ᠬᠥᠯᠥᠨ ᠪᠤᠶᠢᠷ ᠤᠨ ᠠᠩᠬᠠᠳᠠᠭᠴᠢ ᠸᠢᠰᠠ ᠬᠡᠷᠡᠭᠰᠡᠬᠦ ᠦᠭᠡᠢ ᠪᠠᠷ ᠬᠢᠯᠢ ᠠᠯᠤᠰᠯᠠᠭᠰᠠᠨ ᠲᠣᠭᠤᠷᠢᠯ ᠵᠠᠮ ᠤᠨ ᠵᠢᠭᠤᠯᠴᠢᠯᠠᠯ ᠤᠨ ᠪᠦᠯᠬᠦᠮ ᠣᠷᠣᠰ ᠲᠤ ᠬᠥᠷᠪᠡ
ᠨᠡᠶᠢᠲᠡᠯᠡᠭᠰᠡᠨ ᠴᠠᠭ᠄
2023/10/8

      9 ᠳ᠋ᠦ᠋ᠭᠡᠷ ᠰᠠᠷ᠎ᠠ ᠶᠢᠨ 29 ᠤ ᠡᠳᠦᠷ᠂ ᠬᠥᠯᠥᠨ ᠪᠤᠶᠢᠷ ᠬᠤᠲᠠ ᠶᠢᠨ ᠠᠩᠬᠠᠳᠠᠭᠴᠢ ᠸᠢᠰᠠ ᠬᠡᠷᠡᠭᠰᠡᠬᠦ ᠦᠭᠡᠢ ᠪᠠᠷ ᠬᠢᠯᠢ ᠠᠯᠤᠰᠯᠠᠭᠰᠠᠨ ᠲᠣᠭᠤᠷᠢᠯ ᠵᠠᠮ ᠤᠨ ᠵᠢᠭᠤᠯᠴᠢᠯᠠᠯ ᠤᠨ ᠪᠦᠯᠬᠦᠮ ᠣᠷᠣᠰ ᠲᠤ ᠬᠥᠷᠪᠡ᠃ ᠡᠨᠡ ᠨᠢ ᠳᠤᠮᠳᠠᠳᠤ ᠣᠷᠣᠰ ᠸᠢᠰᠠ ᠬᠡᠷᠡᠭᠰᠡᠬᠦ ᠦᠭᠡᠢ ᠪᠦᠯᠬᠦᠮ ᠤᠨ ᠵᠢᠭᠤᠯᠴᠢᠯᠠᠯ ᠤᠨ ᠲᠤᠬᠠᠶᠢᠯᠠᠭᠰᠠᠨ ᠠᠵᠢᠯ ᠢᠶᠠᠨ ᠰᠡᠷᠭᠦᠭᠡᠭᠰᠡᠨ ᠤ ᠳᠠᠷᠠᠭ᠎ᠠ᠂ ᠬᠥᠯᠥᠨ ᠪᠤᠶᠢᠷ ᠬᠤᠲᠠ ᠶᠢᠨ ᠣᠷᠣᠰ ᠲᠤ ᠣᠴᠢᠬᠤ ᠬᠢᠯᠢ ᠠᠯᠤᠰᠯᠠᠭᠰᠠᠨ ᠵᠢᠭᠤᠯᠴᠢᠯᠠᠯ ᠤᠨ ᠲᠣᠭᠤᠷᠢᠯ ᠵᠠᠮ ᠵᠢᠩᠬᠢᠨᠢ ᠪᠠᠷ ᠠᠰᠢᠭᠯᠠᠯᠲᠠ ᠳᠤ ᠣᠷᠣᠭᠰᠠᠨ ᠢ ᠬᠠᠷᠠᠭᠤᠯᠤᠭᠰᠠᠨ ᠪᠠᠶᠢᠨ᠎ᠠ᠃

      ᠲᠣᠰ ᠤᠳᠠᠭᠠᠨ ᠤ ᠣᠷᠣᠰ ᠲᠤ ᠣᠴᠢᠬᠤ ᠵᠢᠭᠤᠯᠴᠢᠯᠠᠯ ᠤᠨ ᠪᠦᠯᠬᠦᠮ 29 ᠤ ᠡᠳᠦᠷ ᠮᠠᠨᠵᠤᠤᠷ ᠤᠨ ᠵᠠᠰᠠᠮᠠᠯ ᠵᠠᠮ ᠤᠨ ᠪᠣᠭᠤᠮᠲᠠ ᠪᠠᠷ ᠬᠢᠯᠢ ᠠᠴᠠ ᠭᠠᠷᠴᠤ᠂ ᠣᠷᠣᠰ ᠲᠤ ᠬᠦᠷᠦᠭᠰᠡᠨ ᠤ ᠳᠠᠷᠠᠭ᠎ᠠ ᠪᠠᠶᠢᠭᠠᠯᠰᠺ᠂ ᠤᠯᠠᠭᠠᠨ ᠦᠳᠡ᠂ ᠪᠠᠶᠢᠭᠠᠯ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠴᠢᠲ᠋ᠠ ᠬᠤᠲᠠ ᠳᠤ ᠬᠦᠷᠴᠦ᠂ 10 ᠳ᠋ᠤᠭᠠᠷ ᠰᠠᠷ᠎ᠠ ᠶᠢᠨ 4 ᠤ ᠡᠳᠦᠷ ᠬᠥᠯᠥᠨ ᠪᠤᠶᠢᠷ ᠬᠤᠲᠠ ᠶᠢᠨ ᠬᠠᠶᠢᠯᠠᠷ ᠲᠣᠭᠤᠷᠢᠭ ᠤᠨ ᠠᠭᠠᠷ ᠠᠶᠠᠯᠠᠯ ᠤᠨ ᠪᠣᠭᠤᠮᠲᠠ ᠪᠠᠷ ᠬᠢᠯᠢ ᠳᠤ ᠣᠷᠣᠵᠤ ᠢᠷᠡᠪᠡ᠃ ᠤᠷᠤᠰ ᠲᠤ ᠪᠠᠶᠢᠬᠤ ᠬᠤᠭᠤᠴᠠᠭᠠᠨ ᠳᠤ ᠪᠠᠨ᠂ ᠵᠤᠭᠠᠴᠠᠯ ᠤᠨ ᠪᠦᠯᠬᠦᠮ ᠤᠷᠤᠰ ᠤᠨ ︽ᠲᠠᠯᠬ᠎ᠠ ᠪᠣᠯᠣᠨ ᠳᠠᠪᠤᠰᠤ︾ ᠶᠢᠨ ᠬᠠᠮᠤᠭ ᠤᠨ ᠡᠷᠬᠢᠮ ᠤᠭᠲᠤᠯᠭ᠎ᠠ ᠶᠢ ᠬᠦᠯᠢᠶᠡᠨ ᠠᠪᠴᠤ᠂ ᠳᠤᠮᠳᠠᠳᠤ ᠤᠷᠤᠰ ᠤᠨ ᠠᠷᠠᠳ ᠤᠯᠠᠨ ᠤᠯᠤᠰ ᠤᠨ ᠰᠣᠶᠣᠯ ᠤᠨ ᠰᠣᠯᠢᠯᠴᠠᠭ᠎ᠠ ᠶᠢ ᠥᠷᠨᠢᠭᠦᠯᠦᠭᠰᠡᠨ ᠪᠥᠭᠡᠳ ᠬᠤᠶᠢᠲᠤ ᠪᠠᠶᠢᠭᠠᠯ ᠤᠨ ᠬᠢᠯᠢ ᠬᠢᠵᠠᠭᠠᠷ ᠣᠷᠣᠨ ᠤ ᠴᠡᠷᠢᠭ ᠤᠨ ᠤᠷᠠᠨ ᠰᠠᠶᠢᠬᠠᠨ ᠤ ᠪᠦᠯᠬᠦᠮ ᠤᠨ ᠲᠤᠰᠬᠠᠢ ᠲᠣᠭᠯᠠᠯᠲᠠ ᠶᠢ ᠰᠣᠨᠢᠷᠬᠠᠵᠠᠭᠠᠪᠠ᠃

      ᠣᠳᠣ ᠪᠣᠯᠲᠠᠯ᠎ᠠ᠂ ᠬᠥᠯᠥᠨ ᠪᠤᠶᠢᠷ ᠬᠤᠲᠠ ᠳᠤ ᠳᠤᠮᠳᠠᠳᠤ ᠤᠨ ᠢᠷᠭᠡᠳ ᠤᠨ ᠪᠦᠯᠬᠦᠮ ᠪᠠᠶᠢᠭᠤᠯᠤᠨ ᠸᠢᠰᠠ ᠬᠡᠷᠡᠭᠰᠡᠬᠦ ᠦᠭᠡᠢ ᠪᠠᠷ ᠣᠷᠣᠰ ᠲᠤ ᠣᠴᠢᠬᠤ ᠵᠢᠭᠤᠯᠴᠢᠯᠠᠯ ᠤᠨ ᠲᠤᠬᠠᠶᠢᠯᠠᠭᠰᠠᠨ ᠠᠵᠢᠯ ᠢ ᠡᠵᠡᠩᠨᠡᠬᠦ ᠲᠦᠷᠦᠭᠦᠦ ᠪᠦᠯᠦᠭ ᠤᠨ ᠵᠢᠭᠤᠯᠴᠢᠯᠠᠯ ᠤᠨ ᠺᠣᠮᠫᠠᠨᠢ 5 ᠰᠣᠩᠭᠤᠭᠳᠠᠵᠠᠢ᠃ ᠡᠭᠦᠨ ᠠᠴᠠ ᠡᠮᠦᠨ᠎ᠡ ᠣᠯᠠᠨ ᠵᠢᠭᠤᠯᠴᠢᠯᠠᠯ ᠤᠨ ᠬᠤᠳᠠᠯᠳᠤᠭᠠᠴᠢᠳ ᠤᠨ ᠪᠦᠯᠬᠦᠮ ᠢ ᠲᠣᠮᠢᠯᠠᠨ ᠣᠷᠣᠰ ᠲᠤ ᠣᠴᠢᠭᠤᠯᠵᠤ᠂ ᠬᠢᠯᠢ ᠠᠯᠤᠰᠯᠠᠭᠰᠠᠨ ᠰᠣᠶᠣᠯ ᠤᠷᠠᠯᠢᠭ ᠤᠨ ᠰᠣᠯᠢᠯᠴᠠᠭ᠎ᠠ᠂ ᠰᠤᠳᠤᠯᠤᠨ ᠰᠤᠷᠤᠯᠴᠠᠬᠤ᠂ ᠰᠡᠭᠦᠳᠡᠷᠯᠡᠬᠦ ᠵᠡᠷᠭᠡ ᠣᠯᠠᠨ ᠱᠤᠭᠤᠮ ᠭᠠᠷᠭᠠᠬᠤ ᠪᠠᠷ ᠲᠥᠯᠥᠪᠯᠡᠵᠦ ᠪᠠᠶᠢᠪᠠ᠃ ᠲᠣᠰ ᠤᠳᠠᠭᠠᠨ ᠤ ᠣᠷᠣᠰ ᠲᠤ ᠣᠴᠢᠭᠰᠠᠨ ᠬᠢᠯᠢ ᠠᠯᠤᠰᠯᠠᠭᠰᠠᠨ ᠵᠢᠭᠤᠯᠴᠢᠯᠠᠯ ᠤᠨ ᠱᠤᠭᠤᠮ ᠨᠢ ᠳᠠᠷᠤᠢ ᠬᠥᠯᠥᠨ ᠪᠤᠶᠢᠷ ᠬᠤᠲᠠ ᠶᠢᠨ ᠣᠷᠣᠰ ᠲᠤ ᠬᠦᠷᠬᠦ ᠬᠢᠯᠢ ᠠᠯᠤᠰᠯᠠᠭᠰᠠᠨ ᠵᠢᠭᠤᠯᠴᠢᠯᠠᠯ ᠤᠨ ᠰᠣᠩᠭᠤᠳᠠᠭ ᠱᠤᠭᠤᠮ ᠪᠣᠯᠣᠨ᠎ᠠ᠃ ᠵᠠᠮ ᠬᠠᠷᠢᠯᠴᠠᠭᠠᠨ ᠤ ᠲᠠᠯ᠎ᠠ ᠪᠠᠷ᠂ ᠵᠢᠭᠤᠯᠴᠢᠯᠭᠰᠠᠳ ᠭᠠᠷᠠᠭ ᠤᠨ ᠭᠤᠷᠪᠠᠨ᠂ ᠭᠠᠷᠠᠭ ᠤᠨ ᠵᠢᠷᠭᠤᠭᠠᠨ ᠳᠤ ᠬᠥᠯᠥᠨ ᠪᠤᠶᠢᠷ ᠬᠤᠲᠠ ᠶᠢᠨ ᠬᠠᠶᠢᠯᠠᠷ ᠤᠨ ᠠᠭᠠᠷ ᠠᠶᠠᠯᠠᠯ ᠤᠨ ᠪᠣᠭᠤᠮᠲᠠ ᠪᠠᠷ ᠨᠢᠰᠬᠡᠯ ᠢᠶᠠᠷ ᠴᠢᠲ᠋ᠠ ᠳᠤ ᠬᠦᠷᠴᠦ ᠪᠣᠯᠣᠨ᠎ᠠ᠂ ᠪᠠᠰᠠ ᠮᠠᠨᠵᠤᠤᠷ ᠤᠨ ᠵᠠᠰᠠᠮᠠᠯ ᠵᠠᠮ ᠤᠨ ᠪᠣᠭᠤᠮᠲᠠ᠂ ᠡᠷᠭᠦᠨ᠎ᠡ ᠶᠢᠨ ᠾᠧᠢ ᠱᠠᠨ ᠲᠧᠦ ᠪᠣᠭᠤᠮᠲᠠ ᠪᠠᠷ ᠲᠡᠷᠭᠡᠨ ᠳᠤ ᠰᠠᠭᠤᠵᠤ ᠬᠢᠯᠢ ᠠᠴᠠ ᠭᠠᠷᠴᠤ ᠪᠣᠯᠣᠨ᠎ᠠ᠃ ᠡᠭᠦᠨ ᠤ ᠬᠠᠮᠲᠤ᠂ ᠬᠥᠯᠥᠨ ᠪᠤᠶᠢᠷ ᠬᠤᠲᠠ ᠶᠢᠨ ᠬᠠᠶᠢᠯᠠᠷ ᠤᠨ ᠠᠭᠠᠷ ᠠᠶᠠᠯᠠᠯ ᠤᠨ ᠪᠣᠭᠤᠮᠲᠠ᠂ ᠮᠠᠨᠵᠤᠤᠷ ᠤᠨ ᠠᠭᠠᠷ ᠠᠶᠠᠯᠠᠯ ᠤᠨ ᠪᠣᠭᠤᠮᠲᠠ᠂ ᠰᠢᠨ᠎ᠡ ᠪᠠᠷᠭᠤ ᠵᠡᠭᠦᠨ ᠬᠤᠰᠢᠭᠤᠨ ᠤ ᠡᠷᠳᠡᠨᠢ ᠪᠣᠭᠤᠮᠲᠠ ᠪᠣᠯᠣᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠤ ᠬᠠᠰᠢᠶᠠᠲᠤ ᠪᠣᠭᠤᠮᠲᠠ ᠨᠢ ᠵᠤᠭᠠᠴᠠᠭᠰᠠᠳ ᠤᠨ ᠮᠣᠩᠭᠤᠯ ᠤᠯᠤᠰ ᠲᠤ ᠬᠦᠷᠴᠦ ᠵᠢᠭᠤᠯᠴᠢᠯᠠᠬᠤ ᠬᠡᠷᠡᠭᠴᠡᠭᠡ ᠶᠢ ᠵᠡᠷᠭᠡ ᠪᠠᠷ ᠬᠠᠩᠭᠠᠵᠤ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ