ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ 2023 ᠣᠨ ᠤ 30 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/21


      11 ᠰᠠᠷ᠎ᠠ ᠶᠢᠨ 16 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃

      ᠬᠤᠷᠠᠯ ᠠᠴᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠬᠤᠯᠪᠣᠭᠳᠠᠯ ᠪᠦᠬᠦᠢ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠲᠠᠩᠰᠠᠨ ᠳᠤ ᠪᠦᠭᠦᠨ ᠢ ᠵᠢᠭᠰᠠᠭᠠᠵᠤ᠂ ᠲᠠᠩᠰᠠᠠ ᠠᠴᠠ ᠭᠠᠳᠠᠨ᠎ᠠ ᠲᠠᠩᠰᠠ ᠦᠭᠡᠢ︾ ᠠᠵᠢᠯ ᠤᠨ ᠲᠤᠬᠠᠢ᠂ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠭᠦᠢᠴᠡᠳᠬᠡᠬᠦ︾ ᠪᠠᠷ ᠬᠠᠷᠠᠯᠲᠠ ᠪᠤᠯᠭᠠᠵᠤ᠂ ᠪᠦᠭᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠠᠬᠢᠭᠤᠯᠵᠤ᠂ ᠮᠡᠳᠡᠭᠡ ᠵᠠᠩᠭᠢ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠬᠦ ᠭᠡᠷᠡᠭᠲᠡᠶ︔ ᠬᠠᠭᠤᠴᠢᠨ ᠰᠠᠭᠤᠭᠠᠯᠢ ᠠᠷᠠᠳ ᠤᠨ ᠲᠣᠭᠤᠷᠢᠭ᠂ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠰᠢᠨᠡᠳᠬᠡᠨ ᠵᠠᠰᠠᠬᠤ ᠪᠠ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠠᠬᠢᠴᠠ ᠶᠢ ᠲᠦᠷᠭᠡᠳᠬᠡᠨ᠂ 1602 ᠬᠠᠭᠤᠴᠢᠨ ᠰᠠᠭᠤᠭᠠᠯᠢ ᠠᠷᠠᠳ ᠤᠨ ᠲᠣᠭᠤᠷᠢᠭ᠂ 1.56 ᠲᠦᠮᠡᠨ ᠢᠵᠢ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠰᠢᠨᠡᠳᠬᠡᠨ ᠵᠠᠰᠠᠬᠤ ᠪᠠ 1.12 ᠲᠦᠮᠡᠨ ᠢᠵᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠪᠦᠭᠦ ᠣᠷᠣᠨ ᠤ ᠰᠦ ᠶᠢᠨ ᠦᠢᠯᠡᠰ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠳᠣᠪᠤᠶᠢᠯᠭᠠᠵᠤ᠂ ᠳᠡᠯᠡᠬᠡᠢ ᠶᠢᠨ ᠰᠦ ᠶᠢᠨ ᠦᠢᠯᠡᠰ ᠤᠨ ᠶᠡᠭᠡ ᠬᠤᠷᠠᠯ ᠳᠡᠭᠡᠷ᠎ᠡ ᠲᠣᠭᠲᠠᠭᠰᠠᠨ ᠭᠡᠷ᠎ᠡ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠪᠠ ᠰᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠨᠢᠭᠲᠠ ᠠᠩᠬᠠᠷᠴᠤ᠂ ᠴᠠᠭᠠᠨ ᠢᠳᠡᠭᠡᠨ ᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠰᠠᠶᠢᠲᠤᠷ ᠠᠳᠬᠤᠵᠤ᠂ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠬᠤᠪᠢ ᠶᠢᠨ ᠲᠤᠭ᠎ᠠ ᠶᠢ ᠥᠷᠭᠡᠳᠬᠡᠵᠦ᠂ ᠰᠦ ᠶᠢᠨ ᠦᠢᠯᠡᠰ ᠤᠨ ᠥᠨᠳᠦᠷᠯᠢᠭ ᠪᠠ ᠰᠦ ᠶᠢᠨ ᠦᠢᠯᠡᠰ ᠤᠨ ᠰᠢᠨ᠎ᠡ ᠶᠢ ᠡᠭᠦᠳᠬᠦ ᠨᠣᠶᠠᠨ ᠣᠷᠭᠢᠯ ᠢ ᠪᠤᠶ ᠪᠤᠯᠭᠠᠬᠤ ᠬᠡᠷᠡᠭᠲᠡᠢ᠃ ᠬᠡᠯᠬᠢᠶ᠎ᠡ ᠶᠢᠨ ᠡᠵᠡᠨ ᠤ ᠦᠢᠯᠡᠳᠦᠯ ᠢ ᠪᠠᠳᠠᠷᠠᠭᠤᠯᠵᠤ᠂

︽ᠰᠢᠷᠬᠡᠭ ᠡᠪᠡᠰᠦ ᠠᠴᠠ ᠴᠣᠮᠣ ᠰᠦ ᠬᠦᠷᠲᠡᠯᠡᠬᠢ︾ ᠪᠦᠭᠦ ᠠᠵᠤ ᠦᠢᠯᠡᠰ ᠤᠨ ᠬᠡᠯᠬᠢᠶ᠎ᠡ ᠶᠢᠨ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠪᠡᠯᠴᠢᠭᠡᠷ ᠤᠨ ᠳᠠᠭᠠᠭᠠᠴᠠ ᠠᠴᠠ ᠳᠠᠪᠠᠭᠤᠯᠤᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠬᠡᠷᠡᠭᠵᠢᠭᠦᠯᠬᠦ ᠲᠥᠰᠥᠯ ᠢ ᠰᠤᠳᠤᠯᠵᠤ᠂ ᠤᠷᠢᠳ ᠢᠶᠠᠷ ᠲᠤᠷᠰᠢᠯᠲᠠ ᠬᠢᠬᠦ ᠶᠢ ᠪᠠᠷᠢᠮᠲᠠᠯᠠᠨ᠂ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠲᠥᠷᠥᠯ ᠭᠡᠯᠪᠡᠷᠢ ᠶᠢᠨ ᠨᠤᠲᠤᠭ ᠪᠡᠯᠴᠢᠭᠡᠷ ᠢ ᠦᠨᠳᠦᠰᠦᠯᠡᠨ ᠪᠡᠯᠴᠢᠭᠡᠷ ᠤᠨ ᠳᠠᠭᠠᠭᠠᠴᠠ ᠶᠢ ᠨᠠᠷᠢᠯᠢᠭ ᠣᠨᠣᠪᠴᠢᠲᠠᠶ ᠬᠡᠮᠵᠢᠨ ᠪᠤᠳᠤᠵᠤ᠂ ᠣᠲᠣ ᠪᠠᠶᠢᠭ᠎ᠠ ᠮᠠᠯᠵᠢᠬᠤ ᠠᠷᠭ᠎ᠠ ᠭᠡᠯᠪᠡᠷᠢ ᠶᠢ ᠪᠣᠳᠣᠯᠬᠢᠯᠠᠨ᠂ ︽ᠨᠢᠭᠡ ᠯᠡ ᠪᠠᠷᠢᠮᠵᠢᠶ᠎ᠠ ᠪᠠᠷ ᠱᠠᠭᠠᠷᠳᠠᠬᠤ︾ ᠦᠭᠡᠢ ᠪᠠᠶᠢᠵᠤ᠂ ᠦᠵᠡᠰᠬᠦᠯᠡᠩᠲᠦ ᠰᠠᠶᠢᠬᠠᠨ ᠨᠤᠲᠤᠭ ᠪᠡᠯᠴᠢᠭᠡᠷ ᠢ ᠦᠨᠡᠨ ᠬᠦ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠰᠢᠨ᠎ᠡ ᠡᠨᠧᠷᠭᠢ ᠶᠢ ᠰᠢᠩᠭᠡᠬᠡᠨ ᠠᠪᠬᠤ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠬᠢᠨᠠᠨ ᠵᠥᠪᠯᠡᠵᠦ ᠪᠠᠲᠤᠯᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠨᠥᠬᠦᠷ ᠤᠨ 11 ᠰᠠᠷ᠎ᠠ ᠶᠢᠨ 9 ᠤ ᠡᠳᠦᠷ ᠤᠨ ᠰᠢᠨ᠎ᠡ ᠡᠨᠧᠷᠭᠢ ᠶᠢᠨ ᠬᠥᠭᠵᠢᠯᠲᠡ ᠶᠢ ᠲᠦᠷᠭᠡᠳᠬᠡᠬᠦ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠢᠷᠡᠬᠦ ᠵᠢᠯ ᠤᠨ ᠰᠢᠩᠭᠡᠬᠡᠨ ᠠᠪᠬᠤ ᠪᠣᠳᠠᠲᠠᠢ ᠲᠥᠷᠥᠯ ᠵᠦᠢᠯ ᠪᠠ ᠴᠠᠭᠢᠯᠭᠠᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ ᠱᠠᠯᠠᠪᠳᠠᠨ ᠰᠤᠳᠤᠯᠤᠨ ᠳᠤᠷᠠᠳᠴᠤ᠂ ᠠᠵᠢᠯ ᠢᠶᠠᠨ ᠱᠠᠯᠠᠪᠳᠠᠭᠤᠯᠤᠨ ᠨᠠᠷᠢᠯᠢᠭ ᠬᠢᠬᠦ ᠬᠡᠷᠡᠭᠲᠡᠢ᠃ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠳᠡᠬᠦ ᠳᠦᠷᠢᠮ ᠢ ᠪᠠᠶᠢᠭᠤᠯᠵᠤ᠂ ᠠᠬᠢᠭᠤᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠢᠯᠡ ᠪᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠢ ᠭᠡᠳᠡᠷᠭᠦ ᠰᠢᠬᠠᠮᠳᠠᠭᠤᠯᠵᠤ ᠪᠠᠶᠢᠭᠠᠳ ᠱᠠᠯᠠᠪᠳᠠᠨ ᠬᠢᠯᠭᠡᠬᠦ ᠬᠡᠷᠡᠭᠲᠡᠢ᠃ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠪᠠᠶᠢᠳᠠᠯ ᠢ ᠮᠡᠳᠡᠭᠳᠡᠬᠦ ᠬᠤᠷᠠᠯ ᠢ ᠴᠠᠭ ᠲᠤᠨᠢ ᠲᠣᠬᠢᠷᠠᠭᠤᠯᠤᠨ ᠬᠤᠷᠠᠯᠳᠤᠭᠤᠯᠵᠤ᠂ ᠠᠵᠤ ᠠᠬᠤᠶᠢᠯᠠᠯ ᠳᠤ ᠪᠠᠶᠢᠳᠠᠯ ᠢ ᠮᠡᠳᠡᠭᠦᠯᠵᠦ᠂ ᠣᠷᠣᠯᠴᠠᠭᠤᠯᠬᠤ ᠬᠡᠷᠡᠭᠲᠡᠢ᠂ ᠢᠯᠠᠩᠭᠤᠶ᠎ᠠ ︽ᠪᠣᠬᠢᠷᠳᠤᠯ ᠦᠭᠡᠢ ᠴᠠᠭᠢᠯᠭᠠᠨ︾ ᠢᠶᠠᠷ ᠲᠦᠷᠦᠯ ᠲᠡᠮᠳᠡᠭ ᠪᠤᠯᠭᠠᠵᠤ᠂ ᠥᠨᠳᠥᠷ ᠲᠦᠪᠰᠢᠨ ᠪᠦᠬᠦᠢ ᠠᠵᠤ ᠦᠢᠯᠡᠰ ᠢ ᠢᠳᠡᠪᠬᠢᠲᠡᠢ ᠪᠠᠷ ᠤᠷᠢᠵᠤ ᠣᠷᠣᠭᠤᠯᠤᠨ ᠠᠪᠴᠢᠷᠠᠵᠤ ᠮᠠᠨ ᠤ ᠣᠷᠣᠨ ᠳᠤ ᠨᠤᠲᠤᠭᠰᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠪᠠᠰᠠ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤ ᠶᠢ ᠲᠥᠪᠯᠡᠷᠡᠭᠦᠯᠦᠨ ᠵᠠᠰᠠᠬᠤ᠂ ︽ᠭᠤᠷᠪᠠ ᠶᠢ ᠬᠠᠮᠢᠶᠠᠷᠬᠤ ᠭᠤᠷᠪᠠᠨ ᠡᠷᠬᠡᠪᠰᠢ︾ ᠪᠠᠶᠢᠬᠤ ᠲᠣᠭᠲᠠᠭᠠᠯ ᠤᠳ ᠵᠡᠷᠭᠡ ᠵᠦᠢᠯᠡᠰ ᠢ ᠰᠤᠳᠤᠯᠵᠠᠢ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ