ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ 2023 ᠣᠨ ᠤ 31 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/27


      11 ᠰᠠᠷ᠎ᠠ ᠶᠢᠨ 23 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃

      ᠬᠤᠷᠠᠯ ᠠᠴᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠣᠭᠲᠠᠭᠠᠯ︾ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠣᠨᠣᠰᠴᠤ᠂ ᠰᠤᠷᠭᠠᠨ ᠬᠦᠮᠦᠵᠢᠯ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠤᠰ ᠲᠤᠰ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠥᠭᠡᠮᠡᠯᠵᠢᠭᠦᠯᠬᠦ᠂ ︽ᠢᠨᠲ᠋ᠧᠷ ᠰᠦᠯᠵᠢᠶ᠎ᠡ + ᠡᠮ ᠡᠮᠨᠡᠯᠭᠡ︾᠂ ᠬᠦᠴᠢᠷᠳᠡᠯᠲᠡᠢ ᠬᠦᠮᠦᠰ ᠢ ᠬᠠᠪᠰᠤᠷᠤᠨ ᠳᠡᠳᠬᠦᠬᠦ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠬᠢᠪᠡ᠃ ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠣᠰᠤᠭᠠᠷ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠴᠢᠬᠤᠯᠠ ᠥᠭᠦᠯᠡᠯᠲᠡ ᠳᠡᠭᠡᠷ᠎ᠡ ᠨᠢᠭᠡᠳᠬᠡᠵᠦ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠢᠨ ᠶᠠᠭᠠᠬᠢᠵᠤ ᠬᠢᠬᠦ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠵᠦ᠂ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ ᠨᠢᠭᠡᠳ ᠨᠢᠭᠡ ᠪᠠᠷ ᠨᠠᠶᠢᠳᠠᠪᠤᠷᠢᠵᠢᠭᠤᠯᠤᠯᠲᠠ ᠶᠢ ᠠᠩᠬᠠᠷᠬᠤ ᠬᠡᠷᠡᠭᠲᠡᠢ᠃ ᠳᠡᠳ᠋ ᠲᠡᠷᠢᠭᠦᠯᠡᠭᠴᠢ ᠨᠠᠷ ᠮᠦᠷᠳᠡᠨ ᠳᠣᠬᠢᠷᠠᠭᠤᠯᠤᠯᠲᠠ ᠬᠢᠵᠦ᠂ ᠢᠷᠡᠬᠦ ᠵᠢᠯ ᠤᠨ ᠪᠣᠳᠠᠲᠠᠢ ᠡᠭᠦᠷᠭᠡ ᠶᠢ ᠨᠠᠷᠢᠨ ᠨᠢᠮᠪᠠᠢ ᠲᠦᠯᠦᠪᠯᠡᠵᠦ᠂ ᠭᠤᠣᠯ ᠰᠢᠵᠢᠮ ᠢ ᠦᠨᠡᠨ ᠬᠦ ᠠᠯᠢᠪᠠ ᠠᠵᠢᠯ ᠤᠨ ᠪᠦᠬᠦ ᠶᠠᠪᠤᠴᠠ᠂ ᠡᠯ᠎ᠡ ᠲᠠᠯ᠎ᠠ ᠳᠤ ᠲᠤᠭᠤᠰᠢᠯᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠵᠠᠰᠠᠭ ᠤᠨ ᠣᠷᠳᠣᠨ ᠤ ᠦᠨᠡᠨᠴᠢ ᠢᠲᠡᠭᠡᠮᠵᠢᠲᠡᠢ ᠪᠠᠷ ᠭᠡᠷ᠎ᠡ ᠪᠠᠨ ᠭᠦᠢᠴᠡᠳᠭᠡᠬᠦ ᠳᠣᠭᠲᠠᠴᠠ ᠶᠢ ᠲᠡᠭᠦᠯᠳᠡᠷᠵᠢᠬᠦᠯᠵᠦ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠦᠭᠵᠢᠯᠲᠡ ᠶᠢᠨ ᠣᠷᠴᠢᠨ ᠢ ᠰᠢᠯᠢᠳᠡᠭᠵᠢᠭᠦᠯᠬᠦ ᠲᠤᠬᠠᠢ ᠬᠡᠷᠡᠭᠵᠢᠭᠦᠯᠬᠦ ᠲᠦᠰᠦᠯ ᠢ ᠬᠢᠨᠡᠨ ᠵᠥᠪᠯᠡᠵᠦ ᠪᠠᠲᠤᠯᠠᠨ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠵᠠᠭᠠᠯᠳᠤᠬᠤ᠂ ᠮᠡᠳᠡᠭᠡ ᠵᠠᠩᠭᠢ ᠬᠠᠮᠲᠤ ᠪᠠᠷ ᠡᠳ᠋ᠯᠡᠬᠦ᠂ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ᠂ ᠭᠡᠷ᠎ᠡ ᠶᠢᠨ ᠮᠡᠳᠡᠭᠡ ᠵᠠᠩᠭᠢ ᠶᠢ ᠴᠤᠭᠯᠠᠭᠤᠯᠬᠤ ᠪᠠ ᠢᠲᠡᠭᠡᠮᠵᠢ ᠶᠢ ᠰᠡᠷᠭᠦᠭᠡᠬᠦ ᠳᠣᠭᠲᠠᠴᠠ ᠶᠢ ᠪᠠᠶᠢᠭᠤᠯᠵᠤ᠂ ᠮᠦᠷᠳᠡᠨ ᠦᠨᠡᠯᠡᠨ ᠵᠢᠱᠢᠵᠦ ᠵᠠᠷᠯᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠦᠭᠦᠮ ᠦᠵᠡᠭᠦᠯᠬᠦ ᠬᠠᠯᠠᠮᠰᠢᠯ ᠤᠲᠠᠰᠤ ᠪᠠ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠤᠨ ᠬᠦᠯᠢᠶᠡᠨ ᠠᠪᠤᠭᠰᠠᠨ ᠠᠵᠤ ᠠᠬᠤᠶᠢᠯᠠᠯ ᠤᠨ ᠵᠠᠭᠠᠯᠳᠤᠭᠰᠠᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠨᠡᠶᠢᠲᠡᠯᠢᠭ ᠬᠡᠷᠡᠭ ᠢ ᠢᠯᠡᠴᠢᠯᠡᠬᠦ ᠡᠷᠴᠢᠮ ᠢ ᠴᠢᠩᠭᠠᠷᠠᠭᠤᠯᠤᠨ᠂ ᠦᠨᠡᠨᠴᠢ ᠢᠲᠡᠭᠡᠮᠵᠢᠲᠡᠢ ᠪᠠᠷ ᠭᠡᠷ᠎ᠡ  ᠪᠠᠨ ᠭᠦᠢᠴᠡᠳᠭᠡᠬᠦ ᠶᠢ ᠭᠡᠳᠡᠷᠭᠦ ᠰᠢᠬᠠᠮᠳᠠᠭᠤᠯᠵᠤ᠂ ᠠᠮᠠᠯᠠᠯᠲᠠ ᠪᠠᠨ ᠭᠦᠢᠴᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠬᠥᠬᠡᠬᠤᠲᠠ ᠪᠣᠭᠤᠲᠤ ᠣᠷᠳᠣᠰ ᠤᠯᠠᠭᠠᠨᠴᠠᠪ ᠤᠨ ᠨᠢᠭᠡ ᠴᠣᠭᠴᠠᠵᠢᠭᠰᠠᠨ ᠬᠦᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠬᠢᠨᠡᠨ ᠵᠥᠪᠯᠡᠵᠦ ᠪᠠᠲᠤᠯᠠᠨ᠂ ᠨᠢᠭᠡ ᠴᠣᠭᠴᠠᠵᠢᠭᠰᠠᠨ ᠰᠠᠭᠤᠷᠢ ᠳᠦᠬᠦᠭᠡᠷᠦᠮᠵᠢ ᠶᠢᠨ ᠰᠢᠰᠲ᠋ᠧᠮ ᠢ ᠴᠢᠩᠭᠠᠳᠬᠠᠵᠤ᠂ 1 ᠴᠠᠭ ᠤᠨ ᠲᠡᠮᠦᠷ ᠵᠠᠮ ᠤᠨ ᠠᠵᠤ ᠠᠬᠤᠢ ᠶᠢᠨ ᠲᠣᠭᠤᠷᠢᠭ ᠢ ᠪᠠᠶᠢᠭᠤᠯᠵᠤ᠂ 2 ᠴᠠᠭ ᠤᠨ ᠵᠠᠰᠠᠮᠠᠯ ᠵᠠᠮ ᠤᠨ ᠠᠵᠤ ᠠᠬᠤᠢ ᠶᠢᠨ ᠲᠣᠭᠤᠷᠢᠭ ᠢ ᠲᠡᠭᠦᠯᠳᠡᠷᠵᠢᠭᠦᠯᠵᠦ᠂ ᠨᠢᠭᠡ ᠴᠣᠭᠴᠠᠵᠢᠭᠰᠠᠨ ᠠᠭᠠᠷ ᠤᠨ ᠠᠵᠤ ᠠᠬᠤᠢ ᠶᠢᠨ ᠲᠣᠭᠤᠷᠢᠭ ᠢ ᠪᠠᠶᠢᠭᠤᠯᠬᠤ ᠬᠡᠷᠡᠭᠲᠡᠢ︔ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠶᠢ ᠬᠠᠮᠲᠤ ᠪᠠᠷ ᠪᠠᠶᠢᠭᠤᠯᠵᠤ᠂ ᠣᠷᠣᠨ ᠪᠦᠰᠡ ᠶᠢᠨ ᠴᠢᠨᠠᠷᠲᠠᠢ ᠢᠲᠡᠭᠡᠮᠵᠢᠲᠡᠢ ᠬᠡᠷᠡᠭᠯᠡᠭᠡ ᠶᠢᠨ ᠬᠤᠯᠪᠤᠭᠠᠲᠤ ᠴᠣᠭᠴᠠ ᠶᠢ ᠪᠠᠶᠢᠭᠤᠯᠬᠤ ᠬᠡᠷᠡᠭᠲᠡᠢ︔ ᠨᠢᠭᠡ ᠴᠣᠭᠴᠠᠵᠢᠭᠤᠯᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠢ ᠰᠢᠯᠢᠳᠡᠭᠵᠢᠭᠦᠯᠵᠦ᠂ ᠬᠥᠬᠡᠬᠤᠲᠠ ᠪᠣᠭᠤᠲᠤ ᠣᠷᠳᠣᠰ ᠤᠨ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ ᠬᠡᠷᠡᠭᠲᠡᠢ︔ ᠨᠢᠭᠡ ᠴᠣᠭᠴᠠᠵᠢᠭᠰᠠᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠰᠲ᠋ᠧᠮ ᠢ ᠪᠠᠬᠢᠵᠢᠭᠦᠯᠵᠦ᠂ ᠬᠠᠲᠤᠨ ᠭᠤᠣᠯ ᠤᠨ ᠲᠣᠬᠤᠢ ᠶᠢᠨ ᠠᠮᠢ ᠠᠬᠤᠢ ᠣᠷᠴᠢᠨ ᠲᠣᠭᠤᠷᠢᠨ ᠢ ᠰᠢᠰᠲ᠋ᠧᠮ ᠲᠠᠢ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠬᠦᠴᠦ ᠪᠠᠨ ᠬᠠᠮᠳᠤᠳᠬᠠᠨ ᠰᠠᠶᠢᠲᠤᠷ ᠬᠢᠬᠦ ᠬᠡᠷᠡᠭᠲᠡᠢ︔ ᠨᠢᠭᠡ ᠴᠣᠭᠴᠠᠵᠢᠭᠰᠠᠨ ᠣᠳᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠴᠣᠭᠴᠠᠯᠠᠵᠤ᠂ ᠠᠵᠤ ᠦᠢᠯᠡᠰ ᠤᠨ ᠬᠡᠯᠬᠢᠶ᠎ᠡ ᠶᠢᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠪᠠᠬᠢᠵᠢᠭᠦᠯᠵᠦ ᠬᠡᠯᠬᠢᠶ᠎ᠡ ᠶᠢ ᠬᠦᠴᠦᠷᠬᠡᠭᠵᠢᠭᠦᠯᠬᠦ ᠠᠵᠢᠯᠯᠠᠭ᠎ᠠ ᠶᠢ ᠬᠠᠮᠲᠤᠷᠠᠨ ᠥᠷᠨᠢᠭᠦᠯᠵᠦ᠂ ᠪᠦᠬᠦ ᠣᠷᠣᠨ ᠤ ᠴᠢᠨᠠᠷ ᠰᠠᠶᠢᠲᠠᠢ ᠬᠦᠭᠵᠢᠯᠲᠡ ᠶᠢᠨ ᠭᠤᠣᠯ ᠬᠦᠴᠦᠨ ᠪᠣᠯᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠪᠠᠰᠠ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠦᠭᠵᠢᠭᠦᠯᠬᠦ᠂ ᠵᠠᠰᠠᠭ ᠤᠨ ᠣᠷᠳᠣᠨ ᠤ ᠲᠤᠰᠬᠠᠢ ᠲᠤᠰᠢᠶᠠᠯᠲᠤ ᠭᠠᠯ ᠣᠨᠲᠠᠷᠠᠭᠠᠬᠤ ᠡᠩᠨᠡᠭᠡᠨ ᠤ ᠪᠠᠶᠢᠭᠤᠯᠤᠯᠲᠠ ᠶᠢᠨ ᠬᠠᠮᠢᠶᠠᠷᠤᠯᠲᠠ ᠵᠢᠴᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠵᠡᠷᠭᠡ ᠪᠣᠰᠤᠳ ᠵᠦᠢᠯ ᠢ ᠰᠣᠳᠣᠯᠵᠠᠢ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ