ᠲᠥᠷᠥ ᠶᠢᠨ ᠶᠠᠪᠤᠳᠠᠯ ᠤᠨ ᠬᠤᠷᠢᠶ᠎ᠠ ᠲᠠᠷᠬᠠᠭᠠᠪᠠ
﹇ 2023 ﹈ 16 ᠳ᠋ᠤᠭᠠᠷ ᠲᠣᠭᠠᠲᠤ
ᠡᠯ᠎ᠡ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠡᠯ᠎ᠡ ᠶᠠᠮᠤᠨ ᠵᠥᠪᠯᠡᠯ ᠂ ᠡᠯ᠎ᠡ ᠰᠢᠭᠤᠳ ᠬᠠᠷᠢᠶ᠎ᠠ ᠪᠠᠶᠢᠭᠤᠯᠤᠮᠵᠢ ᠳᠤ ᠄
ᠴᠢᠨᠠᠷ ᠰᠠᠶᠢᠲᠠᠢ ᠬᠥᠭᠵᠢᠯᠲᠡ ᠡᠨᠡ ᠬᠦ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ ᠂ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠭᠠᠨ ᠪᠦᠲᠦᠭᠡᠨ ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠴᠢᠬᠤᠯᠠ ᠶᠡᠭᠡ ᠬᠠᠷᠢᠭᠤᠴᠠᠯᠭ᠎ᠠ ᠪᠣᠯᠣᠨ᠎ᠠ ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠣᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠥᠪᠥᠷ ᠮᠣᠩᠭᠤᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ ᠂ ︽ᠲᠠᠪᠤᠨ ᠶᠡᠭᠡ ᠡᠭᠦᠷᠭᠡ ︾ ᠶᠢ ᠲᠦᠷᠭᠡᠳᠬᠡᠨ ᠨᠠᠶᠢᠳᠠᠪᠤᠷᠢᠵᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢ ᠳᠡᠮᠵᠢᠬᠦ ᠶᠢᠨ ᠲᠥᠯᠥᠭᠡ ᠂ ᠣᠲᠣ ᠳᠣᠣᠷᠠᠬᠢ ᠮᠡᠲᠦ ᠰᠠᠨᠠᠯ ᠳᠤᠷᠠᠳᠤᠶ᠎ᠠ ᠃
ᠨᠢᠭᠡ ᠂ ᠶᠡᠷᠦᠩᠬᠡᠢ ᠱᠠᠭᠠᠷᠳᠠᠯᠭ᠎ᠠ
︵ᠨᠢᠭᠡ ︶ ᠵᠢᠯᠤᠭᠤᠳᠬᠤ ᠦᠵᠡᠯ ᠰᠠᠨᠠᠭ᠎ᠠ
ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠂ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠤᠨ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ ᠵᠥᠪ ᠣᠨᠣᠪᠴᠢᠲᠠᠶ ᠂ ᠪᠦᠭᠦ ᠲᠠᠯ᠎ᠠ ᠪᠠᠷ ᠲᠤᠭᠤᠰᠢᠯᠠᠭᠤᠯᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠂ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠤᠯᠭᠠᠵᠤ ᠂ ᠠᠵᠤ ᠠᠬᠤᠢ ᠶᠢᠨ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠣᠬᠢᠷᠠᠭᠤᠯᠤᠯᠲᠠ ᠶᠢ ᠲᠦᠷᠭᠡᠳᠬᠡᠵᠦ ᠂ ᠡᠬᠢ ᠪᠠᠶᠠᠯᠢᠭ ᠤᠨ ᠮᠠᠶ᠋ᠢᠭ ᠤᠨ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠰᠢᠨ᠎ᠡ ᠠᠷᠭ᠎ᠠ ᠵᠠᠮ ᠢ ᠰᠦᠪᠡᠭᠴᠢᠯᠡᠵᠦ ᠂ ᠥᠪᠥᠷ ᠮᠣᠩᠭᠤᠯ ᠤᠨ ︽ᠬᠤᠶᠠᠷ ᠬᠠᠯᠬᠠᠪᠴᠢ ︾᠂ ︽ᠬᠤᠶᠠᠷ ᠰᠠᠭᠤᠷᠢᠨ ︾᠂ ︽ᠨᠢᠭᠡ ᠪᠠᠬᠢᠯᠡᠯᠲᠡ ︾ ᠶᠢ ᠪᠦᠲᠦᠭᠡᠨ ᠪᠠᠶᠢᠭᠤᠯᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠵᠤ ᠂ ᠤᠯᠤᠰ ᠤᠨ ᠠᠮᠢ ᠠᠬᠤᠢ ᠂ ᠡᠨᠧᠷᠭᠢ ᠂ ᠠᠮᠤ ᠪᠤᠳᠠᠭ᠎ᠠ ᠂ ᠠᠵᠤ ᠦᠢᠯᠡᠰ ᠪᠠ ᠬᠢᠯᠢ ᠬᠢᠵᠠᠭᠠᠷ ᠤᠨ ᠠᠮᠤᠷ ᠲᠦᠪᠰᠢᠨ ᠢ ᠪᠠᠲᠤᠯᠠᠬᠤ ᠦᠢᠯᠡᠳᠦᠯ ᠴᠢᠳᠠᠪᠬᠢ ᠶᠢ ᠦᠨᠡᠨ ᠬᠦ ᠲᠡᠭᠡᠭᠰᠢᠯᠡᠭᠦᠯᠵᠦ ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ ᠂ ᠪᠦᠭᠦ ᠤᠯᠤᠰ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠨ ᠪᠠᠲᠤᠯᠠᠬᠤ ᠴᠢᠬᠤᠯᠠ ᠲᠤᠯᠭᠠᠭᠤᠷᠢᠯᠠᠯ ᠬᠠᠩᠭᠠᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ ᠃
︵ᠬᠤᠶᠠᠷ ︶ ᠠᠵᠢᠯ ᠤᠨ ᠵᠠᠷᠴᠢᠮ
— ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ ᠂ ᠪᠣᠬᠢᠷᠳᠤᠯ ᠦᠭᠡᠢ ᠬᠥᠭᠵᠢᠭᠦᠯᠦᠨ᠎ᠡ ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠤᠯᠭᠠᠵᠤ ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ ᠂ ᠨᠤᠲᠤᠭ ᠪᠡᠯᠴᠢᠭᠡᠷ ᠂ ᠤᠢ ᠰᠢᠭᠤᠢ ᠂ ᠨᠤᠭᠤ ᠭᠠᠵᠠᠷ ᠵᠡᠷᠭᠡ ᠠᠮᠢ ᠠᠬᠤᠢ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ ᠡᠷᠴᠢᠮ ᠢᠶᠠᠨ ᠴᠢᠩᠭᠠᠷᠠᠭᠤᠯᠵᠤ ᠂ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠵᠤ ᠂ ᠡᠬᠡ ᠤᠯᠤᠰ ᠤᠨ ᠤᠮᠠᠷᠠᠲᠤ ᠶᠢᠨ ᠲᠦᠮᠡᠨ ᠭᠠᠵᠠᠷ ᠤᠨ ︽ᠨᠣᠮᠢᠨ ᠨᠣᠭᠤᠭᠠᠨ ᠤᠷᠳᠤ ᠴᠠᠭᠠᠨ ᠬᠡᠷᠡᠮ ︾ ᠢ ᠴᠣᠭᠴᠠᠯᠠᠨ᠎ᠠ ᠃
— ᠭᠡᠯᠪᠡᠷᠢ ᠪᠠᠨ ᠬᠤᠪᠢᠷᠠᠭᠤᠯᠵᠤ ᠂ ᠪᠦᠲᠦᠴᠡ ᠪᠠᠨ ᠲᠣᠬᠢᠷᠠᠭᠤᠯᠤᠨ᠎ᠠ ᠃ ᠥᠪᠥᠷ ᠮᠣᠩᠭᠤᠯ ᠤᠨ ᠡᠬᠢ ᠪᠠᠶᠠᠯᠢᠭ ᠤᠨ ᠳᠠᠪᠠᠭᠤᠯᠢᠭ ᠂ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ ᠂ ᠠᠵᠤ ᠠᠬᠤᠢ ᠶᠢᠨ ᠬᠥᠭᠵᠢᠯᠲᠡ ᠶᠢᠨ ᠭᠡᠯᠪᠡᠷᠢ ᠶᠢ ᠬᠤᠪᠢᠷᠠᠭᠤᠯᠬᠤ ᠶᠢ ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠂ ᠡᠬᠢ ᠪᠠᠶᠠᠯᠢᠭ ᠤᠨ ᠭᠡᠯᠪᠡᠷᠢ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠨ ᠬᠥᠭᠵᠢᠭᠦᠯᠬᠦ ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠯᠦᠭᠡ ᠬᠠᠷᠢᠯᠴᠠᠨ ᠤᠶᠠᠯᠳᠤᠭᠤᠯᠬᠤ ᠶᠢ ᠠᠬᠢᠭᠤᠯᠵᠤ ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠦᠨᠡᠨ ᠬᠦ ᠳᠡᠭᠡᠭᠰᠢᠯᠡᠭᠦᠯᠦᠨ᠎ᠡ ᠃
— ᠥᠭᠡᠷᠡᠴᠢᠯᠡᠯᠲᠡ ᠨᠡᠭᠡᠭᠡᠯᠲᠡ ᠬᠢᠵᠦ ᠂ ᠳᠠᠪᠠᠭᠤᠯᠢᠭ ᠢ ᠪᠤᠢ ᠪᠣᠯᠭᠠᠨ᠎ᠠ ᠃ ︽ᠬᠤᠶᠠᠷ ᠭᠤᠶᠢᠪᠢᠰᠢ ᠦᠭᠡᠢ ᠪᠠᠶᠢᠬᠤ ︾ ᠶᠢ ᠨᠠᠶᠢᠳᠠᠪᠤᠷᠢᠵᠢᠭᠤᠯᠵᠤ ᠂ ᠡᠯᠧᠮᠧᠨ᠋ᠲ ᠤᠨ ᠲᠣᠬᠢᠷᠠᠭᠤᠯᠤᠯᠲᠠ ᠶᠢ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ ᠃ ︽ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ ᠂ ᠤᠯᠤᠰ ᠤᠨ ᠳᠣᠲᠣᠭᠠᠳᠤ ᠶᠢᠨ ᠪᠤᠰᠤᠳ ᠣᠷᠣᠨ ᠪᠦᠰᠡ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ ᠂ ᠳᠣᠲᠣᠭᠠᠳᠤ ᠭᠠᠳᠠᠭᠠᠳᠤ ᠶᠢ ᠬᠤᠯᠪᠣᠭᠰᠠᠨ ᠂ ᠬᠥᠷᠰᠢ ᠵᠡᠷᠭᠡᠯᠡᠳᠡᠭᠡ ᠶᠢ ᠲᠠᠶᠢᠴᠢᠯᠠᠨ ᠨᠥᠯᠥᠭᠡᠯᠡᠭᠰᠡᠨ ᠂ ᠡᠬᠢ ᠪᠠᠶᠠᠯᠢᠭ ᠢ ᠲᠥᠪᠯᠡᠷᠡᠭᠦᠯᠵᠦ ᠲᠠᠷᠬᠠᠭᠠᠭᠰᠠᠨ ᠂ ᠬᠦᠴᠦᠨ ᠵᠦᠢᠯ ᠢ ᠠᠭᠤᠰᠤᠯᠴᠠᠭᠤᠯᠤᠨ ᠨᠡᠪᠲᠡᠷᠡᠭᠦᠯᠦᠭᠰᠡᠨ ᠪᠦᠭᠦ ᠣᠷᠣᠨ ᠪᠦᠰᠡ ᠶᠢᠨ ᠨᠡᠭᠡᠭᠡᠯᠲᠡᠲᠤ ᠲᠠᠪᠴᠠᠩ ᠢ ᠪᠠᠶᠢᠭᠤᠯᠤᠨ᠎ᠠ ᠃
— ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ ᠂ ᠠᠮᠤᠷ ᠲᠦᠪᠰᠢᠨ ᠢ ᠪᠠᠲᠤᠯᠠᠨ᠎ᠠ ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ ᠂ ᠡᠨᠧᠷᠭᠢ ᠶᠢᠨ ᠠᠵᠤ ᠦᠢᠯᠡᠰ ᠂ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠂ ᠮᠠᠯ ᠠᠵᠤ ᠠᠬᠤᠢ ᠲᠠᠷᠢᠶᠠᠯᠠᠩ ᠵᠡᠷᠭᠡ ᠳᠠᠪᠠᠭᠤᠯᠢᠭ ᠢ ᠪᠠᠳᠠᠷᠠᠭᠤᠯᠵᠤ ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠥᠷᠢᠰᠦᠯᠳᠦᠬᠦ ᠬᠦᠴᠦᠨ ᠪᠠ ᠠᠮᠤᠷ ᠲᠦᠪᠰᠢᠨ ᠴᠢᠨᠠᠷ ᠢ ᠴᠢᠩᠭᠠᠳᠬᠠᠵᠤ ᠂ ᠪᠦᠭᠦ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠪᠠ ᠪᠠᠲᠤᠯᠠᠬᠤ ᠳᠤᠮᠳᠠ ᠨᠠᠩ ᠶᠡᠭᠡ ᠦᠢᠯᠡᠳᠦᠯ ᠦᠵᠡᠭᠦᠯᠦᠨ᠎ᠡ ᠃ ᠣᠷᠣᠨ ᠨᠤᠲᠤᠭ ᠤᠨ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠢ ᠦᠨᠡᠨ ᠬᠦ ᠰᠠᠶᠢᠲᠤᠷ ᠬᠢᠨ᠎ᠡ ᠃
— ᠠᠷᠠᠳ ᠤᠨ ᠠᠮᠢᠳᠤᠷᠠᠯ ᠢ ᠪᠠᠲᠤᠯᠠᠵᠤ ᠂ ᠠᠷᠠᠳ ᠤᠨ ᠰᠡᠳᠬᠢᠯ ᠢ ᠨᠢᠭᠲᠠᠷᠠᠭᠤᠯᠤᠨ᠎ᠠ ᠃ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠤᠯᠭᠠᠵᠤ ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠨᠡᠩ ᠴᠢᠬᠤᠯᠠᠴᠢᠯᠠᠵᠤ ᠂ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠂ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠢ ᠠᠬᠢᠭᠤᠯᠵᠤ ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠪᠦᠭᠦ ᠲᠠᠯ᠎ᠠ ᠪᠠᠷ ᠠᠬᠢᠭᠤᠯᠵᠤ ᠂ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠦᠨ᠎ᠡ ᠃
︵ᠭᠤᠷᠪᠠ ︶ ᠭᠤᠣᠯ ᠬᠠᠷᠠᠯᠲᠠ
2027 ᠣᠨ ᠪᠤᠯᠬᠤ ᠳᠤ ᠂ ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠲᠤ ᠬᠦᠴᠦᠨ ᠢ ᠪᠦᠭᠦ ᠤᠯᠤᠰ ᠤᠨ ᠳᠤᠮᠳᠠ ᠲᠦᠪᠰᠢᠨ ᠳᠤ ᠣᠷᠣᠭᠤᠯᠵᠤ ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠪᠦᠭᠦ ᠤᠯᠤᠰ ᠤᠨ ᠳᠤᠮᠳᠠᠴᠢ ᠲᠦᠪᠰᠢᠨ ᠳᠤ ᠬᠦᠷᠭᠡᠵᠦ ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠠᠰ ᠳᠡᠪᠰᠢᠭᠦᠯᠵᠦ ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ ᠢᠯᠴᠢ ᠶᠢᠨ ᠴᠠᠭᠢᠯᠭᠠᠨ ᠤ ᠬᠡᠪᠴᠢᠶ᠎ᠡ ᠠᠴᠠ ᠳᠠᠪᠠᠭᠤᠯᠵᠤ ᠂ ᠠᠮᠤ ᠪᠤᠳᠠᠭ᠎ᠠ ᠪᠠ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ ᠂ ︽ᠤᠮᠠᠷᠠᠲᠤ ᠶᠢᠨ ᠭᠤᠷᠪᠠᠨ ᠣᠷᠣᠨ ︾ ᠤ ᠬᠠᠯᠬᠠᠪᠴᠢ ᠣᠶ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠱᠠᠲᠤ ᠦᠶᠡᠴᠢ ᠴᠢᠨᠠᠷᠲᠠᠢ ᠦᠷ᠎ᠡ ᠪᠦᠲᠦᠮᠵᠢ ᠣᠯᠵᠤ ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠢᠯᠡᠷᠬᠡᠢ ᠦᠷ᠎ᠡ ᠪᠦᠲᠦᠮᠵᠢ ᠶᠢ ᠣᠯᠵᠤ ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠂ ︽ ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠢ ᠪᠦᠲᠦᠭᠡᠨ ᠪᠠᠶᠢᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ ᠂ ᠥᠪᠥᠷ ᠮᠣᠩᠭᠤᠯ ᠤᠨ ᠣᠳᠣᠬᠢᠴᠢᠯᠠᠯᠲᠠ ᠶᠢᠨ ᠡᠯ᠎ᠡ ᠵᠦᠢᠯ ᠤᠨ ᠠᠵᠢᠯ ᠦᠢᠯᠡᠰ ᠤᠨ ᠰᠢᠨ᠎ᠡ ᠬᠥᠭᠵᠢᠯᠲᠡ ᠶᠢ ᠪᠡᠶᠡᠯᠡᠭᠦᠯᠦᠨ᠎ᠡ ᠃
2035 ᠣᠨ ᠪᠤᠯᠬᠤ ᠳᠤ ᠂ ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠲᠤ ᠬᠦᠴᠦᠨ ᠶᠡᠭᠡ ᠪᠠᠷ ᠳᠡᠭᠡᠭᠰᠢᠯᠡᠵᠦ ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠰᠢᠨ᠎ᠡ ᠳᠡᠭᠲᠡᠷ ᠲᠤ ᠭᠠᠷᠴᠤ ᠂ ᠰᠢᠨ᠎ᠡ ᠭᠡᠯᠪᠡᠷᠢ ᠶᠢᠨ ᠡᠨᠧᠷᠭᠢ ᠶᠢᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ ᠂ ︽ᠬᠤᠶᠠᠷ ᠬᠠᠯᠬᠠᠪᠴᠢ ︾᠂ ︽ᠬᠤᠶᠠᠷ ᠰᠠᠭᠤᠷᠢᠨ ︾᠂ ︽ᠨᠢᠭᠡ ᠪᠠᠬᠢᠯᠡᠯᠲᠡ ︾ ᠶᠢᠨ ᠦᠢᠯᠡᠳᠦᠯ ᠢ ᠤᠯᠠᠮ ᠳᠡᠭᠡᠭᠰᠢᠯᠡᠭᠦᠯᠵᠦ ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠡᠮᠦᠨ᠎ᠡ ᠡᠩᠨᠡᠭᠡᠨ ᠳᠤ ᠶᠠᠪᠤᠵᠤ ᠂ ᠪᠦᠭᠦ ᠤᠯᠤᠰ ᠲᠠᠢ ᠵᠡᠷᠭᠡ ᠪᠠᠷ ᠨᠡᠶᠢᠭᠡᠮ ᠵᠢᠷᠤᠮᠲᠤ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ ᠃
ᠬᠤᠶᠠᠷ ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ ᠂ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ
︵ᠳᠥᠷᠪᠡ ︶ ᠴᠦᠯᠯᠡᠷᠭᠡᠭᠵᠢᠯ ᠢ ᠶᠡᠷᠦᠩᠬᠡᠶᠢᠯᠡᠨ ᠵᠠᠰᠠᠬᠤ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠤᠨ᠎ᠠ ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠠᠪᠤᠳᠠᠯ ᠢ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠶᠢᠨ ᠭᠤᠣᠯ ᠡᠭᠦᠷᠭᠡ ᠪᠤᠯᠭᠠᠵᠤ ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ ᠂ ᠬᠦᠴᠦᠨ ᠢᠶᠠᠨ ᠲᠥᠪᠯᠡᠷᠡᠭᠦᠯᠦᠨ ᠭᠤᠣᠯᠳᠠᠯᠭ᠎ᠠ ᠲᠠᠢ ᠭᠠᠵᠠᠷ ᠣᠷᠣᠨ ᠤ ᠬᠡᠪᠴᠢᠶᠡᠵᠢᠭᠦᠯᠦᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠥᠷᠨᠢᠭᠦᠯᠵᠦ ᠂ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠂ ︽ᠤᠮᠠᠷᠠᠲᠤ ᠶᠢᠨ ᠭᠤᠷᠪᠠᠨ ᠣᠷᠣᠨ ︾ ᠤ ᠬᠠᠯᠬᠠᠪᠴᠢ ᠣᠶ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠠᠮᠵᠢᠯᠴᠠᠨ ᠠᠬᠢᠭᠤᠯᠵᠤ ᠂ ᠭᠤᠣᠯᠳᠠᠯᠭ᠎ᠠ ᠲᠠᠢ ᠡᠯᠡᠰᠦᠷᠬᠡᠭ ᠣᠷᠣᠨ ᠤ ᠬᠤᠰᠢᠭᠤ ᠰᠢᠶᠠᠨ ᠢ ᠨᠢᠭᠡᠳᠦᠯᠲᠡᠢ ᠲᠥᠯᠥᠪᠵᠢᠭᠦᠯᠦᠨ ᠴᠢᠬᠤᠯᠠ ᠶᠡᠭᠡ ᠢᠨᠵᠧᠨᠧᠷᠢᠩ ᠢ ᠠᠬᠢᠭᠤᠯᠵᠤ ᠬᠡᠷᠡᠭᠵᠢᠭᠦᠯᠬᠦ ᠬᠡᠪᠴᠢᠶᠡᠨ ᠳᠤ ᠤᠷᠤᠭᠤᠯᠬᠤ ᠶᠢ ᠰᠤᠳᠤᠯᠤᠨ᠎ᠠ ᠃ ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠬᠤ ᠂ ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ ᠵᠡᠷᠭᠡ ᠳᠠᠬᠢ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ ᠂ ᠬᠠᠲᠤᠨ ᠭᠤᠣᠯ ᠤᠨ ︽ᠶᠡᠭᠡ ᠲᠣᠬᠤᠢ ︾ ᠶᠢᠨ ᠠᠮᠢ ᠠᠬᠤᠢ ᠣᠷᠴᠢᠨ ᠲᠣᠭᠤᠷᠢᠨ ᠢ ᠰᠢᠰᠲ᠋ᠧᠮ ᠲᠠᠢ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠂ ᠬᠤᠷᠴᠢᠨ ᠪᠣᠯᠣᠨ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠂ ᠾᠧ ᠰᠢ ᠶᠢᠨ ᠬᠤᠩᠭᠢᠯ — ᠲᠠᠺᠯᠢᠮᠠᠺᠠᠨ ᠡᠯᠡᠰᠦᠨ ᠴᠥᠯ ᠤᠨ ᠭᠦᠪᠡᠭᠡ ᠳᠠᠭᠠᠤ ᠶᠢᠨ ᠬᠤᠷᠢᠭᠯᠠᠯᠲᠠ ᠶᠢᠨ ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ ᠂ ᠮᠤᠤᠠᠤᠰᠤ ᠶᠢᠨ ᠡᠯᠡᠰᠦᠷᠬᠡᠭ ᠭᠠᠵᠠᠷ ᠂ ᠬᠥᠪᠴᠢ ᠶᠢᠨ ᠡᠯᠡᠰᠦ ᠵᠡᠷᠭᠡ ᠭᠤᠣᠯᠳᠠᠯᠭ᠎ᠠ ᠲᠠᠢ ᠵᠠᠰᠠᠯᠲᠠ ᠶᠢᠨ ᠣᠷᠣᠨ ᠳᠤ ᠨᠢᠭᠡ ᠪᠦᠯᠦᠭ ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠶᠢ ᠳᠡᠮᠵᠢᠵᠦ ᠂ ︽ᠤᠮᠠᠷᠠᠲᠤ ᠶᠢᠨ ᠭᠤᠷᠪᠠᠨ ᠣᠷᠣᠨ ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠠᠮᠢ ᠠᠬᠤᠢ ᠣᠷᠴᠢᠨ ᠲᠣᠭᠤᠷᠢᠨ ᠤ ᠦᠷ᠎ᠡ ᠪᠦᠲᠦᠮᠵᠢ ᠶᠢ ᠦᠨᠡᠯᠡᠨ ᠵᠢᠱᠢᠬᠦ ᠠᠵᠢᠯ ᠢ ᠥᠷᠨᠢᠭᠦᠯᠵᠦ ᠂ ᠨᠡᠶᠢᠰᠯᠡᠯ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨ ᠬᠦ ᠪᠠᠲᠤ ᠴᠣᠭᠴᠠᠯᠠᠨ᠎ᠠ ᠃
︵ᠲᠠᠪᠤ ︶ ᠨᠤᠲᠤᠭ ᠪᠡᠯᠴᠢᠭᠡᠷ ᠣᠶ ᠰᠢᠭᠤᠢ ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠶᠢ ᠴᠢᠩᠭᠠᠳᠬᠠᠨ᠎ᠠ ᠃ ᠶᠡᠭᠡ ᠬᠢᠩᠭᠠᠨ ᠳᠠᠪᠠᠭ᠎ᠠ ᠶᠢᠨ ᠣᠶ ᠰᠢᠭᠤᠢ ᠶᠢᠨ ᠠᠮᠢ ᠠᠬᠤᠢ ᠶᠢ ᠬᠠᠮᠠᠭᠠᠯᠠᠨ ᠪᠣᠶᠢᠵᠢᠭᠤᠯᠬᠤ ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠵᠦ ᠵᠠᠰᠠᠬᠤ ᠂ ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠂ ᠬᠥᠷᠥᠰᠥ ᠰᠢᠷᠣᠢ ᠶᠢ ᠬᠠᠮᠠᠭᠠᠯᠠᠬᠤ ᠂ ᠲᠠᠴᠢᠷᠳᠠᠭᠰᠠᠨ ᠣᠶ ᠰᠢᠭᠤᠢ ᠨᠤᠲᠤᠭ ᠪᠡᠯᠴᠢᠭᠡᠷ ᠢ ᠵᠠᠰᠠᠨ ᠰᠡᠷᠭᠦᠭᠡᠬᠦ ᠵᠡᠷᠭᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ ᠃ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠂ ᠨᠤᠲᠤᠭ ᠪᠡᠯᠴᠢᠭᠡᠷ ᠢ ᠰᠡᠷᠭᠦᠭᠡᠨ ᠰᠠᠶᠢᠵᠢᠷᠠᠭᠤᠯᠬᠤ ᠶᠢ ᠠᠬᠢᠭᠤᠯᠤᠨ ᠂ ᠳᠠᠭᠠᠭᠠᠴᠠ ᠠᠴᠠ ᠨᠢ ᠬᠡᠲᠦᠷᠡᠭᠦᠯᠦᠨ ᠮᠠᠯᠵᠢᠬᠤ ᠶᠢ ᠰᠡᠷᠭᠡᠶᠢᠯᠡᠨ᠎ᠡ ᠃ ᠪᠠᠶᠢᠭᠠᠯᠢᠯᠢᠭ ᠡᠯᠡᠰᠦ ᠪᠠ ᠪᠠᠶᠢᠭᠠᠯᠢᠯᠢᠭ ᠤᠷᠭᠤᠮᠠᠯ ᠤᠨ ᠪᠦᠷᠬᠦᠴᠡ ᠶᠢ ᠪᠢᠲᠡᠭᠦᠮᠵᠢᠯᠡᠨ ᠬᠠᠮᠠᠭᠠᠯᠠᠬᠤ ᠳᠦᠷᠢᠮ ᠢ ᠴᠢᠩᠭ᠎ᠠ ᠬᠡᠷᠡᠭᠵᠢᠭᠦᠯᠵᠦ ᠂ ᠭᠤᠣᠯ ᠪᠤᠯᠬᠤ ᠡᠯᠡᠰᠦᠨ ᠰᠢᠭᠤᠷᠭ᠎ᠠ ᠶᠢᠨ ᠠᠮᠠ ᠂ ᠡᠯᠡᠰᠦᠨ ᠰᠢᠭᠤᠷᠭ᠎ᠠ ᠶᠢᠨ ᠢᠷᠡᠯᠲᠡ ᠶᠢᠨ ᠣᠷᠣᠨ ᠪᠠ ᠡᠯᠡᠰᠦᠨ ᠰᠢᠭᠤᠷᠭ᠎ᠠ ᠶᠢᠨ ᠵᠠᠮ ᠤᠨ ᠣᠷᠣᠨ ᠳᠤ ᠡᠪᠦᠯ ᠤᠨ ᠤᠯᠠᠷᠢᠯ ᠳᠤ ᠬᠠᠭᠠᠯᠪᠤᠷᠢᠯᠠᠬᠤ ᠦᠭᠡᠢ ᠪᠠᠷ ᠭᠤᠤᠷᠰᠤ ᠦᠯᠡᠳᠡᠭᠡᠬᠦ ᠳᠦᠷᠢᠮ ᠢ ᠬᠡᠷᠡᠭᠵᠢᠭᠦᠯᠦᠨ᠎ᠡ ᠃ ᠥᠪᠥᠷ ᠮᠣᠩᠭᠤᠯ ᠤᠨ ᠨᠤᠲᠤᠭ ᠪᠡᠯᠴᠢᠭᠡᠷ ᠤᠨ ᠳᠠᠭᠠᠳᠬᠠᠯ ᠤᠨ ᠲᠤᠷᠰᠢᠯᠲᠠ ᠶᠢ ᠪᠡᠶ᠎ᠡ ᠪᠠᠨ ᠳᠠᠭᠠᠭᠠᠵᠤ ᠥᠷᠨᠢᠭᠦᠯᠬᠦ ᠶᠢ ᠳᠡᠮᠵᠢᠨ᠎ᠡ ᠃ ᠠᠯᠠᠱᠠ ᠠᠭᠤᠯᠠ ᠂ ᠳᠠᠯᠠᠨ ᠬᠠᠷ᠎ᠠ ᠠᠭᠤᠯᠠ ᠵᠡᠷᠭᠡ ᠤᠯᠤᠰ ᠤᠨ ᠴᠡᠴᠡᠷᠯᠢᠭ ᠢ ᠡᠭᠦᠳᠦᠨ ᠪᠠᠶᠢᠭᠤᠯᠵᠤ ᠂ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠠᠮᠢ ᠠᠬᠤᠢ ᠶᠢᠨ ᠤᠬᠠᠭᠠᠨ ᠤ ᠪᠦᠭᠦ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠪᠣᠶᠢᠵᠢᠭᠤᠯᠤᠨ ᠪᠦᠲᠦᠭᠡᠨ ᠪᠠᠶᠢᠭᠤᠯᠤᠨ᠎ᠠ ᠃ ᠥᠪᠥᠷ ᠮᠣᠩᠭᠤᠯ ᠤᠨ ᠤᠯᠤᠰ ᠤᠨ ᠠᠮᠢ ᠠᠬᠤᠢ ᠶᠢᠨ ᠪᠣᠯᠪᠠᠰᠤᠨ ᠤ ᠲᠤᠷᠰᠢᠯᠲᠠ ᠶᠢᠨ ᠣᠷᠣᠨ ᠢ ᠪᠠᠶᠢᠭᠤᠯᠬᠤ ᠶᠢ ᠳᠡᠮᠵᠢᠨ᠎ᠡ ᠃
︵ᠵᠢᠷᠭᠤᠭ᠎ᠠ ︶ ᠣᠷᠴᠢᠨ ᠲᠣᠭᠤᠷᠢᠨ ᠤ ᠪᠣᠬᠢᠷᠳᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠢ ᠥᠷᠨᠢᠭᠦᠯᠦᠨ᠎ᠡ ᠃ ᠬᠥᠬᠡ ᠣᠭᠲᠠᠷᠭᠤᠢ ᠬᠥᠬᠡᠮᠳᠦᠭ ᠤᠰᠤ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠵᠤ ᠂ ᠭᠤᠣᠯᠳᠠᠯᠭ᠎ᠠ ᠲᠠᠢ ᠭᠠᠵᠠᠷ ᠣᠷᠣᠨ ᠤ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠠᠬᠢᠭᠤᠯᠤᠨ᠎ᠠ ᠃ ᠭᠦᠭᠡᠬᠤᠲᠠ ᠪᠤᠭᠤᠲᠤ ᠣᠷᠳᠣᠰ ᠂ ᠦᠬᠠᠢ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠳᠤᠯ ᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠪᠠ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠶᠢ ᠵᠠᠰᠠᠬᠤ ᠶᠢ ᠴᠢᠩᠭᠠᠳᠬᠠᠨ᠎ᠠ ᠃ ᠬᠠᠲᠤᠨ ᠭᠤᠣᠯ ᠳᠤ ᠣᠷᠣᠭᠤᠯᠬᠤ ᠰᠠᠯᠪᠤᠷᠢ ᠤᠷᠤᠰᠬᠠᠯ ᠤᠨ ᠴᠢᠨᠠᠷ ᠮᠠᠭᠤ ᠶᠢ ᠨᠢ ᠠᠷᠢᠯᠭᠠᠬᠤ ᠪᠠ ᠭᠤᠣᠯ ᠳᠤ ᠣᠷᠣᠭᠤᠯᠬᠤ ᠪᠣᠬᠢᠷᠳᠤᠯ ᠭᠠᠳᠠᠭᠰᠢᠯᠠᠭᠤᠯᠬᠤ ᠠᠮᠠ ᠶᠢ ᠲᠥᠷᠥᠯ ᠬᠤᠪᠢᠶᠠᠨ ᠴᠡᠭᠴᠡᠯᠡᠨ ᠵᠠᠰᠠᠬᠤ ᠶᠢ ᠪᠦᠭᠦ ᠲᠠᠯ᠎ᠠ ᠪᠠᠷ ᠬᠡᠷᠡᠭᠵᠢᠭᠦᠯᠵᠦ ᠂ ᠬᠥᠯᠥᠨ ᠨᠠᠭᠤᠷ ᠂ ᠤᠯᠠᠭᠠᠨᠰᠤᠬᠠᠢ ᠂ ᠲᠠᠭ᠎ᠠ ᠶᠢᠨ ᠨᠠᠭᠤᠷ ᠵᠢᠴᠢ ᠴᠠᠭᠠᠨᠨᠠᠭᠤᠷ ᠵᠡᠷᠭᠡ ᠤᠰᠤᠨ ᠤ ᠠᠮᠢ ᠠᠬᠤᠢ ᠶᠢ ᠶᠡᠷᠦᠩᠬᠡᠶᠢᠯᠡᠨ ᠵᠠᠰᠠᠬᠤ ᠶᠢ ᠲᠦᠷᠭᠡᠳᠬᠡᠨ ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠤᠰᠤᠨ ᠤ ᠪᠣᠬᠢᠷᠳᠤᠯ ᠢ ᠴᠡᠭᠴᠡᠯᠡᠨ ᠵᠠᠰᠠᠬᠤ ᠶᠢ ᠴᠢᠩᠭᠠᠳᠬᠠᠵᠤ ᠂ ᠬᠤᠭ ᠨᠣᠪᠰᠢ ᠪᠣᠬᠢᠷ ᠤᠰᠤ ᠶᠢ ᠬᠤᠷᠢᠶᠠᠨ ᠴᠤᠭᠯᠠᠭᠤᠯᠬᠤ ᠂ ᠰᠢᠯᠵᠢᠭᠦᠯᠦᠨ ᠲᠡᠭᠡᠭᠡᠪᠦᠷᠢᠯᠡᠬᠦ ᠂ ᠰᠢᠢᠳᠪᠦᠷᠢᠯᠡᠬᠦ ᠲᠤᠨᠤᠭ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ ᠃ ᠪᠣᠬᠢᠷᠲᠤᠭᠰᠠᠨ ᠲᠠᠷᠢᠶᠠᠨ ᠭᠠᠵᠠᠷ ᠂ ᠠᠭᠤᠷᠬᠠᠢ ᠶᠢᠨ ᠣᠷᠣᠨ ᠤ ᠬᠡᠷᠡᠭᠯᠡᠬᠦ ᠭᠠᠵᠠᠷ ᠵᠡᠷᠭᠡ ᠶᠢᠨ ᠬᠥᠷᠥᠰᠥ ᠰᠢᠷᠣᠢ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠶᠢ ᠴᠢᠩᠭᠠᠳᠬᠠᠨ᠎ᠠ ᠃ ︽ᠬᠠᠶᠠᠭᠳᠠᠮᠠᠯ ᠦᠭᠡᠢ ᠬᠤᠲᠠ ︾ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ ᠃ ᠲᠠᠷᠢᠶᠠᠯᠠᠩ ᠮᠠᠯ ᠠᠵᠤ ᠠᠬᠤᠢ ᠶᠢᠨ ᠣᠯᠠᠨ ᠡᠬᠢᠲᠦ ᠪᠣᠬᠢᠷᠳᠤᠯ ᠤᠨ ᠵᠠᠰᠠᠯᠲᠠ ᠶᠢ ᠠᠬᠢᠭᠤᠯᠤᠨ᠎ᠠ ᠃ ᠥᠪᠥᠷ ᠮᠣᠩᠭᠤᠯ ᠤᠨ ᠪᠣᠬᠢᠷᠳᠤᠯ ᠭᠠᠳᠠᠭᠰᠢᠯᠠᠭᠤᠯᠬᠤ ᠡᠷᠬᠡ ᠶᠢᠨ ᠠᠷᠠᠯᠵᠢᠶ᠎ᠠ ᠶᠢᠨ ᠲᠤᠷᠰᠢᠯᠲᠠ ᠶᠢᠨ ᠴᠡᠭ ᠢ ᠭᠦᠨᠵᠡᠭᠡᠶᠢᠷᠡᠭᠦᠯᠬᠦ ᠶᠢ ᠳᠡᠮᠵᠢᠨ᠎ᠡ ᠃ ᠱᠤᠤᠭᠢᠶᠠᠨ ᠤ ᠪᠣᠬᠢᠷᠳᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠎ᠠ ᠃
︵ᠳᠣᠯᠤᠭ᠎ᠠ ︶ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠡᠷᠭᠢᠯᠲᠡᠲᠦ ᠬᠥᠭᠵᠢᠯᠲᠡ ᠶᠢ ᠠᠬᠢᠭᠤᠯᠤᠨ᠎ᠠ ᠃ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠵᠤ ᠂ ᠡᠨᠧᠷᠭᠢ ᠶᠢᠨ ᠬᠤᠷᠣᠭᠳᠠᠭᠤᠯᠤᠯ ᠤᠨ ᠬᠤᠣᠰ ᠡᠵᠡᠮᠳᠡᠯ ᠢ ᠠᠯᠬᠤᠮ ᠠᠯᠬᠤᠮ ᠢᠶᠠᠷ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠣᠰ ᠡᠵᠡᠮᠳᠡᠯ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ ᠃ ᠬᠤᠣᠯᠢᠨ ᠭᠤᠣᠯ ᠂ ᠪᠤᠭᠤᠲᠤ ᠶᠢᠨ ᠬᠥᠩᠭᠡᠨᠴᠠᠭᠠᠨ ᠤ ᠦᠢᠯᠡᠰ ᠵᠡᠷᠭᠡ ᠪᠠᠭ᠎ᠠ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ ᠂ ᠣᠷᠳᠣᠰ ᠤᠨ ᠮᠧᠩ ᠰᠦ᠋ ᠂ ᠪᠤᠭᠤᠲᠤ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠬᠥᠭᠵᠢᠯᠲᠡ ᠶᠢ ᠠᠬᠢᠭᠤᠯᠤᠨ᠎ᠠ ᠃ ᠪᠦᠭᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠎ᠡ ᠃ ᠬᠤᠲᠠ ᠶᠢᠨ ᠬᠠᠶᠠᠭᠳᠠᠮᠠᠯ ᠪᠣᠳᠠᠰ ᠢ ᠲᠥᠷᠥᠯ ᠬᠤᠪᠢᠶᠠᠨ ᠡᠭᠡᠭᠦᠯᠦᠨ ᠬᠤᠷᠢᠶᠠᠵᠤ ᠠᠰᠢᠭᠯᠠᠬᠤ ᠲᠤᠨᠤᠭ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ ᠂ ᠠᠰᠢᠭᠯᠠᠯᠲᠠ ᠠᠴᠠ ᠭᠠᠷᠤᠭᠰᠠᠨ ᠬᠥᠳᠡᠯᠭᠡᠬᠦ ᠬᠦᠴᠦᠨ ᠤ ᠳ᠋ᠢᠶᠠᠨ ᡂᠢ ᠂ ᠭᠡᠷᠡᠯᠴᠢ ᠴᠡᠨᠡᠭ ᠤᠨ ᠤᠭᠰᠠᠷᠠᠭ᠎ᠠ ᠲᠣᠨᠤᠭ ᠂ ᠰᠠᠷᠬᠢᠷᠠᠭᠤᠯ ᠵᠡᠷᠭᠡ ᠰᠢᠨ᠎ᠡ ᠪᠠᠷ ᠪᠤᠶ ᠪᠣᠯᠤᠭᠰᠠᠨ ᠠᠵᠤ ᠦᠢᠯᠡᠰ ᠤᠨ ᠬᠠᠶᠠᠭᠳᠠᠮᠠᠯ ᠪᠣᠳᠠᠰ ᠢ ᠡᠷᠭᠢᠯᠳᠦᠭᠦᠯᠦᠨ ᠠᠰᠢᠭᠯᠠᠬᠤ ᠶᠢ ᠴᠢᠩᠭᠠᠳᠬᠠᠨ᠎ᠠ ᠃ ᠣᠷᠳᠣᠰ ᠤᠨ ᠨᠤᠨᠳᠠᠭ ᠨᠡᠭᠦᠷᠡᠰᠦᠨ ᠦᠨᠡᠰᠦ ᠠᠴᠠ ᠢᠰᠦᠯᠳᠦᠭᠰᠡᠨ ᠬᠥᠩᠭᠡᠨᠴᠠᠭᠠᠨ ᠭᠠᠷᠭᠠᠵᠤ ᠠᠪᠬᠤ ᠶᠡᠷᠦᠩᠬᠡᠶᠢᠯᠡᠨ ᠠᠰᠢᠭᠯᠠᠬᠤ ᠰᠠᠭᠤᠷᠢᠨ ᠢ ᠪᠦᠲᠦᠭᠡᠨ ᠪᠠᠶᠢᠭᠤᠯᠤᠨ᠎ᠠ ᠃ ᠪᠣᠬᠢᠷᠳᠤᠯ ᠦᠭᠡᠢ ᠬᠦᠨᠳᠦ ᠭᠡᠯᠪᠡᠷᠢ ᠶᠢᠨ ᠪᠠᠷᠠᠭᠠᠨ ᠤ ᠲᠡᠷᠭᠡ ᠶᠢ ᠳᠡᠯᠭᠡᠷᠡᠭᠦᠯᠵᠦ ᠂ ᠨᠡᠭᠦᠷᠡᠰᠦᠨ ᠠᠭᠤᠷᠬᠠᠢ ᠶᠢᠨ ᠣᠷᠣᠨ ᠂ ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠪᠣᠯᠣᠨ ᠪᠣᠯᠣᠳ ᠲᠡᠮᠦᠷ ᠂ ᠢᠯᠴᠢ ᠶᠢᠨ ᠴᠠᠭᠢᠯᠭᠠᠨ ᠵᠡᠷᠭᠡ ᠬᠦᠷᠢᠶ᠎ᠡ ᠴᠠᠷᠠᠭ᠎ᠠ ᠳᠤ ᠨᠢᠭᠡ ᠪᠦᠯᠦᠭ ᠴᠡᠪᠡᠷ ᠲᠡᠭᠡᠭᠡᠪᠦᠷᠢ ᠶᠢᠨ ᠠᠵᠤ ᠠᠬᠤᠶᠢᠯᠠᠯ ᠢ ᠪᠣᠶᠢᠵᠢᠭᠤᠯᠤᠨ᠎ᠠ ᠃ ᠥᠪᠥᠷ ᠮᠣᠩᠭᠤᠯ ᠤᠨ ᠨᠡᠭᠦᠷᠡᠰᠦᠲᠥ᠋ᠷᠥᠭᠴᠢ ᠶᠢ ᠬᠢᠨᠠᠨ ᠬᠡᠮᠵᠢᠵᠦ ᠦᠨᠡᠯᠡᠨ ᠵᠢᠱᠢᠬᠦ ᠲᠤᠷᠰᠢᠯᠲᠠ ᠶᠢᠨ ᠴᠡᠭ ᠤᠨ ᠠᠵᠢᠯ ᠢ ᠭᠦᠨᠵᠡᠭᠡᠶᠢᠷᠡᠭᠦᠯᠵᠦ ᠂ ᠨᠡᠭᠦᠷᠡᠰᠦᠲᠥ᠋ᠷᠥᠭᠴᠢ ᠶᠢ ᠬᠢᠨᠠᠨ ᠬᠡᠮᠵᠢᠵᠦ ᠦᠨᠡᠯᠡᠨ ᠵᠢᠱᠢᠬᠦ ᠮᠡᠷᠭᠡᠵᠢᠯ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ ᠃ ᠥᠪᠥᠷ ᠮᠣᠩᠭᠤᠯ ᠳᠤ ᠨᠡᠭᠦᠷᠡᠰᠦᠲᠥ᠋ᠷᠥᠭᠴᠢ ᠶᠢᠨ ᠬᠡᠮᠵᠢᠯᠲᠡ ᠶᠢᠨ ᠲᠥᠪ ᠢ ᠪᠦᠲᠦᠭᠡᠨ ᠪᠠᠶᠢᠭᠤᠯᠵᠤ ᠂ ᠣᠶ ᠰᠢᠭᠤᠢ ᠨᠤᠲᠤᠭ ᠪᠡᠯᠴᠢᠭᠡᠷ ᠨᠤᠭᠤ ᠭᠠᠵᠠᠷ ᠴᠥᠯᠯᠡᠷᠭᠡᠭ ᠭᠠᠵᠠᠷ ᠤᠨ ᠨᠡᠭᠦᠷᠡᠰᠦᠲᠥ᠋ᠷᠥᠭᠴᠢ ᠬᠤᠷᠠᠮᠳᠤᠭᠤᠯᠬᠤ ᠬᠡᠮᠵᠢᠯᠲᠡ ᠶᠢᠨ ᠬᠢᠨᠠᠨ ᠰᠢᠨᠵᠢᠬᠦ ᠰᠢᠰᠲ᠋ᠧᠮ ᠢ ᠪᠦᠷᠢᠨᠰᠢᠭᠦᠯᠦᠨ᠎ᠡ ᠃ ᠬᠥᠯᠥᠨ ᠪᠤᠶᠢᠷ ᠂ ᠬᠢᠩᠭᠠᠨ ᠠᠶᠢᠮᠠᠭ ᠂ ᠤᠯᠠᠭᠠᠨᠬᠠᠳᠠ ᠵᠡᠷᠭᠡ ᠭᠠᠵᠠᠷ ᠣᠷᠣᠨ ᠤ ᠠᠮᠢ ᠠᠬᠤᠢ ᠶᠢᠨ ᠦᠢᠯᠡᠳᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢ ᠰᠦᠪᠡᠭᠴᠢᠯᠡᠬᠦ ᠶᠢ ᠳᠠᠮᠵᠢᠨ᠎ᠠ ᠃ ᠥᠪᠥᠷ ᠮᠣᠩᠭᠤᠯ ᠤᠨ ᠪᠣᠬᠢᠷᠳᠤᠯ ᠦᠭᠡᠢ ᠮᠥᠩᠭᠦᠨ ᠭᠦᠢᠯᠭᠡᠭᠡᠨ ᠢ ᠬᠥᠭᠵᠢᠭᠦᠯᠬᠦ ᠶᠢ ᠳᠡᠮᠵᠢᠨ᠎ᠡ ᠃
ᠭᠤᠷᠪᠠ ᠂ ᠠᠵᠤ ᠦᠢᠯᠡᠰ ᠤᠨ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠣᠬᠢᠷᠠᠭᠤᠯᠤᠨ ᠰᠢᠯᠢᠳᠡᠭᠵᠢᠭᠦᠯᠬᠦ ᠶᠢ ᠠᠬᠢᠭᠤᠯᠵᠤ ᠂ ᠤᠯᠠᠨ ᠡᠰᠢᠵᠢᠨ ᠬᠥᠭᠵᠢᠵᠦ ᠂ ᠤᠯᠠᠨ ᠲᠤᠶᠢᠯ ᠢᠶᠠᠷ ᠲᠤᠯᠭᠠᠭᠤᠷᠢᠯᠠᠭᠤᠯᠤᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ
︵ᠨᠠᠢᠮᠠ ︶ ᠰᠢᠨ᠎ᠡ ᠶᠢ ᠡᠭᠦᠳᠦᠨ ᠬᠥᠭᠵᠢᠬᠦ ᠴᠢᠳᠠᠪᠤᠷᠢ ᠶᠢ ᠴᠢᠩᠭᠠᠷᠠᠭᠤᠯᠤᠨ᠎ᠠ ᠃ ᠰᠢᠨ᠎ᠡ ᠡᠨᠧᠷᠭᠢ ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠂ ᠨᠡᠭᠦᠷᠡᠰᠦ ᠪᠠᠷ ᠰᠠᠭᠤᠷᠢᠯᠠᠭᠰᠠᠨ ᠰᠢᠨ᠎ᠡ ᠮᠠᠲ᠋ᠧᠷᠢᠶᠠᠯ ᠂ ᠪᠠᠯ ᠴᠢᠯᠠᠭᠤᠨ ᠠᠯᠺᠧᠨ ᠂ ᠤᠰᠤᠲᠥ᠋ᠷᠥᠭᠴᠢ ᠡᠨᠧᠷᠭᠢ ᠂ ᠠᠮᠢᠳᠤ ᠪᠣᠳᠠᠰ ᠤᠨ ᠡᠮ ᠦᠢᠯᠡᠳᠬᠦ ᠂ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ ᠂ ᠡᠪᠡᠰᠦᠨ ᠤ ᠦᠢᠯᠡᠰ ᠵᠡᠷᠭᠡ ᠳᠠᠪᠠᠭᠤᠯᠢᠭ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠂ ᠤᠯᠤᠰ ᠤᠨ ᠲᠠᠰ ᠤᠨ ᠰᠢᠨ᠎ᠡ ᠶᠢ ᠡᠭᠦᠳᠬᠦ ᠲᠠᠪᠴᠠᠩ ᠢ ᠪᠠᠶᠢᠷᠢᠯᠠᠭᠤᠯᠤᠨ ᠪᠠᠶᠢᠭᠤᠯᠤᠨ᠎ᠠ ᠃ ᠭᠦᠭᠡᠬᠤᠲᠠ ᠪᠤᠭᠤᠲᠤ ᠣᠷᠳᠣᠰ ᠤᠨ ᠳᠡᠰ ᠳᠠᠷᠠᠭᠠᠯᠠᠯ ᠶᠣᠰᠣᠭᠠᠷ ᠤᠯᠤᠰ ᠠᠴᠠ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠭᠦ ᠣᠷᠣᠨ ᠢ ᠭᠤᠶᠤᠴᠢᠯᠠᠨ ᠡᠭᠦᠳᠦᠨ ᠪᠠᠶᠢᠭᠤᠯᠬᠤ ᠶᠢ ᠳᠠᠮᠵᠢᠨ᠎ᠠ ᠃ ᠤᠯᠤᠰ ᠤᠨ ᠴᠠᠭᠠᠨ ᠢᠳᠡᠭᠡᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠬᠤ ᠶᠢ ᠲᠦᠷᠭᠡᠳᠬᠡᠨ ᠠᠬᠢᠭᠤᠯᠵᠤ ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠂ ᠡᠪᠡᠰᠦᠨ ᠦᠷ᠎ᠡ ᠶᠢᠨ ᠦᠢᠯᠡᠰ ᠤᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠡᠭᠦᠳᠦᠨ ᠪᠠᠶᠢᠭᠤᠯᠬᠤ ᠶᠢ ᠰᠤᠳᠤᠯᠤᠨ ᠳᠡᠮᠵᠢᠨ᠎ᠡ ᠃ ᠲᠠᠯ᠎ᠠ ᠨᠤᠲᠤᠭ ᠤᠨ ᠭᠡᠷ ᠤᠨ ᠲᠡᠵᠢᠭᠡᠪᠦᠷᠢ ᠶᠢᠨ ᠦᠷᠡᠵᠢᠯ ᠢ ᠲᠣᠬᠢᠷᠠᠭᠤᠯᠤᠨ ᠡᠵᠡᠮᠳᠡᠬᠦ ᠪᠠ ᠦᠷᠡᠵᠢᠭᠦᠯᠦᠨ ᠪᠣᠶᠢᠵᠢᠭᠤᠯᠬᠤ ᠵᠡᠷᠭᠡ ᠬᠦᠷᠢᠶᠡᠨ ᠳᠤ ᠪᠦᠭᠦ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠪᠠᠶᠢᠭᠤᠯᠬᠤ ᠶᠢ ᠵᠣᠷᠢᠭᠵᠢᠭᠤᠯᠤᠨ᠎ᠠ ᠃ ᠥᠪᠥᠷ ᠮᠣᠩᠭᠤᠯ ᠤᠨ ᠳᠠᠪᠠᠭᠤᠯᠢᠭ ᠰᠢᠨᠵᠢᠯᠡᠬᠦ ᠤᠬᠠᠭᠠᠨ ᠤ ᠰᠤᠳᠤᠯᠭᠠᠨ ᠤ ᠬᠦᠴᠦᠨ ᠤᠯᠤᠰ ᠤᠨ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠳᠡᠮᠵᠢᠵᠦ ᠂ ᠰᠢᠨ᠎ᠡ ᠡᠨᠧᠷᠭᠢ ᠪᠠᠷ ᠴᠠᠭᠢᠯᠭᠠᠨ ᠭᠠᠷᠭᠠᠬᠤ ᠂ ᠪᠣᠬᠢᠷᠳᠤᠯ ᠦᠭᠡᠢ ᠤᠰᠤᠲᠥ᠋ᠷᠥᠭᠴᠢ ᠦᠢᠯᠡᠳᠴᠦ ᠭᠠᠷᠭᠠᠬᠤ ᠂ ᠨᠡᠭᠦᠷᠡᠰᠦ ᠪᠠᠷ ᠥᠨᠳᠥᠷ ᠦᠷ᠎ᠡ ᠪᠦᠲᠦᠮᠵᠢᠲᠡᠶ ᠠᠮᠢᠳᠤᠯᠢᠭ ᠢᠶᠠᠷ ᠴᠠᠭᠢᠯᠭᠠᠨ ᠭᠠᠷᠭᠠᠬᠤ ᠂ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠵᠡᠷᠭᠡ ᠶᠢᠨ ᠰᠤᠳᠤᠯᠭᠠᠨ ᠪᠠ ᠦᠢᠯᠡᠳᠦᠯᠭᠡ ᠶᠢ ᠥᠷᠨᠢᠭᠦᠯᠦᠨ᠎ᠡ ᠃ ᠤᠯᠤᠰ ᠤᠨ ᠴᠢᠬᠤᠯᠠ ᠶᠡᠭᠡ ᠴᠢᠳᠠᠪᠤᠷᠢᠲᠠᠨ ᠤ ᠢᠨᠵᠧᠨᠧᠷᠢᠩ ᠤᠨ ᠲᠥᠯᠥᠪᠯᠡᠭᠡ ᠪᠠ ᠤᠯᠤᠰ ᠤᠨ ᠴᠢᠳᠠᠪᠤᠷᠢᠲᠠᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠠᠯ᠎ᠠ ᠪᠠᠷ ᠬᠡᠯᠪᠡᠶᠢᠯᠭᠡᠵᠦ ᠬᠠᠷᠠᠭᠠᠯᠵᠠᠯ ᠦᠵᠡᠭᠦᠯᠦᠨ᠎ᠡ ᠃ ᠪᠠᠴᠢᠮ ᠬᠡᠷᠡᠭᠴᠡᠭᠡ ᠲᠠᠢ ᠲᠤᠲᠠᠭᠳᠠᠵᠤ ᠪᠠᠶᠢᠭ᠎ᠠ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠥᠵᠢᠭᠦᠯᠬᠦ ᠶᠢ ᠳᠡᠮᠵᠢᠵᠦ ᠂ ᠭᠠᠵᠠᠷ ᠣᠷᠣᠨ ᠤ ᠴᠢᠨᠠᠷᠲᠠᠢ ᠨᠥᠬᠦᠪᠦᠷᠢ ᠮᠥᠩᠭᠦ ᠶᠢᠨ ᠬᠠᠷᠠᠭᠠᠯᠵᠠᠯ ᠦᠵᠡᠭᠦᠯᠭᠦ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ ᠃
︵ᠶᠢᠰᠦ ︶ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠲᠦᠷᠭᠡᠳᠬᠡᠨ᠎ᠡ ᠃ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠶᠡᠭᠡ ᠪᠠᠷ ᠠᠬᠢᠭᠤᠯᠵᠤ ᠂ ᠥᠪᠥᠷ ᠮᠣᠩᠭᠤᠯ ᠤᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠢ ᠪᠣᠶᠢᠵᠢᠭᠤᠯᠤᠨ ᠬᠥᠭᠵᠢᠭᠦᠯᠬᠦ ᠶᠢ ᠳᠡᠮᠵᠢᠨ᠎ᠡ ᠃ ᠪᠣᠯᠣᠳ ᠲᠡᠮᠦᠷ ᠂ ᠥᠩᠭᠡᠲᠦ ᠲᠡᠮᠦᠷᠯᠢᠭ ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠡᠨᠧᠷᠭᠢ ᠠᠷᠪᠢᠯᠠᠵᠤ ᠪᠣᠬᠢᠷᠳᠤᠯ ᠢ ᠪᠠᠭᠠᠰᠬᠠᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠮᠡᠷᠭᠡᠵᠢᠯ ᠤᠨ ᠥᠭᠡᠷᠡᠴᠢᠯᠡᠯᠲᠡ ᠶᠢ ᠥᠷᠨᠢᠭᠦᠯᠵᠦ ᠂ ᠨᠡᠭᠦᠷᠡᠰᠦ ᠬᠡᠦᠷᠰᠢᠭᠦᠯᠬᠦ ᠬᠢᠮᠢ ᠶᠢᠨ ᠠᠵᠤ ᠦᠢᠯᠡᠳᠪᠦᠷᠢ ᠂ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠂ ᠹᠯᠣᠷ ᠴᠠᠬᠢᠭᠤᠷ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠎ᠠ ᠃ ᠲᠡᠮᠦᠷ ᠤᠨ ᠬᠠᠶᠢᠯᠤᠰᠢ ᠂ ᠬᠡᠦᠷᠰᠢᠭᠦᠯᠬᠦ ᠵᠡᠷᠭᠡ ᠬᠦᠷᠢᠶᠡᠨ ᠤ ᠠᠵᠤ ᠠᠬᠤᠶᠢᠯᠠᠯ ᠢ ᠰᠢᠯᠢᠳᠡᠭᠵᠢᠭᠦᠯᠦᠨ ᠲᠠᠭᠢᠨ ᠪᠠᠶᠢᠭᠤᠯᠬᠤ ᠶᠢ ᠵᠣᠷᠢᠭᠵᠢᠭᠤᠯᠤᠨ᠎ᠠ ᠃ ᠭᠡᠷᠡᠯᠴᠢ ᠴᠡᠨᠡᠭ ᠦᠢᠯᠡᠳᠬᠦ ᠂ ᠦᠯᠢᠶᠡᠭᠦᠷ ᠮᠠᠰᠢᠨ ᠦᠢᠯᠡᠳᠬᠦ ᠵᠡᠷᠭᠡ ᠣᠳᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠢ ᠡᠮᠬᠢ ᠵᠢᠷᠤᠮ ᠲᠠᠢ ᠬᠥᠭᠵᠢᠭᠦᠯᠵᠦ ᠂ ᠡᠯᠧᠺᠲᠷᠣᠨ ᠳᠡᠰ ᠤᠨ ᠲᠠᠯᠠᠰᠲᠤ ᠴᠠᠬᠢᠭᠤᠷ ᠂ ᠣᠨᠴᠠ ᠲᠥᠷᠥᠯ ᠤᠨ ᠬᠠᠶᠢᠯᠤᠰᠢ ᠵᠡᠷᠭᠡ ᠰᠢᠨ᠎ᠡ ᠮᠠᠲ᠋ᠧᠷᠢᠶᠠᠯ ᠢ ᠲᠦᠷᠭᠡᠳᠬᠡᠨ ᠬᠥᠭᠵᠢᠭᠦᠯᠦᠨ᠎ᠡ ᠃ ᠥᠪᠥᠷ ᠮᠣᠩᠭᠤᠯ ᠳᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ ᠲᠥᠷᠥᠯ ᠵᠦᠢᠯ ᠪᠠᠶᠢᠷᠢᠯᠠᠭᠤᠯᠬᠤ ᠶᠢ ᠳᠡᠮᠵᠢᠵᠦ ᠂ ᠠᠷᠠᠳ ᠤᠨ ᠠᠭᠠᠷ ᠤᠨ ᠠᠶᠠᠯᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ ︶᠂ ᠲᠦᠭᠦᠬᠡᠢ ᠮᠠᠲ᠋ᠧᠷᠢᠶᠠᠯ ᠤᠨ ᠡᠮ ᠵᠡᠷᠭᠡ ᠡᠮ ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ ᠶᠢ
ᠠᠬᠢᠭᠤᠯᠤᠨ᠎ᠠ ᠃
︵ᠠᠷᠪᠠ ︶ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠬᠥᠭᠵᠢᠯᠲᠡ ᠶᠢ ᠠᠬᠢᠭᠤᠯᠤᠨ᠎ᠠ ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠬᠢᠭᠡᠳ ᠲᠡᠷᠢᠭᠦᠨ ᠤ ᠦᠢᠯᠡᠳᠬᠦ ᠦᠢᠯᠡᠰ ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠭᠤᠰᠤᠯᠴᠠᠨ ᠬᠥᠭᠵᠢᠬᠦ ᠶᠢ ᠵᠣᠷᠢᠭᠵᠢᠭᠤᠯᠤᠨ᠎ᠠ ᠃ ᠪᠤᠭᠤᠲᠤ ᠶᠢᠨ ᠬᠤᠪᠣᠷ ᠰᠢᠷᠣᠢ ᠶᠢᠨ ᠪᠦᠲᠦᠭᠡᠭᠳᠡᠬᠦᠨ ᠢ ᠰᠢᠯᠭᠠᠨ ᠪᠠᠶᠢᠴᠠᠭᠠᠬᠤ ᠲᠥᠪ ᠢ ᠲᠦᠷᠭᠡᠳᠬᠡᠨ ᠪᠠᠶᠢᠭᠤᠯᠤᠨ᠎ᠠ ᠃ ᠥᠪᠥᠷ ᠮᠣᠩᠭᠤᠯ ᠤᠨ ᠬᠦᠢᠰᠦ ᠪᠤᠯᠬᠤ ᠠᠵᠤ ᠠᠬᠤᠢ ᠶᠢᠨ ᠬᠥᠭᠵᠢᠯᠲᠡ ᠶᠢ ᠳᠡᠮᠵᠢᠵᠦ ᠂ ᠤᠯᠤᠰ ᠤᠨ ᠪᠠᠷᠠᠭᠠᠨ ᠤ ᠭᠦᠢᠯᠭᠡᠭᠡ ᠶᠢᠨ ᠬᠦᠢᠰᠦ ᠂ ᠤᠯᠤᠰ ᠤᠨ ᠭᠤᠣᠯᠯᠠᠬᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ ᠃ ᠵᠠᠰᠠᠮᠠᠯ ᠵᠠᠮ ᠤᠨ ᠴᠢᠩᠭᠡᠯᠢᠭ ᠤᠨ ᠬᠡᠰᠡᠭᠴᠢᠯᠡᠭᠰᠡᠨ ᠲᠡᠭᠡᠭᠡᠪᠦᠷᠢ ᠶᠢ ᠰᠤᠳᠤᠯᠤᠨ ᠬᠡᠷᠡᠭᠯᠡᠨ᠎ᠡ ᠃ ᠨᠠᠰᠤᠲᠠᠶᠢᠴᠤᠳ ᠤᠨ ᠠᠵᠤ ᠠᠬᠤᠢ ᠶᠢ ᠪᠣᠶᠢᠵᠢᠭᠤᠯᠤᠨ ᠬᠥᠭᠵᠢᠭᠦᠯᠦᠨ᠎ᠡ ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠵᠠᠯᠭᠠᠮᠵᠢᠯᠠᠨ ᠬᠥᠭᠵᠢᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ ᠃ ᠪᠠᠷᠠᠭᠤᠨ ᠯᠢᠶᠣᠤᠾᠧ ᠭᠤᠣᠯ ᠤᠨ ᠪᠣᠯᠪᠠᠰᠤᠨ ᠤ ᠰᠤᠳᠤᠯᠭᠠᠨ ᠢ ᠳᠤᠮᠳᠠᠳᠤ ᠶᠢᠨ ᠪᠣᠯᠪᠠᠰᠤᠨ ᠤ ᠡᠬᠢ ᠰᠤᠷᠪᠤᠯᠵᠢ ᠶᠢ ᠬᠠᠶᠢᠨ ᠰᠢᠨᠵᠢᠯᠡᠬᠦ ᠢᠨᠵᠧᠨᠧᠷᠢᠩ ᠳᠤ ᠣᠷᠣᠭᠤᠯᠵᠤ ᠂ ᠬᠤᠩᠱᠠᠨ ᠤ ᠰᠣᠶᠣᠯ ᠤᠨ ᠪᠠᠭᠤᠷᠢ ᠶᠢ ᠳᠡᠯᠡᠬᠡᠢ ᠶᠢᠨ ᠰᠣᠶᠣᠯ ᠤᠨ ᠥᠪ ᠢᠶᠠᠷ ᠮᠡᠳᠡᠭᠦᠯᠬᠦ ᠶᠢ ᠳᠠᠮᠵᠢᠨ᠎ᠠ ᠃ ᠣᠷᠳᠣ ᠴᠠᠭᠠᠨ ᠬᠡᠷᠡᠮ ᠂ ᠬᠠᠲᠤᠨ ᠭᠤᠣᠯ ᠤᠨ ᠤᠯᠤᠰ ᠤᠨ ᠰᠣᠶᠣᠯ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠷᠠᠰᠢᠶᠠᠨ ᠤ ᠤᠯᠤᠰ ᠤᠨ ᠲᠠᠰ ᠤᠨ ᠵᠢᠭᠤᠯᠴᠢᠯᠠᠯ ᠰᠡᠯᠡᠭᠦᠴᠡᠨ ᠠᠮᠠᠷᠠᠬᠤ ᠣᠷᠣᠨ ᠪᠠᠶᠢᠭᠤᠯᠬᠤ ᠶᠢ ᠳᠡᠮᠵᠢᠨ᠎ᠡ ᠃ ᠵᠡᠭᠦᠨ ᠬᠠᠲᠠᠪᠴᠢ ᠵᠡᠷᠭᠡ ᠬᠢᠯᠢ ᠶᠢᠨ ᠬᠤᠰᠢᠭᠤ ᠰᠢᠶᠠᠨ ᠳᠤ ᠬᠢᠯᠢ ᠶᠢᠨ ᠵᠢᠭᠤᠯᠴᠢᠯᠠᠯ ᠤᠨ ᠲᠤᠷᠰᠢᠯᠲᠠ ᠶᠢᠨ ᠣᠷᠣᠨ ᠤ ᠥᠭᠡᠷᠡᠴᠢᠯᠡᠯᠲᠡ ᠶᠢᠨ ᠲᠤᠷᠰᠢᠯᠲᠠ ᠬᠢᠬᠦ ᠶᠢ ᠳᠠᠮᠵᠢᠨ᠎ᠠ ᠃ ᠬᠤᠷᠢᠨᠭᠡᠷ ᠤᠨ ᠮᠥᠩᠭᠦᠨ ᠭᠦᠢᠯᠭᠡᠭᠡᠨ ᠤ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠢ ᠰᠤᠳᠤᠯᠤᠨ ᠪᠠᠶᠢᠭᠤᠯᠤᠨ᠎ᠠ ᠃ ᠥᠪᠥᠷ ᠮᠣᠩᠭᠤᠯ ᠤᠨ ᠪᠡᠯᠡ ᠬᠤᠷᠠᠮᠳᠤᠭᠤᠯᠭ᠎ᠠ ᠶᠢ ᠪᠠᠲᠤᠯᠠᠬᠤ ᠪᠠᠶᠢᠭᠤᠯᠤᠮᠵᠢ ᠶᠢᠨ ᠤᠯᠤᠰ ᠤᠨ ᠪᠡᠯᠡ ᠬᠤᠷᠠᠮᠳᠤᠭᠤᠯᠭ᠎ᠠ ᠶᠢᠨ ᠪᠠᠲᠤᠯᠠᠬᠤ ᠰᠠᠭᠤᠷᠢ ᠮᠥᠩᠭᠦ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠳᠡᠮᠵᠢᠨ᠎ᠡ ᠃
︵ᠠᠷᠪᠠᠨ ᠨᠢᠭᠡ ︶ ᠰᠠᠭᠤᠷᠢ ᠲᠥᠬᠦᠭᠡᠷᠦᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ ᠃ ᠭᠦᠭᠡᠬᠤᠲᠠ ᠠᠴᠠ ᠨᠠᠨᠨᠢᠩ ᠬᠦᠷᠬᠦ ᠵᠠᠮ ᠪᠣᠯᠣᠨ ᠪᠤᠭᠤᠲᠤ ︵ᠢᠷᠭᠠᠢ ︶ ᠠᠴᠠ ᠬᠠᠶᠢᠺᠧᠦ ᠬᠦᠷᠬᠦ ᠵᠠᠮ ᠢ ᠵᠣᠯᠭᠠᠭᠤᠯᠬᠤ ᠶᠢ ᠰᠤᠳᠤᠯᠤᠨ ᠴᠢᠩᠭᠠᠳᠬᠠᠵᠤ ᠂ ᠪᠤᠭᠤᠲᠤ ᠠᠴᠠ ᠣᠷᠳᠣᠰ ᠢ ᠳᠠᠮᠵᠢᠭᠠᠳ ᠲᠡᠮᠡᠭᠡᠲᠦ ᠬᠦᠷᠬᠦ ᠲᠡᠮᠦᠷ ᠵᠠᠮ ᠂ ᠯᠢᠨᠾᠧ ᠠᠴᠠ ᠬᠠᠮᠢ ᠬᠦᠷᠬᠦ ᠲᠡᠮᠦᠷ ᠵᠠᠮ ᠤᠨ ᠯᠢᠨᠾᠧ ᠠᠴᠠ ᠡᠵᠡᠨ᠎ᠡ ᠬᠦᠷᠬᠦ ᠬᠡᠰᠡᠭ ᠤᠨ ᠴᠢᠳᠠᠪᠤᠷᠢ ᠶᠢ ᠥᠷᠭᠡᠳᠬᠡᠬᠦ ᠥᠭᠡᠷᠡᠴᠢᠯᠡᠯᠲᠡ ᠶᠢᠨ ᠢᠨᠵᠧᠨᠧᠷᠢᠩ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠴᠢᠴᠢᠬᠠᠷ ᠠᠴᠠ ᠬᠠᠶᠢᠯᠠᠷ ᠬᠦᠷᠬᠦ ᠂ ᠬᠠᠶᠢᠯᠠᠷ ᠠᠴᠠ ᠾᠧᠢ ᠱᠠᠨ ᠲᠧᠦ ᠬᠦᠷᠬᠦ ᠲᠡᠮᠦᠷ ᠵᠠᠮ ᠢ ᠪᠦᠲᠦᠭᠡᠨ ᠪᠠᠶᠢᠭᠤᠯᠬᠤ ᠶᠢ ᠰᠤᠳᠤᠯᠵᠤ ᠂ ᠤᠯᠠᠭᠠᠨᠬᠤᠲᠠ ᠠᠴᠠ ᠷᠠᠰᠢᠶᠠᠨ ᠬᠦᠷᠬᠦ ᠂ ᠷᠠᠰᠢᠶᠠᠨ ᠠᠴᠠ ᠬᠠᠶᠢᠯᠠᠷ ᠬᠦᠷᠬᠦ ᠲᠡᠮᠦᠷ ᠵᠠᠮ ᠢᠶᠠᠷ ᠬᠥᠳᠡᠯᠭᠡᠬᠦ ᠬᠦᠴᠦᠨᠲᠦ ᠭᠠᠯᠲᠤ ᠲᠡᠷᠭᠡ ᠶᠠᠪᠤᠭᠤᠯᠬᠤ ᠥᠭᠡᠷᠡᠴᠢᠯᠡᠯᠲᠡ ᠶᠢ ᠠᠬᠢᠭᠤᠯᠵᠤ ᠂ ᠥᠪᠥᠷ ᠮᠣᠩᠭᠤᠯ ᠤᠨ ᠵᠡᠭᠦᠨ ᠳᠤᠮᠳᠠ ᠪᠠᠷᠠᠭᠤᠨ ᠬᠡᠰᠡᠭ ᠢ ᠬᠤᠯᠪᠣᠬᠤ ᠲᠡᠮᠦᠷ ᠵᠠᠮ ᠢ ᠪᠠᠶᠢᠭᠤᠯᠤᠨ᠎ᠠ ᠃ ᠣᠷᠣᠨ ᠨᠤᠲᠤᠭ ᠤᠨ ᠥᠷᠢ ᠥᠭᠴᠡᠭᠡ ᠶᠢᠨ ᠲᠦᠭᠰᠢᠭᠦᠷᠢ ᠶᠢ ᠴᠢᠩᠭ᠎ᠠ ᠰᠡᠷᠭᠡᠶᠢᠯᠡᠭᠰᠡᠨ ᠤᠷᠢᠲᠠᠯ ᠳᠣᠣᠷ᠎ᠠ ᠂ ᠤᠯᠤᠰ ᠤᠨ ᠲᠦᠷᠭᠡᠨ ᠤ ᠵᠠᠰᠠᠮᠠᠯ ᠵᠠᠮ ᠤᠨ ᠭᠤᠣᠯ ᠱᠤᠭᠤᠮ ᠤᠨ ᠥᠪᠥᠷ ᠮᠣᠩᠭᠤᠯ ᠳᠠᠬᠢ ᠬᠡᠰᠡᠭ ᠢ ᠪᠦᠭᠦᠨ ᠢ ᠨᠡᠪᠲᠡᠷᠡᠭᠦᠯᠬᠦ ᠂ ᠠᠶᠢᠮᠠᠭ ᠬᠤᠲᠠ ᠶᠢᠨ ᠲᠦᠷᠭᠡᠨ ᠤ ᠵᠠᠰᠠᠮᠠᠯ ᠵᠠᠮ ᠢ ᠨᠡᠪᠲᠡᠷᠡᠭᠦᠯᠬᠦ ᠂ ᠬᠤᠲᠠ ᠶᠢᠨ ᠲᠣᠭᠤᠷᠢᠭ ᠤᠨ ᠬᠥᠮᠥᠨ ᠠᠮᠠ ᠨᠢ 10 ᠲᠦᠮᠡ ᠠᠴᠠ ᠳᠡᠭᠡᠭᠰᠢᠬᠢ ᠬᠤᠰᠢᠭᠤ ᠰᠢᠶᠠᠨ ᠤ ᠲᠦᠷᠭᠡᠨ ᠤ ᠵᠠᠰᠠᠮᠠᠯ ᠵᠠᠮ ᠢ ᠬᠤᠯᠪᠣᠨ ᠨᠡᠪᠲᠡᠷᠡᠭᠦᠯᠬᠦ ᠂ ᠭᠤᠣᠯᠳᠠᠯᠭ᠎ᠠ ᠲᠠᠢ ᠪᠣᠭᠤᠮᠲᠠ ᠶᠢᠨ ᠲᠦᠷᠭᠡᠨ ᠤ ᠵᠠᠰᠠᠮᠠᠯ ᠵᠠᠮ ᠢ ᠬᠤᠯᠪᠣᠨ ᠨᠡᠪᠲᠡᠷᠡᠭᠦᠯᠬᠦ ᠶᠢ ᠠᠬᠢᠭᠤᠯᠤᠨ᠎ᠠ ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠤᠨᠤᠭ ᠲᠥᠬᠦᠭᠡᠷᠦᠮᠵᠢ ᠪᠣᠯᠣᠨ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠲᠤᠨᠤᠭ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ ᠃ ᠭᠤᠣᠯᠳᠠᠯᠭ᠎ᠠ ᠲᠠᠢ ᠬᠤᠰᠢᠭᠤ ᠰᠢᠶᠠᠨ ᠳᠤ ᠲᠡᠭᠡᠭᠡᠪᠦᠷᠢ ᠶᠢᠨ ᠪᠣᠯᠣᠨ ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠪᠦᠲᠦᠭᠡᠨ ᠪᠠᠶᠢᠭᠤᠯᠬᠤ ᠶᠢ ᠳᠡᠮᠵᠢᠨ᠎ᠡ ᠃ ᠥᠪᠥᠷ ᠮᠣᠩᠭᠤᠯ ᠤᠨ ᠴᠠᠭᠢᠯᠭᠠᠨ ᠬᠤᠯᠪᠣᠭᠠᠨ ᠤ ᠨᠡᠶᠢᠳᠡᠮ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ ᠃ ᠳᠣᠣᠷ᠎ᠠ ᠠᠭᠠᠷ ᠤᠨ ᠣᠷᠣᠨ ᠤ ᠥᠭᠡᠷᠡᠴᠢᠯᠡᠯᠲᠡ ᠶᠢ ᠥᠷᠨᠢᠭᠦᠯᠵᠦ ᠂ ᠳᠣᠣᠷ᠎ᠠ ᠠᠭᠠᠷ ᠤᠨ ᠠᠵᠤ ᠠᠬᠤᠢ ᠶᠢ ᠬᠥᠭᠵᠢᠭᠦᠯᠦᠨ᠎ᠡ ᠃ ᠪᠦᠭᠦ ᠤᠯᠤᠰ ᠤᠨ ᠨᠢᠭᠡ ᠴᠣᠭᠴᠠᠵᠢᠭᠤᠯᠤᠭᠰᠠᠨ ᠪᠣᠳᠣᠯᠲᠠ ᠶᠢᠨ ᠬᠦᠴᠦᠨ ᠤ ᠰᠦᠯᠵᠢᠶ᠎ᠡ ᠶᠢᠨ ᠥᠪᠥᠷ ᠮᠣᠩᠭᠤᠯ ᠤᠨ ᠬᠦᠢᠰᠦ ᠵᠠᠩᠭᠢᠯᠠᠭ᠎ᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠬᠤᠷᠢᠨᠭᠡᠷ ᠤᠨ ᠳ᠋ᠠᠶᠢᠲ᠋ᠠ ᠶᠢᠨ ᠲᠥᠪ ᠤᠨ ᠪᠦᠯᠦᠭᠵᠢᠯ ᠤᠨ ︽ᠵᠡᠭᠦᠨ ᠤ ᠲᠤᠭ᠎ᠠ ᠶᠢ ᠪᠠᠷᠠᠭᠤᠨ ᠳᠤ ᠪᠤᠳᠤᠬᠤ ︾ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ ᠃ ᠥᠪᠥᠷ ᠮᠣᠩᠭᠤᠯ ᠤᠨ ᠬᠦᠢᠰᠦ ᠵᠠᠩᠭᠢᠯᠠᠭ᠎ᠠ ᠶᠢᠨ ᠴᠡᠭ ᠬᠢᠭᠡᠳ ᠪᠤᠰᠤᠳ ᠪᠣᠳᠣᠯᠲᠠ ᠶᠢᠨ ᠬᠦᠴᠦᠨ ᠤ ᠬᠦᠢᠰᠦ ᠵᠠᠩᠭᠢᠯᠠᠭ᠎ᠠ ᠶᠢᠨ ᠴᠡᠭ ᠤᠨ ᠬᠤᠭᠤᠷᠣᠨᠳᠣᠭᠢ ᠰᠦᠯᠵᠢᠶ᠎ᠡ ᠪᠠᠷ ᠳᠠᠮᠵᠢᠭᠤᠯᠬᠤ ᠴᠢᠳᠠᠮᠵᠢ ᠶᠢ ᠳᠡᠭᠡᠭᠰᠢᠯᠡᠭᠦᠯᠭᠦ ᠶᠢ ᠠᠬᠢᠭᠤᠯᠵᠤ ᠂ ᠢᠨᠲ᠋ᠧᠷ ᠰᠦᠯᠵᠢᠶᠡᠨ ᠤ ᠭᠠᠳᠠᠭᠠᠳᠤ ᠳᠤ ᠭᠠᠷᠭᠠᠬᠤ ᠥᠷᠭᠡᠨ ᠪᠦᠰᠡ ᠶᠢ ᠥᠷᠭᠡᠳᠬᠡᠨ᠎ᠡ ᠃ ᠰᠢᠨ᠎ᠡ ᠭᠡᠯᠪᠡᠷᠢ ᠶᠢᠨ ᠢᠨᠲ᠋ᠧᠷ ᠰᠦᠯᠵᠢᠶᠡᠨ ᠤ ᠰᠣᠯᠢᠯᠴᠠᠭᠠᠨ ᠤ ᠲᠥᠪ ᠤᠨ ᠪᠣᠯᠣᠮᠵᠢᠲᠤ ᠴᠢᠨᠠᠷ ᠢ ᠰᠤᠳᠤᠯᠤᠨ ᠨᠤᠲᠠᠯᠠᠬᠤ ᠠᠵᠢᠯ ᠢ ᠥᠷᠨᠢᠭᠦᠯᠦᠨ᠎ᠡ ᠃ ᠥᠪᠥᠷ ᠮᠣᠩᠭᠤᠯ ᠤᠨ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠦ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ ᠃
ᠳᠥᠷᠪᠡ ᠂ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠬᠢ ᠪᠠᠶᠠᠯᠢᠭ ᠤᠨ ᠮᠠᠶ᠋ᠢᠭ ᠤᠨ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ ᠵᠠᠮ ᠢ ᠰᠦᠪᠡᠭᠴᠢᠯᠡᠨ᠎ᠡ
︵ᠠᠷᠪᠠᠨ ᠬᠤᠶᠠᠷ ︶ ᠠᠭᠤᠷᠬᠠᠢ ᠶᠢᠨ ᠡᠬᠢ ᠪᠠᠶᠠᠯᠢᠭ ᠢ ᠡᠮᠬᠢ ᠵᠢᠷᠤᠮ ᠲᠠᠢ ᠨᠡᠭᠡᠭᠡᠨ ᠠᠰᠢᠭᠯᠠᠬᠤ ᠶᠢ ᠠᠬᠢᠭᠤᠯᠤᠨ᠎ᠠ ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠂ ᠬᠡᠷᠡᠭᠴᠡᠭᠡ ᠶᠢ ᠬᠠᠮᠢᠶᠠᠷᠬᠤ ᠪᠠ ᠠᠮᠢ ᠠᠬᠤᠢ ᠣᠷᠴᠢᠨ ᠲᠣᠭᠤᠷᠢᠨ ᠢ ᠲᠣᠭᠤᠷᠢᠭ ᠬᠤᠪᠢᠶᠠᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠡᠨᠧᠷᠭᠢ ᠡᠬᠢ ᠪᠠᠶᠠᠯᠢᠭ ᠤᠨ ᠰᠠᠭᠤᠷᠢᠨ ᠂ ᠤᠯᠤᠰ ᠠᠴᠠ ᠲᠥᠯᠥᠪᠵᠢᠭᠦᠯᠦᠭᠰᠡᠨ ᠠᠭᠤᠷᠬᠠᠢ ᠶᠢᠨ ᠣᠷᠣᠨ ᠂ ᠭᠤᠣᠯᠳᠠᠯᠭ᠎ᠠ ᠲᠠᠢ ᠬᠠᠶᠢᠨ ᠪᠠᠶᠢᠴᠠᠭᠠᠵᠤ ᠨᠡᠭᠡᠭᠡᠨ ᠮᠠᠯᠲᠠᠬᠤ ᠣᠷᠣᠨ ᠬᠢᠭᠡᠳ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠵᠣᠯᠭᠠᠭᠤᠯᠬᠤ ᠠᠵᠢᠯ ᠢ ᠰᠠᠶᠢᠲᠤᠷ ᠬᠢᠵᠦ ᠂ ᠦᠨᠳᠦᠰᠦᠨ ᠨᠤᠲᠤᠭ ᠪᠡᠯᠴᠢᠭᠡᠷ ᠤᠨ ᠳᠣᠲᠣᠷ᠎ᠠ ᠬᠠᠤᠯᠢ ᠲᠣᠭᠲᠠᠭᠠᠯ ᠶᠣᠰᠣᠭᠠᠷ ᠵᠥᠪᠰᠢᠶᠡᠷᠡᠭᠦᠯᠦᠭᠰᠡᠨ ᠤᠯᠤᠰ ᠤᠨ ᠴᠢᠬᠤᠯᠠ ᠶᠡᠭᠡ ᠠᠭᠤᠷᠬᠠᠢ ᠶᠢᠨ ᠡᠬᠢ ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠨ ᠠᠰᠢᠭᠯᠠᠬᠤ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ ᠶᠢ ᠵᠥᠪᠰᠢᠶᠡᠷᠡᠨ᠎ᠡ ᠃ ᠪᠣᠬᠢᠷᠳᠤᠯ ᠦᠭᠡᠢ ᠬᠠᠶᠢᠨ ᠪᠠᠶᠢᠴᠠᠭᠠᠯᠲᠠ ᠂ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠵᠤ ᠂ ᠠᠭᠤᠷᠬᠠᠢ ᠶᠢᠨ ᠠᠵᠤ ᠠᠬᠤᠶᠢᠯᠠᠯ ᠲᠡᠷᠢᠭᠦᠨ ᠤ ᠮᠡᠷᠭᠡᠵᠢᠯ ᠢ ᠬᠡᠷᠡᠭᠯᠡᠬᠦ ᠶᠢ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠰᠦᠪᠡᠭᠴᠢᠯᠡᠨ ᠲᠣᠭᠲᠠᠭᠠᠨ᠎ᠠ ᠃ ᠠᠭᠤᠷᠬᠠᠢ ᠶᠢᠨ ᠡᠬᠢ ᠪᠠᠶᠠᠯᠢᠭ ᠢ ᠠᠷᠪᠢᠯᠠᠬᠤ ᠬᠢᠭᠡᠳ ᠶᠡᠷᠦᠩᠬᠡᠶᠢᠯᠡᠨ ᠠᠰᠢᠭᠯᠠᠬᠤ ᠬᠤᠯᠪᠣᠭᠳᠠᠯ ᠪᠦᠬᠦᠢ ᠳᠦᠷᠢᠮ ᠢ ᠲᠡᠭᠦᠯᠳᠡᠷᠵᠢᠭᠦᠯᠵᠦ ᠂ ᠠᠭᠤᠷᠬᠠᠢ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠲᠥᠬᠦᠭᠡᠷᠦᠮᠵᠢ ᠪᠣᠯᠣᠨ ᠴᠢᠳᠠᠪᠤᠷᠢ ᠶᠢᠨ ᠪᠠᠶᠢᠭᠤᠯᠤᠯᠲᠠ ᠶᠢ ᠪᠣᠳᠠᠲᠠᠢ ᠶᠢ ᠡᠷᠬᠢᠮᠯᠡᠨ ᠴᠢᠩᠭᠠᠳᠬᠠᠵᠤ ᠂ ᠠᠶᠤᠯᠭᠦᠢ ᠦᠢᠯᠡᠳᠪᠦᠷᠢᠯᠡᠬᠦ ᠨᠥᠬᠦᠴᠡᠯ ᠢ ᠪᠦᠷᠢᠯᠳᠦᠭᠦᠯᠦᠭᠡᠳᠦᠢ ᠠᠭᠤᠷᠬᠠᠢ ᠶᠢ ᠲᠥᠷᠥᠯ ᠬᠤᠪᠢᠶᠠᠨ ᠰᠢᠢᠳᠪᠦᠷᠢᠯᠡᠵᠦ ᠂ ᠨᠡᠭᠦᠷᠡᠰᠦᠨ ᠤ ᠪᠤᠰᠤ ᠠᠭᠤᠷᠬᠠᠢ ᠶᠢᠨ ᠡᠬᠢ ᠪᠠᠶᠠᠯᠢᠭ ᠢ ᠨᠡᠶᠢᠳᠬᠡᠬᠦ ᠶᠢ ᠠᠬᠢᠭᠤᠯᠵᠤ ᠂ ᠨᠡᠭᠦᠷᠡᠰᠦ ᠶᠢ ᠲᠠᠭᠠᠨ ᠪᠤᠢ ᠪᠤᠯᠬᠤ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠶᠢ ᠵᠣᠷᠢᠭᠵᠢᠭᠤᠯᠤᠨ᠎ᠠ ᠃
︵ᠠᠷᠪᠠᠨ ᠭᠤᠷᠪᠠ ︶ ᠠᠭᠤᠷᠬᠠᠢ ᠶᠢᠨ ᠣᠷᠣᠨ ᠢ ᠵᠠᠰᠠᠵᠤ ᠰᠡᠷᠭᠦᠭᠡᠬᠦ ᠶᠢ ᠴᠢᠩᠭᠠᠳᠬᠠᠨ᠎ᠠ ᠃ ᠠᠭᠤᠷᠬᠠᠢ ᠶᠢᠨ ᠦᠢᠯᠡᠳᠪᠦᠷᠢᠯᠡᠯ ᠤᠨ ᠨᠢᠭᠡᠴᠢ ᠶᠢᠨ ᠬᠢᠨ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠬᠠᠮᠠᠭᠠᠯᠠᠬᠤ ᠬᠢᠭᠡᠳ ᠰᠡᠷᠭᠦᠭᠡᠨ ᠵᠠᠰᠠᠬᠤ ᠪᠠ ᠭᠠᠵᠠᠷ ᠰᠢᠷᠣᠢ ᠶᠢ ᠳᠠᠭᠢᠨ ᠬᠠᠭᠠᠯᠪᠤᠷᠢᠯᠠᠬᠤ ᠡᠭᠦᠷᠭᠡ ᠶᠢ ᠪᠦᠭᠦ ᠲᠠᠯ᠎ᠠ ᠪᠠᠷ ᠭᠦᠢᠴᠡᠳᠬᠡᠬᠦ ᠶᠢ ᠱᠠᠯᠠᠪᠳᠠᠭᠤᠯᠵᠤ ᠂ ᠭᠤᠷᠪᠠᠳᠠᠭᠴᠢ ᠲᠠᠯ᠎ᠠ ᠠᠴᠠ ᠵᠠᠰᠠᠬᠤ ᠵᠠᠭᠪᠤᠷ ᠢ ᠰᠦᠪᠡᠭᠴᠢᠯᠡᠨ ᠳᠡᠮᠵᠢᠨ᠎ᠡ ᠃ ᠠᠭᠤᠷᠬᠠᠢ ᠶᠢᠨ ᠪᠣᠬᠢᠷᠳᠤᠯ ᠢ ᠵᠠᠰᠠᠬᠤ ᠪᠠ ᠠᠮᠢ ᠠᠬᠤᠢ ᠶᠢ ᠰᠡᠷᠭᠦᠭᠡᠬᠦ ᠶᠢ ᠬᠠᠮᠵᠢᠯᠴᠠᠨ ᠥᠷᠨᠢᠭᠦᠯᠦᠨ᠎ᠡ ᠃ ᠠᠭᠤᠷᠬᠠᠢ ᠶᠢᠨ ᠠᠵᠤ ᠠᠬᠤᠶᠢᠯᠠᠯ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠵᠤ ᠰᠡᠷᠭᠦᠭᠡᠬᠦ ᠰᠠᠭᠤᠷᠢ ᠮᠥᠩᠭᠦ ᠶᠢ ᠲᠤᠭ᠎ᠠ ᠶᠣᠰᠣᠭᠠᠷ ᠪᠤᠳᠣᠵᠤ ᠠᠪᠬᠤ ᠂ ᠵᠢᠷᠤᠮᠵᠢᠭᠤᠯᠤᠨ ᠬᠠᠮᠢᠶᠠᠷᠴᠤ ᠬᠡᠷᠡᠭᠯᠡᠬᠦ ᠶᠢ ᠱᠠᠯᠠᠪᠳᠠᠭᠤᠯᠤᠨ ᠵᠢᠯᠣᠭᠤᠳᠤᠨ᠎ᠠ ᠃ ᠨᠥᠬᠦᠴᠡᠯ ᠪᠦᠷᠢᠯᠳᠦᠭᠦᠯᠦᠭᠰᠡᠨ ᠠᠭᠤᠷᠬᠠᠢ ᠶᠢᠨ ᠣᠷᠣᠨ ᠤ ᠬᠢᠨ ᠭᠠᠵᠠᠷ ᠰᠢᠷᠣᠢ ᠶᠢ ᠬᠡᠪᠴᠢᠶᠡᠵᠢᠭᠦᠯᠦᠨ ᠶᠡᠷᠦᠩᠬᠡᠶᠢᠯᠡᠨ ᠵᠠᠰᠠᠬᠤ ᠠᠵᠢᠯ ᠥᠷᠨᠢᠭᠦᠯᠬᠦ ᠂ ᠬᠥᠷᠰᠢ ᠵᠡᠷᠭᠡᠯᠡᠳᠡᠭᠡ ᠠᠭᠤᠷᠬᠠᠢ ᠶᠢᠨ ᠠᠵᠤ ᠠᠬᠤᠶᠢᠯᠠᠯ ᠤᠳ ᠲᠥᠪᠯᠡᠷᠡᠨ ᠵᠠᠯᠭᠠᠯᠳᠤᠭᠤᠯᠵᠤ ᠶᠡᠷᠦᠩᠬᠡᠶᠢᠯᠡᠭᠰᠡᠨ ᠵᠠᠰᠠᠬᠤ ᠠᠵᠢᠯ ᠥᠷᠨᠢᠭᠦᠯᠬᠦ ᠶᠢ ᠵᠣᠷᠢᠭᠵᠢᠭᠤᠯᠤᠨ᠎ᠠ ᠃ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠳᠤ ᠡᠳ᠋ ᠤᠨ ᠵᠠᠰᠠᠭ ᠤᠨ ᠪᠡᠯᠡ ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠵᠦ ᠂ ᠨᠡᠶᠢᠭᠡᠮ ᠤᠨ ᠬᠥᠷᠥᠩᠭᠡ ᠣᠷᠤᠯᠴᠠᠬᠤ ᠶᠢᠨ ᠬᠠᠮᠲᠤ ᠵᠦᠢ ᠵᠣᠬᠢᠰᠲᠠᠢ ᠪᠠᠷ ᠠᠰᠢᠭ ᠣᠯᠬᠤ ᠶᠢ ᠵᠣᠷᠢᠭᠵᠢᠭᠤᠯᠤᠨ ᠳᠡᠮᠵᠢᠨ᠎ᠡ ᠃
︵ᠠᠷᠪᠠᠨ ᠳᠥᠷᠪᠡ ︶ ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠦᠨ᠎ᠡ ᠃ ᠡᠬᠢ ᠪᠠᠶᠠᠯᠢᠭ ᠢ ᠨᠡᠭᠡᠭᠡᠨ ᠠᠰᠢᠭᠯᠠᠬᠤ ᠨᠥᠬᠦᠪᠦᠷᠢ ᠥᠭᠬᠦ ᠲᠣᠭᠲᠠᠴᠠ ᠪᠠ ᠠᠰᠢᠭ ᠲᠤᠰᠠ ᠶᠢᠨ ᠬᠤᠪᠢᠶᠠᠷᠢᠯᠠᠯᠲᠠ ᠶᠢᠨ ᠬᠠᠮᠲᠤ ᠪᠠᠷ ᠡᠳ᠋ᠯᠡᠬᠦ ᠲᠣᠭᠲᠠᠴᠠ ᠶᠢ ᠪᠦᠷᠢᠨᠰᠢᠭᠦᠯᠵᠦ ᠂ ᠡᠬᠢ ᠪᠠᠶᠠᠯᠢᠭ ᠤᠨ ᠭᠡᠯᠪᠡᠷᠢ ᠶᠢᠨ ᠠᠵᠤ ᠠᠬᠤᠶᠢᠯᠠᠯ ᠤᠨ ᠠᠮᠢ ᠠᠬᠤᠢ ᠣᠷᠴᠢᠨ ᠲᠣᠭᠤᠷᠢᠨ ᠢ ᠰᠡᠷᠭᠦᠭᠡᠨ ᠵᠠᠰᠠᠬᠤ ᠬᠠᠷᠢᠭᠤᠴᠠᠯᠭ᠎ᠠ ᠪᠠ ᠨᠡᠶᠢᠭᠡᠮ ᠤᠨ ᠬᠠᠷᠢᠭᠤᠴᠠᠯᠭ᠎ᠠ ᠶᠢ ᠴᠢᠩᠭᠠᠳᠬᠠᠵᠤ ᠂ ᠪᠣᠬᠢᠷᠳᠤᠯ ᠦᠭᠡᠢ ᠪᠠᠷ ᠨᠡᠭᠡᠭᠡᠨ ᠠᠰᠢᠭᠯᠠᠬᠤ ᠂ ᠠᠰᠢᠭ ᠣᠷᠣᠯᠭ᠎ᠠ ᠶᠢ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ ᠃ ᠲᠣᠰᠬᠤᠨ ᠤ ᠬᠠᠮᠲᠤ ᠨᠢ ᠲᠦᠷᠢᠶᠡᠰᠦᠯᠡᠬᠦ ᠵᠡᠷᠭᠡ ᠭᠡᠯᠪᠡᠷᠢ ᠪᠠᠷ ᠠᠭᠤᠷᠬᠠᠢ ᠶᠢᠨ ᠣᠷᠣᠨ ᠤ ᠭᠠᠵᠠᠷ ᠰᠢᠷᠣᠢ ᠶᠢ ᠠᠰᠢᠭᠯᠠᠨ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ ᠂ ᠣᠲᠣ ᠦᠶ᠎ᠡ ᠶᠢᠨ ᠲᠠᠷᠢᠶᠠᠯᠠᠩ ᠤᠨ ᠲᠤᠨᠤᠭ ᠲᠥᠬᠦᠭᠡᠷᠦᠮᠵᠢ ᠶᠢ ᠬᠠᠮᠲᠤ ᠪᠠᠷ ᠪᠠᠶᠢᠭᠤᠯᠬᠤ ᠪᠣᠯᠣᠨ ᠰᠢᠨ᠎ᠡ ᠡᠨᠧᠷᠭᠢ ᠶᠢ ᠬᠥᠭᠵᠢᠭᠦᠯᠬᠦ ᠶᠢ ᠰᠦᠪᠡᠭᠴᠢᠯᠡᠵᠦ ᠂ ᠠᠭᠤᠷᠬᠠᠢ ᠶᠢᠨ ᠣᠷᠣᠨ ᠤ ᠰᠠᠭᠤᠭᠠᠯᠢ ᠠᠷᠠᠳ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ ᠃ ᠮᠤᠵᠢ ᠣᠷᠣᠨ ᠠᠯᠤᠰᠯᠠᠨ ᠴᠠᠭᠢᠯᠭᠠᠨ ᠬᠦᠷᠭᠡᠬᠦ ᠢᠨᠵᠧᠨᠧᠷᠢᠩ ᠤᠨ ᠣᠷᠳᠣ ᠬᠤᠭᠤᠴᠠᠭᠠᠨ ᠤ ᠬᠠᠮᠲᠤᠷᠠᠯᠴᠠᠭᠠᠨ ᠤ ᠵᠥᠪᠯᠡᠯᠴᠡᠭᠡᠷ ᠢ ᠨᠠᠶᠢᠳᠠᠪᠤᠷᠢᠵᠢᠭᠤᠯᠵᠤ ᠂ ᠮᠤᠵᠢ ᠣᠷᠣᠨ ᠠᠯᠤᠰᠯᠠᠨ ᠴᠠᠭᠢᠯᠭᠠᠨ ᠬᠦᠷᠭᠡᠵᠦ ᠴᠠᠭᠢᠯᠭᠠᠨ ᠬᠦᠯᠢᠶᠡᠬᠦ ᠤᠷᠢᠳ ᠢᠶᠠᠷ ᠴᠠᠭᠢᠯᠭᠠᠨ ᠭᠠᠷᠭᠠᠬᠤ ᠲᠥᠯᠥᠪᠯᠡᠭᠡ ᠶᠢ ᠴᠢᠩᠭ᠎ᠠ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ ᠂ ᠵᠠᠬ᠎ᠠ ᠳᠡᠯᠭᠡᠭᠦᠷᠴᠢᠯᠡᠭᠰᠡᠨ ᠭᠡᠯᠪᠡᠷᠢ ᠪᠠᠷ ᠭᠠᠳᠠᠭᠰᠢ ᠬᠦᠷᠭᠡᠬᠦ ᠴᠠᠭᠢᠯᠭᠠᠨ ᠬᠦᠴᠦᠨ ᠤ ᠳᠤᠮᠳᠠ ᠣᠷᠳᠣ ᠬᠤᠭᠤᠴᠠᠭᠠᠨ ᠤ ᠠᠷᠠᠯᠵᠢᠶ᠎ᠠ ᠥᠷᠨᠢᠭᠦᠯᠬᠦ ᠶᠢ ᠵᠣᠷᠢᠭᠵᠢᠭᠤᠯᠵᠤ ᠂ ᠰᠢᠨ᠎ᠡ ᠡᠨᠧᠷᠭᠢ ᠪᠠᠷ ᠴᠠᠭᠢᠯᠭᠠᠨ ᠭᠠᠷᠭᠠᠬᠤ ᠠᠵᠤ ᠠᠬᠤᠶᠢᠯᠠᠯ ᠤᠨ ᠮᠤᠵᠢ ᠣᠷᠣᠨ ᠤ ᠬᠤᠭᠤᠷᠣᠨᠳᠣᠭᠢ ᠪᠡᠯᠡᠨ ᠪᠠᠷᠠᠭᠠᠨ ᠤ ᠠᠷᠠᠯᠵᠢᠶ᠎ᠠ ᠳᠤ ᠣᠷᠤᠯᠴᠠᠬᠤ ᠶᠢ ᠠᠬᠢᠭᠤᠯᠤᠨ᠎ᠠ ᠃ ᠲᠥᠪ ᠤᠨ ᠠᠵᠤ ᠠᠬᠤᠶᠢᠯᠠᠯ ᠤᠨ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠶᠢ ᠵᠣᠷᠢᠭᠵᠢᠭᠤᠯᠵᠤ ᠂ ᠭᠦᠭᠡᠬᠤᠲᠠ ᠶᠢᠨ ᠡᠨᠧᠷᠭᠢ ᠡᠬᠢ ᠪᠠᠶᠠᠯᠢᠭ ᠤᠨ ᠶᠡᠷᠦᠩᠬᠡᠢ ᠬᠡᠯᠲᠡᠰ ᠠᠵᠤ ᠠᠬᠤᠢ ᠲᠥᠪᠯᠡᠷᠡᠭᠰᠡᠨ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ ᠃ ᠦᠬᠠᠢ ᠂ ᠣᠷᠳᠣᠰ ᠵᠡᠷᠭᠡ ᠥᠪᠥᠷ ᠮᠣᠩᠭᠤᠯ ᠤᠨ ᠪᠠᠷᠠᠭᠤᠨ ᠬᠡᠰᠡᠭ ᠪᠣᠯᠣᠨ ᠦᠵᠦᠭᠦᠷ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠂ ᠠᠯᠠᠱᠠ ᠶᠢᠨ ᠤᠰᠤᠲᠠᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠦᠷᠢᠶᠡᠯᠡᠩ ᠲᠣᠭᠤᠷᠢᠭ ᠤᠨ ᠡᠬᠢ ᠪᠠᠶᠠᠯᠢᠭ ᠢ ᠨᠡᠶᠢᠳᠬᠡᠵᠦ ᠂ ᠬᠠᠮᠢᠶᠠᠷᠤᠯᠲᠠ ᠶᠢᠨ ᠪᠠᠶᠢᠭᠤᠯᠤᠮᠵᠢ ᠶᠢ ᠰᠢᠯᠤᠭᠤᠳᠬᠠᠬᠤ ᠶᠢ ᠳᠡᠮᠵᠢᠨ᠎ᠡ ᠃
ᠲᠠᠪᠤ ᠂ ᠰᠢᠨ᠎ᠡ ᠭᠡᠯᠪᠡᠷᠢ ᠶᠢᠨ ᠡᠨᠧᠷᠭᠢ ᠶᠢᠨ ᠰᠢᠰᠲ᠋ᠧᠮ ᠢ ᠪᠠᠶᠢᠭᠤᠯᠵᠤ ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠨᠡᠮᠡᠭᠳᠡᠭᠦᠯᠦᠨ᠎ᠡ
︵ᠠᠷᠪᠠᠨ ᠲᠠᠪᠤ ︶ ᠤᠯᠠᠮᠵᠢᠯᠠᠯᠲᠤ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ ᠃ ᠨᠡᠭᠦᠷᠡᠰᠦᠨ ᠴᠠᠭᠢᠯᠭᠠᠨ ᠴᠢᠯᠠᠭᠤᠨ ᠲᠣᠰᠣ ᠰᠢᠲᠠᠮᠠᠬᠠᠢ ᠬᠡᠢ ᠶᠢᠨ ᠲᠡᠷᠢᠭᠦᠨ ᠤ ᠦᠢᠯᠡᠳᠪᠦᠷᠢᠯᠡᠯ ᠤᠨ ᠴᠢᠳᠠᠪᠤᠷᠢ ᠶᠢ ᠡᠮᠬᠢ ᠳᠢᠭᠯᠢᠮ ᠲᠠᠢ ᠪᠠᠳᠠᠷᠠᠭᠤᠯᠵᠤ ᠂ ᠨᠡᠭᠦᠷᠡᠰᠦ ᠨᠥᠭᠡᠴᠡᠯᠡᠬᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ ᠃ ᠥᠪᠥᠷ ᠮᠣᠩᠭᠤᠯ ᠤᠨ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠪᠤᠷᠢ ᠶᠢᠨ ᠨᠥᠭᠡᠴᠡᠯᠡᠯᠲᠡ ᠥᠷᠨᠢᠭᠦᠯᠬᠦ ᠶᠢ ᠤᠷᠢᠳ ᠢᠶᠠᠷ ᠳᠡᠮᠵᠢᠵᠦ ᠂ ᠵᠣᠬᠢᠬᠤ ᠬᠡᠪᠴᠢᠶᠡᠨ ᠤ ᠨᠡᠭᠦᠷᠡᠰᠦ ᠬᠡᠷᠡᠭᠯᠡᠬᠦ ᠣᠷᠭᠢᠯ ᠤᠨ ᠬᠤᠭᠤᠴᠠᠭᠠᠨ ᠤ ᠲᠣᠬᠢᠷᠠᠭᠤᠯᠤᠯᠲᠠ ᠶᠢᠨ ᠨᠥᠭᠡᠴᠡᠯᠡᠬᠦ ᠦᠢᠯᠡᠳᠪᠦᠷᠢᠯᠡᠯ ᠤᠨ ᠴᠢᠳᠠᠪᠤᠷᠢ ᠶᠢ ᠪᠠᠶᠢᠭᠤᠯᠤᠨ᠎ᠠ ᠃ ᠨᠡᠭᠦᠷᠡᠰᠦᠨ ᠴᠠᠭᠢᠯᠭᠠᠨ ᠤ ᠦᠨᠳᠦᠰᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ ᠂ ᠤᠯᠤᠰ ᠤᠨ ᠲᠥᠯᠦᠪᠵᠢᠭᠦᠯᠭᠡ ᠳᠣᠲᠣᠷᠠᠬᠢ ᠨᠡᠭᠦᠷᠡᠰᠦᠨ ᠴᠠᠭᠢᠯᠭᠠᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠨᠢᠭᠡ ᠪᠦᠯᠦᠭ ᠨᠡᠭᠦᠷᠡᠰᠦᠨ ᠴᠠᠭᠢᠯᠭᠠᠨ ᠤ ᠲᠥᠷᠥᠯ ᠵᠦᠢᠯ ᠢ ᠨᠥᠭᠡᠴᠡᠯᠡᠨ᠎ᠡ ᠃ ᠨᠡᠭᠦᠷᠡᠰᠦᠨ ᠴᠠᠭᠢᠯᠭᠠᠨ ᠤ ᠮᠠᠰᠢᠨ ᠴᠣᠭᠴᠠᠯᠠᠪᠤᠷᠢ ᠶᠢᠨ ︽ᠭᠤᠷᠪᠠ ᠶᠢ ᠥᠭᠡᠷᠡᠴᠢᠯᠡᠵᠦ ᠬᠠᠮᠲᠤᠷᠠᠨ ᠬᠥᠳᠡᠯᠦᠯᠴᠡᠬᠦ ︾ ᠶᠢ ᠪᠦᠭᠦ ᠲᠠᠯ᠎ᠠ ᠪᠠᠷ ᠠᠬᠢᠭᠤᠯᠤᠨ᠎ᠠ ᠃ ᠨᠡᠭᠦᠷᠡᠰᠦᠨ ᠴᠠᠭᠢᠯᠭᠠᠨ ᠤ ᠬᠤᠴᠤᠷᠤᠩᠭᠤᠢ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠬᠦ ᠶᠢ ᠦᠷᠭᠦᠯᠵᠢᠯᠡᠨ ᠠᠬᠢᠭᠤᠯᠵᠤ ᠂ ᠠᠮᠢ ᠨᠠᠰᠤ ᠶᠢ ᠤᠷᠲᠤᠳᠬᠠᠵᠤ ᠠᠵᠢᠯᠯᠠᠭᠤᠯᠬᠤ ᠂ ᠰᠢᠭᠰᠢᠭᠳᠡᠭᠦᠯᠬᠦ ᠬᠠᠭᠠᠬᠤ ᠵᠣᠭᠰᠤᠭᠠᠬᠤ ᠪᠠ ︽ᠬᠠᠭᠠᠭᠠᠳ ᠨᠤᠷᠠᠭᠠᠬᠤ ᠦᠭᠡᠢ ︾ ᠪᠠᠶᠢᠬᠤ ᠶᠢ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠴᠠᠭᠢᠯᠭᠠᠨ ᠤ ᠢᠷᠡᠯᠲᠡ ᠪᠣᠯᠭᠠᠨ ᠲᠦᠷᠦᠯ ᠬᠤᠪᠢᠶᠠᠨ ᠰᠢᠢᠳᠪᠦᠷᠢᠯᠡᠨ᠎ᠡ ᠃ ᠥᠪᠥᠷ ᠮᠣᠩᠭᠤᠯ ᠤᠨ ᠴᠢᠯᠠᠭᠤᠨ ᠲᠣᠰᠣ ᠰᠢᠲᠠᠮᠠᠬᠠᠢ ᠬᠡᠢ ᠶᠢ ᠬᠠᠶᠢᠨ ᠰᠢᠨᠵᠢᠯᠡᠵᠦ ᠨᠡᠭᠡᠭᠡᠨ ᠬᠥᠭᠵᠢᠭᠦᠯᠬᠦ ᠶᠢ ᠳᠡᠮᠵᠢᠵᠦ ᠂ ᠴᠢᠯᠠᠭᠤᠨ ᠲᠣᠰᠣ ᠰᠢᠲᠠᠮᠠᠬᠠᠢ ᠬᠡᠢ ᠶᠢ ᠬᠠᠶᠢᠨ ᠪᠠᠶᠢᠴᠠᠭᠠᠬᠤ ᠣᠷᠣᠨ ᠬᠡᠰᠡᠭ ᠤᠨ ᠡᠵᠡᠩᠨᠡᠯᠲᠡ ᠶᠢᠨ ᠡᠷᠬᠡ ᠶᠢ ᠰᠢᠯᠵᠢᠭᠦᠯᠬᠦ ᠡᠷᠴᠢᠮ ᠢ ᠴᠢᠩᠭᠠᠷᠠᠭᠤᠯᠤᠨ ᠂ ᠣᠷᠳᠣᠰ ᠤᠨ ᠡᠩ ᠤᠨ ᠪᠤᠰᠤ ᠪᠠᠶᠢᠭᠠᠯᠢ ᠶᠢᠨ ᠰᠢᠲᠠᠮᠠᠬᠠᠢ ᠬᠡᠢ ᠶᠢ ᠬᠠᠶᠢᠨ ᠰᠢᠨᠵᠢᠯᠡᠵᠦ ᠨᠡᠭᠡᠭᠡᠨ ᠬᠥᠭᠵᠢᠭᠦᠯᠬᠦ ᠶᠢ ᠠᠬᠢᠭᠤᠯᠵᠤ ᠂ ᠣᠷᠳᠣᠰ ᠤᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠭᠦ ᠲᠣᠭᠤᠷᠢᠭ ᠪᠠ ᠨᠡᠭᠦᠷᠡᠰᠦ ᠪᠠᠷ ᠲᠣᠰᠣ ᠬᠡᠢ ᠦᠢᠯᠡᠳᠬᠦ ᠪᠠᠶᠢᠯᠳᠤᠬᠤ ᠪᠣᠳᠣᠯᠭ᠎ᠠ ᠶᠢᠨ ᠰᠠᠭᠤᠷᠢᠨ ᠢ ᠴᠢᠨᠠᠷ ᠰᠠᠶᠢᠲᠠᠢ ᠪᠦᠲᠦᠭᠡᠨ ᠪᠠᠶᠢᠭᠤᠯᠵᠤ ᠂ ᠨᠡᠭᠦᠷᠡᠰᠦ ᠪᠠᠷ ᠰᠠᠭᠤᠷᠢ ᠪᠤᠯᠭᠠᠬᠰᠠᠨ ᠰᠢᠨ᠎ᠡ ᠮᠠᠲ᠋ᠧᠷᠢᠶᠠᠯ ᠤᠨ ᠳᠡᠭᠡᠳᠦ ᠳᠡᠰᠵᠢᠭᠰᠡᠨ ᠬᠥᠭᠵᠢᠯᠲᠡ ᠶᠢ ᠳᠠᠶᠢᠴᠢᠯᠠᠨ᠎ᠠ ᠃
︵ᠠᠷᠪᠠᠨ ᠵᠢᠷᠭᠤᠭ᠎ᠠ ︶ ᠲᠣᠮᠣ ᠭᠡᠯᠪᠡᠷᠢ ᠶᠢᠨ ᠰᠠᠯᠬᠢᠨ ᠬᠦᠴᠦᠨ ᠴᠠᠭᠢᠯᠭᠠᠨ ᠭᠡᠷᠡᠯᠴᠢ ᠴᠡᠨᠡᠭ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ ᠃ ᠬᠥᠪᠴᠢ ᠂ ᠲᠡᠭᠷᠢ ᠂ ᠤᠯᠠᠭᠠᠨᠪᠤᠬ᠎ᠠ ᠂ ᠪᠠᠳᠠᠢ ᠶᠢᠨ ᠵᠢᠷᠠᠨ ᠵᠡᠷᠭᠡ ᠡᠯᠡᠰᠦ ᠂ ᠭᠤᠪᠢ ᠂ ᠴᠦᠯᠯᠡᠷᠭᠡᠭ ᠭᠠᠵᠠᠷ ᠣᠷᠣᠨ ᠤ ᠲᠣᠮᠣ ᠭᠡᠯᠪᠡᠷᠢ ᠶᠢᠨ ᠰᠠᠯᠬᠢᠨ ᠬᠦᠴᠦᠨ ᠴᠠᠭᠢᠯᠭᠠᠨ ᠭᠡᠷᠡᠯᠴᠢ ᠴᠡᠨᠡᠭ ᠤᠨ ᠰᠠᠭᠤᠷᠢᠨ ᠂ ᠲᠤᠯᠭᠠᠭᠤᠷᠢᠯᠠᠬᠤ ᠴᠢᠨᠠᠷᠲᠠᠢ ᠴᠠᠭᠢᠯᠭᠠᠨ ᠡᠭᠦᠰᠬᠡᠭᠴᠢ ᠵᠢᠴᠢ ᠭᠠᠳᠠᠭᠰᠢ ᠬᠦᠷᠭᠡᠬᠦ ᠰᠤᠪᠠᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ ᠃ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠠᠴᠠ ᠪᠡᠭᠡᠵᠢᠩ ᠲᠢᠶᠠᠨᠵᠢᠨ ᠾᠧᠪᠧᠢ ᠳᠤ ᠴᠠᠭᠢᠯᠭᠠᠨ ᠬᠦᠷᠭᠡᠬᠦ ᠵᠠᠮ ᠤᠨ ᠪᠦᠲᠦᠭᠡᠨ ᠪᠠᠶᠢᠭᠤᠯᠤᠯᠲᠠ ᠶᠢ ᠰᠤᠳᠤᠯᠤᠨ ᠠᠬᠢᠭᠤᠯᠤᠨ᠎ᠠ ᠃ ᠬᠡᠪᠴᠢᠶᠡᠵᠢᠭᠦᠯᠬᠦ ᠬᠢᠭᠡᠳ ᠲᠠᠷᠬᠠᠬᠤ ᠭᠡᠯᠪᠡᠷᠢ ᠶᠢᠨ ᠨᠡᠭᠡᠭᠡᠯᠲᠡ ᠬᠢᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ ᠂ ᠥᠨᠳᠥᠷ ᠦᠷ᠎ᠡ ᠪᠦᠲᠦᠮᠵᠢᠲᠡᠶ ᠡᠨᠧᠷᠭᠢ ᠨᠥᠭᠡᠴᠡᠯᠡᠬᠦ ᠣᠷᠭᠢᠯ ᠢ ᠲᠣᠬᠢᠷᠠᠭᠤᠯᠬᠤ ᠲᠣᠨᠣᠭᠯᠠᠯ ᠢ ᠵᠡᠷᠭᠡ ᠳᠤᠨᠢ ᠲᠣᠬᠢᠷᠠᠭᠤᠯᠵᠤ ᠂ ᠭᠡᠷᠡᠯ ᠢᠯᠴᠢ ᠪᠠᠷ ᠴᠠᠭᠢᠯᠭᠠᠨ ᠭᠠᠷᠭᠠᠬᠤ ᠶᠢ ᠢᠳᠡᠪᠬᠢᠲᠡᠢ ᠪᠠᠷ ᠬᠥᠭᠵᠢᠭᠦᠯᠦᠨ᠎ᠡ ᠃ ᠥᠪᠥᠷ ᠮᠣᠩᠭᠤᠯ ᠤᠨ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠤᠨ ᠴᠢᠬᠤᠯᠠ ᠶᠡᠭᠡ ᠵᠢᠱᠢᠶ᠎ᠡ ᠦᠵᠡᠭᠦᠯᠭᠦ ᠢᠨᠵᠧᠨᠧᠷᠢᠩ ᠢ ᠪᠦᠲᠦᠭᠡᠨ ᠪᠠᠶᠢᠭᠤᠯᠬᠤ ᠶᠢ ᠳᠡᠮᠵᠢᠵᠦ ᠂ ᠰᠢᠨ᠎ᠡ ᠡᠨᠧᠷᠭᠢ ᠶᠢᠨ ᠪᠢᠴᠢᠯ ᠴᠠᠭᠢᠯᠭᠠᠨ ᠲᠣᠣᠷ ᠤᠨ ᠬᠡᠷᠡᠭᠯᠡᠯᠲᠡ ᠥᠷᠨᠢᠭᠦᠯᠬᠦ ᠶᠢ ᠵᠣᠷᠢᠭᠵᠢᠭᠤᠯᠤᠨ᠎ᠠ ᠃ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠭᠢᠯᠭᠠᠨ ᠲᠣᠣᠷ ᠬᠢᠭᠡᠳ ᠤᠮᠠᠷᠠᠲᠤ ᠶᠢᠨ ᠴᠠᠭᠢᠯᠭᠠᠨ ᠲᠣᠣᠷ ᠤᠨ ᠲᠣᠣᠷ ᠬᠤᠯᠪᠣᠬᠤ ᠠᠷᠭ᠎ᠠ ᠭᠡᠯᠪᠡᠷᠢ ᠶᠢ ᠰᠤᠳᠤᠯᠤᠨ ᠰᠢᠯᠢᠳᠡᠭᠵᠢᠭᠦᠯᠦᠨ᠎ᠡ ᠃ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠂ 500 ᠺᠢᠯᠣᠸᠠᠲ ᠤᠨ ᠴᠠᠭᠢᠯᠭᠠᠨ ᠲᠣᠣᠷ ᠤᠨ ᠢᠨᠵᠧᠨᠧᠷᠢᠩ ᠤᠨ ᠳᠦᠷᠢᠮ ᠲᠣᠭᠲᠠᠭᠠᠬᠤ ᠲᠠᠰ ᠳᠠᠷᠠᠭᠠᠯᠠᠯ ᠢ ᠰᠢᠯᠢᠳᠡᠭᠵᠢᠭᠦᠯᠦᠨ᠎ᠡ ᠃ ᠴᠠᠭᠢᠯᠭᠠᠨ ᠡᠭᠦᠰᠬᠡᠭᠴᠢ ᠴᠠᠭᠢᠯᠭᠠᠨ ᠲᠣᠣᠷ ᠢ ᠲᠥᠯᠥᠪᠵᠢᠭᠦᠯᠬᠦ ᠂ ᠬᠢᠨᠠᠨ ᠵᠥᠪᠰᠢᠶᠡᠷᠡᠬᠦ ᠂ ᠪᠦᠲᠦᠭᠡᠨ ᠪᠠᠶᠢᠭᠤᠯᠬᠤ ᠂ ᠠᠵᠢᠯᠯᠠᠭᠤᠯᠬᠤ ᠵᠡᠷᠭᠡ ᠭᠤᠭᠴᠤᠭ᠎ᠠ ᠶᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠨ᠎ᠠ ᠃
︵ᠠᠷᠪᠠᠨ ᠳᠣᠯᠤᠭ᠎ᠠ ︶ ᠣᠳᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ ᠃ ᠣᠷᠣᠨ ᠪᠦᠰᠡ ᠶᠢᠨ ᠨᠡᠭᠦᠷᠡᠰᠦᠨ ᠤ ᠠᠷᠠᠯᠵᠢᠶᠠᠨ ᠤ ᠲᠥᠪ ᠢ ᠰᠤᠳᠤᠯᠤᠨ ᠪᠠᠶᠢᠭᠤᠯᠤᠨ᠎ᠠ ᠃ ᠰᠢᠨ᠎ᠡ ᠡᠨᠧᠷᠭᠢ ᠣᠷᠤᠯᠴᠠᠬᠤ ᠳᠤ ᠵᠣᠬᠢᠴᠠᠭᠰᠠᠨ ᠴᠠᠭᠢᠯᠭᠠᠨ ᠬᠦᠴᠦᠨ ᠤ ᠵᠠᠬ᠎ᠠ ᠳᠡᠯᠭᠡᠭᠦᠷ ᠤᠨ ᠳᠦᠷᠢᠮ ᠢ ᠲᠡᠭᠦᠯᠳᠡᠷᠵᠢᠭᠦᠯᠵᠦ ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠭᠢᠯᠭᠠᠨ ᠲᠣᠣᠷ ᠴᠠᠭᠢᠯᠭᠠᠨ ᠬᠦᠴᠦᠨ ᠤ ᠪᠠᠭᠲᠠᠭᠠᠮᠵᠢ ᠶᠢᠨ ᠵᠠᠬ᠎ᠠ ᠳᠡᠯᠭᠡᠭᠦᠷ ᠤᠨ ᠠᠷᠠᠯᠵᠢᠶᠠᠨ ᠤ ᠲᠤᠷᠰᠢᠯᠲᠠ ᠶᠢᠨ ᠴᠡᠭ ᠢ ᠰᠦᠪᠡᠭᠴᠢᠯᠡᠨ ᠥᠷᠨᠢᠭᠦᠯᠵᠦ ᠂ ᠳᠠᠬᠢᠯᠲᠠ ᠡᠨᠧᠷᠭᠢ ᠶᠢᠨ ᠢᠵᠢ ᠪᠦᠷᠢᠳᠦᠭᠰᠡᠨ ᠨᠡᠭᠦᠷᠡᠰᠦ ᠴᠠᠭᠢᠯᠭᠠᠨ ᠤ ᠲᠥᠷᠥᠯ ᠵᠦᠢᠯ ᠤᠨ ᠪᠠᠭᠲᠠᠭᠠᠮᠵᠢ ᠶᠢ ᠨᠥᠬᠦᠪᠦᠷᠢᠯᠡᠬᠦ ᠲᠣᠭᠲᠠᠴᠠ ᠶᠢ ᠪᠠᠶᠢᠭᠤᠯᠤᠨ᠎ᠠ ᠃ ᠥᠪᠥᠷ ᠮᠣᠩᠭᠤᠯ ᠤᠨ ᠴᠠᠭᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠣᠬᠢᠷᠳᠤᠯ ᠦᠭᠡᠢ ᠴᠠᠭᠢᠯᠭᠠᠨ ᠬᠦᠴᠦᠨ ᠤ ᠠᠷᠠᠯᠵᠢᠶ᠎ᠠ ᠶᠢ ᠥᠷᠨᠢᠭᠦᠯᠦᠨ᠎ᠡ ᠃ ᠰᠢᠨ᠎ᠡ ᠡᠨᠧᠷᠭᠢ ᠶᠢᠨ ᠠᠵᠤ ᠦᠢᠯᠡᠰ ᠤᠨ ᠵᠠᠩᠭᠢᠯᠠᠭ᠎ᠠ ᠶᠢᠨ ᠮᠠᠲ᠋ᠧᠷᠢᠶᠠᠯ ᠂ ᠲᠣᠨᠤᠭ ᠲᠥᠬᠦᠭᠡᠷᠦᠮᠵᠢ ᠵᠢᠴᠢ ᠰᠡᠯᠪᠢᠭ ᠲᠣᠨᠤᠭ ᠵᠡᠷᠭᠡ ᠪᠦᠭᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠲᠦᠷᠭᠡᠳᠬᠡᠵᠦ ᠂ ᠰᠠᠯᠬᠢ ᠭᠡᠷᠡᠯ ᠤᠰᠤᠳᠦ᠋ᠷᠦᠭᠴᠢᠵᠢᠭᠦᠯᠦᠨ ᠬᠠᠳᠠᠭᠠᠯᠠᠬᠤ ᠠᠵᠤ ᠦᠢᠯᠡᠰ ᠤᠨ ᠪᠦᠯᠦᠭᠵᠢᠯ ᠢ ᠪᠤᠵᠠᠭᠠᠶᠢᠷᠠᠭᠤᠯᠤᠨ ᠂ ᠤᠯᠤᠰ ᠤᠨ ᠲᠡᠰ ᠤᠨ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠰᠠᠭᠤᠷᠢᠨ ᠢ ᠪᠦᠲᠦᠭᠡᠨ ᠪᠠᠶᠢᠭᠤᠯᠤᠨ᠎ᠠ ᠃ ᠰᠠᠯᠬᠢ ᠭᠡᠷᠡᠯ ᠢᠶᠠᠷ ᠤᠰᠤᠲᠥ᠋ᠷᠥᠭᠴᠢ ᠦᠢᠯᠡᠳᠬᠦ ᠂ ᠰᠢᠨ᠎ᠡ ᠭᠡᠯᠪᠡᠷᠢ ᠶᠢᠨ ᠡᠨᠧᠷᠭᠢ ᠨᠥᠭᠡᠴᠡᠯᠡᠬᠦ ᠮᠡᠷᠭᠡᠵᠢᠯ ᠤᠨ ᠪᠣᠭᠤᠮᠲᠠ ᠰᠢᠪᠲᠤᠯᠬᠤ ᠶᠢ ᠶᠡᠭᠡ ᠬᠡᠪᠴᠢᠶ᠎ᠡ ᠪᠠᠷ ᠥᠷᠨᠢᠭᠦᠯᠵᠦ ᠂ ᠪᠣᠬᠢᠷᠳᠤᠯ ᠦᠭᠡᠢ ᠤᠰᠤᠲᠥ᠋ᠷᠥᠭᠴᠢ ᠪᠠᠷ ᠪᠣᠬᠢᠷᠳᠤᠯ ᠦᠭᠡᠢ ᠰᠢᠪᠲᠦᠷ ᠦᠢᠯᠡᠳᠬᠦ ᠂ ᠪᠣᠬᠢᠷᠳᠤᠯ ᠦᠭᠡᠢ ᠠᠯᠺᠤᠣᠯ ᠵᠢᠴᠢ ᠤᠰᠤᠲᠥ᠋ᠷᠥᠭᠴᠢ ᠪᠠᠷ ᠲᠡᠮᠦᠷᠯᠢᠭ ᠪᠤᠯᠪᠠᠰᠤᠷᠠᠭᠤᠯᠬᠤ ᠶᠢ ᠠᠵᠤ ᠦᠢᠯᠡᠰᠵᠢᠭᠦᠯᠦᠨ ᠬᠡᠷᠡᠭᠯᠡᠬᠦ ᠶᠢ ᠠᠬᠢᠭᠤᠯᠤᠨ᠎ᠠ ᠃ ᠠᠵᠢᠯ ᠲᠥᠷᠥᠯ ᠤᠨ ᠪᠠᠷᠢᠮᠵᠢᠶ᠎ᠠ ᠶᠢ ᠲᠡᠭᠦᠯᠳᠡᠷᠵᠢᠭᠦᠯᠬᠦ ᠵᠡᠷᠭᠡ ᠤᠷᠢᠲᠠᠯ ᠳᠣᠣᠷ᠎ᠠ ᠂ ᠤᠯᠠᠭᠠᠨᠴᠠᠪ ᠠᠴᠠ ᠶᠠᠨᠱᠠᠨ ᠬᠦᠷᠬᠦ ᠴᠢᠯᠠᠭᠤᠨ ᠲᠣᠰᠣ ᠬᠢᠮᠢ ᠶᠢᠨ ᠤᠰᠤᠲᠥ᠋ᠷᠥᠭᠴᠢ ᠳᠠᠮᠵᠢᠭᠤᠯᠬᠤ ᠬᠤᠭᠤᠯᠠᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ ᠃ ᠪᠠᠭ᠎ᠠ ᠨᠡᠭᠦᠷᠡᠰᠦᠲᠥ᠋ᠷᠥᠭᠴᠢᠲᠦ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠨᠡᠭᠦᠷᠡᠰᠦᠲᠥ᠋ᠷᠥᠭᠴᠢ ᠦᠭᠡᠶᠢᠵᠢᠭᠦᠯᠭᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ ᠃ ᠰᠢᠨ᠎ᠡ ᠡᠨᠧᠷᠭᠢ ᠶᠢ ᠲᠤᠬᠠᠢ ᠶᠢᠨ ᠭᠠᠵᠠᠷ ᠲᠤᠨᠢ ᠠᠰᠢᠭᠯᠠᠬᠤ ᠶᠢ ᠵᠣᠷᠢᠭᠵᠢᠭᠤᠯᠵᠤ ᠂ ᠲᠡᠷᠢᠭᠦᠨ ᠤ ᠪᠣᠬᠢᠷᠳᠤᠯ ᠦᠭᠡᠢ ᠥᠨᠳᠥᠷ ᠲᠠᠭᠠᠭᠠᠴᠠᠳᠤ ᠡᠨᠧᠷᠭᠢ ᠶᠢᠨ ᠠᠵᠤ ᠦᠢᠯᠡᠰ ᠢ ᠥᠪᠥᠷ ᠮᠣᠩᠭᠤᠯ ᠤᠨ ᠪᠠᠭ᠎ᠠ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠤᠷᠢᠭ ᠲᠡᠶᠢᠰᠢ ᠰᠢᠯᠵᠢᠭᠦᠯᠦᠨ ᠪᠠᠶᠢᠷᠢᠰᠢᠭᠤᠯᠬᠤ ᠶᠢ ᠳᠡᠮᠵᠢᠨ᠎ᠡ ᠃
︵ᠠᠷᠪᠠᠨ ᠨᠠᠢᠮᠠ ︶ ᠬᠤᠪᠣᠷ ᠰᠢᠷᠣᠢ ᠵᠡᠷᠭᠡ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠴᠢᠩᠭᠠᠳᠬᠠᠨ᠎ᠠ ᠃ ᠥᠪᠥᠷ ᠮᠣᠩᠭᠤᠯ ᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠰᠢᠰᠲ᠋ᠧᠮᠲᠦ ᠴᠢᠨᠠᠷᠲᠠᠢ ᠬᠠᠶᠢᠨ ᠪᠠᠶᠢᠴᠠᠭᠠᠵᠤ ᠦᠨᠡᠯᠡᠬᠦ ᠂ ᠬᠠᠮᠠᠭᠠᠯᠠᠯᠲᠠ ᠶᠢᠨ ᠴᠢᠨᠠᠷᠲᠠᠢ ᠨᠡᠭᠡᠭᠡᠬᠦ ᠂ ᠴᠢᠨᠠᠷᠵᠢᠭᠤᠨ ᠠᠰᠢᠭᠯᠠᠬᠤ ᠂ ᠵᠢᠷᠤᠮᠵᠢᠭᠤᠯᠤᠨ ᠬᠠᠮᠢᠶᠠᠷᠬᠤ ᠶᠢ ᠳᠡᠮᠵᠢᠵᠦ ᠂ ᠬᠤᠪᠣᠷ ᠰᠢᠷᠣᠢ ᠂ ᠲᠡᠮᠦᠷ ᠂ ᠨᠢᠺᠧᠯ ᠂ ᠵᠡᠰ ᠂ ᠸᠣᠯᠹᠷᠠᠮ ᠂ ᠴᠠᠭᠠᠨ ᠲᠤᠭᠤᠯᠭ᠎ᠠ ᠂ ᠮᠤᠯᠢᠪᠳᠧᠨ ᠂ ᠠᠯᠲᠠ ᠂ ᠬᠠᠶᠢᠯᠤᠭᠤᠷ ᠵᠤᠩᠰᠢ ᠂ ᠲᠠᠯᠠᠰᠲᠤ ᠪᠠᠯ ᠴᠢᠯᠠᠭᠤ ᠂ ᠯᠢᠲ᠋ᠢ ᠂ ᠦᠷᠡᠨ ᠂ ᠾᠧᠯᠢ ᠬᠡᠢ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ ᠃ ᠳᠡᠭᠡᠳᠦ ᠴᠡᠪᠡᠷ ᠬᠤᠪᠣᠷ ᠰᠢᠷᠣᠢ ᠶᠢᠨ ᠲᠡᠮᠦᠷᠯᠢᠭ ᠂ ᠳᠡᠭᠡᠳᠦ ᠴᠢᠳᠠᠪᠬᠢᠲᠤ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠂ ᠳᠡᠭᠡᠳᠦ ᠴᠢᠳᠠᠪᠬᠢᠲᠤ ᠭᠢᠯᠠᠶᠢᠯᠭᠠᠬᠤ ᠵᠡᠷᠭᠡ ᠳᠡᠭᠡᠳᠦ ᠲᠠᠰ ᠤᠨ ᠬᠤᠪᠣᠷ ᠰᠢᠷᠣᠢ ᠶᠢᠨ ᠴᠢᠳᠠᠮᠵᠢᠲᠤ ᠮᠠᠲ᠋ᠧᠷᠢᠶᠠᠯ ᠢ ᠲᠦᠷᠭᠡᠳᠬᠡᠨ ᠬᠥᠭᠵᠢᠭᠦᠯᠦᠨ᠎ᠡ ᠃ ᠬᠤᠪᠣᠷ ᠰᠢᠷᠣᠢ ᠶᠢᠨ ᠲᠦᠷᠭᠡᠳᠬᠡᠬᠦ ᠮᠠᠲ᠋ᠧᠷᠢᠶᠠᠯ ᠢ ᠪᠣᠯᠣᠳ ᠲᠡᠮᠦᠷ ᠂ ᠱᠦᠢᠨᠢ ᠂ ᠰᠢᠯ ᠂ ᠮᠠᠰᠢᠨ ᠲᠡᠷᠭᠡ ᠂ ᠢᠯᠴᠢ ᠶᠢᠨ ᠴᠠᠭᠢᠯᠭᠠᠨ ᠵᠡᠷᠭᠡ ᠠᠵᠢᠯ ᠲᠥᠷᠥᠯ ᠳᠤ ᠬᠡᠷᠡᠭᠯᠡᠬᠦ ᠶᠢ ᠥᠷᠭᠡᠳᠬᠡᠨ᠎ᠡ ᠃ ᠪᠤᠭᠤᠲᠤ ᠶᠢᠨ ᠬᠤᠪᠣᠷ ᠰᠢᠷᠣᠢ ᠶᠢᠨ ᠦᠢᠯᠡᠳᠬᠦᠨ ᠤ ᠠᠷᠠᠯᠵᠢᠶᠠᠨ ᠤ ᠭᠠᠵᠠᠷ ᠤᠨ ᠬᠠᠤᠯᠢ ᠲᠣᠭᠲᠠᠭᠠᠯ ᠶᠣᠰᠣᠭᠠᠷ ᠪᠦᠭᠦ ᠤᠯᠤᠰ ᠲᠤ ᠬᠠᠨᠳᠤᠭᠤᠯᠤᠭᠰᠠᠨ ᠬᠤᠪᠣᠷ ᠰᠢᠷᠣᠢ ᠶᠢᠨ ᠦᠢᠯᠡᠳᠬᠦᠨ ᠤ ᠠᠷᠠᠯᠵᠢᠶᠠᠨ ᠤ ᠲᠥᠪ ᠢ ᠪᠦᠲᠦᠭᠡᠨ ᠪᠠᠶᠢᠭᠤᠯᠬᠤ ᠶᠢ ᠳᠡᠮᠵᠢᠵᠦ ᠂ ᠪᠤᠭᠤᠲᠤ ᠶᠢ ᠪᠦᠭᠦ ᠤᠯᠤᠰ ᠤᠨ ᠬᠠᠮᠤᠭ ᠤᠨ ᠲᠣᠮᠣ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠪᠠ ᠪᠦᠭᠦ ᠳᠡᠯᠡᠬᠡᠢ ᠳᠤ ᠲᠡᠷᠢᠭᠦᠯᠡᠭᠰᠡᠨ ᠬᠤᠪᠣᠷ ᠰᠢᠷᠣᠢ ᠶᠢᠨ ᠬᠡᠷᠡᠭᠯᠡᠭᠡᠨ ᠤ ᠰᠠᠭᠤᠷᠢᠨ ᠪᠣᠯᠭᠠᠨ ᠪᠦᠲᠦᠭᠡᠨ ᠪᠠᠶᠢᠭᠤᠯᠤᠨ᠎ᠠ ᠃
ᠵᠢᠷᠭᠤᠭ᠎ᠠ ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠤᠨ᠎ᠠ
︵ᠠᠷᠪᠠ ᠶᠢᠰᠦ ︶ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠲᠦᠷᠭᠡᠪᠴᠢᠯᠡᠨ ᠪᠠᠶᠢᠭᠤᠯᠵᠤ ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠪᠦᠭᠦᠨ ᠢ ᠠᠯᠬᠤᠮ ᠠᠯᠬᠤᠮ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠠᠶᠢᠭᠤᠯᠤᠨ᠎ᠠ ᠃ ᠵᠡᠭᠦᠨ ᠬᠤᠶᠢᠲᠤ ᠶᠢᠨ ᠬᠠᠷ᠎ᠠ ᠬᠥᠷᠥᠰᠥ ᠶᠢ ᠬᠠᠮᠠᠭᠠᠯᠠᠨ ᠠᠰᠢᠭᠯᠠᠬᠤ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠵᠦ ᠂ ᠬᠠᠷ᠎ᠠ ᠬᠥᠷᠥᠰᠥᠨ ᠤ ᠢᠳᠡᠭᠳᠡᠯ ᠤᠨ ᠭᠤᠤ ᠰᠤᠪᠠᠭ ᠤᠨ ᠵᠠᠰᠠᠯᠲᠠ ᠶᠢ ᠴᠢᠩᠭᠠᠳᠬᠠᠨ ᠂ ᠨᠥᠬᠦᠴᠡᠯ ᠳᠤ ᠨᠡᠶᠢᠴᠡᠬᠦ ᠭᠠᠵᠠᠷ ᠣᠷᠣᠨ ᠤ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠠᠵᠢᠯ ᠥᠷᠨᠢᠭᠦᠯᠬᠦ ᠶᠢ ᠳᠡᠮᠵᠢᠵᠦ ᠂ ᠣᠲᠣ ᠶᠢᠨ ᠪᠠᠶᠢᠭ᠎ᠠ ᠬᠤᠵᠢᠷᠯᠢᠭ ᠲᠠᠷᠢᠶᠠᠨ ᠭᠠᠵᠠᠷ ᠢ ᠥᠭᠡᠷᠡᠴᠢᠯᠡᠨ ᠳᠡᠭᠡᠭᠰᠢᠯᠡᠭᠦᠯᠭᠦ ᠶᠢ ᠴᠢᠩᠭᠠᠳᠬᠠᠨ ᠂ ᠪᠣᠷᠣᠳᠣᠬᠤᠢ ᠵᠡᠷᠭᠡ ᠲᠣᠮᠣ ᠳᠤᠮᠳᠠ ᠭᠡᠯᠪᠡᠷᠢ ᠶᠢᠨ ᠤᠰᠤᠯᠠᠯᠲᠠ ᠶᠢᠨ ᠣᠷᠣᠨ ᠢ ᠦᠷᠭᠦᠯᠵᠢᠯᠡᠨ ᠪᠠᠶᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ ᠶᠢ ᠠᠬᠢᠭᠤᠯᠤᠨ᠎ᠠ ᠃ ᠪᠠᠶᠢᠭᠠᠯᠢ ᠶᠢᠨ ᠨᠤᠲᠤᠭ ᠪᠡᠯᠴᠢᠭᠡᠷ ᠤᠨ ᠦᠢᠯᠡᠳᠪᠦᠷᠢᠯᠡᠯ ᠤᠨ ᠴᠢᠳᠠᠪᠤᠷᠢ ᠪᠠ ᠡᠪᠡᠰᠦᠨ ᠦᠷ᠎ᠡ ᠶᠢᠨ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ ᠂ ᠲᠥᠬᠦᠭᠡᠷᠦᠮᠵᠢᠲᠦ ᠲᠠᠷᠢᠶᠠᠯᠠᠩ ᠪᠠ ᠬᠠᠰᠢᠶᠠᠯᠠᠨ ᠲᠡᠵᠢᠭᠡᠬᠦ ᠶᠢ ᠲᠦᠷᠭᠡᠳᠬᠡᠨ ᠬᠥᠭᠵᠢᠭᠦᠯᠵᠦ ᠂ ᠠᠮᠤ ᠪᠤᠳᠠᠭ᠎ᠠ ᠳᠠᠷᠢᠬᠤ ᠶᠢ ᠡᠪᠡᠰᠦ ᠪᠣᠷᠳᠤᠭ᠎ᠠ ᠳᠠᠷᠢᠬᠤ ᠪᠣᠯᠭᠠᠨ ᠥᠭᠡᠷᠡᠴᠢᠯᠡᠬᠦ ᠲᠤᠷᠰᠢᠯᠲᠠ ᠶᠢᠨ ᠴᠡᠭ ᠤᠨ ᠠᠵᠢᠯ ᠢ ᠥᠷᠭᠡᠳᠬᠡᠵᠦ ᠂ ᠬᠢᠶᠠᠭ ᠂ ᠴᠠᠷᠭᠠᠰᠤ ᠂ ᠨᠣᠬᠠᠢ ᠶᠢᠨ ᠬᠤᠰᠢᠭᠤ ᠵᠡᠷᠭᠡ ᠴᠢᠨᠠᠷ ᠰᠠᠶᠢᠲᠠᠢ ᠡᠪᠡᠰᠦ ᠪᠣᠷᠳᠣᠭᠠᠨ ᠤ ᠰᠠᠭᠤᠷᠢᠨ ᠢ ᠪᠦᠲᠦᠭᠡᠨ ᠪᠠᠶᠢᠭᠤᠯᠤᠨ᠎ᠠ ᠃ ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠭᠵᠢᠯᠲᠠ ᠂ ᠣᠶᠤᠨᠴᠢᠯᠠᠯᠲᠠ ᠶᠢ ᠠᠬᠢᠭᠤᠯᠵᠤ ᠂ ᠤᠯᠤᠰ ᠤᠨ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠂ ᠬᠥᠳᠡᠭᠡ ᠲᠣᠰᠬᠤᠨ ᠤ ᠠᠵᠤ ᠦᠢᠯᠡᠰ ᠢ ᠠᠭᠤᠰᠤᠯᠳᠤᠭᠤᠯᠤᠨ ᠬᠥᠭᠵᠢᠭᠦᠯᠬᠦ ᠬᠦᠷᠢᠶᠡᠯᠡᠩ ᠲᠣᠭᠤᠷᠢᠭ ᠪᠠ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠪᠠᠯᠭᠠᠰᠤ ᠶᠢ ᠲᠦᠷᠭᠡᠪᠴᠢᠯᠡᠨ ᠪᠦᠲᠦᠭᠡᠨ ᠪᠠᠶᠢᠭᠤᠯᠤᠨ᠎ᠠ ᠃
︵ᠬᠤᠷᠢ ︶ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢ ᠶᠡᠭᠡ ᠪᠠᠷ ᠬᠥᠭᠵᠢᠭᠦᠯᠦᠨ᠎ᠡ ᠃ ᠠᠮᠤ ᠪᠤᠳᠠᠭ᠎ᠠ ᠲᠣᠰᠣ ᠵᠡᠷᠭᠡ ᠭᠤᠣᠯ ᠪᠤᠯᠬᠤ ᠲᠠᠷᠢᠮᠠᠯ ᠤᠨ ᠶᠡᠭᠡ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠠᠵᠢᠯᠯᠠᠭ᠎ᠠ ᠶᠢ ᠥᠷᠨᠢᠭᠦᠯᠵᠦ ᠂ ᠠᠮᠤ ᠪᠤᠳᠠᠭ᠎ᠠ ︵ᠲᠣᠰᠣ ︶ ᠶᠢᠨ ᠭᠠᠷᠤᠯᠲᠠ ᠶᠡᠬᠡᠲᠡᠢ ᠰᠢᠶᠠᠨ ᠢ ᠱᠠᠩᠨᠠᠨ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ ᠃ ᠳᠠᠪᠠᠭᠤᠯᠢᠭ ᠣᠨᠴᠠᠯᠢᠭᠲᠤ ᠡᠭᠦᠯᠳᠡᠷ ᠢ ᠪᠣᠶᠢᠵᠢᠭᠤᠯᠬᠤ ᠪᠠ ᠠᠮᠢᠲᠠᠨ ᠤᠷᠭᠤᠮᠠᠯ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ ᠂ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ ᠶᠢ ᠠᠵᠤ ᠦᠢᠯᠡᠰᠵᠢᠭᠦᠯᠦᠨ ᠬᠡᠷᠡᠭᠯᠡᠬᠦ ᠲᠤᠷᠰᠢᠯᠲᠠ ᠶᠢᠨ ᠴᠡᠭ ᠤᠨ ᠠᠵᠢᠯ ᠢ ᠳᠠᠮᠵᠢᠵᠤ ᠂ ᠰᠢᠷ᠎ᠠ ᠪᠤᠷᠴᠠᠭ ᠂ ᠡᠷᠳᠡᠨᠢ ᠰᠢᠰᠢ᠂ ᠲᠥᠮᠥᠰᠥ ᠶᠢᠨ ᠦᠷ᠎ᠡ ᠪᠣᠶᠢᠵᠢᠭᠤᠯᠬᠤ ᠲᠣᠮᠣ ᠰᠢᠶᠠᠨ ᠢ ᠪᠦᠲᠦᠭᠡᠨ ᠪᠠᠶᠢᠭᠤᠯᠵᠤ ᠂ ᠤᠯᠤᠰ ᠤᠨ ᠴᠢᠬᠤᠯᠠ ︽ ᠠᠮᠤ ᠶᠢᠨ ᠰᠠᠩ ︾ ᠢ ᠪᠠᠶᠢᠭᠤᠯᠤᠨ᠎ᠠ ᠃ ᠰᠢᠬᠢᠷ ᠯᠤᠤᠪᠠᠩ ᠤᠨ ᠦᠢᠯᠡᠳᠪᠦᠷᠢᠯᠡᠯ ᠢ ᠳᠡᠮᠵᠢᠵᠦ᠂ ᠰᠢᠬᠢᠷ ᠯᠤᠤᠪᠠᠩ ᠤᠨ ᠰᠢᠬᠢᠷ ᠤᠨ ᠭᠠᠷᠤᠯᠲᠠ ᠶᠢ ᠲᠣᠭᠲᠠᠭᠤᠨ ᠪᠠᠶᠢᠯᠭᠠᠨ᠎ᠠ ᠃ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠭᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠠᠮᠵᠢᠵᠤ ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠵᠢᠱᠢᠶ᠎ᠡ ᠦᠵᠡᠭᠦᠯᠭᠦ ᠰᠢᠶᠠᠨ ᠤ ᠲᠤᠷᠰᠢᠯᠲᠠ ᠶᠢᠨ ᠴᠡᠭ ᠤᠨ ᠠᠵᠢᠯ ᠢ ᠬᠡᠷᠡᠭᠵᠢᠭᠦᠯᠦᠨ᠎ᠡ ᠃ ᠰᠠᠭᠠᠯᠢ ᠶᠢᠨ ᠦᠨᠢᠶᠡᠨ ᠤ ᠡᠭᠦᠯᠳᠡᠷ ᠪᠣᠶᠢᠵᠢᠭᠤᠯᠬᠤ ᠶᠢᠨ ᠬᠠᠮᠲᠤᠷᠠᠨ ᠪᠣᠭᠤᠮᠲᠠ ᠰᠢᠪᠲᠤᠯᠬᠤ ᠠᠵᠢᠯ ᠥᠷᠨᠢᠭᠦᠯᠬᠦ ᠶᠢ ᠳᠡᠮᠵᠢᠵᠦ ᠂ ᠪᠦᠭᠦᠶᠢᠯᠡ ᠰᠢᠶᠠᠨ ᠢᠶᠠᠷ ᠰᠦ ᠶᠢᠨ ᠦᠢᠯᠡᠰ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠶᠢ ᠠᠬᠢᠭᠤᠯᠵᠤ ᠂ ᠪᠦᠭᠦ ᠤᠯᠤᠰ ᠲᠤ ᠬᠠᠨᠳᠤᠭᠤᠯᠤᠭᠰᠠᠨ ᠰᠦ ᠶᠢᠨ ᠦᠢᠯᠡᠰ ᠤᠨ ᠠᠷᠠᠯᠵᠢᠶᠠᠨ ᠤ ᠲᠥᠪ ᠢ ᠪᠠᠶᠢᠭᠤᠯᠤᠨ᠎ᠠ ᠃ ᠮᠠᠯ ᠠᠵᠤ ᠠᠬᠤᠢ ᠶᠢᠨ ᠰᠠᠶᠢᠨ ᠡᠭᠦᠯᠳᠡᠷ ᠲᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠯᠠᠪᠳᠠᠭᠤᠨ ᠢᠶᠠᠷ ᠬᠡᠷᠡᠭᠵᠢᠭᠦᠯᠵᠦ᠂ ᠮᠢᠬᠠᠨ ᠤ ᠦᠬᠡᠷ ᠤᠨ ᠰᠦᠷᠦᠭ ᠢ ᠥᠷᠭᠡᠳᠬᠡᠨ ᠴᠢᠨᠠᠷ ᠢ ᠳᠡᠭᠡᠭᠰᠢᠯᠡᠭᠦᠯᠭᠦ ᠪᠠ ᠪᠣᠷᠳᠣᠨ ᠲᠠᠷᠭᠤᠯᠠᠭᠤᠯᠬᠤ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠪᠠ ᠪᠣᠬᠢᠷᠳᠤᠯ ᠦᠭᠡᠢ ᠣᠷᠭᠠᠨᠢᠭ ᠲᠥᠷᠥᠯ ᠲᠡᠮᠳᠡᠭᠲᠦ ᠶᠢ ᠡᠭᠦᠳᠬᠦ ᠶᠢ ᠠᠬᠢᠭᠤᠯᠤᠨ᠎ᠠ ᠃ ᠲᠠᠷᠢᠶᠠᠯᠠᠩ ᠤᠨ ᠠᠵᠤ ᠦᠢᠯᠡᠰᠵᠢᠬᠦ ᠤᠯᠤᠰ ᠤᠨ ᠭᠤᠣᠯᠳᠠᠯᠭ᠎ᠠ ᠲᠠᠢ ᠳᠠᠭᠠᠭᠤᠯᠤᠭᠴᠢ ᠠᠵᠤ ᠠᠬᠤᠶᠢᠯᠠᠯ ᠢ ᠬᠢᠨᠠᠨ ᠲᠣᠭᠲᠠᠭᠠᠬᠤ ᠶᠢ ᠳᠠᠮᠵᠢᠵᠤ ᠂ ᠲᠠᠷᠢᠶᠠᠯᠠᠩ ᠮᠠᠯ ᠠᠵᠤ ᠠᠬᠤᠢ ᠶᠢᠨ ᠳᠠᠭᠠᠭᠤᠯᠤᠭᠴᠢ ᠠᠵᠤ ᠠᠬᠤᠶᠢᠯᠠᠯ ᠤᠨ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠬᠤ ᠶᠢ ᠠᠬᠢᠭᠤᠯᠤᠨ᠎ᠠ ᠃ ᠪᠠᠶᠠᠨᠨᠠᠭᠤᠷ ᠲᠠᠬᠢ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠭᠦ ᠣᠷᠣᠨ ᠪᠠ ᠬᠢᠩᠭᠠᠨ ᠠᠶᠢᠮᠠᠭ ᠤᠨ ᠣᠳᠣ ᠦᠶ᠎ᠡ ᠶᠢᠨ ᠮᠠᠯ ᠠᠵᠤ ᠠᠬᠤᠢ ᠶᠢᠨ ᠲᠤᠷᠰᠢᠯᠲᠠ ᠶᠢᠨ ᠣᠷᠣᠨ ᠢ ᠴᠢᠨᠠᠷ ᠰᠠᠶᠢᠲᠠᠢ ᠪᠦᠲᠦᠭᠡᠨ ᠪᠠᠶᠢᠭᠤᠯᠤᠨ᠎ᠠ ᠃
︵ᠬᠤᠷᠢᠨ ᠨᠢᠭᠡ ︶ ᠤᠰᠤᠨ ᠤ ᠡᠬᠢ ᠪᠠᠶᠠᠯᠢᠭ ᠤᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠷᠠᠭᠤᠯᠤᠨ᠎ᠠ ᠃ ᠥᠪᠥᠷ ᠮᠣᠩᠭᠤᠯ ᠤᠨ ᠤᠰᠤᠨ ᠲᠣᠣᠷ ᠤᠨ ᠭᠤᠣᠯᠯᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠴᠤᠤᠯ ᠭᠤᠣᠯ ᠠᠴᠠ ᠤᠰᠤ ᠲᠠᠲᠠᠵᠤ ᠯᠢᠶᠣᠤᠾᠧ ᠭᠤᠣᠯ ᠳᠤ ᠨᠡᠮᠡᠷᠢᠯᠡᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠯᠠᠪᠳᠠᠭᠤᠨ ᠢᠶᠠᠷ ᠬᠡᠷᠡᠭᠵᠢᠭᠦᠯᠦᠨ᠎ᠡ ᠃ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠭᠠᠳᠠᠭᠰᠢᠯᠠᠭᠤᠯᠤᠯᠲᠠ ᠶᠢ ᠪᠠᠭᠠᠰᠬᠠᠬᠤ ᠂ ᠬᠤᠲᠠ ᠪᠠᠯᠭᠠᠰᠤᠨ ᠤ ᠤᠰᠤ ᠠᠷᠪᠢᠯᠠᠵᠤ ᠬᠤᠬᠢᠷᠠᠯ ᠢ ᠪᠠᠭᠤᠷᠠᠭᠤᠯᠬᠤ ᠶᠢ ᠠᠬᠢᠭᠤᠯᠤᠨ᠎ᠠ ᠃ ᠨᠡᠭᠦᠷᠡᠰᠦᠨ ᠠᠭᠤᠷᠬᠠᠢ ᠶᠢᠨ ᠪᠣᠬᠢᠷᠳᠤᠯ ᠦᠭᠡᠢ ᠪᠠᠷ ᠤᠰᠤ ᠶᠢ ᠬᠠᠮᠠᠭᠠᠯᠠᠨ ᠨᠡᠭᠡᠭᠡᠨ ᠮᠠᠯᠲᠠᠬᠤ ᠪᠠ ᠠᠭᠤᠷᠬᠠᠢ ᠶᠢᠨ ᠬᠤᠳᠳᠤᠭ ᠤᠨ ᠤᠰᠤ ᠶᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠵᠤ ᠂ ᠠᠭᠤᠷᠬᠠᠢ ᠶᠢᠨ ᠬᠤᠳᠳᠤᠭ ᠤᠨ ᠤᠰᠤ ᠶᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠮᠢ ᠠᠬᠤᠢ ᠶᠢᠨ ᠤᠰᠤ ᠨᠥᠬᠦᠪᠦᠷᠢᠯᠡᠬᠦ ᠪᠠ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠶᠢ ᠵᠣᠷᠢᠭᠵᠢᠭᠤᠯᠤᠨ᠎ᠠ ᠃ ᠪᠠᠷᠠᠭᠤᠨ ᠯᠢᠶᠣᠤᠾᠧ ᠭᠤᠣᠯ ᠂ ᠣᠷᠳᠣᠰ ᠳᠡᠨᠵᠢ ᠶᠢᠨ ᠡᠬᠡ ᠭᠠᠵᠠᠷ ᠤᠨ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠮᠠᠯᠲᠠᠭᠰᠠᠨ ᠢ ᠵᠠᠰᠠᠬᠤ ᠠᠵᠢᠯ ᠢ ᠡᠮᠬᠢ ᠵᠢᠷᠤᠮ ᠲᠠᠢ ᠪᠠᠷ ᠠᠬᠢᠭᠤᠯᠤᠨ᠎ᠠ ᠃ ᠬᠠᠲᠤᠨ ᠭᠤᠣᠯ ᠤᠨ ᠪᠦᠳᠦᠭᠦᠯᠢᠭ ᠡᠯᠡᠰᠦ ᠰᠢᠪᠠᠷ ᠲᠥᠪᠯᠡᠷᠡᠭᠰᠡᠨ ᠢᠷᠡᠯᠲᠡ ᠶᠢᠨ ᠣᠷᠣᠨ ᠤ ᠡᠯᠡᠰᠦ ᠬᠠᠰᠢᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠎ᠡ ᠃ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠤᠰᠤ ᠬᠠᠩᠭᠠᠬᠤ ᠬᠡᠮᠵᠢᠯᠲᠡ ᠶᠢᠨ ᠰᠢᠰᠲ᠋ᠧᠮ ᠢ ᠲᠦᠷᠭᠡᠳᠬᠡᠨ ᠲᠡᠭᠦᠯᠳᠡᠷᠵᠢᠭᠦᠯᠵᠦ ᠂ ᠣᠨᠣᠴᠠᠲᠠᠢ ᠪᠠᠷ ᠨᠥᠬᠦᠪᠦᠷᠢ ᠥᠭᠬᠦ ᠪᠠ ᠤᠰᠤ ᠠᠷᠪᠢᠯᠠᠬᠤ ᠶᠢ ᠱᠠᠩᠨᠠᠬᠤ ᠲᠣᠭᠲᠠᠴᠠ ᠶᠢ ᠪᠠᠶᠢᠭᠤᠯᠤᠨ᠎ᠠ ᠃ ᠠᠶᠢᠮᠠᠭ ᠬᠤᠲᠠ ᠶᠢᠨ ᠬᠤᠭᠤᠷᠣᠨᠳᠣᠭᠢ ᠤᠰᠤᠨ ᠤ ᠡᠷᠬᠡ ᠶᠢᠨ ᠠᠷᠠᠯᠵᠢᠶ᠎ᠠ ᠶᠢ ᠠᠬᠢᠭᠤᠯᠵᠤ ᠂ ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢ ᠬᠠᠤᠯᠢ ᠲᠣᠭᠲᠠᠭᠠᠯ ᠶᠣᠰᠣᠭᠠᠷ ᠥᠷᠨᠢᠭᠦᠯᠦᠨ᠎ᠡ ᠃
︵ᠬᠤᠷᠢᠨ ᠬᠤᠶᠠᠷ ︶ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ ᠃ ᠭᠠᠵᠠᠷ ᠰᠢᠷᠣᠢ ᠂ ᠬᠠᠳᠤᠯᠠᠩ ᠪᠡᠯᠴᠢᠭᠡᠷ ᠤᠨ ᠡᠵᠡᠩᠨᠡᠬᠦ ᠡᠷᠬᠡ ᠶᠢ ᠭᠦᠢᠯᠭᠡᠭᠡᠬᠦ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ ᠂ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠤᠨ ᠡᠷᠬᠡ ᠶᠢ ᠨᠤᠲᠠᠯᠠᠨ ᠵᠥᠪᠰᠢᠶᠡᠷᠡᠵᠦ ᠳᠠᠩᠰᠠᠯᠠᠨ ᠦᠨᠡᠮᠯᠡᠯ ᠣᠯᠭᠤᠬᠤ ᠶᠢ ᠠᠬᠢᠭᠤᠯᠤᠭᠰᠠᠨ ᠰᠠᠭᠤᠷᠢᠨ ᠳᠡᠭᠡᠷ᠎ᠡ ᠂ ᠥᠨᠳᠥᠷ ᠪᠦᠲᠦᠮᠵᠢᠲᠡᠢ ᠠᠰᠢᠭᠯᠠᠬᠤ ᠲᠤᠷᠰᠢᠯᠲᠠ ᠶᠢᠨ ᠴᠡᠭ ᠤᠨ ᠠᠵᠢᠯ ᠢ ᠰᠦᠪᠡᠭᠴᠢᠯᠡᠨ ᠥᠷᠨᠢᠭᠦᠯᠦᠨ᠎ᠡ ᠃ ᠤᠯᠤᠰ ᠤᠨ ᠪᠠᠶᠢᠷᠢᠯᠠᠭᠤᠯᠤᠯᠲᠠ ᠶᠣᠰᠣᠭᠠᠷ ᠂ ᠭᠠᠵᠠᠷ ᠰᠢᠷᠣᠢ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠵᠤ ᠠᠷᠪᠢᠯᠠᠨ ᠭᠠᠷᠭᠠᠬᠤ ᠭᠦᠢᠴᠡᠳᠬᠡᠯ ᠲᠤᠭ᠎ᠠ ᠶᠢ ᠮᠤᠵᠢ ᠣᠷᠣᠨ ᠠᠯᠤᠰᠯᠠᠨ ᠲᠣᠬᠢᠷᠠᠭᠤᠯᠬᠤ ᠶᠢ ᠵᠢᠷᠤᠮᠵᠢᠭᠤᠯᠤᠨ ᠥᠷᠨᠢᠭᠦᠯᠵᠦ ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠵᠠᠬ᠎ᠠ ᠳᠡᠯᠭᠡᠭᠦᠷ ᠲᠤ ᠣᠷᠣᠭᠤᠯᠬᠤ ᠲᠤᠷᠰᠢᠯᠲᠠ ᠶᠢᠨ ᠴᠡᠭ ᠤᠨ ᠠᠵᠢᠯ ᠢ ᠡᠮᠬᠢ ᠵᠢᠷᠤᠮ ᠲᠠᠢ ᠥᠷᠨᠢᠭᠦᠯᠦᠨ ᠂ ᠮᠠᠯᠵᠢᠬᠤ ᠲᠠᠷᠢᠶᠠᠯᠠᠬᠤ ᠣᠷᠣᠨ ᠤ ᠦᠯᠡᠳᠡᠭᠡᠯ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠯᠠᠪᠳᠠᠭᠤᠨ ᠢᠶᠠᠷ ᠠᠮᠢᠳᠤᠯᠢᠭᠵᠢᠭᠤᠯᠤᠨ ᠠᠰᠢᠭᠯᠠᠨ᠎ᠠ ᠃ ︽ᠬᠥᠨᠳᠡᠶᠢᠷᠡᠭᠰᠡᠨ ᠲᠣᠰᠬᠤᠨ ︾ ᠤ ᠵᠠᠰᠠᠯᠲᠠ ᠶᠢ ᠭᠦᠨᠵᠡᠭᠡᠢ ᠠᠬᠢᠭᠤᠯᠤᠨ᠎ᠠ ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠳᠠᠪᠠᠭᠤᠯᠢᠭ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠠᠭᠠᠳᠬᠠᠯ ᠢ ᠥᠷᠨᠢᠭᠦᠯᠵᠦ ᠂ ᠨᠥᠬᠦᠴᠡᠯ ᠳᠤ ᠨᠡᠶᠢᠴᠡᠬᠦ ᠲᠠᠷᠢᠶᠠᠯᠠᠩ ᠮᠠᠯ ᠠᠵᠤ ᠠᠬᠤᠢ ᠶᠢᠨ ᠳᠠᠭᠠᠳᠬᠠᠯ ᠳᠤ ᠵᠣᠬᠢᠬᠤ ᠨᠥᠬᠦᠪᠦᠷᠢ ᠣᠯᠭᠤᠨ᠎ᠠ ᠃
ᠳᠣᠯᠤᠭ᠎ᠠ ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠳᠤ ᠢᠳᠡᠪᠬᠢᠲᠡᠢ ᠠᠭᠤᠰᠤᠯᠴᠠᠵᠤ ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ
︵ᠬᠤᠷᠢᠨ ᠭᠤᠷᠪᠠ ︶ ᠨᠡᠭᠡᠭᠡᠯᠲᠡ ᠬᠢᠬᠦ ᠶᠡᠭᠡ ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠤᠨ᠎ᠠ ᠃ ᠮᠠᠨᠵᠤᠤᠷ ᠪᠣᠭᠤᠮᠲᠠ ᠪᠠᠷ ᠵᠠᠩᠭᠢᠯᠠᠭ᠎ᠠ ᠶᠢᠨ ᠴᠡᠭ ᠪᠤᠯᠭᠠᠵᠥ ᠂ ᠳᠣᠲᠣᠭᠠᠳᠤ ᠳᠠᠭᠠᠨ ᠳ᠋ᠠᠯᠢᠶᠠᠨ ᠭᠠᠷᠠᠮ᠂ ᠴᠢᠨ ᠬᠤᠸᠠᠩ ᠳ᠋ᠣᠣ ᠭᠠᠷᠠᠮ ᠪᠣᠯᠣᠨ ᠵᠡᠭᠦᠨ ᠬᠤᠶᠢᠲᠤ ᠣᠷᠣᠨ ᠲᠠᠢ ᠬᠤᠯᠪᠣᠵᠤ ᠂ ᠭᠠᠳᠠᠭᠰᠢ ᠪᠠᠨ ᠣᠷᠣᠰ ᠮᠣᠩᠭᠤᠯ ᠴᠢᠨᠠᠭᠰᠢᠯᠠᠨ ᠡᠸᠦ᠋ᠷᠦᠫᠡ ᠲᠢᠪ ᠲᠤ ᠵᠠᠯᠭᠠᠬᠤ ᠪᠦᠬᠦᠢ ᠤᠮᠠᠷᠠᠰᠢ ᠨᠡᠭᠡᠭᠡᠯᠲᠡ ᠬᠢᠬᠦ ᠵᠡᠭᠦᠨ ᠵᠠᠮ ᠢ ᠲᠦᠷᠭᠡᠳᠬᠡᠨ ᠪᠦᠲᠦᠭᠡᠨ ᠪᠠᠶᠢᠭᠤᠯᠵᠤ ᠂ ᠡᠷᠢᠶᠡᠨ ᠬᠤᠲᠠ ᠶᠢᠨ ᠪᠣᠭᠤᠮᠲᠠ ᠪᠠᠷ ᠵᠠᠩᠭᠢᠯᠠᠭ᠎ᠠ ᠶᠢᠨ ᠴᠡᠭ ᠪᠤᠯᠭᠠᠵᠤ ᠂ ᠳᠤᠮᠳᠠᠳᠤ ᠮᠣᠩᠭᠤᠯ ᠣᠷᠣᠰ ᠤᠨ ᠳᠤᠮᠳᠠᠳᠤ ᠱᠤᠭᠤᠮ ᠤᠨ ᠲᠡᠮᠦᠷ ᠵᠠᠮ ᠢᠶᠠᠷ ᠲᠤᠯᠭᠠᠭᠤᠷᠢ ᠪᠣᠯᠭᠠᠨ ᠂ ᠳᠣᠲᠣᠭᠠᠳᠤ ᠳᠠᠭᠠᠨ ᠲᠢᠶᠠᠨᠵᠢᠨ ᠭᠠᠷᠠᠮ ᠪᠣᠯᠣᠨ ᠪᠡᠭᠡᠵᠢᠩ ᠲᠢᠶᠠᠨᠵᠢᠨ ᠾᠧᠪᠧᠢ ᠲᠠᠢ ᠬᠤᠯᠪᠣᠵᠤ ᠂ ᠭᠠᠳᠠᠭᠰᠢ ᠪᠠᠨ ᠣᠷᠣᠰ ᠮᠣᠩᠭᠤᠯ ᠴᠢᠨᠠᠭᠰᠢᠯᠠᠨ ᠡᠸᠦ᠋ᠷᠦᠫᠡ ᠲᠢᠪ ᠲᠤ ᠵᠠᠯᠭᠠᠬᠤ ᠤᠮᠠᠷᠠᠰᠢ ᠨᠡᠭᠡᠭᠡᠯᠲᠡ ᠬᠢᠬᠦ ᠳᠤᠮᠳᠠ ᠵᠠᠮ ᠢ ᠲᠦᠷᠭᠡᠳᠬᠡᠨ ᠪᠦᠲᠦᠭᠡᠨ ᠪᠠᠶᠢᠭᠤᠯᠵᠤ ᠂ ᠪᠠᠷᠠᠭ᠎ᠠ ᠪᠣᠭᠤᠮᠲᠠ ᠪᠠᠷ ᠥᠩᠭᠡᠷᠡᠭᠦᠯᠬᠦ ᠂ ᠪᠠᠷᠠᠭᠠᠨ ᠤ ᠭᠦᠢᠯᠭᠡᠭᠡᠨ ᠤ ᠠᠷᠠᠯᠵᠢᠶ᠎ᠠ ᠪᠣᠯᠣᠨ ᠦᠢᠯᠡᠳᠪᠦᠷᠢᠯᠡᠵᠦ ᠡᠳ᠋ᠰᠢᠭᠦᠯᠬᠦ ᠴᠢᠳᠠᠮᠵᠢ ᠶᠢ ᠲᠡᠭᠦᠯᠳᠡᠷᠵᠢᠭᠦᠯᠦᠨ᠎ᠡ ᠃ ᠮᠠᠨᠵᠤᠤᠷ ᠂ ᠡᠷᠢᠶᠡᠨ ᠬᠤᠲᠠ ᠶᠢᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠪᠣᠭᠤᠮᠲᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ ᠂ ᠥᠪᠥᠷ ᠮᠣᠩᠭᠤᠯ ᠠᠴᠠ ᠮᠣᠷᠳᠠᠬᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠭᠦ ᠶᠢ ᠠᠬᠢᠭᠤᠯᠵᠤ ᠂ ᠮᠣᠩᠭᠤᠯ ᠤᠯᠤᠰ ᠲᠤ ᠶᠠᠪᠤᠭᠤᠯᠬᠤ ᠵᠢᠰᠢᠶᠠᠨ ᠤ ᠭᠠᠯᠲᠤ ᠲᠡᠷᠭᠡ ᠶᠢ ᠵᠢᠷᠤᠭ ᠲᠤ ᠲᠣᠭᠲᠠᠭᠠᠭᠰᠠᠨ ᠱᠤᠭᠤᠮ ᠳᠤ ᠣᠷᠣᠭᠤᠯᠬᠤ ᠶᠢ ᠰᠤᠳᠤᠯᠤᠨ᠎ᠠ ᠃ ᠤᠯᠠᠭᠠᠨᠴᠠᠪ ᠤᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢ ᠲᠥᠪᠯᠡᠷᠡᠭᠦᠯᠵᠦ ᠲᠠᠷᠬᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ ᠃ ᠳᠤᠮᠳᠠᠳᠤ ᠮᠣᠩᠭᠤᠯ ᠣᠷᠣᠰ ᠤᠨ ᠳᠤᠮᠳᠠ ᠱᠤᠭᠤᠮ ᠤᠨ ᠲᠡᠮᠦᠷ ᠵᠠᠮ ᠢ ᠳᠡᠰ ᠳᠡᠪᠰᠢᠭᠦᠯᠦᠨ ᠥᠭᠡᠷᠡᠴᠢᠯᠡᠬᠦ ᠪᠣᠯᠣᠮᠵᠢᠲᠤ ᠴᠢᠨᠠᠷ ᠤᠨ ᠰᠤᠳᠤᠯᠭᠠᠨ ᠢ ᠲᠦᠷᠭᠡᠳᠬᠡᠨ ᠠᠬᠢᠭᠤᠯᠵᠤ ᠂ ᠤᠯᠠᠭᠠᠨᠴᠠᠪ ᠠᠴᠠ ᠤᠯᠠᠭᠠᠨᠪᠠᠭᠠᠲᠤᠷ ᠪᠠ ᠤᠯᠠᠭᠠᠨ ᠦᠳᠡ ᠬᠦᠷᠬᠦ ᠬᠢᠯᠢ ᠠᠯᠤᠰᠯᠠᠭᠰᠠᠨ ᠲᠡᠮᠦᠷ ᠵᠠᠮ ᠢ ᠳᠡᠰ ᠳᠡᠪᠰᠢᠭᠦᠯᠦᠨ ᠥᠭᠡᠷᠡᠴᠢᠯᠡᠬᠦ ᠶᠢ ᠬᠠᠮᠵᠢᠯᠴᠠᠨ ᠠᠬᠢᠭᠤᠯᠤᠨ᠎ᠠ ᠃ ᠭᠠᠭᠴᠠᠮᠣᠳᠤ ᠂ ᠴᠡᠭᠡ ᠵᠡᠷᠭᠡ ᠪᠣᠭᠤᠮᠲᠠ ᠶᠢᠨ ᠬᠢᠯᠢ ᠠᠯᠤᠰᠯᠠᠭᠰᠠᠨ ᠲᠡᠮᠦᠷ ᠵᠠᠮ ᠤᠨ ᠡᠮᠦᠨᠡᠬᠢ ᠬᠤᠭᠤᠴᠠᠭᠠᠨ ᠤ ᠰᠤᠳᠤᠯᠭᠠᠨ ᠪᠣᠯᠣᠨ ᠪᠦᠲᠦᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠤᠨ᠎ᠠ ᠃ ︽ᠣᠶᠤᠨᠴᠢ ᠪᠣᠭᠤᠮᠲᠠ ︾᠂ ︽ᠲᠣᠭᠠᠴᠢᠯᠠᠭᠰᠠᠨ ᠤᠯᠤᠰ ᠤᠨ ᠡᠭᠦᠳᠡ ︾ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ᠪᠣᠭᠤᠮᠲᠠ ᠪᠠᠷ ᠥᠩᠭᠡᠷᠡᠬᠦ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ ᠃
︵ᠬᠤᠷᠢᠨ ᠳᠥᠷᠪᠡ ︶ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢ ᠲᠦᠷᠭᠡᠳᠬᠡᠨ ᠬᠥᠭᠵᠢᠭᠦᠯᠦᠨ᠎ᠡ ᠃ ᠳᠤᠮᠳᠠᠳᠤ ᠤᠯᠤᠰ ︵ᠥᠪᠥᠷ ᠮᠣᠩᠭᠤᠯ ︶ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠳᠡᠰ ᠳᠠᠷᠠᠭᠠᠯᠠᠯ ᠶᠣᠰᠣᠭᠠᠷ ᠭᠤᠶᠤᠴᠢᠯᠠᠨ ᠪᠠᠶᠢᠭᠤᠯᠬᠤ ᠶᠢ ᠳᠠᠮᠵᠢᠨ᠎ᠠ ᠃ ᠮᠠᠨᠵᠤᠤᠷ ᠂ ᠡᠷᠢᠶᠡᠨ ᠬᠤᠲᠠ ᠶᠢᠨ ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠡᠳ᠋ᠰᠢᠭᠦᠯᠬᠦ ᠂ ᠪᠡᠯᠡ ᠣᠷᠣᠭᠤᠯᠬᠤ ᠂ ᠠᠷᠠᠯᠵᠢᠶᠠᠯᠠᠬᠤ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠲᠦᠷᠭᠡᠳᠬᠡᠨ᠎ᠡ ᠃ ᠬᠢᠯᠢ ᠶᠢᠨ ᠪᠣᠭᠤᠮᠲᠠ ᠶᠢᠨ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ ᠪᠠᠶᠢᠷᠢᠯᠠᠭᠤᠯᠤᠯᠲᠠ ᠶᠢ ᠰᠤᠳᠤᠯᠤᠨ ᠰᠢᠯᠢᠳᠡᠭᠵᠢᠭᠦᠯᠵᠦ ᠂ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠴᠢᠩᠭᠠᠷᠠᠭᠤᠯᠤᠨ᠎ᠠ ᠃ ᠮᠠᠨᠵᠤᠤᠷ ᠬᠢᠭᠡᠳ ᠵᠠᠯᠠᠶᠢᠨᠠᠭᠤ ᠂ ᠤᠯᠠᠭᠠᠨᠴᠠᠪ ᠬᠢᠭᠡᠳ ᠡᠷᠢᠶᠡᠨ ᠬᠤᠲᠠ ᠵᠡᠷᠭᠡ ᠭᠠᠵᠠᠷ ᠣᠷᠣᠨ ᠤ ᠬᠠᠮᠢᠶᠠᠷᠤᠯᠲᠠ ᠶᠢᠨ ᠵᠠᠭᠪᠤᠷ ᠲᠤ ᠰᠢᠨ᠎ᠡ ᠶᠢ ᠡᠭᠦᠳᠬᠦ ᠶᠢ ᠠᠬᠢᠭᠤᠯᠵᠤ ᠂ ᠪᠣᠭᠤᠮᠲᠠ ᠪᠠ ᠳᠣᠲᠣᠷ ᠭᠠᠵᠠᠷ ᠤᠨ ᠬᠠᠮᠲᠤᠷᠠᠨ ᠬᠥᠳᠡᠯᠦᠯᠴᠡᠵᠦ ᠬᠥᠭᠵᠢᠬᠦ ᠶᠢ ᠠᠬᠢᠭᠤᠯᠤᠨ᠎ᠠ ᠃ ᠠᠵᠤ ᠦᠢᠯᠡᠰ ᠤᠨ ᠰᠠᠭᠤᠷᠢ ᠶᠢ ᠤᠯᠠᠮ ᠴᠢᠨᠠᠭᠰᠢᠳᠠ ᠪᠠᠬᠢᠵᠢᠭᠦᠯᠵᠦ ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠃ ᠮᠣᠩᠭᠤᠯ ᠤᠯᠤᠰ ᠂ ᠣᠷᠣᠰ ᠯᠤᠭ᠎ᠠ ᠲᠠᠷᠢᠶᠠᠯᠠᠩ ᠣᠶ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠂ ᠡᠨᠧᠷᠭᠢ ᠠᠭᠤᠷᠬᠠᠢ ᠶᠢᠨ ᠭᠠᠷᠤᠯᠲᠠ ᠂ ᠰᠠᠭᠤᠷᠢ ᠲᠥᠬᠦᠭᠡᠷᠦᠮᠵᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠠᠬᠢᠭᠤᠯᠤᠨ᠎ᠠ ᠃ ᠮᠣᠩᠭᠤᠯ ᠤᠯᠤᠰ ᠵᠡᠷᠭᠡ ᠡᠷᠭᠢᠨ ᠲᠣᠭᠤᠷᠢᠨ ᠤ ᠡᠯᠡᠰᠦᠨ ᠤ ᠡᠬᠢ ᠡᠭᠦᠰᠦᠯ ᠤᠯᠤᠰ ᠯᠤᠭ᠎ᠠ ᠡᠯᠡᠰᠦᠨ ᠰᠢᠭᠤᠷᠭ᠎ᠠ ᠶᠢᠨ ᠡᠬᠢ ᠶᠢ ᠬᠢᠨᠠᠨ ᠰᠢᠨᠵᠢᠬᠦ ᠬᠢᠭᠡᠳ ᠶᠡᠷᠦᠩᠬᠡᠶᠢᠯᠡᠨ ᠵᠠᠰᠠᠬᠤ ᠂ ᠠᠮᠢ ᠠᠬᠤᠢ ᠣᠷᠴᠢᠨ ᠲᠣᠭᠤᠷᠢᠨ ᠬᠢᠭᠡᠳ ᠠᠮᠢ ᠠᠬᠤᠢ ᠶᠢ ᠰᠡᠷᠭᠦᠭᠡᠬᠦ ᠵᠡᠷᠭᠡ ᠬᠦᠷᠢᠶ᠎ᠡ ᠳᠠᠬᠢ ᠮᠡᠷᠭᠡᠵᠢᠯ ᠪᠠ ᠲᠥᠷᠥᠯ ᠵᠦᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠨ᠎ᠠ ᠃ ᠥᠪᠥᠷ ᠮᠣᠩᠭᠤᠯ ᠤᠨ ᠰᠢᠩᠭᠠᠫᠤᠷ ᠵᠡᠷᠭᠡ ᠤᠯᠤᠰ ᠯᠤᠭ᠎ᠠ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠪᠠᠨ ᠥᠷᠭᠡᠳᠬᠡᠬᠦ ᠶᠢ ᠳᠡᠮᠵᠢᠨ᠎ᠡ ᠃
︵ᠬᠤᠷᠢᠨ ᠲᠠᠪᠤ ︶ ᠣᠷᠣᠨ ᠪᠦᠰᠡ ᠶᠢᠨ ᠬᠠᠮᠵᠢᠯᠴᠠᠨ ᠬᠥᠳᠡᠯᠦᠯᠴᠡᠬᠦ ᠶᠢ ᠴᠢᠩᠭᠠᠳᠬᠠᠨ᠎ᠠ ᠃ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠳᠤ ᠢᠳᠡᠪᠬᠢᠲᠡᠢ ᠠᠭᠤᠰᠤᠯᠴᠠᠵᠤ ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠦᠨ᠂ ᠥᠪᠥᠷ ᠮᠣᠩᠭᠤᠯ ᠬᠢᠭᠡᠳ ᠪᠡᠭᠡᠵᠢᠩ ᠤᠨ ᠠᠵᠢᠯ ᠲᠥᠷᠥᠯ ᠢᠶᠠᠷ ᠢᠶᠠᠨ ᠬᠠᠮᠲᠤᠷᠠᠯᠴᠠᠬᠤ ᠶᠢ ᠰᠦᠪᠡᠭᠴᠢᠯᠡᠨ ᠠᠬᠢᠭᠤᠯᠤᠨ᠎ᠠ ᠃ ᠲᠢᠶᠠᠨᠵᠢᠨ ᠂ ᠾᠧᠪᠧᠢ ᠂ ᠯᠢᠶᠣᠤᠨᠢᠩ ᠵᠡᠷᠭᠡ ᠮᠤᠵᠢ ᠬᠤᠲᠠ ᠯᠤᠭ᠎ᠠ ᠭᠠᠷᠠᠮ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠪᠠ ᠳᠣᠲᠣᠭᠠᠳᠤ ᠬᠠᠭᠤᠷᠠᠢ ᠶᠢᠨ ᠭᠠᠷᠠᠮ ᠤᠨ ᠬᠠᠮᠲᠤᠷᠠᠯᠴᠠᠭ᠎ᠠ ᠥᠷᠨᠢᠭᠦᠯᠬᠦ ᠶᠢ ᠳᠡᠮᠵᠢᠨ᠎ᠡ ᠃ ᠴᠢᠭᠤᠯᠤᠯᠲᠤ ᠬᠠᠭᠠᠯᠭ᠎ᠠ ᠂ ᠴᠧᠩᠳᠧ ᠂ ᠳ᠋ᠠᠲ᠋ᠦ᠋ᠩ ᠂ ᠰᠢᠨᠵᠧᠦ ᠂ ᠲᠡᠮᠡᠭᠡᠲᠦ ᠂ ᠱᠢ ᠽᠦᠢ ᠱᠠᠨ ᠵᠡᠷᠭᠡ ᠬᠥᠷᠰᠢ ᠵᠡᠷᠭᠡᠯᠡᠳᠡᠭᠡ ᠭᠠᠵᠠᠷ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ ᠂ ᠰᠠᠭᠤᠷᠢ ᠲᠥᠬᠦᠭᠡᠷᠦᠮᠵᠢ ᠶᠢᠨ ᠬᠤᠯᠪᠤᠭᠠᠯᠠᠨ ᠨᠡᠪᠲᠡᠷᠡᠯᠴᠡᠬᠦ ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠠᠮᠲᠤᠷᠠᠯᠴᠠᠭ᠎ᠠ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠨ᠎ᠠ ᠃ ᠥᠪᠥᠷ ᠮᠣᠩᠭᠤᠯ ᠤᠨ ᠵᠡᠭᠦᠨ ᠬᠡᠰᠡᠭ ︵ᠤᠯᠠᠭᠠᠨᠬᠠᠳᠠ — ᠲᠦᠩᠯᠢᠶᠣᠣ ︶ ᠤᠨ ᠠᠵᠤ ᠦᠢᠯᠡᠰ ᠤᠨ ᠰᠢᠯᠵᠢᠯᠲᠡ ᠲᠠᠢ ᠵᠣᠯᠭᠠᠭᠤᠯᠬᠤ ᠵᠢᠱᠢᠶ᠎ᠡ ᠦᠵᠡᠭᠦᠯᠭᠦ ᠣᠷᠣᠨ ᠢ ᠲᠦᠷᠭᠡᠳᠬᠡᠨ ᠪᠠᠶᠢᠭᠤᠯᠤᠨ᠎ᠠ ᠃ ᠬᠥᠬᠡᠮᠥ᠋ᠷᠡᠨ ᠤ ᠭᠤᠷᠪᠠᠯᠵᠢᠨ ᠬᠤᠶᠢᠭ ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠂ ᠵᠡᠭᠦᠨ ᠬᠤᠶᠢᠲᠤ ᠶᠢᠨ ᠭᠤᠷᠪᠠᠨ ᠮᠤᠵᠢ ᠵᠡᠷᠭᠡ ᠣᠷᠣᠨ ᠪᠦᠰᠡ ᠶᠢᠨ ᠬᠠᠷᠢᠯᠴᠠᠨ ᠠᠰᠢᠭ ᠬᠦᠷᠲᠡᠭᠡᠬᠦ ᠬᠠᠮᠲᠤᠷᠠᠯᠴᠠᠭ᠎ᠠ ᠶᠢ ᠴᠢᠩᠭᠠᠳᠬᠠᠵᠤ ᠂ ᠬᠦᠷᠢᠶᠡᠯᠡᠩ ᠲᠣᠭᠤᠷᠢᠭ ᠂ ᠭᠠᠵᠠᠷ ᠣᠷᠣᠨ ᠠᠯᠤᠰᠯᠠᠭᠰᠠᠨ ᠠᠵᠤ ᠠᠬᠤᠢ ᠂ ᠣᠨᠳᠣᠣ ᠭᠠᠵᠠᠷ ᠲᠤ ᠨᠡᠪᠴᠢᠭᠦᠯᠬᠦ ᠵᠡᠷᠭᠡ ᠠᠷᠭ᠎ᠠ ᠭᠡᠯᠪᠡᠷᠢ ᠪᠠᠷ ᠳᠠᠮᠵᠢᠭᠤᠯᠤᠨ ᠠᠵᠤ ᠦᠢᠯᠡᠰ ᠤᠨ ᠰᠢᠯᠵᠢᠯᠲᠡ ᠶᠢ ᠭᠥᠯᠢᠶᠡᠨ ᠠᠪᠤᠨ᠎ᠠ ᠃ ᠮᠠᠨᠵᠤᠤᠷ ᠂ ᠡᠷᠢᠶᠡᠨ ᠬᠤᠲᠠ ᠂ ᠭᠠᠭᠴᠠᠮᠣᠳᠤ ᠂ ᠴᠡᠭᠡ ᠵᠡᠷᠭᠡ ᠬᠢᠯᠢ ᠳᠠᠭᠠᠤ ᠭᠠᠵᠠᠷ ᠣᠷᠣᠨ ᠳᠤ ᠬᠢᠯᠢ ᠳᠠᠭᠠᠤ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠳ ᠢ ᠨᠡᠶᠢᠳᠬᠡᠵᠦ ᠪᠦᠲᠦᠭᠡᠨ ᠪᠠᠶᠢᠭᠤᠯᠬᠤ ᠶᠢ ᠰᠤᠳᠤᠯᠵᠤ ᠂ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠪᠠᠷ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠳᠤ ᠵᠣᠬᠢᠬᠤ ᠳᠡᠮᠵᠢᠯᠭᠡ ᠦᠵᠡᠭᠦᠯᠵᠦ ᠂ ᠬᠢᠯᠢ ᠳᠠᠭᠠᠤ ᠶᠢᠨ ᠨᠡᠭᠡᠭᠡᠯᠲᠡ ᠬᠢᠬᠦ ᠰᠢᠨ᠎ᠡ ᠥᠨᠳᠦᠷᠯᠢᠭ ᠢ ᠡᠭᠦᠳᠦᠨ ᠴᠣᠭᠴᠠᠯᠠᠨ᠎ᠠ ᠃
ᠨᠠᠢᠮᠠ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠵᠤ ᠂ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠦᠨ᠎ᠡ
︵ᠬᠤᠷᠢᠨ ᠵᠢᠷᠭᠤᠭ᠎ᠠ ︶ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠪᠦᠭᠦ ᠲᠠᠯ᠎ᠠ ᠪᠠᠷ ᠠᠬᠢᠭᠤᠯᠤᠨ᠎ᠠ ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠭᠦ ᠡᠭᠦᠳᠦᠨ ᠪᠠᠶᠢᠭᠤᠯᠤᠯᠲᠠ ᠶᠢ ᠥᠷᠨᠢᠭᠦᠯᠵᠦ ᠂ ᠰᠤᠳᠤᠯᠭᠠᠨ ᠤ ᠰᠠᠭᠤᠷᠢᠨ ᠪᠠ ᠬᠥᠮᠦᠵᠢᠯ ᠦᠢᠯᠡᠳᠦᠯᠭᠡ ᠶᠢᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠭᠦ ᠲᠠᠯ᠎ᠠ ᠪᠠᠷ ᠬᠡᠷᠡᠭᠯᠡᠬᠦ ᠶᠢ ᠡᠷᠡᠰ ᠭᠤᠶᠢᠪᠢᠰᠢ ᠦᠭᠡᠢ ᠠᠬᠢᠭᠤᠯᠵᠤ ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠢ ᠰᠠᠶᠢᠲᠤᠷ ᠡᠵᠡᠮᠰᠢᠨ ᠬᠡᠷᠡᠭᠯᠡᠬᠦ ᠶᠢ ᠦᠨᠡᠨ ᠬᠦ ᠪᠠᠲᠤᠯᠠᠨ᠎ᠠ ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠪᠠᠬᠢᠵᠢᠭᠦᠯᠦᠨ ᠭᠦᠨᠵᠡᠭᠡᠶᠢᠷᠡᠭᠦᠯᠵᠦ ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ︽ᠭᠤᠷᠪᠠᠨ ᠲᠥᠯᠥᠪᠯᠡᠭᠡ ︾ ᠶᠢ ᠦᠷᠭᠦᠯᠵᠢᠯᠡᠨ ᠥᠷᠨᠢᠭᠦᠯᠦᠨ᠎ᠡ ᠃ ᠦᠨᠳᠦᠰᠦᠲᠡᠨ ᠤ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠦᠨ᠎ᠡ ᠃ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠶᠢᠨ ᠲᠥᠯᠦᠪᠵᠢᠭᠦᠯᠭᠡ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ ᠂ ᠨᠡᠩ ᠲᠡᠭᠦᠯᠳᠡᠷᠵᠢᠭᠰᠡᠨ ᠪᠦᠬᠦᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠪᠠᠷ ᠰᠠᠭᠤᠷᠢᠰᠢᠵᠤ ᠬᠠᠮᠲᠤ ᠪᠠᠷ ᠰᠤᠷᠤᠯᠴᠠᠬᠤ ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠨᠡᠶᠢᠭᠡᠮ ᠤᠨ ᠨᠥᠬᠦᠴᠡᠯ ᠢ ᠡᠭᠦᠳᠴᠦ ᠂ ᠰᠢᠨ᠎ᠡ ᠴᠠᠭ ᠦᠶ᠎ᠡ ᠳᠤ ︽ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠤ ᠡᠷᠬᠢᠮ ᠳᠡᠭᠡᠳᠦ ᠢᠷᠠᠭᠤ ᠠᠯᠳᠠᠷ ᠢ ᠦᠷᠭᠦᠯᠵᠢᠯᠡᠨ ᠪᠠᠲᠤᠯᠠᠨ᠎ᠠ ᠃
︵ᠬᠤᠷᠢᠨ ᠳᠣᠯᠤᠭ᠎ᠠ ︶ ᠠᠷᠠᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠨ᠎ᠠ ᠃ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠲᠥᠷᠥ ᠶᠢᠨ ᠪᠣᠳᠣᠯᠭ᠎ᠠ ᠶᠢ ᠨᠠᠷᠢᠯᠢᠭ ᠨᠠᠶᠢᠳᠠᠪᠤᠷᠢᠵᠢᠭᠤᠯᠵᠤ ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠂ ᠴᠡᠷᠢᠭ ᠠᠴᠠ ᠬᠠᠯᠠᠭᠳᠠᠭᠰᠠᠳ ᠂ ᠬᠥᠯᠥᠰᠦᠨ ᠲᠠᠷᠢᠶᠠᠴᠢᠨ ᠂ ᠠᠵᠢᠯ ᠠᠯᠳᠠᠭᠰᠠᠳ ᠤᠨ ᠠᠵᠢᠯ ᠣᠯᠭᠤᠯᠲᠠ ᠶᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ ᠃ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠭᠦ ᠲᠥᠷᠥᠯ ᠵᠦᠢᠯ ᠥᠷᠨᠢᠭᠦᠯᠬᠦ ᠶᠢ ᠳᠡᠮᠵᠢᠵᠦ ᠂ ᠨᠥᠬᠦᠴᠡᠯ ᠳᠤ ᠨᠡᠶᠢᠴᠡᠬᠦ ᠣᠷᠣᠨ ᠨᠤᠲᠤᠭ ᠤᠨ ᠣᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠪᠠᠶᠢᠭᠤᠯᠬᠤ ᠶᠢ ᠳᠡᠮᠵᠢᠵᠦ ᠂ ᠦᠢᠯᠡᠰ ᠪᠣᠰᠬᠠᠵᠤ ᠰᠢᠨ᠎ᠡ ᠶᠢ ᠡᠭᠦᠳᠬᠦ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠭᠤᠣᠯᠳᠠᠯᠭ᠎ᠠ ᠲᠠᠢ ᠢᠨᠵᠧᠨᠧᠷᠢᠩ ᠪᠣᠯᠣᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠶᠢ ᠳᠡᠯᠭᠡᠷᠡᠭᠦᠯᠵᠦ ᠂ ᠭᠦᠳᠡᠯᠮᠦᠷᠢ ᠦᠢᠯᠡᠴᠢᠯᠡᠭᠡᠨ ᠤ ᠬᠥᠯᠥᠰᠦ ᠣᠯᠭᠤᠮᠵᠢ ᠣᠯᠭᠤᠬᠤ ᠬᠠᠷᠢᠴᠠᠯ ᠢ ᠵᠣᠬᠢᠰᠲᠠᠢ ᠳᠡᠭᠡᠭᠰᠢᠯᠡᠭᠦᠯᠤᠨ᠎ᠠ ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ ᠳᠤᠲᠠᠭᠤᠳᠠᠯ ᠢ ᠨᠥᠬᠦᠪᠦᠷᠢᠯᠡᠵᠦ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠢᠭᠡ ᠪᠦᠯᠦᠭ ᠭᠤᠣᠯᠳᠠᠯᠭ᠎ᠠ ᠲᠠᠢ ᠳᠦᠷᠦᠯ ᠵᠦᠢᠯ ᠢ ᠬᠡᠷᠡᠭᠵᠢᠭᠦᠯᠬᠦ ᠶᠢ ᠲᠡᠮᠵᠢᠵᠤ ᠂ ᠣᠨᠳᠣᠣ ᠭᠠᠵᠠᠷ ᠲᠤ ᠨᠡᠭᠦᠯᠭᠡᠨ ᠲᠥᠪᠯᠡᠷᠡᠭᠦᠯᠦᠨ ᠲᠥᠪᠬᠢᠨᠡᠭᠦᠯᠬᠦ ᠴᠡᠭ ᠤᠨ ᠵᠠᠯᠭᠠᠮᠵᠢ ᠲᠡᠳᠬᠦᠮᠵᠢ ᠶᠢ ᠴᠢᠩᠭᠠᠳᠬᠠᠨ᠎ᠠ ᠃ ᠶᠠᠳᠠᠭᠤ ᠠᠴᠠ ᠠᠩᠭᠢᠵᠢᠷᠠᠭᠰᠠᠨ ᠭᠡᠷ ᠪᠦᠯᠢ ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠭᠡᠷ ᠪᠦᠯᠢ ᠂ ᠠᠵᠢᠯ ᠲᠠᠢ ᠬᠥᠮᠥᠨ ᠦᠭᠡᠢ ᠭᠡᠷ ᠪᠦᠯᠢ ᠂ ᠵᠡᠮᠳᠡᠭᠴᠦᠳ ᠵᠡᠷᠭᠡ ᠬᠦᠴᠢᠷᠳᠡᠯᠲᠡᠢ ᠬᠥᠮᠥᠰ ᠢ ᠠᠵᠢᠯ ᠣᠯᠭᠤᠵᠤ ᠬᠠᠪᠰᠤᠷᠤᠨ ᠲᠡᠳᠬᠦᠬᠦ ᠶᠢ ᠴᠢᠩᠭᠠᠳᠬᠠᠵᠤ ᠂ ᠣᠷᠣᠯᠭ᠎ᠠ ᠪᠠᠭᠠᠲᠠᠢ ᠬᠥᠮᠥᠰ ᠤᠨ ᠣᠷᠣᠯᠭ᠎ᠠ ᠶᠢ ᠨᠡᠮᠡᠭᠳᠡᠭᠦᠯᠵᠦ ᠂ ᠳᠤᠮᠳᠠ ᠵᠡᠷᠭᠡ ᠶᠢᠨ ᠣᠷᠣᠯᠭ᠎ᠠ ᠲᠠᠢ ᠬᠥᠮᠥᠰ ᠢ ᠥᠷᠭᠡᠳᠬᠡᠵᠦ ᠂ ᠤᠯᠤᠰ ᠤᠨ ᠳᠦᠷᠦ ᠶᠢᠨ ᠪᠣᠳᠣᠯᠭ᠎ᠠ ᠶᠢᠨ ᠪᠣᠷᠣ ᠲᠥᠯᠥᠪ ᠤᠨ ᠳᠣᠲᠣᠷ᠎ᠠ ᠬᠠᠲᠠᠭᠤᠵᠢᠯᠲᠠᠢ ᠬᠢᠯᠢ ᠬᠢᠵᠠᠭᠠᠷ ᠣᠷᠣᠨ ᠤ ᠨᠥᠬᠦᠪᠦᠷᠢ ᠮᠥᠩᠭᠦ ᠶᠢ ᠬᠡᠷᠡᠭᠵᠢᠭᠦᠯᠬᠦ ᠬᠡᠪᠴᠢᠶ᠎ᠡ ᠪᠣᠯᠣᠨ ᠳᠦᠷᠦᠯ ᠵᠦᠢᠯ ᠢ ᠵᠣᠬᠢᠰᠲᠠᠢ ᠲᠣᠬᠢᠷᠠᠭᠤᠯᠵᠤ ᠂ ᠣᠷᠣᠯᠭ᠎ᠠ ᠶᠢᠨ ᠬᠤᠪᠢᠶᠠᠷᠢᠯᠠᠯᠲᠠ ᠶᠢᠨ ᠪᠠᠶᠢᠷᠢᠰᠢᠯ ᠢ ᠰᠢᠯᠢᠳᠡᠭᠵᠢᠭᠦᠯᠵᠦ ᠂ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠢ ᠠᠬᠢᠭᠤᠯᠬᠤ ᠪᠦᠲᠦᠮᠵᠢᠲᠡᠢ ᠠᠷᠭ᠎ᠠ ᠵᠠᠮ ᠢ ᠰᠦᠪᠡᠭᠴᠢᠯᠡᠨ᠎ᠡ ᠃
︵ᠬᠤᠷᠢᠨ ᠨᠠᠢᠮᠠ ︶ ᠣᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ ᠃ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ ᠶᠢᠨ ᠬᠤᠯᠪᠤᠭ᠎ᠠ ᠪᠠᠶᠢᠭᠤᠯᠬᠤ ᠶᠢ ᠳᠡᠮᠵᠢᠵᠦ᠂ ᠰᠤᠷᠭᠠᠨ ᠬᠥᠮᠦᠵᠢᠯ ᠤᠨ ᠶᠠᠮᠤᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ ᠬᠠᠪᠰᠤᠷᠤᠯᠴᠠᠭ᠎ᠠ ᠪᠠᠶᠢᠭᠤᠯᠤᠨ ᠥᠪᠥᠷ ᠮᠣᠩᠭᠤᠯ ᠤᠨ ᠣᠷᠣᠨ ᠨᠤᠲᠤᠭ ᠤᠨ ᠶᠡᠭᠡ ᠳᠡᠭᠡᠳᠦ ᠰᠤᠷᠭᠠᠭᠤᠯᠢ ᠶᠢ ᠬᠠᠪᠰᠤᠷᠤᠨ ᠲᠡᠳᠬᠦᠬᠦ ᠶᠢ ᠠᠬᠢᠭᠤᠯᠤᠨ᠎ᠠ ᠃ ᠥᠪᠥᠷ ᠮᠣᠩᠭᠤᠯ ᠤᠨ ᠣᠷᠣᠨ ᠨᠤᠲᠤᠭ ᠤᠨ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠪᠠ ᠠᠰᠫᠢᠷᠠᠨᠲ ᠬᠥᠮᠥᠵᠢᠭᠦᠯᠬᠦ ᠬᠡᠪᠴᠢᠶ᠎ᠡ ᠶᠢ ᠵᠦᠢ ᠵᠣᠬᠢᠰᠲᠠᠢ ᠲᠣᠭᠲᠠᠭᠠᠵᠤ ᠂ ᠢᠳᠡᠭᠡᠨ ᠤ ᠰᠢᠨᠵᠢᠯᠡᠬᠦ ᠤᠬᠠᠭᠠᠨ ᠂ ᠠᠮᠢ ᠠᠬᠤᠢ ᠶᠢᠨ ᠤᠬᠠᠭᠠᠨ ᠂ ᠡᠪᠡᠰᠦᠨ ᠤ ᠤᠬᠠᠭᠠᠨ ᠂ ᠲᠡᠮᠦᠷᠯᠢᠭ ᠬᠠᠶᠢᠯᠤᠭᠤᠯᠬᠤ ᠬᠤᠪᠣᠷ ᠰᠢᠷᠣᠢ ᠂ ᠡᠮᠴᠢᠯᠡᠭᠡᠨ ᠤ ᠠᠨᠠᠭᠠᠬᠤ ᠤᠬᠠᠭᠠᠨ ᠂ ᠰᠡᠷᠭᠡᠶᠢᠯᠡᠬᠦ ᠠᠨᠠᠭᠠᠬᠤ ᠤᠬᠠᠭᠠᠨ ᠵᠡᠷᠭᠡ ᠬᠢᠴᠢᠶᠡᠯ ᠳᠦᠷᠦᠯ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢ ᠴᠢᠩᠭᠠᠳᠬᠠᠬᠤ ᠶᠢ ᠳᠡᠮᠵᠢᠵᠦ ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ︽ ᠬᠤᠣᠰ ᠲᠡᠷᠢᠭᠦᠨ ︾ ᠤ ᠪᠠᠶᠢᠭᠤᠯᠤᠯᠲᠠ ᠶᠢ ᠴᠢᠩᠭᠠᠳᠬᠠᠬᠤ ᠶᠢ ᠳᠡᠮᠵᠢᠨ᠎ᠡ ᠃ ᠥᠪᠥᠷ ᠮᠣᠩᠭᠤᠯ ᠤᠨ ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠪᠣᠯᠣᠨ ᠵᠢᠩᠬᠢᠨᠢ ᠠᠩᠭᠢ ᠶᠢᠨ ᠳᠡᠰ ᠳᠠᠪᠬᠤᠷᠭ᠎ᠠ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ ᠃ ᠲᠥᠯᠦᠪᠵᠢᠭᠦᠯᠭᠡ ᠶᠣᠰᠣᠭᠠᠷ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠂ ᠤᠯᠤᠰ ᠤᠨ ᠠᠨᠠᠭᠠᠬᠤ ᠤᠬᠠᠭᠠᠨ ᠤ ᠪᠠᠴᠢᠮ ᠠᠪᠤᠷᠠᠨ ᠲᠤᠰᠠᠯᠠᠬᠤ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠬᠢᠭᠡᠳ ᠴᠢᠨᠠᠷ ᠰᠠᠶᠢᠲᠠᠢ ᠬᠥᠭᠵᠢᠯᠲᠡ ᠶᠢᠨ ᠵᠢᠱᠢᠶ᠎ᠡ ᠦᠵᠡᠭᠦᠯᠭᠦ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠨ ᠂ ᠰᠢᠶᠠᠨ ᠤ ᠬᠡᠪᠴᠢᠶᠡᠨ ᠤ ᠨᠢᠭᠲᠠᠷᠠᠭᠰᠠᠨ ᠡᠮᠴᠢᠯᠡᠭᠡᠨ ᠤ ᠬᠠᠮᠲᠤ ᠶᠢᠨ ᠴᠣᠭᠴᠠ ᠶᠢ ᠲᠦᠷᠭᠡᠳᠬᠡᠨ ᠪᠠᠶᠢᠭᠤᠯᠤᠨ᠎ᠠ ᠃ ᠪᠦᠷᠢᠨ ᠪᠦᠲᠦᠨ ᠨᠡᠶᠢᠭᠡᠮ ᠲᠣᠭᠤᠷᠢᠭ ᠤᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ ︶ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠬᠦ ᠪᠠ ᠴᠢᠳᠠᠪᠤᠷᠢ ᠶᠢ ᠥᠷᠭᠡᠳᠬᠡᠨ ᠳᠡᠰ ᠳᠡᠪᠰᠢᠭᠦᠯᠬᠦ ᠲᠥᠷᠥᠯ ᠵᠦᠢᠯ ᠢ ᠬᠡᠷᠡᠭᠵᠢᠭᠦᠯᠵᠦ ᠂ ᠨᠡᠶᠢᠭᠡᠮ ᠲᠣᠭᠤᠷᠢᠭ ᠤᠨ ᠠᠵᠢᠯᠲᠠᠨ ᠤ ᠴᠠᠯᠢᠩ ᠣᠯᠭᠤᠮᠵᠢ ᠶᠢ ᠳᠡᠭᠡᠭᠰᠢᠯᠡᠭᠦᠯᠦᠨ᠎ᠡ ᠃ ᠥᠪᠥᠷ ᠮᠣᠩᠭᠤᠯ ᠤᠨ ᠬᠡᠰᠡᠭ ᠭᠠᠵᠠᠷ ᠣᠷᠣᠨ ᠤ ᠤᠤᠯ ᠤᠨ ᠭᠠᠵᠠᠷ ᠢᠶᠠᠨ ᠲᠠᠲᠠᠪᠤᠷᠢᠯᠠᠭᠤᠯᠤᠭᠰᠠᠨ ᠮᠠᠯᠴᠢᠨ ᠲᠠᠷᠢᠶᠠᠴᠢᠳ ᠤᠨ ᠨᠠᠰᠤᠵᠢᠯ ᠤᠨ ᠳᠠᠭᠠᠳᠬᠠᠯ ᠤᠨ ᠲᠤᠰᠠᠭᠠᠷ ᠪᠠᠶᠢᠭᠤᠯᠬᠤ ᠳᠦᠷᠢᠮ ᠤᠨ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠶᠢ ᠳᠡᠮᠵᠢᠵᠦ ᠂ ᠠᠵᠤ ᠠᠬᠤᠶᠢᠯᠠᠯ ᠤᠨ ᠣᠨ ᠤ ᠮᠥᠩᠭᠦ ᠶᠢᠨ ᠬᠠᠮᠤᠷᠬᠤ ᠬᠡᠪᠴᠢᠶ᠎ᠡ ᠶᠢ ᠥᠷᠭᠡᠳᠬᠡᠬᠦ ᠠᠷᠭ᠎ᠠ ᠬᠡᠮᠵᠢᠶ᠎ᠡ ᠶᠢ ᠰᠦᠪᠡᠭᠴᠢᠯᠡᠨ᠎ᠡ ᠃ ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ ᠲᠥᠬᠦᠭᠡᠷᠦᠮᠵᠢ ᠂ ᠢᠷᠠᠭᠤ ᠠᠯᠳᠠᠷ ᠤᠨ ᠬᠦᠷᠢᠶᠡᠯᠡᠩ ᠂ ᠠᠰᠠᠷᠠᠨ ᠬᠠᠷᠠᠭᠠᠯᠵᠠᠬᠤ ᠡᠮᠨᠡᠯᠭᠡ ᠶᠢᠨ ᠬᠤᠷᠢᠶ᠎ᠠ ᠂ ᠴᠡᠷᠢᠭ ᠤᠨ ᠬᠠᠩᠭᠠᠯᠭ᠎ᠠ ᠶᠢᠨ ᠦᠷᠳᠡᠭᠡ ᠵᠡᠷᠭᠡ ᠶᠢᠨ ᠪᠦᠲᠦᠭᠡᠨ ᠪᠠᠶᠢᠭᠤᠯᠤᠯᠲᠠ ᠶᠢ ᠲᠡᠮᠵᠢᠵᠤ ᠂ ᠠᠰᠠᠷᠠᠨ ᠬᠠᠷᠠᠭᠠᠯᠵᠠᠬᠤ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠦᠨ᠎ᠡ ᠃
︵ᠬᠤᠷᠢ ᠶᠢᠰᠦ ︶ ᠬᠢᠯᠢ ᠬᠢᠵᠠᠭᠠᠷ ᠢ ᠰᠠᠬᠢᠨ ᠪᠠᠬᠢᠵᠢᠭᠦᠯᠵᠦ ᠬᠢᠯᠢ ᠬᠢᠵᠠᠭᠠᠷ ᠢ ᠬᠥᠭᠵᠢᠭᠦᠯᠦᠨ ᠮᠠᠨᠳᠤᠭᠤᠯᠬᠤ ᠶᠢ ᠴᠢᠩᠭᠠᠳᠬᠠᠨ᠎ᠠ ᠃ ᠬᠢᠯᠢ ᠬᠢᠵᠠᠭᠠᠷ ᠤᠨ ᠵᠠᠩᠭᠢᠯᠠᠭ᠎ᠠ ᠶᠢᠨ ᠴᠡᠭ ᠤᠨ ᠲᠣᠰᠬᠤᠨ ᠪᠠᠯᠭᠠᠰᠤ ᠶᠢᠨ ᠰᠠᠭᠤᠷᠢ ᠲᠥᠬᠦᠭᠡᠷᠦᠮᠵᠢ ᠶᠢᠨ ᠳᠡᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠵᠦ ᠂ ᠬᠢᠯᠢ ᠬᠢᠵᠠᠭᠠᠷ ᠤᠨ ᠭᠠᠵᠠᠷ ᠣᠷᠣᠨ ᠤ ᠤᠰᠤ ᠴᠠᠭᠢᠯᠭᠠᠨ ᠵᠠᠮ ᠴᠢᠮᠡᠭᠡ ᠬᠤᠯᠪᠤᠭ᠎ᠠ ᠶᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠳᠠᠮᠵᠢᠵᠤ ᠂ ᠬᠢᠯᠢ ᠬᠢᠵᠠᠭᠠᠷ ᠤᠨ ᠠᠶᠢᠯ ᠲᠣᠰᠬᠤᠨ ᠂ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠂ ᠬᠢᠯᠢ ᠬᠢᠵᠠᠭᠠᠷ ᠤᠨ ᠲᠣᠮᠢᠯᠠᠭᠰᠠᠨ ᠰᠠᠯᠪᠤᠷᠢ ᠪᠠ ᠬᠢᠯᠢ ᠬᠢᠵᠠᠭᠠᠷ ᠲᠤ ᠬᠦᠷᠬᠦ ᠴᠠᠭᠳᠠᠭᠠᠨ ᠤ ᠶᠠᠪᠤᠳᠠᠯ ᠤᠨ ᠲᠠᠰᠤᠭ ᠤᠨ ᠤᠤᠭᠤᠬᠤ ᠤᠰᠤ ᠂ ᠴᠠᠭᠢᠯᠭᠠᠨ ᠬᠦᠴᠦᠨ ᠂ ᠴᠢᠮᠡᠭᠡ ᠬᠤᠯᠪᠤᠭ᠎ᠠ ᠂ ᠷᠠᠳᠢᠣ᠋ ᠲᠧᠯᠸᠢᠰ ᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠨ᠎ᠡ ᠃ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭᠠᠨ ᠤ ᠲᠥᠪ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠭᠦᠨᠵᠡᠭᠡᠢ ᠥᠷᠨᠢᠭᠦᠯᠦᠨ᠎ᠡ ᠃ ︽ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠬᠢᠯᠢ ᠬᠢᠵᠠᠭᠠᠷ ᠣᠷᠣᠨ ᠳᠤ ᠨᠤᠲᠤᠭᠰᠢᠬᠤ ︾ ᠠᠵᠢᠯᠯᠠᠭ᠎ᠠ ᠶᠢ ᠥᠷᠨᠢᠭᠦᠯᠦᠨ ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ ᠢᠨᠵᠧᠨᠧᠷᠢᠩ ᠢ ᠬᠡᠷᠡᠭᠵᠢᠭᠦᠯᠵᠦ᠂ ᠬᠢᠯᠢ ᠶᠢᠨ ᠠᠷᠠᠳ ᠤᠨ ᠲᠤᠬᠠᠢ ᠶᠢᠨ ᠭᠠᠵᠠᠷ ᠲᠠᠭᠠᠨ ᠣᠶᠢᠷ᠎ᠠ ᠬᠠᠪᠢ ᠳᠠᠭᠠᠨ ᠠᠵᠢᠯ ᠣᠯᠬᠤ ᠪᠠ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠠᠬᠢᠭᠤᠯᠤᠨ᠎ᠠ ᠃ ᠦᠨᠳᠦᠰᠦᠲᠡᠨ ᠤ ᠠᠷᠠᠯᠵᠢᠶ᠎ᠠ ᠪᠠ ᠦᠨᠳᠦᠰᠦᠲᠡᠨ ᠤ ᠣᠨᠴᠠ ᠬᠡᠷᠡᠭᠴᠡᠭᠡᠨ ᠤ ᠲᠠᠸᠠᠷ ᠤᠨ ᠦᠢᠯᠡᠳᠪᠦᠷᠢᠯᠡᠯ ᠢ ᠲᠡᠳᠬᠦᠨ ᠲᠡᠮᠵᠢᠨ᠎ᠠ ᠃ ᠬᠢᠯᠢ ᠶᠢᠨ
︽ᠳᠥᠷᠪᠡᠨ ᠬᠠᠮᠲᠤ ︾ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ ᠃ ᠶᠡᠭᠡ ᠬᠢᠩᠭᠠᠨ ᠳᠠᠪᠠᠭ᠎ᠠ ᠶᠢᠨ ᠰᠢᠭᠤᠶᠢᠲᠤ ᠣᠷᠣᠨ ᠤ ᠭᠠᠯ ᠰᠡᠷᠭᠡᠶᠢᠯᠡᠬᠦ ᠵᠠᠮ ᠪᠠ ᠬᠢᠯᠢ ᠬᠢᠵᠠᠭᠠᠷ ᠲᠤ ᠬᠦᠷᠬᠦ ᠠᠶᠢᠯ ᠲᠣᠰᠬᠤᠨ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ ᠪᠦᠲᠦᠭᠡᠨ ᠪᠠᠶᠢᠭᠤᠯᠤᠯᠲᠠ ᠶᠢ ᠳᠡᠮᠵᠢᠨ᠎ᠡ ᠃ ᠬᠢᠯᠢ ᠳᠠᠭᠠᠤ ᠤᠯᠤᠰ ᠤᠨ ᠵᠠᠮ ᠤᠨ 331 ᠱᠤᠭᠤᠮ ᠢ ᠨᠡᠪᠲᠡᠷᠡᠭᠦᠯᠬᠦ ᠪᠠ ᠳᠣᠣᠷ᠎ᠠ ᠲᠠᠰ ᠤᠨ ᠵᠠᠮ ᠤᠨ ᠬᠡᠰᠡᠭ ᠢ ᠪᠦᠲᠦᠭᠡᠨ ᠪᠠᠶᠢᠭᠤᠯᠵᠤ ᠥᠭᠡᠷᠡᠴᠢᠯᠡᠨ ᠰᠢᠨᠡᠳᠬᠡᠬᠦ ᠶᠢ ᠲᠦᠷᠭᠡᠳᠬᠡᠵᠦ ᠂ ᠬᠢᠯᠢ ᠳᠠᠭᠠᠤ ᠤᠯᠤᠰ ᠤᠨ ᠵᠠᠮ ᠤᠨ ᠵᠡᠷᠭᠡᠴᠡᠭᠡ ᠱᠤᠭᠤᠮ ᠤᠨ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠠᠬᠢᠭᠤᠯᠤᠨ᠎ᠠ ᠃ ᠬᠢᠯᠢ ᠬᠢᠵᠠᠭᠠᠷ ᠲᠤ ᠬᠦᠷᠬᠦ ᠰᠢᠶᠠᠩ ᠪᠠᠯᠭᠠᠰᠤᠨ ᠤ ᠠᠵᠢᠯ ᠤᠨ ᠬᠦᠴᠦᠨ ᠢ ᠴᠢᠩᠭᠠᠳᠬᠠᠬᠤ ᠲᠤᠬᠠᠢ ᠰᠤᠳᠤᠯᠵᠤ ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠶᠢ ᠴᠢᠩᠭᠠᠳᠬᠠᠵᠤ ᠂ ︽ᠠᠮᠤᠭᠤᠯᠠᠩᠲᠤ ᠤᠮᠠᠷᠠᠲᠤ ᠬᠢᠯᠢ ᠂ ᠣᠶᠤᠨᠲᠤ ᠬᠢᠯᠢ ᠶᠢᠨ ᠬᠠᠮᠠᠭᠠᠯᠠᠯᠲᠠ ︾ ᠶᠢᠨ ᠪᠠᠶᠢᠭᠤᠯᠤᠯᠲᠠ ᠶᠢ ᠠᠬᠢᠭᠤᠯᠤᠨ᠎ᠠ ᠃
︵ᠭᠤᠴᠢ ︶ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ ᠃ ᠬᠤᠲᠠ ᠶᠢᠨ ᠠᠮᠤᠷ ᠲᠦᠪᠰᠢᠨ ᠤ ᠤᠶᠠᠨ ᠬᠠᠲᠠᠨ ᠴᠢᠨᠠᠷ ᠢ ᠳᠡᠭᠡᠭᠰᠢᠯᠡᠭᠦᠯᠭᠦ ᠂ ᠵᠠᠮ ᠬᠠᠷᠢᠯᠴᠠᠭᠠᠨ ᠤ ᠠᠮᠤᠷ ᠲᠦᠪᠰᠢᠨ ᠢ ᠳᠡᠭᠡᠭᠰᠢᠯᠡᠭᠦᠯᠭᠦ ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠂ ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠪᠠᠶᠢᠭᠤᠯᠤᠯᠲᠠ ᠶᠢᠨ ᠲᠤᠤᠷᠵᠢᠭᠤᠯᠤᠬᠰᠠᠨ ᠬᠡᠷᠡᠭᠯᠡᠯᠲᠡ ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠣᠶᠤᠨᠴᠢ ᠨᠢᠭᠡᠴᠢ ᠶᠢᠨ ᠪᠠᠶᠢᠭᠤᠯᠤᠯᠲᠠ ᠵᠡᠷᠭᠡ ᠢᠨᠵᠧᠨᠧᠷᠢᠩ ᠢ ᠬᠡᠷᠡᠭᠵᠢᠭᠦᠯᠦᠨ᠎ᠡ ᠃ ᠭᠦᠭᠡᠬᠤᠲᠠ ᠶᠢᠨ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠨᠥᠭᠡᠴᠡᠯᠡᠬᠦ ᠬᠥᠮᠥᠷᠭᠡ ᠪᠠᠶᠢᠭᠤᠯᠬᠤ ᠶᠢ ᠳᠡᠮᠵᠢᠵᠦ ᠂ ᠬᠥᠯᠥᠨ ᠪᠤᠶᠢᠷ ᠂ ᠤᠯᠠᠭᠠᠨᠬᠠᠳᠠ ᠂ ᠦᠬᠠᠢ ᠵᠡᠷᠭᠡ ᠣᠷᠣᠨ ᠪᠦᠰᠡ ᠶᠢᠨ ᠬᠥᠮᠥᠷᠭᠡ ᠪᠠ ᠬᠡᠰᠡᠭ ᠬᠤᠰᠢᠭᠤ ᠰᠢᠶᠠᠨ ︵ᠬᠤᠲᠠ ᠂ ᠲᠣᠭᠤᠷᠢᠭ ︶ ᠤ ᠭᠤᠣᠯ ᠬᠥᠮᠥᠷᠭᠡ ᠶᠢ ᠪᠠᠶᠢᠷᠢᠰᠢᠭᠤᠯᠤᠨ ᠪᠠᠶᠢᠭᠤᠯᠤᠨ᠎ᠠ ᠃ ᠬᠥᠯᠥᠨ ᠪᠤᠶᠢᠷ ᠤᠨ ᠣᠶ ᠰᠢᠭᠤᠢ ᠶᠢᠨ ᠭᠠᠯ ᠢ ᠰᠡᠷᠭᠡᠶᠢᠯᠡᠨ ᠤᠨᠲᠠᠷᠠᠭᠠᠬᠤ ᠳᠠᠳᠤᠯᠭ᠎ᠠ ᠪᠣᠯᠪᠠᠰᠤᠷᠠᠯ ᠂ ᠤᠮᠠᠷᠠᠲᠤ ᠶᠢᠨ ᠠᠭᠠᠷ ᠤᠨ ᠠᠶᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠵᠡᠷᠭᠡ ᠰᠠᠭᠤᠷᠢᠨ ᠢ ᠪᠦᠲᠦᠭᠡᠨ ᠪᠠᠶᠢᠭᠤᠯᠵᠤ ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠲᠦᠭᠰᠢᠭᠦᠷᠢᠳᠤ ᠣᠷᠣᠨ ᠢ ᠶᠡᠷᠦᠩᠬᠡᠶᠢᠯᠡᠨ ᠵᠠᠰᠠᠬᠤ ᠶᠢ ᠳᠡᠮᠵᠢᠨ᠎ᠡ ᠃ ᠳᠤᠮᠳᠠ ᠵᠢᠵᠢᠭ ᠪᠠᠩᠬᠢ ᠶᠢᠨ ᠠᠶᠤᠯ ᠲᠦᠭᠰᠢᠭᠦᠷᠢ ᠶᠢ ᠰᠢᠢᠳᠪᠦᠷᠢᠯᠡᠬᠦ ᠂ ᠬᠥᠷᠥᠩᠭᠡ ᠶᠢ ᠨᠥᠬᠦᠪᠦᠷᠢᠯᠡᠬᠦ ᠪᠠ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠯᠠᠪᠳᠠᠭᠤᠨ ᠢᠶᠠᠷ ᠠᠬᠢᠭᠤᠯᠤᠨ᠎ᠠ ᠃ ᠮᠤᠵᠢ ᠶᠡᠷᠦᠩᠬᠡᠢ ᠬᠠᠷᠢᠭᠤᠴᠠᠯᠭ᠎ᠠ ᠡᠭᠦᠷᠭᠡᠯᠡᠬᠦ ᠂ ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠣᠷᠣᠨ ᠨᠤᠲᠤᠭ ᠤᠨ ᠥᠷᠢ ᠥᠭᠴᠡᠭᠡᠨ ᠤ ᠠᠶᠤᠯ ᠲᠦᠭᠰᠢᠭᠦᠷᠢ ᠶᠢ ᠬᠦᠴᠦᠲᠡᠢ ᠪᠥᠭᠡᠳ ᠡᠮᠬᠢ ᠵᠢᠷᠤᠮ ᠲᠠᠢ ᠰᠡᠷᠭᠡᠶᠢᠯᠡᠨ ᠠᠷᠢᠯᠭᠠᠵᠤ ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠬᠤ ᠬᠤᠷᠢᠭ᠎ᠠ ᠱᠤᠭᠤᠮ ᠢ ᠡᠷᠡᠰ ᠰᠠᠬᠢᠨ᠎ᠠ ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠂ ᠡᠯ᠎ᠡ ᠲᠥᠷᠥᠯ ᠤᠨ ᠬᠦᠨᠳᠦ ᠶᠡᠭᠡ ᠠᠮᠤᠷ ᠲᠦᠪᠰᠢᠨ ᠤ ᠠᠳᠠᠯ ᠢ ᠪᠦᠲᠦᠮᠵᠢᠲᠡᠢ ᠰᠡᠷᠭᠡᠶᠢᠯᠡᠨ᠎ᠡ ᠃
ᠶᠢᠰᠦ ᠂ ᠪᠠᠲᠤᠯᠠᠭ᠎ᠠ ᠶᠢᠨ ᠠᠷᠭ᠎ᠠ ᠬᠡᠮᠵᠢᠶ᠎ᠡ
︵ᠭᠤᠴᠢᠨ ᠨᠢᠭᠡ ︶ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ ᠃ ᠨᠠᠮ ᠤᠨ ᠪᠦᠭᠦ ᠲᠠᠯ᠎ᠠ ᠶᠢ ᠶᠡᠷᠦᠩᠬᠡᠶᠢᠯᠡᠨ ᠡᠵᠡᠮᠳᠡᠬᠦ ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠭᠤᠣᠯᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠂ ︽ᠬᠤᠶᠠᠷ ᠢ ᠲᠣᠭᠲᠠᠭᠠᠭᠰᠠᠨ ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ︽ᠳᠥᠷᠪᠡᠨ ᠤᠬᠠᠮᠰᠠᠷ ︾ ᠢᠶᠠᠨ ᠴᠢᠩᠭᠠᠳᠬᠠᠵᠤ ᠂ ︽ ᠳᠥᠷᠪᠡᠨ ᠢᠲᠡᠭᠡᠯ ︾ ᠢᠶᠠᠨ ᠪᠠᠲᠤᠳᠬᠠᠵᠤ ᠂
︽ ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠵᠦ ᠂ ᠨᠠᠮ ᠤᠨ ᠤᠳᠤᠷᠢᠳᠤᠯᠭ᠎ᠠ ᠶᠢ ᠢᠮᠠᠭᠲᠠ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠦᠭᠦ ᠶᠠᠪᠤᠴᠠ ᠡᠯ᠎ᠡ ᠲᠠᠯ᠎ᠠ ᠳᠤ ᠲᠤᠭᠤᠰᠢᠯᠠᠭᠤᠯᠤᠨ᠎ᠠ ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠴᠢᠩᠭᠠᠳᠬᠠᠵᠤ ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠤᠭᠤᠳᠴᠤ ᠪᠠᠶᠢᠭᠠᠳ ︽ ᠮᠣᠩᠭᠤᠯ ᠮᠣᠷᠢᠨ ᠤ ᠵᠣᠷᠢᠭ ᠰᠠᠨᠠᠭ᠎ᠠ ︾ ᠪᠠ ︽ ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ ︾ ᠶᠢ ᠶᠡᠭᠡ ᠪᠠᠷ ᠪᠠᠳᠠᠷᠠᠭᠤᠯᠵᠤ ᠂ ᠡᠯ᠎ᠡ ᠱᠠᠲᠤᠨ ᠤ ᠺᠠᠳ᠋ᠷ ᠤᠨ ᠢᠳᠡᠪᠬᠢᠵᠢᠯ ᠂ ᠰᠠᠨᠠᠭᠠᠴᠢᠯᠠᠭᠠᠲᠤ ᠴᠢᠨᠠᠷ ᠂ ᠪᠦᠲᠦᠭᠡᠯᠴᠢ ᠴᠢᠨᠠᠷ ᠢ ᠪᠦᠭᠦ ᠲᠠᠯ᠎ᠠ ᠪᠠᠷ ᠳᠠᠶᠢᠴᠢᠯᠠᠵᠤ ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠂ ᠡᠯ᠎ᠡ ᠲᠠᠯ᠎ᠠ ᠶᠢᠨ ᠬᠠᠮᠲᠤᠷᠠᠯ ᠬᠦᠴᠦᠨ ᠢ ᠨᠢᠭᠲᠠᠷᠠᠭᠤᠯᠵᠤ ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ ᠃
︵ᠭᠤᠴᠢᠨ ᠬᠤᠶᠠᠷ ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠷᠠᠭᠤᠯᠤᠨ᠎ᠠ ᠃ ᠴᠢᠬᠤᠯᠠ ᠶᠡᠭᠡ ᠲᠥᠷᠥᠯ ᠵᠦᠢᠯ ᠤᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ ᠂ ᠨᠥᠬᠦᠴᠡᠯ ᠳᠤ ᠨᠡᠶᠢᠴᠡᠬᠦ ᠲᠥᠷᠥᠯ ᠵᠦᠢᠯ ᠢ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠵᠡᠷᠭᠡ ᠳᠡᠮᠵᠢᠬᠦ ᠬᠡᠪᠴᠢᠶᠡᠨ ᠳᠤ ᠣᠷᠣᠭᠤᠯᠤᠨ᠎ᠠ ᠃ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠬᠡᠷᠡᠭᠴᠡᠭᠡ ᠶᠢ ᠦᠨᠳᠦᠰᠦᠯᠡᠨ ᠂ ᠰᠢᠨ᠎ᠡ ᠡᠨᠧᠷᠭᠢ ᠂ ᠰᠢᠨ᠎ᠡ ᠮᠠᠲ᠋ᠧᠷᠢᠶᠠᠯ ᠂ ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠂ ᠰᠦ ᠶᠢᠨ ᠦᠢᠯᠡᠰ ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠂ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠂ ᠴᠢᠬᠤᠯᠠ ᠶᠡᠭᠡ ᠲᠥᠷᠥᠯ ᠵᠦᠢᠯ ᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠳᠡᠮᠵᠢᠯᠭᠡ ᠦᠵᠡᠭᠦᠯᠦᠨ᠎ᠡ ᠃ ᠥᠪᠥᠷ ᠮᠣᠩᠭᠤᠯ ᠬᠢᠭᠡᠳ ᠲᠥᠪ ᠤᠨ ᠪᠠ ᠲᠥᠷᠥ ᠶᠢᠨ ᠪᠠᠶᠢᠭᠤᠯᠭ᠎ᠠ ᠂ ᠵᠡᠭᠦᠨ ᠬᠡᠰᠡᠭ ᠤᠨ ᠲᠠᠯᠠᠢ ᠳᠠᠭᠠᠤ ᠭᠠᠵᠠᠷ ᠣᠷᠣᠨ ᠤ ᠬᠤᠭᠤᠷᠣᠨᠳᠤ ᠬᠤᠯᠪᠣᠭᠳᠠᠯ ᠪᠦᠬᠦᠢ ᠲᠣᠭᠲᠠᠭᠠᠯ ᠪᠣᠯᠣᠨ ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ ᠺᠠᠳ᠋ᠷ ᠢ ᠲᠤᠰᠢᠶᠠᠯ ᠡᠭᠦᠷᠭᠡᠯᠡᠭᠦᠯᠦᠨ ᠰᠣᠯᠢᠯᠴᠠᠬᠤ ᠶᠢ ᠲᠡᠮᠵᠢᠨ᠎ᠡ ᠃ ᠴᠢᠳᠠᠪᠤᠷᠢᠲᠠᠨ ᠬᠥᠮᠥᠵᠢᠭᠦᠯᠬᠦ ᠡᠷᠴᠢᠮ ᠢᠶᠠᠨ ᠴᠢᠩᠭᠠᠷᠠᠭᠤᠯᠵᠤ ᠂ ᠥᠪᠥᠷ ᠮᠣᠩᠭᠤᠯ ᠢ ᠪᠠᠷᠠᠭᠤᠨ ᠣᠷᠣᠨ ᠢ ᠭᠤᠣᠯᠳᠠᠯᠭ᠎ᠠ ᠲᠠᠢ ᠳᠡᠮᠵᠢᠬᠦ ᠭᠠᠵᠠᠷ ᠣᠷᠣᠨ ᠪᠤᠯᠭᠠᠵᠤ ᠂ ᠳᠡᠭᠡᠳᠦ ᠲᠠᠰ ᠤᠨ ᠴᠢᠳᠠᠪᠤᠷᠢᠲᠠᠨ ᠤ ᠥᠪᠥᠷ ᠮᠣᠩᠭᠤᠯ ᠢ ᠲᠤᠰᠠᠯᠠᠬᠤ ᠶᠢ
ᠠᠬᠢᠭᠤᠯᠤᠨ᠎ᠠ ᠃
︵ᠭᠤᠴᠢᠨ ᠭᠤᠷᠪᠠ ︶ ᠠᠵᠢᠯ ᠨᠠᠶᠢᠳᠠᠪᠤᠷᠢᠵᠢᠭᠤᠯᠬᠤ ᠲᠣᠭᠲᠠᠴᠠ ᠶᠢ ᠪᠦᠷᠢᠨᠰᠢᠭᠦᠯᠦᠨ᠎ᠡ ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ ᠂ ᠠᠵᠢᠯ ᠤᠨ ᠨᠠᠷᠢᠨ ᠳᠠᠩᠰᠠ ᠲᠣᠭᠲᠠᠭᠠᠨ ᠂ ᠴᠠᠭ ᠤᠨ ᠬᠦᠰᠦᠨᠦᠭᠲᠦ ᠂ ᠪᠠᠷᠢᠯᠭ᠎ᠠ ᠶᠢᠨ ᠵᠢᠷᠤᠭ ᠢ ᠲᠣᠳᠣᠷᠬᠠᠶᠢᠯᠠᠵᠤ ᠂ ᠡᠯ᠎ᠡ ᠵᠦᠢᠯ ᠤᠨ ᠡᠭᠦᠷᠭᠡ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠂ ᠲᠤᠰ ᠰᠠᠨᠠᠯ ᠳᠤ ᠲᠣᠭᠲᠠᠭᠠᠭᠰᠠᠨ ᠬᠠᠷᠠᠯᠲᠠ ᠡᠭᠦᠷᠭᠡ ᠶᠢ ᠦᠨᠳᠦᠰᠦᠯᠡᠨ ᠂ ᠵᠢᠯᠣᠭᠤᠳᠤᠨ ᠵᠣᠬᠢᠴᠠᠭᠤᠯᠬᠤ ᠪᠠᠨ ᠴᠢᠩᠭᠠᠳᠬᠠᠵᠤ ᠂ ᠢᠵᠢ ᠲᠥᠬᠦᠷ ᠲᠥᠷᠥ ᠶᠢᠨ ᠪᠣᠳᠣᠯᠭ᠎ᠠ ᠲᠣᠭᠲᠠᠭᠠᠨ ᠂ ᠥᠪᠥᠷ ᠮᠣᠩᠭᠤᠯ ᠤᠨ ︽ ᠲᠠᠪᠤᠨ ᠶᠡᠭᠡ ᠡᠭᠦᠷᠭᠡ ︾ ᠶᠢ ᠨᠠᠶᠢᠳᠠᠪᠤᠷᠢᠵᠢᠭᠤᠯᠬᠤ ᠳᠤ ᠬᠦᠴᠦᠲᠡᠢ ᠳᠡᠮᠵᠢᠯᠭᠡ ᠦᠵᠡᠭᠦᠯᠭᠦ ᠬᠡᠷᠡᠭᠲᠡᠢ ᠃ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠲᠣᠰ ᠰᠠᠨᠠᠯ ᠤᠨ ᠬᠡᠷᠡᠭᠵᠢᠭᠦᠯᠦᠯᠲᠡ ᠶᠢ ᠮᠥᠷᠳᠡᠵᠦ ᠦᠨᠡᠯᠡᠨ ᠵᠢᠱᠢᠬᠦ ᠪᠠᠨ ᠴᠢᠩᠭᠠᠳᠬᠠᠵᠤ ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠦᠨ ᠂ ᠲᠣᠪᠣᠶᠢᠮ᠎ᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ ᠂ ᠴᠢᠬᠤᠯᠠ ᠪᠠᠶᠢᠳᠠᠯ ᠢ ᠴᠠᠭ ᠲᠤᠬᠠᠢ ᠳᠤᠨᠢ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠬᠦ ᠬᠡᠷᠡᠭᠲᠡᠢ ᠃
ᠲᠦᠷᠦ ᠶᠢᠨ ᠶᠠᠪᠤᠳᠠᠯ ᠤᠨ ᠬᠤᠷᠢᠶ᠎ᠠ
2023 ᠣᠨ ᠤ 10 ᠰᠠᠷ᠎ᠠ ᠶᠢᠨ 5 ᠤ ᠡᠳᠦᠷ