ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠶᠢᠨ ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2023/11/30

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ

ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ

 ᠥᠪᠥᠷ ᠵᠠᠰᠠᠭ ᠠᠯᠪᠠᠨ ᠲᠠᠷᠬᠠᠭᠠᠭᠰᠠᠨ ﹇2023﹈ 3 ᠳ᠋ᠤᠭᠠᠷ ᠲᠣᠭᠠᠲᠤ

 

ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠶᠢᠨ ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ

ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ

     

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄

     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠶᠢᠨ ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃

     

     2023 ᠣᠨ ᠤ 1 ᠳ᠋ᠦ᠋ᠭᠡᠷ ᠰᠠᠷ᠎ᠠ ᠶᠢᠨ 5 ᠤ ᠡᠳᠦᠷ

           ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶

     

     

     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭᠠᠨ ᠤ ᠲᠣᠣᠷ

     ᠰᠦᠯᠵᠢᠶ᠎ᠡ ᠶᠢᠨ ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ

     

     ᠭᠠᠷᠴᠠᠭ

     1.ᠶᠡᠷᠦᠩᠬᠡᠢ ᠳᠦᠷᠢᠮ

     1.1ᠲᠣᠭᠲᠠᠭᠠᠭᠰᠠᠨ ᠵᠣᠷᠢᠯᠭ᠎ᠠ

     1.2 ᠲᠣᠭᠲᠠᠭᠠᠭᠰᠠᠨ ᠦᠨᠳᠦᠰᠦᠯᠡᠯ

     1.3 ᠬᠡᠷᠡᠭᠯᠡᠭᠳᠡᠬᠦ ᠬᠦᠷᠢᠶ᠎ᠡ ᠬᠡᠪᠴᠢᠶ᠎ᠡ

     1.4 ᠠᠵᠢᠯᠯᠠᠬᠤ ᠵᠠᠷᠴᠢᠮ

     1.5 ᠪᠡᠯᠡᠳᠬᠡᠯ ᠲᠥᠰᠥᠯ ᠤᠨ ᠲᠣᠭᠲᠠᠯᠴᠠᠭ᠎ᠠ

     2. ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠤᠯᠭ᠎ᠠ

     2.1 ᠵᠢᠯᠤᠭᠤᠳᠬᠤ ᠭᠠᠵᠠᠷ ᠤᠨ ᠪᠦᠷᠢᠯᠳᠦᠯ

     2.2 ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠯᠪᠠᠨ ᠭᠡᠷ ᠤᠨ ᠪᠦᠷᠢᠯᠳᠦᠯ

     2.3 ᠵᠢᠯᠤᠭᠤᠳᠬᠤ ᠲᠣᠭᠲᠠᠯᠴᠠᠭ᠎ᠠ ᠶᠢᠨ ᠡᠭᠦᠷᠭᠡ ᠬᠠᠷᠢᠭᠤᠴᠠᠯᠭ᠎ᠠ

     2.3.1 ᠵᠢᠯᠤᠭᠤᠳᠬᠤ ᠭᠠᠵᠠᠷ ᠤᠨ ᠡᠭᠦᠷᠭᠡ ᠬᠠᠷᠢᠭᠤᠴᠠᠯᠭ᠎ᠠ

     2.3.2 ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠤᠨ ᠡᠭᠦᠷᠭᠡ ᠬᠠᠷᠢᠭᠤᠴᠠᠯᠭ᠎ᠠ

     2.3.3 ᠪᠦᠷᠢᠯᠳᠦᠭᠦᠨ ᠨᠢᠭᠡᠴᠢ ᠶᠢᠨ ᠡᠭᠦᠷᠭᠡ ᠬᠠᠷᠢᠭᠤᠴᠠᠯᠭ᠎ᠠ

     2.4 ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠪᠦᠷᠢᠯᠳᠦᠯ ᠬᠢᠭᠡᠳ ᠡᠭᠦᠷᠭᠡ ᠬᠠᠷᠢᠭᠤᠴᠠᠯᠭ᠎ᠠ

     3. ᠤᠷᠢᠳᠴᠢᠯᠠᠨ ᠰᠡᠷᠭᠡᠶᠢᠯᠡᠬᠦ ᠬᠢᠭᠡᠳ ᠰᠡᠷᠡᠮᠵᠢᠯᠡᠭᠦᠯᠬᠦ

     3.1 ᠤᠷᠢᠳᠴᠢᠯᠠᠨ ᠰᠡᠷᠭᠡᠶᠢᠯᠡᠬᠦ ᠲᠣᠭᠲᠠᠴᠠ

     3.2 ᠰᠡᠷᠡᠮᠵᠢᠯᠡᠭᠦᠯᠬᠦ ᠳᠡᠰ ᠬᠤᠪᠢᠶᠠᠬᠤ

     3.3 ᠰᠡᠷᠡᠮᠵᠢᠯᠡᠭᠦᠯᠬᠦ ᠬᠢᠨᠠᠨ ᠰᠢᠨᠵᠢᠯᠲᠡ

     3.4 ᠰᠡᠷᠡᠮᠵᠢᠯᠡᠭᠦᠯᠬᠦ ᠨᠡᠪᠲᠡᠷᠡᠭᠦᠯᠭᠡ

     3.5 ᠰᠡᠷᠡᠮᠵᠢᠯᠡᠭᠦᠯᠬᠦ ᠶᠢ ᠳᠠᠭᠠᠬᠤ

     4. ᠪᠠᠴᠢᠮ ᠪᠠᠶᠢᠳᠠᠯ ᠤᠨ ᠠᠷᠭᠠᠴᠠᠭᠠᠯᠲᠠ ᠶᠢ ᠳᠠᠭᠠᠬᠤ

     4.1 ᠠᠵᠢᠯ ᠤᠨ ᠲᠣᠭᠲᠠᠴᠠ

     4.1.1 ᠳᠡᠰ ᠬᠤᠪᠢᠶᠠᠨ ᠤᠷᠢᠶᠠᠯᠠᠨ ᠳᠠᠭᠠᠬᠤ

     4.1.2 ᠵᠢᠯᠤᠭᠤᠳᠴᠤ ᠬᠤᠯᠪᠤᠭᠠᠯᠠᠨ ᠬᠥᠳᠡᠯᠦᠯᠴᠡᠬᠦ

     4.1.3 ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ

     4.1.4 ᠴᠡᠷᠢᠭ ᠠᠩᠭᠢ ᠪᠠ ᠣᠷᠣᠨ ᠨᠤᠲᠤᠭ ᠬᠤᠯᠪᠤᠭᠠᠯᠠᠨ ᠪᠠᠲᠤᠯᠠᠬᠤ

     4.2 ᠤᠷᠢᠳ ᠢᠶᠠᠷ ᠰᠢᠢᠳᠪᠦᠷᠢᠯᠡᠬᠦ ᠪᠠ ᠮᠡᠳᠡᠭᠡ ᠵᠠᠩᠭᠢ ᠶᠢ ᠠᠩᠬ᠎ᠠ ᠮᠡᠳᠡᠭᠦᠯᠬᠦ

     4.3 Ⅰ ᠳᠡᠰ ᠤᠨ ᠪᠠᠴᠢᠮ ᠪᠠᠶᠢᠳᠠᠯ ᠤᠨ ᠠᠷᠭᠠᠴᠠᠭᠠᠯᠲᠠ ᠶᠢ ᠳᠠᠭᠠᠬᠤ

     4.3.1 ᠡᠬᠢᠯᠡᠭᠦᠯᠬᠦ ᠨᠥᠬᠦᠴᠡᠯ

     4.3.2 Ⅰ ᠳᠡᠰ ᠤᠨ ᠤᠷᠢᠶᠠᠯᠠᠨ ᠳᠠᠭᠠᠬᠤ ᠠᠵᠢᠯᠯᠠᠭ᠎ᠠ ᠶᠢ ᠡᠬᠢᠯᠡᠭᠦᠯᠬᠦ

     4.3.3 Ⅰ ᠳᠡᠰ ᠤᠨ ᠤᠷᠢᠶᠠᠯᠠᠨ ᠳᠠᠭᠠᠬᠤ ᠠᠵᠢᠯᠯᠠᠭᠠᠨ

     4.4 Ⅱ ᠳᠡᠰ ᠤᠨ ᠪᠠᠴᠢᠮ ᠪᠠᠶᠢᠳᠠᠯ ᠤᠨ ᠠᠷᠭᠠᠴᠠᠭᠠᠯᠲᠠ ᠶᠢ ᠤᠷᠢᠶᠠᠯᠠᠨ ᠳᠠᠭᠠᠬᠤ

     4.4.1 ᠡᠬᠢᠯᠡᠭᠦᠯᠬᠦ ᠨᠥᠬᠦᠴᠡᠯ

     4.4.2 Ⅱ ᠳᠡᠰ ᠤᠨ ᠤᠷᠢᠶᠠᠯᠠᠨ ᠳᠠᠭᠠᠬᠤ ᠠᠵᠢᠯᠯᠠᠭ᠎ᠠ ᠶᠢ ᠡᠬᠢᠯᠡᠭᠦᠯᠬᠦ

     4.4.3 Ⅱ ᠳᠡᠰ ᠤᠨ ᠤᠷᠢᠶᠠᠯᠠᠨ ᠳᠠᠭᠠᠬᠤ ᠠᠵᠢᠯᠯᠠᠭᠠᠨ

     4. 5 Ⅲ ᠲᠠᠰ ᠤᠨ ᠪᠠᠴᠢᠮ ᠪᠠᠶᠢᠳᠠᠯ ᠤᠨ ᠠᠷᠭᠠᠴᠠᠭᠠᠯᠲᠠ ᠶᠢ ᠤᠷᠢᠶᠠᠯᠠᠨ ᠳᠠᠭᠠᠬᠤ

     4.5.1 ᠡᠬᠢᠯᠡᠭᠦᠯᠬᠦ ᠨᠥᠬᠦᠴᠡᠯ

     4.5.2Ⅲ ᠳᠡᠰ ᠤᠨ ᠤᠷᠢᠶᠠᠯᠠᠨ ᠳᠠᠭᠠᠬᠤ ᠠᠵᠢᠯᠯᠠᠭ᠎ᠠ ᠶᠢ ᠡᠬᠢᠯᠡᠭᠦᠯᠬᠦ

     4.5.3Ⅲ ᠳᠡᠰ ᠤᠨ ᠤᠷᠢᠶᠠᠯᠠᠨ ᠳᠠᠭᠠᠬᠤ ᠠᠵᠢᠯᠯᠠᠭᠠᠨ

     4. 6Ⅳ ᠳᠡᠰ ᠤᠨ ᠪᠠᠴᠢᠮ ᠪᠠᠶᠢᠳᠠᠯ ᠤᠨ ᠠᠷᠭᠠᠴᠠᠭᠠᠯᠲᠠ ᠶᠢ ᠤᠷᠢᠶᠠᠯᠠᠨ ᠳᠠᠭᠠᠬᠤ

     4.6.1 ᠡᠬᠢᠯᠡᠭᠦᠯᠬᠦ ᠨᠥᠬᠦᠴᠡᠯ

     4. 6.2 Ⅳ ᠳᠡᠰ ᠤᠨ ᠤᠷᠢᠶᠠᠯᠠᠨ ᠳᠠᠭᠠᠬᠤ ᠠᠵᠢᠯᠯᠠᠭ᠎ᠠ ᠶᠢ ᠡᠬᠢᠯᠡᠭᠦᠯᠬᠦ

     4.6.3 Ⅳ ᠳᠡᠰ ᠤᠨ ᠤᠷᠢᠶᠠᠯᠠᠨ ᠳᠠᠭᠠᠬᠤ ᠠᠵᠢᠯᠯᠠᠭᠠᠨ

     4.7 ᠴᠢᠮᠡᠭᠡ ᠬᠤᠯᠪᠣᠭᠠᠨ ᠤ ᠪᠠᠲᠤᠯᠠᠭ᠎ᠠ ᠪᠠ ᠵᠠᠪᠳᠤᠨ ᠵᠠᠰᠠᠵᠤ ᠰᠡᠷᠭᠦᠭᠡᠬᠦ ᠠᠵᠢᠯ ᠤᠨ ᠵᠠᠷᠴᠢᠮ

     4.8 ᠲᠣᠣᠷ ᠰᠦᠯᠵᠢᠶ᠎ᠡ ᠶᠢᠨ ᠲᠦᠭᠵᠢᠷᠡᠯ ᠢ ᠰᠢᠢᠳᠪᠦᠷᠢᠯᠡᠬᠦ

     4.9 ᠮᠡᠳᠡᠭᠡ ᠵᠠᠩᠭᠢ ᠶᠢ ᠨᠡᠪᠲᠡᠷᠡᠭᠦᠯᠦᠨ ᠮᠡᠳᠡᠭᠡᠯᠡᠬᠦ ᠪᠠ ᠨᠡᠶᠢᠲᠡᠯᠡᠬᠦ

     4.10 ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠳᠠᠭᠤᠰᠬᠤ

     5. ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ

     5.1 ᠳ᠋ᠦᠩᠨᠡᠯᠲᠡ ᠬᠢᠵᠦ ᠦᠨᠡᠯᠡᠨ ᠵᠢᠱᠢᠬᠦ

     5.2 ᠲᠠᠲᠠᠪᠤᠷᠢᠯᠠᠨ ᠬᠡᠷᠡᠭᠯᠡᠭᠰᠡᠨ ᠲᠥᠯᠥᠪᠦᠷᠢ

     5.3 ᠰᠡᠷᠭᠦᠭᠡᠬᠦ ᠬᠢᠭᠡᠳ ᠲᠠᠬᠢᠨ ᠪᠠᠶᠢᠭᠤᠯᠬᠤ

     5.4 ᠱᠠᠩᠨᠠᠬᠤ ᠪᠠ ᠬᠠᠷᠢᠭᠤᠴᠠᠯᠭ᠎ᠠ ᠨᠡᠬᠡᠮᠵᠢᠯᠡᠬᠦ

     6. ᠪᠠᠲᠤᠯᠠᠭ᠎ᠠ ᠶᠢᠨ ᠠᠷᠭ᠎ᠠ ᠬᠡᠮᠵᠢᠶ᠎ᠡ

     6.1 ᠮᠡᠳᠡᠭᠡ ᠵᠠᠩᠭᠢ ᠶᠢᠨ ᠮᠡᠷᠭᠡᠵᠢᠯ ᠤᠨ ᠲᠤᠯᠭᠠᠭᠤᠷᠢᠯᠠᠯ ᠤᠨ ᠪᠠᠲᠤᠯᠠᠭ᠎ᠠ

     6.2 ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠡᠩᠨᠡᠭᠡ ᠶᠢᠨ ᠪᠠᠲᠤᠯᠠᠭ᠎ᠠ

     6.3 ᠰᠠᠭᠤᠷᠢ ᠪᠡᠯᠡᠳᠬᠡᠮᠵᠢ ᠵᠢᠴᠢ ᠡᠳ᠋ ᠪᠠᠷᠠᠭᠠᠨ ᠤ ᠪᠠᠲᠤᠯᠠᠭ᠎ᠠ

     6.4 ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ

     6.5 ᠴᠠᠬᠢᠯᠭᠠᠨ ᠬᠦᠴᠦᠨ ᠡᠨᠧᠷᠭᠢ ᠶᠢᠨ ᠬᠠᠩᠭᠠᠯᠭ᠎ᠠ ᠶᠢᠨ ᠪᠠᠲᠤᠯᠠᠭ᠎ᠠ

     6.6 ᠣᠷᠣᠨ ᠨᠤᠲᠤᠭ ᠤᠨ ᠵᠠᠰᠠᠭ ᠤᠨ ᠣᠷᠳᠣᠨ ᠤ ᠳᠡᠮᠵᠢᠨ ᠲᠤᠰᠠᠯᠠᠬᠤ ᠪᠠᠲᠤᠯᠠᠭ᠎ᠠ

     6.7 ᠪᠡᠯᠡ ᠮᠥᠩᠭᠦ ᠶᠢᠨ ᠪᠠᠲᠤᠯᠠᠭ᠎ᠠ

     7. ᠳᠠᠭᠠᠯᠳᠤᠭᠤᠯᠤᠯ ᠳᠦᠷᠢᠮ

     7.1 ᠲᠠᠶᠢᠯᠪᠤᠷᠢ ᠬᠢᠭᠡᠳ ᠲᠣᠳᠣᠷᠬᠠᠶᠢᠯᠠᠯᠲᠠ

     7.2 ᠪᠡᠯᠡᠳᠬᠡᠯ ᠲᠥᠰᠥᠯ ᠢ ᠬᠠᠮᠢᠶᠠᠷᠬᠤ ᠪᠠ ᠰᠢᠨᠡᠳᠬᠡᠬᠦ

     7.3 ᠤᠬᠠᠭᠤᠯᠬᠤ᠂ ᠪᠣᠯᠪᠠᠰᠤᠷᠠᠯ ᠬᠦᠷᠲᠡᠭᠡᠬᠦ ᠪᠠ ᠰᠣᠷᠢᠯᠲᠠ ᠬᠢᠬᠦ

     7.4 ᠪᠡᠯᠡᠳᠬᠡᠯ ᠲᠥᠰᠥᠯ ᠢ ᠬᠡᠷᠡᠭᠵᠢᠭᠦᠯᠬᠦ

     

     1 ᠶᠡᠷᠦᠩᠬᠡᠢ ᠳᠦᠷᠢᠮ

     1.1 ᠲᠣᠭᠲᠠᠭᠠᠭᠰᠠᠨ ᠵᠣᠷᠢᠯᠭ᠎ᠠ

     ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠶᠢᠨ ᠭᠡᠨᠡᠳᠡᠯ ᠢ ᠵᠠᠪᠳᠤᠨ ᠵᠠᠰᠠᠵᠤ ᠰᠡᠷᠭᠦᠭᠡᠬᠦ ᠴᠢᠮᠡᠭᠡ ᠬᠤᠯᠪᠣᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠᠲᠤᠯᠠᠭ᠎ᠠ ᠶᠢᠨ ᠬᠡᠷᠡᠭᠴᠡᠭᠡ ᠶᠢ ᠬᠠᠩᠭᠠᠵᠤ᠂ ᠪᠥᠬᠦ ᠣᠷᠣᠨ ᠤ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠶᠢᠨ ᠠᠮᠤᠷ ᠲᠦᠪᠰᠢᠨ᠂ ᠲᠣᠭᠲᠠᠭᠤᠨ᠂ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠨ᠎ᠠ᠃

     1.2 ᠲᠣᠭᠲᠠᠭᠠᠭᠰᠠᠨ ᠦᠨᠳᠦᠰᠦᠯᠡᠯ

     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠠᠬᠢᠯᠭᠠᠨ ᠬᠤᠯᠪᠣᠭᠠᠨ ᠤ ᠳᠦᠷᠢᠮ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠷᠠᠳᠢᠣ᠋ ᠶᠢᠨ ᠬᠠᠮᠢᠶᠠᠷᠤᠯᠲᠠ ᠶᠢᠨ ᠳᠦᠷᠢᠮ︾ ︽ᠤᠯᠤᠰ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠶᠡᠷᠦᠩᠬᠡᠢ ᠳᠤ ᠨᠢ ᠠᠷᠭᠠᠴᠠᠭᠠᠬᠤ ᠪᠡᠯᠡᠳᠬᠡᠯ ᠲᠥᠰᠥᠯ︾ ︽ᠴᠠᠬᠢᠯᠭᠠᠨ ᠬᠤᠯᠪᠣᠭᠠᠨ ᠤ ᠲᠣᠣᠷ ᠰᠦᠯᠵᠢᠶ᠎ᠡ ᠶᠢᠨ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠶᠡᠷᠦᠩᠬᠡᠢ ᠳᠤ ᠨᠢ ᠠᠷᠭᠠᠴᠠᠭᠠᠬᠤ ᠪᠡᠯᠡᠳᠬᠡᠯ ᠲᠥᠰᠥᠯ ︵ᠲᠤᠷᠰᠢᠨ ᠬᠡᠷᠡᠭᠵᠢᠭᠦᠯᠬᠦ︶︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ᠃

     1.3 ᠬᠡᠷᠡᠭᠯᠡᠭᠳᠡᠬᠦ ᠬᠦᠷᠢᠶ᠎ᠡ ᠬᠡᠪᠴᠢᠶ᠎ᠡ

     ᠲᠣᠰ ᠪᠡᠯᠡᠳᠬᠡᠯ ᠲᠥᠰᠥᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠪᠠᠶᠢᠭᠠᠯᠢ ᠶᠢᠨ ᠭᠠᠢ ᠭᠠᠮᠰᠢᠭ᠂ ᠭᠡᠨᠡᠳᠡᠯ ᠤᠨ ᠭᠠᠢ ᠭᠠᠮᠰᠢᠭ᠂ ᠭᠡᠨᠡᠳᠲᠡ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ᠂ ᠭᠡᠨᠡᠳᠲᠡ ᠶᠢᠨ ᠨᠡᠶᠢᠭᠡᠮ ᠤᠨ ᠠᠮᠤᠷ ᠲᠦᠪᠰᠢᠨ ᠤ ᠬᠡᠷᠡᠭ ᠵᠢᠴᠢ ᠲᠣᠰ ᠪᠡᠶ᠎ᠡ ᠶᠢᠨ ᠰᠠᠭᠠᠳ᠂ ᠬᠥᠮᠥᠨ ᠤ ᠰᠢᠯᠲᠠᠭᠠᠨ ᠠᠴᠠ ᠪᠣᠯᠤᠭᠰᠠᠨ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠪᠤᠶᠤ ᠲᠤᠬᠠᠶᠢᠯᠠᠭᠰᠠᠨ ᠠᠵᠢᠯ ᠤᠨ ᠲᠠᠰᠤᠯᠳᠠᠯ ᠵᠡᠷᠭᠡ ᠪᠠᠶᠢᠳᠠᠯ ᠠᠴᠠ ᠪᠣᠯᠵᠤ᠂ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠶᠢ ᠵᠠᠪᠳᠤᠨ ᠵᠠᠰᠠᠵᠤ ᠰᠡᠷᠭᠦᠭᠡᠬᠦ ᠴᠢᠬᠤᠯᠠᠲᠠᠢ ᠪᠠᠴᠢᠮ ᠪᠠᠶᠢᠳᠠᠯ ᠢ ᠠᠷᠭᠠᠴᠠᠭᠠᠬᠤ ᠠᠵᠢᠯ ᠳᠤ ᠲᠣᠬᠢᠷᠠᠭᠤᠯᠤᠨ ᠬᠡᠷᠡᠭᠯᠡᠭᠳᠡᠨ᠎ᠡ᠃

     1.4 ᠠᠵᠢᠯᠯᠠᠬᠤ ᠵᠠᠷᠴᠢᠮ

     ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠨᠢ ᠬᠥᠮᠥᠨ ᠢᠶᠠᠷ ᠦᠨᠳᠦᠰᠦ ᠪᠣᠯᠭᠠᠨ ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠨᠢᠭᠡᠳᠦᠯᠲᠡᠢ ᠤᠳᠤᠷᠢᠳᠤᠨ ᠱᠠᠲᠤ ᠬᠤᠪᠢᠶᠠᠵᠤ ᠬᠠᠷᠢᠭᠤᠴᠠᠬᠤ᠂ ᠬᠠᠷᠢᠶ᠎ᠠ ᠭᠠᠵᠠᠷ ᠢᠶᠠᠷ ᠭᠤᠣᠯᠯᠠᠭᠤᠯᠤᠨ ᠲᠦᠷᠭᠡᠨ ᠲᠤᠰᠬᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠲᠦᠰᠢᠭᠯᠡᠨ ᠬᠦᠴᠦᠲᠡᠢ ᠪᠠᠲᠤᠯᠠᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠨ ᠡᠩ ᠤᠨ ᠦᠶ᠎ᠡ ᠪᠠ ᠳᠠᠶᠢᠨ ᠤ ᠦᠶ᠎ᠡ ᠶᠢ ᠤᠶᠠᠯᠳᠤᠭᠤᠯᠬᠤ ᠵᠠᠷᠴᠢᠮ ᠢ ᠪᠠᠷᠢᠮᠲᠠᠯᠠᠨ᠎ᠠ᠃

     1.5 ᠪᠡᠯᠡᠳᠬᠡᠯ ᠲᠥᠰᠥᠯ ᠤᠨ ᠲᠣᠭᠲᠠᠯᠴᠠᠭ᠎ᠠ

     ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠪᠣᠯ ᠪᠥᠬᠦ ᠣᠷᠣᠨ ᠤ ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠥᠯ ᠤᠨ ᠲᠣᠭᠲᠠᠯᠴᠠᠭ᠎ᠠ ᠶᠢᠨ ᠶᠡᠷᠦᠩᠬᠡᠢ ᠬᠥᠲᠥᠯᠪᠦᠷᠢ ᠪᠣᠯᠣᠨ᠎ᠠ᠂ ᠥᠪᠥᠷ ᠮᠣᠩᠭᠤᠯ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠲᠦᠷᠦᠭᠦᠯᠡᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠲᠠᠷᠠᠭ᠎ᠠ ᠬᠡᠷᠡᠭᠵᠢᠭᠦᠯᠦᠨ᠎ᠡ᠃

     ᠥᠪᠡᠷᠲᠡᠭᠡᠨ ᠵᠠᠰᠠᠬᠤ ᠣᠷᠣᠨ ᠤ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ︵ᠳᠣᠷᠣᠭᠰᠢ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠭᠡᠵᠦ ᠲᠣᠪᠴᠢᠯᠠᠨ᠎ᠠ︶ ᠤᠨ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠶᠢᠨ ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠢ ᠵᠦᠢᠯ ᠤᠨ ᠪᠡᠯᠡᠳᠬᠡᠯ ᠲᠥᠰᠥᠯ ᠪᠣᠯ ᠲᠣᠰ ᠠᠵᠤ ᠠᠬᠤᠶᠢᠯᠠᠯ ᠤᠨ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠶᠢᠨ ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢᠶᠠᠨ ᠰᠠᠶᠢᠲᠤᠷ ᠬᠢᠬᠦ ᠶᠢᠨ ᠲᠤᠰᠠᠳᠠ ᠲᠣᠭᠲᠠᠭᠠᠭᠰᠠᠨ ᠪᠡᠯᠡᠳᠬᠡᠯ ᠲᠥᠰᠥᠯ ᠪᠣᠯᠬᠤᠷ ᠥᠪᠥᠷ ᠮᠣᠩᠭᠤᠯ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠬᠡᠷᠡᠭᠲᠡᠢ᠃

     2 ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠤᠯᠭ᠎ᠠ

     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠤᠭᠤᠳᠬᠤ ᠭᠠᠵᠠᠷ ︵ᠳᠣᠷᠣᠭᠰᠢ ᠵᠢᠯᠤᠭᠤᠳᠬᠤ ᠭᠠᠵᠠᠷ ᠭᠡᠵᠦ ᠲᠣᠪᠴᠢᠯᠠᠨ᠎ᠠ︶ ᠢ ᠪᠠᠶᠢᠭᠤᠯᠵᠤ᠂ ᠪᠦᠬᠦ ᠣᠷᠣᠨ ᠤ ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠭᠠᠵᠤ ᠪᠠᠲᠤᠯᠠᠨ ᠰᠢᠢᠳᠪᠦᠷᠢᠯᠡᠬᠦ ᠶᠢ ᠤᠳᠤᠷᠢᠳᠬᠤ᠂ ᠵᠣᠬᠢᠶᠠᠨ ᠪᠠᠶᠢᠭᠤᠯᠬᠤ᠂ ᠵᠣᠬᠢᠴᠠᠭᠤᠯᠬᠤ ᠠᠵᠢᠯ ᠢ ᠬᠠᠷᠢᠭᠤᠴᠠᠭᠤᠯᠤᠨ᠎ᠠ᠃ ᠴᠢᠬᠤᠯᠠ ᠲᠠᠢ ᠦᠶ᠎ᠡ ᠳᠤ᠂ ᠵᠢᠯᠤᠭᠤᠳᠬᠤ ᠭᠠᠵᠠᠷ ᠨᠢ ᠬᠡᠷᠡᠭ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ᠂ ᠥᠪᠥᠷ ᠮᠣᠩᠭᠤᠯ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠪᠠᠷ ᠭᠤᠣᠯ ᠪᠣᠯᠭᠠᠭᠰᠠᠨ ᠲᠦᠷ ᠴᠠᠭ ᠤᠨ ᠲᠤᠬᠠᠢ ᠶᠢᠨ ᠲᠠᠯᠠᠪᠤᠷ ᠤᠨ ᠴᠢᠮᠡᠭᠡ ᠬᠤᠯᠪᠣᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠤᠳᠤᠷᠢᠳᠬᠤ ᠳᠤᠭᠤᠶᠢᠯᠠᠩ ︵ᠳᠣᠷᠣᠭᠰᠢ ᠲᠦᠷ ᠴᠠᠭ ᠤᠨ ᠲᠤᠬᠠᠢ ᠶᠢᠨ ᠲᠠᠯᠠᠪᠤᠷ ᠤᠨ ᠤᠳᠤᠷᠢᠳᠬᠤ ᠳᠤᠭᠤᠶᠢᠯᠠᠩ ᠭᠡᠵᠦ ᠲᠣᠪᠴᠢᠯᠠᠨ᠎ᠠ︶ ᠢ ᠪᠠᠶᠢᠭᠤᠯᠵᠤ᠂ ᠬᠡᠷᠡᠭ ᠭᠠᠷᠤᠭᠰᠠᠨ ᠲᠤᠬᠠᠢ ᠶᠢᠨ ᠲᠠᠯᠠᠪᠤᠷ ᠤᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠵᠣᠬᠢᠶᠠᠨ ᠪᠠᠶᠢᠭᠤᠯᠬᠤ᠂ ᠵᠣᠬᠢᠴᠠᠭᠤᠯᠬᠤ ᠠᠵᠢᠯ ᠢ ᠪᠣᠳᠠᠲᠠᠢ ᠬᠠᠷᠢᠭᠤᠴᠠᠨ᠎ᠠ᠃

     2.1 ᠵᠢᠯᠤᠭᠤᠳᠬᠤ ᠭᠠᠵᠠᠷ ᠤᠨ ᠪᠦᠷᠢᠯᠳᠦᠯ

     ᠵᠢᠯᠤᠭᠤᠳᠬᠤ ᠭᠠᠵᠠᠷ ᠤᠨ ᠵᠢᠯᠤᠭᠤᠳᠬᠤ ᠳᠠᠷᠤᠭ᠎ᠠ ᠶᠢᠨ ᠲᠤᠰᠢᠶᠠᠯ ᠢ ᠥᠪᠡᠷᠲᠡᠭᠡᠨ ᠵᠠᠰᠠᠬᠤ ᠣᠷᠣᠨ ᠤ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ ᠠᠴᠠ ᠡᠭᠦᠷᠭᠡᠯᠡᠵᠦ᠂ ᠳᠡᠳ᠋ ᠵᠢᠯᠤᠭᠤᠳᠬᠤ ᠳᠠᠷᠤᠭ᠎ᠠ ᠶᠢᠨ ᠲᠤᠰᠢᠶᠠᠯ ᠢ ᠥᠪᠥᠷ ᠮᠣᠩᠭᠤᠯ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠠᠴᠠ ᠡᠭᠦᠷᠭᠡᠯᠡᠨ᠎ᠡ᠃

     ᠭᠡᠰᠢᠭᠦᠨ᠄ ᠥᠪᠥᠷ ᠮᠣᠩᠭᠤᠯ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠪᠠᠴᠢᠮ ᠪᠠᠶᠢᠳᠠᠯ ᠢ ᠠᠷᠭᠠᠴᠠᠭᠠᠬᠤ ᠲᠢᠩᠬᠢᠮ᠂ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠭᠠᠵᠠᠷ ᠬᠥᠳᠡᠯᠦᠯᠲᠡ ᠶᠢᠨ ᠲᠣᠪᠴᠢᠶ᠎ᠠ᠂ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠲᠣᠪᠴᠢᠶ᠎ᠠ ᠶᠢᠨ ᠪᠦᠯᠦᠭᠯᠡᠯᠳᠦ ᠬᠢᠵᠠᠭᠠᠷᠲᠤ ᠺᠣᠮᠫᠠᠨᠢ᠂ ᠠᠷᠠᠳ ᠤᠨ ᠠᠭᠠᠷ ᠤᠨ ᠲᠡᠭᠡᠭᠡᠪᠦᠷᠢ ᠶᠢᠨ ᠥᠪᠥᠷ ᠮᠣᠩᠭᠤᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠲᠡᠶᠢᠨ ᠤ ᠪᠡᠯᠡᠳᠬᠡᠯ ᠤᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠂ ᠥᠪᠥᠷ ᠮᠣᠩᠭᠤᠯ ᠤᠨ ᠬᠢᠯᠢ ᠪᠠᠷ ᠭᠠᠷᠴᠤ ᠣᠷᠣᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠶᠡᠷᠦᠩᠬᠡᠢ ᠥᠷᠲᠡᠭᠡ᠂ ᠥᠪᠥᠷ ᠮᠣᠩᠭᠤᠯ ᠤᠨ ᠭᠠᠯ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠶᠡᠷᠦᠩᠬᠡᠢ ᠠᠩᠭᠢ᠂ ᠥᠪᠥᠷ ᠮᠣᠩᠭᠤᠯ ᠤᠨ ᠣᠶ ᠰᠢᠭᠤᠢ ᠶᠢᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠶᠡᠷᠦᠩᠬᠡᠢ ᠠᠩᠭᠢ᠂ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠵᠡᠷᠭᠡ ᠰᠠᠯᠠᠭ᠎ᠠ ᠮᠥᠴᠢᠷ ᠨᠢᠭᠡᠴᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠃

     2.2 ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠯᠪᠠᠨ ᠭᠡᠷ ᠤᠨ ᠪᠦᠷᠢᠯᠳᠦᠯ

     ᠵᠢᠯᠤᠭᠤᠳᠬᠤ ᠭᠠᠵᠠᠷ ᠤᠨ ᠳᠣᠣᠷᠠᠬᠢ ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠯᠪᠠᠨ ᠭᠡᠷ ︵ᠳᠣᠷᠣᠭᠰᠢ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠭᠡᠵᠦ ᠲᠣᠪᠴᠢᠯᠠᠨ᠎ᠠ︶ ᠢ ᠥᠪᠥᠷ ᠮᠣᠩᠭᠤᠯ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ ᠳᠤ ᠲᠣᠬᠢᠷᠠᠭᠤᠯᠵᠤ᠂ ᠵᠢᠯᠤᠭᠤᠳᠬᠤ ᠭᠠᠵᠠᠷ ᠤᠨ ᠡᠳᠦᠷ ᠲᠤᠳᠤᠮ ᠤᠨ ᠠᠵᠢᠯ ᠢ ᠬᠠᠷᠢᠭᠤᠴᠠᠭᠤᠯᠤᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠥᠪᠥᠷ ᠮᠣᠩᠭᠤᠯ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠲᠣᠪᠴᠢᠶᠠᠨ ᠤ ᠳᠠᠷᠤᠭ᠎ᠠ ᠠᠴᠠ ᠬᠠᠪᠰᠤᠷᠭᠠᠨ ᠡᠭᠦᠷᠭᠡᠯᠡᠵᠦ᠂ ᠳᠡᠳ᠋ ᠡᠷᠬᠢᠯᠡᠭᠴᠢ ᠶᠢᠨ ᠲᠤᠰᠢᠶᠠᠯ ᠢ ᠥᠪᠥᠷ ᠮᠣᠩᠭᠤᠯ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶᠠᠨ ᠤ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠲᠣᠪᠴᠢᠶᠠᠨ ᠳᠠᠷᠤᠭ᠎ᠠ ᠠᠴᠠ ᠡᠭᠦᠷᠭᠡᠯᠡᠨ᠎ᠡ᠃

     2.3 ᠵᠢᠯᠤᠭᠤᠳᠬᠤ ᠲᠣᠭᠲᠠᠯᠴᠠᠭ᠎ᠠ ᠶᠢᠨ ᠡᠭᠦᠷᠭᠡ ᠬᠠᠷᠢᠭᠤᠴᠠᠯᠭ᠎ᠠ

     2.3.1 ᠵᠢᠯᠤᠭᠤᠳᠬᠤ ᠭᠠᠵᠠᠷ ᠤᠨ ᠡᠭᠦᠷᠭᠡ ᠬᠠᠷᠢᠭᠤᠴᠠᠯᠭ᠎ᠠ

     ᠴᠢᠮᠡᠭᠡ ᠬᠤᠯᠪᠣᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠮᠡᠭᠡ ᠬᠤᠯᠪᠣᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠪᠥᠬᠦ ᠣᠷᠣᠨ ᠤ ᠴᠢᠮᠡᠭᠡ ᠬᠤᠯᠪᠣᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠢ ᠵᠢᠯᠣᠭᠤᠳᠤᠨ ᠵᠣᠬᠢᠴᠠᠭᠤᠯᠵᠤ᠂ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠬᠦᠴᠦᠨ ᠪᠠ ᠲᠣᠨᠤᠭ ᠲᠥᠬᠦᠭᠡᠷᠦᠮᠵᠢ ᠡᠳ᠋ ᠪᠠᠷᠠᠭ᠎ᠠ ᠶᠢ ᠰᠢᠯᠵᠢᠭᠦᠯᠦᠨ ᠴᠤᠭᠯᠠᠭᠤᠯᠵᠤ᠂ ᠣᠷᠣᠨ ᠳᠤ ᠰᠠᠭᠤᠭ᠎ᠠ ᠡᠯ᠎ᠡ ᠱᠠᠲᠤᠨ ᠤ ᠴᠡᠷᠢᠭ ᠠᠩᠭᠢ ᠶᠢ ᠵᠣᠬᠢᠴᠠᠭᠤᠯᠵᠤ ᠪᠠᠶᠢᠭᠠᠳ ᠣᠷᠣᠨ ᠨᠤᠲᠤᠭ ᠤᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠥᠷᠨᠢᠭᠦᠯᠬᠦ ᠳᠤ ᠳᠡᠮᠵᠢᠯᠭᠡ ᠦᠵᠡᠭᠦᠯᠦᠨ᠎ᠡ᠃

     2.3.2 ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠤᠨ ᠡᠭᠦᠷᠭᠡ ᠬᠠᠷᠢᠭᠤᠴᠠᠯᠭ᠎ᠠ

     ︵1︶ ᠵᠢᠯᠤᠭᠤᠳᠬᠤ ᠭᠠᠵᠠᠷ ᠤᠨ ᠡᠳᠦᠷ ᠲᠤᠲᠤᠮ ᠤᠨ ᠠᠵᠢᠯ ᠢ ᠳᠠᠭᠠᠭᠠᠨ ᠡᠭᠦᠷᠭᠡᠯᠡᠵᠦ᠂ ᠵᠢᠯᠤᠭᠤᠳᠬᠤ ᠭᠠᠵᠠᠷ ᠤᠨ ᠪᠠᠭᠤᠯᠭᠠᠭᠰᠠᠨ ᠵᠠᠷᠯᠢᠭ ᠪᠠ ᠵᠢᠭᠠᠪᠤᠷᠢ ᠶᠣᠰᠣᠭᠠᠷ᠂ ᠮᠤᠵᠢ ︵ᠣᠷᠣᠨ᠂ ᠬᠤᠲᠠ︶ ᠠᠯᠤᠰᠯᠠᠭᠰᠠᠨ᠂ ᠠᠵᠤ ᠠᠬᠤᠶᠢᠯᠠᠯ ᠠᠯᠤᠰᠯᠠᠭᠰᠠᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠬᠤ᠂ ᠵᠢᠯᠤᠭᠤᠳᠬᠤ ᠪᠠ ᠵᠣᠬᠢᠴᠠᠭᠤᠯᠬᠤ ᠠᠵᠢᠯ ᠢ ᠬᠠᠷᠢᠭᠤᠴᠠᠵᠤ᠂ ᠴᠡᠷᠢᠭ ᠠᠩᠭᠢ ᠪᠠ ᠣᠷᠣᠨ ᠨᠤᠲᠤᠭ ᠬᠤᠯᠪᠣᠭᠠᠯᠠᠵᠤ ᠴᠢᠮᠡᠭᠡ ᠬᠤᠯᠪᠣᠭ᠎ᠠ ᠶᠢ ᠪᠠᠲᠤᠯᠠᠬᠤ ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠵᠣᠬᠢᠴᠠᠭᠤᠯᠤᠨ᠎ᠠ᠃

     ︵2︶ ᠪᠦᠷᠢᠯᠳᠦᠭᠦᠨ ᠨᠢᠭᠡᠴᠢ ᠶᠢᠨ ᠬᠤᠭᠤᠷᠣᠨᠳᠣᠬᠢ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠵᠣᠬᠢᠴᠠᠭᠤᠯᠬᠤ ᠠᠵᠢᠯ ᠤᠨ ᠲᠣᠭᠲᠠᠴᠠ ᠶᠢ ᠬᠠᠷᠢᠭᠤᠴᠠᠨ ᠪᠠᠶᠢᠭᠤᠯᠵᠤ᠂ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠶᠢᠨ ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠤᠨ ᠪᠠᠶᠢᠳᠠᠯ ᠳᠤ ᠵᠠᠳᠠᠯᠤᠯᠲᠠ ᠬᠢᠵᠦ ᠦᠨᠡᠯᠡᠨ ᠵᠢᠱᠢᠵᠦ᠂ ᠵᠢᠯᠤᠭᠤᠳᠬᠤ ᠭᠠᠵᠠᠷ ᠤᠨ ᠵᠥᠪᠯᠡᠨ ᠲᠣᠭᠲᠠᠭᠠᠭᠰᠠᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠤᠨ ᠲᠣᠬᠢᠷᠠᠭᠤᠯᠤᠯᠲᠠ ᠶᠢ ᠨᠠᠶᠢᠳᠠᠪᠤᠷᠢᠵᠢᠭᠤᠯᠤᠨ᠂ ᠪᠥᠬᠦ ᠣᠷᠣᠨ ᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠢ ᠵᠢᠯᠣᠭᠤᠳᠤᠨ᠎ᠠ᠃

     ︵3︶ ᠪᠠᠴᠢᠮ ᠪᠠᠶᠢᠳᠠᠯ ᠢ ᠠᠷᠭᠠᠴᠠᠭᠠᠬᠤ ᠮᠡᠳᠡᠭᠡ ᠵᠠᠩᠭᠢ ᠶᠢᠨ ᠵᠠᠳᠠᠯᠤᠯᠲᠠ ᠬᠢᠬᠦ᠂ ᠬᠤᠷᠢᠶᠠᠩᠭᠤᠶᠢᠯᠠᠨ ᠡᠮᠬᠢᠳᠬᠡᠬᠦ ᠵᠡᠷᠭᠡ ᠠᠵᠢᠯ ᠢ ᠬᠠᠷᠢᠭᠤᠴᠠᠵᠤ᠂ ᠬᠤᠯᠪᠣᠭᠳᠠᠯ ᠪᠦᠬᠦᠢ ᠰᠢᠢᠳᠪᠦᠷᠢᠯᠡᠬᠦ ᠲᠥᠰᠥᠯ ᠢ ᠵᠣᠬᠢᠶᠠᠨ ᠪᠠᠶᠢᠭᠤᠯᠤᠨ ᠲᠣᠭᠲᠠᠭᠠᠵᠤ᠂ ᠵᠢᠯᠤᠭᠤᠳᠬᠤ ᠭᠠᠵᠠᠷ ᠲᠤ ᠴᠢᠬᠤᠯᠠ ᠶᠡᠭᠡ ᠠᠰᠠᠭᠤᠳᠠᠯ ᠢ ᠮᠡᠳᠡᠭᠦᠯᠬᠦ ᠶᠢᠨ ᠬᠠᠮᠲᠤ ᠰᠢᠢᠳᠪᠦᠷᠢᠯᠡᠬᠦ ᠰᠠᠨᠠᠭᠤᠯᠭ᠎ᠠ ᠳᠤᠷᠠᠳᠤᠨ᠎ᠠ᠃

     ︵4︶ ᠵᠢᠯᠤᠭᠤᠳᠬᠤ ᠭᠠᠵᠠᠷ ᠢᠶᠠᠷ ᠵᠥᠪᠰᠢᠶᠡᠷᠡᠭᠦᠯᠦᠭᠡᠳ᠂ ᠪᠠᠴᠢᠮ ᠪᠠᠶᠢᠳᠠᠯ ᠤᠨ ᠠᠷᠭᠠᠴᠠᠭᠠᠯᠲᠠ ᠶᠢ ᠳᠠᠭᠠᠬᠤ ᠲᠠᠰ ᠢ ᠨᠡᠪᠲᠡᠷᠡᠭᠦᠯᠦᠨ ᠮᠡᠳᠡᠭᠡᠯᠡᠵᠦ ᠲᠣᠬᠢᠷᠠᠭᠤᠯᠤᠨ᠎ᠠ᠃

     2.3.3 ᠪᠦᠷᠢᠯᠳᠦᠭᠦᠨ ᠨᠢᠭᠡᠴᠢ ᠶᠢᠨ ᠡᠭᠦᠷᠭᠡ ᠬᠠᠷᠢᠭᠤᠴᠠᠯᠭ᠎ᠠ

     ᠥᠪᠥᠷ ᠮᠣᠩᠭᠤᠯ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ᠄ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠴᠢᠮᠡᠭᠡ ᠬᠤᠯᠪᠣᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠵᠢᠯᠤᠭᠤᠳᠬᠤ᠂ ᠵᠣᠬᠢᠶᠠᠨ ᠪᠠᠶᠢᠭᠤᠯᠬᠤ ᠪᠠ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠵᠡᠷᠭᠡ ᠨᠢᠭᠡᠴᠢ ᠶᠢᠨ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠶᠢᠨ ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠥᠷᠨᠢᠭᠦᠯᠬᠦ ᠶᠢ ᠨᠢ ᠵᠢᠯᠤᠭᠤᠳᠴᠤ᠂ ᠵᠢᠯᠤᠭᠤᠳᠬᠤ ᠭᠠᠵᠠᠷ ᠲᠤ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠤᠨ ᠠᠬᠢᠴᠠ ᠶᠢ ᠴᠠᠭ ᠲᠤᠬᠠᠢ ᠳᠤ ᠨᠢ ᠮᠡᠳᠡᠭᠦᠯᠦᠨ᠎ᠡ᠃

     ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠄ ᠤᠯᠤᠰ ᠤᠨ ᠭᠠᠢ ᠭᠠᠮᠰᠢᠭ ᠤᠨ ᠳᠠᠷᠠᠭ᠎ᠠ ᠳᠠᠬᠢᠨ ᠪᠠᠶᠢᠭᠤᠯᠬᠤ ᠲᠥᠪ ᠤᠨ ᠲᠥᠰᠥᠪ ᠤᠨ ᠳᠣᠲᠣᠷᠠᠬᠢ ᠲᠤᠰᠬᠠᠢ ᠪᠡᠯᠡ ᠮᠥᠩᠭᠦᠨ ᠤ ᠲᠥᠷᠥᠯ ᠵᠦᠢᠯ ᠢ ᠴᠢᠷᠮᠠᠶᠢᠨ ᠣᠯᠵᠤ᠂ ᠪᠠᠴᠢᠮ ᠪᠠᠶᠢᠳᠠᠯ ᠢ ᠠᠷᠭᠠᠴᠠᠭᠠᠨ ᠬᠠᠩᠭᠠᠯᠭ᠎ᠠ ᠶᠢ ᠪᠠᠲᠤᠯᠠᠬᠤ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠲᠤ ᠦᠨ᠎ᠡ ᠬᠠᠩᠰᠢ ᠶᠢᠨ ᠬᠢᠨᠠᠨ ᠰᠢᠨᠵᠢᠯᠲᠡ ᠬᠢᠨ᠎ᠡ᠃

     ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠄ ᠠᠶᠤᠯ ᠭᠠᠮᠰᠢᠭ ᠠᠴᠠ ᠠᠪᠤᠷᠠᠬᠤ ᠳᠤ ᠬᠡᠷᠡᠭᠰᠡᠬᠦ ᠡᠮ ᠡᠮᠨᠡᠯᠭᠡ ᠪᠣᠯᠣᠨ ᠬᠠᠮᠠᠭᠠᠯᠠᠯᠲᠠ ᠶᠢᠨ ᠬᠡᠷᠡᠭᠰᠡᠯ ᠵᠡᠷᠭᠡ ᠡᠳ᠋ ᠪᠠᠷᠠᠭᠠᠨ ᠤ ᠦᠢᠯᠡᠳᠪᠦᠷᠢᠯᠡᠯ ᠢ ᠬᠠᠷᠢᠭᠤᠴᠠᠨ ᠵᠣᠬᠢᠴᠠᠭᠤᠯᠤᠨ᠎ᠠ᠃

     ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠄ ᠨᠡᠶᠢᠭᠡᠮ ᠤᠨ ᠠᠮᠤᠷ ᠲᠦᠪᠰᠢᠨ ᠤ ᠡᠮᠬᠢ ᠳᠢᠭᠯᠢᠮ ᠢ ᠬᠠᠷᠢᠭᠤᠴᠠᠨ ᠬᠠᠮᠠᠭᠠᠯᠠᠵᠤ᠂ ᠴᠤᠤᠷᠬᠠᠯ ᠲᠠᠯᠪᠢᠨ ᠣᠯᠠᠨ ᠢ ᠬᠠᠭᠤᠷᠬᠤ ᠪᠠ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠡᠳ᠋ ᠪᠠᠷᠠᠭ᠎ᠠ ᠶᠢ ᠬᠤᠯᠠᠭᠠᠶᠢᠯᠠᠬᠤ᠂ ᠳᠦᠷᠭᠢᠯᠳᠦᠨ ᠪᠤᠯᠢᠶᠠᠬᠤ ᠵᠢᠴᠢ ᠴᠢᠮᠡᠭᠡ ᠬᠤᠯᠪᠣᠭᠠᠨ ᠤ ᠪᠡᠯᠡᠳᠬᠡᠮᠵᠢ ᠶᠢ ᠡᠪᠳᠡᠬᠦ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠴᠢᠮᠡᠭᠡ ᠬᠤᠯᠪᠣᠭ᠎ᠠ ᠲᠠᠰᠤᠷᠠᠭᠰᠠᠨ ᠠᠴᠠ ᠪᠣᠯᠵᠤ ᠡᠭᠦᠰᠦᠭᠰᠡᠨ ᠪᠦᠯᠦᠭᠵᠢᠯ ᠤᠨ ᠴᠢᠨᠠᠷᠲᠠᠢ ᠠᠮᠤᠷ ᠢ ᠬᠠᠮᠠᠭᠠᠯᠠᠬᠤ ᠬᠡᠷᠡᠭ ᠢ ᠲᠣᠬᠢᠲᠠᠢ ᠰᠢᠢᠳᠪᠦᠷᠢᠯᠡᠨ᠎ᠡ︔ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯᠯᠠᠭᠠᠨ ᠳᠤ ᠵᠠᠮ ᠨᠡᠪᠲᠡᠷᠡᠯᠭᠡ ᠶᠢᠨ ᠪᠠᠲᠤᠯᠠᠭ᠎ᠠ ᠬᠠᠩᠭᠠᠨ᠎ᠠ᠃

     ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠄ ᠴᠢᠮᠡᠭᠡ ᠬᠤᠯᠪᠣᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠬᠢᠨ ᠤ ᠴᠢᠬᠤᠯᠠ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠭᠦᠷᠭᠡ ᠶᠢ ᠰᠢᠢᠳᠪᠦᠷᠢᠯᠡᠬᠦ ᠪᠠ ᠬᠡᠷᠡᠭᠵᠢᠭᠦᠯᠬᠦ ᠳᠤ ᠴᠢᠬᠤᠯᠠ ᠪᠦᠬᠦᠢ ᠵᠠᠷᠤᠳᠠᠯ ᠤᠨ ᠳᠡᠮᠵᠢᠯᠭᠡ ᠬᠠᠩᠭᠠᠬᠤ ᠶᠢ ᠬᠠᠷᠢᠭᠤᠴᠠᠨ᠎ᠠ᠃

     ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠄ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭ᠎ᠠ ᠶᠢᠨ ᠡᠳ᠋ ᠪᠠᠷᠠᠭᠠᠨ ᠤ ᠬᠠᠭᠤᠷᠠᠢ ᠵᠠᠮ᠂ ᠤᠰᠤᠨ ᠵᠠᠮ ᠳᠠᠬᠢ ᠪᠠᠴᠢᠮ ᠲᠡᠭᠡᠭᠡᠪᠦᠷᠢ ᠪᠣᠯᠣᠨ ᠤᠷᠢᠳ ᠢᠶᠠᠷ ᠨᠡᠪᠲᠡᠷᠡᠬᠦ ᠠᠵᠢᠯ ᠢ ᠬᠠᠷᠢᠭᠤᠴᠠᠨ ᠵᠣᠬᠢᠴᠠᠭᠤᠯᠤᠨ᠎ᠠ︔ ᠪᠠᠴᠢᠮ ᠪᠠᠶᠢᠳᠠᠯ ᠢ ᠠᠷᠭᠠᠴᠠᠭᠠᠬᠤ ᠲᠡᠭᠡᠭᠡᠪᠦᠷᠢ ᠶᠢᠨ ᠲᠡᠷᠭᠡ ᠬᠥᠰᠬᠡ ᠶᠢ ᠬᠠᠪᠰᠤᠷᠤᠨ ᠲᠣᠬᠢᠷᠠᠭᠤᠯᠵᠤ᠂ ᠠᠶᠤᠯ ᠠᠴᠠ ᠠᠪᠤᠷᠠᠨ ᠲᠤᠰᠠᠯᠠᠬᠤ ᠬᠥᠮᠥᠰ᠂ ᠡᠳ᠋ ᠪᠠᠷᠠᠭ᠎ᠠ ᠪᠣᠯᠣᠨ ᠬᠦᠴᠢᠷᠳᠡᠯ ᠳᠤ ᠲᠤᠯᠭᠠᠷᠠᠭᠰᠠᠨ ᠬᠥᠮᠥᠰ ᠢ ᠲᠠᠷᠬᠠᠭᠠᠨ ᠵᠠᠶᠢᠯᠠᠭᠤᠯᠬᠤ ᠠᠵᠢᠯ ᠢ ᠬᠠᠮᠵᠢᠯᠴᠠᠨ ᠰᠠᠶᠢᠲᠤᠷ ᠬᠢᠨ᠎ᠡ᠃

     ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ᠄ ᠦᠶᠡᠷ ᠤᠨ ᠪᠠᠶᠢᠳᠠᠯ᠂ ᠤᠰᠤᠨ ᠵᠦᠢ ᠶᠢᠨ ᠭᠠᠩ ᠬᠠᠭᠰᠠᠷᠠᠭᠠᠨ ᠤ ᠬᠢᠨᠠᠨ ᠰᠢᠨᠵᠢᠯᠲᠡ ᠶᠢ ᠬᠠᠷᠢᠭᠤᠴᠠᠬᠤ ᠶᠢᠨ ᠬᠠᠮᠲᠤ᠂ ᠵᠢᠯᠤᠭᠤᠳᠬᠤ ᠭᠠᠵᠠᠷ ᠵᠢᠴᠢ ᠪᠦᠷᠢᠯᠳᠦᠭᠦᠨ ᠨᠢᠭᠡᠴᠢ ᠳᠤ ᠤᠰᠤᠨ ᠠᠰᠢᠭᠯᠠᠯᠲᠠ ᠶᠢᠨ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠪᠠ ᠬᠠᠮᠢᠶ᠎ᠠ ᠪᠦᠬᠦᠢ ᠬᠢᠨᠠᠨ ᠰᠢᠨᠵᠢᠯᠲᠡ ᠬᠢᠭᠰᠡᠨ ᠮᠡᠳᠡᠭᠡ ᠵᠠᠩᠭᠢ ᠶᠢ ᠬᠠᠩᠭᠠᠨ᠎ᠠ᠃

     ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠲᠢᠩᠬᠢᠮ᠄ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡ ᠶᠢ ᠬᠠᠪᠰᠤᠷᠤᠨ ᠲᠣᠬᠢᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠳᠤ ᠣᠷᠣᠯᠴᠠᠭᠤᠯᠤᠨ᠎ᠠ᠃

     ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠄ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠠᠬᠢᠯᠭᠠᠨ ᠬᠦᠴᠦᠨ᠂ ᠡᠨᠧᠷᠭᠢ ᠶᠢᠨ ᠠᠵᠤ ᠠᠬᠤᠶᠢᠯᠠᠯ ᠤᠳ ᠢ ᠵᠣᠬᠢᠴᠠᠭᠤᠯᠵᠤ ᠪᠠᠶᠢᠭᠠᠳ ᠴᠢᠮᠡᠭᠡ ᠬᠤᠯᠪᠣᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠳᠤ ᠴᠢᠬᠤᠯᠠ ᠪᠦᠬᠦᠢ ᠴᠠᠬᠢᠯᠭᠠᠨ ᠬᠦᠴᠦᠨ᠂ ᠲᠣᠰᠣᠯᠢᠭ ᠵᠦᠢᠯ ᠤᠨ ᠬᠠᠩᠭᠠᠯᠭ᠎ᠠ ᠶᠢ ᠡᠩ ᠲᠡᠷᠢᠭᠦᠨ ᠳᠤ ᠬᠠᠩᠭᠠᠨ᠎ᠠ᠃

     ᠥᠪᠥᠷ ᠮᠣᠩᠭᠤᠯ ᠤᠨ ᠭᠠᠵᠠᠷ ᠬᠥᠳᠡᠯᠦᠯᠲᠡ ᠶᠢᠨ ᠲᠣᠪᠴᠢᠶ᠎ᠠ᠄ ᠵᠢᠯᠤᠭᠤᠳᠬᠤ ᠭᠠᠵᠠᠷ ᠵᠢᠴᠢ ᠪᠦᠷᠢᠯᠳᠦᠭᠦᠨ ᠨᠢᠭᠡᠴᠢ ᠳᠤ ᠴᠢᠮᠡᠭᠡ ᠬᠤᠯᠪᠣᠭ᠎ᠠ ᠶᠢ ᠲᠠᠰᠤᠯᠳᠠᠭᠤᠯᠵᠤ ᠮᠡᠳᠡᠬᠦ ᠬᠦᠨᠳᠦ ᠨᠣᠴᠢᠲᠠᠢ ᠭᠠᠵᠠᠷ ᠬᠥᠳᠡᠯᠦᠯᠲᠡ ᠶᠢ ᠬᠢᠨᠠᠨ ᠰᠢᠨᠵᠢᠭᠰᠡᠨ ᠮᠡᠳᠡᠭᠡ ᠵᠠᠩᠭᠢ ᠵᠢᠴᠢ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠬᠤᠭᠤᠴᠠᠭᠠᠨ ᠳᠠᠬᠢ ᠭᠠᠵᠠᠷ ᠬᠥᠳᠡᠯᠦᠯᠲᠡ ᠶᠢᠨ ᠪᠠᠶᠢᠳᠠᠯ᠂ ᠬᠠᠨᠳᠤᠰᠢ ᠶᠢᠨ ᠮᠠᠭᠠᠳᠯᠠᠯᠲᠠ ᠵᠡᠷᠭᠡ ᠮᠡᠳᠡᠭᠡ ᠵᠠᠩᠭᠢ ᠶᠢ ᠬᠠᠩᠭᠠᠬᠤ ᠠᠵᠢᠯ ᠢ ᠬᠠᠷᠢᠭᠤᠴᠠᠨ᠎ᠠ᠃

     ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ᠄ ᠴᠠᠭ ᠠᠭᠤᠷ ᠤᠨ ᠬᠢᠨᠠᠨ ᠠᠵᠢᠭᠯᠠᠯᠲᠠ ᠪᠠ ᠤᠷᠢᠳᠴᠢᠯᠠᠨ ᠰᠢᠨᠵᠢᠨ ᠮᠡᠳᠡᠭᠡᠯᠡᠬᠦ ᠶᠢ ᠬᠠᠷᠢᠭᠤᠴᠠᠬᠤ ᠶᠢᠨ ᠬᠠᠮᠲᠤ ᠵᠢᠯᠤᠭᠤᠳᠬᠤ ᠭᠠᠵᠠᠷ ᠵᠢᠴᠢ ᠪᠦᠷᠢᠯᠳᠦᠭᠦᠨ ᠨᠢᠭᠡᠴᠢ ᠳᠤ ᠬᠠᠮᠢᠶ᠎ᠠ ᠪᠦᠬᠦᠢ ᠬᠢᠨᠠᠨ ᠰᠢᠨᠵᠢᠭᠰᠡᠨ ᠮᠡᠳᠡᠭᠡ ᠵᠠᠩᠭᠢ ᠶᠢ ᠬᠠᠩᠭᠠᠨ᠎ᠠ᠃

     ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠲᠣᠪᠴᠢᠶ᠎ᠠ ᠶᠢᠨ ᠪᠦᠯᠦᠭᠯᠡᠯᠳᠦ ᠬᠢᠵᠠᠭᠠᠷᠲᠤ ᠺᠣᠮᠫᠠᠨᠢ᠄ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠡᠳ᠋ ᠪᠠᠷᠠᠭᠠᠨ ᠤ ᠲᠠᠯ᠎ᠠ ᠪᠠᠷ ᠲᠡᠮᠦᠷ ᠵᠠᠮ ᠤᠨ ᠲᠡᠭᠡᠭᠡᠪᠦᠷᠢ ᠶᠢᠨ ᠳᠡᠮᠵᠢᠯᠭᠡ ᠵᠢᠴᠢ ᠲᠡᠭᠡᠭᠡᠪᠦᠷᠢ ᠨᠡᠪᠲᠡᠷᠡᠬᠦ ᠪᠠᠲᠤᠯᠠᠭ᠎ᠠ ᠬᠠᠩᠭᠠᠬᠤ ᠶᠢ ᠬᠠᠷᠢᠭᠤᠴᠠᠨ᠎ᠠ᠃

     ᠠᠷᠠᠳ ᠤᠨ ᠠᠭᠠᠷ ᠤᠨ ᠲᠡᠭᠡᠭᠡᠪᠦᠷᠢ ᠶᠢᠨ ᠥᠪᠥᠷ ᠮᠣᠩᠭᠤᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠠᠷᠠᠳ ᠤᠨ ᠬᠡᠷᠡᠭᠯᠡᠭᠡᠨ ᠤ ᠠᠭᠠᠷ ᠤᠨ ᠠᠶᠠᠯᠠᠯ ᠤᠨ ᠨᠢᠰᠦᠭᠦᠷ ᠢ ᠵᠣᠬᠢᠴᠠᠭᠤᠯᠤᠨ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠡᠳ᠋ ᠪᠣᠳᠠᠰ ᠢ ᠪᠠᠴᠢᠮ ᠵᠥᠭᠡᠭᠡᠪᠦᠷᠢᠯᠡᠨ ᠬᠦᠷᠭᠡᠬᠦ ᠶᠢ ᠬᠠᠷᠢᠭᠤᠴᠠᠨ᠎ᠠ᠃

     ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠳᠠᠶᠢᠨ ᠤ ᠪᠡᠯᠡᠳᠬᠡᠯ ᠤᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠄ ᠬᠠᠷᠢᠶ᠎ᠠ ᠪᠦᠬᠦᠢ ᠡᠷᠥᠭᠡ ᠶᠢᠨ ᠴᠡᠷᠢᠭ ᠤᠨ ᠬᠦᠴᠦᠨ ᠢ ᠵᠣᠬᠢᠶᠠᠨ ᠪᠠᠶᠢᠭᠤᠯᠬᠤ ᠶᠢ ᠬᠠᠷᠢᠭᠤᠴᠠᠵᠤ᠂ ᠴᠢᠬᠤᠯᠠ ᠲᠠᠢ ᠦᠶ᠎ᠡ ᠳᠤ ᠣᠷᠣᠨ ᠳᠤ ᠰᠠᠭᠤᠭ᠎ᠠ ᠡᠯ᠎ᠡ ᠱᠠᠲᠤᠨ ᠤ ᠴᠡᠷᠢᠭ ᠠᠩᠭᠢ ᠶᠢ ᠵᠣᠬᠢᠴᠠᠭᠤᠯᠤᠨ ᠴᠢᠮᠡᠭᠡ ᠬᠤᠯᠪᠣᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯᠯᠠᠭᠠᠨ ᠳᠤ ᠣᠷᠣᠯᠴᠠᠭᠤᠯᠤᠨ᠎ᠠ᠃

     ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠂ ᠥᠪᠥᠷ ᠮᠣᠩᠭᠤᠯ ᠤᠨ ᠬᠢᠯᠢ ᠪᠠᠷ ᠭᠠᠷᠴᠤ ᠣᠷᠣᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠶᠡᠷᠦᠩᠬᠡᠢ ᠥᠷᠲᠡᠭᠡ᠂ ᠥᠪᠥᠷ ᠮᠣᠩᠭᠤᠯ ᠤᠨ ᠭᠠᠯ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠶᠡᠷᠦᠩᠬᠡᠢ ᠠᠩᠭᠢ᠂ ᠥᠪᠥᠷ ᠮᠣᠩᠭᠤᠯ ᠤᠨ ᠣᠶ ᠰᠢᠭᠤᠢ ᠶᠢᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠶᠡᠷᠦᠩᠬᠡᠢ ᠠᠩᠭᠢ᠄ ᠬᠦᠴᠦᠨ ᠢᠶᠠᠨ ᠵᠣᠬᠢᠶᠠᠨ ᠪᠠᠶᠢᠭᠤᠯᠵᠤ ᠴᠢᠮᠡᠭᠡ ᠬᠤᠯᠪᠣᠭᠠᠨ ᠤ ᠵᠠᠪᠳᠤᠨ ᠵᠠᠰᠠᠬᠤ ᠳᠤ ᠬᠠᠮᠵᠢᠨ ᠣᠷᠣᠯᠴᠠᠬᠤ ᠶᠢ ᠬᠠᠷᠢᠭᠤᠴᠠᠨ᠎ᠠ︔ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠠᠮᠵᠢᠯᠴᠠᠨ ᠲᠤᠬᠠᠢ ᠶᠢᠨ ᠭᠠᠵᠠᠷ ᠤᠨ ᠡᠮᠬᠢ ᠳᠢᠭᠯᠢᠮ ᠢ ᠬᠠᠮᠠᠭᠠᠯᠠᠵᠤ᠂ ᠴᠢᠬᠤᠯᠠ ᠬᠠᠷᠠᠯᠲᠠ ᠶᠢ ᠬᠠᠮᠠᠭᠠᠯᠠᠨ᠎ᠠ᠃

     ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ᠄ ᠲᠣᠰ ᠠᠵᠤ ᠠᠬᠤᠶᠢᠯᠠᠯ ᠤᠨ ᠢᠶᠠᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠴᠢᠮᠡᠭᠡ ᠬᠤᠯᠪᠣᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠵᠢᠯᠤᠭᠤᠳᠬᠤ ᠭᠠᠵᠠᠷ ᠪᠣᠯᠣᠨ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠲᠤ ᠲᠣᠰ ᠠᠵᠤ ᠠᠬᠤᠶᠢᠯᠠᠯ ᠤᠨ ᠢᠶᠠᠨ ᠴᠢᠮᠡᠭᠡ ᠬᠤᠯᠪᠣᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠤᠨ ᠠᠬᠢᠴᠠ ᠶᠢᠨ ᠪᠠᠶᠢᠳᠠᠯ ᠢᠶᠠᠨ ᠴᠠᠭ ᠲᠤᠬᠠᠢ ᠳᠤ ᠨᠢ ᠮᠡᠳᠡᠭᠦᠯᠦᠨ᠎ᠡ︔ ᠪᠠᠴᠢᠮ ᠪᠠᠶᠢᠳᠠᠯ ᠢ ᠠᠷᠭᠠᠴᠠᠭᠠᠬᠤ ᠬᠡᠷᠡᠭᠴᠡᠭᠡ ᠶᠢ ᠦᠨᠳᠦᠰᠦᠯᠡᠨ᠂ ᠪᠤᠰᠤᠳ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠤᠨ ᠳᠤᠷᠠᠳᠤᠭᠰᠠᠨ ᠬᠡᠷᠡᠭᠴᠡᠭᠡ ᠱᠠᠭᠠᠷᠳᠠᠯᠭ᠎ᠠ ᠳᠤ ᠴᠠᠭ ᠲᠤᠬᠠᠢ ᠳᠤ ᠨᠢ ᠳᠡᠮᠵᠢᠯᠭᠡ ᠦᠵᠡᠭᠦᠯᠦᠨ᠎ᠡ︔ ᠲᠤᠰ ᠠᠵᠤ ᠠᠬᠤᠶᠢᠯᠠᠯ ᠤᠨ ᠢᠶᠠᠨ ᠴᠢᠮᠡᠭᠡ ᠬᠤᠯᠪᠣᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠪᠡᠯᠡᠳᠬᠡᠯ ᠲᠥᠰᠥᠯ ᠤᠨ ᠲᠣᠭᠲᠠᠯᠴᠠᠭ᠎ᠠ ᠶᠢ ᠪᠠᠶᠢᠭᠤᠯᠵᠤ᠂ ᠵᠢᠯᠤᠭᠤᠳᠬᠤ ᠭᠠᠵᠠᠷ ᠪᠣᠯᠣᠨ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠤᠨ ᠬᠤᠯᠪᠣᠭᠳᠠᠯ ᠪᠦᠬᠦᠢ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠎ᠠ᠃

     2.4 ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠪᠦᠷᠢᠯᠳᠦᠯ ᠬᠢᠭᠡᠳ ᠡᠭᠦᠷᠭᠡ ᠬᠠᠷᠢᠭᠤᠴᠠᠯᠭ᠎ᠠ

     ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠤᠨ ᠳᠣᠣᠷ᠎ᠠ ᠲᠠᠯ᠎ᠠ ᠳᠤ ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠲᠤᠰᠬᠠᠢ ᠮᠡᠷᠭᠡᠵᠢᠯᠲᠡᠨ ᠤ ᠳᠤᠭᠤᠶᠢᠯᠠᠩ ︵ᠳᠣᠷᠣᠭᠰᠢ ᠲᠤᠰᠬᠠᠢ ᠮᠡᠷᠭᠡᠵᠢᠯᠲᠡᠨ ᠤ ᠳᠤᠭᠤᠶᠢᠯᠠᠩ ᠭᠡᠵᠦ ᠲᠣᠪᠴᠢᠯᠠᠨ᠎ᠠ︶ ᠪᠠᠶᠢᠭᠤᠯᠤᠨ᠎ᠠ᠃ ᠲᠤᠰᠬᠠᠢ ᠮᠡᠷᠭᠡᠵᠢᠯᠲᠡᠨ ᠤ ᠳᠤᠭᠤᠶᠢᠯᠠᠩ ᠨᠢ ᠴᠢᠮᠡᠭᠡ ᠬᠤᠯᠪᠣᠭ᠎ᠠ ᠪᠠ ᠲᠣᠣᠷ ᠰᠦᠯᠵᠢᠶᠡᠨ ᠤ ᠠᠵᠢᠯᠯᠠᠭᠠᠨ ᠤ ᠠᠮᠤᠷ ᠲᠦᠪᠰᠢᠨ ᠤ ᠮᠡᠷᠭᠡᠵᠢᠯ ᠵᠢᠴᠢ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠤᠷᠰᠢᠯᠭ᠎ᠠ ᠲᠠᠢ ᠬᠥᠮᠥᠰ ᠢᠶᠠᠷ ᠪᠦᠷᠢᠯᠳᠦᠵᠦ᠂ ᠭᠤᠣᠯ ᠡᠭᠦᠷᠭᠡ ᠬᠠᠷᠢᠭᠤᠴᠠᠯᠭ᠎ᠠ ᠨᠢ ᠪᠣᠯ᠄ ᠴᠢᠮᠡᠭᠡ ᠬᠤᠯᠪᠣᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠤᠨ ᠰᠢᠢᠳᠪᠦᠷᠢᠲᠦ ᠪᠣᠳᠣᠯᠭ᠎ᠠ ᠶᠢᠨ ᠯᠠᠪᠯᠠᠭ᠎ᠠ ᠶᠢᠨ ᠡᠭᠦᠷᠭᠡ ᠶᠢ ᠳᠠᠭᠠᠭᠠᠨ ᠡᠭᠦᠷᠭᠡᠯᠡᠬᠦ᠂ ᠴᠢᠮᠡᠭᠡ ᠬᠤᠯᠪᠣᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠳᠤᠷᠠᠳᠬᠤ᠂ ᠵᠢᠯᠤᠭᠤᠳᠬᠤ ᠭᠠᠵᠠᠷ ᠪᠠ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠤᠨ ᠨᠠᠶᠢᠳᠠᠯᠭ᠎ᠠ ᠪᠠᠷ ᠬᠤᠯᠪᠣᠭᠳᠠᠯ ᠪᠦᠬᠦᠢ ᠰᠢᠢᠳᠪᠦᠷᠢᠯᠡᠬᠦ ᠲᠥᠰᠥᠯ ᠳᠤ ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠬᠦ ᠵᠡᠷᠭᠡ ᠪᠣᠯᠣᠨ᠎ᠠ᠃

     3 ᠤᠷᠢᠳᠴᠢᠯᠠᠨ ᠰᠡᠷᠭᠡᠶᠢᠯᠡᠬᠦ ᠬᠢᠭᠡᠳ ᠰᠡᠷᠡᠮᠵᠢᠯᠡᠭᠦᠯᠬᠦ

     3.1 ᠤᠷᠢᠳᠴᠢᠯᠠᠨ ᠰᠡᠷᠭᠡᠶᠢᠯᠡᠬᠦ ᠲᠣᠭᠲᠠᠴᠠ

     ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠨᠢ ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠲᠥᠯᠦᠪᠵᠢᠭᠦᠯᠭᠡ ᠪᠠ ᠪᠦᠲᠦᠭᠡᠨ ᠪᠠᠶᠢᠭᠤᠯᠤᠯᠲᠠ ᠶᠢᠨ ᠳᠤᠮᠳᠠ᠂ ᠲᠣᠣᠷ ᠰᠦᠯᠵᠢᠶᠡᠨ ᠤ ᠠᠵᠢᠯᠯᠠᠭᠠᠨ ᠤ ᠠᠮᠤᠷ ᠲᠦᠪᠰᠢᠨ ᠤ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠣᠷ ᠰᠦᠯᠵᠢᠶᠡᠨ ᠤ ᠠᠵᠢᠯᠯᠠᠭᠠᠨ ᠤ ᠠᠮᠤᠷ ᠲᠦᠪᠰᠢᠨ ᠤ ᠰᠡᠷᠭᠡᠶᠢᠯᠡᠯᠲᠡ᠂ ᠬᠢᠨᠠᠨ ᠰᠢᠨᠵᠢᠵᠦ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠲᠣᠭᠲᠠᠯᠴᠠᠭ᠎ᠠ ᠶᠢ ᠪᠦᠷᠢᠨᠰᠢᠭᠦᠯᠵᠦ᠂ ᠲᠣᠣᠷ ᠰᠦᠯᠵᠢᠶᠡᠨ ᠤ ᠡᠪᠳᠡᠯᠡᠭᠡ ᠶᠢ ᠡᠰᠡᠷᠭᠦᠴᠡᠬᠦ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ︔ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠡᠯ᠎ᠡ ᠱᠠᠲᠤᠨ ᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠳᠤ ᠴᠠᠭ ᠲᠤᠬᠠᠢ ᠳᠤ ᠨᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠰᠣᠷᠢᠯᠲᠠ ᠬᠢᠵᠦ᠂ ᠤᠬᠠᠭᠤᠯᠭ᠎ᠠ ᠬᠥᠮᠦᠵᠢᠯ ᠤᠨ ᠪᠣᠯᠪᠠᠰᠤᠷᠠᠯ ᠢ ᠴᠢᠩᠭᠠᠳᠬᠠᠨ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ᠃

     3.2 ᠰᠡᠷᠡᠮᠵᠢᠯᠡᠭᠦᠯᠬᠦ ᠳᠡᠰ ᠬᠤᠪᠢᠶᠠᠬᠤ

     ᠨᠥᠯᠥᠭᠡᠯᠡᠵᠦ ᠮᠡᠳᠡᠬᠦ ᠬᠡᠪᠴᠢᠶ᠎ᠡ ᠶᠢ ᠨᠢ ᠦᠨᠳᠦᠰᠦᠯᠡᠨ᠂ ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠰᠡᠷᠡᠮᠵᠢᠯᠡᠭᠦᠯᠦᠯ ᠢ ᠳᠦᠷᠪᠡᠨ ᠳᠡᠰ ᠬᠤᠪᠢᠶᠠᠵᠤ᠂ ᠳᠡᠰ ᠳᠠᠷᠠᠭ᠎ᠠ ᠪᠠᠷ ᠨᠢ Ⅰ ᠳᠡᠰ ︵ᠣᠨᠴᠠᠭᠠᠶ ᠬᠦᠨᠳᠦ ᠨᠣᠴᠢᠲᠠᠢ︶᠂ Ⅱ ᠳᠡᠰ ︵ᠬᠦᠨᠳᠦ ᠨᠣᠴᠢᠲᠠᠢ︶᠂ Ⅲ ᠳᠡᠰ ︵ᠨᠡᠯᠢᠶᠡᠳ ᠬᠦᠨᠳᠦ ᠨᠣᠴᠢᠲᠠᠢ︶ ᠪᠠ Ⅳ ᠳᠡᠰ ︵ᠡᠩ ᠤᠨ︶ ᠭᠡᠬᠦ ᠳᠦᠷᠪᠡᠨ ᠳᠡᠰ ᠬᠤᠪᠢᠶᠠᠪᠠ᠃

     Ⅰ ᠳᠡᠰ ᠤᠨ ᠰᠡᠷᠡᠮᠵᠢᠯᠡᠭᠦᠯᠦᠯ᠄ ᠴᠠᠬᠢᠯᠭᠠᠨ ᠬᠤᠯᠪᠣᠭᠠᠨ ᠤ ᠲᠣᠣᠷ ᠰᠦᠯᠵᠢᠶ᠎ᠡ ᠳᠤ ᠰᠠᠭᠠᠳ ᠭᠠᠷᠬᠤ ᠪᠤᠶᠤ ᠪᠤᠰᠤᠳ ᠬᠡᠷᠡᠭ ᠶᠠᠪᠤᠳᠠᠯ ᠤᠨ ᠰᠢᠨᠵᠢ ᠲᠡᠮᠳᠡᠭ ᠢᠯᠡᠷᠡᠵᠦ᠂ ᠰᠤᠳᠤᠯᠤᠨ ᠮᠠᠭᠠᠳᠯᠠᠬᠤ ᠪᠠᠷ ᠳᠠᠮᠵᠢᠭᠠᠳ 2 ᠵᠢᠴᠢ ᠲᠡᠭᠦᠨ ᠠᠴᠠ ᠳᠡᠭᠡᠭᠰᠢᠬᠢ ᠮᠤᠵᠢ ︵ᠣᠷᠣᠨ᠂ ᠬᠤᠲᠠ︶ ᠶᠢᠨ ᠴᠢᠮᠡᠭᠡ ᠬᠤᠯᠪᠣᠭ᠎ᠠ ᠶᠢ ᠶᠡᠭᠡ ᠬᠡᠪᠴᠢᠶ᠎ᠡ ᠪᠠᠷ ᠲᠠᠰᠤᠯᠳᠠᠭᠤᠯᠬᠤ ᠪᠠᠶᠢᠳᠠᠯ ᠢ ᠡᠭᠦᠰᠬᠡᠵᠦ ᠮᠡᠳᠡᠬᠦ᠃

     Ⅱ ᠲᠠᠰ ᠤᠨ ᠰᠡᠷᠡᠮᠵᠢᠯᠡᠭᠦᠯᠦᠯ᠄ ᠴᠠᠬᠢᠯᠭᠠᠨ ᠬᠤᠯᠪᠣᠭᠠᠨ ᠤ ᠲᠣᠣᠷ ᠰᠦᠯᠵᠢᠶ᠎ᠡ ᠳᠤ ᠰᠠᠭᠠᠳ ᠭᠠᠷᠬᠤ ᠪᠤᠶᠤ ᠪᠤᠰᠤᠳ ᠬᠡᠷᠡᠭ ᠶᠠᠪᠤᠳᠠᠯ ᠤᠨ ᠰᠢᠨᠵᠢ ᠲᠡᠮᠳᠡᠭ ᠢᠯᠡᠷᠡᠵᠦ᠂ ᠰᠤᠳᠤᠯᠤᠨ ᠮᠠᠭᠠᠳᠯᠠᠬᠤ ᠪᠠᠷ ᠳᠠᠮᠵᠢᠭᠠᠳ 1 ᠮᠤᠵᠢ ︵ᠣᠷᠣᠨ᠂ ᠬᠤᠲᠠ︶ ᠶᠢᠨ ᠳᠣᠲᠣᠷᠠᠬᠢ 2 ᠵᠢᠴᠢ ᠲᠡᠭᠦᠨ ᠠᠴᠠ ᠳᠡᠭᠡᠭᠰᠢᠬᠢ ᠠᠶᠢᠮᠠᠭ ᠬᠤᠲᠠ ᠶᠢᠨ ᠴᠢᠮᠡᠭᠡ ᠬᠤᠯᠪᠣᠭ᠎ᠠ ᠶᠢ ᠶᠡᠭᠡ ᠬᠡᠪᠴᠢᠶ᠎ᠡ ᠪᠠᠷ ᠲᠠᠰᠤᠯᠳᠠᠭᠤᠯᠬᠤ ᠪᠠᠶᠢᠳᠠᠯ ᠢ ᠡᠭᠦᠰᠬᠡᠵᠦ ᠮᠡᠳᠡᠬᠦ᠃

     Ⅲ ᠲᠠᠰ ᠤᠨ ᠰᠡᠷᠡᠮᠵᠢᠯᠡᠭᠦᠯᠦᠯ᠄ ᠴᠠᠬᠢᠯᠭᠠᠨ ᠬᠤᠯᠪᠣᠭᠠᠨ ᠤ ᠲᠣᠣᠷ ᠰᠦᠯᠵᠢᠶ᠎ᠡ ᠳᠤ ᠰᠠᠭᠠᠳ ᠭᠠᠷᠬᠤ ᠪᠤᠶᠤ ᠪᠤᠰᠤᠳ ᠬᠡᠷᠡᠭ ᠶᠠᠪᠤᠳᠠᠯ ᠤᠨ ᠰᠢᠨᠵᠢ ᠲᠡᠮᠳᠡᠭ ᠢᠯᠡᠷᠡᠵᠦ᠂ ᠰᠤᠳᠤᠯᠤᠨ ᠮᠠᠭᠠᠳᠯᠠᠬᠤ ᠪᠠᠷ ᠳᠠᠮᠵᠢᠭᠠᠳ 1 ᠠᠶᠢᠮᠠᠭ ᠬᠤᠲᠠ ᠶᠢᠨ ᠳᠣᠲᠣᠷᠠᠬᠢ 2 ᠵᠢᠴᠢ ᠲᠡᠭᠦᠨ ᠠᠴᠠ ᠳᠡᠭᠡᠭᠰᠢᠬᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠴᠢᠮᠡᠭᠡ ᠬᠤᠯᠪᠣᠭ᠎ᠠ ᠶᠢ ᠶᠡᠭᠡ ᠬᠡᠪᠴᠢᠶ᠎ᠡ ᠪᠠᠷ ᠲᠠᠰᠤᠯᠳᠠᠭᠤᠯᠬᠤ ᠪᠠᠶᠢᠳᠠᠯ ᠢ ᠡᠭᠦᠰᠬᠡᠵᠦ ᠮᠡᠳᠡᠬᠦ᠃

     Ⅳ ᠲᠠᠰ ᠤᠨ ᠰᠡᠷᠡᠮᠵᠢᠯᠡᠭᠦᠯᠦᠯ᠄ ᠴᠠᠬᠢᠯᠭᠠᠨ ᠬᠤᠯᠪᠣᠭᠠᠨ ᠤ ᠲᠣᠣᠷ ᠰᠦᠯᠵᠢᠶ᠎ᠡ ᠳᠤ ᠰᠠᠭᠠᠳ ᠭᠠᠷᠬᠤ ᠪᠤᠶᠤ ᠪᠤᠰᠤᠳ ᠬᠡᠷᠡᠭ ᠶᠠᠪᠤᠳᠠᠯ ᠤᠨ ᠰᠢᠨᠵᠢ ᠲᠡᠮᠳᠡᠭ ᠢᠯᠡᠷᠡᠵᠦ᠂ ᠰᠤᠳᠤᠯᠤᠨ ᠮᠠᠭᠠᠳᠯᠠᠬᠤ ᠪᠠᠷ ᠳᠡᠮᠵᠢᠨ 1 ᠬᠤᠰᠢᠭᠤ ᠰᠢᠶᠠᠨ ︵ᠬᠤᠲᠠ᠂ ᠲᠣᠭᠤᠷᠢᠭ︶ ᠤ ᠴᠢᠮᠡᠭᠡ ᠬᠤᠯᠪᠣᠭ᠎ᠠ ᠶᠢ ᠲᠠᠰᠤᠯᠳᠠᠭᠤᠯᠬᠤ ᠪᠠᠶᠢᠳᠠᠯ ᠢ ᠡᠭᠦᠰᠬᠡᠵᠦ ᠮᠡᠳᠡᠬᠦ᠃

     ᠣᠨᠴᠠᠭᠠᠢ ᠪᠠᠶᠢᠳᠠᠯ ᠭᠠᠷᠪᠠᠯ᠂ ᠪᠣᠳᠠᠲᠠᠢ ᠲᠠᠢ ᠪᠠᠨ ᠤᠶᠠᠯᠳᠤᠭᠤᠯᠤᠨ᠂ ᠰᠡᠷᠡᠮᠵᠢᠯᠡᠭᠦᠯᠬᠦ ᠶᠢ ᠳᠠᠭᠠᠬᠤ ᠲᠠᠰ ᠲᠤ ᠵᠣᠬᠢᠰᠲᠠᠢ ᠲᠣᠬᠢᠷᠠᠭᠤᠯᠤᠯᠲᠠ ᠬᠢᠵᠦ ᠪᠣᠯᠣᠨ᠎ᠠ᠃

     3.3 ᠰᠡᠷᠡᠮᠵᠢᠯᠡᠭᠦᠯᠬᠦ ᠬᠢᠨᠠᠨ ᠰᠢᠨᠵᠢᠯᠲᠡ

     ᠥᠪᠥᠷ ᠮᠣᠩᠭᠤᠯ ᠤᠨ ᠴᠢᠮᠡᠭᠡ ᠬᠤᠯᠪᠣᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠴᠠᠭ ᠠᠭᠤᠷ᠂ ᠤᠰᠤᠨ ᠠᠰᠢᠭᠯᠠᠯᠲᠠ᠂ ᠭᠠᠵᠠᠷ ᠬᠥᠳᠡᠯᠦᠯᠲᠡ ᠵᠡᠷᠭᠡ ᠬᠤᠯᠪᠣᠭᠳᠠᠯ ᠪᠦᠬᠦᠢ ᠪᠦᠷᠢᠯᠳᠦᠭᠦᠨ ᠨᠢᠭᠡᠴᠢ ᠯᠦᠭᠡ ᠨᠢᠭᠲᠠ ᠬᠠᠮᠵᠢᠯᠴᠠᠨ᠂ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠪᠠᠨ ᠴᠢᠩᠭᠠᠳᠬᠠᠵᠤ᠂ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ᠂ ᠲᠦᠭᠰᠢᠭᠦᠷᠢᠲᠦ ᠪᠠᠶᠢᠳᠠᠯ ᠵᠡᠷᠭᠡ ᠡᠯ᠎ᠡ ᠲᠥᠷᠥᠯ ᠤᠨ ᠪᠠᠶᠢᠭᠠᠯᠢ ᠶᠢᠨ ᠭᠠᠢ ᠭᠠᠮᠰᠢᠭ ᠢ ᠬᠢᠨᠠᠨ ᠰᠢᠨᠵᠢᠵᠦ ᠰᠡᠷᠡᠮᠵᠢᠯᠡᠭᠦᠯᠦᠭᠰᠡᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠣᠶᠢᠯᠠᠭᠠᠨ ᠮᠡᠳᠡᠵᠦ᠂ ᠬᠤᠯᠪᠣᠭᠳᠠᠯ ᠪᠦᠬᠦᠢ ᠮᠡᠳᠡᠭᠡ ᠵᠠᠩᠭᠢ ᠶᠢ ᠡᠮᠬᠢᠳᠬᠡᠨ ᠬᠤᠷᠢᠶᠠᠩᠭᠤᠶᠢᠯᠠᠬᠤ ᠶᠢᠨ ᠬᠠᠮᠲᠤ ᠵᠢᠯᠤᠭᠤᠳᠬᠤ ᠭᠠᠵᠠᠷ ᠲᠤ ᠨᠡᠪᠲᠡᠷᠡᠭᠦᠯᠦᠨ ᠮᠡᠳᠡᠭᠡᠯᠡᠨ᠎ᠡ᠃ ᠴᠢᠬᠤᠯᠠ ᠲᠠᠢ ᠦᠶ᠎ᠡ ᠳᠤ ᠵᠢᠯᠤᠭᠤᠳᠬᠤ ᠭᠠᠵᠠᠷ ᠠᠴᠠ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠵᠥᠪᠳᠡᠯᠴᠡᠵᠦ ᠪᠠᠶᠢᠭᠠᠳ ᠰᠤᠳᠤᠯᠤᠨ ᠮᠠᠭᠠᠳᠯᠠᠬᠤ ᠪᠠ ᠲᠦᠭᠰᠢᠭᠦᠷᠢ ᠶᠢᠨ ᠦᠨᠡᠯᠡᠨ ᠵᠢᠱᠢᠯᠲᠡ ᠬᠢᠨ᠎ᠡ᠃

     ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠭᠤᠯᠭ᠎ᠠ ᠳᠤ᠄ ᠬᠢᠨᠠᠨ ᠰᠢᠨᠵᠢᠭᠰᠡᠨ ᠮᠡᠳᠡᠭᠡ ᠵᠠᠩᠭᠢ ᠶᠢᠨ ᠦᠨᠳᠦᠰᠦᠨ ᠪᠠᠶᠢᠳᠠᠯ ᠤᠨ ᠳᠦᠷᠰᠦᠯᠡᠯ᠂ ᠤᠴᠠᠷᠠᠭᠤᠯᠵᠤ ᠮᠡᠳᠡᠬᠦ ᠬᠤᠣᠷ ᠬᠥᠨᠥᠭᠡᠯ ᠵᠢᠴᠢ ᠬᠡᠮᠵᠢᠶ᠎ᠡ᠂ ᠨᠥᠯᠥᠭᠡᠯᠡᠵᠦ ᠮᠡᠳᠡᠬᠦ ᠬᠡᠷᠡᠭᠯᠡᠭᠴᠢᠳ ᠵᠢᠴᠢ ᠬᠦᠷᠢᠶ᠎ᠡ ᠬᠡᠪᠴᠢᠶ᠎ᠡ᠂ ᠰᠠᠨᠠᠭᠤᠯᠭ᠎ᠠ ᠪᠠ ᠠᠷᠭᠠᠴᠠᠭᠠᠬᠤ ᠠᠷᠭ᠎ᠠ ᠬᠡᠮᠵᠢᠶ᠎ᠡ ᠵᠡᠷᠭᠡ ᠪᠠᠭᠲᠠᠨ᠎ᠠ᠃

     3.4 ᠰᠡᠷᠡᠮᠵᠢᠯᠡᠭᠦᠯᠬᠦ ᠨᠡᠪᠲᠡᠷᠡᠭᠦᠯᠭᠡ

     ᠴᠢᠮᠡᠭᠡ ᠬᠤᠯᠪᠣᠭᠠᠨ ᠤ ᠰᠡᠷᠡᠮᠵᠢᠯᠡᠭᠦᠯᠦᠯ ᠢ ᠵᠢᠯᠤᠭᠤᠳᠬᠤ ᠭᠠᠵᠠᠷ ᠠᠴᠠ ᠨᠤᠲᠠᠯᠠᠬᠤ ᠶᠢᠨ ᠬᠠᠮᠲᠤ ᠨᠡᠪᠲᠡᠷᠡᠭᠦᠯᠦᠨ ᠮᠡᠳᠡᠭᠡᠯᠡᠨ᠎ᠡ᠃ ᠰᠡᠷᠡᠮᠵᠢᠯᠡᠭᠦᠯᠬᠦ ᠨᠡᠪᠲᠡᠷᠡᠭᠦᠯᠭᠡ ᠨᠢ ᠪᠢᠴᠢᠭ ᠮᠠᠲ᠋ᠧᠷᠢᠶᠠᠯ ᠤᠨ ᠳᠦᠷᠰᠦᠲᠦ ᠴᠠᠬᠢᠯᠭᠠᠨ ᠤ ᠬᠡᠯᠪᠡᠷᠢ ᠶᠢ ᠬᠡᠷᠡᠭᠯᠡᠵᠦ᠂ ᠪᠠᠴᠢᠮ ᠪᠠᠶᠢᠳᠠᠯ ᠲᠣᠬᠢᠶᠠᠯᠳᠤᠪᠠᠯ ᠤᠲᠠᠰᠤᠳᠠᠬᠤ ᠵᠡᠷᠭᠡ ᠠᠷᠭ᠎ᠠ ᠮᠠᠶ᠋ᠢᠭ ᠢ ᠬᠡᠷᠡᠭᠯᠡᠵᠦ ᠪᠣᠯᠣᠨ᠎ᠠ᠂ ᠬᠡᠷᠡᠭ ᠤᠨ ᠲᠠᠷᠠᠭ᠎ᠠ ᠵᠢᠩᠬᠢᠨᠢ ᠪᠢᠴᠢᠭ ᠮᠠᠲ᠋ᠧᠷᠢᠶᠠᠯ ᠤᠨ ᠬᠡᠯᠪᠡᠷᠢ ᠪᠠᠷ ᠨᠥᠬᠦᠵᠦ ᠮᠡᠳᠡᠭᠦᠯᠦᠨ᠎ᠡ᠃

     3.5 ᠰᠡᠷᠡᠮᠵᠢᠯᠡᠭᠦᠯᠬᠦ ᠶᠢ ᠳᠠᠭᠠᠬᠤ

     ︵1︶ Ⅳ ᠲᠠᠰ ᠤᠨ ᠰᠡᠷᠡᠮᠵᠢᠯᠡᠭᠦᠯᠬᠦ ᠶᠢ ᠳᠠᠭᠠᠬᠤ᠃ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠤᠳ ᠴᠢᠮᠡᠭᠡ ᠬᠤᠯᠪᠣᠭᠠᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠰᠡᠷᠡᠮᠵᠢᠯᠡᠭᠦᠯᠬᠦ ᠣᠷᠣᠨ ᠪᠦᠰᠡ ᠶᠢᠨ ᠳᠣᠲᠣᠷᠠᠬᠢ ᠲᠣᠣᠷ ᠰᠦᠯᠵᠢᠶᠡᠨ ᠤ ᠠᠵᠢᠯᠯᠠᠭᠠᠨ ᠤ ᠪᠠᠶᠢᠳᠠᠯ ᠢ ᠬᠢᠨᠠᠨ ᠰᠢᠨᠵᠢᠬᠦ ᠪᠠ ᠪᠡᠯᠡᠳᠬᠡᠮᠵᠢ ᠶᠢ ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠲᠤ ᠬᠤᠯᠪᠣᠭᠳᠠᠯ ᠪᠦᠬᠦᠢ ᠪᠠᠶᠢᠳᠠᠯ ᠢ ᠡᠳᠦᠷ ᠪᠦᠷᠢ ᠮᠡᠳᠡᠭᠦᠯᠦᠨ᠎ᠡ᠃

     ︵2︶ Ⅲ ᠲᠠᠰ ᠤᠨ ᠰᠡᠷᠡᠮᠵᠢᠯᠡᠭᠦᠯᠬᠦ ᠶᠢ ᠳᠠᠭᠠᠬᠤ᠃ Ⅳ ᠳᠡᠰ ᠤᠨ ᠰᠡᠷᠡᠮᠵᠢᠯᠡᠭᠦᠯᠬᠦ ᠶᠢ ᠳᠠᠭᠠᠭᠰᠠᠨ ᠰᠠᠭᠤᠷᠢᠨ ᠳᠡᠭᠡᠷ᠎ᠡ᠂ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠪᠣᠯᠣᠨ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ 24 ᠴᠠᠭ ᠢᠶᠠᠷ ᠵᠢᠵᠢᠭᠦᠷᠯᠡᠬᠦ ᠶᠢ ᠬᠡᠷᠡᠭᠵᠢᠭᠦᠯᠵᠦ᠂ ᠳᠠᠭᠠᠭᠤᠯᠢ ᠤᠳᠤᠨ ᠤ ᠤᠲᠠᠰᠤ᠂ ᠶᠠᠷᠢᠯᠴᠠᠭᠤᠷ ᠵᠡᠷᠭᠡ ᠲᠣᠨᠤᠭ ᠲᠥᠬᠦᠭᠡᠷᠦᠮᠵᠢ ᠶᠢ ᠠᠪᠴᠤ ᠭᠤᠣᠯᠳᠠᠯᠭ᠎ᠠ ᠲᠠᠢ ᠪᠠᠲᠤᠯᠠᠭ᠎ᠠ ᠶᠢᠨ ᠣᠷᠣᠨ ᠪᠦᠰᠡ ᠳᠤ ᠤᠷᠢᠳᠴᠢᠯᠠᠨ ᠪᠠᠶᠢᠷᠢᠯᠠᠭᠤᠯᠤᠨ᠎ᠠ᠃ ᠰᠡᠷᠡᠮᠵᠢᠯᠡᠭᠦᠯᠬᠦ ᠣᠷᠣᠨ ᠪᠦᠰᠡ ᠶᠢᠨ ᠪᠠᠲᠤᠯᠠᠭ᠎ᠠ ᠶᠢᠨ ᠡᠩᠨᠡᠭᠡ᠂ ᠲᠣᠨᠤᠭ ᠲᠥᠬᠦᠭᠡᠷᠦᠮᠵᠢ ᠪᠠ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠢ ᠲᠣᠬᠢᠷᠠᠭᠤᠯᠬᠤ ᠲᠥᠰᠥᠯ ᠢᠶᠠᠨ ᠲᠣᠭᠲᠠᠭᠠᠨ᠎ᠠ᠃

     ︵3︶ Ⅱ ᠲᠠᠰ ᠤᠨ ᠰᠡᠷᠡᠮᠵᠢᠯᠡᠭᠦᠯᠬᠦ ᠶᠢ ᠳᠠᠭᠠᠬᠤ᠃ Ⅲ ᠲᠠᠰ ᠤᠨ ᠰᠡᠷᠡᠮᠵᠢᠯᠡᠭᠦᠯᠬᠦ ᠶᠢ ᠳᠠᠭᠠᠭᠰᠠᠨ ᠰᠠᠭᠤᠷᠢᠨ ᠳᠡᠭᠡᠷ᠎ᠡ᠂ ᠵᠢᠯᠤᠭᠤᠳᠬᠤ ᠭᠠᠵᠠᠷ  24 ᠴᠠᠭ ᠢᠶᠠᠷ ᠠᠵᠢᠯ ᠤᠨ ᠪᠠᠶᠢᠷᠢ ᠳᠤ ᠪᠠᠨ ᠵᠢᠵᠢᠭᠦᠷᠯᠡᠬᠦ ᠶᠢ ᠬᠡᠷᠡᠭᠵᠢᠭᠦᠯᠵᠦ᠂ ᠠᠶᠢᠮᠠᠭ ᠬᠤᠲᠠ ᠠᠯᠤᠰᠯᠠᠨ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠩᠨᠡᠭᠡ ᠪᠠ ᠲᠣᠨᠤᠭ ᠲᠥᠬᠦᠭᠡᠷᠦᠮᠵᠢ ᠶᠢ ᠲᠣᠬᠢᠷᠠᠭᠤᠯᠬᠤ ᠠᠵᠢᠯ ᠤᠨ ᠲᠥᠰᠥᠯ ᠢ ᠲᠣᠭᠲᠠᠭᠠᠬᠤ ᠶᠢᠨ ᠬᠠᠮᠲᠤ᠂ ᠳᠡᠮᠵᠢᠨ ᠲᠤᠰᠠᠯᠠᠬᠤ ᠪᠡᠯᠡᠳᠬᠡᠯ ᠢ ᠰᠠᠶᠢᠲᠤᠷ ᠬᠢᠨ᠎ᠡ᠃

     ︵4︶ Ⅰ ᠳᠡᠰ ᠤᠨ ᠰᠡᠷᠡᠮᠵᠢᠯᠡᠭᠦᠯᠬᠦ ᠶᠢ ᠳᠠᠭᠠᠬᠤ᠃ ᠬᠤᠯᠪᠣᠭᠳᠠᠯ ᠪᠦᠬᠦᠢ ᠪᠠᠶᠢᠳᠠᠯ ᠢ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠳᠠᠷᠤᠶᠢᠬᠠᠨ ᠮᠡᠳᠡᠭᠦᠯᠦᠨ ᠬᠦᠷᠭᠡᠨ᠎ᠡ᠃ Ⅱ ᠲᠠᠰ ᠤᠨ ᠰᠡᠷᠡᠮᠵᠢᠯᠡᠭᠦᠯᠬᠦ ᠶᠢ ᠳᠠᠭᠠᠭᠰᠠᠨ ᠰᠠᠭᠤᠷᠢᠨ ᠳᠡᠭᠡᠷ᠎ᠡ᠂ ᠵᠢᠯᠤᠭᠤᠳᠬᠤ ᠭᠠᠵᠠᠷ ᠠᠴᠠ ᠵᠣᠬᠢᠶᠠᠨ ᠪᠠᠶᠢᠭᠤᠯᠵᠤ ᠪᠠᠶᠢᠭᠠᠳ ᠬᠠᠮᠲᠤᠷᠠᠨ ᠵᠥᠪᠳᠡᠯᠴᠡᠵᠦ ᠰᠤᠳᠤᠯᠤᠨ ᠮᠠᠭᠠᠳᠯᠠᠵᠤ᠂ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠠᠷᠭ᠎ᠠ ᠬᠡᠮᠵᠢᠶ᠎ᠡ ᠪᠠ ᠠᠵᠢᠯ ᠤᠨ ᠲᠥᠰᠥᠯ ᠢ ᠰᠤᠳᠤᠯᠤᠨ ᠲᠣᠭᠲᠠᠭᠠᠵᠤ᠂ ᠡᠬᠢ ᠪᠠᠶᠠᠯᠢᠭ ᠢ ᠲᠣᠬᠢᠷᠠᠭᠤᠯᠬᠤ᠂ ᠵᠣᠬᠢᠶᠠᠨ ᠪᠠᠶᠢᠭᠤᠯᠵᠤ ᠳᠠᠶᠢᠴᠢᠯᠠᠬᠤ ᠪᠠ ᠰᠠᠯᠠᠭ᠎ᠠ ᠮᠥᠴᠢᠷ ᠤᠳ ᠬᠤᠯᠪᠤᠭᠠᠯᠠᠨ ᠬᠥᠳᠡᠯᠦᠯᠴᠡᠬᠦ ᠵᠡᠷᠭᠡ ᠡᠯ᠎ᠡ ᠵᠦᠢᠯ ᠤᠨ ᠪᠡᠯᠡᠳᠬᠡᠯ ᠠᠵᠢᠯ ᠢ ᠪᠠᠴᠢᠮ ᠪᠠᠶᠢᠷᠢᠯᠠᠭᠤᠯᠵᠤ᠂ ᠬᠠᠮᠵᠢᠯᠴᠠᠨ ᠠᠷᠭᠠᠴᠠᠭᠠᠨ᠎ᠠ᠃

     4 ᠪᠠᠴᠢᠮ ᠪᠠᠶᠢᠳᠠᠯ ᠤᠨ ᠠᠷᠭᠠᠴᠠᠭᠠᠯᠲᠠ ᠶᠢ ᠳᠠᠭᠠᠬᠤ

     4.1 ᠠᠵᠢᠯ ᠤᠨ ᠲᠣᠭᠲᠠᠴᠠ

     4.1.1 ᠳᠡᠰ ᠬᠤᠪᠢᠶᠠᠨ ᠤᠷᠢᠶᠠᠯᠠᠨ ᠳᠠᠭᠠᠬᠤ

     ᠭᠡᠨᠡᠳᠲᠡ ᠶᠢᠨ ᠬᠡᠷᠡᠭ ᠤᠨ ᠨᠥᠯᠥᠭᠡᠯᠡᠬᠦ ᠬᠡᠪᠴᠢᠶ᠎ᠡ᠂ ᠬᠥᠨᠥᠭᠡᠯ ᠤᠨ ᠬᠡᠮᠵᠢᠶ᠎ᠡ ᠵᠢᠴᠢ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠭᠦᠷᠭᠡ ᠶᠢᠨ ᠴᠢᠬᠤᠯᠠ ᠴᠢᠨᠠᠷ ᠵᠡᠷᠭᠡ ᠬᠦᠴᠦᠨ ᠵᠦᠢᠯ ᠢ ᠦᠨᠳᠦᠰᠦᠯᠡᠨ᠂ ᠥᠨᠳᠥᠷ ᠠᠴᠠ ᠳᠣᠣᠷ᠎ᠠ ᠲᠡᠶᠢᠰᠢ Ⅰ︵ᠣᠨᠴᠠ ᠬᠦᠨᠳᠦ ᠨᠣᠴᠢᠲᠠᠢ︶᠂ Ⅱ ︵ᠬᠦᠨᠳᠦ ᠨᠣᠴᠢᠲᠠᠢ︶᠂ Ⅲ ︵ᠨᠡᠯᠢᠶᠡᠳ ᠬᠦᠨᠳᠦ ᠨᠣᠴᠢᠲᠠᠢ︶᠂ Ⅳ ︵ᠡᠩ ᠤᠨ︶ ᠳᠥᠷᠪᠡᠨ ᠳᠡᠰ ᠤᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠤᠷᠢᠶᠠᠯᠠᠨ ᠳᠠᠭᠠᠬᠤ ᠵᠡᠷᠭᠡ ᠲᠠᠰ ᠢ ᠲᠣᠭᠲᠠᠭᠠᠵᠤ᠂ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠤᠷᠢᠶᠠᠯᠠᠨ ᠳᠠᠭᠠᠬᠤ ᠵᠡᠷᠭᠡ ᠳᠡᠰ ᠲᠤ ᠪᠣᠳᠠᠲᠤ ᠪᠠᠶᠢᠳᠠᠯ ᠢ ᠦᠨᠳᠦᠰᠦᠯᠡᠨ ᠲᠣᠬᠢᠷᠠᠭᠤᠯᠤᠯᠲᠠ ᠬᠢᠵᠦ ᠪᠣᠯᠣᠨ᠎ᠠ᠃

     4.1.2 ᠵᠢᠯᠤᠭᠤᠳᠴᠤ ᠬᠤᠯᠪᠤᠭᠠᠯᠠᠨ ᠬᠥᠳᠡᠯᠦᠯᠴᠡᠬᠦ

     ᠵᠢᠯᠤᠭᠤᠳᠬᠤ ᠭᠠᠵᠠᠷ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠠᠶᠢᠮᠠᠭ ᠬᠤᠲᠠ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠠᠵᠤ ᠠᠬᠤᠶᠢᠯᠠᠯ ᠠᠯᠤᠰᠯᠠᠭᠰᠠᠨ ᠡᠬᠢ ᠪᠠᠶᠠᠯᠢᠭ ᠤᠨ ᠲᠣᠬᠢᠷᠠᠭᠤᠯᠤᠯᠲᠠ᠂ ᠳᠡᠮᠵᠢᠨ ᠲᠤᠰᠠᠯᠠᠬᠤ ᠪᠠᠲᠤᠯᠠᠭ᠎ᠠ ᠵᠡᠷᠭᠡ ᠵᠣᠬᠢᠶᠠᠨ ᠪᠠᠶᠢᠭᠤᠯᠵᠤ ᠵᠣᠬᠢᠴᠠᠭᠤᠯᠬᠤ ᠠᠵᠢᠯ ᠢ ᠬᠠᠷᠢᠭᠤᠴᠠᠨ᠎ᠠ᠃

     ᠵᠢᠯᠤᠭᠤᠳᠬᠤ ᠭᠠᠵᠠᠷ ᠤᠨ ᠡᠯ᠎ᠡ ᠪᠦᠷᠢᠯᠳᠦᠭᠦᠨ ᠨᠢᠭᠡᠴᠢ ᠨᠢ ᠵᠢᠯᠤᠭᠤᠳᠬᠤ ᠭᠠᠵᠠᠷ ᠤᠨ ᠨᠢᠭᠡᠳᠦᠯᠲᠡᠢ ᠵᠢᠯᠣᠭᠤᠳᠤᠨ ᠲᠣᠬᠢᠷᠠᠭᠤᠯᠬᠤ ᠳᠣᠣᠷ᠎ᠠ᠂ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠬᠥᠳᠡᠯᠦᠩᠭᠦᠢ ᠡᠩᠨᠡᠭᠡ ᠶᠢ ᠪᠠᠶᠢᠭᠤᠯᠤᠨ᠎ᠠ᠃ ᠲᠤᠬᠠᠢ ᠶᠢᠨ ᠲᠠᠯᠠᠪᠤᠷ ᠤᠨ ᠲᠦᠷ ᠴᠠᠭ ᠤᠨ ᠤᠳᠤᠷᠢᠳᠬᠤ ᠳᠤᠭᠤᠶᠢᠯᠠᠩ ᠪᠠᠶᠢᠭᠤᠯᠤᠭᠳᠠᠭᠰᠠᠨ ᠤ ᠳᠠᠷᠠᠭ᠎ᠠ᠂ ᠬᠡᠷᠡᠭ ᠭᠠᠷᠤᠭᠰᠠᠨ ᠲᠤᠬᠠᠢ ᠶᠢᠨ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠯ᠎ᠡ ᠡᠩᠨᠡᠭᠡ ᠵᠢᠴᠢ ᠡᠳ᠋ ᠪᠠᠷᠠᠭ᠎ᠠ ᠵᠡᠷᠭᠡ ᠨᠢ ᠲᠤᠬᠠᠢ ᠶᠢᠨ ᠲᠠᠯᠠᠪᠤᠷ ᠤᠨ ᠲᠦᠷ ᠴᠠᠭ ᠤᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠢ ᠵᠢᠯᠣᠭᠤᠳᠤᠯᠭ᠎ᠠ ᠪᠠ ᠲᠣᠬᠢᠷᠠᠭᠤᠯᠤᠯᠲᠠ ᠶᠢ ᠬᠦᠯᠢᠶᠡᠨ᠎ᠡ᠃

     4.1.3 ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ

     ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠤᠷᠢᠶᠠᠯᠠᠨ ᠳᠠᠭᠠᠬᠤ ᠵᠡᠷᠭᠡ ᠲᠠᠰ ᠢ ᠦᠨᠳᠦᠰᠦᠯᠡᠨ ᠮᠡᠳᠡᠭᠡ ᠵᠠᠩᠭᠢ ᠮᠡᠳᠡᠭᠦᠯᠦᠨ ᠬᠦᠷᠭᠡᠬᠦ ᠳᠦᠷᠢᠮ ᠢ ᠡᠬᠢᠯᠡᠭᠦᠯᠦᠨ᠎ᠡ᠃

     ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠨᠢ ᠬᠠᠮᠢᠶ᠎ᠠ ᠪᠦᠬᠦᠢ ᠠᠭᠤᠯᠭ᠎ᠠ᠂ ᠴᠠᠭ ᠤᠨ ᠬᠢᠵᠠᠭᠠᠷ᠂ ᠳᠠᠪᠲᠠᠮᠵᠢ ᠤᠳᠠᠭ᠎ᠠ ᠵᠡᠷᠭᠡ ᠱᠠᠭᠠᠷᠳᠠᠯᠭ᠎ᠠ ᠶᠢ ᠦᠨᠳᠦᠰᠦᠯᠡᠨ ᠴᠢᠮᠡᠭᠡ ᠬᠤᠯᠪᠣᠭᠠᠨ ᠤ ᠬᠤᠬᠢᠷᠠᠯ ᠵᠢᠴᠢ ᠪᠠᠲᠤᠯᠠᠭ᠎ᠠ᠂ ᠰᠡᠷᠭᠦᠭᠡᠯᠲᠡ ᠵᠡᠷᠭᠡ ᠪᠠᠶᠢᠳᠠᠯ ᠢᠶᠠᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠤᠷᠢᠶᠠᠯᠠᠨ ᠳᠠᠭᠠᠬᠤ ᠵᠡᠷᠭᠡ ᠲᠠᠰ ᠤᠨ ᠱᠠᠭᠠᠷᠳᠠᠯᠭ᠎ᠠ ᠶᠣᠰᠣᠭᠠᠷ ᠮᠡᠳᠡᠭᠦᠯᠦᠨ ᠬᠦᠷᠭᠡᠬᠦ ᠬᠡᠷᠡᠭᠲᠡᠢ᠃ ᠠᠭᠤᠯᠭ᠎ᠠ ᠳᠤ᠄ ᠬᠡᠷᠡᠭ ᠶᠠᠪᠤᠳᠠᠯ ᠤᠨ ᠦᠨᠳᠦᠰᠦᠨ ᠪᠠᠶᠢᠳᠠᠯ ᠤᠨ ᠳᠦᠷᠰᠦᠯᠡᠯ᠂ ᠠᠩᠬ᠎ᠠ ᠠᠯᠬᠤᠮ ᠵᠢᠱᠢᠭᠰᠡᠨ ᠬᠤᠣᠷ ᠬᠥᠨᠥᠭᠡᠯ ᠵᠢᠴᠢ ᠬᠡᠮᠵᠢᠶ᠎ᠡ᠂ ᠨᠥᠯᠥᠭᠡᠯᠡᠵᠦ ᠮᠡᠳᠡᠬᠦ ᠬᠡᠷᠡᠭᠯᠡᠭᠴᠢᠳ ᠵᠢᠴᠢ ᠬᠦᠷᠢᠶ᠎ᠡ ᠬᠡᠪᠴᠢᠶ᠎ᠡ᠂ ᠠᠷᠭᠠᠴᠠᠭᠠᠬᠤ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠵᠡᠷᠭᠡ ᠶᠢ ᠪᠠᠭᠲᠠᠭᠠᠬᠤ ᠬᠡᠷᠡᠭᠲᠡᠢ᠃

     ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠨᠢ ᠴᠢᠮᠡᠭᠡ ᠬᠤᠯᠪᠣᠭᠠᠨ ᠤ ᠬᠤᠬᠢᠷᠠᠯ ᠬᠢᠭᠡᠳ ᠪᠠᠲᠤᠯᠠᠭ᠎ᠠ ᠶᠢᠨ ᠰᠡᠷᠭᠦᠭᠡᠯᠲᠡ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠵᠠᠳᠠᠯᠬᠤ᠂ ᠡᠮᠬᠢᠳᠬᠡᠨ ᠬᠤᠷᠢᠶᠠᠩᠭᠤᠶᠢᠯᠠᠬᠤ ᠶᠢ ᠬᠠᠷᠢᠭᠤᠴᠠᠵᠤ᠂ ᠵᠢᠯᠤᠭᠤᠳᠬᠤ ᠭᠠᠵᠠᠷ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠯᠠᠪᠯᠠᠯᠲᠠ ᠪᠣᠯᠭᠠᠨ᠎ᠠ᠃

     4.1.4 ᠴᠡᠷᠢᠭ ᠠᠩᠭᠢ ᠪᠠ ᠣᠷᠣᠨ ᠨᠤᠲᠤᠭ ᠬᠤᠯᠪᠤᠭᠠᠯᠠᠨ ᠪᠠᠲᠤᠯᠠᠬᠤ

     ᠭᠡᠨᠡᠳᠲᠡ ᠶᠢᠨ ᠬᠡᠷᠡᠭ ᠠᠴᠠ ᠪᠣᠯᠵᠤ ᠴᠡᠷᠢᠭ ᠠᠩᠭᠢ ᠪᠠ ᠣᠷᠣᠨ ᠨᠤᠲᠤᠭ ᠤᠨ ᠠᠯᠢ ᠨᠢᠭᠡ ᠲᠠᠯ᠎ᠠ ᠳᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠴᠢᠳᠠᠪᠤᠷᠢ ᠬᠦᠷᠦᠯᠴᠡᠬᠦ ᠦᠭᠡᠢ ᠪᠠᠶᠢᠳᠠᠯ ᠭᠠᠷᠪᠠᠯ᠂ ᠨᠦᠬᠦᠭᠡ ᠲᠠᠯ᠎ᠠ ᠨᠢ ᠪᠠᠴᠢᠮ ᠲᠤᠰᠠᠯᠠᠮᠵᠢ ᠦᠵᠡᠭᠦᠯᠦᠨ᠎ᠡ᠃

     ᠴᠢᠬᠤᠯᠠ ᠲᠠᠢ ᠦᠶ᠎ᠡ ᠳᠤ᠂ ᠵᠢᠯᠤᠭᠤᠳᠬᠤ ᠭᠠᠵᠠᠷ ᠠᠴᠠ ᠴᠡᠷᠢᠭ ᠠᠩᠭᠢ ᠪᠠ ᠣᠷᠣᠨ ᠨᠤᠲᠤᠭ ᠤᠨ ᠬᠤᠯᠪᠤᠭᠠᠯᠠᠨ ᠪᠠᠲᠤᠯᠠᠬᠤ ᠲᠣᠭᠲᠠᠴᠠ ᠶᠢ ᠡᠬᠢᠯᠡᠭᠦᠯᠵᠦ᠂ ᠴᠡᠷᠢᠭ ᠠᠩᠭᠢ ᠪᠠ ᠣᠷᠣᠨ ᠨᠤᠲᠤᠭ ᠤᠨ ᠴᠢᠮᠡᠭᠡ ᠬᠤᠯᠪᠣᠭᠠᠨ ᠤ ᠡᠬᠢ ᠪᠠᠶᠠᠯᠢᠭ ᠪᠣᠯᠣᠨ ᠪᠠᠲᠤᠯᠠᠭ᠎ᠠ ᠶᠢᠨ ᠬᠦᠴᠦᠨ ᠢ ᠨᠢᠭᠡᠳᠦᠯᠲᠡᠢ ᠲᠥᠯᠥᠪᠯᠡᠨ ᠬᠡᠷᠡᠭᠯᠡᠵᠦ᠂ ᠴᠡᠷᠢᠭ ᠠᠩᠭᠢ ᠪᠠ ᠣᠷᠣᠨ ᠨᠤᠲᠤᠭ ᠤᠨ ᠴᠢᠬᠤᠯᠠ ᠬᠡᠷᠡᠭᠯᠡᠭᠴᠢᠳ ᠤᠨ ᠴᠢᠮᠡᠭᠡ ᠬᠤᠯᠪᠣᠭ᠎ᠠ ᠶᠢ ᠪᠠᠲᠤᠯᠠᠬᠤ ᠪᠠ ᠵᠠᠮ ᠱᠤᠭᠤᠮ᠂ ᠪᠡᠯᠡᠳᠬᠡᠮᠵᠢ ᠶᠢ ᠵᠠᠪᠳᠤᠨ ᠵᠠᠰᠠᠵᠤ ᠰᠡᠷᠭᠦᠭᠡᠬᠦ ᠠᠵᠢᠯ ᠢ ᠨᠢᠭᠡᠳᠦᠯᠲᠡᠢ ᠵᠣᠬᠢᠶᠠᠨ ᠪᠠᠶᠢᠭᠤᠯᠤᠨ᠎ᠠ︔ ᠲᠤᠬᠠᠢ ᠶᠢᠨ ᠲᠠᠯᠠᠪᠤᠷ ᠤᠨ ᠲᠦᠷ ᠴᠠᠭ ᠤᠨ ᠤᠳᠤᠷᠢᠳᠬᠤ ᠳᠤᠭᠤᠶᠢᠯᠠᠩ ᠨᠢ ᠵᠢᠯᠤᠭᠤᠳᠬᠤ ᠭᠠᠵᠠᠷ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠴᠢᠬᠤᠯᠠ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠳᠤᠮᠳᠠ ᠲᠤᠯᠭᠠᠷᠠᠭᠰᠠᠨ ᠪᠣᠳᠠᠲᠠᠢ ᠠᠰᠠᠭᠤᠳᠠᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠰᠢᠢᠳᠪᠦᠷᠢᠯᠡᠨ᠎ᠡ᠃

     4.2 ᠤᠷᠢᠳ ᠢᠶᠠᠷ ᠰᠢᠢᠳᠪᠦᠷᠢᠯᠡᠬᠦ ᠪᠠ ᠮᠡᠳᠡᠭᠡ ᠵᠠᠩᠭᠢ ᠶᠢ ᠠᠩᠬ᠎ᠠ ᠮᠡᠳᠡᠭᠦᠯᠬᠦ

     ᠭᠡᠨᠡᠳᠲᠡ ᠶᠢᠨ ᠬᠡᠷᠡᠭ ᠡᠭᠦᠰᠦᠭᠰᠡᠨ ᠤ ᠲᠠᠷᠠᠭ᠎ᠠ᠂ ᠬᠠᠮᠢᠶ᠎ᠠ ᠪᠦᠬᠦᠢ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠨᠢ ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠠᠵᠢᠯᠯᠠᠭᠠᠨ ᠤ ᠪᠠᠶᠢᠳᠠᠯ ᠢ ᠳᠠᠷᠤᠶᠢᠬᠠᠨ ᠣᠶᠢᠯᠠᠭᠠᠵᠤ᠂ ᠴᠠᠭ ᠲᠤᠬᠠᠢ ᠳᠤ ᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠭᠡᠨᠡᠳᠲᠡ ᠶᠢᠨ ᠬᠡᠷᠡᠭ ᠠᠴᠠ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠳᠤ ᠦᠵᠡᠭᠦᠯᠬᠦ ᠨᠥᠯᠥᠭᠡᠯᠡᠯ ᠤᠨ ᠬᠡᠪᠴᠢᠶ᠎ᠡ ᠶᠢ ᠬᠢᠵᠠᠭᠠᠷᠯᠠᠬᠤ ᠬᠡᠷᠡᠭᠲᠡᠢ︔ 30 ᠮᠢᠨᠦ᠋ᠲ ᠤᠨ ᠳᠣᠲᠣᠷ᠎ᠠ ᠬᠡᠷᠡᠭ ᠶᠠᠪᠤᠳᠠᠯ ᠤᠨ ᠮᠡᠳᠡᠭᠡ ᠵᠠᠩᠭᠢ ᠶᠢ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠲᠤ ᠮᠡᠳᠡᠭᠦᠯᠦᠨ ᠬᠦᠷᠭᠡᠬᠦ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠨᠢ ᠬᠡᠷᠡᠭ ᠶᠠᠪᠤᠳᠠᠯ ᠤᠨ ᠮᠡᠳᠡᠭᠦᠯᠦᠯᠲᠡ ᠶᠢ ᠣᠯᠣᠭᠰᠠᠨ ᠤ ᠳᠠᠷᠠᠭ᠎ᠠ᠂ ᠲᠡᠷᠡ ᠳᠠᠷᠤᠢ ᠳᠤ ᠨᠢ ᠬᠢᠨᠠᠨ ᠬᠠᠷᠭᠤᠭᠤᠯᠬᠤ ᠶᠢᠨ ᠬᠠᠮᠲᠤ 1 ᠴᠠᠭ ᠤᠨ ᠳᠣᠲᠣᠷ᠎ᠠ ᠬᠠᠮᠢᠶ᠎ᠠ ᠪᠦᠬᠦᠢ ᠮᠡᠳᠡᠭᠡ ᠵᠠᠩᠭᠢ ᠶᠢ ᠵᠢᠯᠤᠭᠤᠳᠬᠤ ᠭᠠᠵᠠᠷ ᠲᠤ ᠮᠡᠳᠡᠭᠦᠯᠦᠨ ᠬᠦᠷᠭᠡᠬᠦ ᠬᠡᠷᠡᠭᠲᠡᠢ᠃

     4.3 Ⅰ ᠳᠡᠰ ᠤᠨ ᠪᠠᠴᠢᠮ ᠪᠠᠶᠢᠳᠠᠯ ᠤᠨ ᠠᠷᠭᠠᠴᠠᠭᠠᠯᠲᠠ ᠶᠢ ᠤᠷᠢᠶᠠᠯᠠᠨ ᠳᠠᠭᠠᠬᠤ

     4.3.1 ᠡᠬᠢᠯᠡᠭᠦᠯᠬᠦ ᠨᠥᠬᠦᠴᠡᠯ

     ᠳᠣᠣᠷᠠᠬᠢ ᠪᠠᠶᠢᠳᠠᠯ ᠤᠨ ᠨᠢᠭᠡ ᠨᠢ ᠡᠭᠦᠰᠪᠡᠯ᠂ ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ Ⅰ ᠲᠠᠰ ᠤᠨ ᠪᠠᠴᠢᠮ ᠪᠠᠶᠢᠳᠠᠯ ᠤᠨ ᠠᠷᠭᠠᠴᠠᠭᠠᠯᠲᠠ ᠶᠢ ᠤᠷᠢᠶᠠᠯᠠᠨ ᠳᠠᠭᠠᠬᠤ ᠠᠵᠢᠯᠯᠠᠭ᠎ᠠ ᠶᠢ ᠡᠬᠢᠯᠡᠭᠦᠯᠦᠨ᠎ᠡ᠄

     ︵1︶ ᠨᠡᠶᠢᠲᠡ ᠣᠯᠠᠨ ᠤ ᠴᠢᠮᠡᠭᠡ ᠬᠤᠯᠪᠣᠭᠠᠨ ᠤ ᠰᠦᠯᠵᠢᠶ᠎ᠡ ᠶᠢᠨ ᠮᠤᠵᠢ ᠶᠢᠨ ᠬᠤᠭᠤᠷᠣᠨᠳᠣᠬᠢ ᠨᠢᠷᠤᠭᠤᠪᠴᠢ ᠲᠣᠣᠷ ᠰᠦᠯᠵᠢᠶ᠎ᠡ ᠲᠠᠰᠤᠯᠳᠠᠭᠰᠠᠨ᠂ ᠴᠢᠬᠤᠯᠠ ᠴᠢᠮᠡᠭᠡ ᠬᠤᠯᠪᠣᠭᠠᠨ ᠤ ᠬᠦᠢᠰᠦ ᠵᠠᠩᠭᠢᠯᠠᠭ᠎ᠠ ᠶᠢᠨ ᠠᠰᠠᠷ ᠡᠪᠳᠡᠭᠳᠡᠭᠰᠡᠨ ᠵᠡᠷᠭᠡ ᠠᠴᠠ ᠪᠣᠯᠵᠤ᠂ ᠡᠭᠦᠨ ᠤ ᠬᠠᠮᠲᠤ 2 ᠵᠢᠴᠢ ᠲᠡᠭᠦᠨ ᠠᠴᠠ ᠳᠡᠭᠡᠭᠰᠢᠬᠢ ᠮᠤᠵᠢ ︵ ᠣᠷᠣᠨ᠂ ᠬᠤᠳᠠ ︶ ᠶᠢᠨ ᠬᠤᠭᠤᠷᠣᠨᠳᠣᠬᠢ ᠴᠢᠮᠡᠭᠡ ᠬᠤᠯᠪᠣᠭ᠎ᠠ ᠶᠡᠭᠡ ᠬᠡᠪᠴᠢᠶ᠎ᠡ ᠪᠠᠷ ᠲᠠᠰᠤᠯᠳᠠᠭᠰᠠᠨ᠃

     ︵2︶ ︽ᠴᠠᠬᠢᠯᠭᠠᠨ ᠬᠤᠯᠪᠣᠭᠠᠨ ᠤ ᠲᠣᠣᠷ ᠰᠦᠯᠵᠢᠶ᠎ᠡ ᠶᠢᠨ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ︾ ᠳᠠᠬᠢ ᠣᠨᠴᠠ ᠬᠦᠨᠳᠦ ᠶᠡᠭᠡ ᠭᠡᠨᠡᠳᠡᠯ ᠢ ᠬᠤᠪᠢᠶᠠᠷᠢᠯᠠᠬᠤ ᠨᠥᠬᠦᠴᠡᠯ ᠢ ᠬᠠᠩᠭᠠᠭᠰᠠᠨ᠃

     ︵3︶ ᠤᠯᠤᠰ ᠠᠴᠠ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ Ⅰ ᠳᠡᠰ ᠤᠨ ᠪᠠᠴᠢᠮ ᠪᠠᠶᠢᠳᠠᠯ ᠤᠨ ᠠᠷᠭᠠᠴᠠᠭᠠᠯᠲᠠ ᠶᠢ ᠤᠷᠢᠶᠠᠯᠠᠨ ᠳᠠᠭᠠᠬᠤ ᠠᠵᠢᠯᠯᠠᠭ᠎ᠠ ᠶᠢ ᠡᠬᠢᠯᠡᠭᠦᠯᠦᠭᠰᠡᠨ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠠᠢ ᠬᠤᠯᠪᠣᠭᠳᠠᠭᠰᠠᠨ᠃

     4.3.2 Ⅰ ᠳᠡᠰ ᠤᠨ ᠤᠷᠢᠶᠠᠯᠠᠨ ᠳᠠᠭᠠᠬᠤ ᠠᠵᠢᠯᠯᠠᠭ᠎ᠠ ᠶᠢ ᠡᠬᠢᠯᠡᠭᠦᠯᠬᠦ

     ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠠᠴᠠ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠤᠨ ᠵᠠᠳᠠᠯᠤᠯᠲᠠ ᠬᠢᠵᠦ ᠦᠨᠡᠯᠡᠨ ᠵᠢᠱᠢᠵᠦ᠂ ᠭᠠᠮᠰᠢᠭ ᠤᠨ ᠪᠠᠶᠢᠳᠠᠯ ᠪᠤᠶᠤ ᠬᠡᠷᠡᠭ ᠶᠠᠪᠤᠳᠠᠯ ᠨᠢ ᠡᠬᠢᠯᠡᠭᠦᠯᠬᠦ ᠪᠠᠷᠢᠮᠵᠢᠶ᠎ᠠ ᠳᠤ ᠬᠦᠷᠦᠭᠰᠡᠨ ᠢ ᠮᠠᠭᠠᠳᠯᠠᠨ ᠲᠣᠭᠲᠠᠭᠠᠵᠤ᠂ ᠵᠢᠯᠤᠭᠤᠳᠬᠤ ᠭᠠᠵᠠᠷ ᠲᠤ Ⅰ ᠲᠠᠰ ᠤᠨ ᠤᠷᠢᠶᠠᠯᠠᠨ ᠳᠠᠭᠠᠬᠤ ᠠᠵᠢᠯᠯᠠᠭ᠎ᠠ ᠶᠢ ᠡᠬᠢᠯᠡᠭᠦᠯᠬᠦ ᠰᠠᠨᠠᠭᠤᠯᠭ᠎ᠠ ᠳᠤᠷᠠᠳᠤᠨ᠎ᠠ᠃

     ᠵᠢᠯᠤᠭᠤᠳᠬᠤ ᠭᠠᠵᠠᠷ ᠠᠴᠠ Ⅰ ᠳᠡᠰ ᠤᠨ ᠤᠷᠢᠶᠠᠯᠠᠨ ᠳᠠᠭᠠᠬᠤ ᠠᠵᠢᠯᠯᠠᠭ᠎ᠠ ᠶᠢ ᠡᠬᠢᠯᠡᠭᠦᠯᠬᠦ ᠪᠠᠷ ᠲᠣᠭᠲᠠᠵᠤ᠂ ᠵᠢᠯᠤᠭᠤᠳᠬᠤ ᠳᠠᠷᠤᠭ᠎ᠠ ᠪᠠᠴᠢᠮ ᠪᠠᠶᠢᠳᠠᠯ ᠢ ᠠᠷᠭᠠᠴᠠᠭᠠᠬᠤ ᠶᠢ ᠤᠷᠢᠶᠠᠯᠠᠨ ᠳᠠᠭᠠᠬᠤ ᠵᠠᠷᠯᠢᠭ ᠲᠤ ᠭᠠᠷ ᠤᠨ ᠦᠰᠦᠭ ᠵᠢᠷᠤᠵᠤ ᠶᠠᠪᠤᠭᠤᠯᠬᠤ ᠶᠢᠨ ᠬᠠᠮᠲᠤ ᠡᠯ᠎ᠡ ᠪᠦᠷᠢᠯᠳᠦᠭᠦᠨ ᠨᠢᠭᠡᠴᠢ ᠳᠤ ᠮᠡᠳᠡᠭᠳᠡᠨ᠎ᠡ᠃

     4.3.3Ⅰ ᠳᠡᠰ ᠤᠨ ᠤᠷᠢᠶᠠᠯᠠᠨ ᠳᠠᠭᠠᠬᠤ ᠠᠵᠢᠯᠯᠠᠭᠠᠨ

     ᠵᠢᠯᠤᠭᠤᠳᠬᠤ ᠭᠠᠵᠠᠷ᠂ ᠬᠠᠮᠢᠶ᠎ᠠ ᠪᠦᠬᠦᠢ ᠮᠤᠵᠢ ︵ᠣᠷᠣᠨ᠂ ᠬᠤᠲᠠ︶ ᠶᠢᠨ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠵᠢᠯᠤᠭᠤᠳᠬᠤ ᠪᠠᠶᠢᠭᠤᠯᠤᠮᠵᠢ᠂ ᠬᠠᠮᠢᠶ᠎ᠠ ᠪᠦᠬᠦᠢ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠨᠢ 24 ᠴᠠᠭ ᠢᠶᠠᠷ ᠵᠢᠵᠢᠭᠦᠷᠯᠡᠬᠦ ᠠᠵᠢᠯ ᠢ ᠡᠬᠢᠯᠡᠭᠦᠯᠦᠨ᠎ᠡ᠃

     ᠵᠢᠯᠤᠭᠤᠳᠬᠤ ᠭᠠᠵᠠᠷ ᠠᠴᠠ ᠲᠡᠷᠡ ᠳᠠᠷᠤᠢ ᠳᠤ ᠨᠢ ᠵᠣᠬᠢᠶᠠᠨ ᠪᠠᠶᠢᠭᠤᠯᠤᠨ ᠵᠥᠪᠳᠡᠯᠴᠡᠵᠦ᠂ ᠬᠤᠯᠪᠣᠭᠳᠠᠯ ᠪᠦᠬᠦᠢ ᠪᠠᠶᠢᠳᠠᠯ ᠢ ᠣᠶᠢᠯᠠᠭᠠᠨ᠂ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠤᠨ ᠬᠠᠷᠠᠯᠲᠠ ᠪᠠ ᠲᠥᠰᠥᠯ ᠢ ᠲᠣᠭᠲᠠᠭᠠᠨ᠎ᠠ᠃ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠠᠵᠤ ᠠᠬᠤᠶᠢᠯᠠᠯ ᠠᠯᠤᠰᠯᠠᠭᠰᠠᠨ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠩᠨᠡᠭᠡ ᠵᠢᠴᠢ ᠪᠠᠴᠢᠮ ᠪᠠᠶᠢᠳᠠᠯ ᠢ ᠠᠷᠭᠠᠴᠠᠭᠠᠬᠤ ᠲᠣᠨᠤᠭ ᠲᠥᠬᠦᠭᠡᠷᠦᠮᠵᠢ ᠶᠢ ᠰᠢᠯᠵᠢᠭᠦᠯᠦᠨ ᠬᠡᠷᠡᠭᠯᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ᠂ ᠡᠨᠧᠷᠭᠢ ᠵᠡᠷᠭᠡ ᠰᠠᠯᠠᠭ᠎ᠠ ᠮᠥᠴᠢᠷ ᠨᠢᠭᠡᠴᠢ ᠨᠦᠭᠦᠳ ᠨᠡᠪᠲᠡᠷᠡᠯᠴᠡᠨ ᠬᠠᠮᠵᠢᠯᠴᠠᠬᠤ ᠪᠠᠨ ᠴᠢᠩᠭᠠᠳᠬᠠᠵᠤ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭ᠎ᠠ ᠶᠢᠨ ᠵᠠᠮ ᠬᠠᠷᠢᠯᠴᠠᠭ᠎ᠠ᠂ ᠡᠨᠧᠷᠭᠢ ᠶᠢᠨ ᠬᠠᠩᠭᠠᠯᠭ᠎ᠠ ᠶᠢ ᠡᠩ ᠲᠡᠷᠢᠭᠦᠨ ᠳᠤ ᠪᠠᠲᠤᠯᠠᠬᠤ ᠶᠢ ᠵᠣᠬᠢᠴᠠᠭᠤᠯᠬᠤ ᠬᠡᠷᠡᠭᠲᠡᠢ᠃ ᠴᠡᠷᠢᠭ ᠠᠩᠭᠢ ᠪᠠ ᠣᠷᠣᠨ ᠨᠤᠲᠤᠭ ᠬᠤᠯᠪᠤᠭᠠᠯᠠᠨ ᠪᠠᠲᠤᠯᠠᠬᠤ ᠲᠣᠭᠲᠠᠴᠠ ᠶᠢ ᠡᠬᠢᠯᠡᠭᠦᠯᠦᠨ᠎ᠡ᠃ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠢ ᠳᠤ ᠨᠢ ᠮᠡᠳᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠤᠬᠠᠭᠤᠯᠭ᠎ᠠ ᠶᠢᠨ ᠲᠥᠷᠥᠯᠵᠢᠯ ᠤᠨ ᠠᠭᠤᠯᠭ᠎ᠠ ᠶᠢ ᠨᠡᠶᠢᠲᠡᠯᠡᠨ᠎ᠡ᠃

     ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠠᠴᠠ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠤᠨ ᠬᠠᠮᠢᠶ᠎ᠠ ᠪᠦᠬᠦᠢ ᠮᠡᠳᠡᠭᠡ ᠵᠠᠩᠭᠢ ᠳᠤ ᠵᠠᠳᠠᠯᠤᠯᠲᠠ ᠬᠢᠵᠦ ᠦᠨᠡᠯᠡᠨ ᠵᠢᠱᠢᠵᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠷᠭ᠎ᠠ ᠪᠣᠳᠣᠯᠭ᠎ᠠ ᠪᠠ ᠲᠥᠰᠥᠯ ᠤᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ︔ ᠵᠢᠯᠤᠭᠤᠳᠬᠤ ᠭᠠᠵᠠᠷ ᠤᠨ ᠰᠢᠢᠳᠪᠦᠷᠢᠲᠦ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠳᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠭᠦᠷᠭᠡ ᠪᠠᠭᠤᠯᠭᠠᠬᠤ ᠶᠢᠨ ᠬᠠᠮᠲᠤ ᠰᠢᠮᠳᠠᠭᠤᠯᠤᠨ ᠨᠠᠶᠢᠳᠠᠪᠤᠷᠢᠵᠢᠭᠤᠯᠤᠨ᠎ᠠ᠃

     ᠬᠠᠮᠢᠶ᠎ᠠ ᠪᠦᠬᠦᠢ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠤᠳ ᠪᠠᠴᠢᠮ ᠪᠠᠶᠢᠳᠠᠯ ᠢ ᠠᠷᠭᠠᠴᠠᠭᠠᠬᠤ ᠲᠣᠨᠤᠭ ᠲᠥᠬᠦᠭᠡᠷᠦᠮᠵᠢ᠂ ᠴᠢᠮᠡᠭᠡ ᠬᠤᠯᠪᠣᠭᠠᠨ ᠤ ᠱᠤᠭᠤᠮ ᠵᠡᠷᠭᠡ ᠡᠬᠢ ᠪᠠᠶᠠᠯᠢᠭ ᠢ ᠬᠠᠮᠲᠤ ᠪᠠᠷ ᠭᠥᠷᠳᠡᠬᠦ ᠪᠠ ᠠᠵᠤ ᠠᠬᠤᠶᠢᠯᠠᠯ ᠠᠯᠤᠰᠯᠠᠭᠰᠠᠨ ᠳᠡᠮᠵᠢᠨ ᠲᠤᠰᠠᠯᠠᠬᠤ ᠲᠥᠰᠥᠯ ᠢ ᠰᠤᠳᠤᠯᠤᠨ ᠳᠤᠷᠠᠳᠴᠤ᠂ ᠵᠢᠯᠤᠭᠤᠳᠬᠤ ᠭᠠᠵᠠᠷ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃ ᠵᠢᠯᠤᠭᠤᠳᠬᠤ ᠭᠠᠵᠠᠷ ᠤᠨ ᠱᠠᠭᠠᠷᠳᠠᠯᠭ᠎ᠠ ᠶᠣᠰᠣᠭᠠᠷ ᠪᠠᠲᠤᠯᠠᠭ᠎ᠠ ᠶᠢᠨ ᠡᠩᠨᠡᠭᠡ ᠲᠣᠮᠢᠯᠠᠵᠤ ᠠᠵᠤ ᠠᠬᠤᠶᠢᠯᠠᠯ ᠠᠯᠤᠰᠯᠠᠨ ᠳᠡᠮᠵᠢᠨ ᠲᠤᠰᠠᠯᠠᠨ᠎ᠠ᠃ 2 ᠴᠠᠭ ᠠᠯᠤᠰᠯᠠᠬᠤ ᠪᠦᠷᠢ ᠵᠢᠯᠤᠭᠤᠳᠬᠤ ᠭᠠᠵᠠᠷ ᠪᠣᠯᠣᠨ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠲᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠪᠠᠶᠢᠳᠠᠯ ᠢᠶᠠᠨ ᠮᠡᠳᠡᠭᠦᠯᠦᠨ᠎ᠡ᠃

     ᠵᠢᠯᠤᠭᠤᠳᠬᠤ ᠭᠠᠵᠠᠷ ᠨᠢ ᠭᠡᠨᠡᠳᠡᠯ ᠤᠨ ᠬᠠᠮᠢᠶ᠎ᠠ ᠪᠦᠬᠦᠢ ᠮᠤᠵᠢ ︵ᠣᠷᠣᠨ᠂ ᠬᠤᠲᠠ︶ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠯᠦᠭᠡ ᠨᠡᠪᠲᠡᠷᠡᠯᠴᠡᠨ ᠬᠠᠷᠢᠯᠴᠠᠵᠤ᠂ ᠬᠥᠷᠰᠢ ᠵᠡᠷᠭᠡᠯᠡᠳᠡᠭᠡ ᠮᠤᠵᠢ ︵ᠣᠷᠣᠨ᠂ ᠬᠤᠲᠠ︶ ᠶᠢ ᠵᠣᠬᠢᠴᠠᠭᠤᠯᠤᠨ ᠬᠠᠷᠢᠶ᠎ᠠ ᠣᠷᠣᠨ ᠤ ᠪᠠᠨ ᠳᠣᠲᠣᠷᠠᠬᠢ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠩᠨᠡᠭᠡ ᠶᠢ ᠵᠣᠬᠢᠶᠠᠨ ᠪᠠᠶᠢᠭᠤᠯᠬᠤ ᠪᠠ ᠲᠣᠨᠤᠭ ᠲᠥᠬᠦᠭᠡᠷᠦᠮᠵᠢ ᠶᠢ ᠴᠤᠭᠯᠠᠷᠠᠭᠤᠯᠤᠨ ᠵᠠᠷᠯᠢᠭ ᠬᠦᠯᠢᠶᠡᠯᠭᠡᠵᠦ᠂ ᠴᠢᠮᠡᠭᠡ ᠬᠤᠯᠪᠣᠭᠠᠨ ᠤ ᠵᠠᠪᠳᠤᠨ ᠵᠠᠰᠠᠬᠤ ᠶᠢ ᠪᠠᠲᠤᠯᠠᠬᠤ ᠪᠠ ᠮᠤᠵᠢ ︵ᠣᠷᠣᠨ᠂ ᠬᠤᠲᠠ︶ ᠠᠯᠤᠰᠯᠠᠨ ᠳᠡᠮᠵᠢᠨ ᠲᠤᠰᠠᠯᠠᠬᠤ ᠳᠤ ᠬᠠᠮᠵᠢᠯᠴᠠᠬᠤ ᠪᠠᠷ ᠪᠡᠯᠡᠳᠬᠡᠨ᠎ᠡ᠃

     ᠲᠤᠬᠠᠢ ᠶᠢᠨ ᠲᠠᠯᠠᠪᠤᠷ ᠤᠨ ᠲᠦᠷ ᠴᠠᠭ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠰᠠᠨᠠᠭᠠᠴᠢᠯᠠᠭ᠎ᠠ ᠠᠴᠠ ᠪᠠᠨ ᠣᠶᠢᠯᠠᠭᠠᠨ᠎ᠠ᠄

     ︵1︶ ᠲᠤᠬᠠᠢ ᠶᠢᠨ ᠲᠠᠯᠠᠪᠤᠷ ᠤᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠤᠨ ᠲᠥᠰᠥᠯ ᠢ ᠰᠤᠳᠤᠯᠤᠨ ᠲᠣᠭᠲᠠᠭᠠᠵᠤ᠂ ᠵᠠᠮ ᠬᠠᠷᠢᠯᠴᠠᠭ᠎ᠠ ᠲᠡᠭᠡᠭᠡᠪᠦᠷᠢ᠂ ᠴᠠᠬᠢᠯᠭᠠᠨ ᠬᠦᠴᠦᠨ᠂ ᠡᠨᠧᠷᠭᠢ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠨᠢᠭᠡᠴᠢ ᠯᠦᠭᠡ ᠶᠢᠨ ᠵᠣᠬᠢᠴᠠᠭᠤᠯᠤᠨ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠵᠦ᠂ ᠬᠡᠷᠡᠭ ᠶᠠᠪᠤᠳᠠᠯ ᠭᠠᠷᠤᠭᠰᠠᠨ ᠲᠤᠬᠠᠢ ᠶᠢᠨ ᠲᠠᠯᠠᠪᠤᠷ ᠤᠨ ᠴᠢᠬᠤᠯᠠ ᠴᠢᠮᠡᠭᠡ ᠬᠤᠯᠪᠣᠭ᠎ᠠ ᠶᠢᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠨ᠎ᠠ᠃

     ︵2︶ ᠠᠵᠤ ᠠᠬᠤᠶᠢᠯᠠᠯ ᠠᠯᠤᠰᠯᠠᠭᠰᠠᠨ ᠲᠤᠬᠠᠢ ᠶᠢᠨ ᠲᠠᠯᠠᠪᠤᠷ ᠤᠨ ᠴᠢᠮᠡᠭᠡ ᠬᠤᠯᠪᠣᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠢ ᠵᠢᠯᠤᠭᠤᠳᠴᠤ ᠵᠣᠬᠢᠶᠠᠨ ᠪᠠᠶᠢᠭᠤᠯᠵᠤ ᠵᠣᠬᠢᠴᠠᠭᠤᠯᠤᠨ᠂ ᠲᠤᠬᠠᠢ ᠶᠢᠨ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠡᠩᠨᠡᠭᠡ ᠪᠠ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠲᠣᠬᠢᠷᠠᠭᠤᠯᠤᠨ᠎ᠠ᠃

     ︵3︶ ᠲᠤᠬᠠᠢ ᠶᠢᠨ ᠲᠠᠯᠠᠪᠤᠷ ᠤᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠤᠨ ᠬᠠᠮᠢᠶ᠎ᠠ ᠪᠦᠬᠦᠢ ᠪᠠᠶᠢᠳᠠᠯ ᠢ ᠴᠠᠭ ᠲᠤᠬᠠᠢ ᠳᠤ ᠨᠢ ᠴᠤᠭᠯᠠᠭᠤᠯᠤᠨ ᠬᠤᠷᠢᠶᠠᠩᠭᠤᠶᠢᠯᠠᠬᠤ ᠶᠢᠨ ᠬᠠᠮᠲᠤ ᠵᠢᠯᠤᠭᠤᠳᠬᠤ ᠭᠠᠵᠠᠷ ᠲᠤ ᠮᠡᠳᠡᠭᠦᠯᠦᠨ ᠬᠦᠷᠭᠡᠨ᠎ᠡ᠃

     ︵4︶ ᠬᠡᠷᠡᠭ ᠶᠠᠪᠤᠳᠠᠯ ᠤᠨ ᠬᠥᠭᠵᠢᠯᠲᠡ ᠪᠠ ᠴᠢᠮᠡᠭᠡ ᠬᠤᠯᠪᠣᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠪᠠᠶᠢᠳᠠᠯ ᠢ ᠦᠨᠳᠦᠰᠦᠯᠡᠨ᠂ ᠵᠢᠯᠤᠭᠤᠳᠬᠤ ᠭᠠᠵᠠᠷ ᠲᠤ ᠴᠡᠷᠢᠭ ᠠᠩᠭᠢ ᠶᠢᠨ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠬᠦᠴᠦᠨ ᠢ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠪᠠᠨ ᠳᠤᠷᠠᠳᠤᠨ ᠭᠠᠷᠭᠠᠨ᠎ᠠ᠃

     4.4 Ⅱ ᠳᠡᠰ ᠤᠨ ᠪᠠᠴᠢᠮ ᠪᠠᠶᠢᠳᠠᠯ ᠤᠨ ᠠᠷᠭᠠᠴᠠᠭᠠᠯᠲᠠ ᠶᠢ ᠤᠷᠢᠶᠠᠯᠠᠨ ᠳᠠᠭᠠᠬᠤ

     4.4.1 ᠡᠬᠢᠯᠡᠭᠦᠯᠬᠦ ᠨᠥᠬᠦᠴᠡᠯ

     ᠳᠣᠣᠷᠠᠬᠢ ᠪᠠᠶᠢᠳᠠᠯ ᠤᠨ ᠨᠢᠭᠡ ᠨᠢ ᠭᠠᠷᠪᠠᠯ᠂ ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ Ⅱ ᠲᠠᠰ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠡᠬᠢᠯᠡᠭᠦᠯᠦᠨ᠎ᠡ᠄

     ︵1︶ ᠨᠡᠶᠢᠲᠡ ᠣᠯᠠᠨ ᠤ ᠴᠢᠮᠡᠭᠡ ᠬᠤᠯᠪᠣᠭᠠᠨ ᠤ ᠰᠦᠯᠵᠢᠶ᠎ᠡ ᠶᠢᠨ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠭᠤᠣᠯ ᠵᠠᠮ ᠱᠤᠭᠤᠮ ᠤᠨ ᠲᠣᠣᠷ ᠰᠦᠯᠵᠢᠶ᠎ᠡ ᠲᠠᠰᠤᠯᠳᠠᠭᠰᠠᠨ᠂ ᠮᠤᠵᠢ ᠶᠢᠨ ᠳᠡᠰ ᠤᠨ ᠴᠢᠬᠤᠯᠠ ᠴᠢᠮᠡᠭᠡ ᠬᠤᠯᠪᠣᠭᠠᠨ ᠤ ᠭᠤᠣᠯ ᠵᠠᠩᠭᠢᠯᠠᠭ᠎ᠠ ᠶᠢᠨ ᠠᠰᠠᠷ ᠡᠪᠳᠡᠭᠳᠡᠭᠰᠡᠨ ᠵᠡᠷᠭᠡ ᠠᠴᠠ ᠪᠣᠯᠵᠤ᠂ ᠥᠪᠡᠷᠲᠡᠭᠡᠨ ᠵᠠᠰᠠᠬᠤ ᠣᠷᠣᠨ ᠤ ᠳᠣᠲᠣᠷᠠᠬᠢ 2 ᠵᠢᠴᠢ ᠲᠡᠭᠦᠨ ᠠᠴᠠ ᠳᠡᠭᠡᠭᠰᠢᠬᠢ ᠠᠶᠢᠮᠠᠭ ᠬᠤᠲᠠ ᠶᠢᠨ ᠴᠢᠮᠡᠭᠡ ᠬᠤᠯᠪᠣᠭ᠎ᠠ ᠨᠢ ᠶᠡᠭᠡ ᠬᠡᠪᠴᠢᠶ᠎ᠡ ᠪᠠᠷ ᠲᠠᠰᠤᠯᠳᠠᠬᠤ ᠶᠢ ᠪᠣᠯᠭᠠᠭᠰᠠᠨ᠃

     ︵2︶ ︽ᠴᠠᠬᠢᠯᠭᠠᠨ ᠬᠤᠯᠪᠣᠭᠠᠨ ᠤ ᠲᠣᠣᠷ ᠰᠦᠯᠵᠢᠶ᠎ᠡ ᠶᠢᠨ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ︾ ᠳᠠᠬᠢ ᠬᠦᠨᠳᠦ ᠶᠡᠭᠡ ᠭᠡᠨᠡᠳᠡᠯ ᠢ ᠬᠤᠪᠢᠶᠠᠷᠢᠯᠠᠬᠤ ᠨᠥᠬᠦᠴᠡᠯ ᠢ ᠬᠠᠩᠭᠠᠭᠰᠠᠨ᠃

     ︵3︶ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠨᠢ  Ⅱ ᠳᠡᠰ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠡᠬᠢᠯᠡᠭᠦᠯᠬᠦ ᠶᠢ ᠤᠷᠢᠶᠠᠯᠠᠨ ᠳᠠᠭᠠᠬᠤ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠠᠢ ᠬᠤᠯᠪᠣᠭᠳᠠᠭᠰᠠᠨ᠃

     4.4.2 Ⅱ ᠳᠡᠰ ᠤᠨ ᠤᠷᠢᠶᠠᠯᠠᠨ ᠳᠠᠭᠠᠬᠤ ᠠᠵᠢᠯᠯᠠᠭ᠎ᠠ ᠶᠢ ᠡᠬᠢᠯᠡᠭᠦᠯᠬᠦ

     ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠠᠴᠠ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠤᠨ ᠵᠠᠳᠠᠯᠤᠯᠲᠠ ᠬᠢᠵᠦ ᠦᠨᠡᠯᠡᠨ ᠵᠢᠱᠢᠵᠦ᠂ ᠭᠠᠮᠰᠢᠭ ᠤᠨ ᠪᠠᠶᠢᠳᠠᠯ ᠪᠤᠶᠤ ᠬᠡᠷᠡᠭ ᠶᠠᠪᠤᠳᠠᠯ ᠨᠢ ᠡᠬᠢᠯᠡᠭᠦᠯᠬᠦ ᠪᠠᠷᠢᠮᠵᠢᠶ᠎ᠠ ᠳᠤ ᠬᠦᠷᠦᠭᠰᠡᠨ ᠢᠶᠠᠷ ᠮᠠᠭᠠᠳᠯᠠᠨ ᠲᠣᠭᠲᠠᠭᠠᠵᠤ᠂ ᠵᠢᠯᠤᠭᠤᠳᠬᠤ ᠭᠠᠵᠠᠷ ᠲᠤ Ⅱ ᠲᠠᠰ ᠤᠨ ᠤᠷᠢᠶᠠᠯᠠᠨ ᠳᠠᠭᠠᠬᠤ ᠶᠢ ᠡᠬᠢᠯᠡᠭᠦᠯᠬᠦ ᠰᠠᠨᠠᠭᠤᠯᠭ᠎ᠠ ᠳᠤᠷᠠᠳᠤᠨ᠎ᠠ᠃

     ᠵᠢᠯᠤᠭᠤᠳᠬᠤ ᠭᠠᠵᠠᠷ ᠠᠴᠠ Ⅱ ᠲᠠᠰ ᠤᠨ ᠤᠷᠢᠶᠠᠯᠠᠨ ᠳᠠᠭᠠᠬᠤ ᠶᠢ ᠡᠬᠢᠯᠡᠭᠦᠯᠬᠦ ᠪᠠᠷ ᠲᠣᠭᠲᠠᠵᠤ᠂ ᠳᠡᠳ᠋ ᠵᠢᠯᠤᠭᠤᠳᠬᠤ ᠳᠠᠷᠤᠭ᠎ᠠ ᠪᠠᠴᠢᠮ ᠪᠠᠶᠢᠳᠠᠯ ᠢ ᠠᠷᠭᠠᠴᠠᠭᠠᠬᠤ ᠶᠢ ᠤᠷᠢᠶᠠᠯᠠᠨ ᠳᠠᠭᠠᠬᠤ ᠵᠠᠷᠯᠢᠭ ᠲᠤ ᠭᠠᠷ ᠤᠨ ᠥᠰᠥᠭ ᠵᠢᠷᠤᠵᠤ ᠶᠢᠨ ᠬᠠᠮᠲᠤ ᠡᠯ᠎ᠡ ᠪᠦᠷᠢᠯᠳᠦᠭᠦᠨ ᠨᠢᠭᠡᠴᠢ ᠳᠤ ᠮᠡᠳᠡᠭᠳᠡᠨ᠎ᠡ᠃

     4.4.3 Ⅱ ᠳᠡᠰ ᠤᠨ ᠤᠷᠢᠶᠠᠯᠠᠨ ᠳᠠᠭᠠᠬᠤ ᠠᠵᠢᠯᠯᠠᠭᠠᠨ

     ᠵᠢᠯᠤᠭᠤᠳᠬᠤ ᠭᠠᠵᠠᠷ᠂ ᠬᠠᠮᠢᠶ᠎ᠠ ᠪᠦᠬᠦᠢ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ 24 ᠴᠠᠭ ᠢᠶᠠᠷ ᠵᠢᠵᠢᠭᠦᠷᠯᠡᠬᠦ ᠶᠢ ᠡᠬᠢᠯᠡᠭᠦᠯᠦᠨ᠎ᠡ᠃

     ᠵᠢᠯᠤᠭᠤᠳᠬᠤ ᠭᠠᠵᠠᠷ ᠠᠴᠠ ᠵᠣᠬᠢᠶᠠᠨ ᠪᠠᠶᠢᠭᠤᠯᠤᠨ ᠵᠥᠪᠳᠡᠯᠴᠡᠵᠦ᠂ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠤᠨ ᠬᠠᠷᠠᠯᠲᠠ ᠪᠣᠯᠣᠨ ᠲᠥᠰᠥᠯ ᠢ ᠲᠣᠭᠲᠠᠭᠠᠨ᠎ᠠ᠃ ᠠᠶᠢᠮᠠᠭ ᠬᠤᠲᠠ ᠠᠯᠤᠰᠯᠠᠭᠰᠠᠨ᠂ ᠠᠵᠤ ᠠᠬᠤᠶᠢᠯᠠᠯ ᠠᠯᠤᠰᠯᠠᠭᠰᠠᠨ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭ᠎ᠠ ᠶᠢᠨ ᠪᠠᠲᠤᠯᠠᠭ᠎ᠠ ᠶᠢᠨ ᠡᠩᠨᠡᠭᠡ ᠵᠢᠴᠢ ᠪᠠᠴᠢᠮ ᠪᠠᠶᠢᠳᠠᠯ ᠢ ᠠᠷᠭᠠᠴᠠᠭᠠᠬᠤ ᠲᠣᠨᠤᠭ ᠲᠥᠬᠦᠭᠡᠷᠦᠮᠵᠢ ᠶᠢ ᠰᠢᠯᠵᠢᠭᠦᠯᠦᠨ ᠬᠡᠷᠡᠭᠯᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠤᠰᠤᠨ ᠠᠰᠢᠭᠯᠠᠯᠲᠠ᠂ ᠭᠠᠵᠠᠷ ᠬᠥᠳᠡᠯᠦᠯᠲᠡ᠂ ᠴᠠᠭ ᠠᠭᠤᠷ᠂ ᠳᠣᠲᠣᠭᠠᠳᠤ ᠶᠢ ᠬᠠᠮᠠᠭᠠᠯᠠᠬᠤ᠂ ᠵᠡᠪᠰᠡᠭᠲᠦ ᠴᠠᠭᠳᠠᠭ᠎ᠠ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ ᠨᠢᠭᠡᠴᠢ ᠨᠦᠭᠦᠳ ᠨᠡᠪᠲᠡᠷᠡᠯᠴᠡᠨ ᠬᠠᠮᠵᠢᠯᠴᠠᠬᠤ ᠪᠠᠨ ᠴᠢᠩᠭᠠᠳᠬᠠᠵᠤ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠤᠬᠠᠭᠤᠯᠭ᠎ᠠ ᠶᠢᠨ ᠲᠥᠷᠥᠯᠵᠢᠯ ᠢ ᠨᠡᠶᠢᠲᠡᠯᠡᠨ᠎ᠡ᠃

     ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠠᠴᠠ ᠵᠢᠯᠤᠭᠤᠳᠬᠤ ᠭᠠᠵᠠᠷ ᠤᠨ ᠰᠢᠢᠳᠪᠦᠷᠢᠲᠦ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠳᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠭᠦᠷᠭᠡ ᠪᠠᠭᠤᠯᠭᠠᠬᠤ ᠶᠢᠨ ᠬᠠᠮᠲᠤ ᠰᠢᠮᠳᠠᠭᠤᠯᠤᠨ ᠨᠠᠶᠢᠳᠠᠪᠤᠷᠢᠵᠢᠭᠤᠯᠤᠨ᠎ᠠ᠃ ᠬᠠᠮᠢᠶ᠎ᠠ ᠪᠦᠬᠦᠢ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠤᠳ ᠲᠣᠰ ᠠᠵᠤ ᠠᠬᠤᠶᠢᠯᠠᠯ ᠤᠨ ᠢᠶᠠᠨ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠡᠬᠢᠯᠡᠭᠦᠯᠬᠦ ᠶᠢᠨ ᠬᠠᠮᠲᠤ ᠵᠢᠯᠤᠭᠤᠳᠬᠤ ᠭᠠᠵᠠᠷ ᠤᠨ ᠱᠠᠭᠠᠷᠳᠠᠯᠭ᠎ᠠ ᠶᠣᠰᠣᠭᠠᠷ᠂ ᠪᠠᠲᠤᠯᠠᠭ᠎ᠠ ᠶᠢᠨ ᠡᠩᠨᠡᠭᠡ ᠲᠣᠮᠢᠯᠠᠨ ᠠᠵᠤ ᠠᠬᠤᠶᠢᠯᠠᠯ ᠠᠯᠤᠰᠯᠠᠨ ᠳᠡᠮᠵᠢᠨ ᠲᠤᠰᠠᠯᠠᠨ᠎ᠠ᠃ ᠬᠠᠮᠢᠶ᠎ᠠ ᠪᠦᠬᠦᠢ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠨᠢ 4 ᠴᠠᠭ ᠠᠯᠤᠰᠯᠠᠬᠤ ᠪᠦᠷᠢ ᠵᠢᠯᠤᠭᠤᠳᠬᠤ ᠭᠠᠵᠠᠷ ᠪᠣᠯᠣᠨ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠲᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠪᠠᠶᠢᠳᠠᠯ ᠢᠶᠠᠨ ᠮᠡᠳᠡᠭᠦᠯᠦᠨ᠎ᠡ᠃

     ᠴᠢᠬᠤᠯᠠ ᠲᠠᠢ ᠦᠶ᠎ᠡ ᠳᠤ᠂ ᠲᠤᠬᠠᠢ ᠶᠢᠨ ᠲᠠᠯᠠᠪᠤᠷ ᠤᠨ ᠲᠦᠷ ᠴᠠᠭ ᠤᠨ ᠤᠳᠤᠷᠢᠳᠬᠤ ᠳᠤᠭᠤᠶᠢᠯᠠᠩ  ᠪᠠᠶᠢᠭᠤᠯᠵᠤ᠂ ᠴᠢᠮᠡᠭᠡ ᠬᠤᠯᠪᠣᠭᠠᠨ ᠤ ᠲᠤᠬᠠᠢ ᠶᠢᠨ ᠲᠠᠯᠠᠪᠤᠷ ᠤᠨ ᠪᠠᠲᠤᠯᠠᠭ᠎ᠠ ᠶᠢᠨ ᠵᠣᠬᠢᠶᠠᠨ ᠪᠠᠶᠢᠭᠤᠯᠬᠤ᠂ ᠵᠣᠬᠢᠴᠠᠭᠤᠯᠬᠤ ᠠᠵᠢᠯ ᠢ ᠬᠠᠷᠢᠭᠤᠴᠠᠭᠤᠯᠤᠨ᠎ᠠ᠃

     4. 5 Ⅲ ᠲᠠᠰ ᠤᠨ ᠪᠠᠴᠢᠮ ᠪᠠᠶᠢᠳᠠᠯ ᠤᠨ ᠠᠷᠭᠠᠴᠠᠭᠠᠯᠲᠠ ᠶᠢ ᠤᠷᠢᠶᠠᠯᠠᠨ ᠳᠠᠭᠠᠬᠤ

     4.5.1 ᠡᠬᠢᠯᠡᠭᠦᠯᠬᠦ ᠨᠥᠬᠦᠴᠡᠯ

     ᠳᠣᠣᠷᠠᠬᠢ ᠪᠠᠶᠢᠳᠠᠯ ᠤᠨ ᠨᠢᠭᠡ ᠨᠢ ᠭᠠᠷᠪᠠᠯ᠂ ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ Ⅲ ᠲᠠᠰ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠡᠬᠢᠯᠡᠭᠦᠯᠦᠨ᠎ᠡ᠄

     ︵1︶ ᠨᠡᠶᠢᠲᠡ ᠣᠯᠠᠨ ᠤ ᠴᠢᠮᠡᠭᠡ ᠬᠤᠯᠪᠣᠭᠠᠨ ᠤ ᠰᠦᠯᠵᠢᠶ᠎ᠡ ᠶᠢᠨ ᠠᠶᠢᠮᠠᠭ ᠬᠤᠲᠠ ᠶᠢᠨ ᠳᠡᠰ ᠤᠨ ᠲᠣᠣᠷ ᠰᠦᠯᠵᠢᠶ᠎ᠡ ᠲᠠᠰᠤᠯᠳᠠᠭᠰᠠᠨ᠂ ᠠᠶᠢᠮᠠᠭ ᠬᠤᠲᠠ ᠶᠢᠨ ᠳᠡᠰ ᠤᠨ ᠴᠢᠬᠤᠯᠠ ᠴᠢᠮᠡᠭᠡ ᠬᠤᠯᠪᠣᠭᠠᠨ ᠤ ᠭᠤᠣᠯ ᠵᠠᠩᠭᠢᠯᠠᠭ᠎ᠠ ᠶᠢᠨ ᠠᠰᠠᠷ ᠡᠪᠳᠡᠭᠳᠡᠭᠰᠡᠨ ᠵᠡᠷᠭᠡ ᠠᠴᠠ ᠪᠣᠯᠵᠤ᠂ ᠲᠣᠰ ᠭᠠᠵᠠᠷ ᠣᠷᠣᠨ ᠤ ᠴᠢᠮᠡᠭᠡ ᠬᠤᠯᠪᠣᠭ᠎ᠠ ᠶᠡᠭᠡ ᠬᠡᠪᠴᠢᠶ᠎ᠡ ᠪᠠᠷ ᠲᠠᠰᠤᠯᠳᠠᠬᠤ ᠶᠢ ᠪᠣᠯᠭᠠᠭᠰᠠᠨ᠃

     ︵2︶ ︽ᠴᠠᠬᠢᠯᠭᠠᠨ ᠬᠤᠯᠪᠣᠭᠠᠨ ᠤ ᠲᠣᠣᠷ ᠰᠦᠯᠵᠢᠶ᠎ᠡ ᠶᠢᠨ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ︾ ᠳᠠᠬᠢ ᠨᠡᠯᠢᠶᠡᠳ ᠶᠡᠭᠡ ᠭᠡᠨᠡᠳᠡᠯ ᠢ ᠬᠤᠪᠢᠶᠠᠷᠢᠯᠠᠬᠤ ᠨᠥᠬᠦᠴᠡᠯ ᠢ ᠬᠠᠩᠭᠠᠭᠰᠠᠨ᠃

     ︵3︶ ᠤᠯᠤᠰ ᠠᠴᠠ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ  Ⅲ ᠳᠡᠰ ᠤᠨ ᠪᠠᠴᠢᠮ ᠪᠠᠶᠢᠳᠠᠯ ᠤᠨ ᠠᠷᠭᠠᠴᠠᠭᠠᠬᠤ ᠠᠵᠢᠯᠯᠠᠭ᠎ᠠ ᠶᠢ ᠡᠬᠢᠯᠡᠭᠦᠯᠬᠦ ᠶᠢ ᠤᠷᠢᠶᠠᠯᠠᠨ ᠳᠠᠭᠠᠬᠤ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠠᠢ ᠬᠤᠯᠪᠣᠭᠳᠠᠭᠰᠠᠨ᠃

     4.5.2 Ⅲ ᠳᠡᠰ ᠤᠨ ᠤᠷᠢᠶᠠᠯᠠᠨ ᠳᠠᠭᠠᠬᠤ ᠠᠵᠢᠯᠯᠠᠭ᠎ᠠ ᠶᠢ ᠡᠬᠢᠯᠡᠭᠦᠯᠬᠦ

     ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠠᠴᠠ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠤᠨ ᠵᠠᠳᠠᠯᠤᠯᠲᠠ ᠬᠢᠵᠦ ᠦᠨᠡᠯᠡᠨ ᠵᠢᠱᠢᠵᠦ᠂ ᠭᠠᠮᠰᠢᠭ ᠤᠨ ᠪᠠᠶᠢᠳᠠᠯ ᠪᠤᠶᠤ ᠬᠡᠷᠡᠭ ᠶᠠᠪᠤᠳᠠᠯ ᠨᠢ ᠡᠬᠢᠯᠡᠭᠦᠯᠬᠦ ᠪᠠᠷᠢᠮᠵᠢᠶ᠎ᠠ ᠳᠤ ᠬᠦᠷᠦᠭᠰᠡᠨ ᠢ ᠮᠠᠭᠠᠳᠯᠠᠨ ᠲᠣᠭᠲᠠᠭᠠᠭᠰᠠᠨ ᠤ ᠳᠠᠷᠠᠭ᠎ᠠ᠂ Ⅲ ᠲᠠᠰ ᠤᠨ ᠤᠷᠢᠶᠠᠯᠠᠨ ᠳᠠᠭᠠᠬᠤ ᠶᠢ ᠡᠬᠢᠯᠡᠭᠦᠯᠬᠦ ᠪᠠᠷ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠤᠨ ᠡᠷᠬᠢᠯᠡᠭᠴᠢ ᠠᠴᠠ ᠪᠠᠴᠢᠮ ᠪᠠᠶᠢᠳᠠᠯ ᠢ ᠠᠷᠭᠠᠴᠠᠭᠠᠬᠤ ᠶᠢ ᠤᠷᠢᠶᠠᠯᠠᠨ ᠳᠠᠭᠠᠬᠤ ᠵᠠᠷᠯᠢᠭ ᠲᠤ ᠭᠠᠷ ᠤᠨ ᠥᠰᠥᠭ ᠵᠢᠷᠤᠬᠤ ᠶᠢᠨ ᠬᠠᠮᠲᠤ ᠡᠯ᠎ᠡ ᠪᠦᠷᠢᠯᠳᠦᠭᠦᠨ ᠨᠢᠭᠡᠴᠢ ᠳᠤ ᠮᠡᠳᠡᠭᠳᠡᠨ᠎ᠡ᠃

     4.5.3 Ⅲ ᠳᠡᠰ ᠤᠨ ᠤᠷᠢᠶᠠᠯᠠᠨ ᠳᠠᠭᠠᠬᠤ ᠠᠵᠢᠯᠯᠠᠭᠠᠨ

     ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ᠂ ᠬᠠᠮᠢᠶ᠎ᠠ ᠪᠦᠬᠦᠢ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ 24 ᠴᠠᠭ ᠢᠶᠠᠷ ᠵᠢᠵᠢᠭᠦᠷᠯᠡᠬᠦ ᠶᠢ ᠡᠬᠢᠯᠡᠭᠦᠯᠦᠨ᠎ᠡ᠃

     ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠠᠴᠠ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠤᠨ ᠬᠠᠮᠢᠶ᠎ᠠ ᠪᠦᠬᠦᠢ ᠮᠡᠳᠡᠭᠡ ᠵᠠᠩᠭᠢ ᠳᠤ ᠵᠠᠳᠠᠯᠤᠯᠲᠠ ᠬᠢᠵᠦ ᠦᠨᠡᠯᠡᠨ ᠵᠢᠱᠢᠵᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠷᠭ᠎ᠠ ᠪᠣᠳᠣᠯᠭ᠎ᠠ ᠪᠠ ᠲᠥᠰᠥᠯ ᠤᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠵᠢᠯᠤᠭᠤᠳᠬᠤ ᠭᠠᠵᠠᠷ ᠲᠤ ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠢ ᠳᠤ ᠨᠢ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭ᠎ᠠ ᠶᠢᠨ ᠪᠠᠲᠤᠯᠠᠭ᠎ᠠ ᠶᠢᠨ ᠤᠬᠠᠭᠤᠯᠭ᠎ᠠ ᠶᠢᠨ ᠲᠥᠷᠥᠯᠵᠢᠯ ᠢ ᠨᠡᠶᠢᠲᠡᠯᠡᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠠᠴᠠ ᠬᠠᠮᠢᠶ᠎ᠠ ᠪᠦᠬᠦᠢ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠳᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠭᠦᠷᠭᠡ ᠪᠠᠭᠤᠯᠭᠠᠬᠤ ᠶᠢᠨ ᠬᠠᠮᠲᠤ ᠰᠢᠮᠳᠠᠭᠤᠯᠤᠨ ᠨᠠᠶᠢᠳᠠᠪᠤᠷᠢᠵᠢᠭᠤᠯᠤᠨ᠎ᠠ᠃

     ᠬᠡᠷᠡᠭ ᠶᠠᠪᠤᠳᠠᠯ ᠭᠠᠷᠤᠭᠰᠠᠨ ᠭᠠᠵᠠᠷ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠤᠬᠠᠢ ᠶᠢᠨ ᠭᠠᠵᠠᠷ ᠤᠨ ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠠᠵᠢᠯᠯᠠᠭᠠᠨ ᠤ ᠪᠠᠶᠢᠳᠠᠯ᠂ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠩᠨᠡᠭᠡ᠂ ᠲᠤᠨᠤᠭ ᠲᠥᠬᠦᠭᠡᠷᠦᠮᠵᠢ ᠵᠡᠷᠭᠡ ᠡᠬᠢ ᠪᠠᠶᠠᠯᠢᠭ ᠪᠣᠯᠣᠨ ᠲᠤᠬᠠᠢ ᠶᠢᠨ ᠲᠠᠯᠠᠪᠤᠷ ᠤᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠢ ᠳᠤ ᠨᠢ ᠣᠶᠢᠯᠠᠭᠠᠵᠤ᠂ ᠬᠠᠪᠰᠤᠷᠤᠯᠭ᠎ᠠ ᠳᠡᠮᠵᠢᠯᠭᠡ ᠦᠵᠡᠭᠦᠯᠦᠨ᠎ᠡ᠃ ᠬᠠᠮᠢᠶ᠎ᠠ ᠪᠦᠬᠦᠢ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠤᠳ ᠲᠣᠰ ᠠᠵᠤ ᠠᠬᠤᠶᠢᠯᠠᠯ ᠤᠨ ᠢᠶᠠᠨ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠡᠬᠢᠯᠡᠭᠦᠯᠬᠦ ᠶᠢᠨ ᠬᠠᠮᠲᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠩᠨᠡᠭᠡ ᠶᠢᠨ ᠠᠵᠤ ᠠᠬᠤᠶᠢᠯᠠᠯ ᠠᠯᠤᠰᠯᠠᠨ ᠳᠡᠮᠵᠢᠨ ᠲᠤᠰᠠᠯᠠᠬᠤ ᠪᠡᠯᠡᠳᠬᠡᠯ ᠢ ᠰᠠᠶᠢᠲᠤᠷ ᠬᠢᠨ᠎ᠡ᠃ ᠬᠠᠮᠢᠶ᠎ᠠ ᠪᠦᠬᠦᠢ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠨᠢ ᠡᠳᠦᠷ ᠪᠦᠷᠢ 2 ᠤᠳᠠᠭ᠎ᠠ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠲᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠪᠠᠶᠢᠳᠠᠯ ᠢᠶᠠᠨ ᠮᠡᠳᠡᠭᠦᠯᠦᠨ᠎ᠡ᠃

     4.6 Ⅳ ᠳᠡᠰ ᠤᠨ ᠪᠠᠴᠢᠮ ᠪᠠᠶᠢᠳᠠᠯ ᠤᠨ ᠠᠷᠭᠠᠴᠠᠭᠠᠯᠲᠠ ᠶᠢ ᠤᠷᠢᠶᠠᠯᠠᠨ ᠳᠠᠭᠠᠬᠤ

     4.6.1 ᠡᠬᠢᠯᠡᠭᠦᠯᠬᠦ ᠨᠥᠬᠦᠴᠡᠯ

     ᠳᠣᠣᠷᠠᠬᠢ ᠪᠠᠶᠢᠳᠠᠯ ᠤᠨ ᠨᠢᠭᠡ ᠨᠢ ᠭᠠᠷᠪᠠᠯ᠂ ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ Ⅳ ᠲᠠᠰ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠡᠬᠢᠯᠡᠭᠦᠯᠦᠨ᠎ᠡ᠄

     ︵1︶ ᠨᠡᠶᠢᠲᠡ ᠣᠯᠠᠨ ᠤ ᠴᠢᠮᠡᠭᠡ ᠬᠤᠯᠪᠣᠭᠠᠨ ᠤ ᠰᠦᠯᠵᠢᠶ᠎ᠡ ᠶᠢᠨ ᠬᠤᠰᠢᠭᠤ ᠰᠢᠶᠠᠨ ᠤ ᠳᠡᠰ ᠤᠨ ᠲᠣᠣᠷ ᠰᠦᠯᠵᠢᠶ᠎ᠡ ᠲᠠᠰᠤᠯᠳᠠᠭᠰᠠᠨ ᠠᠴᠠ ᠪᠣᠯᠵᠤ ᠪᠥᠬᠦ ᠬᠤᠰᠢᠭᠤ ᠰᠢᠶᠠᠨ ︵ᠬᠤᠲᠠ᠂ ᠲᠣᠭᠤᠷᠢᠭ︶  ᠤ ᠴᠢᠮᠡᠭᠡ ᠬᠤᠯᠪᠣᠭ᠎ᠠ ᠶᠡᠭᠡ ᠬᠡᠪᠴᠢᠶ᠎ᠡ ᠪᠠᠷ ᠲᠠᠰᠤᠯᠳᠠᠬᠤ  ᠶᠢ ᠪᠣᠯᠭᠠᠭᠰᠠᠨ᠃

     ︵2︶ ︽ᠴᠠᠬᠢᠯᠭᠠᠨ ᠬᠤᠯᠪᠣᠭ᠎ᠠ ᠶᠢᠨ ᠲᠣᠣᠷ ᠰᠦᠯᠵᠢᠶᠡᠨ ᠤ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ︾ ᠳᠠᠬᠢ ᠡᠩ ᠤᠨ ᠭᠡᠨᠡᠳᠡᠯ ᠢ ᠬᠤᠪᠢᠶᠠᠷᠢᠯᠠᠬᠤ ᠨᠥᠬᠦᠴᠡᠯ ᠢ ᠬᠠᠩᠭᠠᠭᠰᠠᠨ᠃

     ︵3︶ ᠤᠯᠤᠰ ᠠᠴᠠ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ Ⅳ ᠳᠡᠰ ᠤᠨ ᠪᠠᠴᠢᠮ ᠪᠠᠶᠢᠳᠠᠯ ᠤᠨ ᠠᠷᠭᠠᠴᠠᠭᠠᠬᠤ ᠠᠵᠢᠯᠯᠠᠭ᠎ᠠ ᠶᠢ ᠡᠬᠢᠯᠡᠭᠦᠯᠬᠦ ᠶᠢ ᠤᠷᠢᠶᠠᠯᠠᠨ ᠳᠠᠭᠠᠬᠤ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠠᠢ ᠬᠤᠯᠪᠣᠭᠳᠠᠭᠰᠠᠨ᠃

     4.6.2 Ⅳ ᠳᠡᠰ ᠤᠨ ᠤᠷᠢᠶᠠᠯᠠᠨ ᠳᠠᠭᠠᠬᠤ ᠠᠵᠢᠯᠯᠠᠭ᠎ᠠ ᠶᠢ ᠡᠬᠢᠯᠡᠭᠦᠯᠬᠦ

     ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠠᠴᠠ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠤᠨ ᠵᠠᠳᠠᠯᠤᠯᠲᠠ ᠬᠢᠵᠦ ᠦᠨᠡᠯᠡᠨ ᠵᠢᠱᠢᠵᠦ᠂ ᠭᠠᠮᠰᠢᠭ ᠤᠨ ᠪᠠᠶᠢᠳᠠᠯ ᠪᠤᠶᠤ ᠬᠡᠷᠡᠭ ᠶᠠᠪᠤᠳᠠᠯ ᠨᠢ ᠡᠬᠢᠯᠡᠭᠦᠯᠬᠦ ᠪᠠᠷᠢᠮᠵᠢᠶ᠎ᠠ ᠳᠤ ᠬᠦᠷᠦᠭᠰᠡᠨ ᠢ ᠮᠠᠭᠠᠳᠯᠠᠨ ᠲᠣᠭᠲᠠᠭᠠᠭᠰᠠᠨ ᠤ ᠳᠠᠷᠠᠭ᠎ᠠ᠂ Ⅳ ᠲᠠᠰ ᠤᠨ ᠤᠷᠢᠶᠠᠯᠠᠨ ᠳᠠᠭᠠᠬᠤ ᠠᠵᠢᠯᠯᠠᠭ᠎ᠠ ᠶᠢ ᠡᠬᠢᠯᠡᠭᠦᠯᠬᠦ ᠪᠠᠷ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠤᠨ ᠳᠡᠳ᠋ ᠡᠷᠬᠢᠯᠡᠭᠴᠢ ᠠᠴᠠ ᠪᠠᠴᠢᠮ ᠪᠠᠶᠢᠳᠠᠯ ᠢ ᠠᠷᠭᠠᠴᠠᠭᠠᠬᠤ ᠶᠢ ᠤᠷᠢᠶᠠᠯᠠᠨ ᠳᠠᠭᠠᠬᠤ ᠵᠠᠷᠯᠢᠭ ᠲᠤ ᠭᠠᠷ ᠤᠨ ᠥᠰᠥᠭ ᠵᠢᠷᠤᠬᠤ ᠶᠢᠨ ᠬᠠᠮᠲᠤ ᠡᠯ᠎ᠡ ᠪᠦᠷᠢᠯᠳᠦᠭᠦᠨ ᠨᠢᠭᠡᠴᠢ ᠳᠤ ᠮᠡᠳᠡᠭᠳᠡᠨ᠎ᠡ᠃

     4.6.3 Ⅳ ᠳᠡᠰ ᠤᠨ ᠤᠷᠢᠶᠠᠯᠠᠨ ᠳᠠᠭᠠᠬᠤ ᠠᠵᠢᠯᠯᠠᠭᠠᠨ

     ᠬᠠᠮᠢᠶ᠎ᠠ ᠪᠦᠬᠦᠢ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ 24 ᠴᠠᠭ ᠢᠶᠠᠷ ᠵᠢᠵᠢᠭᠦᠷᠯᠡᠬᠦ ᠶᠢ ᠡᠬᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠲᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠮᠡᠳᠡᠭᠦᠯᠦᠨ᠎ᠡ᠃ ᠬᠡᠷᠡᠭ ᠶᠠᠪᠤᠳᠠᠯ ᠭᠠᠷᠤᠭᠰᠠᠨ ᠭᠠᠵᠠᠷ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠬᠠᠮᠢᠶ᠎ᠠ ᠪᠦᠬᠦᠢ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠨᠢ ᠲᠤᠬᠠᠢ ᠶᠢᠨ ᠭᠠᠵᠠᠷ ᠤᠨ ᠴᠠᠬᠢᠯᠭᠠᠨ ᠬᠤᠯᠪᠣᠭᠠᠨ ᠤ ᠡᠵᠡᠩᠨᠡᠯᠲᠡ ᠶᠢᠨ ᠠᠵᠤ ᠠᠬᠤᠶᠢᠯᠠᠯ ᠢ ᠵᠢᠯᠣᠭᠤᠳᠤᠨ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢ ᠰᠠᠶᠢᠲᠤᠷ ᠬᠢᠯᠭᠡᠨ᠎ᠡ᠃ ᠬᠠᠮᠢᠶ᠎ᠠ ᠪᠦᠬᠦᠢ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠡᠳᠦᠷ ᠪᠦᠷᠢ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠲᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠪᠠᠶᠢᠳᠠᠯ ᠢᠶᠠᠨ ᠮᠡᠳᠡᠭᠦᠯᠦᠨ᠎ᠡ᠃

     4.7 ᠴᠢᠮᠡᠭᠡ ᠬᠤᠯᠪᠣᠭᠠᠨ ᠤ ᠪᠠᠲᠤᠯᠠᠭ᠎ᠠ ᠪᠠ ᠵᠠᠪᠳᠤᠨ ᠵᠠᠰᠠᠵᠤ ᠰᠡᠷᠭᠦᠭᠡᠬᠦ ᠵᠠᠷᠴᠢᠮ

     ᠡᠯ᠎ᠡ ᠰᠠᠯᠠᠭ᠎ᠠ ᠮᠥᠴᠢᠷ ᠨᠢᠭᠡᠴᠢ ᠨᠢ ᠴᠢᠮᠡᠭᠡ ᠬᠤᠯᠪᠣᠭᠠᠨ ᠤ ᠪᠠᠲᠤᠯᠠᠭ᠎ᠠ ᠪᠠ ᠵᠠᠪᠳᠤᠨ  ᠵᠠᠰᠠᠵᠤ ᠰᠡᠷᠭᠦᠭᠡᠬᠦ ᠠᠵᠢᠯ ᠢ ᠭᠦᠢᠴᠡᠳᠬᠡᠬᠦ ᠳᠤ ᠪᠠᠨ ᠬᠥᠮᠥᠨ ᠤ ᠪᠡᠶ᠎ᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠤᠷᠢᠳ ᠢᠶᠠᠷ ᠲᠥᠪ ᠬᠤᠷᠢᠶ᠎ᠠ ᠳᠠᠷᠠᠭ᠎ᠠ ᠨᠢ ᠣᠷᠣᠨ ᠨᠤᠲᠤᠭ᠂ ᠤᠷᠢᠳ ᠢᠶᠠᠷ ᠭᠤᠣᠯᠳᠠᠯᠭ᠎ᠠ ᠲᠠᠢ ᠶᠢ ᠨᠢ ᠲᠠᠷᠠᠭ᠎ᠠ ᠨᠢ ᠡᠩ ᠤᠨ ᠬᠢ ᠶᠢ᠂ ᠤᠷᠢᠳ ᠢᠶᠠᠷ ᠵᠠᠪᠳᠤᠨ ᠨᠠᠪᠲᠠᠷᠡᠭᠦᠯᠵᠦ ᠲᠠᠷᠠᠭ᠎ᠠ ᠨᠢ ᠵᠠᠰᠠᠵᠤ ᠰᠡᠷᠭᠦᠭᠡᠬᠦ ᠵᠠᠷᠴᠢᠮ ᠶᠣᠰᠣᠭᠠᠷ ᠶᠠᠪᠤᠭᠳᠠᠭᠤᠯᠬᠤ ᠬᠡᠷᠡᠭᠲᠡᠢ᠃

     4.8 ᠲᠣᠣᠷ ᠰᠦᠯᠵᠢᠶᠡᠨ ᠤ ᠲᠦᠭᠵᠢᠷᠡᠯ ᠢ ᠰᠢᠢᠳᠪᠦᠷᠢᠯᠡᠬᠦ

     ᠭᠡᠨᠡᠳᠲᠡ ᠶᠢᠨ ᠬᠡᠷᠡᠭ ᠶᠠᠪᠤᠳᠠᠯ ᠭᠠᠷᠤᠭᠰᠠᠨ ᠦᠶ᠎ᠡ ᠳᠤ᠂ ᠴᠠᠬᠢᠯᠭᠠᠨ ᠬᠤᠯᠪᠣᠭᠠᠨ ᠤ ᠲᠣᠣᠷ ᠰᠦᠯᠵᠢᠶ᠎ᠡ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ ᠦᠷᠭᠦᠯᠵᠢᠯᠡᠨ ᠶᠡᠭᠡ ᠬᠡᠮᠵᠢᠶ᠎ᠡ ᠪᠠᠷ ᠲᠦᠷᠭᠡᠨ ᠨᠡᠮᠡᠭᠳᠡᠭᠰᠡᠨ ᠠᠴᠠ ᠪᠣᠯᠵᠤ ᠲᠣᠣᠷ ᠰᠦᠯᠵᠢᠶ᠎ᠡ ᠲᠦᠭᠵᠢᠷᠡᠬᠦ ᠪᠠᠶᠢᠳᠠᠯ ᠳᠤ ᠴᠢᠭᠯᠡᠭᠦᠯᠦᠨ᠂ ᠰᠠᠭᠤᠷᠢ ᠴᠠᠬᠢᠯᠭᠠᠨ ᠬᠤᠯᠪᠣᠭ᠎ᠠ ᠶᠢᠨ ᠠᠵᠤ ᠠᠬᠤᠶᠢᠯᠠᠯ ᠤᠳ ᠲᠣᠰ ᠠᠵᠤ ᠠᠬᠤᠶᠢᠯᠠᠯ ᠤᠨ ᠢᠶᠠᠨ ᠪᠡᠯᠡᠳᠬᠡᠯ ᠲᠥᠰᠥᠯ ᠳᠤ ᠲᠤᠬᠠᠶᠢᠯᠠᠭᠰᠠᠨ ᠠᠵᠢᠯ ᠤᠨ ᠵᠠᠯᠠᠵᠤ ᠵᠢᠯᠤᠭᠤᠳᠬᠤ ᠲᠥᠰᠥᠯ ᠲᠣᠭᠲᠠᠭᠠᠬᠤ ᠶᠢᠨ ᠬᠠᠮᠲᠤ ᠥᠪᠥᠷ ᠮᠣᠩᠭᠤᠯ ᠤᠨ ᠴᠢᠮᠡᠭᠡ ᠬᠤᠯᠪᠣᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ ᠬᠦᠷᠭᠡᠵᠦ ᠳᠠᠩᠰᠠᠯᠠᠭᠤᠯᠤᠨ᠎ᠠ᠃ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠤᠳ ᠵᠠᠪᠳᠤᠨ ᠵᠠᠰᠠᠵᠤ ᠪᠠᠶᠢᠭ᠎ᠠ ᠬᠤᠭᠤᠴᠠᠭᠠᠨ ᠳᠤ ᠪᠠ ᠵᠠᠪᠳᠤᠨ ᠵᠠᠰᠠᠵᠤ ᠳᠠᠭᠤᠰᠤᠭᠰᠠᠨ ᠤ ᠲᠠᠷᠠᠭ᠎ᠠ᠂ ᠲᠣᠣᠷ ᠰᠦᠯᠵᠢᠶᠡᠨ ᠤ ᠳᠠᠭᠠᠭᠠᠴᠠ ᠶᠢᠨ ᠪᠠᠶᠢᠳᠠᠯ ᠢ ᠴᠠᠭ ᠲᠤᠬᠠᠢ ᠳᠤ ᠨᠢ ᠬᠢᠨᠠᠨ ᠡᠵᠡᠮᠳᠡᠬᠦ ᠶᠢᠨ ᠬᠠᠮᠲᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠲᠣᠣᠷ ᠰᠦᠯᠵᠢᠶᠡᠨ ᠤ ᠬᠤᠷᠣᠮᠬᠠᠨ ᠵᠠᠭᠤᠷ᠎ᠠ ᠳᠠᠪᠬᠤᠷᠯᠠᠬᠤ ᠲᠤᠬᠠᠶᠢᠯᠠᠭᠰᠠᠨ ᠠᠵᠢᠯ ᠤᠨ ᠬᠡᠮᠵᠢᠶ᠎ᠡ ᠶᠢ ᠵᠠᠯᠠᠵᠤ ᠵᠢᠯᠣᠭᠤᠳᠤᠨ᠂ ᠲᠤᠬᠠᠶᠢᠯᠠᠭᠰᠠᠨ ᠠᠵᠢᠯ ᠤᠨ ᠦᠷᠭᠦᠯᠵᠢᠯᠡᠨ ᠬᠡᠪ ᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃

     ᠭᠡᠨᠡᠳᠲᠡ ᠶᠢᠨ ᠬᠡᠷᠡᠭ ᠶᠠᠪᠤᠳᠠᠯ ᠠᠴᠠ ᠪᠣᠯᠵᠤ ᠲᠣᠣᠷ ᠰᠦᠯᠵᠢᠶ᠎ᠡ ᠲᠦᠭᠵᠢᠷᠡᠬᠦ ᠦᠶ᠎ᠡ ᠳᠤ᠂ ᠬᠠᠮᠢᠶ᠎ᠠ ᠪᠦᠬᠦᠢ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠨᠢ ᠳᠠᠷᠤᠶᠢᠬᠠᠨ ᠪᠡᠯᠡᠳᠬᠡᠯ ᠲᠥᠰᠥᠯ ᠢᠶᠠᠨ ᠡᠬᠢᠯᠡᠭᠦᠯᠬᠦ ᠶᠢᠨ ᠬᠠᠮᠲᠤ᠂ 30 ᠮᠢᠨᠦ᠋ᠲ ᠤᠨ ᠳᠣᠲᠣᠷ᠎ᠠ ᠬᠤᠯᠪᠣᠭᠳᠠᠯ ᠪᠦᠬᠦᠢ ᠪᠠᠶᠢᠳᠠᠯ ᠢᠶᠠᠨ ᠥᠪᠥᠷ ᠮᠣᠩᠭᠤᠯ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠬᠦ ᠬᠡᠷᠡᠭᠲᠡᠢ᠃

     4.9 ᠮᠡᠳᠡᠭᠡ ᠵᠠᠩᠭᠢ ᠶᠢ ᠨᠡᠪᠲᠡᠷᠡᠭᠦᠯᠦᠨ ᠮᠡᠳᠡᠭᠡᠯᠡᠬᠦ ᠪᠠ ᠨᠡᠶᠢᠲᠡᠯᠡᠬᠦ

     ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠠᠪᠤᠴᠠ ᠳᠤ᠂ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ᠂ ᠬᠡᠷᠡᠭ ᠶᠠᠪᠤᠳᠠᠯ ᠤᠨ ᠬᠤᠪᠢᠷᠠᠯᠲᠠ ᠵᠢᠴᠢ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠭᠰᠡᠨ ᠪᠠᠶᠢᠳᠠᠯ ᠢ ᠴᠠᠭ ᠲᠤᠬᠠᠢ ᠳᠤ ᠨᠢ ᠨᠡᠪᠲᠡᠷᠡᠭᠦᠯᠦᠨ ᠮᠡᠳᠡᠭᠡᠯᠡᠬᠦ  ᠶᠢᠨ ᠬᠠᠮᠲᠤ᠂ ᠰᠣᠨᠢᠨ ᠮᠡᠳᠡᠭᠡᠨ ᠤ ᠵᠠᠭᠤᠴᠢᠯᠠᠭᠤᠷ ᠢ ᠵᠣᠬᠢᠶᠠᠨ ᠪᠠᠶᠢᠭᠤᠯᠤᠨ ᠨᠡᠶᠢᠭᠡᠮ ᠳᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠮᠡᠳᠡᠭᠡ ᠵᠠᠩᠭᠢ ᠶᠢ ᠨᠡᠶᠢᠲᠡᠯᠡᠨ᠎ᠡ᠃

     4.10 ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠳᠠᠭᠤᠰᠬᠤ

     ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠨᠢ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠶᠢᠨ ᠰᠡᠷᠭᠦᠭᠡᠯᠲᠡ ᠶᠢᠨ ᠪᠠᠶᠢᠳᠠᠯ ᠢ ᠦᠨᠳᠦᠰᠦᠯᠡᠨ᠂ ᠴᠠᠭ ᠲᠤ ᠨᠢ ᠲᠣᠬᠢᠷᠠᠭᠤᠯᠤᠨ ᠵᠢᠯᠤᠭᠤᠳᠬᠤ ᠭᠠᠵᠠᠷ ᠲᠤ ᠪᠠᠴᠢᠮ ᠪᠠᠶᠢᠳᠠᠯ ᠢ ᠠᠷᠭᠠᠴᠠᠭᠠᠬᠤ ᠶᠢ ᠤᠷᠢᠶᠠᠯᠠᠨ ᠳᠠᠭᠠᠬᠤ ᠠᠵᠢᠯᠯᠠᠭ᠎ᠠ ᠶᠢ ᠳᠠᠭᠤᠰᠬᠠᠬᠤ ᠰᠠᠨᠠᠭᠤᠯᠭ᠎ᠠ ᠳᠤᠷᠠᠳᠤᠨ᠎ᠠ᠃ ᠵᠢᠯᠤᠭᠤᠳᠬᠤ ᠭᠠᠵᠠᠷ ᠠᠴᠠ ᠰᠤᠳᠤᠯᠤᠨ ᠨᠤᠲᠠᠯᠠᠭᠰᠠᠨ ᠤ ᠳᠠᠷᠠᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠶᠢ ᠤᠷᠢᠶᠠᠯᠠᠨ ᠳᠠᠭᠠᠬᠤ ᠠᠵᠢᠯᠯᠠᠭ᠎ᠠ ᠳᠠᠭᠤᠰᠤᠭᠰᠠᠨ ᠢ ᠨᠡᠶᠢᠲᠡᠯᠡᠬᠦ ᠶᠢᠨ ᠬᠠᠮᠲᠤ ᠡᠯ᠎ᠡ ᠪᠦᠷᠢᠯᠳᠦᠭᠦᠨ ᠨᠢᠭᠡᠴᠢ ᠳᠤ ᠮᠡᠳᠡᠭᠳᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠨᠦᠭᠦᠳ ᠪᠠᠴᠢᠮ ᠪᠠᠶᠢᠳᠠᠯ ᠢ ᠠᠷᠭᠠᠴᠠᠭᠠᠬᠤ ᠶᠢ ᠤᠷᠢᠶᠠᠯᠠᠨ ᠳᠠᠭᠠᠬᠤ ᠠᠵᠢᠯᠯᠠᠭ᠎ᠠ ᠪᠠᠨ ᠵᠣᠭᠰᠣᠭᠠᠨ᠎ᠠ᠃

     5 ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ

     5.1 ᠳ᠋ᠦᠩᠨᠡᠯᠲᠡ ᠬᠢᠵᠦ ᠦᠨᠡᠯᠡᠨ ᠵᠢᠱᠢᠬᠦ

     ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠳᠠᠭᠤᠰᠤᠭᠰᠠᠨ ᠤ ᠲᠠᠷᠠᠭ᠎ᠠ᠂ ᠬᠠᠮᠢᠶ᠎ᠠ ᠪᠦᠬᠦᠢ ᠪᠦᠷᠢᠯᠳᠦᠭᠦᠨ ᠨᠢᠭᠡᠴᠢ ᠨᠦᠭᠦᠳ ᠭᠡᠨᠡᠳᠲᠡ ᠶᠢᠨ ᠬᠡᠷᠡᠭ ᠶᠠᠪᠤᠳᠠᠯ ᠳᠠᠬᠢ ᠨᠡᠶᠢᠲᠡ ᠣᠯᠠᠨ ᠤ ᠴᠠᠬᠢᠯᠭᠠᠨ ᠬᠤᠯᠪᠣᠭᠠᠨ ᠤ ᠲᠣᠣᠷ ᠰᠦᠯᠵᠢᠶ᠎ᠡ ᠶᠢᠨ ᠪᠡᠯᠡᠳᠬᠡᠮᠵᠢ ᠶᠢᠨ ᠬᠤᠬᠢᠷᠠᠯ ᠤᠨ ᠪᠠᠶᠢᠳᠠᠯ ᠢ ᠪᠦᠷᠢᠳᠬᠡᠬᠦ᠂ ᠬᠤᠷᠢᠶᠠᠩᠭᠤᠶᠢᠯᠠᠬᠤ ᠠᠵᠢᠯ ᠢ ᠰᠠᠶᠢᠲᠤᠷ ᠬᠢᠵᠦ᠂ ᠪᠠᠲᠤᠯᠠᠭ᠎ᠠ ᠶᠢᠨ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠳᠤ ᠪᠥᠬᠦ ᠲᠠᠯ᠎ᠠ ᠪᠠᠷ ᠭᠦᠨᠵᠡᠭᠡᠢ ᠪᠥᠭᠡᠳ ᠪᠤᠰᠤᠳᠴᠢ ᠲᠥᠪ ᠭᠤᠣᠯᠴᠢ ᠪᠠᠷ ᠪᠠᠶᠢᠴᠠᠭᠠᠯᠲᠠ ᠪᠠ ᠦᠨᠡᠯᠡᠨ ᠵᠢᠱᠢᠯᠲᠡ ᠬᠢᠵᠦ᠂ ᠳ᠋ᠦᠩᠨᠡᠯᠲᠡ ᠶᠢᠨ ᠮᠡᠳᠡᠭᠦᠯᠦᠯᠲᠡ ᠭᠠᠷᠭᠠᠬᠤ ᠬᠡᠷᠡᠭᠲᠡᠢ᠃

     5.2 ᠲᠠᠲᠠᠪᠤᠷᠢᠯᠠᠨ ᠬᠡᠷᠡᠭᠯᠡᠭᠰᠡᠨ ᠲᠥᠯᠥᠪᠦᠷᠢ

     ︵1︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠶᠠᠪᠤᠳᠠᠯ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠢ ᠪᠡᠯᠡᠳᠬᠡᠯ ᠲᠥᠰᠥᠯ ︵ᠲᠤᠷᠰᠢᠨ ᠬᠡᠷᠡᠭᠵᠢᠭᠦᠯᠬᠦ︶︾ ᠤᠨ ᠱᠠᠭᠠᠷᠳᠠᠯᠭ᠎ᠠ ᠶᠢ ᠬᠡᠷᠡᠭᠵᠢᠭᠦᠯᠦᠨ᠎ᠡ᠃

     ︵2︶ ᠲᠣᠣᠷ ᠰᠦᠯᠵᠢᠶᠡᠨ ᠤ ᠲᠤᠰ ᠪᠡᠶ᠎ᠡ ᠶᠢᠨ ᠰᠠᠭᠠᠳ᠂ ᠵᠣᠷᠢᠭᠤᠳᠠ ᠶᠢᠨ ᠬᠦᠴᠦᠨ ᠵᠦᠢᠯ ᠠᠴᠠ ᠪᠣᠯᠤᠭᠰᠠᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠰᠢᠢᠳᠪᠦᠷᠢᠯᠡᠯᠲᠡ ᠶᠢᠨ ᠵᠠᠷᠤᠳᠠᠯ ᠢ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠠᠴᠠ ᠳᠠᠭᠠᠭᠠᠨ ᠡᠭᠦᠷᠭᠡᠯᠡᠨ᠎ᠡ᠂ ᠬᠡᠷᠪᠡ ᠭᠤᠷᠪᠠᠳᠠᠭᠢ ᠡᠲᠡᠭᠡᠳ ᠤᠨ ᠬᠠᠷᠢᠭᠤᠴᠠᠯᠭ᠎ᠠ ᠠᠴᠠ ᠪᠣᠯᠤᠭᠰᠠᠨ ᠪᠠᠶᠢᠪᠠᠯ᠂ ᠭᠤᠷᠪᠠᠳᠠᠭᠢ ᠡᠲᠡᠭᠡᠳ ᠠᠴᠠ ᠬᠠᠮᠢᠶ᠎ᠠ ᠪᠦᠬᠦᠢ ᠵᠠᠷᠤᠳᠠᠯ ᠢ ᠳᠠᠭᠠᠭᠠᠨ ᠡᠭᠦᠷᠭᠡᠯᠡᠬᠦ ᠬᠡᠷᠡᠭᠲᠡᠢ︔ ᠭᠡᠨᠡᠳᠲᠡ ᠶᠢᠨ ᠬᠡᠷᠡᠭ ᠶᠠᠪᠤᠳᠠᠯ ︵ᠵᠢᠱᠢᠶᠡᠯᠡᠪᠡᠯ ᠦᠶᠡᠷ᠂ ᠭᠠᠵᠠᠷ ᠬᠥᠳᠡᠯᠦᠯᠲᠡ ᠵᠡᠷᠭᠡ ᠭᠠᠢ ᠭᠠᠮᠰᠢᠭ︶ ᠢ ᠰᠢᠢᠳᠪᠦᠷᠢᠯᠡᠭᠰᠡᠨ ᠠᠴᠠ ᠡᠭᠦᠰᠦᠭᠰᠡᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠵᠠᠷᠤᠳᠠᠯ ᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠮᠢᠶ᠎ᠠ ᠪᠦᠬᠦᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠤᠨ᠎ᠠ᠃

     ︵3︶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠭᠰᠡᠨ ᠪᠠᠶᠢᠳᠠᠯ ᠢ ᠦᠨᠳᠦᠰᠦᠯᠡᠨ᠂ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠤᠨ ᠠᠰᠢᠭ ᠬᠤᠨᠵᠢᠪᠤᠷᠢ ᠶᠢ ᠰᠢᠯᠭᠠᠨ ᠬᠢᠨᠠᠬᠤ ᠳᠤ ᠪᠠᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠣᠬᠢᠰᠲᠠᠢ ᠪᠠᠷ ᠬᠠᠷᠭᠤᠭᠤᠯᠤᠨ ᠬᠠᠰᠤᠨ᠎ᠠ᠃

     5.3 ᠰᠡᠷᠭᠦᠭᠡᠬᠦ ᠪᠠ ᠲᠠᠬᠢᠨ ᠪᠠᠶᠢᠭᠤᠯᠬᠤ

     ᠭᠡᠨᠡᠳᠲᠡ ᠶᠢᠨ ᠬᠡᠷᠡᠭ ᠶᠠᠪᠤᠳᠠᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠳᠠᠭᠤᠰᠤᠭᠰᠠᠨ ᠤ ᠳᠠᠷᠠᠭ᠎ᠠ᠂ ᠬᠠᠮᠢᠶ᠎ᠠ ᠪᠦᠬᠦᠢ ᠪᠦᠷᠢᠯᠳᠦᠭᠦᠨ ᠨᠢᠭᠡᠴᠢ ᠨᠦᠭᠦᠳ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠲᠠᠢ ᠬᠠᠮᠵᠢᠯᠴᠠᠵᠤ ᠪᠠᠶᠢᠭᠠᠳ ᠰᠡᠷᠭᠦᠭᠡᠵᠦ ᠳᠠᠬᠢᠨ ᠪᠠᠶᠢᠭᠤᠯᠬᠤ ᠲᠥᠯᠥᠪᠯᠡᠭᠡ ᠲᠣᠭᠲᠠᠭᠠᠬᠤ ᠶᠢᠨ ᠬᠠᠮᠲᠤ ᠬᠡᠷᠡᠭᠵᠢᠭᠦᠯᠬᠦ ᠬᠡᠷᠡᠭᠲᠡᠢ᠃

     ᠬᠠᠮᠢᠶ᠎ᠠ ᠪᠦᠬᠦᠢ ᠪᠦᠷᠢᠯᠳᠦᠭᠦᠨ ᠨᠢᠭᠡᠴᠢ ᠵᠢᠴᠢ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠤᠳ ᠭᠠᠮᠰᠢᠭ ᠤᠨ ᠳᠠᠷᠠᠭᠠᠬᠢ ᠪᠠᠶᠢᠴᠠᠭᠠᠨ ᠰᠤᠳᠤᠯᠤᠯᠲᠠ ᠶᠢ ᠴᠠᠭ ᠲᠤᠬᠠᠢ ᠳᠤ ᠨᠢ ᠵᠣᠬᠢᠶᠠᠨ ᠪᠠᠶᠢᠭᠤᠯᠵᠤ᠂ ᠴᠢᠮᠡᠭᠡ ᠬᠤᠯᠪᠣᠭᠠᠨ ᠤ ᠪᠡᠯᠡᠳᠬᠡᠮᠵᠢ ᠶᠢᠨ ᠭᠠᠮᠰᠢᠭ ᠲᠤ ᠳᠠᠭᠠᠷᠢᠭᠳᠠᠵᠤ ᠬᠤᠬᠢᠷᠠᠭᠰᠠᠨ ᠪᠠᠶᠢᠳᠠᠯ ᠳᠤ ᠦᠨᠡᠯᠡᠨ ᠵᠢᠱᠢᠯᠲᠡ ᠬᠢᠬᠦ ᠶᠢᠨ ᠬᠠᠮᠲᠤ ᠬᠠᠮᠢᠶ᠎ᠠ ᠪᠦᠬᠦᠢ ᠪᠠᠶᠢᠳᠠᠯ ᠢ ᠵᠢᠯᠤᠭᠤᠳᠬᠤ ᠭᠠᠵᠠᠷ ᠲᠤ ᠮᠡᠳᠡᠭᠦᠯᠦᠨ ᠬᠦᠷᠭᠡᠬᠦ ᠬᠡᠷᠡᠭᠲᠡᠢ᠃

     5.4 ᠱᠠᠩᠨᠠᠬᠤ ᠪᠠ ᠬᠠᠷᠢᠭᠤᠴᠠᠯᠭ᠎ᠠ ᠨᠡᠬᠡᠮᠵᠢᠯᠡᠬᠦ

     ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠨᠢ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠳᠤᠮᠳᠠ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠢ ᠪᠣᠯᠣᠨ ᠬᠤᠪᠢ ᠬᠥᠮᠥᠨ ᠢ ᠱᠠᠩᠨᠠᠬᠤ ᠬᠡᠷᠡᠭᠲᠡᠢ᠃

     ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠳᠤᠮᠳᠠ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠭᠠᠳ ᠬᠤᠬᠢᠷᠠᠯ ᠤᠴᠠᠷᠠᠭᠤᠯᠤᠭᠰᠠᠨ ᠪᠠᠶᠢᠪᠠᠯ᠂ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠲᠤᠬᠠᠢ ᠶᠢᠨ ᠬᠥᠮᠥᠨ ᠤ ᠬᠠᠷᠢᠭᠤᠴᠠᠯᠭ᠎ᠠ ᠶᠢ ᠨᠡᠬᠡᠮᠵᠢᠯᠡᠨ᠎ᠡ︔ ᠶᠠᠯ᠎ᠠ ᠳᠤ ᠬᠦᠷᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃

     6 ᠪᠠᠲᠤᠯᠠᠭ᠎ᠠ ᠶᠢᠨ ᠠᠷᠭ᠎ᠠ ᠬᠡᠮᠵᠢᠶ᠎ᠡ

     6.1 ᠮᠡᠳᠡᠭᠡ ᠵᠠᠩᠭᠢ ᠶᠢᠨ ᠮᠡᠷᠭᠡᠵᠢᠯ ᠤᠨ ᠲᠤᠯᠭᠠᠭᠤᠷᠢᠯᠠᠯ ᠤᠨ ᠪᠠᠲᠤᠯᠠᠭ᠎ᠠ

     ᠥᠪᠥᠷ ᠮᠣᠩᠭᠤᠯ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠵᠢᠯᠣᠭᠤᠳᠤᠨ ᠲᠣᠬᠢᠷᠠᠭᠤᠯᠬᠤ ᠲᠥᠪ ᠨᠢ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠵᠢᠯᠤᠭᠤᠳᠬᠤ ᠰᠢᠰᠲ᠋ᠧᠮ ᠢ ᠠᠵᠢᠯᠯᠠᠭᠤᠯᠵᠤ ᠪᠠᠲᠤᠯᠠᠬᠤ ᠶᠢ ᠬᠠᠷᠢᠭᠤᠴᠠᠵᠤ᠂ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠬᠦᠴᠦᠨ ᠵᠦᠢᠯ ᠤᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠢᠯᠤᠭᠤᠳᠴᠤ᠂ ᠵᠢᠵᠢᠭᠦᠷᠯᠡᠨ ᠰᠠᠬᠢᠬᠤ᠂ ᠮᠡᠳᠡᠭᠡ ᠵᠠᠩᠭᠢ ᠮᠡᠳᠡᠭᠦᠯᠦᠨ ᠬᠦᠷᠭᠡᠬᠦ᠂ ᠪᠠᠴᠢᠮ ᠪᠠᠶᠢᠳᠠᠯ ᠢ ᠠᠷᠭᠠᠴᠠᠭᠠᠨ ᠵᠥᠪᠳᠡᠯᠴᠡᠬᠦ ᠪᠠ ᠵᠢᠯᠣᠭᠤᠳᠤᠨ ᠲᠣᠬᠢᠷᠠᠭᠤᠯᠬᠤ ᠵᠡᠷᠭᠡ ᠠᠵᠢᠯ ᠢ ᠰᠠᠶᠢᠲᠤᠷ ᠬᠢᠵᠦ᠂ ᠬᠢᠨᠠᠨ ᠰᠢᠨᠵᠢᠵᠦ ᠰᠡᠷᠡᠮᠵᠢᠯᠡᠭᠦᠯᠬᠦ᠂ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠬᠦᠴᠦᠨ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠤᠳ ᠲᠤᠯᠭᠠᠭᠤᠷᠢᠯᠠᠬᠤ ᠦᠢᠯᠡᠴᠢᠯᠡᠭᠡ ᠬᠠᠩᠭᠠᠨ᠎ᠠ᠃

     6.2 ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠡᠩᠨᠡᠭᠡ ᠶᠢᠨ ᠪᠠᠲᠤᠯᠠᠭ᠎ᠠ

     ᠵᠢᠯᠤᠭᠤᠳᠬᠤ ᠭᠠᠵᠠᠷ᠂ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠨᠢ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠬᠡᠷᠡᠭ ᠶᠠᠪᠤᠳᠠᠯ ᠪᠠᠶᠢᠷᠢᠰᠢᠯ ᠳᠤ ᠴᠢᠭᠯᠡᠭᠦᠯᠦᠭᠰᠡᠨ ᠵᠦᠢ ᠵᠣᠬᠢᠰᠲᠠᠢ ᠲᠣᠬᠢᠷᠠᠭᠤᠯᠤᠯᠲᠠ ᠬᠢᠬᠦ ᠶᠢᠨ ᠬᠠᠮᠲᠤ᠂ ᠵᠣᠬᠢᠬᠤ ᠪᠣᠯᠪᠠᠰᠤᠷᠠᠯ᠂ ᠰᠣᠷᠢᠯᠲᠠ ᠵᠢᠴᠢ ᠬᠢᠨᠠᠨ ᠰᠢᠯᠭᠠᠯᠲᠠ ᠶᠢ ᠥᠷᠨᠢᠭᠦᠯᠵᠦ᠂ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠩᠨᠡᠭᠡᠨ ᠤ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠪᠣᠯᠣᠨ ᠪᠣᠳᠠᠲᠠᠢ ᠦᠢᠯᠡᠳᠦᠯᠭᠡ ᠶᠢᠨ ᠴᠢᠳᠠᠪᠤᠷᠢ ᠶᠢ ᠨᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠤᠳ ᠲᠣᠰ ᠲᠣᠰ ᠤᠨ ᠢᠶᠠᠨ ᠲᠤᠰᠬᠠᠢ ᠮᠡᠷᠭᠡᠵᠢᠯ ᠤᠨ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠩᠨᠡᠭᠡ᠂ ᠨᠡᠶᠢᠲᠡ ᠶᠢᠨ ᠬᠡᠷᠡᠭᠯᠡᠭᠡᠨ ᠤ ᠴᠢᠮᠡᠭᠡ ᠬᠤᠯᠪᠣᠭᠠᠨ ᠤ ᠰᠦᠯᠵᠢᠶ᠎ᠡ ᠶᠢ ᠠᠵᠢᠯᠯᠠᠭᠤᠯᠵᠤ ᠪᠠᠲᠤᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠦᠯᠬᠦᠮ ᠨᠡᠶᠢᠲᠡ ᠵᠢᠴᠢ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠪᠠᠲᠤᠯᠠᠭ᠎ᠠ ᠶᠢᠨ ᠡᠩᠨᠡᠭᠡ ᠶᠢᠨ ᠪᠠᠶᠢᠭᠤᠯᠤᠯᠲᠠ ᠶᠢ ᠬᠠᠷᠢᠭᠤᠴᠠᠨ᠎ᠠ᠂ ᠡᠭᠦᠨ ᠳᠤ ᠤᠯᠤᠰ ᠤᠨ ᠨᠢᠭᠡᠳᠦᠭᠡᠷ ᠲᠥᠷᠥᠯ ᠤᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠩᠨᠡᠭᠡ ᠶᠢᠨ ᠪᠠᠶᠢᠭᠤᠯᠤᠯᠲᠠ ᠶᠢ ᠪᠣᠯ ᠤᠯᠤᠰ ᠤᠨ ᠨᠢᠭᠡᠳᠦᠭᠡᠷ ᠲᠥᠷᠥᠯ ᠤᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠩᠨᠡᠭᠡ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠢᠩᠭ᠎ᠠ ᠬᠡᠷᠡᠭᠵᠢᠭᠦᠯᠦᠨ᠎ᠡ᠃

     6.3 ᠰᠠᠭᠤᠷᠢ ᠪᠡᠯᠡᠳᠬᠡᠮᠵᠢ ᠵᠢᠴᠢ ᠡᠳ᠋ ᠪᠠᠷᠠᠭᠠᠨ ᠤ ᠪᠠᠲᠤᠯᠠᠭ᠎ᠠ

     ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠨᠢ ᠭᠠᠵᠠᠷ ᠣᠷᠣᠨ ᠤ ᠣᠨᠴᠠᠯᠢᠭ ᠪᠣᠯᠣᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢ ᠠᠵᠤ ᠠᠬᠤᠶᠢᠯᠠᠯ ᠤᠨ ᠬᠥᠭᠵᠢᠯᠲᠡ ᠶᠢᠨ ᠲᠥᠯᠦᠪᠵᠢᠭᠦᠯᠭᠡ ᠳᠤ ᠪᠠᠨ ᠣᠷᠣᠭᠤᠯᠵᠤ᠂ ᠵᠣᠬᠢᠬᠤ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠲᠣᠭᠲᠠᠴᠠ ᠪᠠᠶᠢᠭᠤᠯᠬᠤ ᠶᠢ ᠬᠠᠷᠢᠭᠤᠴᠠᠨ᠎ᠠ᠃

     ᠦᠨᠳᠦᠰᠦᠨ ᠬᠠᠮᠠᠭᠠᠯᠠᠯᠲᠠ ᠶᠢᠨ ᠲᠣᠨᠤᠭ ᠲᠥᠬᠦᠭᠡᠷᠦᠮᠵᠢ ᠶᠢ ᠪᠠᠭᠲᠠᠭᠠᠭᠰᠠᠨ ᠴᠢᠬᠤᠯᠠ ᠪᠦᠬᠦᠢ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠲᠣᠨᠤᠭ ᠲᠥᠬᠦᠭᠡᠷᠦᠮᠵᠢ ᠶᠢ ᠬᠠᠨᠳᠤᠯᠭᠠᠲᠤ ᠴᠢᠨᠠᠷ ᠲᠠᠢ ᠪᠠᠷ ᠲᠣᠬᠢᠷᠠᠭᠤᠯᠵᠤ᠂ ᠵᠢᠵᠢᠭ ᠬᠡᠯᠪᠡᠷᠢ ᠶᠢᠨ᠂ ᠳᠥᠭᠦᠮ ᠠᠪᠰᠠᠷ᠂ ᠪᠡᠶ᠎ᠡ ᠪᠠᠨ ᠳᠠᠭᠠᠭᠠᠵᠤ ᠡᠵᠡᠮᠳᠡᠵᠦ ᠪᠣᠯᠬᠤᠶᠢᠴᠠ ᠳᠠᠭᠠᠭᠤᠯᠢ ᠣᠳᠣᠨ ᠤ ᠴᠢᠮᠡᠭᠡ ᠬᠤᠯᠪᠣᠭᠠᠨ ᠤ ᠲᠥᠬᠦᠭᠡᠷᠦᠮᠵᠢ ᠵᠡᠷᠭᠡ ᠵᠣᠬᠢᠴᠠᠬᠤ ᠴᠢᠨᠠᠷ ᠢᠶᠠᠷ ᠴᠢᠩᠭ᠎ᠠ ᠪᠦᠬᠦᠢ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠲᠣᠨᠤᠭ ᠲᠥᠬᠦᠭᠡᠷᠦᠮᠵᠢ ᠲᠣᠬᠢᠷᠠᠭᠤᠯᠬᠤ ᠪᠠᠨ ᠴᠢᠩᠭᠠᠳᠬᠠᠵᠤ᠂ ᠠᠷᠭ᠎ᠠ ᠪᠠᠷᠢᠯ ᠨᠢ ᠣᠯᠠᠨ ᠶᠠᠩᠵᠤ ᠶᠢᠨ᠂ ᠰᠠᠨᠰᠠᠷ᠂ ᠣᠭᠲᠠᠷᠭᠤᠢ᠂ ᠭᠠᠵᠠᠷ ᠢ ᠨᠢᠭᠡ ᠴᠣᠭᠴᠠᠵᠢᠭᠤᠯᠤᠭᠰᠠᠨ᠂ ᠲᠦᠷᠭᠡᠨ ᠪᠥᠭᠡᠳ ᠪᠡᠶ᠎ᠡ ᠪᠠᠨ ᠳᠠᠭᠠᠭᠠᠨ ᠲᠣᠣᠷ ᠰᠦᠯᠵᠢᠶᠡᠵᠢᠭᠦᠯᠵᠦ ᠳᠡᠶᠢᠯᠬᠦ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ ᠶᠢᠨ ᠰᠢᠷᠢᠰ ᠢ ᠪᠣᠶ ᠪᠣᠯᠭᠠᠬᠤ ᠶᠢᠨ ᠬᠠᠮᠲᠤ᠂ ᠪᠠᠴᠢᠮ ᠪᠠᠶᠢᠳᠠᠯ ᠢ ᠠᠷᠭᠠᠴᠠᠭᠠᠬᠤ ᠲᠣᠨᠤᠭ ᠲᠥᠬᠦᠭᠡᠷᠦᠮᠵᠢ ᠶᠢᠨ ᠬᠠᠮᠢᠶᠠᠷᠤᠯᠲᠠ᠂ ᠬᠠᠮᠠᠭᠠᠯᠠᠯᠲᠠ ᠪᠠ ᠠᠷᠠᠴᠢᠯᠠᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠲᠣᠨᠤᠭ ᠲᠥᠬᠦᠭᠡᠷᠦᠮᠵᠢ ᠶᠢ ᠬᠤᠳᠠᠯᠳᠤᠨ ᠠᠪᠬᠤ᠂ ᠰᠢᠯᠵᠢᠭᠦᠯᠦᠨ ᠬᠡᠷᠡᠭᠯᠡᠬᠦ᠂ ᠨᠥᠬᠦᠪᠦᠷᠢᠯᠡᠬᠦ᠂ ᠬᠡᠷᠡᠭᠯᠡᠭᠡᠨ ᠠᠴᠠ ᠭᠠᠷᠭᠠᠬᠤ ᠵᠡᠷᠭᠡ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃

     6.4 ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ

     ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠨᠢᠭᠡᠴᠢ ᠨᠦᠭᠦᠳ ᠵᠠᠮ ᠬᠠᠷᠢᠯᠴᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠲᠤᠰᠬᠠᠢ ᠬᠡᠷᠡᠭᠯᠡᠬᠦ ᠲᠡᠷᠭᠡ ᠬᠥᠰᠬᠡ ᠳᠤ ᠣᠨᠴᠠ ᠵᠥᠪᠰᠢᠶᠡᠷᠡᠯ ᠤᠨ ᠨᠡᠪᠲᠡᠷᠡᠬᠦ ᠦᠨᠡᠮᠯᠡᠯ ᠲᠣᠬᠢᠷᠠᠭᠤᠯᠤᠨ ᠥᠭᠴᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠡᠷᠭᠡ ᠬᠥᠰᠬᠡ ᠪᠣᠯᠣᠨ ᠣᠩᠭᠤᠴᠠ ᠰᠠᠯ ᠤᠨ ᠤᠷᠢᠳ ᠢᠶᠠᠷ ᠨᠡᠪᠲᠡᠷᠡᠬᠦ ᠶᠢ ᠪᠠᠲᠤᠯᠠᠬᠤ ᠬᠡᠷᠡᠭᠲᠡᠢ᠃ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠦᠭᠦᠳ ᠴᠢᠬᠤᠯᠠ ᠪᠦᠬᠦᠢ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠭᠠᠵᠢ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭ᠎ᠠ ᠳᠤ ᠴᠢᠬᠤᠯᠠ ᠪᠦᠬᠦᠢ ᠵᠠᠮ ᠬᠠᠷᠢᠯᠴᠠᠭᠠᠨ ᠤ ᠨᠡᠪᠲᠡᠷᠡᠯᠭᠡ ᠶᠢᠨ ᠪᠠᠲᠤᠯᠠᠭ᠎ᠠ ᠶᠢ ᠬᠠᠩᠭᠠᠬᠤ ᠶᠢᠨ ᠬᠠᠮᠲᠤ ᠬᠠᠮᠢᠶ᠎ᠠ ᠪᠦᠬᠦᠢ ᠵᠠᠮ ᠬᠠᠷᠢᠯᠴᠠᠭᠠᠨ ᠤ ᠨᠡᠪᠲᠡᠷᠡᠯᠭᠡ ᠶᠢᠨ ᠵᠠᠷᠤᠳᠠᠯ ᠢ ᠨᠢ ᠬᠠᠰᠤᠵᠤ ᠬᠡᠯᠲᠦᠷᠢᠭᠦᠯᠦᠨ᠎ᠡ᠃

     6.5 ᠴᠠᠬᠢᠯᠭᠠᠨ ᠬᠦᠴᠦᠨ ᠡᠨᠧᠷᠭᠢ ᠶᠢᠨ ᠬᠠᠩᠭᠠᠯᠭ᠎ᠠ ᠶᠢᠨ ᠪᠠᠲᠤᠯᠠᠭ᠎ᠠ

     ᠭᠡᠨᠡᠳᠲᠡ ᠶᠢᠨ ᠬᠡᠷᠡᠭ ᠶᠠᠪᠤᠳᠠᠯ ᠭᠠᠷᠬᠤ ᠦᠶ᠎ᠡ ᠳᠤ᠂ ᠡᠯ᠎ᠡ ᠱᠠᠲᠤᠨ ᠤ ᠡᠨᠧᠷᠭᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠴᠠᠬᠢᠯᠭᠠᠨ ᠬᠦᠴᠦᠨ᠂ ᠲᠣᠰᠣᠯᠢᠭ ᠵᠦᠢᠯ ᠵᠡᠷᠭᠡ ᠦᠢᠯᠡᠳᠪᠦᠷᠢᠯᠡᠯ ᠬᠠᠩᠭᠠᠯᠭ᠎ᠠ ᠶᠢᠨ ᠠᠵᠤ ᠠᠬᠤᠶᠢᠯᠠᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ ᠪᠠᠶᠢᠭᠠᠳ ᠴᠢᠮᠡᠭᠡ ᠬᠤᠯᠪᠣᠭᠠᠨ ᠤ ᠪᠡᠯᠡᠳᠬᠡᠮᠵᠢ ᠶᠢᠨ ᠴᠠᠬᠢᠯᠭᠠᠨ ᠬᠠᠩᠭᠠᠬᠤ ᠲᠣᠰᠣ ᠬᠠᠩᠭᠠᠬᠤ ᠵᠡᠷᠭᠡ ᠡᠨᠧᠷᠭᠢ ᠶᠢᠨ ᠬᠡᠷᠡᠭᠴᠡᠭᠡ ᠱᠠᠭᠠᠷᠳᠠᠯᠭ᠎ᠠ ᠶᠢ ᠡᠩ ᠲᠡᠷᠢᠭᠦᠨ ᠳᠤ ᠪᠠᠲᠤᠯᠠᠵᠤ᠂ ᠴᠠᠬᠢᠯᠭᠠᠨ ᠬᠦᠴᠦᠨ᠂ ᠲᠣᠰᠣᠯᠢᠭ ᠵᠦᠢᠯ᠂ ᠪᠠᠶᠢᠭᠠᠯᠢ ᠶᠢᠨ ᠰᠢᠲᠠᠮᠠᠬᠠᠢ ᠬᠡᠢ ᠵᠡᠷᠭᠡ ᠬᠠᠮᠢᠶ᠎ᠠ ᠪᠦᠬᠦᠢ ᠦᠢᠯᠡᠳᠪᠦᠷᠢᠯᠡᠯ᠂ ᠬᠠᠩᠭᠠᠯᠭ᠎ᠠ ᠶᠢᠨ ᠠᠵᠤ ᠠᠬᠤᠶᠢᠯᠠᠯ ᠤᠳ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠡᠯᠡᠳᠬᠡᠮᠵᠢ ᠶᠢᠨ ᠴᠠᠬᠢᠯᠭᠠᠨ ᠬᠡᠷᠡᠭᠯᠡᠬᠦ᠂ ᠲᠣᠰᠣ ᠬᠡᠷᠡᠭᠯᠡᠬᠦ᠂ ᠰᠢᠲᠠᠮᠠᠬᠠᠢ ᠬᠡᠢ ᠬᠡᠷᠡᠭᠯᠡᠬᠦ ᠵᠡᠷᠭᠡ ᠬᠡᠷᠡᠭᠴᠡᠭᠡ ᠱᠠᠭᠠᠷᠳᠠᠯᠭ᠎ᠠ ᠶᠢ ᠡᠩ ᠲᠡᠷᠢᠭᠦᠨ ᠳᠤ ᠪᠠᠲᠤᠯᠠᠬᠤ ᠶᠢ ᠬᠠᠷᠢᠭᠤᠴᠠᠵᠤ᠂ ᠴᠢᠮᠡᠭᠡ ᠬᠤᠯᠪᠣᠭᠠᠨ ᠤ ᠭᠤᠣᠯ ᠵᠠᠩᠭᠢᠯᠠᠭ᠎ᠠ᠂ ᠴᠢᠬᠤᠯᠠ ᠲᠣᠪᠴᠢᠶ᠎ᠠ ᠭᠠᠵᠠᠷ᠂ ᠴᠢᠮᠡᠭᠡ ᠬᠤᠯᠪᠣᠭᠠᠨ ᠤ ᠰᠠᠭᠤᠷᠢ ᠥᠷᠳᠡᠭᠡ ᠵᠡᠷᠭᠡ ᠴᠢᠮᠡᠭᠡ ᠬᠤᠯᠪᠣᠭᠠᠨ ᠤ ᠪᠡᠯᠡᠳᠬᠡᠮᠵᠢ ᠶᠢᠨ ᠡᠨᠧᠷᠭᠢ ᠶᠢᠨ ᠬᠠᠩᠭᠠᠯᠭ᠎ᠠ ᠶᠢ ᠦᠨᠡᠨ ᠬᠦ ᠪᠠᠲᠤᠯᠠᠨ᠎ᠠ᠃

     6.6 ᠣᠷᠣᠨ ᠨᠤᠲᠤᠭ ᠤᠨ ᠵᠠᠰᠠᠭ ᠤᠨ ᠣᠷᠳᠣᠨ ᠤ ᠳᠡᠮᠵᠢᠯᠭᠡ ᠶᠢᠨ ᠪᠠᠲᠤᠯᠠᠭ᠎ᠠ

     ᠬᠡᠷᠡᠭ ᠶᠠᠪᠤᠳᠠᠯ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠠᠴᠠ ᠲᠤᠬᠠᠢ ᠶᠢᠨ ᠭᠠᠵᠠᠷ ᠤᠨ ᠵᠠᠮ ᠬᠠᠷᠢᠯᠴᠠᠭ᠎ᠠ ᠲᠡᠭᠡᠭᠡᠪᠦᠷᠢ᠂ ᠴᠠᠬᠢᠯᠭᠠᠨ ᠬᠦᠴᠦᠨ᠂ ᠡᠨᠧᠷᠭᠢ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠬᠠᠷᠢᠭᠤᠴᠠᠨ ᠵᠣᠬᠢᠴᠠᠭᠤᠯᠵᠤ᠂ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠲᠠᠯ᠎ᠠ ᠪᠠᠷ ᠬᠢ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ᠂ ᠪᠠᠭᠠᠵᠢ ᠬᠡᠷᠡᠭᠰᠡᠯ᠂ ᠠᠵᠢᠯᠲᠠᠨ ᠢ ᠴᠠᠭ ᠲᠤᠬᠠᠢ ᠳᠤ ᠨᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ᠂ ᠲᠤᠬᠠᠢ ᠶᠢᠨ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠰᠢᠰᠲ᠋ᠧᠮ ᠤᠨ ᠴᠠᠬᠢᠯᠭᠠᠨ ᠬᠦᠴᠦᠨ᠂ ᠲᠣᠰᠣᠯᠢᠭ ᠵᠦᠢᠯ ᠤᠨ ᠬᠠᠩᠭᠠᠯᠭ᠎ᠠ ᠶᠢ ᠪᠠᠲᠤᠯᠠᠵᠤ᠂ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠲᠤᠬᠠᠢ ᠶᠢᠨ ᠲᠠᠯᠠᠪᠤᠷ ᠲᠤ ᠰᠢᠢᠳᠪᠦᠷᠢᠯᠡᠨ ᠲᠣᠬᠢᠷᠠᠭᠤᠯᠬᠤ ᠠᠵᠢᠯᠲᠠᠨ ᠵᠢᠴᠢ ᠥᠪᠡᠰᠦᠪᠡᠨ ᠪᠡᠯᠡᠳᠬᠡᠭᠰᠡᠨ ᠡᠳ᠋ ᠪᠠᠷᠠᠭ᠎ᠠ ᠬᠦᠷᠦᠯᠴᠡᠬᠦ ᠦᠭᠡᠢ ᠦᠶ᠎ᠡ ᠳᠤ ᠴᠢᠬᠤᠯᠠ ᠪᠦᠬᠦᠢ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠬᠠᠩᠭᠠᠬᠤ ᠶᠢ ᠬᠠᠷᠢᠭᠤᠴᠠᠨ᠎ᠠ᠃

     6.7 ᠪᠡᠯᠡ ᠮᠥᠩᠭᠦ ᠶᠢᠨ ᠪᠠᠲᠤᠯᠠᠭ᠎ᠠ

     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠴᠢᠮᠡᠭᠡ ᠬᠤᠯᠪᠣᠭᠠᠨ ᠤ ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠬᠡᠷᠡᠭᠴᠡᠭᠡ ᠪᠠᠨ ᠦᠨᠳᠦᠰᠦᠯᠡᠨ ᠲᠤᠰᠬᠠᠢ ᠵᠦᠢᠯ ᠤᠨ ᠪᠡᠯᠡ ᠮᠥᠩᠭᠦ ᠲᠣᠬᠢᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠳᠤ ᠵᠠᠷᠤᠳᠠᠯ ᠤᠨ ᠪᠠᠲᠤᠯᠠᠭ᠎ᠠ ᠬᠠᠩᠭᠠᠬᠤ ᠬᠡᠷᠡᠭᠲᠡᠢ᠃ ᠡᠳ᠋ ᠤᠨ ᠵᠠᠰᠠᠭ᠂ ᠬᠢᠨᠠᠨ ᠪᠤᠳᠤᠬᠤ ᠰᠠᠯᠠᠭ᠎ᠠ ᠮᠥᠴᠢᠷ ᠤᠳ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠬᠦ ᠶᠢ ᠦᠨᠡᠨ ᠬᠦ ᠪᠠᠲᠤᠯᠠᠨ᠎ᠠ᠃

     7 ᠳᠠᠭᠠᠯᠳᠤᠭᠤᠯᠤᠯ ᠳᠦᠷᠢᠮ

     7.1 ᠲᠠᠶᠢᠯᠪᠤᠷᠢ ᠬᠢᠭᠡᠳ ᠲᠣᠳᠣᠷᠬᠠᠶᠢᠯᠠᠯᠲᠠ

     ︵1︶ ᠥᠪᠡᠷᠲᠡᠭᠡᠨ ᠵᠠᠰᠠᠬᠤ ᠣᠷᠣᠨ ᠤ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠭᠡᠳᠡᠭ ᠨᠢ ᠳᠤᠮᠳᠠᠳᠤ ᠤᠯᠤᠰ ᠤᠨ ᠬᠠᠮᠲᠤᠷᠠᠭᠰᠠᠨ ᠲᠣᠣᠷ ᠰᠦᠯᠵᠢᠶᠡᠨ ᠤ ᠴᠢᠮᠡᠭᠡ ᠬᠤᠯᠪᠣᠭᠠᠨ ᠤ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠰᠢᠯᠵᠢᠮᠡᠯ ᠴᠢᠮᠡᠭᠡ ᠬᠤᠯᠪᠣᠭᠠᠨ ᠤ ᠪᠦᠯᠦᠭᠯᠡᠯ ᠤᠨ ᠥᠪᠥᠷ ᠮᠣᠩᠭᠤᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠲᠢᠶᠧ ᠲᠠ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠥᠪᠥᠷ ᠮᠣᠩᠭᠤᠯ ᠤᠨ ᠲᠣᠣᠷ ᠰᠦᠯᠵᠢᠶᠡᠨ ᠤ ᠬᠢᠵᠠᠭᠠᠷᠲᠤ ᠺᠣᠮᠫᠠᠨᠢ ᠶᠢ ᠵᠢᠭᠠᠵᠤ ᠪᠤᠢ᠃

     ︵2︶ ᠣᠨᠴᠠ ᠬᠦᠨᠳᠦ ᠶᠡᠭᠡ ᠭᠡᠨᠡᠳᠡᠯ ᠭᠡᠵᠦ ᠳᠣᠣᠷ᠎ᠠ ᠵᠢᠭᠰᠠᠭᠠᠭᠰᠠᠨ ᠨᠥᠬᠦᠴᠡᠯ ᠤᠳ ᠤᠨ ᠨᠢᠭᠡ ᠳᠤ ᠨᠡᠶᠢᠴᠡᠭᠰᠡᠨ ᠪᠠᠶᠢᠳᠠᠯ ᠢ ᠵᠢᠭᠠᠵᠤ ᠪᠠᠶᠢᠨ᠎ᠠ᠄

     ① 3 ᠠᠴᠠ ᠳᠡᠭᠡᠭᠰᠢᠬᠢ ᠤᠯᠤᠰ ᠤᠨ ᠬᠤᠭᠤᠷᠣᠨᠳᠣᠬᠢ ᠴᠢᠮᠡᠭᠡ ᠬᠤᠯᠪᠣᠭᠠᠨ ᠤ ᠬᠠᠭᠤᠷᠠᠢ ᠲᠡᠯᠡᠢ ᠶᠢᠨ ᠭᠡᠷᠡᠯᠯᠢᠭ ︵ᠴᠠᠬᠢᠯᠭᠠᠨ︶ ᠳᠡᠭᠡᠰᠦ ᠲᠠᠰᠤᠷᠠᠭᠰᠠᠨ᠂ ᠡᠰᠡᠬᠦᠯ᠎ᠡ ᠶᠠᠮᠠᠷ ᠨᠢᠭᠡᠨ ᠤᠯᠤᠰ ᠲᠤ ᠨᠡᠪᠲᠡᠷᠡᠬᠦ ᠤᠯᠤᠰ ᠤᠨ ᠬᠤᠭᠤᠷᠣᠨᠳᠣᠬᠢ ᠤᠲᠠᠰᠤ ᠶᠢᠨ ᠴᠢᠮᠡᠭᠡ ᠬᠤᠯᠪᠣᠭ᠎ᠠ ᠨᠢ ᠪᠦᠬᠦᠨ ᠢᠶᠠᠷ ᠢᠶᠠᠨ ᠲᠠᠰᠤᠷᠠᠭᠠᠳ ᠦᠷᠭᠦᠯᠵᠢᠯᠡᠨ 1 ᠴᠠᠭ ᠠᠴᠠ ᠬᠡᠲᠦᠷᠡᠭᠰᠡᠨ︔

     ② 5 ᠠᠴᠠ ᠳᠡᠭᠡᠭᠰᠢᠬᠢ ᠳᠠᠭᠠᠭᠤᠯᠢ ᠳᠠᠮᠵᠢᠯᠭ᠎ᠠ ᠰᠠᠴᠤᠷᠠᠭᠤᠯᠤᠤᠷ ᠤᠨ ᠴᠢᠮᠡᠭᠡ ᠬᠤᠯᠪᠣᠭ᠎ᠠ ᠲᠠᠰᠤᠷᠠᠭᠠᠳ ᠦᠷᠭᠦᠯᠵᠢᠯᠡᠨ 1 ᠴᠠᠭ ᠠᠴᠠ ᠬᠡᠲᠦᠷᠡᠭᠰᠡᠨ︔

     ③ ᠠᠳᠠᠯᠢ ᠪᠤᠰᠤ ᠰᠠᠭᠤᠷᠢ ᠴᠠᠬᠢᠯᠭᠠᠨ ᠬᠤᠯᠪᠣᠭᠠᠨ ᠤ ᠲᠤᠬᠠᠶᠢᠯᠠᠭᠰᠠᠨ ᠠᠵᠢᠯ ᠤᠨ ᠡᠵᠡᠩᠨᠡᠭᠴᠢ ᠶᠢᠨ ᠰᠦᠯᠵᠢᠶᠡᠨ ᠤ ᠬᠤᠭᠤᠷᠣᠨᠳᠣᠬᠢ ᠤᠲᠠᠰᠤ ᠶᠢᠨ ᠴᠢᠮᠡᠭᠡ ᠬᠤᠯᠪᠣᠭ᠎ᠠ ᠨᠢ ᠪᠦᠬᠦᠨ ᠢᠶᠠᠷ ᠢᠶᠠᠨ ᠲᠠᠰᠤᠷᠠᠭᠠᠳ ᠦᠷᠭᠦᠯᠵᠢᠯᠡᠨ 5 ᠴᠠᠭ ᠠᠴᠠ ᠬᠡᠲᠦᠷᠡᠭᠰᠡᠨ︔

     ④ ᠮᠤᠵᠢ ᠶᠢᠨ ᠬᠤᠭᠤᠷᠣᠨᠳᠣᠬᠢ ᠠᠯᠤᠰ ᠤᠨ ᠤᠲᠠᠰᠤ ᠶᠢᠨ ᠴᠢᠮᠡᠭᠡ ᠬᠤᠯᠪᠣᠭᠠᠨ ᠤ 1 ᠴᠢᠭᠯᠡᠯ ᠪᠠᠶᠢᠷᠢ ᠨᠢ ᠪᠦᠬᠦᠨ ᠢᠶᠠᠷ ᠢᠶᠠᠨ ᠲᠠᠰᠤᠷᠠᠭᠠᠳ ᠦᠷᠭᠦᠯᠵᠢᠯᠡᠨ 2 ᠴᠠᠭ ᠠᠴᠠ ᠬᠡᠲᠦᠷᠡᠭᠰᠡᠨ︔

     ⑤ ᠲᠣᠭᠲᠠᠮᠠᠯ ᠤᠲᠠᠰᠤ ᠶᠢᠨ ᠴᠢᠮᠡᠭᠡ ᠬᠤᠯᠪᠣᠭᠠᠨ ᠤ ᠲᠠᠰᠤᠯᠳᠠᠯ ᠨᠢ 50 ᠲᠦᠮᠡ ᠠᠴᠠ ᠳᠠᠪᠠᠭᠰᠠᠨ ᠡᠷᠦᠬᠡ ᠶᠢ ᠨᠥᠯᠥᠭᠡᠯᠡᠭᠰᠡᠨ ᠮᠥᠷᠲᠡᠭᠡᠨ ᠦᠷᠭᠦᠯᠵᠢᠯᠡᠨ 1 ᠴᠠᠭ ᠠᠴᠠ ᠬᠡᠲᠦᠷᠡᠭᠰᠡᠨ︔

     ⑥ ᠰᠢᠯᠵᠢᠮᠡᠯ ᠤᠲᠠᠰᠤ ᠶᠢᠨ ᠴᠢᠮᠡᠭᠡ ᠬᠤᠯᠪᠣᠭᠠᠨ ᠤ ᠲᠠᠰᠤᠯᠳᠠᠯ ᠨᠢ 50 ᠲᠦᠮᠡ ᠠᠴᠠ ᠳᠠᠪᠠᠭᠰᠠᠨ ᠡᠷᠦᠬᠡ ᠶᠢ ᠨᠥᠯᠥᠭᠡᠯᠡᠭᠰᠡᠨ ᠮᠥᠷᠲᠡᠭᠡᠨ ᠦᠷᠭᠦᠯᠵᠢᠯᠡᠨ 1 ᠴᠠᠭ ᠠᠴᠠ ᠬᠡᠲᠦᠷᠡᠭᠰᠡᠨ︔

     ⑦ ᠣᠬᠤᠷ ᠮᠡᠳᠡᠭᠡᠨ ᠤ ᠲᠠᠪᠴᠠᠩ᠂ ᠣᠯᠠᠨ ᠵᠠᠭᠤᠴᠢᠲᠤ ᠮᠡᠳᠡᠭᠡᠨ ᠤ ᠲᠠᠪᠴᠠᠩ ᠵᠢᠴᠢ ᠪᠤᠰᠤᠳ ᠥᠷᠲᠡᠭ ᠨᠡᠮᠡᠭᠳᠡᠯ ᠤᠨ ᠲᠤᠬᠠᠶᠢᠯᠠᠭᠰᠠᠨ ᠠᠵᠢᠯ ᠤᠨ ᠲᠠᠪᠴᠠᠩ ᠤᠨ ᠦᠢᠯᠡᠴᠢᠯᠡᠭᠡ ᠲᠠᠰᠤᠷᠠᠭᠰᠠᠨ ᠴᠠᠭ ᠨᠢ ᠦᠷᠭᠦᠯᠵᠢᠯᠡᠨ 5 ᠴᠠᠭ ᠠᠴᠠ ᠬᠡᠲᠦᠷᠡᠭᠰᠡᠨ︔

     ⑧ ᠮᠤᠵᠢ ᠶᠢᠨ ᠱᠠᠲᠤᠨ ᠠᠴᠠ ᠳᠡᠭᠡᠭᠰᠢᠬᠢ ᠨᠠᠮ ᠵᠠᠰᠠᠭ ᠴᠡᠷᠢᠭ ᠤᠨ ᠴᠢᠬᠤᠯᠠ ᠪᠠᠶᠢᠭᠤᠯᠭ᠎ᠠ᠂ ᠤᠯᠤᠰ ᠤᠨ ᠠᠵᠤ ᠠᠬᠤᠢ ᠠᠷᠠᠳ ᠤᠨ ᠠᠮᠢᠳᠤᠷᠠᠯ ᠪᠠ ᠨᠡᠶᠢᠭᠡᠮ ᠤᠨ ᠠᠮᠤᠷ ᠲᠣᠭᠲᠠᠭᠤᠨ ᠲᠠᠢ ᠰᠢᠭᠤᠳ ᠬᠤᠯᠪᠣᠭᠳᠠᠬᠤ ᠴᠢᠬᠤᠯᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠠᠮᠢᠶ᠎ᠠ ᠪᠦᠬᠦᠢ ᠴᠢᠮᠡᠭᠡ ᠬᠤᠯᠪᠣᠭ᠎ᠠ ᠲᠠᠰᠤᠷᠠᠭᠰᠠᠨ᠃

     ︵3︶ ᠬᠦᠨᠳᠦ ᠶᠡᠭᠡ ᠭᠡᠨᠡᠳᠡᠯ ᠭᠡᠳᠡᠭ ᠨᠢ ᠪᠣᠯ ᠳᠣᠣᠷ᠎ᠠ ᠵᠢᠭᠰᠠᠭᠠᠭᠰᠠᠨ ᠨᠥᠬᠦᠴᠡᠯ ᠤᠳ ᠤᠨ ᠨᠢᠭᠡ ᠳᠤ ᠨᠡᠶᠢᠴᠡᠬᠦ ᠮᠥᠷᠲᠡᠭᠡᠨ ᠣᠨᠴᠠ ᠬᠦᠨᠳᠦ ᠶᠡᠭᠡ ᠭᠡᠨᠡᠳᠡᠯ ᠳᠤ ᠲᠣᠭᠠᠴᠠᠭᠳᠠᠬᠤ ᠦᠭᠡᠢ ᠪᠠᠶᠢᠳᠠᠯ᠄

     ①1 ᠠᠴᠠ ᠳᠡᠭᠡᠭᠰᠢᠬᠢ ᠤᠯᠤᠰ ᠤᠨ ᠬᠤᠭᠤᠷᠣᠨᠳᠣᠬᠢ ᠴᠢᠮᠡᠭᠡ ᠬᠤᠯᠪᠣᠭᠠᠨ ᠤ ᠬᠠᠭᠤᠷᠠᠢ ᠲᠡᠯᠡᠢ ᠶᠢᠨ ᠭᠡᠷᠡᠯᠯᠢᠭ ︵ᠴᠠᠬᠢᠯᠭᠠᠨ︶ ᠲᠠᠲᠠᠯᠭ᠎ᠠ ᠲᠠᠰᠤᠷᠠᠭᠰᠠᠨ︔

     ②ᠨᠢᠭᠡ ᠠᠴᠠ ᠳᠡᠭᠡᠭᠰᠢᠬᠢ ᠳᠠᠭᠠᠭᠤᠯᠢ ᠳᠠᠮᠵᠢᠯᠭ᠎ᠠ ᠰᠠᠴᠤᠷᠠᠭᠤᠯᠤᠤᠷ ᠤᠨ ᠴᠢᠮᠡᠭᠡ ᠬᠤᠯᠪᠣᠭ᠎ᠠ ᠲᠠᠰᠤᠷᠠᠭᠠᠳ ᠦᠷᠭᠦᠯᠵᠢᠯᠡᠨ 1 ᠴᠠᠭ ᠠᠴᠠ ᠬᠡᠲᠦᠷᠡᠭᠰᠡᠨ︔

     ③ ᠠᠳᠠᠯᠢ ᠪᠤᠰᠤ ᠰᠠᠭᠤᠷᠢ ᠴᠠᠬᠢᠯᠭᠠᠨ ᠬᠤᠯᠪᠣᠭᠠᠨ ᠤ ᠲᠤᠬᠠᠶᠢᠯᠠᠭᠰᠠᠨ ᠠᠵᠢᠯ ᠤᠨ ᠡᠵᠡᠩᠨᠡᠭᠴᠢ ᠶᠢᠨ ᠰᠦᠯᠵᠢᠶᠡᠨ ᠤ ᠬᠤᠭᠤᠷᠣᠨᠳᠣᠬᠢ ᠤᠲᠠᠰᠤ ᠶᠢᠨ ᠴᠢᠮᠡᠭᠡ ᠬᠤᠯᠪᠣᠭ᠎ᠠ ᠨᠢ ᠪᠦᠬᠦᠨ ᠢᠶᠠᠷ ᠢᠶᠠᠨ ᠲᠠᠰᠤᠷᠠᠭᠠᠳ ᠦᠷᠭᠦᠯᠵᠢᠯᠡᠨ 2 ᠴᠠᠭ ᠠᠴᠠ ᠬᠡᠲᠦᠷᠡᠭᠰᠡᠨ ᠪᠤᠶᠤ ᠰᠢᠭᠤᠳ ᠨᠥᠯᠥᠭᠡᠯᠡᠬᠦ ᠬᠡᠪᠴᠢᠶ᠎ᠡ ᠨᠢ 5 ᠲᠦᠮᠡ ︵ᠬᠡᠷᠡᠭᠯᠡᠭᠴᠢ × ×ᠴᠠᠭ︶ ᠠᠴᠠ ᠳᠡᠭᠡᠭᠰᠢ ᠪᠣᠯᠤᠭᠰᠠᠨ︔

     ④ ᠠᠯᠤᠰ ᠤᠨ ᠤᠲᠠᠰᠤ ᠶᠢᠨ ᠴᠢᠮᠡᠭᠡ ᠬᠤᠯᠪᠣᠭᠠᠨ ᠤ 1 ᠴᠢᠭᠯᠡᠯ ᠨᠢ ᠪᠦᠬᠦᠨ ᠢᠶᠠᠷ ᠢᠶᠠᠨ ᠲᠠᠰᠤᠷᠠᠭᠠᠳ 1 ᠴᠠᠭ ᠠᠴᠠ ᠬᠡᠲᠦᠷᠡᠭᠰᠡᠨ︔

     ⑤ ᠲᠣᠭᠲᠠᠮᠠᠯ ᠤᠲᠠᠰᠤ ᠶᠢᠨ ᠴᠢᠮᠡᠭᠡ ᠬᠤᠯᠪᠣᠭᠠᠨ ᠤ ᠲᠠᠰᠤᠯᠳᠠᠯ ᠨᠢ 10 ᠲᠦᠮᠡ ᠠᠴᠠ ᠳᠠᠪᠠᠭᠰᠠᠨ ᠡᠷᠦᠬᠡ ᠶᠢ ᠨᠥᠯᠥᠭᠡᠯᠡᠭᠰᠡᠨ ᠮᠥᠷᠲᠡᠭᠡᠨ ᠦᠷᠭᠦᠯᠵᠢᠯᠡᠨ 1 ᠴᠠᠭ ᠠᠴᠠ ᠬᠡᠲᠦᠷᠡᠭᠰᠡᠨ︔

     ⑥ ᠰᠢᠯᠵᠢᠮᠡᠯ ᠤᠲᠠᠰᠤ ᠶᠢᠨ ᠴᠢᠮᠡᠭᠡ ᠬᠤᠯᠪᠣᠭᠠᠨ ᠤ ᠲᠠᠰᠤᠯᠳᠠᠯ ᠨᠢ 10 ᠲᠦᠮᠡ ᠠᠴᠠ ᠳᠠᠪᠠᠭᠰᠠᠨ ᠡᠷᠦᠬᠡ ᠶᠢ ᠨᠥᠯᠥᠭᠡᠯᠡᠭᠰᠡᠨ ᠮᠥᠷᠲᠡᠭᠡᠨ ᠦᠷᠭᠦᠯᠵᠢᠯᠡᠨ 1 ᠴᠠᠭ ᠠᠴᠠ ᠬᠡᠲᠦᠷᠡᠭᠰᠡᠨ︔

     ⑦ ᠣᠬᠤᠷ ᠮᠡᠳᠡᠭᠡᠨ ᠤ ᠲᠠᠪᠴᠠᠩ᠂ ᠣᠯᠠᠨ ᠵᠠᠭᠤᠴᠢᠲᠤ ᠮᠡᠳᠡᠭᠡᠨ ᠤ ᠲᠠᠪᠴᠠᠩ ᠵᠢᠴᠢ ᠪᠤᠰᠤᠳ ᠥᠷᠲᠡᠭ ᠨᠡᠮᠡᠭᠳᠡᠯ ᠤᠨ ᠲᠤᠬᠠᠶᠢᠯᠠᠭᠰᠠᠨ ᠠᠵᠢᠯ ᠤᠨ ᠲᠠᠪᠴᠠᠩ ᠤᠨ ᠦᠢᠯᠡᠴᠢᠯᠡᠭᠡ ᠲᠠᠰᠤᠷᠠᠭᠰᠠᠨ  ᠴᠠᠭ ᠨᠢ ᠦᠷᠭᠦᠯᠵᠢᠯᠡᠨ 1 ᠴᠠᠭ ᠠᠴᠠ ᠬᠡᠲᠦᠷᠡᠭᠰᠡᠨ︔

     ⑧ ᠠᠶᠢᠮᠠᠭ ᠬᠤᠲᠠ ᠶᠢᠨ ᠱᠠᠲᠤᠨ ᠠᠴᠠ ᠳᠡᠭᠡᠭᠰᠢᠬᠢ ᠨᠠᠮ ᠵᠠᠰᠠᠭ ᠴᠡᠷᠢᠭ ᠤᠨ ᠴᠢᠬᠤᠯᠠ ᠪᠠᠶᠢᠭᠤᠯᠭ᠎ᠠ᠂ ᠤᠯᠤᠰ ᠤᠨ ᠠᠵᠤ ᠠᠬᠤᠢ ᠠᠷᠠᠳ ᠤᠨ ᠠᠮᠢᠳᠤᠷᠠᠯ ᠪᠠ ᠨᠡᠶᠢᠭᠡᠮ ᠤᠨ ᠠᠮᠤᠷ ᠲᠣᠭᠲᠠᠭᠤᠨ ᠳᠤ ᠰᠢᠭᠤᠳ ᠬᠤᠯᠪᠣᠭᠳᠠᠬᠤ ᠴᠢᠬᠤᠯᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠠᠮᠢᠶ᠎ᠠ ᠪᠦᠬᠦᠢ ᠴᠢᠮᠡᠭᠡ ᠬᠤᠯᠪᠣᠭ᠎ᠠ ᠲᠠᠰᠤᠷᠠᠭᠰᠠᠨ︔

     ⑨ ᠴᠢᠬᠤᠯᠠ ᠶᠡᠭᠡ ᠨᠥᠯᠥᠭᠡ ᠲᠠᠢ ᠬᠤᠷᠠᠯ ᠪᠣᠯᠣᠨ ᠠᠵᠢᠯᠯᠠᠭ᠎ᠠ ᠶᠢᠨ ᠬᠤᠭᠤᠴᠠᠭᠠᠨ ᠳᠤ ᠬᠠᠮᠢᠶ᠎ᠠ ᠪᠦᠬᠦᠢ ᠴᠢᠮᠡᠭᠡ ᠬᠤᠯᠪᠣᠭ᠎ᠠ ᠲᠠᠰᠤᠷᠠᠭᠰᠠᠨ᠃

     ︵4︶ ᠨᠡᠯᠢᠶᠡᠳ ᠶᠡᠭᠡ ᠭᠡᠨᠡᠳᠡᠯ ᠭᠡᠳᠡᠭ ᠨᠢ ᠪᠣᠯ ᠳᠣᠣᠷ᠎ᠠ ᠵᠢᠭᠰᠠᠭᠠᠭᠰᠠᠨ ᠨᠥᠬᠦᠴᠡᠯ ᠤᠳ ᠤᠨ ᠨᠢᠭᠡ ᠳᠤ ᠨᠡᠶᠢᠴᠡᠬᠦ ᠮᠥᠷᠲᠡᠭᠡᠨ ᠣᠨᠴᠠ ᠬᠦᠨᠳᠦ ᠶᠡᠭᠡ᠂ ᠬᠦᠨᠳᠦ ᠶᠡᠭᠡ ᠭᠡᠨᠡᠳᠡᠯ ᠳᠤ ᠲᠣᠭᠠᠴᠠᠭᠳᠠᠬᠤ ᠦᠭᠡᠢ ᠪᠠᠶᠢᠳᠠᠯ᠄

     ① ᠳᠠᠭᠠᠭᠤᠯᠢ ᠳᠠᠮᠵᠢᠯᠭ᠎ᠠ ᠰᠠᠴᠤᠷᠠᠭᠤᠯᠤᠤᠷ ᠤᠨ ᠴᠢᠮᠡᠭᠡ ᠬᠤᠯᠪᠣᠭ᠎ᠠ ᠲᠠᠰᠤᠷᠠᠭᠠᠳ 20 ᠮᠢᠨᠦ᠋ᠲ ᠠᠴᠠ ᠬᠡᠲᠦᠷᠡᠭᠰᠡᠨ︔

     ② ᠠᠳᠠᠯᠢ ᠪᠤᠰᠤ ᠰᠠᠭᠤᠷᠢ ᠴᠠᠬᠢᠯᠭᠠᠨ ᠬᠤᠯᠪᠣᠭᠠᠨ ᠤ ᠲᠤᠬᠠᠶᠢᠯᠠᠭᠰᠠᠨ ᠠᠵᠢᠯ ᠤᠨ ᠡᠵᠡᠩᠨᠡᠭᠴᠢ ᠶᠢᠨ ᠰᠦᠯᠵᠢᠶᠡᠨ ᠤ ᠬᠤᠭᠤᠷᠣᠨᠳᠣᠬᠢ ᠤᠲᠠᠰᠤ ᠶᠢᠨ ᠴᠢᠮᠡᠭᠡ ᠬᠤᠯᠪᠣᠭ᠎ᠠ ᠪᠦᠬᠦᠨ ᠢᠶᠠᠷ ᠢᠶᠠᠨ ᠲᠠᠰᠤᠷᠠᠭᠠᠳ ᠦᠷᠭᠦᠯᠵᠢᠯᠡᠨ 20 ᠮᠢᠨᠦ᠋ᠲ ᠠᠴᠠ ᠬᠡᠲᠦᠷᠡᠭᠰᠡᠨ ᠪᠤᠶᠤ ᠰᠢᠭᠤᠳ ᠨᠥᠯᠥᠭᠡᠯᠡᠬᠦ ᠬᠡᠪᠴᠢᠶ᠎ᠡ ᠨᠢ 1 ᠲᠦᠮᠡ ︵ᠬᠡᠷᠡᠭᠯᠡᠭᠴᠢ × ×ᠴᠠᠭ︶ ᠠᠴᠠ ᠳᠡᠭᠡᠭᠰᠢ ᠪᠣᠯᠤᠭᠰᠠᠨ︔

     ③ ᠠᠯᠤᠰ ᠤᠨ ᠤᠲᠠᠰᠤ ᠶᠢᠨ ᠴᠢᠮᠡᠭᠡ ᠬᠤᠯᠪᠣᠭᠠᠨ ᠤ 1 ᠴᠢᠭᠯᠡᠯ ᠨᠢ ᠪᠦᠬᠦᠨ ᠢᠶᠠᠷ ᠢᠶᠠᠨ ᠲᠠᠰᠤᠷᠠᠭᠠᠳ ᠦᠷᠭᠦᠯᠵᠢᠯᠡᠨ 20 ᠮᠢᠨᠦ᠋ᠲ ᠠᠴᠠ ᠬᠡᠲᠦᠷᠡᠭᠰᠡᠨ︔

     ④ ᠲᠣᠭᠲᠠᠮᠠᠯ ᠤᠲᠠᠰᠤ ᠶᠢᠨ ᠴᠢᠮᠡᠭᠡ ᠬᠤᠯᠪᠣᠭᠠᠨ ᠤ ᠲᠠᠰᠤᠯᠳᠠᠯ ᠨᠢ 3 ᠲᠦᠮᠡ ᠠᠴᠠ ᠳᠠᠪᠠᠭᠰᠠᠨ ᠡᠷᠦᠬᠡ ᠶᠢ ᠨᠥᠯᠥᠭᠡᠯᠡᠭᠰᠡᠨ ᠮᠥᠷᠲᠡᠭᠡᠨ ᠦᠷᠭᠦᠯᠵᠢᠯᠡᠨ 20 ᠮᠢᠨᠦ᠋ᠲ ᠠᠴᠠ ᠬᠡᠲᠦᠷᠡᠭᠰᠡᠨ︔

     ⑤ ᠰᠢᠯᠵᠢᠮᠡᠯ ᠤᠲᠠᠰᠤ ᠶᠢᠨ ᠴᠢᠮᠡᠭᠡ ᠬᠤᠯᠪᠣᠭᠠᠨ ᠤ ᠲᠠᠰᠤᠯᠳᠠᠯ ᠨᠢ 3 ᠲᠦᠮᠡ ᠠᠴᠠ ᠳᠠᠪᠠᠭᠰᠠᠨ ᠡᠷᠦᠬᠡ ᠶᠢ ᠨᠥᠯᠥᠭᠡᠯᠡᠭᠰᠡᠨ ᠮᠥᠷᠲᠡᠭᠡᠨ ᠦᠷᠭᠦᠯᠵᠢᠯᠡᠨ 20 ᠮᠢᠨᠦ᠋ᠲ ᠠᠴᠠ ᠬᠡᠲᠦᠷᠡᠭᠰᠡᠨ︔

     ⑥ ᠣᠬᠤᠷ ᠮᠡᠳᠡᠭᠡᠨ ᠤ ᠲᠠᠪᠴᠠᠩ᠂ ᠣᠯᠠᠨ ᠵᠠᠭᠤᠴᠢᠲᠤ ᠮᠡᠳᠡᠭᠡᠨ ᠤ ᠲᠠᠪᠴᠠᠩ ᠵᠢᠴᠢ ᠪᠤᠰᠤᠳ ᠥᠷᠲᠡᠭ ᠨᠡᠮᠡᠭᠳᠡᠯ ᠤᠨ ᠲᠤᠬᠠᠶᠢᠯᠠᠭᠰᠠᠨ ᠠᠵᠢᠯ ᠤᠨ ᠲᠠᠪᠴᠠᠩ ᠤᠨ ᠦᠢᠯᠡᠴᠢᠯᠡᠭᠡ ᠲᠠᠰᠤᠷᠠᠭᠰᠠᠨ ᠴᠠᠭ ᠨᠢ ᠦᠷᠭᠦᠯᠵᠢᠯᠡᠨ 20 ᠮᠢᠨᠦ᠋ᠲ ᠠᠴᠠ ᠬᠡᠲᠦᠷᠡᠭᠰᠡᠨ︔

     ⑦ ᠠᠶᠢᠮᠠᠭ ᠬᠤᠲᠠ ᠶᠢᠨ ᠱᠠᠲᠤᠨ ᠠᠴᠠ ᠳᠣᠷᠣᠭᠰᠢᠬᠢ ᠨᠠᠮ ᠵᠠᠰᠠᠭ ᠴᠡᠷᠢᠭ ᠤᠨ ᠴᠢᠬᠤᠯᠠ ᠪᠠᠶᠢᠭᠤᠯᠭ᠎ᠠ᠂ ᠤᠯᠤᠰ ᠤᠨ ᠠᠵᠤ ᠠᠬᠤᠢ ᠠᠷᠠᠳ ᠤᠨ ᠠᠮᠢᠳᠤᠷᠠᠯ ᠪᠠ ᠨᠡᠶᠢᠭᠡᠮ ᠤᠨ ᠠᠮᠤᠷ ᠲᠣᠭᠲᠠᠭᠤᠨ ᠳᠤ ᠰᠢᠭᠤᠳ ᠬᠤᠯᠪᠣᠭᠳᠠᠬᠤ ᠴᠢᠬᠤᠯᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠠᠮᠢᠶ᠎ᠠ ᠪᠦᠬᠦᠢ ᠴᠢᠮᠡᠭᠡ ᠬᠤᠯᠪᠣᠭ᠎ᠠ ᠲᠠᠰᠤᠷᠠᠭᠰᠠᠨ᠃

     ︵5︶ ᠡᠩ ᠤᠨ ᠭᠡᠨᠡᠳᠡᠯ ᠭᠡᠳᠡᠭ ᠨᠢ ᠪᠣᠯ ᠳᠣᠣᠷ᠎ᠠ ᠵᠢᠭᠰᠠᠭᠠᠭᠰᠠᠨ ᠨᠥᠬᠦᠴᠡᠯ ᠤᠳ ᠤᠨ ᠨᠢᠭᠡ ᠳᠤ ᠨᠡᠶᠢᠴᠡᠬᠦ ᠮᠥᠷᠲᠡᠭᠡᠨ ᠣᠨᠴᠠ ᠬᠦᠨᠳᠦ ᠶᠡᠭᠡ᠂ ᠬᠦᠨᠳᠦ ᠶᠡᠭᠡ᠂ ᠨᠡᠯᠢᠶᠡᠳ ᠶᠡᠭᠡ ᠭᠡᠨᠡᠳᠡᠯ ᠳᠤ ᠲᠣᠭᠠᠴᠠᠭᠳᠠᠬᠤ ᠦᠭᠡᠢ ᠪᠠᠶᠢᠳᠠᠯ᠄

     ① ᠳᠠᠭᠠᠭᠤᠯᠢ ᠳᠠᠮᠵᠢᠯᠭ᠎ᠠ ᠰᠠᠴᠤᠷᠠᠭᠤᠯᠤᠤᠷ ᠤᠨ ᠬᠤᠯᠪᠣᠭ᠎ᠠ ᠲᠠᠰᠤᠷᠠᠭᠰᠠᠨ︔

     ② ᠠᠳᠠᠯᠢ ᠪᠤᠰᠤ ᠰᠠᠭᠤᠷᠢ ᠴᠠᠬᠢᠯᠭᠠᠨ ᠬᠤᠯᠪᠣᠭᠠᠨ ᠤ ᠲᠤᠬᠠᠶᠢᠯᠠᠭᠰᠠᠨ ᠠᠵᠢᠯ ᠤᠨ ᠡᠵᠡᠩᠨᠡᠭᠴᠢ ᠶᠢᠨ ᠰᠦᠯᠵᠢᠶᠡᠨ ᠤ ᠬᠤᠭᠤᠷᠣᠨᠳᠣᠬᠢ ᠤᠲᠠᠰᠤ ᠶᠢᠨ ᠴᠢᠮᠡᠭᠡ ᠬᠤᠯᠪᠣᠭ᠎ᠠ ᠪᠦᠬᠦᠨ ᠢᠶᠠᠷ ᠢᠶᠠᠨ ᠲᠠᠰᠤᠷᠠᠭᠰᠠᠨ︔

     ③ ᠠᠯᠤᠰ ᠤᠨ ᠤᠲᠠᠰᠤ ᠶᠢᠨ ᠴᠢᠮᠡᠭᠡ ᠬᠤᠯᠪᠣᠭᠠᠨ ᠤ 1 ᠴᠢᠭᠯᠡᠯ ᠨᠢ ᠪᠦᠬᠦᠨ ᠢᠶᠠᠷ ᠢᠶᠠᠨ ᠲᠠᠰᠤᠷᠠᠭᠰᠠᠨ︔

     ④ ᠲᠣᠭᠲᠠᠮᠠᠯ ᠤᠲᠠᠰᠤ ᠶᠢᠨ ᠴᠢᠮᠡᠭᠡ ᠬᠤᠯᠪᠣᠭᠠᠨ ᠤ ᠲᠠᠰᠤᠯᠳᠠᠯ ᠤᠨ ᠨᠥᠯᠥᠭᠡ ᠨᠢ ᠲᠦᠮᠡᠨ ᠡᠷᠦᠬᠡ ᠠᠴᠠ ᠬᠡᠲᠦᠷᠡᠭᠰᠡᠨ︔

     ⑤ ᠰᠢᠯᠵᠢᠮᠡᠯ ᠤᠲᠠᠰᠤ ᠶᠢᠨ ᠴᠢᠮᠡᠭᠡ ᠬᠤᠯᠪᠣᠭᠠᠨ ᠤ ᠲᠠᠰᠤᠯᠳᠠᠯ ᠤᠨ ᠨᠥᠯᠥᠭᠡ ᠨᠢ ᠲᠦᠮᠡᠨ ᠡᠷᠦᠬᠡ ᠠᠴᠠ ᠬᠡᠲᠦᠷᠡᠭᠰᠡᠨ︔

     ⑥ ᠣᠬᠤᠷ ᠮᠡᠳᠡᠭᠡᠨ ᠤ ᠲᠠᠪᠴᠠᠩ᠂ ᠣᠯᠠᠨ ᠵᠠᠭᠤᠴᠢᠲᠤ ᠮᠡᠳᠡᠭᠡᠨ ᠤ ᠲᠠᠪᠴᠠᠩ ᠵᠢᠴᠢ ᠪᠤᠰᠤᠳ ᠥᠷᠲᠡᠭ ᠨᠡᠮᠡᠭᠳᠡᠯ ᠤᠨ ᠲᠤᠬᠠᠶᠢᠯᠠᠭᠰᠠᠨ ᠠᠵᠢᠯ ᠤᠨ ᠲᠠᠪᠴᠠᠩ ᠤᠨ ᠦᠢᠯᠡᠴᠢᠯᠡᠭᠡ ᠲᠠᠰᠤᠷᠠᠭᠰᠠᠨ᠃

     ︽ᠣᠨᠴᠠ ᠬᠦᠨᠳᠦ ᠶᠡᠭᠡ ᠭᠡᠨᠡᠳᠡᠯ᠂ ᠬᠦᠨᠳᠦ ᠶᠡᠭᠡ ᠭᠡᠨᠡᠳᠡᠯ᠂ ᠨᠡᠯᠢᠶᠡᠳ ᠶᠡᠭᠡ ᠭᠡᠨᠡᠳᠡᠯ᠂ ᠡᠩ ᠤᠨ ᠭᠡᠨᠡᠳᠡᠯ︾ ᠢ ᠲᠣᠭᠲᠠᠭᠠᠬᠤ ᠪᠠᠷᠢᠮᠵᠢᠶ᠎ᠠ ᠶᠢ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠠᠴᠠ ᠬᠤᠪᠢᠶᠠᠷᠢᠯᠠᠬᠤ ᠶᠢᠨ ᠬᠠᠮᠲᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠬᠢᠷᠠᠭᠤᠯᠤᠨ᠎ᠠ᠂ ᠡᠭᠦᠨ ᠳᠤ ᠬᠡᠯᠡᠵᠦ ᠪᠠᠶᠢᠭ᠎ᠠ ︽ᠳᠡᠭᠡᠭᠰᠢ︾ ᠭᠡᠳᠡᠭ ᠲᠤ ᠲᠤᠰ ᠲᠤᠭ᠎ᠠ ᠶᠢ ᠪᠠᠭᠲᠠᠭᠠᠨ᠎ᠠ᠂ ᠬᠡᠯᠡᠵᠦ ᠪᠠᠶᠢᠭ᠎ᠠ ︽ᠳᠣᠷᠣᠭᠰᠢ︾ ᠭᠡᠳᠡᠭ ᠲᠤ ᠲᠤᠰ ᠲᠤᠭ᠎ᠠ ᠶᠢ ᠪᠠᠭᠲᠠᠭᠠᠬᠤ ᠦᠭᠡᠢ᠃

     7.2 ᠪᠡᠯᠡᠳᠬᠡᠯ ᠲᠥᠰᠥᠯ ᠢ ᠬᠠᠮᠢᠶᠠᠷᠬᠤ ᠪᠠ ᠰᠢᠨᠡᠳᠬᠡᠬᠦ

     ᠲᠣᠰ ᠪᠡᠯᠡᠳᠬᠡᠯ ᠲᠥᠰᠥᠯ ᠢ ᠥᠪᠥᠷ ᠮᠣᠩᠭᠤᠯ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠥᠪᠡᠷᠲᠡᠭᠡᠨ ᠵᠠᠰᠠᠬᠤ ᠣᠷᠣᠨ ᠤ ᠵᠢᠯᠤᠭᠤᠳᠬᠤ ᠭᠠᠵᠠᠷ ᠤᠨ ᠡᠯ᠎ᠡ ᠪᠦᠷᠢᠯᠳᠦᠭᠦᠨ ᠨᠢᠭᠡᠴᠢ ᠲᠠᠢ ᠬᠠᠮᠲᠤᠷᠠᠨ ᠴᠠᠭ ᠲᠤ ᠨᠢ ᠲᠣᠬᠢᠷᠠᠭᠤᠯᠤᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠨ᠎ᠡ᠃

     7.3 ᠤᠬᠠᠭᠤᠯᠬᠤ᠂ ᠪᠣᠯᠪᠠᠰᠤᠷᠠᠯ ᠬᠦᠷᠲᠡᠭᠡᠬᠦ ᠪᠠ ᠰᠣᠷᠢᠯᠲᠠ ᠬᠢᠬᠦ

     ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠨᠢ ᠪᠠᠴᠢᠮ ᠪᠠᠶᠢᠳᠠᠯ ᠢ ᠠᠷᠭᠠᠴᠠᠭᠠᠬᠤ ᠬᠠᠷᠢᠭᠤᠴᠠᠯᠭ᠎ᠠ ᠪᠠᠨ ᠴᠢᠩᠭᠠᠷᠠᠭᠤᠯᠵᠤ᠂ ᠵᠢᠩᠬᠢᠨᠢ ᠪᠠᠶᠢᠯᠳᠤᠭᠠᠨ ᠳᠤ ᠰᠠᠭᠤᠷᠢᠯᠠᠨ᠂ ᠴᠢᠮᠡᠭᠡ ᠬᠤᠯᠪᠣᠭᠠᠨ ᠤ ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ 3 ᠵᠢᠯ ᠳᠤ ᠨᠠᠭᠠᠲᠤ ᠵᠠᠬ᠎ᠠ ᠳᠤ ᠪᠠᠨ ᠨᠢᠭᠡ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠶᠠᠪᠤᠴᠠ ᠶᠢ ᠰᠠᠶᠢᠨ ᠮᠡᠳᠡᠵᠦ᠂ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠰᠢᠯᠭᠠᠨ ᠪᠠᠶᠢᠴᠠᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ ᠪᠠᠨ ᠳᠠᠪᠲᠠᠨ ᠪᠣᠯᠪᠠᠰᠤᠷᠠᠭᠤᠯᠵᠤ᠂ ᠤᠷᠢᠶᠠᠯᠠᠨ ᠳᠠᠭᠠᠬᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢᠨ ᠬᠠᠮᠲᠤ ᠪᠡᠯᠡᠳᠬᠡᠯ ᠲᠥᠰᠥᠯ ᠳᠤ ᠵᠠᠰᠠᠪᠤᠷᠢ ᠣᠷᠣᠭᠤᠯᠬᠤ ᠪᠠ ᠲᠡᠭᠦᠯᠳᠡᠷᠵᠢᠭᠦᠯᠬᠦ ᠳᠤ ᠦᠨᠳᠦᠰᠦᠯᠡᠯ ᠬᠠᠩᠭᠠᠬᠤ ᠬᠡᠷᠡᠭᠲᠡᠢ᠃ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠴᠢᠮᠡᠭᠡ ᠬᠤᠯᠪᠣᠭᠠᠨ ᠤ ᠰᠠᠭᠤᠷᠢ ᠪᠡᠯᠡᠳᠬᠡᠮᠵᠢ ᠶᠢᠨ ᠬᠠᠮᠠᠭᠠᠯᠠᠯᠲᠠ ᠶᠢᠨ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠪᠥᠬᠦ ᠠᠵᠢᠯᠲᠠᠨ ᠤ ᠪᠠᠨ ᠠᠮᠤᠷ ᠲᠦᠪᠰᠢᠨ ᠤ ᠦᠵᠡᠯ ᠤᠬᠠᠮᠰᠠᠷ ᠢ ᠨᠢ ᠴᠢᠩᠭᠠᠷᠠᠭᠤᠯᠤᠨ᠂ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ ᠶᠢᠨ ᠪᠣᠯᠪᠠᠰᠤᠷᠠᠯ ᠢ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃

     7.4 ᠪᠡᠯᠡᠳᠬᠡᠯ ᠲᠥᠰᠥᠯ ᠢ ᠬᠡᠷᠡᠭᠵᠢᠭᠦᠯᠬᠦ

     ᠲᠤᠰ ᠪᠡᠯᠡᠳᠬᠡᠯ ᠲᠥᠰᠥᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃


     ᠳᠠᠭᠠᠯᠳᠤᠭᠤᠯᠤᠯ᠄ ᠥᠪᠥᠷ ᠮᠣᠩᠭᠤᠯ ᠤᠨ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠶᠢᠨ ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠤᠪᠤᠷᠠᠯ ᠵᠢᠷᠤᠭ

     

11111111111.png





ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ