ᠬᠦᠢᠲᠡᠨ ᠰᠢᠭᠦᠳᠡᠷᠢ ᠶᠢᠨ ᠤᠯᠠᠷᠢᠯ ᠰᠠᠶ᠋ᠢᠬᠠᠨ ᠥᠩᠭᠡᠷᠡᠵᠦ᠂ ᠭᠦᠭᠡᠬᠤᠲᠠ ᠶᠢᠨ ᠬᠤᠷᠢᠨᠭᠡᠷ ᠤᠨ ᠲᠦᠮᠡᠨ ᠮᠦ ᠶᠢᠨ ᠵᠠᠳᠠᠭᠠᠢ ᠢᠳᠡᠰᠢᠨ ᠨᠣᠭᠤᠭ᠎ᠠ ᠲᠠᠷᠢᠬᠤ ᠰᠠᠭᠤᠷᠢᠨ ᠳᠤ ᠬᠦᠷᠬᠦ ᠳᠤ᠂ 2000 ᠮᠦ ᠶᠢᠨ ᠨᠣᠭᠤᠭᠠᠨ ᠴᠡᠴᠡᠭᠲᠦ ᠨᠣᠭᠤᠭ᠎ᠠ ᠶᠢ ᠬᠤᠶᠠᠳᠠᠭᠢ ᠤᠳᠠᠭ᠎ᠠ ᠬᠤᠷᠢᠶᠠᠵᠤ᠂ ᠲᠠᠷᠢᠶᠠᠴᠢᠳ ᠲᠠᠷᠢᠶᠠᠨ ᠭᠠᠵᠠᠷ ᠲᠤ ᠲᠤᠶᠢᠯ ᠤᠨ ᠶᠠᠭᠠᠷᠠᠤ ᠭᠦᠷ ᠬᠥᠭᠵᠢᠶᠡᠨ ᠢᠶᠠᠷ ᠪᠢᠯᠬᠠᠨ᠎ᠠ᠃
︽ᠨᠣᠭᠤᠭᠠᠨ ᠴᠡᠴᠡᠭᠲᠦ ᠨᠣᠭᠤᠭ᠎ᠠ ᠶᠢᠨ ᠦᠷ᠎ᠡ ᠶᠢ ᠰᠤᠳᠤᠯᠬᠤ ᠪᠠᠷ ᠳᠡᠮᠵᠢᠨ᠂ ᠡᠷᠭᠢᠨ ᠲᠣᠭᠤᠷᠢᠨ ᠤ ᠭᠠᠵᠠᠷ ᠣᠷᠣᠨ ᠳᠤ ᠬᠠᠮᠤᠭ ᠤᠨ ᠲᠦᠷᠦᠭᠦᠨ ᠳᠤ ᠬᠤᠶᠠᠷ ᠤᠳᠠᠭ᠎ᠠ ᠳᠠᠷᠢᠬᠤ ᠶᠢ ᠪᠡᠶᠡᠯᠡᠭᠦᠯᠵᠦ᠂ ᠮᠦ ᠪᠦᠷᠢ ᠶᠢᠨ ᠤᠨᠠᠯᠲᠠ ᠨᠢ 6000 ᠵᠢᠩ ᠳᠤ ᠬᠦᠷᠴᠦ᠂ ᠮᠦ ᠪᠦᠷᠢ ᠶᠢᠨ ᠤᠨᠠᠯᠲᠠ ᠨᠢ ᠳᠤᠮᠳᠠᠴᠢ ᠪᠠᠷ 3% ᠠᠴᠠ ᠳᠡᠭᠡᠭᠰᠢ ᠨᠡᠮᠡᠭᠳᠡᠵᠦ᠂ ᠮᠦ ᠪᠦᠷᠢ ᠶᠢᠨ ᠳᠤᠮᠳᠠᠴᠢ ᠴᠡᠪᠡᠷ ᠣᠷᠣᠯᠭ᠎ᠠ ᠨᠢ 7000 ᠲᠥᠭᠦᠷᠢᠭ ᠣᠷᠴᠢᠮ ᠪᠠᠶᠢᠵᠤ᠂ ᠠᠮᠲᠠ ᠨᠢ ᠬᠠᠭᠤᠴᠢᠨ ᠡᠭᠦᠯᠳᠡᠷ ᠠᠴᠠ ᠨᠠᠩ ᠰᠠᠶᠢᠨ ᠪᠠᠶᠢᠨ᠎ᠠ︾ ᠭᠡᠵᠦ ᠰᠠᠭᠤᠷᠢᠨ ᠤ ᠬᠠᠷᠢᠭᠤᠴᠠᠯᠭᠠᠲᠠᠨ ᠸᠠᠩ ᠴᠦᠨ ᠮᠢᠩ ᠰᠤᠷᠪᠤᠯᠵᠢᠯᠠᠬᠴᠢ ᠳᠤ ᠬᠡᠯᠡᠨ᠎ᠡ᠃
︽ᠦᠷ᠎ᠡ ᠪᠣᠶᠢᠵᠢᠭᠤᠯᠬᠤ︾ ᠡᠨᠡ ᠬᠦ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠷᠢᠨᠭᠡᠷ ᠰᠢᠶᠠᠨ ᠤ ᠬᠢᠨ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ︾ ᠶᠢᠨ ᠲᠠᠪᠴᠠᠩ ᠳᠤ ᠲᠦᠰᠢᠭᠯᠡᠨ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠢᠳᠡᠰᠢᠨ ᠨᠣᠭᠤᠭ᠎ᠠ ᠬᠤᠸᠠᠷ ᠴᠡᠴᠡᠭ ᠰᠤᠳᠤᠯᠬᠤ ᠭᠠᠵᠠᠷ ᠲᠠᠢ ᠬᠠᠮᠲᠤᠷᠠᠨ᠂ ᠥᠪᠥᠷ ᠮᠣᠩᠭᠤᠯ ᠤᠨ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠲᠤᠷᠰᠢᠯᠲᠠ ᠶᠢᠨ ᠥᠷᠲᠡᠭᠡ ᠪᠠᠶᠢᠭᠤᠯᠵᠤ᠂ ᠤᠯᠤᠰ ᠤᠨ ᠲᠠᠰ ᠤᠨ 4 ᠪᠦᠯᠭᠦᠮ ᠢ ᠵᠣᠬᠢᠶᠠᠨ ᠪᠠᠶᠢᠭᠤᠯᠵᠤ᠂ 8 ᠶᠡᠭᠡ ᠲᠥᠷᠥᠯ᠂ 200 ᠭᠠᠷᠤᠢ ᠡᠭᠦᠯᠳᠡᠷ ᠤᠨ ᠨᠣᠭᠤᠭ᠎ᠠ ᠳᠤ ᠲᠤᠷᠰᠢᠯᠲᠠ ᠬᠢᠵᠦ᠂ ᠰᠢᠨᠵᠢ ᠪᠠᠶᠢᠳᠠᠯ ᠢ ᠨᠢ ᠬᠠᠷᠢᠴᠠᠭᠤᠯᠤᠭᠠᠳ ᠪᠥᠭᠡᠷᠡᠩᠬᠡᠢ ᠨᠣᠭᠤᠭ᠎ᠠ᠂ ᠬᠤᠯᠤᠤᠪᠠᠩ᠂ ᠨᠣᠭᠤᠭᠠᠨ ᠴᠡᠴᠡᠭᠲᠦ ᠨᠣᠭᠤᠭ᠎ᠠ ᠵᠡᠷᠭᠡ 4 ᠡᠭᠦᠯᠳᠡᠷ ᠤᠨ ᠨᠣᠭᠤᠭ᠎ᠠ ᠶᠢ ᠨᠢᠭᠡᠨᠲᠡ ᠶᠡᠭᠡ ᠬᠡᠪᠴᠢᠶ᠎ᠡ ᠪᠠᠷ ᠳᠠᠷᠢᠪᠠ᠃
︽ᠢᠳᠡᠰᠢᠨ ᠨᠣᠭᠤᠭ᠎ᠠ ᠶᠢᠨ ᠬᠦᠷᠢᠶᠡᠯᠡᠩ ᠢ ᠰᠠᠶᠢᠲᠤᠷ ᠡᠵᠡᠩᠨᠡᠪᠡᠯ ᠰᠠᠶ᠋ᠢ ᠬᠤᠯᠢᠰᠢᠨ ᠢᠳᠡᠭᠡᠨ ᠤ ᠬᠠᠩᠭᠠᠯᠭ᠎ᠠ ᠶᠢ ᠪᠠᠲᠤᠯᠠᠵᠤ ᠴᠢᠳᠠᠨ᠎ᠠ︾᠃ ᠬᠤᠷᠢᠨᠭᠡᠷ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠳᠠᠷᠤᠭ᠎ᠠ ᠶᠦᠨ ᠶᠤᠸᠠᠢ ᠴᠢᠩ ᠤᠨ ᠦᠵᠡᠬᠦ ᠪᠠᠷ᠂
︽ᠰᠠᠶᠢᠨ ᠡᠭᠦᠯᠳᠡᠷ ᠪᠣᠶᠢᠵᠢᠭᠤᠯᠬᠤ᠂ ᠪᠤᠯᠪᠠᠰᠤᠷᠠᠭᠤᠯᠬᠤ᠂ ᠪᠣᠷᠣᠯᠠᠭᠤᠯᠬᠤ ᠠᠯᠢ ᠨᠢ ᠴᠦ ᠲᠤᠲᠠᠭᠳᠠᠵᠤ ᠪᠤᠯᠬᠤ ᠦᠭᠡᠢ︾᠃
ᠣᠶᠢᠷ᠎ᠠ ᠶᠢᠨ ᠵᠢᠯ ᠳᠤ᠂ ᠬᠤᠷᠢᠨᠭᠡᠷ ᠰᠢᠶᠠᠨ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠷᠢᠶᠡᠯᠡᠩ ᠲᠣᠭᠤᠷᠢᠭ ᠲᠤ ᠲᠦᠰᠢᠭᠯᠡᠨ᠂ ᠦᠷ᠎ᠡ ᠶᠢᠨ ᠢᠷᠡᠯᠲᠡ ᠶᠢᠨ ᠰᠢᠨ᠎ᠡ ᠶᠢ ᠡᠭᠦᠳᠬᠦ ᠪᠠᠷ ᠭᠤᠣᠯᠳᠠᠯᠭ᠎ᠠ ᠪᠤᠯᠭᠠᠵᠤ᠂ ᠢᠳᠡᠰᠢᠨ ᠨᠣᠭᠤᠭ᠎ᠠ ᠪᠣᠶᠢᠵᠢᠭᠤᠯᠬᠤ᠂ ᠦᠷᠡᠵᠢᠭᠦᠯᠬᠦ᠂ ᠪᠤᠯᠪᠠᠰᠤᠷᠠᠭᠤᠯᠬᠤ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠨ ᠬᠥᠭᠵᠢᠭᠦᠯᠵᠦ᠂ ᠦᠷ᠎ᠡ ᠪᠣᠶᠢᠵᠢᠭᠤᠯᠬᠤ᠂ ᠳᠠᠷᠢᠬᠤ᠂ ᠲᠡᠭᠦᠵᠦ ᠬᠤᠷᠢᠶᠠᠬᠤ᠂ ᠬᠥᠮᠥᠷᠭᠡᠯᠡᠨ ᠬᠠᠳᠠᠭᠠᠯᠠᠬᠤ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ᠂ ᠨᠠᠷᠢᠯᠢᠭ ᠪᠤᠯᠪᠠᠰᠤᠷᠠᠭᠤᠯᠬᠤ ᠠᠴᠠ ᠲᠥᠪᠯᠡᠷᠡᠭᠦᠯᠵᠦ ᠲᠠᠷᠬᠠᠭᠠᠬᠤ ᠬᠦᠷᠲᠡᠯᠡᠬᠢ ᠪᠦᠭᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠵᠠᠭᠪᠤᠷ ᠢ ᠪᠤᠢ ᠪᠤᠯᠭᠠᠵᠤ᠂ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠪᠡ᠃
ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠢᠶᠠᠷ ᠭᠤᠣᠯ ᠲᠡᠶᠢᠨ ᠤ ᠲᠠᠯᠠᠪᠤᠷ ᠪᠤᠯᠭᠠᠵᠤ᠂ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠤᠯᠪᠠᠰᠤᠷᠠᠭᠤᠯᠬᠤ ᠠᠵᠤ ᠦᠢᠯᠡᠰ ᠤᠨ ᠦᠢᠯᠡᠳᠦᠯ ᠢ ᠪᠠᠳᠠᠷᠠᠭᠤᠯᠵᠤ᠂ ᠨᠢᠭᠡ ᠪᠦᠯᠦᠭ ᠨᠠᠶᠢᠳᠠᠪᠤᠷᠢᠵᠢᠭᠤᠯᠵᠤ ᠪᠤᠯᠬᠤ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠭᠤᠣᠯᠳᠠᠯᠭ᠎ᠠ ᠲᠠᠢ ᠲᠥᠷᠥᠯ ᠵᠦᠢᠯ ᠢ ᠵᠠᠯᠭᠠᠭ᠎ᠠ ᠪᠠᠷ ᠬᠤᠷᠢᠨᠭᠡᠷ ᠲᠤ ᠰᠠᠭᠤᠷᠢᠰᠢᠭᠤᠯᠪᠠ᠃
ᠪᠠᠷᠠᠭᠤᠨ ᠡᠮᠦᠨᠡᠲᠦ ᠬᠡᠰᠡᠭ ᠤᠨ ᠠᠮᠤ ᠪᠤᠳᠠᠭ᠎ᠠ ᠢᠳᠡᠰᠢᠨ ᠨᠣᠭᠤᠭ᠎ᠠ ᠶᠢᠨ ᠶᠡᠭᠡ ᠰᠢᠶᠠᠩ ᠪᠤᠯᠬᠤ ᠱᠠᠪᠠᠭ᠋ᠠᠢ ᠰᠢᠶᠠᠩ ᠳᠤ᠂ ᠱᠢ ᠴᠢᠤᠸᠠᠨ ᠱᠢ ᠮᠧᠢ ᠺᠤᠮᠫᠠᠨᠢ ᠶᠢᠨ ᠪᠦᠲᠦᠭᠡᠨ ᠪᠠᠶᠢᠭᠤᠯᠤᠭᠰᠠᠨ ᠭᠠᠷᠤᠯᠲᠠ ᠶᠢᠨ ᠣᠷᠣᠨ ᠳᠤ ᠬᠤᠳᠠᠯᠳᠤᠨ ᠠᠪᠴᠤ ᠨᠥᠭᠡᠴᠡᠯᠡᠵᠦ ᠪᠤᠯᠪᠠᠰᠤᠷᠠᠭᠤᠯᠬᠤ ᠲᠦᠷᠦᠯ ᠵᠦᠢᠯ ᠢ ᠣᠷᠣᠭᠤᠯᠤᠨ ᠠᠪᠴᠢᠷᠠᠵᠤ᠂ 11 ᠰᠠᠷ᠎ᠠ ᠳᠤ ᠠᠰᠢᠭᠯᠠᠯᠲᠠ ᠳᠤ ᠣᠷᠣᠭᠤᠯᠤᠭᠰᠠᠨ ᠤ ᠲᠠᠷᠠᠭ᠎ᠠ᠂ 1 ᠲᠦᠮᠡᠨ ᠲᠣᠨ ᠢᠳᠡᠰᠢᠨ ᠨᠣᠭᠤᠭ᠎ᠠ ᠶᠢ ᠪᠣᠯᠪᠠᠰᠤᠷᠠᠭᠤᠯᠤᠨ ᠬᠠᠳᠠᠭᠠᠯᠠᠵᠤ ᠪᠣᠯᠣᠨ᠎ᠠ᠃
ᠵᠡᠭᠦᠨ ᠬᠤᠶᠢᠲᠤ ᠬᠡᠰᠡᠭ ᠤᠨ ᠠᠵᠤ ᠦᠢᠯᠡᠰ ᠲᠥᠪᠯᠡᠷᠡᠭᠰᠡᠨ ᠲᠣᠭᠤᠷᠢᠭ ᠪᠤᠯᠬᠤ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ ᠪᠣᠬᠢᠷᠳᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠪᠤᠯᠪᠠᠰᠤᠷᠠᠭᠤᠯᠬᠤ ᠠᠵᠤ ᠦᠢᠯᠡᠰ ᠤᠨ ᠬᠦᠷᠢᠶᠡᠯᠡᠩ ᠢ ᠪᠦᠲᠦᠭᠡᠨ ᠪᠠᠶᠢᠭᠤᠯᠬᠤ ᠪᠠᠷ ᠲᠥᠯᠥᠪᠵᠢᠭᠦᠯᠵᠦ᠂ ᠤᠯᠤᠰ ᠤᠨ ᠥᠮᠴᠢᠯᠡᠯ ᠤᠨ ᠺᠤᠮᠫᠠᠨᠢ ᠠᠴᠠ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠ ᠰᠣᠷᠭᠤᠭ ᠢᠶᠠᠷ ᠬᠠᠳᠠᠭᠠᠯᠠᠬᠤ ᠬᠥᠮᠥᠷᠭᠡ ᠵᠡᠷᠭᠡ ᠲᠥᠬᠦᠭᠡᠷᠦᠮᠵᠢ ᠶᠢ ᠪᠦᠲᠦᠭᠡᠨ ᠪᠠᠶᠢᠭᠤᠯᠬᠤ ᠪᠠᠷ ᠪᠣᠯᠵᠤ᠂ 2024 ᠣᠨ ᠳᠤ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠯ ᠳᠤ 6 ᠲᠦᠮᠡᠨ ᠲᠣᠨ ᠢᠳᠡᠰᠢᠨ ᠨᠣᠭᠤᠭ᠎ᠠ ᠪᠤᠯᠪᠠᠰᠤᠷᠠᠭᠤᠯᠬᠤ ᠪᠣᠯᠣᠨ᠎ᠠ᠃
2023 ᠣᠨ ᠳᠤ᠂ ᠬᠤᠷᠢᠨᠭᠡᠷ ᠰᠢᠶᠠᠨ ᠤ 7 ᠰᠢᠶᠠᠩ ᠪᠠᠯᠭᠠᠰᠤ ᠶᠢᠨ 26 ᠵᠠᠰᠠᠭ ᠵᠠᠬᠢᠷᠭᠠᠨ ᠤ ᠲᠣᠰᠬᠤᠨ ᠤ ᠬᠢᠨ 2 ᠲᠦᠮᠡᠨ ᠮᠦ ᠵᠠᠳᠠᠭᠠᠢ ᠢᠳᠡᠰᠢᠨ ᠨᠣᠭᠤᠭ᠎ᠠ ᠶᠢᠨ ᠲᠠᠷᠢᠶᠠᠨ ᠭᠠᠵᠠᠷ ᠲᠤ 14 ᠵᠦᠢᠯ ᠤᠨ ᠢᠳᠡᠰᠢᠨ ᠨᠣᠭᠤᠭ᠎ᠠ ᠳᠠᠷᠢᠵᠤ᠂ ᠡᠭᠦᠨ ᠳᠤ ᠰᠢᠨ᠎ᠡ ᠪᠠᠷ ᠨᠡᠮᠡᠭᠳᠡᠭᠰᠡᠨ ᠲᠠᠯᠠᠪᠠᠶ 1.1 ᠲᠦᠮᠡᠨ ᠮᠦ ᠳᠤ ᠬᠦᠷᠴᠦ᠂ ᠢᠳᠡᠰᠢᠨ ᠨᠣᠭᠤᠭ᠎ᠠ ᠳᠠᠷᠢᠬᠤ ᠰᠢᠨ᠎ᠡ ᠭᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ 20 ᠭᠠᠷᠤᠢ᠂ ᠲᠠᠷᠢᠮᠠᠯ ᠤᠨ ᠲᠣᠮᠣ ᠡᠷᠦᠭᠡ ᠶᠢ 30 ᠭᠠᠷᠤᠢ ᠪᠣᠶᠢᠵᠢᠭᠤᠯᠵᠠᠢ᠃
ᠢᠳᠡᠰᠢᠨ ᠨᠣᠭᠤᠭ᠎ᠠ ᠶᠢᠨ ᠠᠵᠤ ᠦᠢᠯᠡᠰ ᠲᠤ ᠲᠦᠰᠢᠭᠯᠡᠨ᠂ ᠲᠣᠰᠬᠤᠨ ᠤ ᠠᠷᠠᠳ ᠤᠨ ᠠᠮᠢᠳᠤᠷᠠᠯ ᠶᠠᠪᠤᠬᠤ ᠲᠤᠲᠤᠮ ᠰᠠᠶᠢᠵᠢᠷᠠᠯ᠎ᠠ᠃
ᠬᠤᠷᠢᠨᠭᠡᠷ ᠰᠢᠶᠠᠨ ᠤ ᠴᠧᠩ ᠭᠤᠸᠠᠨ ᠪᠠᠯᠭᠠᠰᠤᠨ ᠤ ᠵᠠᠳᠠᠭᠠᠢ ᠭᠠᠵᠠᠷ ᠤᠨ ᠢᠳᠡᠰᠢᠨ ᠨᠣᠭᠤᠭ᠎ᠠ ᠡᠳ᠋ᠰᠢᠭᠦᠯᠬᠦ ᠲᠠᠰᠤᠭ ᠲᠤ ᠲᠣᠰᠬᠤᠨ ᠤ ᠠᠷᠠᠳ ᠵᠠᠩ ᠼᠦᠨ ᠸᠠ ᠶᠠᠭ ᠲᠠᠷᠢᠶᠠᠨ ᠭᠠᠵᠠᠷ ᠠᠴᠠ ᠰᠠᠶ᠋ᠢᠬᠠᠨ ᠪᠣᠭᠤᠵᠢᠯᠠᠵᠤ ᠠᠪᠴᠢᠷᠠᠭᠰᠠᠨ ᠰᠣᠩᠭᠢᠨ᠎ᠠ ᠶᠢᠨ ᠬᠠᠲᠠᠭᠰᠠᠨ ᠬᠠᠯᠢᠰᠤ ᠶᠢ ᠠᠷᠢᠯᠭᠠᠵᠤ ᠪᠠᠶᠢᠯ᠎ᠠ᠃ ︽ᠪᠢ ᠵᠢᠷᠠ ᠭᠠᠷᠴᠢᠬᠠᠵᠠᠢ᠂ ᠶᠠᠪᠤᠵᠤ ᠰᠠᠭᠤᠬᠤ ᠳᠤ ᠳᠦᠭᠦᠮ ᠦᠭᠡᠢ ᠪᠣᠯᠬᠤᠷ ᠭᠠᠳᠠᠭᠰᠢ ᠭᠠᠷᠴᠤ ᠬᠥᠯᠥᠰᠦᠨ ᠠᠵᠢᠯ ᠬᠢᠵᠦ ᠳᠡᠶᠢᠯᠭᠦ ᠦᠭᠡᠢ ᠪᠣᠯᠵᠠᠢ᠂ ᠠᠳᠡ ᠰᠣᠩᠭᠢᠨ᠎ᠠ ᠶᠢᠨ ᠬᠠᠲᠠᠭᠰᠠᠨ ᠬᠠᠯᠢᠰᠤ ᠶᠢ ᠠᠷᠢᠯᠭᠠᠬᠤ ᠠᠵᠢᠯ ᠬᠢᠬᠦ ᠨᠢ ᠨᠠᠳᠠᠳᠤ ᠠᠪᠴᠤ ᠬᠡᠯᠡᠪᠡᠯ ᠨᠡᠯᠢᠶᠡᠳ ᠵᠦᠭᠡᠷ᠂ ᠡᠳᠦᠷ ᠲᠤ 150 ᠭᠠᠷᠤᠢ ᠲᠥᠭᠦᠷᠢᠭ ᠣᠯᠴᠢᠬᠠᠨ᠎ᠠ︾ ᠭᠡᠵᠦ ᠠᠵᠢᠯ ᠤᠨ ᠳᠠᠭᠠᠤ ᠵᠠᠩ ᠼᠦᠨ ᠸᠠ ᠰᠡᠳᠬᠢᠯ ᠬᠠᠨᠤᠮᠵᠢᠲᠠᠢ ᠶᠠᠷᠢᠨ᠎ᠠ᠃
ᠴᠥᠭᠡᠨ ᠪᠤᠰᠤ ᠲᠣᠰᠬᠤᠨ ᠤ ᠠᠷᠠᠳ ᠵᠠᠩ ᠼᠦᠨ ᠸᠠ ᠲᠠᠢ ᠠᠳᠠᠯᠢ ᠪᠠᠷ ᠣᠶᠢᠷ᠎ᠠ ᠬᠠᠪᠢ ᠳᠠᠭᠠᠨ ᠠᠵᠢᠯ ᠣᠯᠵᠤ᠂ ᠪᠣᠭᠤᠵᠢᠯᠠᠵᠤ ᠪᠣᠭᠤᠳᠠᠯᠯᠠᠬᠤ᠂ ᠳᠠᠷᠤᠬᠤ᠂ ᠬᠡᠷᠴᠢᠬᠦ ᠵᠡᠷᠭᠡ ᠴᠤᠪᠤᠷᠠᠯ ᠱᠤᠭᠤᠮ ᠳᠡᠭᠡᠷ᠎ᠡ ᠠᠵᠢᠯᠯᠠᠵᠤ᠂ ᠡᠳᠦᠷ ᠤᠨ ᠴᠠᠯᠢᠩ ᠨᠢ ᠳᠤᠮᠳᠠᠴᠢ ᠪᠠᠷ 180 ᠲᠥᠭᠦᠷᠢᠭ ᠲᠤ ᠭᠦᠷᠥᠭᠰᠡᠨ ᠪᠠᠶᠢᠨ᠎ᠠ᠃
ᠬᠤᠷᠢᠨᠭᠡᠷ ᠰᠢᠶᠠᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠦᠢᠯᠡᠳᠪᠦᠷᠢᠯᠡᠯ ᠤᠨ ᠪᠠᠶᠢᠳᠠᠯ ᠳᠠᠭᠠᠨ ᠲᠣᠬᠢᠷᠠᠭᠤᠯᠵᠤ ︽ᠲᠦᠷᠢᠶᠡᠰᠦᠨ ᠮᠥᠩᠭᠦ + ᠴᠠᠯᠢᠩ ᠮᠥᠩᠭᠦ + ᠬᠤᠪᠢ ᠣᠷᠣᠭᠤᠯᠤᠯᠲᠠ ᠶᠢᠨ ᠮᠥᠩᠭᠦ︾᠂ ︽ᠬᠤᠪᠢᠴᠠᠭᠠᠳᠤ ᠭᠡᠯᠪᠡᠷᠢ︾ ᠶᠢᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠪᠠᠶᠢᠭᠤᠯᠵᠤ᠂ ᠲᠠᠷᠢᠶᠠᠴᠢᠨ ᠡᠷᠦᠭᠡ ᠶᠢᠨ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠪᠠᠨ ᠭᠦᠢᠴᠡᠳᠬᠡᠬᠦ ᠶᠢ ᠵᠣᠷᠢᠭᠵᠢᠭᠤᠯᠵᠤ᠂ ᠰᠤᠯᠠ ᠲᠠᠯᠪᠢᠭᠳᠠᠵᠤ ᠪᠠᠶᠢᠭ᠎ᠠ ᠬᠦᠷᠢᠶ᠎ᠡ ᠬᠠᠰᠢᠶ᠎ᠠ᠂ ᠥᠨᠴᠥᠭ ᠪᠤᠯᠤᠩ ᠤᠨ ᠭᠠᠵᠠᠷ ᠢ ᠲᠡᠭᠰᠢᠯᠡᠨ ᠨᠡᠶᠢᠯᠡᠭᠦᠯᠵᠦ᠂ ᠭᠠᠵᠠᠷ ᠰᠢᠷᠣᠢ ᠶᠢᠨ ᠡᠬᠢ ᠪᠠᠶᠠᠯᠢᠭ ᠢ ᠲᠥᠪᠯᠡᠷᠡᠭᠦᠯᠵᠦ᠂ ᠵᠠᠳᠠᠭᠠᠢ ᠭᠠᠵᠠᠷ ᠤᠨ ᠢᠳᠡᠰᠢᠨ ᠨᠣᠭᠤᠭ᠎ᠠ ᠶᠢᠨ ᠭᠠᠵᠠᠷ ᠢ ᠬᠡᠪᠴᠢᠶᠡᠵᠢᠭᠦᠯᠦᠨ ᠵᠠᠯᠭᠠᠯᠳᠤᠭᠤᠯᠤᠨ ᠬᠥᠭᠵᠢᠭᠦᠯᠬᠦ ᠶᠢ ᠠᠬᠢᠭᠤᠯᠵᠤ᠂ ᠲᠠᠷᠢᠶᠠᠴᠢᠳ᠂ ᠬᠠᠮᠲᠤ ᠨᠡᠶᠢᠲᠡ ᠶᠢᠨ ᠭᠠᠵᠠᠷ ᠰᠢᠷᠣᠢ ᠪᠤᠶᠤ ᠪᠤᠰᠤᠳ ᠡᠳ᠋ ᠬᠥᠷᠥᠩᠭᠡ ᠪᠠᠷ ᠬᠤᠪᠢ ᠣᠷᠣᠭᠤᠯᠬᠤ ᠶᠢ ᠳᠡᠮᠵᠢᠵᠦ᠂ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠪᠠᠨ ᠭᠦᠢᠴᠡᠳᠬᠡᠬᠦ᠂ ᠬᠥᠯᠥᠰᠦᠨ ᠠᠵᠢᠯ ᠬᠢᠵᠦ ᠠᠵᠢᠯ ᠣᠯᠬᠤ᠂ ᠬᠤᠷᠰᠢᠨ ᠲᠠᠷᠢᠬᠤ ᠵᠡᠷᠭᠡ ᠠᠷᠭ᠎ᠠ ᠮᠠᠶ᠋ᠢᠭ ᠢ ᠤᠶᠠᠯᠳᠤᠭᠤᠯᠤᠨ᠂ ᠠᠵᠤ ᠠᠬᠤᠶᠢᠯᠠᠯ ᠪᠣᠯᠣᠨ ᠲᠠᠷᠢᠶᠠᠴᠢᠨ ᠡᠷᠦᠭᠡ ᠶᠢᠨ ᠬᠤᠭᠤᠷᠣᠨᠳᠣᠭᠢ ︽ᠬᠤᠪᠢᠴᠠᠭᠠᠳᠤ ᠮᠠᠶ᠋ᠢᠭ︾ ᠤᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠪᠦᠷᠢᠯᠳᠦᠭᠦᠯᠵᠦ᠂ ᠲᠡᠵᠢᠭᠡᠯ ᠡᠪᠡᠰᠦ᠂ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠬᠡᠮᠵᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠭᠦ ᠶᠢ ᠠᠬᠢᠭᠤᠯᠵᠤ᠂ 5000 ᠭᠠᠷᠤᠢ ᠬᠥᠮᠥᠨ ᠢ ᠳᠠᠶᠢᠴᠢᠯᠠᠨ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠬᠡᠯᠬᠢᠶ᠎ᠡ ᠶᠢᠨ ᠥᠷᠲᠡᠭ ᠨᠡᠮᠡᠭᠳᠡᠯ ᠤᠨ ᠦᠷ᠎ᠡ ᠠᠰᠢᠭ ᠢ ᠬᠤᠪᠢᠶᠠᠯᠴᠠᠵᠤ᠂ ᠲᠠᠷᠢᠶᠠᠴᠢᠳ ᠢ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠬᠡᠯᠬᠢᠶ᠎ᠡ ᠲᠠᠢ ᠨᠢᠭᠲᠠ ᠬᠤᠯᠪᠣᠪᠠ᠃
︽ᠪᠢᠳᠡ ᠢᠳᠡᠰᠢᠨ ᠨᠣᠭᠤᠭ᠎ᠠ ᠶᠢᠨ ᠠᠵᠤ ᠦᠢᠯᠡᠰ ᠢ ᠬᠥᠭᠵᠢᠭᠦᠯᠬᠦ ᠶᠢ ᠣᠷᠣᠨ ᠤ ᠲᠥᠪ ᠤᠨ ︿ᠬᠤᠯᠢᠰᠢᠨ ᠢᠳᠡᠭᠡᠨ﹀ ᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠪᠤᠯᠭᠠᠵᠤ᠂ ᠭᠦᠭᠡᠬᠤᠲᠠ ᠪᠤᠭᠤᠲᠤ ᠣᠷᠳᠣᠰ ᠴᠢᠨᠠᠭᠰᠢᠯᠠᠪᠠᠯ ᠪᠡᠭᠡᠵᠢᠩ ᠲᠢᠶᠠᠨᠵᠢᠨ ᠾᠧᠪᠧᠢ ᠶᠢᠨ ᠭᠠᠵᠠᠷ ᠣᠷᠣᠨ ᠲᠡᠶᠢᠰᠢ ᠴᠢᠨᠠᠷ ᠰᠠᠶᠢᠲᠠᠢ ᠢᠳᠡᠰᠢᠨ ᠨᠣᠭᠤᠭ᠎ᠠ ᠬᠠᠩᠭᠠᠬᠤ ᠭᠠᠵᠠᠷ ᠢ ᠪᠤᠶ ᠪᠤᠯᠭᠠᠵᠤ᠂ ᠲᠤᠷᠰᠢᠵᠤ ᠵᠢᠱᠢᠶ᠎ᠡ ᠦᠵᠡᠭᠦᠯᠭᠦ ᠪᠠᠷ ᠳᠠᠮᠵᠢᠭᠤᠯᠤᠨ ᠳᠤᠮᠳᠠ ᠪᠠᠷᠠᠭᠤᠨ ᠣᠷᠣᠨ ᠢ ᠨᠥᠯᠥᠭᠡᠯᠡᠵᠦ᠂ ᠣᠷᠣᠨ ᠤ ᠲᠥᠪ ᠤᠨ ᠮᠢᠩᠭᠠᠨ ᠳ᠋ᠦᠩᠰᠢᠭᠤᠷ ᠲᠠᠰ ᠤᠨ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠠᠵᠤ ᠦᠢᠯᠡᠰ ᠤᠨ ᠪᠦᠯᠦᠭᠵᠢᠯ ᠢ ᠴᠣᠭᠴᠠᠯᠠᠬᠤ ᠳᠤ ᠬᠦᠴᠦᠨ ᠴᠢᠳᠠᠯ ᠢᠶᠠᠨ ᠡᠷᠭᠦᠵᠦ᠂ ᠮᠠᠨ ᠤ ᠰᠢᠶᠠᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠲᠦᠷᠦᠯ ᠲᠡᠮᠳᠡᠭ ᠪᠤᠯᠬᠤ ︿ᠬᠤᠷᠢᠨᠭᠡᠷ ᠤᠨ ᠰᠣᠷᠭᠤᠭ ᠢᠳᠡᠭᠡᠨ﹀ ᠢ ᠠᠯᠳᠠᠷᠰᠢᠭᠤᠯᠤᠨ᠎ᠠ᠂ 2025 ᠣᠨ ᠪᠤᠯᠬᠤ ᠳᠤ᠂ ᠪᠦᠭᠦ ᠰᠢᠶᠠᠨ ᠤ ᠢᠳᠡᠰᠢᠨ ᠨᠣᠭᠤᠭ᠎ᠠ ᠳᠠᠷᠢᠬᠤ ᠲᠠᠯᠠᠪᠠᠶ ᠶᠢ 8 ᠲᠦᠮᠡᠨ ᠮᠦ ᠳᠤ ᠬᠦᠷᠭᠡᠨ᠎ᠡ︾ ᠭᠡᠵᠦ ᠬᠤᠷᠢᠨᠭᠡᠷ ᠰᠢᠶᠠᠨ ᠤ ᠳᠡᠳ᠋ ᠳᠠᠷᠤᠭ᠎ᠠ ᠵᠣᠣ ᠵᠢᠶᠠᠨ ᠴᠢᠩ ᠬᠡᠯᠡᠪᠡ᠃