ᠥᠪᠡᠷᠲᠡᠭᠡᠨ ᠵᠠᠰᠠᠬᠤ ᠣᠷᠣᠨ ᠤ ᠪᠤᠶᠢᠳᠠ ᠪᠥᠭᠯᠡᠭᠦᠦ ᠲᠠᠷᠢᠶᠠᠯᠠᠬᠤ ᠮᠠᠯᠵᠢᠬᠤ ᠡᠷᠦᠬᠡ ᠶᠢᠨ ᠦᠨᠳᠦᠰᠦᠨ ᠠᠮᠢᠳᠤᠷᠠᠯ ᠪᠠ ᠦᠨᠳᠦᠰᠦᠨ ᠦᠢᠯᠡᠳᠪᠦᠷᠢᠯᠡᠯ ᠢ ᠪᠠᠲᠤᠯᠠᠬᠤ ᠴᠠᠬᠢᠯᠭᠠᠨ ᠨᠠᠪᠲᠠᠷᠡᠭᠦᠯᠵᠦ ᠳᠡᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2023/11/10

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ

ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ  ᠮᠠᠲ᠋ᠧᠷᠢᠶᠠᠯ      

              

ᠥᠪᠥᠷ ᠵᠠᠰᠠᠭ ᠠᠯᠪᠠᠨ ᠲᠠᠷᠬᠠᠭᠠᠭᠰᠠᠨ ﹇2023 ﹈ 50 ᠳ᠋ᠤᠭᠠᠷ ᠲᠣᠭᠠᠲᠤ

 

 

ᠥᠪᠡᠷᠲᠡᠭᠡᠨ ᠵᠠᠰᠠᠬᠤ ᠣᠷᠣᠨ ᠤ ᠪᠤᠶᠢᠳᠠ ᠪᠥᠭᠯᠡᠭᠦᠦ ᠲᠠᠷᠢᠶᠠᠯᠠᠬᠤ ᠮᠠᠯᠵᠢᠬᠤ ᠡᠷᠦᠬᠡ ᠶᠢᠨ ᠦᠨᠳᠦᠰᠦᠨ

ᠠᠮᠢᠳᠤᠷᠠᠯ ᠪᠠ ᠦᠨᠳᠦᠰᠦᠨ ᠦᠢᠯᠡᠳᠪᠦᠷᠢᠯᠡᠯ ᠢ ᠪᠠᠲᠤᠯᠠᠬᠤ ᠴᠠᠬᠢᠯᠭᠠᠨ ᠨᠠᠪᠲᠠᠷᠡᠭᠦᠯᠵᠦ ᠳᠡᠰ ᠳᠡᠪᠰᠢᠭᠦᠯᠬᠦ

ᠢᠨᠵᠧᠨᠧᠷᠢᠩ ᠢ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ

 

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠠᠵᠤ ᠠᠬᠤᠶᠢᠯᠠᠯ ᠳᠤ᠄

     ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠶᠢᠳᠠ ᠪᠥᠭᠯᠡᠭᠦᠦ ᠲᠠᠷᠢᠶᠠᠯᠠᠬᠤ ᠮᠠᠯᠵᠢᠬᠤ ᠡᠷᠦᠬᠡ ᠶᠢᠨ ᠦᠨᠳᠦᠰᠦᠨ ᠠᠮᠢᠳᠤᠷᠠᠯ ᠪᠠ ᠦᠨᠳᠦᠰᠦᠨ ᠦᠢᠯᠡᠳᠪᠦᠷᠢᠯᠡᠯ ᠢ ᠪᠠᠲᠤᠯᠠᠬᠤ ᠴᠠᠬᠢᠯᠭᠠᠨ ᠨᠠᠪᠲᠠᠷᠡᠭᠦᠯᠵᠦ ᠲᠠᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠬᠦ ᠲᠥᠰᠥᠯ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ ᠃ 

2023 ᠣᠨ ᠤ 8 ᠳ᠋ᠤᠭᠠᠷ ᠰᠠᠷ᠎ᠠ ᠶᠢᠨ 10 ᠤ ᠡᠳᠦᠷ

      ︵ ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ 

 

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠶᠢᠳᠠ ᠪᠥᠭᠯᠡᠭᠦᠦ ᠲᠠᠷᠢᠶᠠᠯᠠᠬᠤ ᠮᠠᠯᠵᠢᠬᠤ ᠡᠷᠦᠬᠡ ᠶᠢᠨ ᠦᠨᠳᠦᠰᠦᠨ ᠠᠮᠢᠳᠤᠷᠠᠯ ᠪᠠ

ᠦᠨᠳᠦᠰᠦᠨ ᠦᠢᠯᠡᠳᠪᠦᠷᠢᠯᠡᠯ ᠢ ᠪᠠᠲᠤᠯᠠᠬᠤ ᠴᠠᠬᠢᠯᠭᠠᠨ ᠨᠠᠪᠲᠠᠷᠡᠭᠦᠯᠵᠦ ᠲᠡᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠬᠦ ᠲᠥᠰᠥᠯ

 

     ᠪᠥᠬᠦ ᠣᠷᠣᠨ ᠤ ᠪᠤᠶᠢᠳᠠ ᠪᠥᠭᠯᠡᠭᠦᠦ ᠭᠠᠵᠠᠷ ᠣᠷᠣᠨ ᠤ ᠲᠠᠷᠢᠶᠠᠴᠢᠨ ᠮᠠᠯᠴᠢᠨ ᠪᠣᠯᠣᠨ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠵᠡᠷᠭᠡ ᠶᠢᠨ ᠴᠠᠬᠢᠯᠭᠠᠨ ᠬᠡᠷᠡᠭᠯᠡᠬᠦ ᠠᠰᠠᠭᠤᠳᠠᠯ ᠢ ᠨᠠᠩ ᠰᠠᠶᠢᠲᠤᠷ ᠨᠠᠩ ᠲᠦᠷᠭᠡᠨ ᠢᠶᠠᠷ ᠰᠢᠢᠳᠪᠦᠷᠢᠯᠡᠵᠦ᠂ ᠲᠡᠳᠡᠨ ᠤ ᠦᠨᠳᠦᠰᠦᠨ ᠠᠮᠢᠳᠤᠷᠠᠯ ᠪᠠ ᠦᠨᠳᠦᠰᠦᠨ ᠦᠢᠯᠡᠳᠪᠦᠷᠢᠯᠡᠯ ᠤᠨ ᠴᠠᠬᠢᠯᠭᠠᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠦᠨᠡᠨ ᠬᠦ ᠬᠠᠩᠭᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠪᠤᠶᠢᠳᠠ ᠪᠥᠭᠯᠡᠭᠦᠦ ᠲᠠᠷᠢᠶᠠᠯᠠᠬᠤ ᠮᠠᠯᠵᠢᠬᠤ ᠡᠷᠦᠬᠡ ᠶᠢᠨ ᠦᠨᠳᠦᠰᠦᠨ ᠠᠮᠢᠳᠤᠷᠠᠯ ᠪᠠ ᠦᠨᠳᠦᠰᠦᠨ ᠦᠢᠯᠡᠳᠪᠦᠷᠢᠯᠡᠯ ᠢ ᠪᠠᠲᠤᠯᠠᠬᠤ ᠴᠠᠬᠢᠯᠭᠠᠨ ᠨᠠᠪᠲᠠᠷᠡᠭᠦᠯᠵᠦ ᠲᠠᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠬᠦ ᠪᠠᠷ ᠲᠣᠭᠲᠠᠪᠠ ᠃ ᠢᠨᠵᠧᠨᠧᠷᠢᠩ ᠤᠨ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠤᠰ ᠲᠥᠰᠥᠯ ᠢ ᠲᠣᠭᠲᠠᠭᠠᠪᠠ ᠃ 

     ᠨᠢᠭᠡ᠂ ᠬᠡᠷᠡᠭᠵᠢᠭᠦᠯᠬᠦ ᠬᠠᠷᠠᠯᠲᠠ

     ᠪᠤᠶᠢᠳᠠ ᠪᠥᠭᠯᠡᠭᠦᠦ ᠲᠠᠷᠢᠶᠠᠯᠠᠬᠤ ᠮᠠᠯᠵᠢᠬᠤ ᠡᠷᠦᠬᠡ ᠶᠢᠨ ᠦᠨᠳᠦᠰᠦᠨ ᠠᠮᠢᠳᠤᠷᠠᠯ ᠪᠠ ᠦᠨᠳᠦᠰᠦᠨ ᠦᠢᠯᠡᠳᠪᠦᠷᠢᠯᠡᠯ ᠢ ᠪᠠᠲᠤᠯᠠᠬᠤ ᠴᠠᠬᠢᠯᠭᠠᠨ ᠨᠠᠪᠲᠠᠷᠡᠭᠦᠯᠵᠦ ᠲᠠᠰ ᠳᠡᠪᠰᠢᠭᠦᠯᠬᠦ ᠢᠨᠵᠧᠨᠧᠷᠢᠩ ᠢ ᠲᠦᠷᠭᠡᠬᠡᠨ ᠬᠡᠷᠡᠭᠵᠢᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠴᠠᠬᠢᠯᠭᠠᠨ ᠬᠦᠴᠦᠨ ᠤ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠦᠷᠢᠯᠡᠨ᠂ ᠪᠤᠶᠢᠳᠠ ᠪᠥᠭᠯᠡᠭᠦᠦ ᠲᠠᠷᠢᠶᠠᠯᠠᠬᠤ ᠮᠠᠯᠵᠢᠬᠤ ᠡᠷᠦᠬᠡ ᠪᠠ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠤᠨ ᠠᠮᠢᠳᠤᠷᠠᠯ ᠤᠨ ᠴᠢᠨᠠᠷ ᠴᠢᠨᠰᠠᠭ᠎ᠠ ᠵᠢᠴᠢ ᠦᠢᠯᠡᠳᠪᠦᠷᠢᠯᠡᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠣᠯᠠᠨ ᠤ ᠬᠦᠷᠳᠡᠭᠡᠮᠵᠢᠳᠣ ᠰᠡᠳᠬᠢᠯᠭᠡ᠂  ᠵᠣᠯ ᠵᠢᠷᠭᠠᠯᠲᠤ ᠰᠡᠳᠬᠢᠯᠭᠡ᠂ ᠠᠮᠤᠷ ᠲᠦᠪᠰᠢᠨ ᠰᠡᠳᠬᠢᠯᠭᠡ ᠶᠢ ᠴᠢᠩᠭᠠᠷᠠᠭᠤᠯᠤᠨ᠂ ᠲᠠᠷᠢᠶᠠᠯᠠᠬᠤ ᠮᠠᠯᠵᠢᠬᠤ ᠣᠷᠣᠨ ᠤ ᠴᠠᠬᠢᠯᠭᠠᠨ ᠬᠦᠴᠦᠨ ᠤ ᠲᠣᠣᠷ ᠤᠨ ᠰᠠᠭᠤᠷᠢ ᠪᠡᠯᠡᠳᠬᠡᠮᠵᠢ ᠶᠢᠨ ᠵᠡᠷᠭᠡ ᠲᠠᠰ ᠳᠡᠪᠰᠢᠬᠦ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠠᠷ ᠴᠠᠬᠢᠯᠭᠠᠨ ᠬᠦᠴᠦᠨ ᠤ ᠪᠠᠲᠤᠯᠠᠭ᠎ᠠ ᠬᠠᠩᠭᠠᠨ᠎ᠠ ᠃ 

     ᠬᠤᠶᠠᠷ᠂ ᠬᠡᠷᠡᠭᠵᠢᠭᠦᠯᠬᠦ ᠬᠡᠪᠴᠢᠶ᠎ᠡ

     ᠲᠣᠰ ᠤᠳᠠᠭᠠᠨ ᠤ ᠴᠠᠬᠢᠯᠭᠠᠨ ᠨᠠᠪᠲᠠᠷᠡᠭᠦᠯᠵᠦ ᠲᠠᠰ ᠳᠡᠪᠰᠢᠭᠦᠯᠬᠦ ᠢᠨᠵᠧᠨᠧᠷᠢᠩ ᠢ ᠪᠥᠬᠦ ᠣᠷᠣᠨ ᠤ ᠪᠤᠶᠢᠳᠠ ᠪᠥᠭᠯᠡᠭᠦᠦ ᠲᠠᠷᠢᠶᠠᠯᠠᠬᠤ ᠮᠠᠯᠵᠢᠬᠤ ᠡᠷᠦᠬᠡ ᠪᠠ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠵᠡᠷᠭᠡ ᠳᠤ ᠬᠠᠨᠳᠤᠭᠤᠯᠤᠨ᠎ᠠ ᠃ ᠳᠡᠭᠡᠷᠡᠬᠢ ᠬᠡᠷᠡᠭᠯᠡᠭᠴᠢᠳ ᠲᠣᠰ ᠲᠥᠰᠥᠯ ᠵᠢᠴᠢ ᠪᠣᠳᠠᠲᠠᠢ ᠪᠠᠶᠢᠳᠠᠯ ᠢᠶᠠᠨ ᠦᠨᠳᠦᠰᠦᠯᠡᠨ ᠴᠠᠬᠢᠯᠭᠠᠨ ᠬᠦᠴᠦᠨ ᠤ ᠲᠣᠣᠷ ᠢ ᠤᠷᠲᠤᠳᠬᠠᠬᠤ ᠪᠤᠶᠤ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠤᠨ ᠢᠨᠵᠧᠨᠧᠷᠢᠩ ᠢ ᠬᠡᠷᠡᠭᠵᠢᠭᠦᠯᠦᠨ ᠴᠠᠬᠢᠯᠭᠠᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠪᠠᠨ ᠬᠠᠩᠭᠠᠬᠤ ᠪᠠᠷ ᠰᠠᠶᠢᠨ ᠳᠤᠷ᠎ᠠ ᠠᠴᠠ ᠪᠠᠨ ᠭᠤᠶᠤᠴᠢᠯᠠᠨ ᠮᠡᠳᠡᠭᠦᠯᠵᠦ ᠪᠣᠯᠣᠨ᠎ᠠ ᠃ ᠡᠭᠦᠨ ᠤ ᠬᠠᠮᠲᠤ᠂ ᠪᠡᠯᠴᠢᠭᠡᠷᠯᠡᠭᠦᠯᠬᠦ ᠶᠢ ᠴᠠᠭᠠᠵᠠᠯᠠᠨ ᠰᠡᠯᠭᠦᠨ ᠮᠠᠯᠵᠢᠬᠤ ᠣᠷᠣᠨ᠂ ᠨᠡᠭᠡᠭᠡᠯᠲᠡ ᠬᠢᠬᠦ ᠶᠢ ᠴᠠᠭᠠᠵᠠᠯᠠᠬᠤ ᠣᠷᠣᠨ᠂ ᠠᠮᠢ ᠠᠬᠤᠢ ᠶᠢᠨ ᠤᠯᠠᠭᠠᠨ ᠱᠤᠭᠤᠮ ᠤᠨ ᠳᠣᠲᠣᠷ᠎ᠠ ᠠᠵᠤ ᠠᠮᠢᠳᠤᠷᠠᠵᠤ ᠪᠠᠶᠢᠭ᠎ᠠ ᠬᠡᠷᠡᠭᠯᠡᠭᠴᠢᠳ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠲᠡᠳᠡ ᠨᠠᠷ ᠤᠨ ᠴᠠᠬᠢᠯᠭᠠᠨ ᠬᠦᠴᠦᠨ ᠤ ᠲᠣᠣᠷ  ᠬᠠᠮᠤᠷᠤᠭᠰᠠᠨ ᠣᠷᠣᠨ ᠲᠡᠶᠢᠰᠢ ᠨᠡᠭᠦᠬᠦ ᠶᠢ ᠵᠣᠷᠢᠭᠵᠢᠭᠤᠯᠤᠨ᠎ᠠ︔ ᠨᠡᠭᠦᠬᠦ ᠰᠠᠨᠠᠭ᠎ᠠ ᠦᠭᠡᠢ᠂ ᠨᠡᠭᠦᠬᠦ ᠨᠥᠬᠦᠴᠡᠯ ᠪᠦᠷᠢᠯᠳᠦᠭᠡᠳᠦᠢ ᠬᠡᠷᠡᠭᠯᠡᠭᠴᠢᠳ ᠵᠢᠴᠢ ᠠᠮᠢ ᠠᠬᠤᠢ ᠶᠢᠨ ᠬᠡᠪᠡᠷᠡᠭ ᠣᠷᠣᠨ ᠳᠠᠬᠢ ᠬᠡᠷᠡᠭᠯᠡᠭᠴᠢᠳ ᠲᠤ ᠵᠠᠷᠴᠢᠮ ᠳᠡᠭᠡᠷ᠎ᠡ ᠪᠠᠨ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠢᠶᠠᠷ ᠳᠠᠮᠵᠢᠭᠤᠯᠤᠨ ᠴᠠᠬᠢᠯᠭᠠᠨ ᠬᠠᠩᠭᠠᠨ᠎ᠠ ᠃ 

     ᠭᠤᠷᠪᠠ᠂ ᠠᠵᠢᠯ ᠤᠨ ᠱᠠᠭᠠᠷᠳᠠᠯᠭ᠎ᠠ

     ︵ ᠨᠢᠭᠡ︶ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠤᠷᠢᠨ ᠢ ᠪᠦᠬᠦ ᠬᠦᠴᠦᠨ ᠢᠶᠠᠷ ᠬᠠᠮᠠᠭᠠᠯᠠᠨ᠎ᠠ ᠃ ᠪᠦᠬᠦ ᠣᠷᠣᠨ ᠤ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠯᠬᠠᠪᠴᠢ ᠬᠡᠪᠡᠷᠡᠭ ᠵᠢᠴᠢ ᠮᠠᠯᠴᠢᠳ ᠤᠨ ᠣᠷᠣᠨ ᠰᠠᠭᠤᠴᠠ ᠲᠠᠷᠠᠬᠠᠢ ᠪᠤᠲᠠᠷᠬᠠᠢ ᠪᠠᠶᠢᠭ᠎ᠠ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠨ᠂ ︽ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠢᠶᠠᠷ ᠭᠤᠣᠯ ᠪᠣᠯᠭᠠᠵᠤ᠂ ᠴᠠᠬᠢᠯᠭᠠᠨ ᠬᠦᠴᠦᠨ ᠤ ᠲᠣᠣᠷ ᠢ ᠤᠷᠲᠤᠳᠬᠠᠨ ᠴᠠᠬᠢᠯᠭᠠᠨ ᠨᠡᠪᠲᠡᠷᠡᠭᠦᠯᠬᠦ ᠪᠠᠷ ᠬᠠᠪᠰᠤᠷᠤᠮᠵᠢ ᠪᠣᠯᠭᠠᠬᠤ︾ ᠵᠠᠷᠴᠢᠮ ᠢ ᠪᠠᠷᠢᠮᠲᠠᠯᠠᠵᠤ᠂ ᠪᠤᠶᠢᠳᠠ ᠪᠥᠭᠯᠡᠭᠦᠦ ᠲᠠᠷᠢᠶᠠᠯᠠᠬᠤ ᠮᠠᠯᠵᠢᠬᠤ ᠡᠷᠦᠬᠡ ᠪᠣᠯᠣᠨ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠤᠨ ᠴᠠᠬᠢᠯᠭᠠᠨ ᠬᠡᠷᠡᠭᠯᠡᠬᠦ ᠠᠰᠠᠭᠤᠳᠠᠯ ᠢ ᠲᠥᠷᠥᠯ ᠬᠤᠪᠢᠶᠠᠨ ᠰᠢᠢᠳᠪᠦᠷᠢᠯᠡᠨ᠎ᠡ ᠃ ᠴᠠᠬᠢᠯᠭᠠᠨ ᠬᠦᠴᠦᠨ ᠤ ᠲᠣᠣᠷ ᠢ ᠤᠷᠲᠤᠳᠬᠠᠨ ᠴᠠᠬᠢᠯᠭᠠᠨ ᠨᠡᠪᠲᠡᠷᠡᠭᠦᠯᠬᠦ ᠲᠠᠯ᠎ᠠ ᠪᠠᠷ᠂ ᠵᠠᠷᠴᠢᠮ ᠳᠡᠭᠡᠷ᠎ᠡ ᠪᠠᠨ ᠠᠮᠢ ᠠᠬᠤᠢ ᠣᠷᠴᠢᠨ ᠲᠣᠭᠤᠷᠢᠨ ᠢ ᠨᠥᠯᠥᠭᠡᠯᠡᠬᠦ ᠦᠭᠡᠢ ᠪᠠᠶᠢᠬᠤ᠂ ᠨᠤᠲᠤᠭ ᠪᠡᠯᠴᠢᠭᠡᠷ ᠢ ᠡᠵᠡᠯᠡᠨ ᠬᠡᠷᠡᠭᠯᠡᠬᠦ ᠶᠢ ᠴᠢᠩᠭ᠎ᠠ ᠬᠢᠵᠠᠭᠠᠷᠯᠠᠬᠤ ᠴᠢᠬᠤᠯᠠᠴᠢᠯᠠᠭ᠎ᠠ ᠠᠴᠠ᠂ ᠴᠠᠬᠢᠯᠭᠠᠨ ᠬᠦᠴᠦᠨ ᠤ ᠲᠣᠣᠷ ᠨᠡᠪᠲᠡᠷᠡᠭᠰᠡᠨ ᠤ ᠳᠠᠷᠠᠭ᠎ᠠ ᠬᠡᠷᠡᠭᠯᠡᠭᠴᠢ ᠶᠢᠨ ᠦᠵᠦᠭᠦᠷ ᠤᠨ ᠴᠠᠬᠢᠯᠭᠠᠨ ᠬᠦᠴᠦᠳᠡᠯ ᠤᠨ ᠶᠠᠰᠤ ᠴᠢᠨᠠᠷ ᠨᠢ  ᠤᠯᠤᠰ ᠤᠨ ᠬᠠᠮᠤᠭ ᠤᠨ ᠰᠢᠨ᠎ᠡ ᠪᠠᠷᠢᠮᠵᠢᠶ᠎ᠠ ᠳᠤ ᠬᠦᠷᠬᠦ ᠮᠥᠷᠲᠡᠭᠡᠨ ᠡᠷᠦᠬᠡ ᠪᠦᠷᠢ ᠶᠢᠨ ᠳᠤᠮᠳᠠᠴᠢ ᠪᠡᠯᠡ ᠣᠷᠣᠭᠤᠯᠤᠯᠲᠠ ᠶᠢ 20 ᠲᠦᠮᠡᠨ ᠲᠥᠭᠦᠷᠢᠭ ︵ 20 ᠲᠦᠮᠡᠨ ᠲᠥᠭᠦᠷᠢᠭ ᠪᠠᠭᠲᠠᠨ᠎ᠠ︶ ᠤᠨ ᠳᠣᠲᠣᠷ᠎ᠠ ᠪᠠᠶᠢᠯᠭᠠᠨ᠎ᠠ︔ ᠴᠠᠬᠢᠯᠭᠠᠨ ᠬᠦᠴᠦᠨ ᠤ ᠲᠣᠣᠷ ᠢ ᠤᠷᠲᠤᠳᠬᠠᠨ ᠴᠠᠬᠢᠯᠭᠠᠨ ᠨᠡᠪᠲᠡᠷᠡᠭᠦᠯᠬᠦ ᠨᠥᠬᠦᠴᠡᠯ ᠪᠣᠯᠣᠮᠵᠢ ᠶᠢ ᠬᠠᠩᠭᠠᠵᠤ ᠳᠡᠶᠢᠯᠬᠦ ᠦᠭᠡᠢ ᠬᠡᠷᠡᠭᠯᠡᠭᠴᠢᠳ ᠲᠤ ᠭᠤᠣᠯᠳᠠᠭᠤ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠢ ᠬᠡᠷᠡᠭᠵᠢᠭᠦᠯᠬᠦ ᠪᠠᠷ ᠳᠠᠮᠵᠢᠭᠤᠯᠤᠨ ᠰᠢᠢᠳᠪᠦᠷᠢᠯᠡᠨ᠎ᠡ ᠃ 

     ︵ ᠬᠤᠶᠠᠷ︶ ︽ᠬᠤᠶᠠᠷ ᠦᠨᠳᠦᠰᠦᠨ︾ ᠢ ᠬᠠᠩᠭᠠᠬᠤ ᠪᠠᠷ ᠬᠠᠷᠠᠯᠲᠠ ᠪᠣᠯᠭᠠᠬᠤ ᠶᠢ ᠪᠠᠷᠢᠮᠲᠠᠯᠠᠵᠤ᠂ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠠᠯᠢ ᠴᠢᠳᠠᠬᠤ ᠪᠠᠷ ᠪᠠᠲᠤᠯᠠᠨ᠎ᠠ ᠃ ᠪᠤᠶᠢᠳᠠ ᠪᠥᠭᠯᠡᠭᠦᠦ ᠲᠠᠷᠢᠶᠠᠯᠠᠬᠤ ᠮᠠᠯᠵᠢᠬᠤ ᠡᠷᠦᠬᠡ ᠶᠢᠨ ᠦᠨᠳᠦᠰᠦᠨ ᠠᠮᠢᠳᠤᠷᠠᠯ ᠪᠣᠯᠣᠨ ᠦᠨᠳᠦᠰᠦᠨ ᠦᠢᠯᠡᠳᠪᠦᠷᠢᠯᠡᠯ ᠢ ᠪᠠᠲᠤᠯᠠᠬᠤ ᠳᠤ ᠰᠠᠭᠤᠷᠢᠯᠠᠨ᠂ ᠡᠩ ᠤᠨ ᠭᠡᠷ ᠤᠨ ᠴᠠᠬᠢᠯᠭᠠᠨ ᠬᠡᠷᠡᠭᠰᠡᠯ ᠢ ᠵᠡᠷᠭᠡ ᠪᠠᠷ ᠬᠡᠷᠡᠭᠯᠡᠬᠦ ᠶᠢᠨ ᠬᠡᠷᠡᠭᠴᠡᠭᠡ ᠶᠢ ᠬᠠᠩᠭᠠᠬᠤ ᠶᠢᠨ ᠬᠠᠮᠲᠤ᠂ ᠪᠠᠰᠠ ᠲᠠᠷᠢᠶᠠᠯᠠᠬᠤ ᠮᠠᠯᠵᠢᠬᠤ ᠡᠷᠦᠬᠡ ᠶᠢᠨ ᠡᠪᠡᠰᠦ ᠬᠡᠷᠴᠢᠬᠦ ᠵᠡᠷᠭᠡ ᠦᠨᠳᠦᠰᠦᠨ ᠦᠢᠯᠡᠳᠪᠦᠷᠢᠯᠡᠯ ᠤᠨ ᠬᠡᠷᠡᠭᠴᠡᠭᠡ ᠶᠢ ᠬᠠᠩᠭᠠᠵᠤ᠂ ᠮᠠᠯᠵᠢᠬᠤ ᠣᠷᠣᠨ ᠤ ᠠᠮᠢᠳᠤᠷᠠᠯ ᠦᠢᠯᠡᠳᠪᠦᠷᠢᠯᠡᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠣᠨ᠎ᠡ ᠃ ᠰᠢᠨ᠎ᠡ ᠡᠨᠧᠷᠭᠢ ᠶᠢᠨ ᠴᠠᠬᠢᠯᠭᠠᠨ ᠬᠠᠩᠭᠠᠬᠤ ᠰᠢᠰᠲ᠋ᠧᠮ ᠢ ᠰᠢᠨ᠎ᠡ ᠪᠠᠷ ᠪᠠᠶᠢᠭᠤᠯᠬᠤ ᠪᠠ ᠲᠡᠰ ᠳᠡᠪᠰᠢᠭᠦᠯᠬᠦ ᠪᠠᠭᠲᠠᠭᠠᠮᠵᠢ ᠶᠢᠨ ᠪᠠᠷᠢᠮᠵᠢᠶ᠎ᠠ  ᠶᠢ 2 ᠺᠢᠯᠣᠸᠠᠲ ᠢᠶᠠᠷ ᠨᠢᠭᠡᠳᠦᠯᠲᠡᠢ ᠲᠣᠭᠲᠠᠭᠠᠵᠤ᠂ ᠵᠠᠷᠴᠢᠮ ᠳᠡᠭᠡᠷ᠎ᠡ ᠪᠠᠨ ᠮᠠᠯᠵᠢᠬᠤ ᠡᠷᠦᠬᠡ ᠶᠢᠨ ᠤᠷᠲᠤ ᠬᠤᠭᠤᠴᠠᠭ᠎ᠠ ᠪᠠᠷ ᠰᠠᠭᠤᠷᠢᠰᠢᠵᠤ ᠪᠠᠶᠢᠭ᠎ᠠ ᠣᠷᠣᠨ ᠰᠠᠭᠤᠴᠠ ᠳᠤ ᠵᠦᠪᠬᠡᠨ ᠨᠢᠭᠡ ᠢᠵᠢ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠬᠠᠩᠭᠠᠵᠤ᠂ ᠣᠬᠤᠷᠬᠠᠨ ᠬᠤᠭᠤᠴᠠᠭᠠᠨ ᠳᠤ ᠪᠡᠯᠴᠢᠭᠡᠷᠯᠡᠭᠦᠯᠬᠦ ᠴᠡᠭ ᠲᠤ ᠲᠣᠬᠢᠷᠠᠭᠤᠯᠬᠤ ᠦᠭᠡᠢ ᠃ 

     ︵ ᠭᠤᠷᠪᠠ︶ ᠬᠡᠷᠡᠭᠯᠡᠭᠴᠢ ᠶᠢᠨ ᠰᠠᠨᠠᠮᠵᠢ ᠶᠢ ᠬᠦᠨᠳᠦᠳᠬᠡᠬᠦ ᠪᠠᠷ ᠵᠠᠷᠴᠢᠮ ᠪᠣᠯᠭᠠᠬᠤ ᠶᠢ ᠪᠠᠷᠢᠮᠲᠠᠯᠠᠨ᠂ ᠴᠠᠬᠢᠯᠭᠠᠨ ᠬᠡᠷᠡᠭᠯᠡᠬᠦ ᠠᠰᠠᠭᠤᠳᠠᠯ ᠢ ᠰᠢᠢᠳᠪᠦᠷᠢᠯᠡᠬᠦ ᠳᠤ ᠲᠤᠰᠠᠯᠠᠨ᠎ᠠ ᠃ ᠲᠠᠷᠢᠶᠠᠯᠠᠬᠤ ᠮᠠᠯᠵᠢᠬᠤ ᠡᠷᠦᠬᠡ ᠶᠢᠨ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠢ ᠰᠢᠨ᠎ᠡ ᠪᠠᠷ ᠪᠠᠶᠢᠭᠤᠯᠬᠤ᠂ ᠲᠠᠰ ᠳᠡᠪᠰᠢᠭᠦᠯᠬᠦ ᠪᠠᠷ ᠭᠤᠶᠤᠴᠢᠯᠠᠨ ᠮᠡᠳᠡᠭᠦᠯᠦᠭᠰᠡᠨ ᠳᠤ ᠬᠡᠷᠡᠭᠰᠡᠬᠦ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠪᠣᠯᠣᠨ ᠬᠡᠷᠡᠭᠯᠡᠭᠴᠢ ᠬᠠᠮᠲᠤ ᠪᠠᠷ ᠠᠷᠭᠠᠴᠠᠭᠠᠨ᠎ᠠ︔ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠤᠨ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠢ ᠰᠢᠨ᠎ᠡ ᠪᠠᠷ ᠪᠠᠶᠢᠭᠤᠯᠬᠤ ᠂ ᠲᠠᠰ ᠳᠡᠪᠰᠢᠭᠦᠯᠬᠦ ᠪᠠᠷ ᠭᠤᠶᠤᠴᠢᠯᠠᠨ ᠮᠡᠳᠡᠭᠦᠯᠦᠭᠰᠡᠨ ᠳᠤ ᠬᠡᠷᠡᠭᠰᠡᠬᠦ ᠪᠡᠯᠡ ᠮᠥᠩᠭᠦ ᠶᠢ ᠴᠥᠮ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠳᠠᠭᠠᠭᠠᠨ ᠡᠭᠦᠷᠭᠡᠯᠡᠵᠦ᠂ ᠡᠬᠡ ᠤᠯᠤᠰ ᠤᠨ ᠤᠮᠠᠷᠠᠲᠤ ᠶᠢᠨ ᠬᠢᠯᠢ ᠬᠢᠵᠠᠭᠠᠷ ᠤᠨ ᠠᠮᠤᠷ ᠲᠣᠭᠲᠠᠭᠤᠨ ᠨᠠᠶᠢᠳᠠᠪᠤᠷᠢᠲᠠᠢ ᠪᠠᠶᠢᠬᠤ ᠶᠢ ᠪᠥᠬᠦ ᠬᠦᠴᠦᠨ ᠢᠶᠠᠷ ᠪᠠᠲᠤᠯᠠᠨ᠎ᠠ ᠃

     ᠳᠥᠷᠪᠡ᠂ ᠠᠵᠢᠯ ᠤᠨ ᠲᠣᠬᠢᠷᠠᠭᠤᠯᠤᠯᠲᠠ

     ︵ ᠨᠢᠭᠡ︶ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠣᠶᠢᠯᠠᠭᠠᠬᠤ ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠥᠪᠥᠷ ᠮᠣᠩᠭᠤᠯ ᠤᠨ ᠴᠠᠬᠢᠯᠭᠠᠨ ᠬᠦᠴᠦᠨ ︵ ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ ᠬᠠᠮᠲᠤᠷᠠᠨ᠂ ᠡᠷᠦᠬᠡ ᠳᠠᠷᠠᠭᠠᠯᠠᠨ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠣᠶᠢᠯᠠᠭᠠᠬᠤ ᠠᠵᠢᠯ ᠥᠷᠨᠢᠭᠦᠯᠦᠨ᠎ᠡ ᠃ ᠡᠷᠦᠬᠡ ᠳᠤ ᠭᠦᠨᠵᠡᠭᠡᠶᠢᠷᠡᠨ ᠣᠶᠢᠯᠠᠭᠠᠭᠰᠠᠨ ᠪᠠᠶᠢᠳᠠᠯ ᠢᠶᠠᠨ ᠦᠨᠳᠦᠰᠦᠯᠡᠵᠦ ᠴᠠᠬᠢᠯᠭᠠᠨ ᠬᠦᠴᠦᠨ ᠤ ᠲᠣᠣᠷ ᠢ ᠤᠷᠲᠤᠳᠬᠠᠨ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠤᠨ ᠡᠬᠡ ᠲᠠᠩᠰᠠ ᠪᠠ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠤᠨ ᠪᠠᠶᠢᠭᠤᠯᠤᠯᠲᠠ ᠶᠢᠨ ᠡᠬᠡ ᠲᠠᠩᠰᠠ ᠪᠠᠶᠢᠭᠤᠯᠵᠤ᠂ ᠴᠠᠬᠢᠯᠭᠠᠨ ᠬᠦᠴᠦᠨ ᠤ ᠲᠣᠣᠷ ᠤᠨ ᠺᠣᠮᠫᠠᠨᠢ ᠨᠢ ︽ᠴᠠᠬᠢᠯᠭᠠᠨ ᠬᠦᠴᠦᠨ ᠤ ᠲᠣᠣᠷ ᠢ ᠤᠷᠲᠤᠳᠬᠠᠨ ᠴᠠᠬᠢᠯᠭᠠᠨ ᠬᠠᠩᠭᠠᠬᠤ ᠲᠥᠰᠥᠯ︾ ᠢ ᠲᠦᠷᠭᠡᠬᠡᠨ ᠨᠠᠶᠢᠷᠠᠭᠤᠯᠤᠨ ᠵᠣᠬᠢᠶᠠᠵᠤ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠤᠨ᠎ᠠ︔ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ︽ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠢ ᠪᠦᠲᠦᠭᠡᠨ ᠪᠠᠶᠢᠭᠤᠯᠵᠤ᠂ ᠲᠠᠰ ᠳᠡᠪᠰᠢᠭᠦᠯᠬᠦ ᠲᠥᠰᠥᠯ︾ ︵ ᠲᠥᠰᠥᠯ ᠳᠤ ᠪᠠᠨ ᠬᠠᠷᠠᠯᠲᠠ ᠡᠭᠦᠷᠭᠡ᠂ ᠪᠦᠲᠦᠭᠡᠨ ᠪᠠᠶᠢᠭᠤᠯᠬᠤ ᠪᠠ ᠠᠵᠢᠯᠯᠠᠭᠤᠯᠤᠨ ᠪᠠᠲᠤᠯᠠᠬᠤ ᠶᠢᠨ ᠪᠡᠯᠡ ᠮᠥᠩᠭᠦᠨ ᠤ ᠬᠡᠷᠡᠭᠴᠡᠭᠡ ᠱᠠᠭᠠᠷᠳᠠᠯᠭ᠎ᠠ᠂ ᠪᠣᠳᠠᠲᠠᠢ ᠬᠡᠷᠡᠭᠵᠢᠭᠦᠯᠬᠦ ᠲᠥᠯᠥᠪᠯᠡᠭᠡ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠪᠠᠲᠤᠯᠠᠬᠤ ᠠᠷᠭ᠎ᠠ ᠬᠡᠮᠵᠢᠶ᠎ᠡ ᠵᠡᠷᠭᠡ ᠪᠠᠨ ᠲᠣᠳᠣᠷᠬᠠᠶᠢᠯᠠᠬᠤ ᠬᠡᠷᠡᠭᠲᠡᠢ︶ ᠢ ᠨᠠᠶᠢᠷᠠᠭᠤᠯᠵᠤ ᠵᠣᠬᠢᠶᠠᠨ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ ᠳᠤ  ᠮᠡᠳᠡᠭᠦᠯᠵᠦ ᠳᠠᠩᠰᠠᠯᠠᠭᠤᠯᠬᠤ ᠬᠡᠷᠡᠭᠲᠡᠢ ᠃ 

     ︵ ᠬᠤᠶᠠᠷ ︶ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠃ 2023 ᠣᠨ ᠤ 8 ᠳ᠋ᠤᠭᠠᠷ ᠰᠠᠷ᠎ᠠ ᠠᠴᠠ ᠡᠬᠢᠯᠡᠨ 2024 ᠣᠨ ᠤ ᠰᠡᠭᠦᠯᠴᠢ ᠪᠣᠯᠲᠠᠯ᠎ᠠ᠂ ᠪᠤᠶᠢᠳᠠ ᠪᠥᠭᠯᠡᠭᠦᠦ ᠲᠠᠷᠢᠶᠠᠯᠠᠬᠤ ᠮᠠᠯᠵᠢᠬᠤ ᠡᠷᠦᠬᠡ ᠶᠢᠨ ᠦᠨᠳᠦᠰᠦᠨ ᠠᠮᠢᠳᠤᠷᠠᠯ ᠪᠠ ᠦᠨᠳᠦᠰᠦᠨ ᠦᠢᠯᠡᠳᠪᠦᠷᠢᠯᠡᠯ ᠢ ᠪᠠᠲᠤᠯᠠᠬᠤ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠢ ᠲᠥᠪᠯᠡᠷᠡᠭᠦᠯᠦᠨ ᠪᠡᠶᠡᠯᠡᠭᠦᠯᠦᠨ᠎ᠡ ᠃ ᠡᠭᠦᠨ ᠳᠤ᠂ 2023 ᠣᠨ ᠤ 9 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠣᠶᠢᠯᠠᠭᠠᠬᠤ ᠠᠵᠢᠯ ᠢ ᠪᠡᠶᠡᠯᠡᠭᠦᠯᠵᠦ᠂ ᠴᠠᠬᠢᠯᠭᠠᠨ ᠬᠦᠴᠦᠨ ᠤ ᠲᠣᠣᠷ ᠢ ᠤᠷᠲᠤᠳᠬᠠᠨ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠪᠣᠯᠣᠨ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠢ ᠰᠢᠨ᠎ᠡ ᠪᠠᠷ ᠪᠠᠶᠢᠭᠤᠯᠬᠤ ᠪᠤᠶᠤ ᠲᠠᠰ ᠳᠡᠪᠰᠢᠭᠦᠯᠦᠨ 2 ᠺᠢᠯᠣᠸᠠᠲ ᠪᠣᠯᠭᠠᠬᠤ ᠬᠡᠷᠡᠭᠵᠢᠭᠦᠯᠬᠦ ᠲᠥᠰᠥᠯ ᠵᠢᠴᠢ ᠢᠨᠵᠧᠨᠧᠷᠢᠩ ᠤᠨ ᠡᠬᠡ ᠲᠠᠩᠰᠠ ᠶᠢ ᠪᠦᠷᠢᠯᠳᠦᠭᠦᠯᠦᠨ᠎ᠡ︔ 2023 ᠣᠨ ᠤ 10 ᠳ᠋ᠤᠭᠠᠷ ᠰᠠᠷ᠎ᠠ ᠠᠴᠠ 2024 ᠣᠨ ᠤ 12 ᠳ᠋ᠤᠭᠠᠷ ᠰᠠᠷ᠎ᠠ ᠪᠣᠯᠲᠠᠯ᠎ᠠ᠂ ᠴᠠᠬᠢᠯᠭᠠᠨ ᠲᠣᠣᠷ ᠢ ᠤᠷᠲᠤᠳᠬᠠᠨ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠪᠣᠯᠣᠨ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠪᠦᠬᠦ ᠡᠭᠦᠷᠭᠡ ᠪᠠᠨ ᠪᠡᠶᠡᠯᠡᠭᠦᠯᠦᠨ᠎ᠡ ᠃ 

     ︵ ᠭᠤᠷᠪᠠ︶ ᠢᠨᠵᠧᠨᠧᠷᠢᠩ ᠢ ᠬᠡᠷᠡᠭᠵᠢᠭᠦᠯᠬᠦ ᠃ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠢ ᠰᠢᠨ᠎ᠡ ᠪᠠᠷ ᠪᠠᠶᠢᠭᠤᠯᠬᠤ ᠪᠤᠶᠤ ᠲᠡᠰ ᠳᠡᠪᠰᠢᠭᠦᠯᠬᠦ ᠢᠨᠵᠧᠨᠧᠷᠢᠩ ᠢ ᠨᠢᠭᠡᠳᠦᠯᠲᠡᠢ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠵᠠᠬ᠎ᠠ ᠳᠡᠯᠭᠡᠭᠦᠷᠴᠢᠯᠡᠭᠰᠡᠨ ᠠᠷᠭ᠎ᠠ ᠮᠠᠶ᠋ᠢᠭ ᠢᠶᠠᠷ ᠬᠡᠷᠡᠭᠵᠢᠭᠦᠯᠬᠦ ᠭᠤᠣᠯ ᠴᠣᠭᠴᠠ ᠶᠢ ᠲᠣᠭᠲᠠᠭᠠᠨ᠎ᠠ ᠃ ᠨᠡᠶᠢᠲᠡ ᠶᠢᠨ ᠠᠰᠠᠷᠠᠮᠵᠢ ᠶᠢᠨ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠤᠨ ᠬᠡᠷᠡᠭᠵᠢᠭᠦᠯᠬᠦ ᠴᠢᠨᠠᠷ ᠴᠢᠨᠰᠠᠭ᠎ᠠ ᠪᠠ ᠬᠡᠷᠡᠭᠵᠢᠭᠦᠯᠬᠦ ᠠᠬᠢᠴᠠ ᠶᠢ ᠦᠨᠡᠨ ᠬᠦ ᠪᠠᠲᠤᠯᠠᠬᠤ ᠶᠢᠨ ᠲᠤᠰᠠᠳᠠ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠪᠠᠷ ᠳᠠᠮᠵᠢᠭᠤᠯᠤᠨ ᠢᠨᠵᠧᠨᠧᠷᠢᠩ ᠢ ᠬᠡᠷᠡᠭᠵᠢᠭᠦᠯᠬᠦ ᠭᠤᠣᠯ ᠴᠣᠭᠴᠠ ᠶᠢ ᠲᠣᠭᠲᠠᠭᠠᠬᠤ ᠳᠤ ᠪᠠᠨ᠂ ᠠᠳᠠᠯᠢ ᠠᠵᠢᠯ ᠲᠥᠷᠥᠯ ᠤᠨ ᠨᠥᠬᠦᠴᠡᠯ ᠳᠣᠣᠷ᠎ᠠ ᠲᠠᠷᠢᠶᠠᠯᠠᠬᠤ ᠮᠠᠯᠵᠢᠬᠤ ᠣᠷᠣᠨ ᠪᠠ ᠲᠠᠷᠢᠶᠠᠴᠢᠨ ᠮᠠᠯᠴᠢᠨ᠂ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠤᠨ ᠴᠠᠬᠢᠯᠭᠠᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠬᠤ᠂ ᠨᠡᠶᠢᠭᠡᠮ ᠤᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠬᠦ᠂ ᠵᠢᠷᠤᠭᠯᠠᠨ ᠲᠥᠯᠥᠪᠯᠡᠬᠦ᠂ ᠪᠦᠲᠦᠭᠡᠨ ᠪᠠᠶᠢᠭᠤᠯᠬᠤ᠂ ᠪᠠᠷᠢᠯᠭ᠎ᠠ ᠪᠠᠷᠢᠬᠤ ᠪᠠ ᠠᠵᠢᠯᠯᠠᠭᠤᠯᠵᠤ ᠪᠠᠲᠤᠯᠠᠬᠤ ᠶᠢ ᠨᠢᠭᠡ ᠴᠣᠭᠴᠠᠵᠢᠭᠤᠯᠬᠤ ᠴᠢᠳᠠᠪᠤᠷᠢ ᠲᠠᠢ ᠠᠵᠤ ᠠᠬᠤᠶᠢᠯᠠᠯ ᠢ ᠤᠷᠢᠳ ᠢᠶᠠᠷ ᠪᠣᠳᠣᠯᠬᠢᠯᠠᠨ᠎ᠠ ᠃ ᠴᠠᠬᠢᠯᠭᠠᠨ ᠬᠦᠴᠦᠨ ᠤ ᠲᠣᠣᠷ ᠢ ᠤᠷᠲᠤᠳᠬᠠᠨ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠢ ᠥᠪᠥᠷ ᠮᠣᠩᠭᠤᠯ ᠤᠨ ᠴᠠᠬᠢᠯᠭᠠᠨ ᠬᠦᠴᠦᠨ

︵ ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ᠃ 

     ︵ ᠳᠥᠷᠪᠡ︶ ᠪᠡᠯᠡ ᠮᠥᠩᠭᠦᠨ ᠤ ᠢᠷᠡᠯᠲᠡ ᠃ ᠲᠠᠷᠢᠶᠠᠯᠠᠬᠤ ᠮᠠᠯᠵᠢᠬᠤ ᠡᠷᠦᠬᠡ ᠶᠢᠨ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧ‌‍ᠮ ᠤᠨ ᠢᠨᠵᠧᠨᠧᠷᠢᠩ ᠢ ᠰᠢᠨ᠎ᠡ ᠪᠠᠷ ᠪᠠᠶᠢᠭᠤᠯᠬᠤ ᠪᠤᠶᠤ ᠳᠡᠰ ᠳᠡᠪᠰᠢᠭᠦᠯᠬᠦ ᠪᠠᠷ ᠭᠤᠶᠤᠴᠢᠯᠠᠨ ᠮᠡᠳᠡᠭᠦᠯᠦᠭᠰᠡᠨ ᠳᠤ ᠬᠡᠷᠡᠭᠰᠡᠬᠦ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠡᠷᠡᠭᠯᠡᠭᠴᠢ 70 % : 15 % : 15 % ᠪᠠᠷ ᠵᠠᠷᠤᠳᠠᠯ ᠢ ᠬᠤᠪᠢᠶᠠᠨ ᠡᠭᠦᠷᠭᠡᠯᠡᠨ᠎ᠡ︔ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠤᠨ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠰᠢᠨ᠎ᠡ ᠪᠠᠷ ᠪᠠᠶᠢᠭᠤᠯᠬᠤ ᠪᠤᠶᠤ ᠳᠡᠰ ᠳᠡᠪᠰᠢᠭᠦᠯᠬᠦ ᠪᠠᠷ ᠭᠤᠶᠤᠴᠢᠯᠠᠨ ᠮᠡᠳᠡᠭᠦᠯᠦᠭᠰᠡᠨ ᠳᠤ ᠬᠡᠷᠡᠭᠰᠡᠬᠦ ᠪᠡᠯᠡ ᠮᠥᠩᠭᠦ ᠶᠢ ᠴᠥᠮ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠪᠠᠲᠤᠯᠠᠨ᠎ᠠ ᠃ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠤᠨ ᠥᠮᠴᠢᠯᠡᠬᠦ ᠡᠷᠬᠡ  ᠶᠢ ᠬᠡᠷᠡᠭᠯᠡᠭᠴᠢᠳ ᠲᠤ ᠬᠠᠷᠢᠶᠠᠯᠠᠭᠤᠯᠤᠨ᠎ᠠ ᠃ ᠴᠠᠬᠢᠯᠭᠠᠨ ᠬᠦᠴᠦᠨ ᠤ ᠲᠣᠣᠷ ᠢ ᠤᠷᠲᠤᠳᠬᠠᠨ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠥᠪᠥᠷ ᠮᠣᠩᠭᠤᠯ ᠤᠨ ᠴᠠᠬᠢᠯᠭᠠᠨ ᠬᠦᠴᠦᠨ ︵ ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ ᠠᠴᠠ ᠬᠥᠳᠡᠭᠡ ᠲᠣᠰᠬᠤᠨ ᠤ ᠴᠠᠬᠢᠯᠭᠠᠨ ᠬᠦᠴᠦᠨ ᠤ ᠲᠣᠣᠷ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠤᠨ ᠲᠥᠪ ᠤᠨ ᠲᠥᠰᠥᠪ ᠲᠠᠬᠢ ᠪᠡᠯᠡ ᠮᠥᠩᠭᠦ ᠶᠢ ᠭᠤᠶᠤᠴᠢᠯᠠᠬᠤ ᠪᠤᠶᠤ ᠥᠪᠡᠰᠦᠪᠡᠨ ᠪᠡᠯᠡ ᠮᠥᠩᠭᠦ ᠴᠤᠭᠯᠠᠭᠤᠯᠬᠤ ᠪᠠᠷ ᠳᠠᠮᠵᠢᠭᠤᠯᠤᠨ ᠰᠢᠢᠳᠪᠦᠷᠢᠯᠡᠨ᠎ᠡ ᠃ 

     ︵ ᠲᠠᠪᠤ︶ ᠢᠨᠵᠧᠨᠧᠷᠢᠩ ᠢ ᠠᠵᠢᠯᠯᠠᠭᠤᠯᠵᠤ ᠪᠠᠲᠤᠯᠠᠬᠤ ᠃ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠢ ᠠᠵᠢᠯᠯᠠᠭᠤᠯᠤᠨ ᠪᠠᠲᠤᠯᠠᠬᠤ ᠠᠵᠢᠯ ᠢ᠂ ᠠᠰᠢᠭᠯᠠᠯᠲᠠ ᠳᠤ ᠣᠷᠣᠭᠤᠯᠤᠨ ᠴᠢᠨᠠᠷ ᠢ ᠪᠠᠲᠤᠯᠠᠬᠤ ᠬᠤᠭᠤᠴᠠᠭᠠᠨ ᠳᠤ ᠲᠥᠬᠦᠭᠡᠷᠦᠮᠵᠢ ᠬᠠᠩᠭᠠᠭᠰᠠᠨ ᠬᠤᠳᠠᠯᠳᠤᠭᠠᠴᠢᠨ ᠳᠠᠭᠠᠭᠠᠨ ᠡᠭᠦᠷᠭᠡᠯᠡᠵᠦ᠂ ᠠᠰᠢᠭᠯᠠᠯᠲᠠ ᠳᠤ ᠣᠷᠣᠭᠤᠯᠤᠨ ᠴᠢᠨᠠᠷ ᠢ ᠪᠠᠲᠤᠯᠠᠬᠤ ᠬᠤᠭᠤᠴᠠᠭᠠᠨ ᠠᠴᠠ ᠭᠠᠳᠠᠨ᠎ᠠ ᠪᠣᠯᠤᠭᠰᠠᠨ ᠢ ᠨᠢ ᠳᠠᠭᠠᠭᠠᠴᠢᠯᠠᠯᠲᠠ ᠣᠯᠣᠭᠰᠠᠨ ᠢᠨᠵᠧᠨᠧᠷᠢᠩ ᠢ ᠬᠡᠷᠡᠭᠵᠢᠭᠦᠯᠬᠦ ᠭᠤᠣᠯ ᠴᠣᠭᠴᠠ ᠳᠠᠭᠠᠭᠠᠨ ᠡᠭᠦᠷᠭᠡᠯᠡᠵᠦ᠂ ᠠᠵᠢᠯᠯᠠᠭᠤᠯᠵᠤ ᠪᠠᠲᠤᠯᠠᠬᠤ ᠪᠡᠯᠡ ᠮᠥᠩᠭᠦᠨ ᠤ ᠬᠡᠷᠡᠭᠴᠡᠭᠡ ᠱᠠᠭᠠᠷᠳᠠᠯᠭ᠎ᠠ ᠶᠢ ᠪᠣᠯ ᠪᠠᠶᠢᠴᠠᠭᠠᠨ ᠣᠶᠢᠯᠠᠭᠠᠭᠰᠠᠨ ᠠᠵᠢᠯ ᠢᠶᠠᠨ ᠦᠨᠳᠦᠰᠦᠯᠡᠨ ︽ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠢ ᠪᠦᠲᠦᠭᠡᠨ ᠪᠠᠶᠢᠭᠤᠯᠬᠤ᠂ ᠳᠡᠰ ᠳᠡᠪᠰᠢᠭᠦᠯᠬᠦ ᠲᠥᠰᠥᠯ︾ ᠳᠤ  ᠪᠠᠨ ᠵᠢᠭᠰᠠᠭᠠᠨ ᠣᠷᠣᠭᠤᠯᠤᠨ᠎ᠠ ᠃ ᠴᠠᠬᠢᠯᠭᠠᠨ ᠬᠦᠴᠦᠨ ᠤ ᠲᠣᠣᠷ ᠢ ᠤᠷᠲᠤᠳᠬᠠᠨ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠤᠨ ᠠᠵᠢᠯᠯᠠᠭᠤᠯᠵᠤ ᠪᠠᠲᠤᠯᠠᠬᠤ ᠠᠵᠢᠯ ᠢ ᠥᠪᠥᠷ ᠮᠣᠩᠭᠤᠯ ᠤᠨ ᠴᠠᠬᠢᠯᠭᠠᠨ ᠬᠦᠴᠦᠨ

︵ ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ ᠬᠠᠷᠢᠭᠤᠴᠠᠨ᠎ᠠ ᠃ 

     ᠲᠠᠪᠤ᠂  ᠪᠠᠲᠤᠯᠠᠬᠤ ᠠᠷᠭ᠎ᠠ ᠬᠡᠮᠵᠢᠶ᠎ᠡ

     ︵ ᠨᠢᠭᠡ︶ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠩᠭᠠᠳᠬᠠᠨ᠎ᠠ ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠠᠷᠢᠶᠠᠯᠠᠬᠤ ᠮᠠᠯᠵᠢᠬᠤ ᠡᠷᠦᠬᠡ ᠶᠢᠨ ᠰᠠᠭᠤᠷᠢᠰᠢᠭᠰᠠᠨ ᠭᠠᠵᠠᠷ ᠬᠢᠭᠡᠳ ᠬᠤᠪᠢᠰᠬᠠᠭᠤᠷ ᠤᠨ ᠥᠷᠲᠡᠭᠡ ᠯᠦᠭᠡ ᠶᠢᠨ ᠵᠠᠢ ᠵᠢᠴᠢ ᠴᠠᠬᠢᠯᠭᠠᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ᠂ ᠲᠠᠰ ᠳᠡᠪᠰᠢᠭᠦᠯᠬᠦ ᠬᠦᠰᠡᠯ ᠡᠷᠡᠮᠡᠯᠵᠡᠯ ᠵᠡᠷᠭᠡ ᠪᠠᠶᠢᠳᠠᠯ ᠢ ᠨᠢ ᠦᠨᠳᠦᠰᠦᠯᠡᠨ᠂ 2023 ᠣᠨ ᠤ 9 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ︽ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠢ ᠪᠦᠲᠦᠭᠡᠨ ᠪᠠᠶᠢᠭᠤᠯᠬᠤ᠂ ᠲᠠᠰ ᠳᠡᠪᠰᠢᠭᠦᠯᠬᠦ ᠲᠥᠰᠥᠯ︾ ᠢ ᠨᠠᠶᠢᠷᠠᠭᠤᠯᠤᠨ ᠵᠣᠬᠢᠶᠠᠵᠤ ᠳᠠᠭᠤᠰᠬᠤ ᠶᠢᠨ ᠬᠠᠮᠲᠤ᠂ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠢ ᠤᠭᠰᠠᠷᠠᠭᠤᠯᠬᠤ ᠪᠤᠶᠤ ᠳᠡᠰ ᠳᠡᠪᠰᠢᠭᠦᠯᠬᠦ ᠪᠠᠷ ᠲᠥᠯᠥᠪᠯᠡᠵᠦ ᠪᠠᠶᠢᠭ᠎ᠠ ᠬᠡᠷᠡᠭᠯᠡᠭᠴᠢᠳ ᠲᠠᠢ ᠵᠥᠪᠯᠡᠯᠴᠡᠭᠡᠷ ᠲᠣᠭᠲᠠᠬᠤ ᠬᠠᠮᠢᠶ᠎ᠠ ᠪᠦᠬᠦᠢ ᠠᠵᠢᠯ ᠢ ᠰᠠᠶᠢᠲᠤᠷ ᠬᠢᠵᠦ᠂ ᠤᠭᠰᠠᠷᠠᠬᠤ ᠪᠣᠯᠣᠨ ᠪᠠᠭᠲᠠᠭᠠᠮᠵᠢ ᠶᠢ ᠲᠠᠰ ᠳᠡᠪᠰᠢᠭᠦᠯᠬᠦ ᠪᠠᠷ  ᠪᠠᠶᠢᠬᠤ ᠪᠠ ᠬᠡᠷᠡᠭᠯᠡᠭᠴᠢ ᠶᠢᠨ ᠪᠡᠯᠡ ᠭᠠᠷᠭᠠᠬᠤ ᠲᠤᠭ᠎ᠠ ᠵᠢᠴᠢ ᠰᠦᠢᠳᠬᠡᠯ ᠲᠤᠰᠢᠶᠠᠬᠤ ᠬᠤᠭᠤᠴᠠᠭ᠎ᠠ ᠬᠢᠵᠠᠭᠠᠷ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠲᠣᠳᠣᠷᠬᠠᠶᠢᠯᠠᠬᠤ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠡᠨᠧᠷᠭᠢ ᠶᠢᠨ ᠲᠣᠪᠴᠢᠶ᠎ᠠ ᠨᠢ ︽ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠢ ᠪᠦᠲᠦᠭᠡᠨ ᠪᠠᠶᠢᠭᠤᠯᠬᠤ᠂ ᠲᠠᠰ ᠳᠡᠪᠰᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ 1 ᠰᠠᠷ᠎ᠠ ᠶᠢᠨ ᠳᠣᠲᠣᠷ᠎ᠠ ᠲᠥᠷᠥᠯ ᠵᠦᠢᠯ ᠤᠨ ᠪᠡᠯᠡ ᠮᠥᠩᠭᠦᠨ ᠤ ᠬᠠᠮᠢᠶᠠᠷᠤᠯᠲᠠ ᠶᠢᠨ ᠠᠷᠭ᠎ᠠ ᠶᠢ ᠰᠤᠳᠤᠯᠤᠨ ᠲᠣᠭᠲᠠᠭᠠᠬᠤ ᠬᠡᠷᠡᠭᠲᠡᠢ ᠃ 

     ︵ ᠬᠤᠶᠠᠷ︶ ᠪᠠᠲᠤᠯᠠᠬᠤ ᠠᠵᠢᠯ ᠢ ᠰᠠᠶᠢᠲᠤᠷ ᠬᠢᠨ᠎ᠡ ᠃ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠡᠯ᠎ᠡ ᠱᠠᠲᠤᠨ ᠤ ᠡᠳ᠋ ᠤᠨ ᠵᠠᠰᠠᠭ ᠠᠴᠠ ᠬᠤᠪᠢᠳᠠᠨ ᠡᠭᠦᠷᠭᠡᠯᠡᠬᠦ ᠬᠠᠷᠢᠴᠠᠯ ᠶᠣᠰᠣᠭᠠᠷ ᠣᠨ ᠤ ᠡᠳ᠋ ᠤᠨ ᠵᠠᠰᠠᠭ ᠤᠨ ᠲᠥᠰᠥᠪ ᠲᠤ ᠪᠠᠨ ᠣᠷᠣᠭᠤᠯᠤᠨ ᠪᠠᠲᠤᠯᠠᠬᠤ ᠶᠢᠨ ᠬᠠᠮᠲᠤ᠂ 2023 ᠣᠨ ᠤ 10 ᠳ᠋ᠤᠭᠠᠷ ᠰᠠᠷ᠎ᠠ ᠠᠴᠠ 12 ᠳ᠋ᠤᠭᠠᠷ ᠰᠠᠷ᠎ᠠ ᠪᠣᠯᠲᠠᠯᠠᠬᠢ ᠢᠨᠵᠧᠨᠧᠷᠢᠩ ᠳᠤ ᠬᠡᠷᠡᠭᠰᠡᠬᠦ ᠪᠡᠯᠡ ᠮᠥᠩᠭᠦ ᠶᠢ ᠲᠦᠷᠭᠡᠬᠡᠨ ᠵᠣᠬᠢᠶᠠᠨ ᠪᠠᠶᠢᠭᠤᠯᠵᠤ ᠨᠠᠶᠢᠳᠠᠪᠤᠷᠢᠵᠢᠭᠤᠯᠬᠤ ᠬᠡᠷᠡᠭᠲᠡᠢ ᠃ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠤᠨ ᠬᠡᠷᠡᠭᠵᠢᠭᠦᠯᠬᠦ ᠭᠤᠣᠯ ᠴᠣᠭᠴᠠ ᠨᠢ ᠡᠬᠢ ᠪᠠᠶᠠᠯᠢᠭ ᠤᠨ ᠨᠥᠬᠦᠴᠡᠯ ᠪᠠ ᠠᠳᠠᠯᠢ ᠪᠤᠰᠤ ᠬᠡᠷᠡᠭᠯᠡᠭᠴᠢ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠵᠦᠢ ᠵᠣᠬᠢᠰᠲᠠᠢ ᠲᠥᠰᠥᠯ᠂ ᠲᠡᠷᠢᠭᠦᠨ ᠤ ᠪᠠᠷᠢᠮᠵᠢᠶ᠎ᠠ ᠪᠠᠨ ᠳᠤᠷᠠᠳᠴᠤ᠂ ᠲᠥᠬᠦᠭᠡᠷᠦᠮᠵᠢ ᠶᠢᠨ ᠳᠠᠭᠠᠭᠠᠴᠢᠯᠠᠯᠲᠠ ᠵᠠᠷᠯᠠᠬᠤ ᠪᠠ ᠵᠣᠬᠢᠶᠠᠨ ᠪᠠᠶᠢᠭᠤᠯᠵᠤ ᠪᠠᠶᠢᠭᠤᠯᠬᠤ ᠠᠵᠢᠯ ᠢ ᠥᠷᠨᠢᠭᠦᠯᠬᠦ ᠬᠡᠷᠡᠭᠲᠡᠢ ᠃ 

     ︵ ᠭᠤᠷᠪᠠ︶ ᠬᠢᠨᠠᠯᠲᠠ ᠬᠠᠮᠢᠶᠠᠷᠤᠯᠲᠠ ᠪᠠᠨ ᠴᠢᠩᠭᠠᠷᠠᠭᠤᠯᠤᠨ᠎ᠠ ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠮᠦᠷᠳᠡᠨ ᠳᠠᠭᠠᠵᠤ ᠬᠢᠨᠠᠨ ᠪᠣᠳᠣᠯᠲᠠ ᠬᠢᠬᠦ ᠠᠵᠢᠯ ᠢᠶᠠᠨ ᠴᠢᠩᠭᠠᠷᠠᠭᠤᠯᠵᠤ᠂ ᠲᠥᠬᠦᠭᠡᠷᠦᠮᠵᠢ ᠬᠤᠳᠠᠯᠳᠤᠨ ᠠᠪᠬᠤ᠂ ᠢᠨᠵᠧᠨᠧᠷᠢᠩ ᠤᠨ ᠬᠠᠮᠢᠶᠠᠷᠤᠯᠲᠠ᠂ ᠪᠠᠶᠢᠭᠤᠯᠤᠯᠲᠠ ᠶᠢᠨ ᠠᠵᠢᠯ ᠤᠨ ᠴᠢᠨᠠᠷ ᠴᠢᠨᠰᠠᠭ᠎ᠠ᠂ ᠪᠡᠯᠡ ᠮᠥᠩᠭᠦᠨ ᠤ ᠬᠠᠮᠢᠶᠠᠷᠤᠯᠲᠠ ᠪᠣᠯᠣᠨ ᠬᠡᠷᠡᠭᠯᠡᠯᠲᠡ ᠵᠡᠷᠭᠡ ᠶᠢ ᠪᠠᠭᠲᠠᠭᠠᠭᠰᠠᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠦᠬᠦ ᠶᠠᠪᠤᠴᠠ ᠳᠤ ᠬᠢᠨᠠᠯᠲᠠ ᠲᠠᠯᠪᠢᠬᠤ ᠬᠡᠷᠡᠭᠲᠡᠢ ᠃ ᠢᠨᠵᠧᠨᠧᠷᠢᠩ ᠤᠨ ᠠᠵᠢᠯ ᠳᠠᠭᠤᠰᠤᠭᠰᠠᠨ ᠤ ᠳᠠᠷᠠᠭ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠢ ᠵᠣᠬᠢᠶᠠᠨ ᠪᠠᠶᠢᠭᠤᠯᠵᠤ ᠪᠠᠶᠢᠭᠠᠳ ᠴᠠᠬᠢᠯᠭᠠᠨ ᠬᠦᠴᠦᠨ ᠤ ᠲᠣᠣᠷ ᠤᠨ ᠠᠵᠤ ᠠᠬᠤᠶᠢᠯᠠᠯ᠂ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠰᠢᠰᠲ᠋ᠧᠮ ᠤᠨ ᠬᠡᠷᠡᠭᠵᠢᠭᠦᠯᠬᠦ ᠭᠤᠣᠯ ᠴᠣᠭᠴᠠ ᠯᠤᠭ᠎ᠠ ᠬᠠᠮᠲᠤᠷᠠᠨ ᠢᠨᠵᠧ‌‍ᠨᠧ‌ᠷᠢᠩ ᠢ ᠰᠢᠯᠭᠠᠨ ᠬᠤᠷᠢᠶᠠᠵᠤ᠂ ᠠᠵᠢᠯ ᠳᠠᠭᠤᠰᠤᠭᠰᠠᠨ ᠢᠨᠵᠧᠨᠧᠷᠢᠩ ᠢ ᠰᠢᠯᠭᠠᠨ ᠬᠤᠷᠢᠶᠠᠬᠤ᠂ ᠠᠵᠢᠯ ᠳᠠᠭᠤᠰᠤᠭᠰᠠᠨ ᠡᠳ᠋ ᠤᠨ ᠶᠠᠪᠤᠳᠠᠯ ᠤᠨ ᠲᠥᠰᠥᠪ ᠤᠨ ᠭᠦᠢᠴᠡᠳᠬᠡᠯ ᠵᠢᠴᠢ ᠢᠨᠵᠧᠨᠧᠷᠢᠩ ᠤᠨ ᠬᠢᠨᠠᠨ ᠪᠣᠳᠣᠯᠲᠠ ᠶᠢᠨ ᠮᠡᠳᠡᠭᠦᠯᠦᠯᠲᠡ ᠶᠢ ᠪᠦᠷᠢᠯᠳᠦᠭᠦᠯᠵᠦ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠬᠢᠨᠠᠨ ᠪᠣᠳᠣᠬᠤ ᠲᠢᠩᠬᠢᠮ ᠳᠤ ᠮᠡᠳᠡᠭᠦᠯᠬᠦ ᠬᠡᠷᠡᠭᠲᠡᠢ ᠃ ᠡᠭᠦᠨ ᠤ ᠬᠠᠮᠲᠤ᠂ ᠡᠯ᠎ᠡ ᠠᠶᠢᠮᠠᠭ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠪᠡᠯᠡ ᠮᠥᠩᠭᠦᠨ ᠤ ᠬᠠᠮᠢᠶᠠᠷᠴᠤ ᠬᠡᠷᠡᠭᠯᠡᠭᠰᠡᠨ ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ ᠃

                                         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ

                                                               2023 ᠣᠨ ᠤ 8 ᠳ᠋ᠤᠭᠠᠷ ᠰᠠᠷ᠎ᠠ ᠶᠢᠨ 14 ᠤ ᠡᠳᠦᠷ ᠳᠠᠷᠤᠮᠠᠯᠯᠠᠨ ᠲᠠᠷᠬᠠᠭᠠᠪᠠ

 

 

 



ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ