲᠦᠷᠭᠡᠨ ᠤ ᠭᠠᠯᠲᠤ ᠲᠡᠷᠭᠡ ᠶᠢᠨ ᠲᠤᠭ᠎ᠠ ᠶᠢ ᠨᠡᠮᠡᠭᠳᠡᠭᠦᠯᠵᠦ ᠂ ᠭᠠᠯᠲᠤ ᠲᠡᠷᠭᠡᠨ ᠤ ᠠᠶᠠᠯᠠᠯ ᠤᠨ ᠴᠠᠭ ᠢ ᠪᠣᠭᠤᠨᠢᠰᠬᠠᠵᠤ ᠂ ᠲᠦᠷᠭᠡᠨ ᠤ ᠲᠡᠮᠦᠷ ᠵᠠᠮ ᠤᠨ ᠲᠡᠭᠡᠭᠡᠪᠦᠷᠢᠯᠡᠬᠦ ᠴᠢᠳᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ ᠃ ᠡᠭᠦᠨ ᠳᠤ ᠂ ᠬᠥᠬᠡᠬᠤᠲᠠ ᠵᠡᠭᠦᠨ ᠥᠷᠳᠡᠭᠡ ᠠᠴᠠ ᠪᠡᠭᠡᠵᠢᠩ ᠬᠤᠶᠢᠲᠤ ᠥᠷᠳᠡᠭᠡ ᠬᠦᠷᠬᠦ G2462 ᠳ᠋ᠤᠭᠠᠷ ᠹᠦ᠋ ᠰᠢᠩ ᠨᠡᠷᠡᠮᠵᠢᠲᠦ ᠲᠦᠷᠭᠡᠨ ᠤ ᠭᠠᠯᠲᠤ ᠲᠡᠷᠭᠡ ᠬᠥᠬᠡᠬᠤᠲᠠ ᠵᠡᠭᠦᠨ ᠦᠷᠲᠡᠭᠡ ᠠᠴᠠ ᠬᠥᠳᠡᠯᠦᠨ ᠰᠢᠭᠤᠳ ᠪᠡᠭᠡᠵᠢᠩ ᠤᠨ ᠴᠢᠩ ᠡᠾᠧ ᠦᠷᠲᠡᠭᠡ ᠳᠤ ᠬᠦᠷᠴᠦ ᠂ ᠠᠩᠬ᠎ᠠ ᠤᠳᠠᠭ᠎ᠠ ᠬᠥᠬᠡᠬᠤᠲᠠ ᠠᠴᠠ ᠪᠡᠭᠡᠵᠢᠩ ᠬᠦᠷᠬᠦ ᠲᠦᠷᠭᠡᠨ ᠤ ᠲᠡᠮᠦᠷ ᠵᠠᠮ ᠤᠨ ᠠᠶᠠᠯᠠᠯ ᠤᠨ ᠴᠠᠭ ᠢ 1 ᠴᠠᠭ 59 ᠮᠢᠨᠦ᠋ᠲ ᠪᠣᠯᠭᠠᠨ ᠪᠣᠭᠤᠨᠢᠰᠬᠠᠨ᠎ᠠ ᠃

      ᠲᠡᠷᠡ ᠦᠶ᠎ᠡ ᠳᠤ ᠂ ᠥᠪᠥᠷ ᠮᠣᠩᠭᠤᠯ ᠤᠨ ᠲᠥᠪ ᠬᠥᠬᠡᠬᠤᠲᠠ ᠪᠣᠯᠣᠨ ᠨᠡᠶᠢᠰᠯᠡᠯ ᠪᠡᠭᠡᠵᠢᠩ ᠬᠤᠶᠠᠷ ᠭᠠᠵᠠᠷ ᠬᠤᠭᠤᠷᠣᠨᠳᠤ ︽2 ᠴᠠᠭ ᠤᠨ ᠵᠠᠮ ᠬᠠᠷᠢᠯᠴᠠᠭᠠᠨ ᠤ ᠲᠣᠭᠤᠷᠢᠭ ︾ ᠵᠢᠩᠬᠢᠨᠢ ᠪᠠᠷ ᠪᠣᠶ ᠪᠣᠯᠵᠦ ᠂ ᠥᠪᠥᠷ ᠮᠣᠩᠭᠤᠯ ᠤᠨ ᠳᠤᠮᠳᠠ ᠪᠠᠷᠠᠭᠤᠨ ᠪᠠᠶ᠎ᠡ ᠶᠢᠨ ᠬᠤᠲᠠ ᠨᠤᠭᠤᠳ ᠤᠨ ᠪᠡᠭᠡᠵᠢᠩ ᠲᠢᠶᠠᠨᠵᠢᠨ ᠾᠧᠪᠧᠢ ᠶᠢᠨ ᠠᠵᠤ ᠠᠬᠤᠢ ᠶᠢᠨ ᠲᠣᠭᠤᠷᠢᠭ ᠲᠤ ᠠᠭᠤᠰᠤᠯᠴᠠᠬᠤ ᠶᠢ ᠲᠦᠷᠭᠡᠳᠬᠡᠨ ᠂ ᠠᠷᠠᠳ ᠣᠯᠠᠨ  ᠤ ᠶᠠᠪᠤᠵᠤ ᠰᠠᠭᠤᠬᠤ ᠳᠤ ᠲᠤᠶᠢᠯ ᠤᠨ ᠶᠡᠭᠡ ᠲᠥᠬᠦᠮ ᠦᠵᠡᠭᠦᠯᠬᠦ ᠶᠢᠨ ᠬᠠᠮᠲᠤ ᠂ ᠥᠪᠥᠷ ᠮᠣᠩᠭᠤᠯ ᠤᠨ ᠳᠤᠮᠳᠠ ᠪᠠᠷᠠᠭᠤᠨ ᠪᠠᠶ᠎ᠡ ᠪᠣᠯᠣᠨ ᠪᠡᠭᠡᠵᠢᠩ ᠲᠢᠶᠠᠨᠵᠢᠨ ᠾᠧᠪᠧᠢ ᠶᠢᠨ ᠣᠷᠣᠨ ᠪᠦᠰᠡ ᠶᠢᠨ ᠠᠵᠤ ᠠᠬᠤᠢ ᠶᠢᠨ ᠵᠣᠬᠢᠴᠠᠩᠭᠤᠢ ᠬᠥᠭᠵᠢᠯᠲᠡ ᠳᠤ ᠤᠯᠠᠮ ᠨᠢᠭᠡ ᠠᠯᠬᠤᠮ ᠬᠦᠴᠦᠨ ᠨᠡᠮᠡᠷᠢᠯᠡᠬᠦ ᠪᠣᠯᠣᠨ᠎ᠠ ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ