ᠸᠠᠩ ᠯᠢ ᠰᠢᠶᠠ ᠣᠷᠳᠣᠰ ᠬᠤᠳᠠ ᠳᠤ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠤᠭᠤᠳᠬᠤ ᠳᠠᠭᠠᠨ ᠴᠢᠬᠤᠯᠠᠴᠢᠯᠠᠭᠰᠠᠨ ᠨᠢ ᠪᠣᠳᠠᠲᠠᠢ ᠪᠠᠶᠢᠬᠤ ᠱᠠᠭᠠᠷᠳᠠᠯᠭ᠎ᠠ ᠶᠢ ᠲᠤᠭᠤᠰᠢᠯᠠᠭᠤᠯᠵᠤ ᠭᠤᠣᠯ ᠰᠡᠳᠦᠪᠲᠦ ᠬᠥᠮᠦᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2023/11/29

     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠬᠢᠷᠠᠭᠤᠯᠤᠯᠲᠠ ᠶᠣᠰᠣᠭᠠᠷ᠂ 11 ᠰᠠᠷ᠎ᠠ ᠶᠢᠨ 27 ᠠᠴᠠ 28 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠠᠷᠢᠯᠴᠠᠬᠤ ᠴᠡᠭ ᠪᠤᠯᠬᠤ ᠤᠳᠤᠭ ᠤᠨ ᠡᠮᠦᠨᠡᠲᠦ ᠬᠤᠰᠢᠭᠤ ᠪᠣᠯᠣᠨ ᠦᠦᠰᠢᠨ ᠬᠤᠰᠢᠭᠤᠨ ᠳᠤ ᠭᠦᠨᠵᠡᠭᠡᠶᠢᠷᠡᠵᠦ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃

1.jpg


2.jpg

 

     ᠸᠠᠩ ᠯᠢ ᠰᠢᠶᠠ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠳᠤ ᠪᠣᠳᠠᠲᠠᠢ ᠪᠠᠶᠢᠬᠤ ᠱᠠᠭᠠᠷᠳᠠᠯᠭ᠎ᠠ ᠶᠢ ᠲᠤᠪᠤᠶᠢᠯᠭᠠᠵᠤ᠂ ᠤᠨᠤᠯ ᠤᠨ ᠰᠤᠷᠤᠯᠴᠠᠯᠭ᠎ᠠ ᠶᠢ ᠪᠣᠳᠠᠲᠠᠢ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠤᠯᠭᠠᠵᠤ᠂ ︽ᠲᠤᠯᠤᠭᠠᠨ ᠲᠠᠯ᠎ᠠ ᠪᠠᠷ ᠵᠢᠱᠢᠶᠡᠴᠢ ᠪᠤᠯᠬᠤ︾ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠤᠲᠤᠭ ᠤᠨ ᠡᠮᠦᠨᠡᠲᠦ ᠬᠤᠰᠢᠭᠤ ᠪᠣᠯᠣᠨ ᠦᠦᠰᠢᠨ ᠬᠤᠰᠢᠭᠤᠨ ᠤ ᠪᠣᠳᠠᠲᠤ ᠪᠠᠶᠢᠳᠠᠯ ᠳᠤ ᠰᠠᠭᠤᠷᠢᠯᠠᠵᠤ᠂ ᠰᠠᠶᠢᠨ ᠲᠠᠢ ᠲᠠᠯ᠎ᠠ ᠪᠠᠨ ᠪᠠᠳᠠᠷᠠᠭᠤᠯᠤᠨ ᠰᠠᠭᠠᠷᠠᠤ ᠲᠠᠯ᠎ᠠ ᠪᠠᠨ ᠲᠡᠪᠴᠢᠵᠦ᠂ ᠨᠡᠭᠦᠷᠡᠰᠦ ᠶᠢ ᠲᠤᠬᠠᠢ ᠶᠢᠨ ᠭᠠᠵᠠᠷ ᠲᠤᠨᠢ ᠣᠨᠳᠣᠣᠰᠢᠭᠤᠯᠤᠨ ᠦᠷᠳᠡᠭ ᠢ ᠨᠢ ᠨᠡᠮᠡᠭᠳᠡᠭᠦᠯᠵᠦ᠂ ᠤᠯᠠᠮᠵᠢᠯᠠᠯᠲᠤ ᠡᠨᠧᠷᠭᠢ ᠪᠣᠯᠣᠨ ᠰᠢᠨ᠎ᠡ ᠡᠨᠧᠷᠭᠢ ᠶᠢ ᠬᠤᠯᠪᠣᠯᠳᠤᠭᠤᠯᠤᠨ ᠬᠥᠭᠵᠢᠭᠦᠯᠬᠦ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠠᠵᠢᠯ ᠢ ᠬᠦᠴᠦ ᠣᠷᠣᠭᠤᠯᠤᠨ ᠰᠠᠶᠢᠲᠤᠷ ᠬᠢᠬᠦ ᠭᠡᠷᠡᠭᠲᠡᠢ︔ ᠬᠡᠪᠴᠢᠶᠡᠵᠢᠭᠦᠯᠬᠦ᠂ ᠠᠵᠤ ᠦᠢᠯᠡᠰᠵᠢᠭᠦᠯᠬᠦ᠂ ᠲᠦᠷᠦᠯ ᠲᠡᠮᠳᠡᠭᠵᠢᠭᠦᠯᠬᠦ ᠶᠢ ᠪᠠᠷᠢᠮᠲᠠᠯᠠᠵᠤ᠂ ᠠᠯᠠᠰᠢᠨ ᠬᠤᠨᠢ᠂ ᠠᠯᠠᠰᠢᠨ ᠦᠬᠡᠷ ᠵᠡᠷᠭᠡ ᠳᠠᠪᠠᠭᠤᠯᠢᠭ ᠮᠠᠯ ᠠᠵᠤ ᠠᠬᠤᠢ ᠲᠠᠷᠢᠶᠠᠯᠠᠩ ᠢ ᠲᠦᠷᠭᠡᠳᠬᠡᠨ ᠬᠥᠭᠵᠢᠭᠦᠯᠬᠦ ᠭᠡᠷᠡᠭᠲᠡᠢ︔ ᠬᠤᠪᠢᠰᠬᠠᠯ ᠤᠨ ᠡᠬᠢ ᠪᠠᠶᠠᠯᠢᠭ᠂ ᠰᠣᠶᠣᠯ ᠤᠨ ᠡᠬᠢ ᠪᠠᠶᠠᠯᠢᠭ᠂ ᠠᠮᠢ ᠠᠬᠤᠢ ᠶᠢᠨ ᠡᠬᠢ ᠪᠠᠶᠠᠯᠢᠭ ᠲᠤ ᠲᠦᠰᠢᠭᠯᠡᠨ᠂ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠭᠢᠯᠠᠰ ᠴᠡᠭ ᠢ ᠨᠠᠷᠢᠨ ᠨᠢᠮᠪᠠᠢ ᠰᠦᠪᠡᠭᠴᠢᠯᠡᠵᠦ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠦᠭᠦ ᠬᠦᠴᠦᠨ ᠢᠶᠠᠷ ᠠᠬᠢᠭᠤᠯᠬᠤ ᠬᠡᠷᠡᠭᠲᠡᠢ᠃ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠦᠨᠡᠨ ᠪᠣᠳᠠᠲᠠᠢ ᠰᠢᠢᠳᠪᠦᠷᠢᠯᠡᠵᠦ᠂ ᠤᠯᠠᠨ ᠲᠦᠮᠡᠨ ᠳᠤ ᠪᠣᠳᠠᠲᠤ ᠦᠷ᠎ᠡ ᠪᠦᠲᠦᠮᠵᠢ ᠶᠢ ᠦᠨᠡᠨ ᠬᠦ ᠮᠡᠳᠡᠷᠡᠭᠦᠯᠬᠦ ᠬᠡᠷᠡᠭᠲᠡᠢ ᠭᠡᠵᠦ ᠬᠡᠯᠡᠪᠡ᠃

3.jpg


     ᠸᠠᠩ ᠯᠢ ᠰᠢᠶᠠ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠵᠦ ᠪᠠᠶᠢᠭ᠎ᠠ ᠪᠠᠶᠢᠳᠠᠯ ᠢ ᠮᠠᠰᠢ ᠬᠠᠯᠠᠮᠵᠢᠯᠠᠵᠤ ᠪᠠᠶᠢᠯ᠎ᠠ᠃ ᠲᠡᠷᠡ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠦ ᠪᠠᠶᠢᠭ᠎ᠠ ᠡᠷᠦᠭᠡ ᠯᠢ ᠹᠦ᠋ ᠴᠦᠨ ᠤ ᠭᠡᠷ ᠲᠤ ᠬᠦᠷᠴᠦ᠂ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠨᠢ ᠠᠰᠠᠭᠤᠵᠤ᠂ ᠵᠣᠭᠤᠭ ᠳᠡᠯᠭᠡᠵᠦ᠂ ᠠᠷᠠᠳ ᠲᠤ ᠠᠰᠢᠭ ᠬᠦᠷᠲᠡᠭᠡᠬᠦ ᠨᠠᠷᠢᠨ ᠲᠠᠩᠰᠠ ᠶᠢ ᠰᠠᠶᠢᠲᠤᠷ ᠪᠤᠳᠤᠵᠤ᠂ ᠣᠯᠠᠨ ᠲᠦᠮᠡᠨ ᠳᠤ ᠪᠢᠳᠠ ᠶᠠᠮᠠᠷ ᠶᠠᠮᠠᠷ ᠨᠠᠮ ᠤᠨ ᠲᠥᠷᠥ ᠶᠢᠨ ᠪᠣᠳᠣᠯᠭ᠎ᠠ ᠶᠢᠨ ᠠᠴᠢ ᠲᠤᠰᠠ ᠶᠢ ᠬᠦᠷᠲᠡᠵᠦ ᠪᠠᠶᠢᠭ᠎ᠠ ᠶᠢ ᠦᠨᠡᠨ ᠬᠦ ᠣᠶᠢᠯᠠᠭᠠᠭᠤᠯᠵᠤ᠂ ᠨᠠᠮ ᠤᠨ ᠰᠠᠶᠢᠨ ᠢ ᠮᠡᠳᠡᠵᠦ᠂ ᠨᠠᠮ ᠤᠨ ᠠᠴᠢ ᠳᠤ ᠲᠠᠯᠠᠷᠬᠠᠵᠤ᠂ ᠨᠠᠮ ᠢᠶᠠᠨ ᠳᠠᠭᠠᠬᠤ ᠬᠡᠷᠡᠭᠲᠡᠢ ᠭᠡᠵᠦ ᠱᠠᠭᠠᠷᠳᠠᠪᠠ᠃ ᠰᠠᠨ ᠳ᠋ᠣᠣ ᠴᠢᠤᠸᠠᠨ ᠽᠢ ᠲᠣᠰᠬᠤᠨ ᠤ ᠨᠠᠮ ᠤᠨ ᠭᠡᠰᠢᠭᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ᠂ ᠸᠠᠩ ᠯᠢ ᠰᠢᠶᠠ ︽ᠪᠦᠷᠢᠨ ᠴᠢᠳᠠᠮᠵᠢᠲᠤ ᠺᠠᠷᠲ︾ ᠤᠨ ᠲᠥᠷᠥ ᠶᠢᠨ ᠪᠣᠳᠣᠯᠭ᠎ᠠ ᠶᠢᠨ ᠲᠣᠳᠣᠷᠬᠠᠢ ᠺᠠᠷᠲ ᠢ ᠨᠠᠷᠢᠨ ᠪᠠᠶᠢᠴᠠᠭᠠᠨ ᠦᠵᠡᠵᠦ᠂ ᠡᠯ᠎ᠡ ᠲᠥᠷᠥᠯ ᠤᠨ ᠠᠷᠠᠳ ᠲᠤ ᠠᠰᠢᠭ ᠬᠦᠷᠲᠡᠭᠡᠬᠦ ᠨᠥᠬᠦᠪᠦᠷᠢ ᠶᠢ ᠣᠯᠭᠤᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠳᠦᠷᠢᠮ ᠢ ᠨᠠᠶᠢᠳᠠᠪᠤᠷᠢᠵᠢᠭᠤᠯᠬᠤ ᠲᠤᠬᠠᠢ ᠺᠠᠳ᠋ᠷ ᠣᠯᠠᠨ ᠲᠦᠮᠡᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠲᠡᠷᠡ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠳᠦᠷᠢᠮ ᠢ ᠬᠡᠷᠡᠭᠵᠢᠭᠦᠯᠬᠦ ᠶᠢᠨ ᠵᠠᠩᠭᠢᠯᠠᠭ᠎ᠠ ᠨᠢ ᠪᠣᠳᠠᠲᠠᠢ ᠬᠦᠴᠢᠷᠳᠡᠯ ᠢ ᠲᠤᠬᠠᠢ ᠶᠢᠨ ᠭᠠᠵᠠᠷ ᠲᠤᠨᠢ ᠰᠢᠢᠳᠪᠦᠷᠢᠯᠡᠵᠦ᠂ ᠣᠯᠠᠨ ᠲᠦᠮᠡᠨ ᠳᠤ ︽ᠤᠴᠢᠷ ᠶᠠᠪᠤᠳᠠᠯ ᠢ ᠬᠠᠮᠢᠶᠠᠷᠬᠤ ᠬᠥᠮᠥᠨ ᠲᠠᠢ᠂ ᠬᠠᠪᠰᠤᠷᠬᠤ ᠬᠥᠮᠥᠨ ᠲᠠᠢ᠂ ᠰᠢᠢᠳᠪᠦᠷᠢᠯᠡᠬᠦ ᠬᠥᠮᠥᠨ ᠲᠠᠢ︾ ᠭᠡᠳᠡᠭ ᠢ ᠦᠨᠡᠨ ᠬᠦ ᠮᠡᠳᠡᠷᠡᠭᠦᠯᠵᠦ᠂ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠢ ᠮᠡᠳᠡᠷᠡᠭᠦᠯᠬᠦ ᠬᠡᠷᠡᠭᠲᠡᠢ ᠭᠡᠵᠦ ᠬᠡᠯᠡᠪᠡ᠃



     ᠸᠠᠩ ᠯᠢ ᠰᠢᠶᠠ ᠪᠦᠭᠦ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠭᠰᠠᠨ ᠪᠠᠭᠠᠲᠤᠷ ᠶᠢᠨ ᠢᠦᠢ ᠵᠧᠨ ᠢ ᠪᠣᠯᠭᠤᠭᠠᠨ ᠦᠵᠡᠵᠦ᠂ ᠲᠡᠭᠦᠨ ᠤ ᠬᠦᠴᠢᠷ ᠪᠡᠷᠬᠡᠰᠢᠶᠡᠯ ᠠᠴᠠ ᠦᠯᠦ ᠡᠮᠢᠶᠡᠨ ᠲᠡᠰᠪᠦᠷᠢ ᠬᠠᠲᠠᠭᠤᠵᠢᠯᠲᠠᠢ ᠲᠡᠮᠡᠴᠡᠵᠦ ᠡᠷᠡᠰ ᠭᠤᠶᠢᠪᠢᠰᠢ ᠦᠭᠡᠢ ᠪᠠᠷ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠭᠰᠠᠨ ᠵᠣᠷᠢᠭ ᠰᠠᠨᠠᠭ᠎ᠠ ᠳᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠵᠦ᠂ ᠶᠢᠨ ᠢᠦᠢ ᠵᠧᠨ ᠢᠶᠠᠷ ᠳᠠᠭᠤᠷᠢᠶᠠᠯ ᠪᠤᠯᠭᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠬᠠᠳᠤᠨ ᠭᠤᠣᠯ ᠤᠨ ︽ᠶᠡᠭᠡ ᠲᠣᠬᠤᠢ ᠶᠢᠨ ᠣᠷᠣᠨ︾ ᠤ ᠮᠤᠤᠠᠤᠰᠤ ᠶᠢᠨ ᠡᠯᠡᠰᠦᠷᠬᠡᠭ ᠭᠠᠵᠠᠷ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠴᠢᠬᠤᠯᠠ ᠠᠮᠢ ᠠᠬᠤᠢ ᠶᠢᠨ ᠢᠨᠵᠧᠨᠧᠷᠢᠩ᠂ ᠬᠥᠭᠵᠢᠯᠲᠡ ᠶᠢᠨ ᠢᠨᠵᠧᠨᠧᠷᠢᠩ᠂ ᠠᠷᠠᠳ ᠢ ᠪᠠᠶᠠᠵᠢᠭᠤᠯᠬᠤ ᠢᠨᠵᠧᠨᠧᠷᠢᠩ ᠪᠤᠯᠭᠠᠵᠤ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ ᠢᠯᠠᠯᠲᠠ ᠣᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠪᠤᠯᠬᠤ ᠠᠮᠢᠳᠤᠯᠢᠭ ᠦᠢᠯᠡᠳᠦᠯᠭᠡ ᠶᠢ ᠪᠢᠴᠢᠭᠯᠡᠬᠦ ᠬᠡᠷᠡᠭᠲᠡᠢ ᠭᠡᠵᠦ ᠱᠠᠭᠠᠷᠳᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ