|
ᠤᠯᠠᠭᠠᠨᠴᠠᠪ ᠬᠤᠲᠠ ᠶᠢᠨ ᠡᠳ᠋ ᠤᠨ ᠵᠠᠰᠠᠭ ᠠᠴᠠ 914 ᠲᠦᠮᠡᠨ ᠲᠥᠭᠦᠷᠢᠭ ᠤᠨ ᠥᠨᠳᠥᠷ ᠨᠠᠰᠤᠨ ᠤ ᠨᠡᠮᠡᠯᠭᠡ ᠨᠥᠬᠦᠪᠦᠷᠢ ᠶᠢᠨ ᠪᠡᠯᠡ ᠮᠥᠩᠭᠦ ᠪᠠᠭᠤᠯᠭᠠᠪᠠ |
|
|
ᠨᠡᠶᠢᠲᠡᠯᠡᠭᠰᠡᠨ ᠴᠠᠭ᠄
2023/11/7
|
|
ᠣᠶᠢᠷ᠎ᠠ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠨᠳᠥᠷ ᠨᠠᠰᠤᠨ ᠤ ᠨᠡᠮᠡᠯᠭᠡ ᠨᠥᠬᠦᠪᠦᠷᠢ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ︵ᠥᠪᠥᠷ ᠡᠳ᠋ ᠨᠡᠶᠢᠭᠡᠮ ᠲᠣᠭᠲᠠᠭᠠᠯ ﹇2019﹈ 4 ᠳ᠋ᠦ᠋ᠭᠡᠷ ᠲᠣᠭᠠᠲᠤ︶ ᠶᠢᠨ ᠱᠠᠭᠠᠷᠳᠠᠯᠭ᠎ᠠ ᠶᠢ ᠦᠨᠳᠦᠰᠦᠯᠡᠨ᠂ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠥᠨᠳᠥᠷ ᠨᠠᠰᠤᠨ ᠤ ᠨᠡᠮᠡᠯᠭᠡ ᠣᠯᠭᠤᠬᠤ ᠲᠤᠬᠠᠢ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠨᠤᠭᠤᠳ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠂ ᠤᠯᠠᠭᠠᠨᠴᠠᠪ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ 2023 ᠣᠨ ᠤ ᠬᠤᠲᠠ ᠶᠢᠨ ᠲᠠᠰ ᠤᠨ ᠥᠨᠳᠥᠷ ᠨᠠᠰᠤᠨ ᠤ ᠨᠡᠮᠡᠯᠭᠡ ᠨᠥᠬᠦᠪᠦᠷᠢ ᠶᠢᠨ ᠪᠡᠯᠡ ᠮᠥᠩᠭᠦ 914 ᠲᠦᠮᠡᠨ ᠲᠥᠭᠦᠷᠢᠭ ᠪᠠᠭᠤᠯᠭᠠᠪᠠ᠃ ᠲᠤᠰ ᠪᠡᠯᠡ ᠮᠥᠩᠭᠦ ᠶᠢ ᠪᠠᠭᠤᠯᠭᠠᠭᠰᠠᠨ ᠨᠢ ᠥᠨᠳᠥᠷ ᠨᠠᠰᠤᠲᠠᠢ ᠨᠠᠰᠤᠲᠠᠶᠢᠴᠤᠳ ᠤᠨ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠵᠤ᠂ ᠥᠨᠳᠥᠷ ᠨᠠᠰᠤᠲᠠᠢ ᠨᠠᠰᠤᠲᠠᠶᠢᠴᠤᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠦᠨᠡᠨ ᠬᠦ ᠪᠠᠳᠤᠳᠬᠠᠵᠤ ᠂ ᠨᠠᠰᠤᠲᠠᠶᠢᠴᠤᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠴᠢᠨᠠᠭᠰᠢᠳᠠ ᠤᠯᠠᠮ ᠨᠡᠮᠡᠭᠳᠡᠭᠦᠯᠵᠦ ᠴᠢᠳᠠᠨ᠎ᠠ᠃
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|