|
ᠲᠦᠷᠦᠭᠦᠸ ᠭᠤᠷᠪᠠᠨ ᠤᠯᠠᠷᠢᠯ ᠳᠤ ᠡᠷᠢᠶᠡᠨ ᠪᠣᠭᠤᠮᠲᠠ ᠶᠢᠨ ᠬᠢᠯᠢ ᠶᠢᠨ ᠪᠠᠭ᠎ᠠ ᠬᠡᠮᠵᠢᠶᠡᠨ ᠤ ᠠᠷᠠᠯᠵᠢᠶ᠎ᠠ ᠶᠡᠭᠡ ᠪᠠᠷ ᠨᠡᠮᠡᠭᠳᠡᠪᠡ |
|
|
ᠨᠡᠶᠢᠲᠡᠯᠡᠭᠰᠡᠨ ᠴᠠᠭ᠄
2023/11/1
|
|
ᠡᠷᠢᠶᠡᠨ ᠪᠣᠭᠤᠮᠲᠠ ᠶᠢᠨ ᠪᠦᠷᠢᠳᠬᠡᠯ ᠠᠴᠠ ᠦᠨᠳᠦᠰᠦᠯᠡᠪᠡᠯ ᠂ ᠡᠨᠡ ᠵᠢᠯ ᠤᠨ ᠲᠦᠷᠦᠭᠦᠦ ᠭᠤᠷᠪᠠᠨ ᠤᠯᠠᠷᠢᠯ ᠳᠤ ᠂ ᠡᠷᠢᠶᠡᠨ ᠪᠣᠭᠤᠮᠲᠠ ᠶᠢᠨ ᠬᠢᠯᠢ ᠶᠢᠨ ᠪᠠᠭ᠎ᠠ ᠬᠡᠮᠵᠢᠶᠡᠨ ᠤ ᠠᠷᠠᠯᠵᠢᠶᠠᠨ ᠤ ᠦᠷᠳᠡᠭ 56.4 ᠳ᠋ᠦᠩᠰᠢᠭᠤᠷ ᠲᠥᠭᠦᠷᠢᠭ ᠲᠤ ᠬᠦᠷᠴᠦ ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 1 ᠲᠠᠬᠢᠨ ᠨᠡᠮᠡᠭᠳᠡᠭᠰᠡᠨ ᠪᠥᠭᠡᠳ ᠠᠳᠠᠯᠢ ᠬᠤᠭᠤᠴᠠᠭᠠᠨ ᠤ ᠡᠷᠢᠶᠡᠨ ᠪᠣᠭᠤᠮᠲᠠ ᠶᠢᠨ ᠭᠠᠳᠠᠭᠠᠳᠤ ᠠᠷᠠᠯᠵᠢᠶᠠᠨ ᠤ ᠶᠡᠷᠦᠩᠬᠡᠢ ᠦᠷᠳᠡᠭ ᠤᠨ 17.7% ᠶᠢ ᠡᠵᠡᠯᠡᠪᠡ ᠃ ᠡᠷᠢᠶᠡᠨ ᠪᠣᠭᠤᠮᠲᠠ ᠨᠢ ᠪᠣᠭᠤᠮᠲᠠ ᠶᠢᠨ ᠶᠡᠷᠦᠩᠬᠡᠢ ᠵᠠᠬᠢᠷᠭᠠᠨ ᠤ ᠭᠠᠳᠠᠭᠠᠳᠤ ᠠᠷᠠᠯᠵᠢᠶᠠᠨ ᠤ ᠲᠣᠭᠲᠠᠭᠤᠨ ᠢ ᠪᠠᠲᠤᠯᠠᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠬᠤ ᠠᠷᠪᠠᠨ ᠠᠷᠭ᠎ᠠ ᠬᠡᠮᠵᠢᠶ᠎ᠡ ᠶᠢ ᠢᠳᠡᠪᠬᠢᠲᠡᠢ ᠨᠠᠶᠢᠳᠠᠪᠤᠷᠢᠵᠢᠭᠤᠯᠵᠤ ᠂ ᠪᠣᠭᠤᠮᠲᠠ ᠶᠢᠨ ᠢᠶᠠᠨ ᠪᠣᠳᠠᠲᠠᠢ ᠲᠠᠢ ᠤᠶᠠᠯᠳᠤᠭᠤᠯᠤᠨ ᠳᠤᠮᠳᠠ ᠪᠠᠭ᠎ᠠ ᠠᠵᠤ ᠠᠬᠤᠶᠢᠯᠠᠯ ᠤᠳ ᠢ ᠬᠠᠪᠰᠤᠷᠤᠨ ᠳᠡᠳᠬᠦᠵᠦ ᠪᠠᠶᠢᠭᠠᠳ ᠬᠦᠴᠢᠷᠳᠡᠯ ᠢ ᠨᠢ ᠬᠦᠩᠭᠡᠷᠡᠭᠦᠯᠵᠦ ᠰᠢᠢᠳᠪᠦᠷᠢᠯᠡᠬᠦ ᠲᠤᠰᠬᠠᠢ ᠠᠵᠢᠯᠯᠠᠭ᠎ᠠ ᠥᠷᠨᠢᠭᠦᠯᠵᠦ ᠂ ︽ ᠵᠠᠭᠤᠨ ᠬᠥᠮᠥᠨ ᠮᠢᠩᠭᠠᠨ ᠠᠵᠤ ᠠᠬᠤᠶᠢᠯᠠᠯ ᠲᠠᠢ ᠬᠤᠯᠪᠤᠭᠠᠯᠠᠨ ᠭᠠᠳᠠᠭᠠᠳᠤ ᠠᠷᠠᠯᠵᠢᠶ᠎ᠠ ᠶᠢ ᠬᠦᠴᠦᠲᠡᠢ ᠠᠬᠢᠭᠤᠯᠬᠤ ︾ ᠬᠥᠳᠡᠯᠭᠡᠭᠡᠨ ᠢ ᠦᠷᠭᠦᠯᠵᠢᠯᠡᠨ ᠠᠬᠢᠭᠤᠯᠵᠤ ᠂ ᠪᠣᠳᠠᠲᠠᠢ ᠠᠵᠢᠯ ᠢᠶᠠᠷ ᠢᠶᠠᠨ ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠦᠭᠡᠳ᠂ ᠪᠣᠭᠤᠮᠲᠠ ᠶᠢᠨ ᠬᠤᠳᠠᠯᠳᠤᠭᠠᠨ ᠤ ᠣᠷᠴᠢᠨ ᠨᠥᠭᠦᠴᠡᠯ ᠢ ᠰᠢᠯᠢᠳᠡᠭᠵᠢᠭᠦᠯᠦᠨ᠂ ᠠᠵᠤ ᠠᠬᠤᠶᠢᠯᠠᠯ ᠤᠨ ᠳᠥᠭᠦᠮ ᠮᠥᠷᠲᠡᠭᠡᠨ ᠥᠨᠳᠥᠷ ᠪᠦᠲᠦᠮᠵᠢᠲᠡᠢ ᠪᠠᠷ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠪᠠᠲᠤᠯᠠᠪᠠ ᠃ ᠡᠯ᠎ᠡ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ ᠂ ᠡᠷᠢᠶᠡᠨ ᠪᠣᠭᠤᠮᠲᠠ ᠶᠢᠨ ᠮᠣᠩᠭᠤᠯ ᠤᠷᠤᠰ ᠯᠤᠭ᠎ᠠ ᠶᠢᠨ ᠠᠷᠠᠯᠵᠢᠶᠠᠨ ᠤ ᠭᠦᠢᠴᠡᠳᠬᠡᠯ ᠲᠤᠭ᠎ᠠ ᠳᠠᠬᠢᠨ ᠳᠠᠰᠤᠷᠠᠯᠳᠠ ᠦᠭᠡᠢ ᠳᠡᠭᠡᠭᠰᠢᠯᠡᠵᠦ ᠂ ᠲᠣᠭᠲᠠᠭᠤᠨ ᠤ ᠳᠤᠮᠳᠠ ᠰᠠᠶᠢᠵᠢᠷᠠᠬᠤ ᠪᠠᠶᠢᠳᠠᠯ ᠢᠯᠡᠷᠡᠵᠡᠢ ᠃ ᠣᠶᠢᠯᠠᠭᠠᠭᠰᠠᠨ ᠢᠶᠠᠷ᠂ ᠡᠷᠢᠶᠡᠨ ᠪᠣᠭᠤᠮᠲᠠ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠣᠯᠠᠨ ᠠᠷᠭ᠎ᠠ ᠪᠠᠷ ᠦᠷᠭᠦᠯᠵᠢᠯᠡᠨ ᠰᠠᠶᠢᠲᠤᠷ ᠬᠢᠵᠦ᠂ ᠠᠵᠤ ᠠᠬᠤᠶᠢᠯᠠᠯ ᠤᠨ ᠮᠠᠳᠠᠭ ᠲᠠᠢ ᠠᠰᠠᠭᠤᠳᠠᠯ ᠤᠳ ᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠵᠦ᠂ ᠠᠵᠤ ᠠᠬᠤᠶᠢᠯᠠᠯ ᠤᠳ ᠢ ᠬᠥᠲᠥᠯᠥᠨ ᠵᠢᠯᠤᠭᠤᠳᠴᠤ ᠪᠠᠶᠢᠭᠠᠳ ᠭᠤᠶᠤᠴᠢᠯᠠᠨ ᠮᠡᠳᠡᠭᠦᠯᠬᠦ ᠶᠢ ᠵᠢᠷᠤᠮᠵᠢᠭᠤᠯᠤᠨ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠣᠯᠠᠨ ᠡᠬᠢ ᠪᠠᠶᠠᠯᠢᠭ ᠤᠨ ᠲᠥᠷᠥᠯ ᠤᠨ ᠲᠠᠸᠠᠷ ᠤᠳ ᠢ ᠭᠠᠳᠠᠭᠠᠳᠤ ᠠᠴᠠ ᠣᠷᠣᠭᠤᠯᠬᠤ ᠠᠵᠤ ᠠᠬᠤᠶᠢᠯᠠᠯ ᠤᠳ ᠲᠤ ᠭᠠᠶᠢᠯᠢ ᠲᠠᠲᠠᠪᠤᠷᠢ ᠶᠢᠨ ᠥᠭᠡᠷᠡᠴᠢᠯᠡᠯᠲᠡ ᠶᠢᠨ ᠠᠰᠢᠭ ᠢ ᠭᠦᠢᠴᠡᠳ ᠬᠦᠷᠲᠡᠭᠡᠵᠦ᠂ ᠪᠣᠭᠤᠮᠲᠠ ᠶᠢᠨ ᠠᠵᠤ ᠠᠬᠤᠶᠢᠯᠠᠯ ᠤᠨ ᠴᠢᠨᠠᠭᠰᠢᠳᠠ ᠶᠢᠨ ᠬᠦᠭᠵᠢᠯᠲᠡ ᠳᠤ ᠬᠦᠴᠦᠨ ᠨᠡᠮᠡᠷᠢᠯᠡᠬᠦ ᠪᠣᠯᠣᠨ᠎ᠠ ᠃
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|