ᠥᠪᠡᠷᠲᠡᠭᠡᠨ ᠵᠠᠰᠠᠬᠤ ᠣᠷᠣᠨ᠍ ᠤ ᠵᠠᠰᠠᠭ ᠤᠨ ᠣᠷᠳᠣᠨ ᠤ 2023 ᠣᠨ ᠤ 29 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/13

11 ᠰᠠᠷ᠎ᠠ ᠶᠢᠨ 9 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃

ᠬᠤᠷᠠᠯ ᠠᠴᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠬᠤᠯᠪᠣᠭᠳᠠᠯ ᠪᠦᠬᠦᠢ ᠭᠤᠣᠯᠳᠠᠯᠭ᠎ᠠ ᠲᠠᠢ ᠡᠭᠦᠷᠭᠡ ᠶᠢ ᠠᠬᠢᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠲᠠ ᠪᠠᠯᠭᠠᠰᠤᠨ ᠤ ᠲᠥᠪᠯᠡᠷᠡᠭᠦᠯᠦᠨ ᠢᠯᠴᠢ ᠬᠠᠩᠭᠠᠬᠤ ᠳᠤ ᠬᠡᠷᠡᠭᠯᠡᠬᠦ ᠨᠡᠭᠦᠷᠡᠰᠦ᠂ ᠮᠠᠯᠴᠢᠨ ᠲᠠᠷᠢᠶᠠᠴᠢᠨ ᠤ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢᠨ ᠪᠠᠲᠤᠯᠠᠭ᠎ᠠ ᠶᠢᠨ ᠠᠵᠢᠯ ᠢ ᠰᠤᠳᠤᠯᠵᠤ᠂ ︽ᠠᠷᠠᠳ ᠢᠷᠭᠡᠨ ᠢ ᠳᠠᠭᠠᠷᠠᠭᠤᠯᠬᠤ ᠦᠭᠡᠢ ᠪᠠᠶᠢᠬᠤ ᠪᠣᠯ ᠬᠠᠲᠠᠭᠤ ᠶᠣᠰᠣ ᠮᠥᠨ︾᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠣᠯᠣᠨ ᠡᠨᠧᠷᠭᠢ ᠵᠡᠷᠭᠡ ᠰᠠᠯᠠᠭ᠎ᠠ ᠮᠥᠴᠢᠷ ᠤᠨ ᠬᠢᠨ ᠡᠳᠦᠷ ᠪᠦᠷᠢ ᠲᠣᠬᠢᠷᠠᠭᠤᠯᠤᠯᠲᠠ ᠬᠢᠵᠦ᠂ ᠠᠵᠤ ᠠᠬᠤᠶᠢᠯᠠᠯ ᠤᠨ ᠬᠢᠨ ᠭᠡᠷ᠎ᠡ ᠶᠢᠨ ᠱᠠᠭᠠᠷᠳᠠᠯᠭ᠎ᠠ ᠶᠣᠰᠣᠭᠠᠷ ᠨᠡᠭᠦᠷᠡᠰᠦᠨ ᠤ ᠴᠢᠨᠠᠷ ᠢ ᠪᠠᠲᠤᠯᠠᠨ᠂ ᠲᠤᠭ᠎ᠠ ᠬᠡᠮᠵᠢᠶ᠎ᠡ ᠶᠢ ᠪᠠᠲᠤᠯᠠᠨ᠂ ᠦᠨ᠎ᠡ ᠶᠢ ᠪᠠᠲᠤᠯᠠᠨ ᠬᠠᠩᠭᠠᠬᠤ ᠶᠢ ᠱᠠᠯᠠᠪᠳᠠᠭᠤᠯᠵᠤ᠂ ᠠᠯᠢ ᠲᠦᠷᠭᠡᠨ ᠢᠶᠠᠷ ᠦᠢᠯᠡᠳᠪᠦᠷᠢ ᠳᠤ ᠬᠦᠷᠭᠡᠬᠦ ᠡᠷᠦᠬᠡ ᠳᠤ ᠬᠦᠷᠭᠡᠬᠦ ᠶᠢ ᠪᠠᠲᠤᠯᠠᠬᠤ ᠬᠡᠷᠡᠭᠲᠡᠢ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠭᠤᠯᠵᠤ᠂ ᠰᠤᠳᠤᠯᠤᠨ ᠨᠡᠭᠡᠭᠡᠬᠦ ᠠᠵᠢᠯᠯᠠᠭ᠎ᠠ ᠥᠷᠨᠢᠭᠦᠯᠦᠨ᠂ ᠰᠤᠳᠤᠯᠤᠨ ᠨᠡᠭᠡᠭᠡᠬᠦ ᠣᠷᠤᠭᠤᠯᠤᠯᠲᠠ ᠶᠢ ᠨᠡᠮᠡᠭᠳᠡᠭᠦᠯᠬᠦ ︽ᠭᠤᠷᠪᠠ ᠶᠢ ᠪᠥᠬᠦᠨ ᠢ ᠪᠦᠷᠬᠦᠭᠦᠯᠬᠦ︾ ᠠᠵᠢᠯ ᠢ ᠰᠤᠳᠤᠯᠵᠤ᠂ ᠵᠠᠰᠠᠭ ᠤᠨ ᠣᠷᠳᠣᠨ ︽ᠠᠬᠢᠭᠤᠯᠤᠭᠴᠢ︾ ᠪᠣᠯᠵᠤ᠂ ︽ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠤᠭᠯᠠᠷᠠᠯ︾ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠴᠤᠭᠯᠠᠷᠠᠭᠤᠯᠬᠤ ᠦᠢᠯᠡᠳᠦᠯ ᠢ ᠪᠠᠳᠠᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠠᠬ᠎ᠠ ᠳᠡᠯᠭᠡᠭᠦᠷ ᠡᠨᠡ ᠬᠦ ᠬᠤᠶᠠᠷ ᠬᠦᠴᠦ ᠶᠢ ᠴᠢᠩᠭᠠᠯᠠᠵᠤ᠂ ᠰᠢᠨᠵᠢᠯᠡᠬᠦ ᠤᠬᠠᠭᠠᠨᠲᠠᠨ ᠪᠠ ᠠᠵᠤ ᠠᠬᠤᠶᠢᠯᠠᠯᠲᠠᠨ ᠢ ᠭᠠᠷ ᠠᠳᠬᠤᠭᠤᠯᠵᠤ᠂ ᠠᠷᠭ᠎ᠠ ᠪᠥᠬᠦᠨ ᠢ ᠰᠦᠪᠡᠭᠴᠢᠯᠡᠨ ᠴᠢᠳᠠᠪᠤᠷᠢᠲᠠᠨ ᠤ ᠬᠡᠯᠬᠢᠶ᠎ᠡ᠂ ᠪᠡᠯᠡ ᠮᠥᠩᠭᠦᠨ ᠤ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ ᠶᠢ ᠴᠤᠭᠯᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ ᠠᠴᠠ ︽ᠮᠢᠩᠭ᠎ᠠ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠣᠷᠣᠯᠴᠠᠨ ᠬᠡᠷᠡᠭᠯᠡᠵᠦ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠦᠢᠯᠡᠰ ᠪᠣᠰᠬᠠᠬᠤ ᠳᠤ ᠲᠣᠬᠢᠷᠠᠮᠵᠢᠲᠠᠢ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠲᠤᠬᠠᠢ ᠬᠡᠷᠡᠭᠵᠢᠭᠦᠯᠬᠦ ᠰᠠᠨᠠᠯ ᠢ ᠬᠢᠨᠠᠨ ᠵᠥᠪᠯᠡᠵᠦ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠵᠠᠰᠠᠭ ᠤᠨ ᠣᠷᠳᠣᠨ ᠤ ᠦᠢᠯᠡᠳᠦᠯ ᠢ ᠪᠠᠳᠠᠷᠠᠭᠤᠯᠤᠨ᠂ ᠵᠠᠬ᠎ᠠ ᠳᠡᠯᠭᠡᠭᠦᠷ ᠤᠨ ᠬᠦᠴᠦᠨ ᠢ ᠰᠠᠶᠢᠲᠤᠷ ᠬᠡᠷᠡᠭᠯᠡᠵᠦ᠂ ᠠᠬᠢᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠡᠨ ᠠᠳᠬᠤᠬᠤ᠂ ᠬᠡᠷᠬᠢᠨ ᠠᠳᠬᠤᠬᠤ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠨᠢᠭᠡᠳ ᠨᠢᠭᠡ ᠪᠠᠷ ᠠᠳᠬᠤᠵᠤ᠂ ᠴᠥᠬᠦᠷᠡᠰᠢ ᠦᠭᠡᠢ ᠠᠳᠬᠤᠵᠤ᠂ ᠨᠢᠭᠡ ᠬᠢᠪᠡᠯ ᠨᠢᠭᠡ ᠪᠦᠲᠦᠭᠡᠬᠦ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ ᠠᠴᠠ ᠪᠥᠬᠦ ᠣᠷᠣᠨ ᠤ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠢ ᠡᠯ᠎ᠡ ᠱᠠᠲᠤᠨ ᠤ ᠵᠠᠰᠠᠭ ᠤᠨ ᠣᠷᠳᠣᠨ ᠤ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠲᠣᠪᠣᠶᠢᠯᠭᠠᠨ᠂ ᠤᠯᠤᠰ ᠤᠨ ︽ᠠᠮᠤ ᠶᠢᠨ ᠰᠠᠩ︾᠂ ︽ᠮᠢᠬᠠᠨ ᠤ ᠬᠥᠮᠥᠷᠭᠡ︾᠂ ︽ᠰᠦ ᠶᠢᠨ ᠬᠥᠨᠥᠭ︾ ᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ ᠨᠢᠭᠡ ᠳᠤ᠂ ᠪᠥᠬᠦ ᠶᠠᠪᠤᠴᠠ᠂ ᠪᠥᠬᠦ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠬᠤ ᠬᠡᠷᠡᠭᠲᠡᠢ᠃ ᠬᠤᠶᠠᠷ ᠲᠤ᠂ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠬᠥᠮᠥᠰ ᠢ ᠲᠣᠪᠣᠶᠢᠯᠭᠠᠵᠤ᠂ ︽ᠬᠤᠶᠠᠷ ᠢ ᠬᠡᠲᠦᠷᠡᠭᠦᠯᠵᠦ ᠨᠢᠭᠡ ᠶᠢ ᠨᠡᠮᠡᠬᠦ︾ ᠳᠤ ᠴᠢᠩᠭ᠎ᠠ ᠴᠣᠬᠢᠯᠲᠠ ᠥᠭᠴᠦ᠂ ᠰᠦᠷᠳᠡᠭᠦᠯᠦᠯ ᠦᠵᠡᠭᠦᠯᠬᠦ ᠬᠡᠷᠡᠭᠲᠡᠢ᠃ ᠭᠤᠷᠪᠠ ᠳᠤ᠂ ᠬᠠᠷᠢᠶᠠᠲᠤ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠣᠯᠣᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠣᠳᠠᠲᠠᠢ ᠠᠷᠭ᠎ᠠ᠂ ᠴᠢᠩᠭ᠎ᠠ ᠠᠷᠭ᠎ᠠ᠂ ᠲᠤᠰᠠᠲᠠᠢ ᠠᠷᠭ᠎ᠠ ᠠᠪᠴᠤ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ ᠭᠡᠵᠦ ᠴᠢᠬᠤᠯᠠᠴᠢᠯᠠᠵᠠᠢ᠃

ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠰᠠᠨᠰᠠᠷ ᠤᠨ ᠠᠶᠠᠯᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠠᠵᠢᠯ ᠵᠡᠷᠭᠡ ᠪᠤᠰᠤᠳ ᠵᠦᠢᠯᠡᠰ ᠤᠨ ᠰᠣᠳᠣᠯᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ