11 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠣᠯᠣᠳᠤᠭᠠᠷ ᠬᠤᠷᠠᠯ ᠡᠬᠢᠯᠡᠭᠰᠡᠨ ᠪᠥᠭᠡᠳ ᠠᠩᠬᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠪᠡ᠃
ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠦᠷᠢᠯᠳᠦᠬᠦᠨ ᠣᠳᠣ 73 ᠬᠦᠮᠦᠨ ᠪᠤᠢ᠂ 64 ᠬᠦᠮᠦᠨ ᠨᠢ ᠲᠤᠰ ᠤᠳᠠᠭ᠎ᠠ ᠶᠢᠨ ᠬᠤᠷᠠᠯ ᠳᠤ ᠣᠷᠣᠯᠴᠠᠵᠤ᠂ ᠬᠠᠤᠯᠢ ᠳᠤ ᠳᠣᠭᠲᠠᠭᠠᠭᠰᠠᠨ ᠬᠦᠮᠦᠨ ᠤ ᠲᠤᠭ᠎ᠠ ᠳᠤ ᠨᠡᠶᠢᠴᠡᠪᠡ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠦᠨ ᠱᠣᠤ ᠴᠧᠩ ᠤᠨ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠩᠭᠤ ᠶᠢᠨ ᠳᠡᠳ᠋ ᠡᠷᠬᠢᠯᠡᠭᠴᠢ ᠯᠢᠨ ᠱᠣᠤ ᠴᠦᠨ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠵᠠᠩ ᠱᠣᠤ ᠴᠦᠨ᠂ ᠠᠢ ᠯᠢ ᠬᠤᠸᠠ᠂ ᠯᠢ ᠪᠢᠩ ᠷᠦᠩ᠂ ᠡᠦ ᠶᠠᠨ ᠭᠠᠩ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠦᠸᠠᠢ ᠬᠤᠷᠠᠯ ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠱᠤᠸᠠᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠭᠤᠸᠠᠩ ᠵᠣᠤ᠂ ᠥᠪᠡᠷᠲᠡᠭᠡᠨ ᠵᠠᠰᠠᠬᠤ ᠣᠷᠣᠨ ᠤ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠬᠤᠷᠠᠯ ᠳᠤ ᠰᠤᠯᠠ ᠣᠷᠣᠯᠴᠠᠪᠠ᠂
ᠬᠤᠷᠠᠯ ᠤᠨ ᠵᠥᠪᠯᠡᠬᠦ ᠵᠦᠢᠯᠡᠰ ᠢ ᠪᠠᠲᠤᠯᠠᠭᠰᠠᠨ ᠤ ᠳᠠᠷᠠᠭ᠎ᠠ᠂ ᠬᠤᠷᠠᠯ ᠠᠴᠠ ᠵᠠᠩ ᠱᠣᠤ ᠴᠦᠨ᠂ ᠯᠢᠦ ᠱᠤᠸᠠᠩ ᠤᠨ ᠬᠢᠭᠰᠡᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠪᠠᠷ ᠳᠡᠪᠰᠢᠭᠦᠯᠦᠭᠰᠡᠨ ᠬᠦᠮᠦᠰ ᠤᠨ ᠪᠠᠶᠢᠳᠠᠯ ᠤᠨ ᠲᠤᠬᠠᠢ ᠲᠣᠳᠤᠷᠬᠠᠶᠢᠯᠠᠯᠲᠠ ᠶᠢ ᠲᠤᠰ ᠲᠤᠰ ᠰᠣᠨᠣᠰᠪᠠ᠃
ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠡᠷᠭᠢᠯᠡᠭᠴᠢ ᠭᠡᠰᠢᠭᠦᠨ ᠰᠠᠷᠠᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠦᠷᠢᠮ ︿ᠲᠥᠰᠥᠯ ᠳᠤ ᠵᠠᠰᠠᠪᠤᠷᠢ ᠣᠷᠣᠭᠤᠯᠤᠭᠰᠠᠨ ᠨᠣᠣᠷᠠᠭ﹀︾ ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ ᠵᠧᠩ ᠶᠢᠨ ᠴᠦᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠤ ᠬᠥᠭᠵᠢᠯᠲᠡ ᠶᠢ ᠠᠬᠢᠭᠤᠯᠬᠤ ᠳᠦᠷᠢᠮ ︵ᠲᠥᠰᠥᠯ︶︾ ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ ᠯᠠ ᠵᠢᠶᠦ᠋ᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠬᠢᠵᠠᠭᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠦᠷᠢᠮ ︵ᠲᠥᠰᠥᠯ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠵᠢᠵᠢᠭ ᠬᠤᠭᠤᠯᠠᠨ ᠭᠡᠷ ᠰᠤᠯᠠ ᠢᠳᠡᠭᠡᠨ ᠤ ᠳᠡᠯᠭᠡᠭᠦᠷ ᠪᠠ ᠢᠳᠡᠭᠡᠨ ᠤ ᠫᠠᠨᠽᠠᠴᠢᠨ ᠤ ᠬᠠᠮᠢᠶᠠᠷᠤᠯᠲᠠ ᠶᠢᠨ ᠳᠦᠷᠢᠮ ︵ᠵᠠᠰᠠᠪᠤᠷᠢ ᠣᠷᠣᠭᠤᠯᠤᠭᠰᠠᠨ ᠲᠥᠰᠥᠯ︶︾ ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ ᠵᠠᠩ ᠽᠦᠸᠧ ᠾᠧᠦ ᠶᠢᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠢᠬᠠᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠦᠷᠢᠮ ︵ᠲᠥᠰᠥᠯ︶︾ ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ ᠶᠢ ᠰᠣᠨᠣᠰᠪᠠ᠃
ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠳᠦᠷᠢᠮ ᠤᠨ ᠠᠵᠢᠯ ᠤᠨ ᠵᠥᠪᠯᠡᠯ ᠤᠨ ᠡᠷᠭᠢᠯᠡᠭᠴᠢ ᠵᠠᠩ ᠽᠦᠸᠧ ᠾᠧᠦ ᠶᠢᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠶᠢᠨ ᠬᠠᠤᠯᠢ ᠲᠣᠭᠲᠠᠭᠠᠬᠤ ᠳᠦᠷᠢᠮ ︵ᠵᠠᠰᠠᠪᠤᠷᠢ ᠣᠷᠣᠭᠤᠯᠤᠭᠰᠠᠨ ᠲᠥᠰᠥᠯ︶︾ ᠤᠨ ᠲᠤᠬᠠᠢ ᠲᠣᠳᠣᠷᠬᠠᠶᠢᠯᠠᠯᠲᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠳᠠᠷᠤᠭ᠎ᠠ ᠭᠦᠸᠧ ᠢᠦᠢ ᠹᠧᠩ ᠤᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠶᠢᠨ ᠳᠦᠷᠢᠮ ︵ᠲᠥᠰᠥᠯ︶︾ ᠤᠨ ᠲᠤᠬᠠᠢ ᠲᠣᠳᠣᠷᠬᠠᠶᠢᠯᠠᠯᠲᠠ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠳᠠᠷᠤᠭ᠎ᠠ ᠪᠠᠢ ᠶᠦᠩ ᠫᠢᠩ ᠤᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠥᠷᠢᠴᠡᠯ ᠵᠠᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠳᠦᠷᠢᠮ ︵ᠲᠥᠰᠥᠯ︶︾ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠪᠠ᠃
ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠷᠡᠭ ᠵᠥᠪᠯᠡᠬᠦ ᠳᠦᠷᠢᠮ︾ ᠵᠡᠷᠭᠡ ᠣᠷᠣᠨ ᠨᠤᠲᠤᠭ ᠤᠨ ᠴᠢᠨᠠᠷᠲᠠᠢ 4 ᠬᠠᠤᠯᠢ ᠲᠣᠭᠲᠠᠭᠠᠯ ︵ᠵᠠᠰᠠᠪᠤᠷᠢ ᠣᠷᠣᠭᠤᠯᠤᠭᠰᠠᠨ ᠲᠥᠰᠥᠯ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠮᠤ᠂ ᠰᠢᠶᠠᠩ᠂ ᠦᠨᠳᠦᠰᠦᠲᠡᠨ ᠤ ᠰᠢᠶᠠᠩ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠳᠡᠳ᠋ ᠲᠡᠷᠢᠭᠦᠯᠡᠭᠴᠢ ᠶᠢᠨ ᠠᠵᠢᠯ ᠤᠨ ᠳᠦᠷᠢᠮ︾ ᠢ ᠬᠦᠴᠦᠨ ᠦᠭᠡᠢ ᠪᠤᠯᠭᠠᠬᠤ ᠲᠤᠬᠠᠢ ᠰᠠᠨᠠᠯ ᠵᠥᠪᠯᠡᠯᠭᠡ ᠵᠢᠴᠢ ᠬᠡᠰᠡᠭ ᠲᠣᠭᠤᠷᠢᠭ ᠪᠠᠶᠢᠭᠤᠯᠤᠭᠰᠠᠨ ᠬᠤᠲᠠ ᠶᠢᠨ ᠵᠥᠪᠰᠢᠶᠡᠷᠡᠭᠦᠯᠬᠦ ᠪᠠᠷ ᠳᠡᠪᠰᠢᠭᠦᠯᠦᠭᠰᠡᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠬᠢᠨᠠᠨ ᠵᠥᠪᠯᠡᠪᠡ᠃
ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠢ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ᠂ ᠭᠡᠰᠢᠭᠦᠨ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠪᠠᠶᠢᠭᠤᠯᠤᠮᠵᠢ᠂ ᠠᠶᠢᠮᠠᠭ ᠤᠨ ᠠᠵᠢᠯ ᠤᠨ ᠵᠥᠪᠯᠡᠯ ᠤᠨ ᠬᠠᠷᠢᠭᠤᠴᠠᠯᠭᠠᠲᠠᠨ ᠨᠥᠬᠦᠳ᠂ ᠡᠯ᠎ᠡ ᠲᠣᠭᠤᠷᠢᠭ ᠪᠠᠶᠢᠭᠤᠯᠤᠭᠰᠠᠨ ᠬᠤᠳᠠ᠂ ᠲᠥᠯᠥᠪᠯᠡᠭᠡ ᠳᠤ ᠲᠤᠰᠠᠭᠠᠷ ᠵᠢᠭᠰᠠᠭᠠᠭᠰᠠᠨ ᠬᠤᠳᠠ᠂ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃