︽ᠪᠤᠭᠤᠷᠤᠯᠴᠤᠳ ᠤᠨ ᠬᠤᠷᠠᠮᠳᠤᠯ ᠬᠤᠪᠢ︾ ᠨᠢ ᠣᠶᠤᠨᠴᠢ ᠨᠠᠰᠤᠵᠢᠯ ᠤᠨ ᠠᠰᠠᠷᠠᠮᠵᠢ ᠶᠢᠨ ᠰᠢᠨ᠎ᠡ ᠵᠠᠭᠪᠤᠷ ᠢ ᠡᠬᠢᠯᠡᠭᠦᠯᠪᠡ
ᠨᠡᠶᠢᠲᠡᠯᠡᠭᠰᠡᠨ ᠴᠠᠭ᠄
2023/11/15

ᠡᠪᠦᠯ ᠤᠨ ᠡᠬᠢᠨ ᠤ ᠦᠳᠡᠰᠢ ᠪᠠᠷ ᠠᠭᠤᠷ ᠠᠮᠢᠰᠬᠤᠯ ᠠᠭᠠᠵᠢᠮ ᠢᠶᠠᠷ ᠬᠦᠢᠲᠡᠷᠡᠪᠡ᠃ ᠣᠷᠳᠣᠰ ᠬᠤᠳᠠ ᠶᠢᠨ ᠭᠢᠶ᠎ᠠ ᠪᠠᠭᠰᠢ ᠲᠣᠭᠤᠷᠢᠭ ᠤᠨ ᠺᠠᠩ ᠴᠧᠩ ᠨᠡᠶᠢᠭᠡᠮ ᠲᠣᠭᠤᠷᠢᠭ ᠤᠨ ᠺᠠᠩ ᠽᠧ ᠶᠤᠸᠠᠨ ᠰᠠᠭᠤᠭᠠᠯᠢ ᠠᠷᠠᠳ ᠤᠨ ᠲᠣᠭᠤᠷᠢᠭ ᠲᠤ ᠰᠠᠭᠤᠭ᠎ᠠ ᠨᠠᠰᠤᠲᠠᠨ ᠳ᠋ᠧᠦ ᠲᠢᠩ ᠯᠢᠶᠠᠩ ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡ ᠤᠨᠤᠵᠤ᠂ ᠮᠧᠩ ᠰᠢᠨ ᠠᠭᠤᠳᠠᠮ ᠲᠠᠯᠠᠪᠠᠢ ᠶᠢᠨ ᠨᠢᠭᠡᠨ ᠪᠤᠤᠰᠠ ᠶᠢᠨ ᠳᠡᠯᠭᠡᠭᠦᠷ ᠤᠨ ᠡᠭᠦᠳᠡᠨ ᠡᠮᠦᠨᠡᠬᠢ ᠲᠡᠷᠭᠡᠨ ᠵᠣᠭᠰᠣᠭᠠᠯ ᠳᠡᠭᠡᠷ᠎ᠡ ᠵᠣᠭᠰᠣᠭᠠᠪᠠ᠃ ᠱᠠᠯᠠᠮᠠᠭᠠᠢ ᠬᠥᠳᠡᠯᠵᠦ ᠪᠠᠷᠢᠬᠤ ᠶᠢ ᠨᠢ ᠦᠵᠡᠬᠦ ᠳᠤ ᠲᠡᠭᠦᠨ ᠤ 83 ᠨᠠᠰᠤᠲᠠᠢ ᠭᠡᠳᠡᠭ ᠢ ᠢᠲᠡᠭᠡᠵᠦ ᠶᠠᠳᠠᠮᠠᠷ᠃

ᠨᠠᠰᠤᠲᠠᠨ ᠠᠳᠡ ᠣᠷᠣᠢ ᠶᠢᠨ ᠬᠤᠭᠤᠯᠠ ᠢᠳᠡᠬᠦ ᠪᠠᠷ ᠢᠷᠡᠵᠡᠢ᠃ ᠡᠨᠡ ᠵᠢᠯ ᠤᠨ 10 ᠰᠠᠷ᠎ᠠ ᠠᠴᠠ ᠡᠬᠢᠯᠡᠨ ᠭᠢᠶ᠎ᠠ ᠪᠠᠭᠰᠢ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ 70 ᠨᠠᠰᠤᠨ ᠠᠴᠠ ᠳᠡᠭᠡᠭᠰᠢᠬᠢ ᠡᠷᠦᠭᠡ ᠠᠮᠠ ᠶᠢᠨ ᠬᠠᠷᠢᠶ᠎ᠠ ᠲᠠᠢ ᠨᠠᠰᠤᠲᠠᠶᠢᠴᠤᠳ ᠲᠤ ᠰᠠᠷ᠎ᠠ ᠪᠠᠷ ︽ᠪᠤᠭᠤᠷᠤᠯᠴᠤᠳ ᠤᠨ ᠬᠤᠷᠠᠮᠳᠤᠯ ᠬᠤᠪᠢ︾ ᠣᠯᠭᠤᠵᠤ᠂ ᠨᠡᠶᠢᠭᠡᠮ ᠲᠣᠭᠤᠷᠢᠭ ᠪᠤᠶᠤ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠬᠥᠲᠥᠯᠥᠨ ᠵᠢᠯᠤᠭᠤᠳᠴᠤ ᠪᠠᠶᠢᠭᠠᠳ ᠠᠳᠠᠯᠢ ᠪᠤᠰᠤ ᠲᠥᠷᠥᠯ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠳᠤ ᠲᠤᠷᠰᠢᠨ ᠬᠡᠷᠡᠭᠯᠡᠭᠦᠯᠵᠦ᠂ ᠨᠠᠰᠤᠲᠠᠶᠢᠴᠤᠳ ᠤᠨ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠪᠡ᠃ ᠨᠥᠬᠦᠪᠦᠷᠢ ᠶᠢ ︽ᠢᠳᠡᠬᠦ︾ ᠳᠡᠭᠡᠷ᠎ᠡ ᠬᠡᠷᠡᠭᠯᠡᠬᠦ ᠪᠣᠯ ᠬᠡᠰᠡᠭ ᠨᠠᠰᠤᠲᠠᠶᠢᠴᠤᠳ ᠤᠨ ᠰᠣᠩᠭᠤᠯᠲᠠ ᠮᠥᠨ᠃

︽ᠬᠤᠶᠠᠷ ᠪᠤᠤᠰᠠ᠂ ᠨᠢᠭᠡ ᠠᠶᠠᠭ᠎ᠠ ᠥᠨᠳᠡᠭᠡ ᠲᠠᠢ ᠱᠥᠯᠥ᠂ ᠪᠠᠰᠠ ᠨᠢᠭᠡ ᠥᠨᠳᠡᠭᠡ ᠲᠠᠢ ᠬᠠᠭᠠᠷᠢᠭᠰᠠᠨ ᠪᠣᠣᠪᠤ ᠬᠢᠵᠦ ᠡᠪᠦᠭᠡᠨ ᠳᠡᠭᠡᠨ ᠠᠪᠠᠴᠢᠵᠤ ᠥᠭᠭᠦᠶ᠎ᠡ︾᠃ ᠳ᠋ᠧᠦ ᠲᠢᠩ ᠯᠢᠶᠠᠩ ᠨᠠᠰᠤᠲᠠᠨ ᠪᠤᠤᠰᠠ ᠶᠢᠨ ᠳᠡᠯᠭᠡᠭᠦᠷ ᠲᠤ ᠣᠷᠣᠮᠠᠭᠴᠠ ᠪᠠᠨ ᠬᠤᠭᠤᠯᠠ ᠵᠠᠬᠢᠶᠠᠯᠠᠵᠤ᠂ ᠦᠭᠡ ᠬᠡᠯᠡᠬᠦ ᠶᠢᠨ ᠵᠠᠭᠤᠷ᠎ᠠ ᠪᠠᠭᠤᠤ ᠳᠠᠭᠠᠨ ᠵᠡᠭᠦᠭᠰᠡᠨ ᠲᠤᠰᠬᠠᠢ ᠪᠠᠭᠤᠪᠴᠢ ᠪᠠᠨ ᠬᠤᠳᠠᠯᠳᠤᠭᠠᠨ ᠤ ᠡᠷᠦᠭᠡ ᠶᠢᠨ ᠺᠣᠳ᠋ ᠰᠢᠷᠪᠢᠭᠦᠷ ᠳᠡᠭᠡᠷ᠎ᠡ ᠰᠢᠷᠪᠢᠭᠦᠯᠦᠨ 1900 ᠬᠤᠷᠠᠮᠳᠤᠯ ᠬᠤᠪᠢ ᠬᠠᠰᠤᠭᠤᠯᠪᠠ᠃ ᠡᠨᠡ ᠨᠢ 19 ᠲᠥᠭᠦᠷᠢᠭ ᠵᠠᠷᠤᠭᠰᠠᠨ ᠲᠠᠢ ᠲᠡᠩᠴᠡᠨ᠎ᠡ᠃

︽︿ᠪᠤᠭᠤᠷᠤᠯᠴᠤᠳ ᠤᠨ ᠬᠤᠷᠠᠮᠳᠤᠯ ᠬᠤᠪᠢ﹀ ᠪᠣᠯ ᠵᠠᠰᠠᠭ ᠤᠨ ᠣᠷᠳᠣᠨ ᠠᠴᠠ ᠪᠢᠳᠡᠨ ᠳᠤ ᠥᠭᠭᠦᠭᠰᠡᠨ ᠨᠢᠭᠡ ᠵᠦᠢᠯ ᠤᠨ ᠠᠮᠢᠳᠤᠷᠠᠯ ᠤᠨ ᠨᠥᠬᠦᠪᠦᠷᠢ ᠪᠠ ᠬᠠᠷᠠᠭᠠᠯᠵᠠᠯ ᠮᠥᠨ᠃ ᠨᠢᠭᠡ ᠵᠦᠢᠯ ᠤᠨ ᠰᠢᠨ᠎ᠡ ᠶᠢ ᠡᠭᠦᠳᠬᠦ ᠴᠢᠨᠠᠷᠲᠠᠢ ᠣᠶᠤᠨᠴᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠠᠭᠪᠤᠷ ᠪᠣᠯᠣᠨ᠎ᠠ᠃ ᠮᠠᠨ ᠤ ᠨᠠᠰᠤᠲᠠᠶᠢᠴᠤᠳ ᠲᠤ ᠬᠥᠮᠥᠨ ᠪᠦᠷᠢ ᠳᠤ ᠪᠠᠭᠤᠪᠴᠢ ᠶᠢ ᠦᠨ᠎ᠡ ᠲᠥᠯᠥᠪᠦᠷᠢ ᠦᠭᠡᠢ ᠥᠭᠴᠦ᠂ ᠳᠣᠲᠣᠷ᠎ᠠ ᠨᠢ ᠬᠤᠷᠠᠮᠳᠤᠯ ᠬᠤᠪᠢ ᠪᠠᠶᠢᠪᠠᠯ ᠵᠣᠭᠤᠰ ᠪᠤᠯᠭᠠᠵᠤ ᠵᠠᠷᠤᠵᠤ ᠪᠣᠯᠣᠨ᠎ᠠ᠂ ᠬᠡᠷᠡᠭᠯᠡᠬᠦ ᠦᠶ᠎ᠡ ᠳᠤ ᠪᠠᠭᠤᠪᠴᠢ ᠶᠢ ᠰᠢᠷᠪᠢᠪᠡᠯ ᠪᠣᠯᠴᠢᠬᠠᠨ᠎ᠠ᠂ ᠡᠨᠡ ᠨᠢ ᠮᠠᠰᠢ ᠳᠦᠭᠦᠮ᠃ ᠬᠠᠷᠠᠭᠠᠴᠢ᠂ ᠪᠠᠭᠤᠪᠴᠢ ᠨᠢ ᠬᠡᠷᠡᠭᠯᠡᠭᠡ ᠬᠢᠵᠦ ᠪᠤᠯᠬᠤ ᠪᠠᠷ ᠪᠠᠷᠠᠬᠤ ᠦᠭᠡᠢ ᠪᠠᠰᠠ ᠣᠷᠣᠨ ᠪᠠᠶᠢᠷᠢ ᠲᠣᠭᠲᠠᠭᠠᠬᠤ ᠴᠢᠳᠠᠮᠵᠢ ᠲᠠᠢ ᠪᠠᠶᠢᠳᠠᠭ᠃ ᠳᠡᠭᠡᠷᠡᠬᠢ ᠤᠯᠠᠭᠠᠨ ᠥᠩᠭᠡᠲᠡᠢ SOS ᠪᠠᠴᠢᠮ ᠠᠪᠤᠷᠠᠯᠳᠠ ᠶᠢᠨ ᠳᠠᠷᠤᠪᠴᠢ ᠨᠢ ᠪᠠᠴᠢᠮ ᠪᠠᠶᠢᠳᠠᠯ ᠳᠤ ᠲᠤᠯᠭᠠᠷᠠᠪᠠᠯ ᠦᠷ᠎ᠡ ᠬᠡᠦᠬᠡᠳ ᠲᠠᠢ ᠪᠠᠨ ᠬᠤᠯᠪᠣᠭᠰᠠᠨ ᠭᠠᠷ ᠤᠲᠠᠰᠤ ᠲᠠᠢ ᠨᠡᠪᠲᠡᠷᠡᠵᠦ ᠪᠣᠯᠣᠨ᠎ᠠ᠂ ᠳᠣᠣᠷᠠᠬᠢ ᠨᠣᠭᠤᠭᠠᠨ ᠥᠩᠭᠡ ᠲᠠᠢ ᠶᠠᠷᠢᠭᠤᠷ ᠳᠠᠷᠤᠪᠴᠢ ᠪᠠᠷ ᠰᠢᠭᠤᠳ ᠦᠭᠡ ᠶᠠᠷᠢᠵᠤ ᠪᠣᠯᠣᠨ᠎ᠠ᠂ ᠡᠨᠡ ᠬᠦ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠨᠢ ᠦᠨᠡᠬᠡᠷ ᠣᠶᠤᠨᠴᠢ ᠪᠠᠶᠢᠨ᠎ᠠ︕︾ ᠭᠡᠵᠦ ᠨᠠᠰᠤᠲᠠᠨ ᠪᠠᠭᠤᠪᠴᠢ ᠪᠠᠨ ᠣᠯᠠᠨ ᠳᠤ ᠦᠵᠡᠭᠦᠯᠦᠨ ᠬᠡᠯᠡᠨ᠎ᠡ᠃

︽ᠪᠤᠭᠤᠷᠤᠯᠴᠤᠳ ᠤᠨ ᠬᠤᠷᠠᠮᠳᠤᠯ ᠬᠤᠪᠢ︾ ᠪᠣᠯ ᠭᠢᠶ᠎ᠠ ᠪᠠᠭᠰᠢ ᠲᠣᠭᠤᠷᠢᠭ ᠤᠨ ︽ᠳ᠋ᠥᠸᠧ ᠳ᠋ᠥᠸᠧ ᠫᠢᠩ︾ ᠲᠠᠪᠴᠠᠩ ᠳᠤ ᠲᠦᠰᠢᠭᠯᠡᠨ ᠪᠠᠶᠢᠭᠤᠯᠤᠭᠰᠠᠨ ᠨᠢᠭᠡ ᠵᠦᠢᠯ ᠤᠨ ᠣᠶᠤᠨᠴᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠨ᠎ᠡ ᠵᠠᠭᠪᠤᠷ ᠪᠣᠯᠣᠨ᠎ᠠ᠃ 2023 ᠣᠨ ᠤ ᠡᠬᠢ ᠪᠠᠷ ᠭᠢᠶ᠎ᠠ ᠪᠠᠭᠰᠢ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠠᠴᠠ ᠭᠠᠷᠳᠠᠵᠤ ︽ᠳ᠋ᠥᠸᠧ ᠳ᠋ᠥᠸᠧ ᠫᠢᠩ ᠺᠣᠳ᠋ ᠤᠨ ᠠᠮᠢᠳᠤᠷᠠᠯ︾ ᠭᠡᠬᠦ ᠣᠶᠤᠨᠴᠢ ᠠᠷᠠᠳ ᠲᠤ ᠲᠥᠭᠦᠮ ᠦᠵᠡᠭᠦᠯᠭᠦ ᠦᠢᠯᠡᠴᠢᠯᠡᠭᠡᠨ ᠤ ᠲᠠᠪᠴᠠᠩ ᠳᠤ ᠲᠦᠰᠢᠭᠯᠡᠨ ᠨᠠᠰᠤᠲᠠᠶᠢᠴᠤᠳ ᠲᠤ ᠲᠤᠰᠬᠠᠢ ᠨᠠᠰᠤᠵᠢᠯ ᠤᠨ ᠦᠢᠯᠡᠴᠢᠯᠡᠭᠡ ᠬᠠᠩᠭᠠᠬᠤ ︽ᠪᠤᠭᠤᠷᠤᠯᠴᠤᠳ ᠤᠨ ᠬᠤᠷᠠᠮᠳᠤᠯ ᠬᠤᠪᠢ︾ ᠶᠢᠨ ᠲᠥᠷᠥᠯ ᠵᠦᠢᠯ ᠢ ᠰᠤᠳᠤᠯᠤᠨ ᠨᠡᠭᠡᠭᠡᠪᠡ᠃ ᠬᠡᠷᠡᠭᠯᠡᠭᠡᠨ ᠤ ᠠᠷᠭ᠎ᠠ ᠮᠠᠶ᠋ᠢᠭ ᠨᠢ ᠭᠤᠣᠯᠳᠠᠭᠤ ᠨᠠᠰᠤᠲᠠᠨ ᠳᠤ ᠪᠠᠭᠤᠪᠴᠢ ᠲᠣᠬᠢᠷᠠᠭᠤᠯᠵᠤ᠂ ᠬᠤᠳᠠᠯᠳᠤᠭᠠᠴᠢᠨ ᠡᠷᠦᠭᠡ ᠳᠤ ᠺᠣᠳ᠋ ᠰᠢᠷᠪᠢᠭᠦᠷ ᠲᠣᠬᠢᠷᠠᠭᠤᠯᠵᠤ᠂ ᠨᠠᠰᠤᠲᠠᠨ ᠪᠠᠭᠤᠪᠴᠢ ᠰᠢᠷᠪᠢᠬᠦ ᠪᠠᠷ ᠳᠠᠮᠵᠢᠨ ᠲᠣᠭᠲᠠᠭᠰᠠᠨ ᠴᠡᠭ ᠤᠨ ᠬᠤᠳᠠᠯᠳᠤᠭᠠᠴᠢᠨ ᠡᠷᠦᠭᠡ ᠳᠤ ᠬᠦᠷᠴᠦ ᠬᠡᠷᠡᠭᠯᠡᠭᠡ ᠬᠢᠵᠦ᠂ ᠬᠤᠷᠠᠮᠳᠤᠯ ᠬᠤᠪᠢ ᠶᠢ ᠰᠢᠭᠤᠳ ᠲᠤᠯᠭᠠᠨ ᠰᠠᠭᠤᠯᠭᠠᠵᠤ ᠵᠣᠭᠤᠰ ᠪᠣᠯᠭᠠᠨ ᠵᠠᠷᠤᠵᠤ ᠪᠣᠯᠣᠨ᠎ᠠ᠃

︽ᠪᠤᠭᠤᠷᠤᠯᠴᠤᠳ ᠤᠨ ᠬᠤᠷᠠᠮᠳᠤᠯ ᠬᠤᠪᠢ︾ ᠳᠤ ᠲᠡᠭᠦᠨ ᠤ ᠣᠯᠭᠤᠬᠤ ᠳᠦᠷᠢᠮ ᠲᠠᠢ᠃ ᠭᠢᠶ᠎ᠠ ᠪᠠᠭᠰᠢ ᠲᠣᠭᠤᠷᠢᠭ ᠤᠨ ᠡᠷᠦᠭᠡ ᠠᠮᠠ ᠶᠢᠨ ᠳᠠᠩᠰᠠ ᠨᠢ 70– 74 ᠪᠦᠬᠦᠯᠢ ᠨᠠᠰᠤ᠂ 75 – 79 ᠪᠦᠬᠦᠯᠢ ᠨᠠᠰᠤ᠂ 80 ᠪᠦᠬᠦᠯᠢ ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠴᠢᠭᠯᠡᠭᠦᠯᠦᠨ᠂ ᠬᠥᠮᠥᠨ ᠪᠦᠷᠢ ᠳᠤ ᠰᠠᠷ᠎ᠠ ᠪᠦᠷᠢ ᠲᠤᠰ ᠲᠤᠰ 10000 ᠬᠤᠷᠠᠮᠳᠤᠯ ᠬᠤᠪᠢ ︵100 ᠲᠥᠭᠦᠷᠢᠭ︶᠂ 15000 ᠬᠤᠷᠠᠮᠳᠤᠯ ᠬᠤᠪᠢ ︵150 ᠲᠥᠭᠦᠷᠢᠭ︶ ᠪᠠ 20000 ᠬᠤᠷᠠᠮᠳᠤᠯ ᠬᠤᠪᠢ ︵200 ᠲᠥᠭᠦᠷᠢᠭ︶ ᠣᠯᠭᠤᠵᠤ᠂ ᠬᠤᠷᠠᠮᠳᠤᠯ ᠬᠤᠪᠢ ᠶᠢ ᠰᠠᠷ᠎ᠠ ᠪᠦᠷᠢ ᠶᠢᠨ ᠨᠢᠭᠡᠨ ᠤ ᠡᠳᠦᠷ ᠲᠡᠭ ᠪᠣᠯᠭᠠᠨ᠎ᠠ᠃ ᠨᠠᠰᠤᠲᠠᠶᠢᠴᠤᠳ ︽ᠪᠤᠭᠤᠷᠤᠯᠴᠤᠳ ᠤᠨ ᠬᠤᠷᠠᠮᠳᠤᠯ ᠬᠤᠪᠢ︾ ᠪᠠᠨ ᠠᠪᠴᠤ ᠲᠣᠭᠲᠠᠭᠰᠠᠨ ᠪᠠᠶᠢᠭᠤᠯᠤᠮᠵᠢ ᠳᠤ ᠬᠡᠷᠡᠭᠯᠡᠭᠡ ᠬᠢᠵᠦ᠂ ᠣᠶᠢᠷ᠎ᠠ ᠬᠠᠪᠢ ᠳᠠᠭᠠᠨ ᠦᠪᠡᠰᠦᠪᠠᠨ ᠰᠣᠩᠭᠤᠬᠤ ᠬᠤᠭᠤᠯᠠ᠂ ᠡᠷᠡᠭᠦᠯᠵᠢᠭᠦᠯᠬᠦ ᠹᠢᠽᠢᠺ ᠵᠠᠰᠠᠯ᠂ ᠡᠳᠦᠷ ᠲᠤᠲᠤᠮ ᠤᠨ ᠬᠠᠷᠠᠭᠠᠯᠵᠠᠯ ᠵᠡᠷᠭᠡ ᠦᠢᠯᠡᠴᠢᠯᠡᠭᠡ ᠬᠦᠷᠲᠡᠵᠦ ᠪᠣᠯᠣᠨ᠎ᠠ᠃ ᠴᠡᠭ ᠲᠣᠭᠲᠠᠭᠠᠭᠰᠠᠨ ᠦᠢᠯᠡᠴᠢᠯᠡᠭᠡᠨ ᠤ ᠪᠠᠶᠢᠭᠤᠯᠤᠮᠵᠢ ᠨᠢ ᠬᠥᠳᠡᠯᠦᠩᠭᠦᠢ ᠲᠣᠬᠢᠷᠠᠭᠤᠯᠤᠯᠲᠠ ᠬᠢᠭᠰᠡᠨ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠵᠤ᠂ ᠰᠢᠯᠢᠳᠡᠭ ᠢ ᠨᠢ ᠰᠢᠯᠭᠠᠷᠠᠭᠤᠯᠵᠤ ᠰᠢᠭᠠᠷᠤ ᠶᠢ ᠨᠢ ᠬᠠᠶᠠᠬᠤ ᠶᠢ ᠬᠡᠷᠡᠭᠵᠢᠭᠦᠯᠵᠦ᠂ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠦᠢᠯᠡᠴᠢᠯᠡᠭᠡᠨ ᠤ ᠪᠠᠶᠢᠭᠤᠯᠤᠮᠵᠢ ᠶᠢᠨ ᠨᠡᠷᠡᠰ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠳᠤ ᠨᠡᠶᠢᠲᠡᠯᠡᠵᠦ᠂ ᠨᠠᠰᠤᠲᠠᠳ ᠤᠨ ᠰᠣᠩᠭᠤᠯᠲᠠ ᠬᠢᠬᠦ ᠳᠤ ᠬᠠᠩᠭᠠᠨ᠎ᠠ᠃ ︽ᠪᠤᠭᠤᠷᠤᠯᠴᠤᠳ ᠤᠨ ᠬᠤᠷᠠᠮᠳᠤᠯ ᠬᠤᠪᠢ︾ ᠲᠥᠷᠥᠯ ᠵᠦᠢᠯ ᠢ ᠡᠨᠡ ᠵᠢᠯ ᠤᠨ 10 ᠰᠠᠷ᠎ᠠ ᠠᠴᠠ ᠡᠬᠢᠯᠡᠨ ᠭᠢᠶ᠎ᠠ ᠪᠠᠭᠰᠢ ᠲᠣᠭᠤᠷᠢᠭ ᠲᠤ ᠪᠦᠭᠦ ᠲᠠᠯ᠎ᠠ ᠪᠠᠷ ᠳᠡᠯᠭᠡᠷᠡᠭᠦᠯᠵᠦ᠂ ᠣᠳᠣᠬᠠᠨ ᠳᠤ ᠨᠢᠭᠡᠨᠲᠡ 1329 ᠪᠠᠭᠤᠪᠴᠢ ᠲᠠᠷᠬᠠᠭᠠᠵᠤ᠂ 73 ᠲᠣᠭᠲᠠᠮᠠᠯ ᠴᠡᠭ ᠤᠨ ᠬᠤᠳᠠᠯᠳᠤᠭᠠᠴᠢᠨ ᠡᠷᠦᠭᠡ ᠭᠠᠷᠭᠠᠪᠠ᠃

ᠠᠵᠢᠯ ᠠᠴᠠ ᠪᠠᠨ ᠠᠮᠠᠷᠠᠭᠰᠠᠨ ᠴᠡᠴᠡᠭ ᠪᠠᠭᠰᠢ ᠦᠷᠭᠦᠯᠵᠢ ᠺᠠᠩ ᠴᠧᠩ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠰᠢᠩ ᠹᠦ᠋ ᠬᠤᠭᠤᠯᠠᠨ ᠭᠡᠷ ᠲᠤ ᠡᠪᠦᠭᠡᠨ ᠲᠠᠢ ᠪᠠᠨ ᠬᠠᠮᠲᠤ ᠬᠤᠭᠤᠯᠠ ᠢᠳᠡᠳᠡᠭ᠃ ︽ᠪᠤᠭᠤᠷᠤᠯᠴᠤᠳ ᠤᠨ ᠬᠤᠷᠠᠮᠳᠤᠯ ᠬᠤᠪᠢ︾ ᠶᠢᠨ ᠨᠥᠬᠦᠪᠦᠷᠢ ᠲᠠᠢ ᠪᠣᠯᠤᠭᠰᠠᠨ ᠢᠶᠠᠷ ᠡᠪᠦᠭᠡᠨ ᠬᠥᠭᠰᠢᠨ ᠬᠤᠶᠠᠭᠤᠯᠠ ᠶᠢᠨ ᠬᠡᠷᠡᠭᠯᠡᠭᠡᠨ ᠤ ᠦᠵᠡᠯᠲᠡ ᠴᠦ ᠬᠤᠪᠢᠷᠠᠵᠤ᠄ ︽ᠪᠢ ᠡᠪᠦᠭᠡᠨ ᠲᠠᠢ ᠪᠠᠨ ᠰᠠᠷ᠎ᠠ ᠪᠦᠷᠢ ᠲᠤᠰ ᠪᠦᠷᠢ 10000 ᠬᠤᠷᠠᠮᠳᠤᠯ ᠬᠤᠪᠢ ᠣᠯᠳᠠᠭ᠃ ᠬᠤᠭᠤᠯᠠ ᠢᠳᠡᠬᠦ ᠠᠴᠠ ᠭᠠᠳᠠᠨ᠎ᠠ ᠪᠠᠰᠠ ᠡᠮ ᠬᠤᠳᠠᠯᠳᠤᠨ ᠠᠪᠴᠤ᠂ ᠦᠰᠦ ᠵᠠᠰᠠᠵᠤ᠂ ᠹᠢᠽᠢᠺ ᠵᠠᠰᠠᠯ ᠤᠨ ᠦᠢᠯᠡᠴᠢᠯᠡᠭᠡ ᠭᠦᠷᠳᠡᠨ᠎ᠡ᠃ ᠤᠤᠯ ᠳᠠᠭᠠᠨ ᠪᠢᠳᠡ ᠵᠣᠭᠤᠰ ᠵᠠᠷᠤᠬᠤ ᠳᠤᠷ᠎ᠠ ᠦᠭᠡᠢ᠂ ᠣᠳᠣ ᠡᠬᠢᠯᠡᠨ ᠠᠳᠠᠯᠢ ᠪᠤᠰᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠲᠤᠷᠰᠢᠵᠤ ᠪᠡᠶᠡᠴᠢᠯᠡᠨ ᠣᠶᠢᠯᠠᠭᠠᠵᠤ ᠪᠠᠶᠢᠨ᠎ᠠ︾ ᠭᠡᠪᠡ᠃

︽︿ᠪᠤᠭᠤᠷᠤᠯᠴᠤᠳ ᠤᠨ ᠬᠤᠷᠠᠮᠳᠤᠯ ᠬᠤᠪᠢ﹀ ᠨᠢ ᠨᠠᠰᠤᠲᠠᠶᠢᠴᠤᠳ ᠤᠨ ᠬᠡᠷᠡᠭᠯᠡᠭᠡᠨ ᠤ ᠦᠵᠡᠯᠲᠡ ᠶᠢ ᠠᠯᠭᠤᠷ ᠢᠶᠠᠷ ᠬᠤᠪᠢᠷᠠᠭᠤᠯᠵᠤ᠂ ᠠᠮᠢᠳᠤᠷᠠᠯ ᠳᠤ ᠲᠦᠭᠦᠮ ᠦᠵᠡᠭᠦᠯᠭᠦ ᠶᠢᠨ ᠵᠡᠷᠭᠡ ᠪᠠᠷ ᠨᠠᠰᠤᠲᠠᠶᠢᠴᠤᠳ ᠤᠨ ᠦᠢᠯᠡᠴᠢᠯᠡᠭᠡ ᠳᠤ ᠨᠡᠩ ᠤᠯᠠᠨ ᠰᠣᠩᠭᠤᠯᠲᠠ ᠲᠠᠢ ᠪᠣᠯᠭᠠᠵᠠᠢ᠃ ᠭᠢᠶ᠎ᠠ ᠪᠠᠭᠰᠢ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠠᠵᠢᠯ ᠤᠨ ᠪᠣᠳᠠᠲᠤ ᠪᠠᠶᠢᠳᠠᠯ ᠢ ᠦᠨᠳᠦᠰᠦᠯᠡᠨ᠂ ᠵᠣᠬᠢᠬᠤ ᠬᠡᠮᠵᠢᠶᠡᠨ ᠤ ᠲᠦᠭᠡᠮᠡᠯ ᠬᠠᠷᠠᠭᠠᠯᠵᠠᠯ ᠤᠨ ᠴᠢᠨᠠᠷᠲᠠᠢ ᠨᠠᠰᠤᠵᠢᠯ ᠤᠨ ᠠᠰᠠᠷᠠᠮᠵᠢ ᠶᠢ ᠬᠥᠭᠵᠢᠭᠦᠯᠵᠦ᠂ ᠨᠠᠰᠤᠲᠠᠶᠢᠴᠤᠳ ᠤᠨ ᠵᠦᠢ ᠵᠣᠬᠢᠰᠲᠠᠢ ᠬᠡᠷᠡᠭᠯᠡᠭᠡᠨ ᠤ ᠳᠠᠳᠬᠠᠯ ᠲᠠᠢ ᠪᠤᠯᠬᠤ ᠶᠢ ᠬᠥᠲᠥᠯᠥᠨ ᠵᠢᠯᠤᠭᠤᠳᠬᠤ ᠪᠣᠯ ᠲᠤᠶᠢᠯ ᠤᠨ ᠴᠢᠬᠤᠯᠠ ᠶᠤᠮ᠃ ᠭᠢᠶ᠎ᠠ ᠪᠠᠭᠰᠢ ᠲᠣᠭᠤᠷᠢᠭ ︿ᠪᠤᠭᠤᠷᠤᠯᠴᠤᠳ ᠤᠨ ᠬᠤᠷᠠᠮᠳᠤᠯ ᠬᠤᠪᠢ﹀ ᠶᠢᠨ ᠬᠥᠰᠢᠭᠦᠷᠭᠡ ᠪᠠᠷ ᠳᠠᠮᠵᠢᠭᠤᠯᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠬᠥᠭᠵᠢᠯᠲᠡ ᠪᠠ ︿ᠪᠤᠭᠤᠷᠤᠯᠴᠤᠳ ᠤᠨ ᠠᠵᠤ ᠠᠬᠤᠢ﹀ ᠶᠢᠨ ᠴᠡᠴᠡᠭᠯᠡᠯᠲᠡ ᠶᠢ ᠳᠠᠶᠢᠴᠢᠯᠠᠵᠤ᠂ ᠭᠢᠶ᠎ᠠ ᠪᠠᠭᠰᠢ ᠳᠤ ᠠᠮᠢᠳᠤᠷᠠᠵᠤ ᠪᠠᠶᠢᠭ᠎ᠠ ᠨᠠᠰᠤᠲᠠᠳ ᠲᠤ ᠥᠲᠡᠯᠦᠭᠡ ᠨᠠᠰᠤᠨ ᠤ ᠵᠣᠯ ᠵᠢᠷᠭᠠᠯᠲᠤ ᠠᠮᠢᠳᠤᠷᠠᠯ ᠢ ᠡᠳ᠋ᠯᠡᠭᠦᠯᠵᠦ ᠪᠠᠶᠢᠨ᠎ᠠ︾ ᠭᠡᠵᠦ ᠭᠢᠶ᠎ᠠ ᠪᠠᠭᠰᠢ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠵᠠᠩ ᠯᠢ ᠹᠠᠩ ᠲᠠᠨᠢᠯᠴᠠᠭᠤᠯᠤᠨ᠎ᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ