ᠪᠠᠶᠠᠨᠨᠠᠭᠤᠷ ᠬᠤᠲᠠ ᠶᠢᠨ ᠬᠠᠮ ᠵᠠᠭᠤᠴᠢᠯᠠᠭᠤᠷ ᠤᠨ ᠲᠥᠪ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2023/11/1

     10 ᠳ᠋ᠤᠭᠠᠷ ᠰᠠᠷ᠎ᠠ ᠶᠢᠨ 30᠎ ᠤ ᠡᠳᠦᠷ᠂ ᠪᠠᠶᠠᠨᠨᠠᠭᠤᠷ ᠬᠤᠳᠠ ᠶᠢᠨ ᠬᠠᠮ ᠵᠠᠭᠤᠴᠢᠯᠠᠭᠤᠷ ᠤᠨ ᠲᠥᠪ ᠪᠠᠶᠢᠭᠤᠯᠤᠭᠳᠠᠭᠰᠠᠨ ᠨᠢ ᠲᠤᠰ ᠬᠤᠳᠠ ᠶᠢᠨ ᠰᠣᠨᠢᠨ ᠮᠡᠳᠡᠭᠡᠨ ᠤ ᠵᠠᠭᠤᠴᠢᠯᠠᠭᠤᠷ ᠤᠨ ᠦᠢᠯᠡᠰ ᠵᠠᠩᠭᠢᠯᠠᠭ᠎ᠠ ᠶᠢᠨ ᠠᠯᠬᠤᠮ ᠢ ᠠᠯᠬᠤᠵᠤ᠂ ᠨᠡᠩ ᠥᠨᠳᠥᠷ ᠱᠠᠲᠤᠨ ᠳᠤ ᠭᠠᠷᠤᠭᠰᠠᠨ ᠢ ᠬᠠᠷᠠᠭᠤᠯᠵᠤ ᠪᠤᠢ᠃

     ᠲᠠᠨᠢᠯᠴᠠᠭᠤᠯᠤᠭᠰᠠᠨ ᠢᠶᠠᠷ᠂ ᠪᠠᠶᠠᠨᠨᠠᠭᠤᠷ ᠬᠤᠲᠠ ᠶᠢᠨ ᠬᠠᠮ ᠵᠠᠭᠤᠴᠢᠯᠠᠭᠤᠷ ᠤᠨ ᠲᠥᠪ ᠨᠢ ᠤᠤᠯ ᠤᠨ ᠪᠠᠶᠠᠨᠨᠠᠭᠤᠷ ᠤᠨ ᠡᠳᠦᠷ ᠤᠨ ᠰᠣᠨᠢᠨ ᠤ ᠬᠤᠷᠢᠶ᠎ᠠ᠂ ᠪᠠᠶᠠᠨᠨᠠᠭᠤᠷ ᠤᠨ ᠷᠠᠳᠢᠣ᠋ ᠲᠧᠯᠸᠢᠰ ᠬᠤᠷᠢᠶᠠᠨ ᠤ ᠵᠠᠭᠤᠴᠢᠯᠠᠭᠤᠷ ᠤᠨ ᠡᠬᠢ ᠪᠠᠶᠠᠯᠢᠭ ᠤᠳ ᠢ ᠨᠢᠭᠡᠳᠬᠡᠭᠰᠡᠨ ᠰᠠᠭᠤᠷᠢᠨ ᠳᠡᠭᠡᠷ᠎ᠡ᠂ ᠪᠦᠬᠦ ᠤᠯᠤᠰ ᠲᠤ ᠨᠥᠯᠥᠭᠡᠯᠡᠬᠦ ᠬᠦᠴᠦᠨ ᠪᠦᠬᠦᠢ ᠰᠢᠨ᠎ᠡ ᠬᠡᠯᠪᠡᠷᠢ ᠶᠢᠨ ᠭᠤᠣᠯ ᠵᠠᠭᠤᠴᠢᠯᠠᠭᠤᠷ ᠪᠣᠯᠭᠠᠬᠤ ᠬᠠᠷᠠᠯᠲᠠ ᠶᠢ ᠲᠣᠭᠲᠠᠭᠠᠵᠤ᠂ ︽ᠪᠠᠶᠢᠭᠤᠯᠤᠮᠵᠢ ᠶᠢ ᠨᠢᠭᠡ ᠴᠣᠭᠴᠠᠵᠢᠭᠤᠯᠤᠨ ᠠᠵᠢᠯᠯᠠᠭᠤᠯᠬᠤ᠂ ᠠᠭᠤᠯᠭ᠎ᠠ ᠶᠢ ᠨᠢᠭᠡ ᠴᠣᠭᠴᠠᠵᠢᠭᠤᠯᠤᠨ ᠦᠢᠯᠡᠳᠦᠭᠦᠯᠬᠦ᠂ ᠮᠡᠷᠭᠡᠵᠢᠯ ᠢ ᠨᠢᠭᠡ ᠴᠣᠭᠴᠠᠵᠢᠭᠤᠯᠤᠨ ᠲᠤᠰᠠᠯᠠᠭᠤᠯᠬᠤ᠂ ᠪᠥᠬᠦ ᠬᠦᠷᠢᠶ᠎ᠡ ᠶᠢ ᠨᠢᠭᠡ ᠴᠣᠭᠴᠠᠵᠢᠭᠤᠯᠤᠨ ᠠᠭᠤᠰᠤᠯᠴᠠᠭᠤᠯᠬᠤ︾᠎ ᠶᠢ ᠠᠬᠢᠭᠤᠯᠵᠤ᠂ ᠠᠭᠤᠯᠭ᠎ᠠ ᠪᠠᠷ ᠦᠨᠳᠦᠰᠦᠯᠡᠭᠰᠡᠨ᠂ ᠲᠡᠷᠢᠭᠦᠨ ᠤ ᠮᠡᠷᠭᠡᠵᠢᠯ ᠢᠶᠠᠷ ᠲᠤᠰᠠᠯᠠᠭᠤᠯᠤᠭᠰᠠᠨ᠂ ᠰᠢᠨᠡᠴᠢᠯᠡᠭᠰᠡᠨ ᠬᠠᠮᠢᠶᠠᠷᠤᠯᠲᠠ ᠪᠠᠷ ᠪᠠᠲᠤᠯᠠᠭ᠎ᠠ ᠪᠣᠯᠭᠠᠭᠰᠠᠨ ᠬᠠᠮ ᠵᠠᠭᠤᠴᠢᠯᠠᠭᠤᠷ ᠤᠨ ᠳᠡᠯᠭᠡᠷᠡᠭᠦᠯᠬᠦ ᠲᠣᠭᠲᠠᠯᠴᠠᠭ᠎ᠠ ᠶᠢ ᠪᠠᠶᠢᠭᠤᠯᠵᠤ᠂ ᠨᠢᠭᠡ ᠯᠡ ᠴᠤᠭᠯᠠᠭᠤᠯᠵᠤ᠂ ᠣᠯᠠᠨᠲᠠ ᠦᠢᠯᠡᠳᠴᠦ᠂ ᠣᠯᠠᠨᠲᠠ ᠨᠡᠶᠢᠲᠡᠯᠡᠵᠦ᠂ ᠣᠯᠠᠨ ᠠᠷᠭ᠎ᠠ ᠪᠠᠷ ᠠᠭᠤᠰᠤᠯᠴᠠᠭᠤᠯᠤᠨ᠂ ᠣᠯᠠᠨ ᠲᠠᠪᠴᠠᠩ ᠢᠶᠠᠷ ᠬᠥᠳᠡᠯᠦᠯᠴᠡᠭᠰᠡᠨ ᠬᠠᠮ ᠵᠠᠭᠤᠴᠢᠯᠠᠭᠤᠷ ᠤᠨ ᠰᠢᠨ᠎ᠡ ᠡᠵᠡᠩᠨᠡᠯᠲᠡ ᠶᠢᠨ ᠪᠠᠶᠢᠳᠠᠯ ᠢ ᠪᠣᠶ ᠪᠣᠯᠭᠠᠨ᠎ᠠ᠃

     ︽ᠪᠠᠶᠠᠨᠨᠠᠭᠤᠷ ᠬᠤᠲᠠ ᠶᠢᠨ ᠬᠠᠮ ᠵᠠᠭᠤᠴᠢᠯᠠᠭᠤᠷ ᠤᠨ ᠲᠥᠪ ᠨᠠᠮ ᠤᠨ ᠰᠢᠨ᠎ᠡ ᠶᠢ ᠡᠭᠦᠳᠬᠦ ᠣᠨᠣᠯ ᠪᠠ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠭᠦᠨᠵᠡᠭᠡᠢ ᠤᠬᠠᠭᠤᠯᠬᠤ ᠶᠢ ᠢᠮᠠᠭᠲᠠ ᠪᠠᠷᠢᠮᠲᠠᠯᠠᠵᠤ᠂ ᠦᠵᠡᠯ ᠰᠠᠨᠠᠭ᠎ᠠ ᠲᠠᠢ᠂ ᠬᠠᠯᠠᠭᠤᠮᠰᠤᠭ᠂ ᠴᠢᠨᠠᠷ ᠴᠢᠨᠰᠠᠭ᠎ᠠ ᠲᠠᠢ ᠬᠠᠮ ᠵᠠᠭᠤᠴᠢᠯᠠᠭᠤᠷ ᠤᠨ ᠰᠣᠳᠣᠨ ᠪᠦᠲᠦᠭᠡᠯ ᠤᠳ ᠢ ᠨᠠᠩ ᠣᠯᠠᠨ ᠭᠠᠷᠭᠠᠵᠤ᠂ ᠭᠤᠣᠯ ᠠᠶᠠᠰ ᠢ ᠬᠠᠩᠭᠢᠨᠠᠭᠤᠯᠤᠨ᠂ ᠢᠳᠡᠪᠬᠢ ᠬᠦᠴᠦᠨ ᠢ ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠠᠶᠠᠨᠨᠠᠭᠤᠷ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠬᠦᠴᠦᠷᠬᠡᠭ ᠶᠡᠭᠡ ᠣᠶᠤᠨ ᠤ ᠬᠦᠴᠦᠨ ᠪᠠ ᠶᠠᠷᠢᠶ᠎ᠠ ᠬᠡᠯᠡᠯᠴᠡᠭᠡᠨ ᠤ ᠳᠡᠮᠵᠢᠯᠭᠡ ᠬᠠᠩᠭᠠᠨ᠎ᠠ︾ ᠭᠡᠵᠦ ᠪᠠᠶᠠᠨᠨᠠᠭᠤᠷ ᠬᠤᠳᠠ ᠶᠢᠨ ᠬᠠᠮ ᠵᠠᠭᠤᠴᠢᠯᠠᠭᠤᠷ ᠤᠨ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠪᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ