ᠡᠨᠡ ᠵᠢᠯ ᠡᠬᠢᠯᠡᠭᠰᠡᠨ ᠠᠴᠠ ᠨᠠᠭᠠᠰᠢ᠂ 18 ᠴᠣᠪᠤᠭ᠎ᠠ ᠵᠢᠰᠢᠶᠠᠨ ᠤ ᠭᠠᠯᠲᠤ ᠲᠡᠷᠭᠡ ᠢᠷᠡᠵᠦ ᠪᠤᠴᠠᠨ ᠂ 1898 ᠪᠠᠷᠢᠮᠵᠢᠶᠠᠲᠤ ᠴᠢᠩᠭᠡᠯᠢᠭ ᠢ ᠠᠴᠢᠶᠠᠯᠠᠨ ᠵᠥᠭᠡᠭᠡᠪᠦᠷᠢᠯᠡᠭᠰᠡᠨ ᠪᠥᠭᠡᠳ ᠪᠠᠷᠠᠭᠠᠨ ᠤ ᠦᠷᠲᠡᠭ ᠨᠢ 3.31 ᠳ᠋ᠦᠩᠰᠢᠭᠤᠷ ᠲᠥᠭᠦᠷᠢᠭ ᠲᠤ ᠬᠦᠷᠴᠡᠢ᠃
2022 ᠣᠨ ᠤ 4 ᠳ᠋ᠦ᠋ᠭᠡᠷ ᠰᠠᠷ᠎ᠠ ᠶᠢᠨ 6 ᠤ ᠡᠳᠦᠷ᠂ ︽ ᠤᠯᠠᠭᠠᠨᠬᠠᠳᠠ ᠨᠡᠷᠡᠮᠵᠢᠲᠦ︾ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠪᠦᠷᠢᠶ᠎ᠡ ᠬᠠᠩᠭᠢᠨᠠᠭᠤᠯᠤᠨ ᠠᠶᠠᠯᠠᠯ ᠡᠬᠢᠯᠡᠭᠦᠯᠦᠭᠡᠳ ᠤᠳᠤ ᠪᠣᠯᠬᠤ ᠳᠤ ᠬᠢᠯᠠᠯᠵᠠᠮ᠎ᠠ ᠪᠦᠲᠦᠮᠵᠢ ᠭᠠᠷᠭᠠᠵᠤ᠂ ᠤᠯᠠᠭᠠᠨᠬᠠᠳᠠ ᠬᠤᠳᠠ ᠶᠢᠨ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃
ᠣᠳᠣ ᠪᠣᠯᠲᠠᠯ᠎ᠠ᠂ ᠤᠯᠠᠭᠠᠨᠬᠠᠳᠠ ᠬᠤᠳᠠ ᠶᠢᠨ ︽ᠤᠯᠠᠭᠠᠨᠬᠠᠳᠠ ᠨᠡᠷᠡᠮᠵᠢᠲᠦ︾ ᠳᠤᠮᠳᠠᠳᠤ ᠡᠸᠦ᠋ᠷᠦᠫᠡ ᠶᠢᠨ 26 ᠴᠣᠪᠤᠭ᠎ᠠ ᠵᠢᠰᠢᠶᠠᠨ ᠤ ᠭᠠᠯᠲᠤ ᠲᠡᠷᠭᠡ ᠢᠷᠡᠵᠦ ᠪᠤᠴᠠᠨ ᠂ 2698 ᠪᠠᠷᠢᠮᠵᠢᠶᠠᠲᠤ ᠴᠢᠩᠭᠡᠯᠢᠭ ᠢ ᠠᠴᠢᠶᠠᠯᠠᠨ ᠵᠥᠭᠡᠭᠡᠪᠦᠷᠢᠯᠡᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠦᠷᠳᠡᠭ ᠨᠡᠶᠢᠲᠡ 4.48 ᠳ᠋ᠦᠩᠰᠢᠭᠤᠷ ᠲᠥᠭᠦᠷᠢᠭ ᠲᠤ ᠬᠦᠷᠴᠡᠢ᠃ ᠡᠨᠡ ᠵᠢᠯ ᠡᠬᠢᠯᠡᠭᠰᠡᠨ ᠠᠴᠠ ᠨᠠᠭᠠᠰᠢ᠂ 18 ᠴᠤᠪᠤᠭ᠎ᠠ ᠵᠢᠰᠢᠶᠠᠨ ᠤ ᠭᠠᠯᠲᠤ ᠲᠡᠷᠭᠡ ᠢᠷᠡᠵᠦ ᠪᠤᠴᠠᠨ ᠂ 1898 ᠪᠠᠷᠢᠮᠵᠢᠶᠠᠲᠤ ᠴᠢᠩᠭᠡᠯᠢᠭ ᠢ ᠠᠴᠢᠶᠠᠯᠠᠨ ᠵᠥᠭᠡᠭᠡᠪᠦᠷᠢᠯᠡᠭᠰᠡᠨ ᠪᠥᠭᠡᠳ ᠪᠠᠷᠠᠭᠠᠨ ᠤ ᠥᠷᠲᠡᠭ ᠨᠢ 3.31 ᠳ᠋ᠦᠩᠰᠢᠭᠤᠷ ᠲᠥᠭᠦᠷᠢᠭ ᠲᠤ
ᠬᠦᠷᠴᠡᠢ᠃
ᠣᠶᠢᠯᠠᠭᠠᠭᠰᠠᠨ ᠢᠶᠠᠷ᠂ ᠤᠯᠠᠭᠠᠨᠬᠠᠳᠠ ᠬᠤᠲᠠ ᠪᠠᠷᠠᠭᠠᠨ ᠤ ᠢᠷᠡᠯᠲᠡ ᠶᠢᠨ ᠵᠣᠬᠢᠶᠠᠨ ᠪᠠᠶᠢᠭᠤᠯᠤᠯᠲᠠ ᠶᠢ ᠴᠢᠩᠭᠠᠳᠬᠠᠬᠤ᠂ ᠵᠢᠰᠢᠶᠠᠨ ᠤ ᠭᠠᠯᠲᠤ ᠲᠡᠷᠭᠡ ᠶᠢᠨ ᠥᠨᠳᠥᠷ ᠪᠦᠲᠦᠮᠵᠢᠲᠡᠶ ᠪᠠᠷ ᠵᠣᠷᠴᠢᠬᠤ ᠶᠢ ᠪᠠᠲᠤᠯᠠᠬᠤ ᠪᠠ ᠵᠢᠰᠢᠶᠠᠨ ᠤ ᠭᠠᠯᠲᠤ ᠲᠡᠷᠭᠡ ᠶᠢ ᠳᠡᠮᠵᠢᠬᠦ ᠲᠥᠷᠥ ᠶᠢᠨ ᠪᠣᠳᠣᠯᠭ᠎ᠠ ᠲᠣᠭᠲᠠᠭᠠᠨ ᠨᠡᠶᠢᠲᠡᠯᠡᠬᠦ ᠵᠡᠷᠭᠡ ᠲᠠᠯ᠎ᠠ ᠪᠠᠷ ︽ᠤᠯᠠᠭᠠᠨᠬᠠᠳᠠ ᠨᠡᠷᠡᠮᠵᠢᠲᠦ︾ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠴᠢᠨᠠᠷ ᠰᠠᠶᠢᠲᠠᠢ ᠵᠣᠷᠴᠢᠬᠤ ᠶᠢ ᠳᠡᠮᠵᠢᠵᠦ᠂ ᠪᠥᠬᠦ ᠬᠤᠲᠠ ᠶᠢᠨ ᠭᠠᠳᠠᠭᠠᠳᠤ ᠠᠷᠠᠯᠵᠢᠶᠠᠨ ᠤ ᠬᠥᠭᠵᠢᠯᠲᠡ ᠳᠤ ᠰᠢᠷᠭᠢᠰᠢ ᠦᠭᠡᠢ ᠬᠥᠳᠡᠯᠭᠡᠬᠦ ᠬᠦᠴᠦᠨ ᠨᠡᠮᠡᠷᠢᠯᠡᠨ᠎ᠡ᠃