ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ 2023 ᠣᠨ ᠤ 24 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/10/9


      10 ᠰᠠᠷ᠎ᠠ ᠶᠢᠨ 7 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠭᠢᠯᠡᠵᠡᠶ ᠃

      ᠬᠤᠷᠠᠯ ᠠᠴᠠ ᠂ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠪᠦᠭᠦ ᠤᠯᠤᠰ ᠤᠨ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠶᠡᠭᠡ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ ᠂ ᠪᠦᠭᠦ ᠣᠷᠣᠨ ᠤ ᠤᠯᠠᠮᠵᠢᠯᠠᠯᠲᠤ ᠠᠵᠤ ᠦᠢᠯᠡᠰ ᠂ ᠰᠢᠨ᠎ᠡ ᠪᠠᠷ ᠮᠠᠨᠳᠤᠭᠰᠠᠨ ᠠᠵᠤ ᠦᠢᠯᠡᠰ ᠂ ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠲᠥᠰᠥᠪᠯᠡᠵᠦ ᠂ ᠠᠵᠤ ᠦᠢᠯᠡᠳᠪᠦᠷᠢ ᠶᠢᠨ ᠠᠵᠤ ᠠᠬᠤᠢ ᠶᠢ ᠦᠷᠭᠦᠯᠵᠢᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ ᠃ ᠨᠢᠭᠡ ᠳᠤ ᠂ ᠳᠥᠷᠪᠡᠳᠦᠭᠡᠷ ᠤᠯᠠᠷᠢᠯ ᠢ ᠴᠢᠩᠭ᠎ᠠ ᠠᠩᠬᠠᠷᠴᠤ ᠂ ᠠᠬᠢᠴᠠ ᠶᠢ ᠱᠠᠯᠠᠪᠳᠠᠭᠤᠯᠵᠤ ᠂ ᠡᠪᠦᠯ ᠤᠨ ᠤᠯᠠᠷᠢᠯ ᠤᠨ ᠪᠠᠷᠢᠯᠭ᠎ᠠ ᠶᠢᠨ ᠡᠯ᠎ᠡ ᠵᠦᠢᠯ ᠤᠨ ᠠᠵᠢᠯ ᠢ ᠰᠠᠶᠢᠲᠤᠷ ᠲᠥᠯᠥᠪᠯᠡᠨ ᠵᠣᠬᠢᠶᠠᠨ ᠪᠠᠶᠢᠭᠤᠯᠵᠤ ᠂ ᠪᠦᠭᠦ ᠵᠢᠯ ᠤᠨ ᠬᠠᠷᠠᠯᠲᠠ ᠡᠭᠦᠷᠭᠡ ᠪᠠᠨ ᠪᠦᠭᠦ ᠲᠠᠯ᠎ᠠ ᠪᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠃ ᠬᠤᠶᠠᠷ ᠲᠤ ᠂ ᠲᠦᠷᠦᠭᠦᠦ ᠭᠤᠷᠪᠠᠨ ᠤᠯᠠᠷᠢᠯ ᠤᠨ ᠠᠵᠤ ᠠᠬᠤᠢ ᠶᠢᠨ ᠪᠠᠶᠢᠳᠠᠯ ᠳᠤ ᠵᠠᠳᠠᠯᠤᠯᠲᠠ ᠬᠢᠬᠦ ᠠᠵᠢᠯ ᠢ ᠰᠠᠶᠢᠲᠤᠷ ᠬᠢᠵᠦ ᠂ ᠠᠵᠤ ᠠᠬᠤᠢ ᠶᠢᠨ ᠡᠷᠭᠢᠯᠲᠡ ᠶᠢᠨ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠢ ᠭᠤᠣᠯᠳᠠᠯᠭ᠎ᠠ ᠲᠠᠢ ᠰᠤᠳᠤᠯᠵᠤ ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠬᠠᠨᠳᠤᠯᠭᠠᠲᠤ ᠴᠢᠨᠠᠷᠲᠠᠢ ᠪᠠᠷ ᠭᠠᠷᠭᠠᠬᠤ ᠬᠡᠷᠡᠭᠲᠡᠢ ᠃ ᠭᠤᠷᠪᠠ ᠳᠤ ᠂ ᠬᠤᠶᠢᠰᠢᠳᠠ ᠶᠢᠨ ᠠᠵᠢᠯ ᠢᠶᠠᠨ ᠤᠷᠢᠳᠴᠢᠯᠠᠨ ᠰᠠᠶᠢᠲᠤᠷ ᠲᠥᠯᠥᠪᠵᠢᠭᠦᠯᠵᠦ ᠂ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠂ ᠴᠢᠬᠤᠯᠠ ᠲᠦᠷᠦ ᠶᠢᠨ ᠪᠣᠳᠣᠯᠭ᠎ᠠ ᠂ ᠴᠢᠬᠤᠯᠠ ᠶᠡᠭᠡ ᠲᠦᠷᠦᠯ ᠵᠦᠢᠯ ᠢ ᠱᠠᠯᠠᠪᠳᠠᠨ ᠰᠤᠳᠤᠯᠬᠤ ᠬᠡᠷᠡᠭᠲᠡᠢ ᠭᠡᠵᠦ ᠴᠢᠬᠤᠯᠠᠴᠢᠯᠠᠪᠠ ᠃

      ᠬᠤᠷᠠᠯ ᠠᠴᠠ ᠤᠯᠠᠮ ᠴᠢᠨᠠᠭᠰᠢᠳᠠ ᠠᠷᠪᠢᠯᠠᠵᠤ ᠠᠮᠢᠳᠤᠷᠠᠬᠤ ᠲᠤᠬᠠᠢ ᠬᠡᠷᠡᠭᠵᠢᠭᠦᠯᠬᠦ ᠠᠷᠭ᠎ᠠ ᠶᠢ ᠬᠢᠨᠠᠨ ᠵᠥᠪᠯᠡᠵᠦ ᠂ ᠵᠠᠰᠠᠭ ᠤᠨ ᠣᠷᠳᠣᠨ ᠤ ᠡᠯ᠎ᠡ ᠱᠠᠲᠤᠨ ᠤ ᠤᠳᠤᠷᠢᠳᠬᠤ ᠺᠠᠳ᠋ᠷ ᠲᠦᠷᠦᠭᠦᠯᠡᠨ ᠠᠷᠪᠢᠯᠠᠨ ᠭᠠᠮᠨᠠᠬᠤ ᠣᠶᠢᠯᠠᠭᠠᠭᠳᠠᠬᠤᠨ ᠢᠶᠠᠨ ᠴᠢᠩᠭᠠᠳᠬᠠᠵᠤ ᠂ ᠪᠦᠭᠦ ᠨᠡᠶᠢᠭᠡᠮ ᠤᠨ ᠡᠬᠢ ᠪᠠᠶᠠᠯᠢᠭ ᠢ ᠪᠦᠭᠦ ᠲᠠᠯ᠎ᠠ ᠪᠠᠷ ᠠᠷᠪᠢᠯᠠᠨ ᠭᠠᠮᠨᠠᠵᠤ ᠡᠷᠴᠢᠮᠵᠢᠭᠦᠯᠬᠦ ᠶᠢ ᠠᠬᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠨᠠᠷᠢᠨ ᠨᠢᠮᠪᠠᠢ ᠲᠥᠯᠥᠪᠯᠡᠨ ᠠᠮᠢᠳᠤᠷᠠᠵᠤ ᠂ ᠠᠷᠪᠢᠯᠠᠵᠤ ᠳᠡᠶᠢᠯᠭᠦ ᠶᠢ ᠨᠢ ᠠᠯᠢ ᠴᠢᠳᠠᠬᠤ ᠪᠠᠷ ᠠᠷᠪᠢᠯᠠᠵᠤ ᠂ ᠣᠷᠣᠯᠭ᠎ᠠ ᠪᠠᠨ ᠨᠡᠮᠡᠭᠳᠡᠭᠦᠯᠦᠨ ᠵᠠᠷᠤᠯᠭ᠎ᠠ ᠪᠠᠨ ᠪᠠᠭᠠᠰᠬᠠᠵᠤ ᠂ ᠪᠠᠲᠤᠯᠠᠬᠤ ᠶᠢ ᠨᠢ ᠪᠠᠲᠤᠯᠠᠵᠤ ᠬᠢᠵᠠᠭᠠᠷᠯᠠᠬᠤ ᠶᠢ ᠨᠢ ᠬᠢᠵᠠᠭᠠᠷᠯᠠᠵᠤ ᠂ ᠭᠠᠷ ᠶᠡᠬᠡᠲᠡᠢ ᠵᠣᠭᠤᠰ ᠵᠠᠷᠤᠬᠤ ᠳᠠᠳᠬᠠᠯ ᠢ ᠡᠷᠡᠰ ᠬᠤᠪᠢᠷᠠᠭᠤᠯᠵᠤ ᠂ ᠬᠢᠵᠠᠭᠠᠷ ᠲᠠᠢ ᠪᠡᠯᠡ ᠮᠥᠩᠭᠦ ᠶᠢ ᠬᠡᠷᠡᠭᠴᠡᠭᠡ ᠲᠠᠢ ᠭᠠᠵᠠᠷ ᠲᠤ ᠬᠡᠷᠡᠭᠯᠡᠬᠦ ᠬᠡᠷᠡᠭᠲᠡᠢ ᠭᠡᠵᠦ ᠱᠠᠭᠠᠷᠳᠠᠪᠠ ᠃

      ᠬᠤᠷᠠᠯ ᠠᠴᠠ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠵᠤ ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ ᠂ ᠬᠡᠷᠬᠢᠨ ᠠᠳᠬᠤᠬᠤ ᠂ ᠬᠡᠨ ᠠᠳᠬᠤᠬᠤ ᠂ ᠶᠠᠭᠤ ᠶᠢ ᠠᠳᠬᠤᠬᠤ ᠶᠢ ᠪᠦᠭᠦᠨ ᠢ ᠲᠣᠳᠣᠷᠬᠠᠢ ᠪᠤᠯᠭᠠᠬᠤ ᠬᠡᠷᠡᠭᠲᠡᠢ ᠃ ᠨᠢᠭᠡ ᠳᠤ ᠠᠵᠤ ᠠᠬᠤᠶᠢᠯᠠᠯ ᠤᠨ ᠭᠤᠣᠯ ᠴᠣᠭᠴᠠ ᠶᠢᠨ ᠦᠢᠯᠡᠳᠦᠯ ᠢ ᠴᠢᠩᠭᠠᠳᠬᠠᠵᠤ ᠂ ᠠᠰᠠᠭᠤᠳᠠᠯ ᠢ ᠰᠢᠢᠳᠪᠦᠷᠢᠯᠡᠵᠦ ᠴᠢᠳᠠᠬᠤ ᠂ ᠦᠨᠡᠨ ᠬᠦ ᠠᠵᠢᠯ ᠶᠠᠪᠤᠳᠠᠯ ᠪᠦᠲᠦᠭᠡᠵᠦ ᠳᠡᠶᠢᠯᠭᠦ ᠠᠵᠤ ᠠᠬᠤᠶᠢᠯᠠᠯ ᠢ ᠶᠡᠭᠡ ᠪᠠᠷ ᠲᠡᠮᠵᠢᠨ᠎ᠠ ᠃ ᠬᠤᠶᠠᠷ ᠲᠤ ᠲᠤᠰᠬᠠᠢ ᠮᠡᠷᠭᠡᠵᠢᠯᠲᠡᠨ ᠤ ᠪᠦᠯᠭᠦᠮ ᠢ ᠴᠢᠯᠦᠭᠡᠲᠡᠢ ᠪᠤᠯᠭᠠᠵᠥ ᠂ ᠣᠷᠣᠨ ᠤ ᠳᠣᠲᠣᠷ᠎ᠠ ᠭᠠᠳᠠᠨ᠎ᠠ ᠭᠡᠰᠡᠨ ᠦᠭᠡᠢ ᠂ ᠬᠡᠨ ᠰᠠᠶᠢᠲᠤᠷ ᠬᠢᠵᠦ ᠂ ᠬᠡᠨ ᠠᠰᠠᠭᠤᠳᠠᠯ ᠢ ᠰᠢᠢᠳᠪᠦᠷᠢᠯᠡᠵᠦ ᠴᠢᠳᠠᠪᠠᠯ ᠲᠡᠭᠦᠨ ᠢ ᠳᠡᠮᠵᠢᠨ᠎ᠡ ᠃ ᠭᠤᠷᠪᠠ ᠳᠤ ᠣᠷᠣᠨ ᠤ ᠳᠣᠲᠣᠷᠠᠬᠢ ᠶᠡᠭᠡ ᠳᠡᠭᠡᠳᠦ ᠰᠤᠷᠭᠠᠭᠤᠯᠢ ᠶᠢ ᠣᠷᠣᠯᠴᠠᠭᠤᠯᠬᠤ ᠡᠷᠴᠢᠮ ᠢ ᠴᠢᠩᠭᠠᠷᠠᠭᠤᠯᠵᠤ ᠂ ᠴᠢᠳᠠᠪᠤᠷᠢᠲᠠᠨ ᠤ ᠡᠩᠨᠡᠭᠡ ᠶᠢ ᠬᠥᠮᠥᠵᠢᠭᠦᠯᠦᠨ ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠃ ᠳᠥᠷᠪᠡ ᠳᠤ ︽ ᠮᠧᠩ ᠺᠧ ᠵᠢᠦᠢ ︾ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠲᠠᠢ ᠤᠶᠠᠯᠳᠤᠭᠤᠯᠤᠨ ᠂ ᠦᠢᠯᠡᠰ ᠪᠣᠰᠬᠠᠬᠤ ᠪᠦᠯᠭᠦᠮ ᠂ ᠪᠡᠯᠡ ᠮᠥᠩᠭᠦ ᠂ ᠲᠥᠷᠥᠯ ᠵᠦᠢᠯ ᠢ ᠣᠨᠣᠴᠠᠲᠠᠢ ᠪᠠᠷ ︽ ᠭᠠᠷ ᠠᠳᠬᠤᠯᠴᠠᠭᠤᠯᠬᠤ ︾ ᠬᠡᠷᠡᠭᠲᠡᠢ ᠃ ᠲᠠᠪᠤ ᠳᠤ ᠬᠦᠴᠦᠨ ᠢᠶᠠᠨ ᠲᠥᠪᠯᠡᠷᠡᠭᠦᠯᠦᠨ ᠂ ᠭᠤᠣᠯᠳᠠᠯᠭ᠎ᠠ ᠪᠠᠨ ᠳᠣᠪᠤᠶᠢᠯᠭᠠᠵᠤ ᠂ ᠡᠬᠢᠯᠡᠩᠭᠦᠲᠡ ᠪᠠᠨ ᠳᠠᠷᠤᠢ ᠳᠤᠨᠢ ᠲᠦᠷᠦᠭᠦᠯᠡᠨ ᠬᠢᠬᠦ ᠰᠠᠯᠠᠭ᠎ᠠ ᠮᠥᠴᠢᠷ ᠪᠠ ᠠᠵᠤ ᠠᠬᠤᠶᠢᠯᠠᠯ ᠢ ᠲᠣᠳᠣᠷᠬᠠᠶᠢᠯᠠᠵᠤ ᠂ ᠦᠷ᠎ᠡ ᠶᠢᠨ ᠡᠳ᠋ ᠤᠨ ᠡᠬᠢ ᠪᠠᠶᠠᠯᠢᠭ ᠤᠨ ᠬᠥᠮᠥᠷᠭᠡ ᠶᠢ ᠪᠦᠭᠦ ᠬᠦᠴᠦᠨ ᠢᠶᠠᠷ ᠢᠶᠠᠨ ᠰᠠᠶᠢᠲᠤᠷ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃

      ᠬᠤᠷᠠᠯ ᠠᠴᠠ ᠪᠠᠰᠠ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠵᠡᠷᠭᠡ ᠠᠵᠢᠯ ᠢ ᠰᠤᠳᠤᠯᠵᠠᠢ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ